ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠪᠠᠴᠢᠮ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾  ᠳᠤ ᠵᠠᠰᠠᠪᠤᠷᠢ ᠣᠷᠣᠭᠤᠯᠬᠤ ᠲᠤᠬᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ
ᠨᠡᠶᠢᠲᠡᠯᠡᠭᠰᠡᠨ ᠴᠠᠭ᠄
2023/12/18
                 ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠵᠥᠪᠰᠢᠶᠡᠷᠡᠭᠰᠡᠨ ︽ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠠ ︽ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠪᠦᠬᠦ ᠤᠯᠤᠰ ᠤᠨ ᠨᠢᠭᠡ ᠴᠣᠭᠴᠠᠵᠢᠭᠰᠠᠨ ᠴᠠᠬᠢᠮ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾  ᠢ ᠲᠤᠤᠱᠯᠠᠭᠤᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 88 ᠳ᠋ᠤᠭᠠᠷ ᠲᠣᠭᠠᠲᠤ︶ ᠶᠢᠨ ᠬᠡᠰᠡᠭ ᠵᠦᠢᠯ ᠪᠠᠳᠠᠭ ᠲᠤ ᠵᠠᠰᠠᠪᠤᠷᠢ ᠣᠷᠣᠭᠤᠯᠬᠤ ᠪᠠᠷ ᠲᠣᠭᠲᠠᠭᠠᠪᠠ᠄            ᠨᠢᠭᠡ᠂ ᠨᠢᠭᠡᠳᠦᠭᠡᠷ ᠵᠦᠢᠯ ᠢ᠄ 【ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾᠂ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠣᠨ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠲᠦᠷᠦ ᠠᠯᠪᠠᠨ ᠲᠠᠷᠬᠠᠭᠠᠭᠰᠠᠨ ﹇2013﹈ 101 ᠳ᠋ᠦ᠋ᠭᠡᠷ ᠲᠣᠭᠠᠲᠤ︶ ᠶᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ 】            ᠬᠤᠶᠠᠷ᠂ ᠬᠤᠶᠠᠳᠤᠭᠠᠷ ᠵᠦᠢᠯ ᠢ᠄ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵ᠳᠣᠷᠣᠭᠰᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠬᠤ᠂ ᠬᠢᠨᠠᠨ ᠲᠣᠭᠲᠠᠭᠠᠬᠤ᠂ ᠨᠡᠶᠢᠲᠡᠯᠡᠬᠦ᠂ ᠳᠠᠩᠰᠠᠯᠠᠬᠤ᠂ ᠬᠡᠷᠡᠭᠵᠢᠭᠦᠯᠬᠦ ᠵᠢᠴᠢ ᠬᠢᠨᠠᠵᠤ ᠬᠠᠮᠢᠶᠠᠷᠬᠤ ᠠᠵᠢᠯ ᠳᠤ ᠲᠤᠰ ᠠᠷᠭ᠎ᠠ ᠶᠢ ᠬᠡᠷᠡᠭᠯᠡᠨ᠎ᠡ︾ ᠭᠡᠵᠦ ᠵᠠᠰᠠᠪᠠ᠃            ᠭᠤᠷᠪᠠ᠂ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠢ᠄ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠶᠡᠷᠦᠩᠬᠡᠶᠢᠯᠡᠨ ᠵᠣᠬᠢᠴᠠᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠦᠬᠦᠢ ᠠᠵᠢᠯ ᠲᠦᠷᠦᠯ᠂ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︾ ᠭᠡᠵᠦ ᠵᠠᠰᠠᠪᠠ᠃            ᠳᠥᠷᠪᠡ᠂ ᠠᠷᠪᠠᠳᠤᠭᠠᠷ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠲᠠᠬᠢ ︽ᠡ᠊ᠨᠳᠡᠯ ᠤᠨ ᠲᠦᠭᠰᠢᠭᠦᠷᠢ ᠶᠢ ᠦᠨᠡᠯᠡᠨ ᠵᠢᠱᠢᠬᠦ︾ ᠭᠡᠳᠡᠭ ᠢ ︽ᠡ᠊ᠨᠳᠡᠯ ᠤᠨ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ︾ ᠭᠡᠵᠦ ᠵᠠᠰᠠᠪᠠ᠃ ᠭᠤᠷᠪᠠᠳᠤᠭᠠᠷ ᠪᠠᠳᠠᠭ ᠲᠠᠬᠢ ︽ᠡ᠊ᠨᠳᠡᠯ ᠤᠨ ᠲᠦᠭᠰᠢᠭᠦᠷᠢ ᠶᠢ ᠦᠨᠡᠯᠡᠨ ᠵᠢᠱᠢᠭᠰᠡᠨ ᠳ᠋ᠦᠩᠨᠡᠯᠲᠡ︾ ᠭᠡᠳᠡᠭ ᠢ ︽ᠡ᠊ᠨᠳᠡᠯ ᠤᠨ ᠲᠦᠭᠰᠢᠭᠦᠷᠢ ᠶᠢ ᠢᠯᠭᠠᠨ ᠲᠠᠨᠢᠵᠤ ᠦᠨᠡᠯᠡᠨ ᠵᠢᠱᠢᠭᠰᠡᠨ ᠳ᠋ᠦᠩᠨᠡᠯᠲᠡ︾ ᠭᠡᠵᠦ ᠵᠠᠰᠠᠪᠠ᠃            ᠲᠠᠪᠤ᠂ ᠠᠷᠪᠠᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠢ᠄ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠨᠳᠦᠰᠦᠯᠡᠬᠦ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠣᠬᠢᠴᠠᠩᠭᠤᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃︾            ᠵᠢᠷᠭᠤᠭ᠎ᠠ᠂ ᠠᠷᠪᠠᠨ ᠬᠤᠶᠠᠳᠤᠭᠠᠷ ᠵᠦᠢᠯ ᠢ᠄ ︽ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠲᠤᠰ ᠨᠢᠭᠡᠴᠢ ᠶᠢᠨ ᠢᠶᠠᠨ ᠵᠣᠬᠢᠶᠠᠨ ᠪᠠᠶᠢᠭᠤᠯᠵᠤ ᠬᠠᠮᠢᠶᠠᠷᠬᠤ ᠰᠢᠰᠲ᠋ᠧᠮ᠂ ᠦᠢᠯᠡᠳᠪᠦᠷᠢᠯᠡᠬᠦ ᠠᠵᠢᠯ ᠤᠨ ᠬᠡᠪᠴᠢᠶ᠎ᠡ ᠪᠠ ᠡᠭᠦᠰᠴᠦ ᠮᠡᠳᠡᠬᠦ ᠡ᠊ᠨᠳᠡᠯ ᠤᠨ ᠣᠨᠴᠠᠯᠢᠭ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠪᠡᠯᠡᠳᠬᠡᠯ ᠲᠥᠰᠥᠯ ᠲᠠᠢ ᠵᠣᠯᠭᠠᠯᠳᠤᠭᠤᠯᠵᠤ᠂ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮ ᠢ ᠲᠣᠭᠲᠠᠭᠠᠵᠤ᠂ ᠵᠣᠬᠢᠴᠠᠩᠭᠤᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠠ ᠤᠷᠢᠳᠴᠢᠯᠠᠨ ᠰᠢᠢᠳᠪᠦᠷᠢᠯᠡᠬᠦ ᠵᠡᠷᠭᠡ ᠣᠨᠴᠠᠯᠢᠭ ᠢ ᠢᠯᠡᠷᠡᠭᠦᠯᠬᠦ ᠬᠡᠷᠡᠭᠲᠡᠢ᠃︾            ᠲᠤᠯᠤᠭ᠎ᠠ᠂ ᠬᠤᠷᠢᠨ ᠨᠢᠭᠡᠳᠦᠭᠡᠷ ᠵᠦᠢᠯ ᠢ᠄ ︽ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ ᠪᠣᠯᠣᠨ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ ︵ᠬᠠᠳᠠᠭᠠᠯᠠᠮᠵᠢ ᠶᠢᠨ ᠲᠥᠬᠦᠭᠡᠷᠦᠮᠵᠢ ᠲᠠᠢ ᠪᠠᠶᠢᠬᠤ᠃ ᠳᠣᠷᠣᠭᠰᠢ ᠠᠳᠠᠯᠢ︶ ᠬᠠᠳᠠᠭᠠᠯᠠᠬᠤ᠂ ᠲᠡᠭᠡᠭᠡᠪᠦᠷᠢᠯᠡᠬᠦ ᠠᠵᠤ ᠠᠬᠤᠶᠢᠯᠠᠯ ᠵᠢᠴᠢ ᠠᠶᠤᠯᠲᠠᠢ ᠬᠢᠮᠢ ᠶᠢᠨ ᠵᠦᠢᠯ ᠢ ᠬᠡᠷᠡᠭᠯᠡᠭᠡᠳ ᠤᠯᠤᠰ ᠠᠴᠠ ᠲᠣᠭᠲᠠᠭᠠᠭᠰᠠᠨ ᠲᠤᠭ᠎ᠠ ᠬᠡᠮᠵᠢᠶᠡᠨ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠸᠠᠷ ᠫᠤᠤᠵᠢᠩ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠳᠤᠮᠳᠠ ᠬᠡᠯᠪᠡᠷᠢ ᠶᠢᠨ ᠬᠡᠪᠴᠢᠶ᠎ᠡ ᠠᠴᠠ ᠳᠡᠭᠡᠭᠰᠢᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠲᠤᠰ ᠨᠢᠭᠡᠴᠢ ᠶᠢᠨ ᠢᠶᠠᠨ ᠨᠠᠶᠢᠷᠠᠭᠤᠯᠤᠨ ᠵᠣᠬᠢᠶᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠶᠢᠨ ᠬᠠᠮᠲᠤ ᠬᠢᠨᠠᠨ ᠲᠣᠭᠲᠠᠭᠠᠭᠰᠠᠨ ᠪᠢᠴᠢᠭ ᠤᠨ ᠲᠣᠪᠴᠢ ᠲᠡᠮᠳᠡᠭᠯᠡᠯ ᠪᠣᠯᠭᠠᠬᠤ ᠬᠡᠷᠡᠭᠲᠡᠢ᠃             ︽ᠡᠮᠦᠨᠡᠬᠢ ᠪᠠᠳᠠᠭ ᠲᠤ ᠲᠣᠭᠲᠠᠭᠠᠭᠰᠠᠨ ᠠᠴᠠ ᠭᠠᠳᠠᠨᠠᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠦᠭᠦᠳ ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ᠲᠤᠰ ᠨᠢᠭᠡᠴᠢ ᠶᠢᠨ ᠢᠶᠠᠨ ᠨᠠᠶᠢᠷᠠᠭᠤᠯᠤᠨ ᠵᠣᠬᠢᠶᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠨᠤᠲᠠᠯᠠᠯᠲᠠ ᠬᠢᠵᠦ ᠪᠣᠯᠣᠨ᠎ᠠ︾ ᠭᠡᠵᠦ ᠵᠠᠰᠠᠪᠠ᠃            ᠨᠠᠢᠮᠠ᠂ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠢ᠄ ︽ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠪᠤᠶᠤ ᠨᠤᠲᠠᠯᠠᠭᠰᠠᠨ ᠤ ᠲᠠᠷᠠᠭ᠎ᠠ᠂ ᠲᠤᠰ ᠨᠢᠭᠡᠴᠢ ᠶᠢᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ᠂ ᠲᠤᠰ ᠨᠢᠭᠡᠴᠢ ᠶᠢᠨ ᠠᠵᠢᠯ ᠡᠷᠬᠢᠯᠡᠭᠰᠡᠳ ᠲᠤ ᠨᠡᠶᠢᠲᠡᠯᠡᠬᠦ ᠶᠢᠨ ᠬᠠᠮᠲᠤ ᠲᠤᠰ ᠨᠢᠭᠡᠴᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠤᠨ ᠪᠠᠶᠢᠷᠢ ᠪᠣᠯᠣᠨ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠳᠤ ᠴᠠᠭ ᠲᠤᠬᠠᠢ ᠳᠤᠨᠢ ᠲᠠᠷᠬᠠᠭᠠᠨ᠎ᠠ︾ ᠭᠡᠵᠦ ᠵᠠᠰᠠᠪᠠ᠃            ᠶᠢᠰᠦ᠂ ᠬᠤᠷᠢᠨ ᠲᠠᠪᠤᠳᠤᠭᠠᠷ ᠵᠦᠢᠯ ᠢ᠄ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠪᠦᠷᠢᠳᠬᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠶᠢᠨ ᠬᠠᠮᠲᠤ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠢ᠃             ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠢ︾ ᠭᠡᠵᠦ ᠵᠠᠰᠠᠪᠠ᠃            ᠠᠷᠪᠠ᠂ ᠬᠤᠷᠢᠨ ᠵᠢᠷᠭᠤᠳᠤᠭᠠᠷ ᠵᠦᠢᠯ ᠢ᠄ ︽ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠪᠣᠳᠠᠰ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠨᠢᠭᠡᠴᠢ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ᠂ ᠪᠠᠷᠢᠯᠭ᠎ᠠ ᠶᠢᠨ ᠠᠵᠢᠯ ᠤᠨ ᠨᠢᠭᠡᠴᠢ᠂ ᠵᠢᠴᠢ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠬᠦᠮᠦᠨ ᠨᠢᠭᠲᠠᠷᠠᠭᠰᠠᠨ ᠲᠠᠯᠠᠪᠤᠷ ᠤᠨ ᠡᠵᠡᠩᠨᠡᠯᠲᠡ ᠶᠢᠨ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠱᠠᠲᠤ ᠬᠤᠪᠢᠶᠠᠨ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠶᠣᠰᠣᠭᠠᠷ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠲᠤ ᠪᠦᠷᠢᠳᠬᠡᠭᠦᠯᠬᠦ ᠬᠡᠷᠡᠭᠲᠡᠢ ᠪᠥᠭᠡᠳ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠢ᠃             ︽ᠡᠮᠦᠨᠡᠬᠢ ᠪᠠᠳᠠᠭ ᠲᠤ ᠵᠢᠭᠰᠠᠭᠠᠭᠰᠠᠨ ᠨᠢᠭᠡᠴᠢ ᠨᠢ ᠲᠥᠪ ᠤᠨ ᠠᠵᠤ ᠠᠬᠤᠶᠢᠯᠠᠯ ᠳᠤ ᠬᠠᠷᠢᠶᠠᠯᠠᠭᠳᠠᠪᠠᠯ᠂ ᠲᠡᠭᠦᠨ ᠤ ᠶᠡᠷᠦᠩᠬᠡᠢ ᠬᠡᠯᠲᠡᠰ ︵ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ︶ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠬᠢᠯᠡᠠ ᠬᠠᠮᠢᠶᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠭᠦᠯᠬᠦ ᠪᠥᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠤ ᠬᠠᠭᠤᠯᠤᠨ ᠬᠦᠷᠭᠡᠨ᠎ᠡ᠃ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠶᠢᠭ᠎ᠠ ᠭᠠᠵᠠᠷ ᠤᠨ ᠢᠶᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠬᠢᠯᠡᠠ ᠬᠠᠮᠢᠶᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠭᠦᠯᠬᠦ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠨ᠎ᠡ᠃             ︽ᠲᠤᠰ ᠵᠦᠢᠯ ᠤᠨ ᠨᠢᠭᠡᠳᠦᠭᠡᠷ ᠪᠠᠳᠠᠭ ᠲᠤ ᠵᠢᠭᠰᠠᠭᠠᠭᠰᠠᠨ ᠨᠢᠭᠡᠴᠢ ᠨᠢ ᠲᠥᠪ ᠤᠨ ᠠᠵᠤ ᠠᠬᠤᠶᠢᠯᠠᠯ ᠳᠤ ᠬᠠᠷᠢᠶᠠᠯᠠᠭᠳᠠᠬᠤ ᠦᠭᠡᠢ ᠪᠠᠶᠢᠪᠠᠯ᠂ ᠡᠭᠦᠨ ᠳᠤ ᠨᠡᠭᠦᠷᠡᠰᠦᠨ ᠠᠭᠤᠷᠬᠠᠢ ᠪᠤᠰᠤ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠠ ᠠᠶᠤᠯᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠠᠵᠤ ᠠᠬᠤᠶᠢᠯᠠᠯ ᠵᠢᠴᠢ ᠠᠶᠤᠯᠲᠠᠢ ᠬᠢᠮᠢ ᠶᠢᠨ ᠵᠦᠢᠯ ᠢ ᠬᠡᠷᠡᠭᠯᠡᠭᠡᠳ ᠤᠯᠤᠰ ᠠᠴᠠ ᠲᠣᠭᠲᠠᠭᠠᠭᠰᠠᠨ ᠲᠤᠭ᠎ᠠ ᠬᠡᠮᠵᠢᠶᠡᠨ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠸᠠᠷ ᠫᠤᠤᠵᠢᠩ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠲᠤᠰ ᠪᠠᠳᠠᠭ ᠲᠤ ᠳᠤᠷᠠᠳᠤᠭᠰᠠᠨ ᠨᠢᠭᠡᠴᠢ ᠠᠴᠠ ᠭᠠᠳᠠᠨᠠᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠤᠨ ᠳᠠᠩᠰᠠᠯᠠᠯᠲᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠠᠴᠠ ᠲᠣᠭᠲᠠᠭᠠᠨ᠎ᠠ᠃             ︽ᠲᠣᠰᠣ ᠬᠡᠢ ᠳᠠᠮᠵᠢᠭᠤᠯᠬᠤ ᠬᠤᠭᠤᠯᠠᠢ ᠶᠢᠨ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠪᠦᠷᠢᠳᠬᠡᠭᠦᠯᠬᠦ ᠠᠴᠠ ᠭᠠᠳᠠᠨ᠎ᠠ ᠪᠠᠰᠠ ᠥᠩᠭᠡᠷᠡᠭᠰᠡᠨ ᠵᠠᠰᠠᠭ ᠵᠠᠬᠢᠷᠭᠠᠨ ᠤ ᠣᠷᠣᠨ ᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠢ᠃             ︽ᠲᠠᠯᠠᠢ ᠲᠠᠩᠭᠢᠰ ᠤᠨ ᠴᠢᠯᠠᠭᠤᠨ ᠲᠣᠰᠣ ᠨᠡᠭᠡᠭᠡᠨ ᠮᠠᠯᠲᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠪᠦᠷᠢᠳᠬᠡᠭᠦᠯᠬᠦ ᠠᠴᠠ ᠭᠠᠳᠠᠨ᠎ᠠ ᠪᠠᠰᠠ ᠥᠩᠭᠡᠷᠡᠵᠦ ᠪᠠᠶᠢᠭ᠎ᠠ ᠵᠠᠰᠠᠭ ᠵᠠᠬᠢᠷᠭᠠᠨ ᠤ ᠣᠷᠣᠨ ᠤ ᠪᠠᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠲᠠᠯᠠᠢ ᠲᠠᠩᠭᠢᠰ ᠤᠨ ᠴᠢᠯᠠᠭᠤᠨ ᠲᠤᠰᠤᠨ ᠤ ᠠᠶᠤᠯᠭᠦᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠳᠤ ᠬᠠᠭᠤᠯᠤᠨ ᠬᠦᠷᠭᠡᠬᠦ ᠬᠡᠷᠡᠭᠲᠡᠢ᠃             ︽ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠪᠦᠷᠢᠳᠬᠡᠭᠦᠯᠬᠦ ᠠᠴᠠ ᠭᠠᠳᠠᠨ᠎ᠠ ᠪᠠᠰᠠ ᠪᠠᠶᠢᠭ᠎ᠠ ᠭᠠᠵᠠᠷ ᠤᠨ ᠢᠶᠠᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠬᠠᠭᠤᠯᠤᠨ ᠬᠦᠷᠭᠡᠬᠦ ᠬᠡᠷᠡᠭᠲᠡᠢ᠃︾            ᠠᠷᠪᠠᠨ ᠨᠢᠭᠡ᠂ ᠬᠤᠷᠢᠨ ᠳᠣᠯᠣᠳᠤᠭᠠᠷ ᠵᠦᠢᠯ ᠤᠨ ᠬᠤᠶᠠᠳᠤᠭᠠᠷ ᠵᠤᠷᠪᠤᠰ ᠢ᠄ ︽ᠲᠤᠰ ᠠᠷᠭ᠎ᠠ ᠶᠢᠨ ᠬᠤᠷᠢᠨ ᠨᠢᠭᠡᠳᠦᠭᠡᠷ ᠵᠦᠢᠯ ᠳᠤ ᠵᠢᠭᠰᠠᠭᠠᠭᠰᠠᠨ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠭᠰᠠᠨ ᠰᠠᠨᠠᠯ ᠢ ᠬᠠᠩᠭᠠᠬᠤ ᠬᠡᠷᠡᠭᠲᠡᠢ︾ ᠭᠡᠵᠦ ᠵᠠᠰᠠᠪᠠ᠃ ᠭᠤᠷᠪᠠᠳᠤᠭᠠᠷ ᠵᠤᠷᠪᠤᠰ ᠢ᠄ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠴᠠᠬᠢᠮ ᠪᠢᠴᠢᠭᠯᠡᠯ︾ ᠭᠡᠵᠦ ᠵᠠᠰᠠᠪᠠ᠃            ᠠᠷᠪᠠᠨ ᠬᠤᠶᠠᠷ᠂ ᠭᠤᠴᠢᠨ ᠬᠤᠶᠠᠳᠤᠭᠠᠷ ᠵᠦᠢᠯ ᠢ᠄ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠠᠳᠠᠭ ᠲᠠᠭᠠᠨ ᠬᠤᠶᠠᠷ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠲᠤᠰ ᠰᠠᠯᠠᠭ᠎ᠠ ᠮᠥᠴᠢᠷ᠂ ᠲᠤᠰ ᠭᠠᠵᠠᠷ ᠣᠷᠣᠨ ᠤ ᠪᠠᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︾ ᠭᠡᠵᠦ ᠵᠠᠰᠠᠪᠠ᠃            ᠠᠷᠪᠠᠨ ᠭᠤᠷᠪᠠ᠂ ᠭᠤᠴᠢᠨ ᠭᠤᠷᠪᠠᠳᠤᠭᠠᠷ ᠵᠦᠢᠯ ᠳᠤ ᠬᠤᠶᠠᠷ ᠪᠠᠳᠠᠭ ᠨᠡᠮᠡᠨ᠎ᠡ᠃ ᠲᠤᠰ ᠲᠤᠰ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠪᠣᠯᠭᠠᠪᠠ᠄ ︽ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠪᠣᠳᠠᠰ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠨᠢᠭᠡᠴᠢ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ᠂ ᠪᠠᠷᠢᠯᠭ᠎ᠠ ᠶᠢᠨ ᠠᠵᠢᠯ ᠤᠨ ᠨᠢᠭᠡᠴᠢ᠂ ᠵᠢᠴᠢ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠬᠦᠮᠦᠨ ᠨᠢᠭᠲᠠᠷᠠᠭᠰᠠᠨ ᠲᠠᠯᠠᠪᠤᠷ ᠭᠠᠵᠠᠷ ᠤᠨ ᠡᠵᠡᠩᠨᠡᠯᠲᠡ ᠶᠢᠨ ᠨᠢᠭᠡᠴᠢ ᠨᠦᠭᠦᠳ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠨᠠᠭᠠᠲᠤ ᠵᠠᠬ᠎ᠠ ᠳᠠᠭᠠᠨ ᠬᠠᠭᠠᠰ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠢ ᠪᠥᠭᠡᠳ ᠰᠣᠷᠢᠯᠲᠠ ᠶᠢᠨ ᠪᠠᠶᠢᠳᠠᠯ ᠢᠶᠠᠨ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃             ︽ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠮᠦᠨᠡᠬᠢ ᠪᠠᠳᠠᠭ ᠲᠤ ᠲᠣᠭᠲᠠᠭᠠᠭᠰᠠᠨ ᠭᠤᠣᠯᠳᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠤᠨ ᠰᠣᠷᠢᠯᠲᠠ ᠶᠢ ᠰᠣᠩᠭᠤᠨ ᠪᠠᠶᠢᠴᠠᠭᠠᠬᠤ ᠬᠡᠷᠡᠭᠲᠡᠢ᠃ ᠰᠣᠷᠢᠯᠲᠠ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠢ᠃︾            ᠠᠷᠪᠠᠨ ᠳᠥᠷᠪᠡ᠂ ᠭᠤᠴᠢᠨ ᠲᠠᠪᠤᠳᠤᠭᠠᠷ ᠵᠦᠢᠯ ᠤᠨ ᠬᠤᠶᠠᠳᠤᠭᠠᠷ ᠪᠠᠳᠠᠭ ᠲᠠᠬᠢ ︽ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ ᠠᠵᠤ ᠠᠬᠤᠶᠢᠯᠠᠯ︾ ᠭᠡᠳᠡᠭ ᠢ ︽ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠠᠵᠤ ᠠᠬᠤᠶᠢᠯᠠᠯ︾ ᠭᠡᠵᠦ ᠵᠠᠰᠠᠪᠠ᠃            ᠠᠷᠪᠠᠨ ᠲᠠᠪᠤ᠂ ᠭᠤᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠢ᠄ ︽ᠠᠶᠤᠯᠭᠦᠢ ᠦᠢᠯᠡᠳᠪᠦᠷᠢᠯᠡᠬᠦ ᠠᠵᠢᠯ ᠳᠤ ᠲᠤᠯᠭᠠᠷᠠᠬᠤ ᠠᠶᠤᠯ ᠲᠦᠭᠰᠢᠭᠦᠷᠢ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ︾ ᠭᠡᠵᠦ ᠵᠠᠰᠠᠪᠠ᠃ ᠲᠠᠪᠤᠳᠤᠭᠠᠷ ᠵᠤᠷᠪᠤᠰ ᠢ ᠬᠠᠰᠤᠨ᠎ᠠ᠃ ᠵᠢᠷᠭᠤᠳᠤᠭᠠᠷ ᠵᠤᠷᠪᠤᠰ ᠢ ᠲᠠᠪᠤᠳᠤᠭᠠᠷ ᠵᠤᠷᠪᠤᠰ ᠪᠣᠯᠭᠠᠭᠠᠳ ︽ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠳᠤᠮᠳᠠ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠴᠢᠬᠤᠯᠠᠲᠠᠢ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠰᠡᠨ︾ ᠭᠡᠵᠦ ᠵᠠᠰᠠᠪᠠ᠃ ᠳᠣᠯᠣᠳᠤᠭᠠᠷ ᠵᠤᠷᠪᠤᠰ ᠢ ᠵᠢᠷᠭᠤᠳᠤᠭᠠᠷ ᠵᠤᠷᠪᠤᠰ ᠪᠣᠯᠭᠠᠪᠠ᠃            ᠠᠷᠪᠠᠨ ᠵᠢᠷᠭᠤᠭ᠎ᠠ᠂ ᠳᠥᠴᠢᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽ᠲᠦᠭᠰᠢᠭᠦᠷᠢ ᠶᠢ ᠦᠨᠡᠯᠡᠨ ᠵᠢᠱᠢᠬᠦ︾ ᠭᠡᠳᠡᠭ ᠢ ︽ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ︾ ᠭᠡᠵᠦ ᠵᠠᠰᠠᠪᠠ᠃ ᠭᠤᠷᠪᠠᠳᠤᠭᠠᠷ ᠵᠤᠷᠪᠤᠰ ᠢ ᠬᠠᠰᠤᠨ᠎ᠠ᠃ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ᠂ ᠳᠣᠯᠣᠳᠤᠭᠠᠷ ᠵᠤᠷᠪᠤᠰ ᠢ ᠲᠤᠰ ᠲᠤᠰ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠵᠢᠷᠭᠤᠳᠤᠭᠠᠷ ᠵᠤᠷᠪᠤᠰ ᠪᠣᠯᠭᠠᠨ ᠥᠭᠡᠷᠡᠴᠢᠯᠡᠪᠡ᠃ ᠵᠢᠷᠭᠤᠳᠤᠭᠠᠷ ᠵᠤᠷᠪᠤᠰ ᠢ ᠲᠠᠪᠤᠳᠤᠭᠠᠷ ᠵᠤᠷᠪᠤᠰ ᠪᠣᠯᠭᠠᠭᠠᠳ ︽ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠤᠭᠰᠠᠨ ᠦᠭᠡᠢ︾ ᠭᠡᠵᠦ ᠵᠠᠰᠠᠪᠠ᠃            ᠳᠥᠴᠢᠨ ᠲᠠᠪᠤᠳᠤᠭᠠᠷ ᠵᠦᠢᠯ ᠳᠤ ᠨᠢᠭᠡ ᠪᠠᠳᠠᠭ ᠨᠡᠮᠡᠭᠡᠳ ᠬᠤᠶᠠᠳᠤᠭᠠᠷ ᠪᠠᠳᠠᠭ ᠪᠣᠯᠭᠠᠪᠠ᠄ ︽ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 3 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︾ ᠭᠡᠵᠦ ᠵᠠᠰᠠᠪᠠ᠃            ᠠᠷᠪᠠᠨ ᠲᠤᠯᠤᠭ᠎ᠠ᠂ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ᠂ ᠬᠤᠷᠢᠳᠤᠭᠠᠷ ᠵᠦᠢᠯ᠂ ᠭᠤᠴᠢᠳᠤᠭᠠᠷ ᠵᠦᠢᠯ᠂ ᠭᠤᠴᠢᠨ ᠨᠢᠭᠡᠳᠦᠭᠡᠷ ᠵᠦᠢᠯ᠂ ᠳᠥᠴᠢᠨ ᠨᠢᠭᠡᠳᠦᠭᠡᠷ ᠵᠦᠢᠯ᠂ ᠳᠥᠴᠢᠨ ᠬᠤᠶᠠᠳᠤᠭᠠᠷ ᠵᠦᠢᠯ᠂ ᠳᠥᠴᠢᠨ ᠲᠠᠪᠤᠳᠤᠭᠠᠷ ᠵᠦᠢᠯ᠂ ᠳᠥᠴᠢᠨ ᠳᠣᠯᠣᠳᠤᠭᠠᠷ ᠵᠦᠢᠯ ᠳᠠᠬᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ︽ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠵᠠᠰᠠᠪᠠ᠃ ᠳᠥᠷᠪᠡᠳᠦᠭᠡᠷ ᠵᠦᠢᠯ ᠤᠨ ᠬᠤᠶᠠᠳᠤᠭᠠᠷ ᠪᠠᠳᠠᠭ ᠲᠠᠬᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ︾ ᠭᠡᠳᠡᠭ ᠢ ︽ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ︾ ᠭᠡᠵᠦ ᠵᠠᠰᠠᠪᠠ᠃ ᠬᠤᠷᠢ ᠶᠢᠰᠦᠳᠦᠭᠡᠷ ᠵᠦᠢᠯ ᠳᠠᠬᠢ ︽ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠳᠡᠭ ᠢ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ︾ ᠭᠡᠵᠦ ᠵᠠᠰᠠᠪᠠ᠃ ᠭᠤᠴᠢ ᠶᠢᠰᠦᠳᠦᠭᠡᠷ ᠵᠦᠢᠯ ᠳᠠᠬᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ︽ᠡ᠊ᠨᠳᠡᠯ ᠭᠠᠷᠤᠭᠰᠠᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠵᠠᠰᠠᠪᠠ᠃ ᠳᠥᠴᠢᠨ ᠭᠤᠷᠪᠠᠳᠤᠭᠠᠷ ᠵᠦᠢᠯ ᠳᠠᠬᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠵᠠᠰᠠᠪᠠ᠃ ᠳᠥᠴᠢᠨ ᠳᠥᠷᠪᠡᠳᠦᠭᠡᠷ ᠵᠦᠢᠯ ᠳᠠᠬᠢ ︽ᠰᠢᠶᠠᠨ ᠤ ᠱᠠᠲᠤᠨ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ︾ ᠭᠡᠳᠡᠭ ᠢ ︽ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ︾ ᠭᠡᠵᠦ ᠵᠠᠰᠠᠪᠠ᠃ ᠳᠥᠴᠢᠨ ᠵᠢᠷᠭᠤᠳᠤᠭᠠᠷ ᠵᠦᠢᠯ ᠳᠠᠬᠢ ︽ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠲᠥᠪ︾ ᠭᠡᠳᠡᠭ ᠢ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ︾ ᠭᠡᠵᠦ ᠵᠠᠰᠠᠪᠠ᠃            ᠠᠷᠪᠠᠨ ᠨᠠᠢᠮᠠ᠂ ᠨᠢᠭᠡ ᠵᠦᠢᠯ ᠨᠡᠮᠡᠭᠡᠳ ᠳᠥᠴᠢᠨ ᠨᠠᠢᠮᠠᠳᠤᠭᠠᠷ ᠵᠦᠢᠯ ᠪᠣᠯᠭᠠᠪᠠ᠄ ︽ᠰᠢᠲᠠᠮᠠᠲᠠᠬᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠪᠣᠳᠠᠰ ᠢ ᠬᠠᠳᠠᠭᠠᠯᠠᠬᠤ᠂ ᠬᠡᠷᠡᠭᠯᠡᠬᠦ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠨᠢᠭᠡᠴᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠤᠨ ᠬᠠᠮᠢᠶᠠᠷᠤᠯᠲᠠ ᠶᠢ ᠲᠤᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃︾            ᠠᠷᠪᠠ ᠶᠢᠰᠦ᠂ ᠳᠥᠴᠢᠨ ᠨᠠᠢᠮᠠᠳᠤᠭᠠᠷ ᠵᠦᠢᠯ ᠢ ᠳᠥᠴᠢ ᠶᠢᠰᠦᠳᠦᠭᠡᠷ ᠵᠦᠢᠯ ᠪᠣᠯᠭᠠᠨ ᠵᠠᠰᠠᠪᠠ᠃            ᠲᠤᠰ ᠲᠣᠭᠲᠠᠭᠠᠯ ᠢ 2019 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃             ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾  ᠶᠢ ᠲᠤᠰ ᠲᠣᠭᠲᠠᠭᠠᠯ ᠢ ᠦᠨᠳᠦᠰᠦᠯᠡᠨ ᠵᠣᠬᠢᠴᠠᠩᠭᠤᠢ ᠪᠠᠷ ᠵᠠᠰᠠᠭᠰᠠᠨ ᠤ ᠲᠠᠷᠠᠭ᠎ᠠ ᠲᠠᠬᠢᠵᠤ ᠨᠡᠶᠢᠲᠡᠯᠡᠨ᠎ᠡ᠃                   ︽︿ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ︾  ᠳᠤ ᠵᠠᠰᠠᠪᠤᠷᠢ ᠣᠷᠣᠭᠤᠯᠪᠠ︶            ᠨᠢᠭᠡᠳᠦᠭᠡᠷ ᠪᠦᠯᠦᠭ ᠶᠡᠷᠦᠩᠬᠡᠢ ᠳᠦᠷᠢᠮ            ᠨᠢᠭᠡᠳᠦᠭᠡᠷ ᠵᠦᠢᠯ ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠢ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾᠂ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠣᠨ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇2013﹈ 101  ᠳ᠋ᠦ᠋ᠭᠡᠷ ᠲᠣᠭᠠᠲᠤ︶ ᠶᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃            ᠬᠤᠶᠠᠳᠤᠭᠠᠷ ᠵᠦᠢᠯ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵ᠳᠣᠷᠣᠭᠰᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠭᠡᠵᠦ ᠲᠣᠪᠴᠢᠯᠠᠨ᠎ᠠ︶ ᠢ ᠨᠠᠶᠢᠷᠠᠭᠤᠯᠤᠨ ᠵᠣᠬᠢᠶᠠᠬᠤ᠂ ᠬᠢᠨᠠᠨ ᠲᠣᠭᠲᠠᠭᠠᠬᠤ᠂ ᠨᠡᠶᠢᠲᠡᠯᠡᠬᠦ᠂ ᠳᠠᠩᠰᠠᠯᠠᠬᠤ᠂ ᠬᠡᠷᠡᠭᠵᠢᠭᠦᠯᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠤ ᠲᠤᠰ ᠠᠷᠭ᠎ᠠ ᠲᠣᠬᠢᠷᠠᠨ᠎ᠠ᠃            ᠭᠤᠷᠪᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠳᠤ ᠬᠠᠷᠢᠶ᠎ᠠ ᠭᠠᠵᠠᠷ ᠢᠶᠠᠷ ᠭᠤᠤᠯᠯᠠᠬᠤ᠂ ᠱᠠᠲᠤ ᠬᠤᠪᠢᠶᠠᠨ ᠬᠠᠷᠢᠭᠤᠴᠠᠬᠤ᠂ ᠲᠦᠷᠦᠯ ᠬᠤᠪᠢᠶᠠᠨ ᠵᠢᠯᠤᠭᠤᠳᠬᠤ᠂ ᠶᠡᠷᠦᠩᠬᠡᠶᠢᠯᠡᠨ ᠵᠣᠬᠢᠴᠠᠭᠤᠯᠬᠤ᠂ ᠬᠥᠳᠡᠯᠦᠩᠭᠦᠢ ᠪᠠᠷ ᠬᠠᠮᠢᠶᠠᠷᠬᠤ ᠵᠠᠷᠴᠢᠮ ᠢ ᠬᠡᠷᠡᠭᠵᠢᠭᠦᠯᠦᠨ᠎ᠡ᠃            ᠳᠥᠷᠪᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠭ ᠬᠠᠮᠢᠶᠠᠷᠤᠯᠲᠠ ᠪᠠᠨ ᠶᠠᠮᠤᠨ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭ ᠪᠡᠯᠡᠳᠬᠡᠯ ᠲᠥᠰᠥᠯ ᠢ ᠶᠡᠷᠦᠩᠬᠡᠶᠢᠯᠡᠨ ᠵᠣᠬᠢᠴᠠᠭᠤᠯᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠦᠬᠦᠢ ᠠᠵᠢᠯ ᠲᠦᠷᠦᠯ᠂ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ‌‍ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ ᠤᠳ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠣᠰᠣᠭᠠᠷ ᠬᠤᠯᠪᠣᠭᠳᠠᠯ ᠪᠦᠬᠦᠢ ᠠᠵᠢᠯ ᠲᠦᠷᠦᠯ᠂ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ᠲᠠᠪᠤᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠦᠨᠡᠨ ᠪᠣᠳᠠᠲᠤ ᠴᠢᠨᠠᠷ ᠪᠠ ᠬᠡᠷᠡᠭᠯᠡᠭᠡᠨ ᠤ ᠴᠢᠨᠠᠷ ᠲᠤ ᠬᠠᠷᠢᠭᠤᠴᠠᠨ᠎ᠠ᠃ ᠡᠯ᠎ᠡ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃            ᠵᠢᠷᠭᠤᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠪᠡᠯᠡᠳᠬᠡᠯ ᠲᠥᠰᠥᠯ᠂ ᠪᠠᠴᠢᠮ ᠪᠠᠶᠢᠳᠠᠯ ᠢ ᠠᠷᠭᠠᠴᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠪᠠ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠲᠥᠰᠥᠯ ᠭᠡᠵᠦ ᠬᠤᠪᠢᠶᠠᠨ᠎ᠠ᠃            ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠲᠥᠰᠥᠯ ᠭᠡᠳᠡᠭ ᠪᠣᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠠᠴᠠ ᠲᠥᠷᠥᠯ ᠪᠦᠷᠢ ᠶᠢᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠠᠷᠭᠠᠴᠠᠬᠤ ᠶᠢᠨ ᠲᠥᠯᠥᠭᠡ ᠲᠣᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠢ ᠠᠵᠢᠯ ᠤᠨ ᠲᠥᠰᠥᠯ ᠢ ᠪᠠᠭᠲᠠᠭᠠᠨ᠎ᠠ᠂ ᠲᠡᠷᠡ ᠪᠣᠯ ᠲᠤᠰ ᠨᠢᠭᠡᠴᠢ ᠶᠢᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠠᠷᠭᠠᠴᠠᠬᠤ ᠶᠡᠷᠦᠩᠬᠡᠢ ᠠᠵᠢᠯ ᠤᠨ ᠵᠢᠷᠤᠮ᠂ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮ ᠤᠨ ᠶᠡᠷᠦᠩᠬᠡᠢ ᠬᠥᠲᠥᠯᠪᠦᠷᠢ ᠮᠥᠨ᠃            ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠭᠡᠳᠡᠭ ᠨᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠠᠴᠠ ᠶᠠᠮᠠᠷ ᠨᠢᠭᠡᠨ ᠵᠦᠢᠯ ᠤᠨ ᠪᠤᠶᠤ ᠤᠯᠠᠨ ᠲᠦᠷᠦᠯ ᠤᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠠᠷᠭᠠᠴᠠᠬᠤ ᠶᠢᠨ ᠲᠥᠯᠥᠭᠡ᠂ ᠡᠰᠡᠬᠦᠯ᠎ᠡ ᠴᠢᠬᠤᠯᠠ ᠦᠢᠯᠡᠳᠪᠦᠷᠢᠯᠡᠬᠦ ᠠᠵᠢᠯ ᠤᠨ ᠲᠥᠬᠦᠭᠡᠷᠦᠮᠵᠢ᠂ ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ᠂ ᠬᠦᠨᠳᠦ ᠨᠣᠴᠢᠲᠠᠢ ᠠᠵᠢᠯᠯᠠᠭ᠎ᠠ ᠳᠤ ᠴᠢᠭᠯᠡᠭᠦᠯᠦᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠶᠢᠨ ᠲᠥᠯᠥᠭᠡ ᠲᠣᠭᠲᠠᠭᠠᠭᠰᠠᠨ ᠲᠤᠰᠬᠠᠢ ᠵᠦᠢᠯ ᠤᠨ ᠴᠢᠨᠠᠷᠲᠠᠢ ᠠᠵᠢᠯ ᠤᠨ ᠲᠥᠰᠥᠯ ᠢ ᠪᠠᠭᠲᠠᠭᠠᠨ᠎ᠠ᠃            ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠲᠥᠰᠥᠯ ᠭᠡᠳᠡᠭ ᠨᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠠᠴᠠ ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠠᠯᠢ ᠪᠤᠰᠤ ᠡ᠊ᠨᠳᠡᠯ ᠤᠨ ᠲᠦᠷᠦᠯ ᠵᠦᠢᠯ ᠢ ᠦᠨᠳᠦᠰᠦᠯᠡᠨ᠂ ᠪᠣᠳᠠᠲᠠᠢ ᠲᠠᠯᠠᠪᠤᠷ᠂ ᠲᠣᠨᠣᠭᠯᠠᠯ ᠪᠤᠶᠤ ᠲᠥᠬᠦᠭᠡᠷᠦᠮᠵᠢ ᠳᠤ ᠴᠢᠭᠯᠡᠭᠦᠯᠦᠨ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠠᠭᠲᠠᠭᠠᠨ᠎ᠠ᠃            ᠬᠤᠶᠠᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ            ᠳᠣᠯᠣᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠳᠤ ᠬᠥᠮᠥᠨ ᠢᠶᠠᠷ ᠦᠨᠳᠦᠰᠦ ᠪᠣᠯᠭᠠᠬᠤ᠂ ᠬᠠᠤᠯᠢ ᠲᠣᠭᠲᠠᠭᠠᠯ ᠢ ᠵᠢᠷᠤᠮᠯᠠᠬᠤ᠂ ᠪᠣᠳᠠᠲᠤ ᠪᠠᠶᠢᠳᠠᠯ ᠲᠠᠢ ᠨᠡᠶᠢᠴᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠵᠢᠷᠤᠮᠯᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠟ ᠪᠠᠷ ᠭᠤᠣᠯ ᠪᠣᠯᠭᠠᠨ᠂ ᠪᠠᠴᠢᠮ ᠪᠠᠶᠢᠳᠠᠯ ᠢ ᠠᠷᠭᠠᠴᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠳᠡᠰ ᠳᠠᠷᠠᠭᠠᠯᠠᠯ ᠢ ᠵᠢᠷᠤᠮᠵᠢᠭᠤᠯᠤᠨ᠂ ᠪᠠᠲᠤᠯᠠᠭ᠎ᠠ ᠪᠠᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠬᠡᠷᠡᠭᠲᠡᠢ᠃            ᠨᠠᠢᠮᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠳᠤ ᠳᠠᠷᠠᠭᠠᠬᠢ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠄             ︵ᠨᠢᠭᠡ︶ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠲᠤᠬᠠᠢ ᠲᠣᠭᠲᠠᠭᠠᠯ᠃             ︵ᠬᠤᠶᠠᠷ︶ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠬᠦ ᠠᠵᠢᠯ ᠤᠨ ᠪᠣᠳᠠᠲᠤ ᠪᠠᠶᠢᠳᠠᠯ᠃             ︵ᠭᠤᠷᠪᠠ︶ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠠᠶᠤᠯᠲᠤ ᠴᠢᠨᠠᠷ ᠤᠨ ᠵᠠᠳᠠᠯᠤᠯᠲᠠ ᠶᠢᠨ ᠪᠠᠶᠢᠳᠠᠯ᠃             ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠪᠣᠯᠣᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠲᠣᠳᠣᠷᠬᠠᠢ ᠪᠥᠭᠡᠳ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠠᠢ ᠪᠠᠶᠢᠬᠤ             ︵ᠲᠠᠪᠤ︶ ᠲᠣᠳᠣᠷᠬᠠᠢ ᠪᠥᠭᠡᠳ ᠪᠣᠳᠠᠲᠠᠢ ᠪᠠᠴᠢᠮ ᠪᠠᠶᠢᠳᠠᠯ ᠢ ᠠᠷᠭᠠᠴᠠᠬᠤ ᠵᠢᠷᠤᠮ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠲᠠᠢ ᠪᠠᠶᠢᠬᠤ ᠶᠢᠨ ᠬᠠᠮᠲᠤ ᠲᠡᠭᠦᠨ ᠢ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠲᠠᠢ ᠨᠢ ᠵᠣᠬᠢᠴᠠᠭᠤᠯᠤᠭᠰᠠᠨ᠃             ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠣᠳᠣᠷᠬᠠᠢ ᠠᠷᠭ᠎ᠠ ᠬᠡᠮᠵᠢᠶ᠎ᠡ ᠲᠠᠢ ᠪᠠᠶᠢᠵᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠶᠢ ᠬᠠᠩᠭᠠᠬᠤ᠃             ︵ᠲᠤᠯᠤᠭ᠎ᠠ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠦᠨᠳᠦᠰᠦᠨ ᠡᠯᠧᠮᠧᠨ᠋ᠲ ᠨᠢ ᠪᠦᠷᠢᠨ ᠭᠦᠢᠴᠡᠳ᠂ ᠪᠦᠷᠢᠨ ᠭᠦᠢᠴᠡᠳ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠳᠠᠭᠠᠯᠳᠤᠭᠤᠯᠤᠯ ᠤᠨ ᠬᠠᠩᠭᠠᠭᠰᠠᠨ ᠮᠡᠳᠡᠭᠡ ᠵᠠᠩᠭᠢ ᠨᠢ ᠣᠨᠣᠪᠴᠢᠲᠠᠶ ᠪᠠᠶᠢᠬᠤ             ︵ᠨᠠᠢᠮᠠ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠠᠭᠤᠯᠭ᠎ᠠ ᠬᠢᠭᠡᠳ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠠᠷᠢᠯᠴᠠᠨ ᠵᠣᠯᠭᠠᠭᠤᠯᠬᠤ ᠬᠡᠷᠡᠭᠲᠡᠢ᠃            ᠶᠢᠰᠦᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠳᠤ ᠣᠷᠣᠨ ᠲᠣᠭᠠᠨ ᠤ ᠠᠵᠢᠯ ᠤᠨ ᠳᠤᠭᠤᠶᠢᠯᠠᠩ ᠪᠠᠶᠢᠭᠤᠯᠵᠤ᠂ ᠲᠤᠰ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠬᠤᠯᠪᠣᠭᠳᠠᠬᠤ ᠡᠷᠬᠡ ᠲᠤᠰᠢᠶᠠᠯᠲᠤ ᠰᠠᠯᠠᠭ᠎ᠠ ᠮᠥᠴᠢᠷ ᠪᠠ ᠨᠢᠭᠡᠴᠢ ᠶᠢᠨ ᠠᠵᠢᠯᠲᠠᠨ ᠵᠢᠴᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠭᠰᠡᠨ ᠲᠤᠷᠰᠢᠯᠭ᠎ᠠ ᠲᠠᠢ ᠬᠥᠮᠥᠰ ᠢ ᠣᠷᠣᠯᠴᠠᠭᠤᠯᠬᠤ ᠬᠡᠷᠡᠭᠲᠡᠢ᠃            ᠠᠷᠪᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠠᠴᠠ ᠡᠮᠦᠨ᠎ᠡ᠂ ᠨᠠᠶᠢᠷᠠᠭᠤᠯᠤᠨ ᠵᠣᠬᠢᠶᠠᠭᠰᠠᠨ ᠨᠢᠭᠡᠴᠢ ᠨᠢ ᠡ᠊ᠨᠳᠡᠯ ᠤᠨ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ ᠪᠠ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠪᠠᠶᠢᠴᠠᠭᠠᠯᠲᠠ ᠬᠢᠬᠦ ᠬᠡᠷᠡᠭᠲᠡᠢ᠃            ᠡ᠊ᠨᠳᠡᠯ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ ᠭᠡᠳᠡᠭ ᠨᠢ ᠠᠳᠠᠯᠢ ᠪᠤᠰᠤ ᠡ᠊ᠨᠳᠡᠯ ᠤᠨ ᠲᠦᠷᠦᠯ ᠵᠦᠢᠯ ᠵᠢᠴᠢ ᠣᠨᠴᠠᠯᠢᠭ ᠲᠤ ᠴᠢᠭᠯᠡᠭᠦᠯᠦᠨ᠂ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠬᠤᠣᠷ ᠬᠥᠨᠥᠭᠡᠯ ᠤᠨ ᠡᠯᠧᠮᠧᠨ᠋ᠲ ᠢ ᠢᠯᠭᠠᠨ ᠲᠠᠨᠢᠵᠤ᠂ ᠡ᠊ᠨᠳᠡᠯ ᠤᠨ ᠭᠠᠷᠴᠤ ᠮᠡᠳᠡᠬᠦ ᠰᠢᠭᠤᠳ ᠦᠷ᠎ᠡ ᠤᠷᠰᠢᠭ ᠵᠢᠴᠢ ᠡᠭᠦᠰᠦᠮᠡᠯ ᠦᠷ᠎ᠡ ᠤᠷᠰᠢᠭ ᠢ ᠵᠠᠳᠠᠯᠵᠤ᠂ ᠲᠥᠷᠥᠯ ᠪᠦᠷᠢ ᠶᠢᠨ ᠦᠷ᠎ᠡ ᠤᠷᠰᠢᠭ ᠤᠨ ᠬᠤᠣᠷ ᠬᠥᠨᠥᠭᠡᠯ ᠤᠨ ᠬᠡᠮᠵᠢᠶ᠎ᠡ ᠪᠠ ᠨᠥᠯᠥᠭᠡᠯᠡᠬᠦ ᠬᠡᠪᠴᠢᠶ᠎ᠡ ᠶᠢ ᠦᠨᠡᠯᠡᠨ ᠵᠢᠱᠢᠵᠦ᠂ ᠡ᠊ᠨᠳᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠠᠪᠤᠴᠠ ᠶᠢ ᠪᠠᠭᠲᠠᠭᠠᠨ᠎ᠠ᠃            ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠪᠠᠶᠢᠴᠠᠭᠠᠯᠲᠠ ᠭᠡᠳᠡᠭ ᠨᠢ ᠲᠤᠰ ᠭᠠᠵᠠᠷ ᠣᠷᠣᠨ᠂ ᠲᠤᠰ ᠨᠢᠭᠡᠴᠢ ᠶᠢᠨ ᠲᠡᠷᠡ ᠳᠠᠷᠤᠢ ᠳᠤᠨᠢ ᠰᠢᠯᠵᠢᠭᠦᠯᠦᠨ ᠬᠡᠷᠡᠭᠯᠡᠵᠦ ᠪᠣᠯᠬᠤ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠪᠠᠶᠢᠳᠠᠯ ᠪᠠ ᠬᠤᠷᠰᠢᠭᠰᠠᠨ ᠣᠷᠣᠨ ᠪᠦᠰᠡ ᠶᠢᠨ ᠳᠣᠲᠣᠷᠠᠬᠢ ᠲᠤᠰᠠᠯᠠᠮᠵᠢ ᠭᠤᠶᠤᠴᠢᠯᠠᠵᠤ ᠪᠣᠯᠬᠤ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠡ᠊ᠨᠳᠡᠯ ᠤᠨ ᠲᠦᠭᠰᠢᠭᠦᠷᠢ ᠶᠢ ᠢᠯᠭᠠᠨ ᠲᠠᠨᠢᠵᠤ ᠦᠨᠡᠯᠡᠨ ᠵᠢᠱᠢᠭᠰᠡᠨ ᠳ᠋ᠦᠩ ᠲᠠᠢ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠠᠪᠤᠴᠠ ᠶᠢ ᠪᠠᠭᠲᠠᠭᠠᠨ᠎ᠠ᠃            ᠠᠷᠪᠠᠨ ᠨᠢᠭᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠨᠳᠦᠰᠦᠯᠡᠬᠦ ᠬᠡᠷᠡᠭᠲᠡᠢ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠣᠬᠢᠬᠤ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠬᠡᠷᠡᠭᠲᠡᠢ᠃            ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠪᠣᠳᠠᠲᠠᠢ ᠪᠠᠶᠢᠳᠠᠯ ᠢ ᠦᠨᠳᠦᠰᠦᠯᠡᠨ᠂ ᠮᠡᠳᠡᠭᠡ ᠵᠠᠩᠭᠢ ᠶᠢ ᠮᠡᠳᠡᠭᠦᠯᠬᠦ᠂ ᠳᠠᠭᠠᠵᠤ ᠲᠠᠰ ᠬᠤᠪᠢᠶᠠᠬᠤ᠂ ᠵᠢᠯᠤᠭᠤᠳᠬᠤ ᠡᠷᠬᠡ ᠶᠢ ᠰᠢᠯᠵᠢᠭᠦᠯᠦᠨ ᠲᠤᠰᠢᠶᠠᠬᠤ᠂ ᠰᠡᠷᠡᠮᠵᠢᠯᠡᠨ ᠲᠠᠷᠬᠠᠭᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃            ᠠᠷᠪᠠᠨ ᠬᠤᠶᠠᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠲᠤᠰ ᠨᠢᠭᠡᠴᠢ ᠶᠢᠨ ᠢᠶᠠᠨ ᠵᠣᠬᠢᠶᠠᠨ ᠪᠠᠶᠢᠭᠤᠯᠵᠤ ᠬᠠᠮᠢᠶᠠᠷᠬᠤ ᠰᠢᠰᠲ᠋ᠧᠮ᠂ ᠦᠢᠯᠡᠳᠪᠦᠷᠢᠯᠡᠬᠦ ᠠᠵᠢᠯ ᠤᠨ ᠬᠡᠪᠴᠢᠶ᠎ᠡ ᠪᠠ ᠡᠭᠦᠰᠴᠦ ᠮᠡᠳᠡᠬᠦ ᠡ᠊ᠨᠳᠡᠯ ᠤᠨ ᠣᠨᠴᠠᠯᠢᠭ ᠲᠠᠢ ᠤᠶᠠᠯᠳᠤᠭᠤᠯᠤᠨ᠂ ᠬᠤᠯᠪᠣᠭᠳᠠᠯ ᠪᠦᠬᠦᠢ ᠪᠡᠯᠡᠳᠬᠡᠯ ᠲᠥᠰᠥᠯ ᠲᠠᠢ ᠵᠣᠯᠭᠠᠯᠳᠤᠭᠤᠯᠵᠤ᠂ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮ ᠢ ᠲᠣᠭᠲᠠᠭᠠᠵᠤ᠂ ᠵᠣᠬᠢᠴᠠᠩᠭᠤᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠠ ᠤᠷᠢᠳᠴᠢᠯᠠᠨ ᠰᠢᠢᠳᠪᠦᠷᠢᠯᠡᠬᠦ ᠵᠡᠷᠭᠡ ᠣᠨᠴᠠᠯᠢᠭ ᠢ ᠢᠯᠡᠷᠡᠭᠦᠯᠬᠦ ᠬᠡᠷᠡᠭᠲᠡᠢ᠃            ᠠᠷᠪᠠᠨ ᠭᠤᠷᠪᠠᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠳᠤ ᠠᠶᠤᠯ ᠲᠦᠭᠰᠢᠭᠦᠷᠢ ᠶᠢᠨ ᠲᠦᠷᠦᠯ ᠵᠦᠢᠯ ᠤᠯᠠᠨ᠂ ᠤᠯᠠᠨ ᠲᠦᠷᠦᠯ ᠤᠨ ᠡ᠊ᠨᠳᠡᠯ ᠭᠠᠷᠴᠤ ᠮᠡᠳᠡᠬᠦ ᠳᠤ ᠬᠦᠷᠪᠡᠯ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠬᠡᠷᠡᠭᠲᠡᠢ᠃            ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮ᠂ ᠡ᠊ᠨᠳᠡᠯ ᠤᠨ ᠲᠦᠭᠰᠢᠭᠦᠷᠢ ᠶᠢ ᠳᠦᠷᠰᠦᠯᠡᠨ ᠲᠣᠭᠠᠴᠢᠬᠤ᠂ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠶᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠳᠤ ᠴᠤᠤᠷᠢᠶᠠᠲᠤᠨ ᠲᠠᠭᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠵᠡᠷᠭᠡ ᠠᠭᠤᠯᠭ᠎ᠠ ᠶᠢ ᠲᠣᠭᠲᠠᠭᠠᠬᠤ ᠬᠡᠷᠡᠭᠲᠡᠢ᠃            ᠠᠷᠪᠠᠨ ᠳᠥᠷᠪᠡᠳᠦᠭᠡᠷ ᠵᠦᠢᠯ ᠶᠠᠮᠠᠷ ᠨᠢᠭᠡᠨ ᠵᠦᠢᠯ ᠤᠨ ᠪᠤᠶᠤ ᠤᠯᠠᠨ ᠲᠦᠷᠦᠯ ᠤᠨ ᠡ᠊ᠨᠳᠡᠯ ᠤᠨ ᠲᠦᠭᠰᠢᠭᠦᠷᠢ ᠶᠢᠨ ᠲᠤᠬᠠᠢ᠂ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠵᠣᠬᠢᠴᠠᠩᠭᠤᠢ ᠨᠠᠶᠢᠷᠠᠭᠤᠯᠤᠨ ᠵᠣᠬᠢᠶᠠᠵᠤ ᠪᠣᠯᠣᠨ᠎ᠠ᠂ ᠡᠰᠡᠬᠦᠯ᠎ᠡ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠲᠥᠰᠥᠯ ᠳᠤ ᠨᠡᠶᠢᠯᠡᠭᠦᠯᠦᠨ ᠣᠷᠣᠭᠤᠯᠵᠤ ᠪᠣᠯᠣᠨ᠎ᠠ᠃            ᠪᠠᠴᠢᠮ ᠪᠠᠶᠢᠳᠠᠯ ᠢ ᠠᠷᠭᠠᠴᠠᠬᠤ ᠲᠤᠰᠬᠠᠢ ᠪᠡᠯᠡᠳᠬᠡᠯ ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ᠂ ᠰᠢᠢᠳᠪᠦᠷᠢᠯᠡᠬᠦ ᠵᠢᠷᠤᠮ ᠪᠠ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠭᠲᠠᠭᠠᠭᠰᠠᠨ ᠪᠠᠶᠢᠬᠤ ᠬᠡᠷᠡᠭᠲᠡᠢ᠃            ᠠᠷᠪᠠᠨ ᠲᠠᠪᠤᠳᠤᠭᠠᠷ ᠵᠦᠢᠯ ᠠᠶᠤᠯ ᠲᠦᠭᠰᠢᠭᠦᠷᠢᠲᠦ ᠴᠢᠨᠠᠷ ᠢᠶᠠᠷ ᠨᠡᠯᠢᠶᠡᠳ ᠶᠡᠭᠡ ᠲᠠᠯᠠᠪᠤᠷ᠂ ᠲᠣᠨᠣᠭᠯᠠᠯ ᠪᠤᠶᠤ ᠲᠥᠬᠦᠭᠡᠷᠦᠮᠵᠢ ᠶᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃            ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠲᠥᠰᠥᠯ ᠳᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠰᠢᠶᠠᠯ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠩᠬᠠᠷᠬᠤ ᠵᠦᠢᠯᠡᠰ ᠵᠡᠷᠭᠡ ᠠᠭᠤᠯᠭ᠎ᠠ ᠶᠢ ᠲᠣᠭᠲᠠᠭᠠᠭᠰᠠᠨ ᠪᠠᠶᠢᠬᠤ ᠬᠡᠷᠡᠭᠲᠡᠢ᠃            ᠡ᠊ᠨᠳᠡᠯ ᠤᠨ ᠲᠦᠭᠰᠢᠭᠦᠷᠢ ᠨᠢ ᠳᠠᠩ ᠴᠤᠯᠭᠤᠢ᠂ ᠠᠶᠤᠯᠲᠤ ᠴᠢᠨᠠᠷ ᠢᠶᠠᠷ ᠪᠠᠭ᠎ᠠ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠵᠥᠪᠬᠡᠨ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠲᠥᠰᠥᠯ ᠢ ᠨᠠᠶᠢᠷᠠᠭᠤᠯᠤᠨ ᠵᠣᠬᠢᠶᠠᠵᠤ ᠪᠣᠯᠣᠨ᠎ᠠ᠃            ᠠᠷᠪᠠᠨ ᠵᠢᠷᠭᠤᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠳᠡᠭᠡᠳᠦ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠦᠭᠰᠡᠨ ᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠣᠯᠣᠨ ᠠᠵᠢᠯᠲᠠᠨ ᠤ ᠬᠠᠷᠢᠯᠴᠠᠬᠤ ᠠᠷᠭ᠎ᠠ ᠮᠠᠶ᠋ᠢᠭ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠲᠣᠳᠣᠷᠬᠠᠢ ᠬᠠᠭᠤᠳᠠᠰᠤ ᠵᠡᠷᠭᠡ ᠳᠠᠭᠠᠯᠳᠤᠭᠤᠯᠤᠯ ᠮᠡᠳᠡᠭᠡ ᠵᠠᠩᠭᠢ ᠶᠢ ᠪᠠᠭᠲᠠᠭᠠᠭᠰᠠᠨ ᠪᠠᠶᠢᠬᠤ ᠬᠡᠷᠡᠭᠲᠡᠢ᠃ ᠳᠠᠭᠠᠯᠳᠤᠭᠤᠯᠤᠯ ᠤᠨ ᠮᠡᠳᠡᠭᠡ ᠵᠠᠩᠭᠢ ᠳᠤ ᠬᠤᠪᠢᠷᠠᠯᠲᠠ ᠭᠠᠷᠬᠤ ᠦᠶ᠎ᠡ ᠳᠤ᠂ ᠴᠠᠭ ᠲᠤᠬᠠᠢ ᠳᠤᠨᠢ ᠰᠢᠨᠡᠳᠬᠡᠵᠦ᠂ ᠣᠨᠣᠪᠴᠢᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃            ᠠᠷᠪᠠᠨ ᠳᠣᠯᠣᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠬᠤ ᠶᠠᠪᠤᠴᠠ ᠳᠠᠭᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠪᠤᠶᠤ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠡᠩᠨᠡᠭᠡ᠂ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ ᠬᠤᠷᠢᠶᠠᠬᠤ ᠬᠡᠷᠡᠭᠲᠡᠢ᠃            ᠠᠷᠪᠠᠨ ᠨᠠᠢᠮᠠᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠨᠠᠶᠢᠷᠠᠭᠤᠯᠤᠨ ᠵᠣᠬᠢᠶᠠᠭᠰᠠᠨ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠤᠭᠤᠷᠣᠨᠳᠤ ᠪᠠᠨ ᠵᠣᠯᠭᠠᠭᠤᠯᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠬᠤ ᠪᠤᠰᠤᠳ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠲᠠᠢ ᠵᠣᠯᠭᠠᠭᠤᠯᠬᠤ ᠬᠡᠷᠡᠭᠲᠡᠢ᠃            ᠠᠷᠪᠠ ᠶᠢᠰᠦᠳᠦᠭᠡᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠭᠰᠠᠨ ᠰᠠᠭᠤᠷᠢᠨ ᠳᠡᠭᠡᠷ᠎ᠡ᠂ ᠠᠵᠢᠯᠯᠠᠬᠤ ᠲᠠᠯᠠᠪᠤᠷ᠂ ᠠᠵᠢᠯ ᠤᠨ ᠪᠠᠶᠢᠷᠢ ᠶᠢᠨ ᠣᠨᠴᠠᠯᠢᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠪᠴᠢ ᠠᠪᠰᠠᠷᠬᠠᠨ᠂ ᠬᠡᠷᠡᠭᠴᠡᠭᠡ ᠲᠠᠢ᠂ ᠪᠦᠲᠦᠮᠵᠢᠲᠡᠢ ᠺᠠᠷᠲ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃            ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠺᠠᠷᠲ ᠲᠤ ᠭᠤᠣᠯᠳᠠᠯᠭ᠎ᠠ ᠲᠠᠢ ᠠᠵᠢᠯ ᠤᠨ ᠪᠠᠶᠢᠷᠢ᠂ ᠠᠵᠢᠯᠲᠠᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ ᠪᠠ ᠠᠷᠭ᠎ᠠ ᠬᠡᠮᠵᠢᠶ᠎ᠡ ᠵᠢᠴᠢ ᠬᠠᠮᠢᠶ᠎ᠠ ᠪᠦᠬᠦᠢ ᠬᠠᠷᠢᠯᠴᠠᠬᠤ ᠠᠵᠢᠯᠲᠠᠨ ᠪᠠ ᠬᠠᠷᠢᠯᠴᠠᠬᠤ ᠠᠷᠭ᠎ᠠ ᠮᠠᠶ᠋ᠢᠭ ᠢ ᠲᠣᠭᠲᠠᠭᠠᠵᠤ᠂ ᠠᠵᠢᠯᠯᠠᠵᠤ ᠪᠠᠶᠢᠭ᠎ᠠ ᠬᠥᠮᠥᠰ ᠤᠨ ᠠᠪᠴᠤ ᠶᠠᠪᠤᠬᠤ ᠳᠤ ᠲᠥᠬᠦᠮ ᠦᠵᠡᠭᠦᠯᠬᠦ ᠬᠡᠷᠡᠭᠲᠡᠢ᠃            ᠭᠤᠷᠪᠠᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ᠂ ᠨᠡᠶᠢᠲᠡᠯᠡᠬᠦ ᠪᠠ ᠪᠦᠷᠢᠳᠬᠡᠭᠦᠯᠬᠦ            ᠬᠤᠷᠢᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠤᠰ ᠰᠠᠯᠠᠭ᠎ᠠ ᠮᠥᠴᠢᠷ ᠤᠨ ᠢᠶᠠᠨ ᠨᠠᠶᠢᠷᠠᠭᠤᠯᠤᠨ ᠵᠣᠬᠢᠶᠠᠭᠰᠠᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠬᠡᠷᠡᠭᠲᠡᠢ᠃ ᠴᠢᠬᠤᠯᠠᠲᠠᠢ ᠦᠶ᠎ᠡ ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠨᠡᠶᠢᠭᠡᠮ ᠤᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠰᠣᠨᠣᠰᠴᠤ ᠪᠣᠯᠣᠨ᠎ᠠ᠃            ᠬᠤᠷᠢᠨ ᠨᠢᠭᠡᠳᠦᠭᠡᠷ ᠵᠦᠢᠯ ᠡᠭᠤᠷᠬᠠᠶ᠂ ᠲᠡᠮᠦᠷᠯᠢᠭ ᠪᠣᠯᠪᠠᠰᠤᠷᠠᠭᠤᠯᠬᠤ ᠠᠵᠤ ᠠᠬᠤᠶᠢᠯᠠᠯ ᠪᠣᠯᠣᠨ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ ︵ᠬᠠᠳᠠᠭᠠᠯᠠᠬᠤ ᠲᠥᠬᠦᠭᠡᠷᠦᠮᠵᠢ ᠲᠠᠢ᠂ ᠳᠣᠷᠣᠭᠰᠢ ᠠᠳᠠᠯᠢ︶᠂ ᠬᠠᠳᠠᠭᠠᠯᠠᠬᠤ᠂ ᠲᠡᠭᠡᠭᠡᠪᠦᠷᠢᠯᠡᠬᠦ ᠠᠵᠤ ᠠᠬᠤᠶᠢᠯᠠᠯ᠃ ᠵᠢᠴᠢ ᠠᠶᠤᠯᠲᠠᠢ ᠬᠢᠮᠢ ᠶᠢᠨ ᠵᠦᠢᠯ ᠢ ᠬᠡᠷᠡᠭᠯᠡᠭᠡᠳ ᠤᠯᠤᠰ ᠠᠴᠠ ᠲᠣᠭᠲᠠᠭᠠᠭᠰᠠᠨ ᠲᠤᠭ᠎ᠠ ᠬᠡᠮᠵᠢᠶᠡᠨ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠸᠠᠷ ᠫᠤᠤᠵᠢᠩ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠪᠠ ᠳᠤᠮᠳᠠ ᠬᠡᠯᠪᠡᠷᠢ ᠶᠢᠨ ᠬᠡᠪᠴᠢᠶ᠎ᠡ ᠠᠴᠠ ᠳᠡᠭᠡᠭᠰᠢᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠦᠭᠦᠳ ᠲᠤᠰ ᠨᠢᠭᠡᠴᠢ ᠶᠢᠨ ᠢᠶᠠᠨ ᠨᠠᠶᠢᠷᠠᠭᠤᠯᠤᠨ ᠵᠣᠬᠢᠶᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠶᠢᠨ ᠬᠠᠮᠲᠤ ᠬᠢᠨᠠᠨ ᠲᠣᠭᠲᠠᠭᠠᠯᠲᠠ ᠶᠢᠨ ᠪᠢᠴᠢᠭ ᠤᠨ ᠲᠣᠪᠴᠢ ᠲᠡᠮᠳᠡᠭᠯᠡᠯ ᠪᠣᠯᠭᠠᠬᠤ ᠬᠡᠷᠡᠭᠲᠡᠢ᠃            ᠡᠮᠦᠨᠡᠬᠢ ᠪᠠᠳᠠᠭ ᠲᠤ ᠲᠣᠭᠲᠠᠭᠠᠭᠰᠠᠨ ᠠᠴᠠ ᠭᠠᠳᠠᠨᠠᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ᠲᠤᠰ ᠨᠢᠭᠡᠴᠢ ᠶᠢᠨ ᠢᠶᠠᠨ ᠨᠠᠶᠢᠷᠠᠭᠤᠯᠤᠨ ᠵᠣᠬᠢᠶᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠨᠤᠲᠠᠯᠠᠯᠲᠠ ᠬᠢᠵᠦ ᠪᠣᠯᠣᠨ᠎ᠠ᠃            ᠬᠤᠷᠢᠨ ᠬᠤᠶᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠳᠤ ᠣᠷᠣᠯᠴᠠᠬᠤ ᠬᠥᠮᠥᠰ ᠲᠤ ᠠᠶᠤᠯᠭᠦᠢ ᠦᠢᠯᠡᠳᠪᠦᠷᠢᠯᠡᠬᠦ ᠠᠵᠢᠯ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠠᠯ᠎ᠠ ᠶᠢᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠪᠠᠭᠲᠠᠭᠠᠬᠤ ᠬᠡᠷᠡᠭᠲᠡᠢ᠃            ᠬᠢᠨᠠᠨ ᠲᠣᠭᠲᠠᠭᠠᠬᠤ ᠠᠵᠢᠯᠲᠠᠨ ᠨᠢ ᠬᠢᠨᠠᠨ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ ᠂ ᠵᠠᠶᠢᠯᠠᠬᠤ ᠬᠡᠷᠡᠭᠲᠡᠢ᠃            ᠬᠤᠷᠢᠨ ᠭᠤᠷᠪᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠪᠤᠶᠤ ᠨᠤᠲᠠᠯᠠᠬᠤ ᠳᠤ ᠦᠨᠳᠦᠰᠦᠨ ᠡᠯᠧᠮᠧᠨ᠋ᠲ ᠤᠨ ᠪᠦᠷᠢᠨ ᠪᠦᠲᠦᠨ ᠴᠢᠨᠠᠷ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠵᠦᠢ ᠶᠣᠰᠣᠴᠢ ᠴᠢᠨᠠᠷ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠷᠤᠮ ᠪᠠ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠪᠣᠯᠣᠮᠵᠢᠲᠤ ᠴᠢᠨᠠᠷ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠠᠪᠴᠠᠯᠳᠤᠬᠤ ᠴᠢᠨᠠᠷ ᠵᠡᠷᠭᠡ ᠠᠭᠤᠯᠭ᠎ᠠ ᠶᠢ ᠴᠢᠬᠤᠯᠠᠴᠢᠯᠠᠬᠤ ᠬᠡᠷᠡᠭᠲᠡᠢ᠃            ᠬᠤᠷᠢᠨ ᠳᠥᠷᠪᠡᠳᠦᠭᠡᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠢᠨᠠᠨ ᠲᠣᠭᠲᠠᠭᠠᠬᠤ ᠪᠤᠶᠤ ᠨᠤᠲᠠᠯᠠᠭᠰᠠᠨ ᠤ ᠲᠠᠷᠠᠭ᠎ᠠ᠂ ᠲᠤᠰ ᠨᠢᠭᠡᠴᠢ ᠶᠢᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ᠂ ᠲᠤᠰ ᠨᠢᠭᠡᠴᠢ ᠶᠢᠨ ᠠᠵᠢᠯᠯᠠᠵᠤ ᠪᠠᠶᠢᠭ᠎ᠠ ᠬᠥᠮᠥᠰ ᠲᠤ ᠨᠡᠶᠢᠲᠡᠯᠡᠬᠦ ᠶᠢᠨ ᠬᠠᠮᠲᠤ ᠲᠤᠰ ᠨᠢᠭᠡᠴᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠤᠨ ᠪᠠᠶᠢᠷᠢ ᠪᠣᠯᠣᠨ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠳᠤ ᠴᠠᠭ ᠲᠤᠬᠠᠢ ᠳᠤᠨᠢ ᠲᠠᠷᠬᠠᠭᠠᠨ᠎ᠠ᠃            ᠡ᠊ᠨᠳᠡᠯ ᠤᠨ ᠠᠶᠤᠯ ᠲᠦᠭᠰᠢᠭᠦᠷᠢ ᠨᠢ ᠡᠷᠬᠢᠨ ᠲᠣᠭᠤᠷᠢᠨ ᠤ ᠪᠤᠰᠤᠳ ᠨᠢᠭᠡᠴᠢ᠂ ᠬᠥᠮᠥᠰ ᠢ ᠨᠥᠯᠥᠭᠡᠯᠡᠵᠦ ᠮᠡᠳᠡᠬᠦ ᠳᠤ ᠬᠦᠷᠪᠡᠯ᠂ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠡ᠊ᠨᠳᠡᠯ ᠤᠨ ᠠᠶᠤᠯ ᠲᠦᠭᠰᠢᠭᠦᠷᠢ ᠶᠢᠨ ᠰᠢᠨᠵᠢ ᠴᠢᠨᠠᠷ᠂ ᠨᠥᠯᠥᠭᠡᠯᠡᠬᠦ ᠬᠦᠷᠢᠶ᠎ᠡ ᠬᠡᠪᠴᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠡᠷᠬᠢᠨ ᠲᠣᠭᠤᠷᠢᠨ ᠤ ᠪᠤᠰᠤᠳ ᠨᠢᠭᠡᠴᠢ ᠪᠠ ᠬᠥᠮᠥᠰ ᠲᠤ ᠮᠡᠳᠡᠭᠳᠡᠬᠦ ᠬᠡᠷᠡᠭᠲᠡᠢ᠃            ᠬᠤᠷᠢᠨ ᠲᠠᠪᠤᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠪᠦᠷᠢᠳᠬᠡᠭᠦᠯᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠶᠢᠨ ᠬᠠᠮᠲᠤ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃            ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠢ᠃            ᠬᠤᠷᠢᠨ ᠵᠢᠷᠭᠤᠳᠤᠭᠠᠷ ᠵᠦᠢᠯ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ᠂ ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠡᠳ᠋ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠨᠢᠭᠡᠴᠢ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ᠂ ᠪᠠᠷᠢᠯᠭ᠎ᠠ ᠶᠢᠨ ᠠᠵᠢᠯ ᠤᠨ ᠨᠢᠭᠡᠴᠢ᠂ ᠵᠢᠴᠢ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠬᠦᠮᠦᠨ ᠨᠢᠭᠲᠠᠷᠠᠭᠰᠠᠨ ᠲᠠᠯᠠᠪᠤᠷ ᠤᠨ ᠡᠵᠡᠩᠨᠡᠯᠲᠡ ᠶᠢᠨ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠱᠠᠲᠤ ᠬᠤᠪᠢᠶᠠᠨ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠶᠣᠰᠣᠭᠠᠷ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠪᠤᠰᠤᠳ ᠰᠠᠯᠠᠭ᠎ᠠ ᠮᠥᠴᠢᠷ ᠲᠤ ᠪᠦᠷᠢᠳᠬᠡᠭᠦᠯᠬᠦ ᠬᠡᠷᠡᠭᠲᠡᠢ ᠪᠥᠭᠡᠳ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠢ᠃            ᠡᠮᠦᠨᠡᠬᠢ ᠪᠠᠳᠠᠭ ᠲᠤ ᠵᠢᠭᠰᠠᠭᠠᠭᠰᠠᠨ ᠨᠢᠭᠡᠴᠢ ᠨᠢ ᠲᠥᠪ ᠤᠨ ᠠᠵᠤ ᠠᠬᠤᠶᠢᠯᠠᠯ ᠳᠤ ᠬᠠᠷᠢᠶᠠᠯᠠᠭᠳᠠᠪᠠᠯ᠂ ᠲᠡᠭᠦᠨ ᠤ ᠶᠡᠷᠦᠩᠬᠡᠢ ᠬᠡᠯᠲᠡᠰ ︵ᠵᠠᠬ᠎ᠠ ᠳᠡᠯᠭᠡᠭᠦᠷ ᠲᠤ ᠭᠠᠷᠤᠭᠰᠠᠨ ᠭᠦᠩᠰᠧ︶ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠬᠢᠯᠡᠠ ᠬᠠᠮᠢᠶᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠭᠦᠯᠬᠦ ᠪᠥᠭᠡᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠤ ᠬᠠᠭᠤᠯᠤᠨ ᠬᠦᠷᠭᠡᠨ᠎ᠡ᠃ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠶᠢᠭ᠎ᠠ ᠭᠠᠵᠠᠷ ᠤᠨ ᠢᠶᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠷᠬᠢᠯᠡᠠ ᠬᠠᠮᠢᠶᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠭᠦᠯᠬᠦ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠨ᠎ᠡ᠃            ᠲᠤᠰ ᠵᠦᠢᠯ ᠤᠨ ᠨᠢᠭᠡᠳᠦᠭᠡᠷ ᠪᠠᠳᠠᠭ ᠲᠤ ᠵᠢᠭᠰᠠᠭᠠᠭᠰᠠᠨ ᠨᠢᠭᠡᠴᠢ ᠨᠢ ᠲᠥᠪ ᠤᠨ ᠠᠵᠤ ᠠᠬᠤᠶᠢᠯᠠᠯ ᠳᠤ ᠬᠠᠷᠢᠶᠠᠯᠠᠭᠳᠠᠬᠤ ᠦᠭᠡᠢ ᠪᠠᠶᠢᠪᠠᠯ᠂ ᠡᠭᠦᠨ ᠳᠤ ᠨᠡᠭᠦᠷᠡᠰᠦᠨ ᠠᠭᠤᠷᠬᠠᠢ ᠪᠤᠰᠤ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠠ ᠠᠶᠤᠯᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠠᠵᠤ ᠠᠬᠤᠶᠢᠯᠠᠯ ᠵᠢᠴᠢ ᠠᠶᠤᠯᠲᠠᠢ ᠬᠢᠮᠢ ᠶᠢᠨ ᠵᠦᠢᠯ ᠢ ᠬᠡᠷᠡᠭᠯᠡᠭᠡᠳ ᠤᠯᠤᠰ ᠠᠴᠠ ᠲᠣᠭᠲᠠᠭᠠᠭᠰᠠᠨ ᠲᠤᠭ᠎ᠠ ᠬᠡᠮᠵᠢᠶᠡᠨ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠸᠠᠷ ᠫᠤᠤᠵᠢᠩ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠲᠤᠰ ᠪᠠᠳᠠᠭ ᠲᠤ ᠳᠤᠷᠠᠳᠤᠭᠰᠠᠨ ᠨᠢᠭᠡᠴᠢ ᠠᠴᠠ ᠭᠠᠳᠠᠨᠠᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠤᠨ ᠳᠠᠩᠰᠠᠯᠠᠯᠲᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠠᠴᠠ ᠲᠣᠭᠲᠠᠭᠠᠨ᠎ᠠ᠃            ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢᠨ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠪᠦᠷᠢᠳᠬᠡᠭᠦᠯᠬᠦ ᠠᠴᠠ ᠭᠠᠳᠠᠨ᠎ᠠ ᠪᠠᠰᠠ ᠥᠩᠭᠡᠷᠡᠭᠰᠡᠨ ᠵᠠᠰᠠᠭ ᠵᠠᠬᠢᠷᠭᠠᠨ ᠤ ᠣᠷᠣᠨ ᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠢ᠃            ᠲᠡᠯᠡᠢ ᠳᠠᠬᠢ ᠴᠢᠯᠠᠭᠤᠨ ᠲᠣᠰᠣ ᠨᠡᠭᠡᠭᠡᠨ ᠮᠠᠯᠲᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠪᠦᠷᠢᠳᠬᠡᠭᠦᠯᠬᠦ ᠠᠴᠠ ᠭᠠᠳᠠᠨ᠎ᠠ ᠪᠠᠰᠠ ᠥᠩᠭᠡᠷᠡᠵᠦ ᠪᠠᠶᠢᠭ᠎ᠠ ᠵᠠᠰᠠᠭ ᠵᠠᠬᠢᠷᠭᠠᠨ ᠤ ᠣᠷᠣᠨ ᠤ ᠪᠠᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠲᠡᠯᠡᠢ ᠳᠠᠬᠢ ᠴᠢᠯᠠᠭᠤᠨ ᠲᠤᠰᠦᠠ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠭᠤᠯᠤᠨ ᠬᠦᠷᠭᠡᠬᠦ ᠬᠡᠷᠡᠭᠲᠡᠢ᠃            ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠰ ᠵᠦᠢᠯ ᠤᠨ ᠨᠢᠭᠡᠳᠦᠭᠡᠷ ᠪᠠᠳᠠᠭ᠂ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠪᠦᠷᠢᠳᠬᠡᠭᠦᠯᠬᠦ ᠠᠴᠠ ᠭᠠᠳᠠᠨ᠎ᠠ ᠪᠠᠰᠠ ᠪᠠᠶᠢᠭ᠎ᠠ ᠭᠠᠵᠠᠷ ᠤᠨ ᠢᠶᠠᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠬᠠᠭᠤᠯᠤᠨ ᠬᠦᠷᠭᠡᠬᠦ ᠬᠡᠷᠡᠭᠲᠡᠢ᠃            ᠬᠤᠷᠢᠨ ᠳᠣᠯᠣᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠳᠬᠡᠭᠦᠯᠬᠦ ᠪᠠᠷ ᠮᠡᠳᠡᠭᠦᠯᠬᠦ ᠳᠡᠭᠡᠨ ᠳᠠᠷᠠᠭᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄             ︵ᠨᠢᠭᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠩᠰᠠᠯᠠᠭᠤᠯᠤᠨ ᠮᠡᠳᠡᠭᠦᠯᠬᠦ ᠬᠦᠰᠦᠨᠦᠭᠲᠦ             ︵ᠬᠤᠶᠠᠷ︶ ᠲᠣᠰ ᠠᠷᠭ᠎ᠠ ᠶᠢᠨ ᠬᠤᠷᠢᠨ ᠨᠢᠭᠡᠳᠦᠭᠡᠷ ᠵᠦᠢᠯ ᠳᠤ ᠵᠢᠭᠰᠠᠭᠠᠭᠰᠠᠨ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠢᠨᠠᠨ ᠲᠣᠭᠲᠠᠭᠠᠭᠰᠠᠨ ᠰᠠᠨᠠᠯ ᠢ ᠬᠠᠩᠭᠠᠬᠤ ᠬᠡᠷᠡᠭᠲᠡᠢ᠃             ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠡᠯᠧᠺᠲᠷᠣᠨ ᠪᠢᠴᠢᠭᠯᠡᠯ             ︵ᠳᠥᠷᠪᠡ︶ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠪᠠ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠪᠠᠶᠢᠴᠠᠭᠠᠯᠲᠠ ᠶᠢᠨ ᠨᠠᠷᠢᠨ ᠬᠠᠭᠤᠳᠠᠰᠤ᠃            ᠬᠤᠷᠢᠨ ᠨᠠᠢᠮᠠᠳᠤᠭᠠᠷ ᠵᠦᠢᠯ ᠳ᠋ᠠᠩᠰᠠᠯᠠᠨ ᠲᠡᠮᠳᠡᠭᠯᠡᠬᠦ ᠶᠢ ᠬᠦᠯᠢᠶᠡᠨ ᠠᠪᠴᠤ ᠰᠢᠢᠳᠪᠦᠷᠢᠯᠡᠬᠦ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ 5 ᠠᠵᠢᠯ ᠤᠨ ᠡᠳᠦᠷ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠮᠠᠲ᠋ᠧᠷᠢᠶᠠᠯ ᠢ ᠬᠠᠷᠭᠤᠭᠤᠯᠤᠨ ᠦᠵᠡᠬᠦ ᠬᠡᠷᠡᠭᠲᠡᠢ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠳᠠᠩᠰᠠᠯᠠᠨ ᠲᠡᠮᠳᠡᠭᠯᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠳᠠᠩᠰᠠᠯᠠᠨ ᠲᠡᠮᠳᠡᠭᠯᠡᠬᠦ ᠬᠦᠰᠦᠨᠦᠭᠲᠦ ᠶᠢ ᠭᠠᠷᠭᠠᠵᠤ ᠥᠭᠬᠦ ᠬᠡᠷᠡᠭᠲᠡᠢ᠃ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠪᠦᠷᠢᠳᠬᠡᠨ ᠳᠠᠩᠰᠠᠯᠠᠬᠤ ᠦᠭᠡᠢ ᠪᠥᠭᠡᠳ ᠨᠥᠬᠦᠪᠦᠷᠢᠯᠡᠬᠦ ᠴᠢᠬᠤᠯᠠᠲᠠᠢ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠬᠤᠭᠤᠴᠠᠭ᠎ᠠ ᠬᠡᠲᠦᠷᠡᠲᠡᠯ᠎ᠡ ᠳᠠᠩᠰᠠᠯᠠᠭᠤᠯᠤᠭᠰᠠᠨ ᠦᠭᠡᠢ ᠮᠥᠷᠲᠡᠭᠡᠨ ᠤᠴᠢᠷ ᠰᠢᠯᠲᠠᠭᠠᠨ ᠢᠶᠠᠨ ᠲᠣᠳᠣᠷᠬᠠᠶᠢᠯᠠᠭᠰᠠᠨ ᠦᠭᠡᠢ ᠪᠠᠶᠢᠪᠠᠯ᠂ ᠨᠢᠭᠡᠨᠲᠡ ᠳᠠᠩᠰᠠᠯᠠᠭᠰᠠᠨ ᠢᠶᠠᠷ ᠦᠵᠡᠨ᠎ᠡ᠃            ᠠᠶᠤᠯᠭᠦᠢ ᠦᠢᠯᠡᠳᠪᠦᠷᠢᠯᠡᠬᠦ ᠠᠵᠢᠯ ᠤᠨ ᠵᠥᠪᠰᠢᠶᠡᠷᠡᠯ ᠢ ᠬᠡᠷᠡᠭᠵᠢᠭᠦᠯᠵᠦ ᠪᠠᠶᠢᠭ᠎ᠠ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠢᠶᠠᠨ ᠨᠢᠭᠡᠨᠲᠡ ᠳᠠᠩᠰᠠᠯᠠᠭᠤᠯᠤᠭᠰᠠᠨ ᠪᠠᠶᠢᠪᠠᠯ᠂ ᠠᠶᠤᠯᠭᠦᠢ ᠦᠢᠯᠡᠳᠪᠦᠷᠢᠯᠡᠬᠦ ᠠᠵᠢᠯ ᠤᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠳᠠᠭᠠᠨ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠢ ᠤᠷᠢᠳᠴᠢᠯᠠᠭᠰᠠᠨ ᠲᠥᠰᠥᠯ ᠢ ᠬᠠᠩᠭᠠᠬᠤ ᠦᠭᠡᠢ᠂ ᠵᠥᠪᠬᠡᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠢ ᠳᠠᠩᠰᠠᠯᠠᠨ ᠲᠡᠮᠳᠡᠭᠯᠡᠬᠦ ᠬᠦᠰᠦᠨᠦᠭᠲᠦ ᠶᠢ ᠬᠠᠩᠭᠠᠵᠤ ᠪᠣᠯᠣᠨ᠎ᠠ᠃            ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠩᠰᠠᠯᠠᠨ ᠲᠡᠮᠳᠡᠭᠯᠡᠵᠦ ᠳᠠᠩᠰᠠ ᠡᠪᠬᠡᠮᠡᠯ ᠪᠠᠶᠢᠭᠤᠯᠬᠤ ᠳᠦᠷᠢᠮ ᠢ ᠪᠠᠶᠢᠭᠤᠯᠵᠤ᠂ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢ ᠵᠢᠯᠣᠭᠤᠳᠤᠨ ᠰᠢᠪᠠᠳᠠᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠩᠰᠠᠯᠠᠨ ᠲᠡᠮᠳᠡᠭᠯᠡᠬᠦ ᠠᠵᠢᠯ ᠢ ᠰᠠᠶᠢᠲᠤᠷ ᠬᠢᠯᠭᠡᠬᠦ ᠬᠡᠷᠡᠭᠲᠡᠢ᠃            ᠳᠥᠷᠪᠡᠳᠦᠭᠡᠷ ᠪᠦᠯᠦᠭ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠡᠷᠡᠭᠵᠢᠭᠦᠯᠬᠦ            ᠭᠤᠴᠢᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠯ᠎ᠡ ᠲᠦᠷᠦᠯ ᠤᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠤᠬᠠᠭᠤᠯᠭ᠎ᠠ ᠬᠥᠮᠦᠵᠢᠯ ᠢ ᠤᠯᠠᠨ ᠵᠦᠢᠯ ᠤᠨ ᠬᠡᠯᠪᠡᠷᠢ ᠪᠠᠷ ᠥᠷᠨᠢᠭᠦᠯᠵᠦ᠂ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠮᠡᠳᠡᠯᠭᠡ ᠶᠢ ᠲᠦᠭᠡᠮᠡᠯᠵᠢᠭᠦᠯᠵᠦ᠂ ᠠᠵᠢᠯᠯᠠᠵᠤ ᠪᠠᠶᠢᠭ᠎ᠠ ᠬᠥᠮᠥᠰ ᠪᠣᠯᠣᠨ ᠨᠡᠶᠢᠭᠡᠮ ᠨᠡᠶᠢᠲᠡ ᠶᠢᠨ ᠠᠶᠤᠯᠭᠦᠢ ᠶᠢᠨ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃            ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠤᠷᠭᠠᠯᠲᠠ ᠶᠢ ᠠᠶᠤᠯᠭᠦᠢ ᠦᠢᠯᠡᠳᠪᠦᠷᠢᠯᠡᠬᠦ ᠠᠵᠢᠯ ᠤᠨ ᠰᠤᠷᠭᠠᠯᠲᠠ ᠶᠢᠨ ᠠᠵᠢᠯ ᠤᠨ ᠲᠥᠯᠥᠪᠯᠡᠭᠡ ᠳᠡᠭᠡᠨ ᠣᠷᠣᠭᠤᠯᠬᠤ ᠶᠢᠨ ᠬᠠᠮᠲᠤ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠤᠣᠯᠳᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠤᠷᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃            ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ᠂ ᠪᠠᠴᠢᠮ ᠪᠠᠶᠢᠳᠠᠯ ᠢ ᠠᠷᠭᠠᠴᠠᠬᠤ ᠮᠡᠳᠡᠯᠭᠡ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠪᠠ ᠠᠶᠤᠯ ᠠᠴᠠ ᠵᠠᠶᠢᠯᠠᠵᠤ ᠠᠮᠢ ᠵᠢᠭᠤᠲᠠᠬᠤ ᠤᠷ᠎ᠠ ᠴᠢᠳᠠᠪᠤᠷᠢ ᠶᠢᠨ ᠰᠤᠷᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠬᠥᠮᠥᠰ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠠᠭᠤᠯᠭ᠎ᠠ ᠶᠢ ᠣᠶᠢᠯᠠᠭᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠤᠰᠢᠶᠠᠯ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠷᠤᠮ ᠪᠠ ᠠᠷᠭ᠎ᠠ ᠬᠡᠮᠵᠢᠶ᠎ᠡ ᠶᠢ ᠣᠶᠢᠯᠠᠭᠠᠭᠤᠯᠬᠤ ᠬᠡᠷᠡᠭᠲᠡᠢ᠃            ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠤᠨ ᠴᠠᠭ᠂ ᠭᠠᠵᠠᠷ᠂ ᠠᠭᠤᠯᠭ᠎ᠠ᠂ ᠪᠠᠭᠰᠢ᠂ ᠣᠷᠣᠯᠴᠠᠭᠰᠠᠨ ᠬᠥᠮᠥᠰ ᠪᠠ ᠬᠢᠨᠠᠨ ᠰᠢᠯᠭᠠᠭᠰᠠᠨ ᠦᠷ᠎ᠡ ᠳ᠋ᠦᠩ ᠵᠡᠷᠭᠡ ᠪᠠᠶᠢᠳᠠᠯ ᠢ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠥᠮᠦᠵᠢᠯ ᠪᠣᠯᠪᠠᠰᠤᠷᠠᠯ ᠤᠨ ᠲᠠᠩᠰᠠ ᠡᠪᠬᠡᠮᠡᠯ ᠳᠤ ᠦᠨᠡᠨ ᠮᠥᠨ ᠢᠶᠠᠷ ᠨᠢ ᠲᠡᠮᠳᠡᠭᠯᠡᠨ ᠣᠷᠣᠭᠤᠯᠬᠤ ᠬᠡᠷᠡᠭᠲᠡᠢ᠃            ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠠᠳᠠᠭ ᠲᠠᠭᠠᠨ ᠬᠤᠶᠠᠷ ᠵᠢᠯ ᠪᠦᠷᠢ ᠳᠤ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠲᠤᠰ ᠰᠠᠯᠠᠭ᠎ᠠ ᠮᠥᠴᠢᠷ᠂ ᠲᠤᠰ ᠭᠠᠵᠠᠷ ᠣᠷᠣᠨ ᠤ ᠪᠠᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ            ᠭᠤᠴᠢᠨ ᠭᠤᠷᠪᠠᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠲᠤᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢᠨ ᠲᠥᠯᠥᠪᠯᠡᠭᠡ ᠶᠢ ᠲᠣᠭᠲᠠᠭᠠᠵᠤ᠂ ᠲᠤᠰ ᠨᠢᠭᠡᠴᠢ ᠶᠢᠨ ᠢᠶᠠᠨ ᠡ᠊ᠨᠳᠡᠯ ᠤᠨ ᠲᠦᠭᠰᠢᠭᠦᠷᠢ ᠶᠢᠨ ᠣᠨᠴᠠᠯᠢᠭ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠪᠡᠯᠡᠳᠬᠡᠯ ᠲᠥᠰᠥᠯ ᠤᠨ ᠰᠣᠷᠢᠯᠲᠠ ᠪᠤᠶᠤ ᠪᠠᠴᠢᠮ ᠪᠠᠶᠢᠳᠠᠯ ᠢ ᠠᠷᠭᠠᠴᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠤᠨ ᠰᠣᠷᠢᠯᠲᠠ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠲᠥᠰᠥᠯ ᠤᠨ ᠰᠣᠷᠢᠯᠲᠠ ᠶᠢ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠢ᠃            ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠪᠣᠳᠠᠰ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠨᠢᠭᠡᠴᠢ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠬᠤᠲᠠ ᠶᠢᠨ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ᠂ ᠪᠠᠷᠢᠯᠭ᠎ᠠ ᠶᠢᠨ ᠠᠵᠢᠯ ᠤᠨ ᠨᠢᠭᠡᠴᠢ᠂ ᠵᠢᠴᠢ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠬᠦᠮᠦᠨ ᠨᠢᠭᠲᠠᠷᠠᠭᠰᠠᠨ ᠲᠠᠯᠠᠪᠤᠷ ᠭᠠᠵᠠᠷ ᠤᠨ ᠡᠵᠡᠩᠨᠡᠯᠲᠡ ᠶᠢᠨ ᠨᠢᠭᠡᠴᠢ ᠨᠦᠭᠦᠳ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠨᠠᠭᠠᠲᠤ ᠵᠠᠬ᠎ᠠ ᠳᠠᠭᠠᠨ ᠬᠠᠭᠠᠰ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠢ ᠪᠥᠭᠡᠳ ᠰᠣᠷᠢᠯᠲᠠ ᠶᠢᠨ ᠪᠠᠶᠢᠳᠠᠯ ᠢᠶᠠᠨ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃            ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠮᠦᠨᠡᠬᠢ ᠪᠠᠳᠠᠭ ᠲᠤ ᠲᠣᠭᠲᠠᠭᠠᠭᠰᠠᠨ ᠭᠤᠣᠯᠳᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠤᠨ ᠰᠣᠷᠢᠯᠲᠠ ᠶᠢ ᠰᠣᠩᠭᠤᠨ ᠪᠠᠶᠢᠴᠠᠭᠠᠬᠤ ᠬᠡᠷᠡᠭᠲᠡᠢ᠃ ᠰᠣᠷᠢᠯᠲᠠ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠢ᠃            ᠭᠤᠴᠢᠨ ᠳᠥᠷᠪᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠳᠠᠭᠤᠰᠤᠭᠰᠠᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠬᠤ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠢᠴᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠰᠠᠨᠠᠯ ᠳᠤᠷᠠᠳᠬᠤ ᠬᠡᠷᠡᠭᠲᠡᠢ᠃            ᠭᠤᠴᠢᠨ ᠲᠠᠪᠤᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠪᠡᠯᠡᠳᠬᠡᠯ ᠲᠥᠰᠥᠯ ᠤᠨ ᠠᠭᠤᠯᠭ᠎ᠠ ᠶᠢᠨ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠲᠤ ᠵᠠᠳᠠᠯᠤᠯᠲᠠ ᠬᠢᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠴᠢᠬᠤᠯᠠᠲᠠᠢ ᠡᠰᠡᠬᠦ ᠳᠤ ᠳ᠋ᠦᠩᠨᠡᠯᠲᠡ ᠭᠠᠷᠭᠠᠬᠤ ᠬᠡᠷᠡᠭᠲᠡᠢ᠃            ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠠᠵᠢᠯ ᠬᠢᠬᠦ ᠠᠵᠤ ᠠᠬᠤᠶᠢᠯᠠᠯ ᠪᠣᠯᠣᠨ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠠᠵᠤ ᠠᠬᠤᠶᠢᠯᠠᠯ᠂ ᠠᠶᠤᠯᠲᠠᠢ ᠬᠢᠮᠢ ᠶᠢᠨ ᠵᠦᠢᠯ ᠢ ᠬᠡᠷᠡᠭᠯᠡᠬᠦ ᠨᠢ ᠤᠯᠤᠰ ᠠᠴᠠ ᠲᠣᠭᠲᠠᠭᠠᠭᠰᠠᠨ ᠲᠤᠭ᠎ᠠ ᠬᠡᠮᠵᠢᠶ᠎ᠡ ᠳᠤ ᠬᠦᠷᠦᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠤᠸᠠᠷ ᠫᠤᠤᠵᠢᠩ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠳᠤᠮᠳᠠ ᠬᠡᠯᠪᠡᠷᠢ ᠶᠢᠨ ᠬᠡᠪᠴᠢᠶ᠎ᠡ ᠠᠴᠠ ᠳᠡᠭᠡᠭᠰᠢᠬᠢ ᠪᠤᠰᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠦᠨᠡᠯᠡᠨ ᠵᠢᠱᠢᠯᠲᠡ ᠶᠢ ᠭᠤᠷᠪᠠᠨ ᠵᠢᠯ ᠳᠤ ᠨᠢᠭᠡ ᠤᠳᠠᠭ᠎ᠠ ᠬᠢᠬᠦ ᠬᠡᠷᠡᠭᠲᠡᠢ᠃            ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠨᠡᠯᠡᠨ ᠵᠢᠱᠢᠬᠦ ᠳᠤ ᠬᠤᠯᠪᠣᠭᠳᠠᠯ ᠪᠦᠬᠦᠢ ᠲᠤᠰᠬᠠᠢ ᠠᠵᠢᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠠᠵᠢᠯ ᠤᠨ ᠪᠣᠳᠠᠲᠠᠢ ᠲᠤᠷᠰᠢᠯᠭ᠎ᠠ ᠲᠠᠢ ᠬᠥᠮᠥᠰ ᠢ ᠤᠷᠢᠨ ᠣᠷᠣᠯᠴᠠᠭᠤᠯᠵᠤ ᠪᠣᠯᠣᠨ᠎ᠠ᠂ ᠴᠢᠬᠤᠯᠠᠲᠠᠢ ᠦᠶ᠎ᠡ ᠳᠤ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠨ ᠬᠡᠷᠡᠭᠵᠢᠭᠦᠯᠦᠭᠦᠯᠵᠦ ᠪᠣᠯᠣᠨ᠎ᠠ᠃            ᠭᠤᠴᠢᠨ ᠵᠢᠷᠭᠤᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠄             ︵ᠨᠢᠭᠡ︶ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠠᠷᠢᠮᠵᠢᠶ᠎ᠠ ᠵᠢᠴᠢ ᠳᠡᠭᠡᠳᠦ ᠪᠠᠶᠢᠷᠢ ᠶᠢᠨ ᠪᠡᠯᠡᠳᠬᠡᠯ ᠲᠥᠰᠥᠯ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃             ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠭᠰᠡᠨ᠃             ︵ᠭᠤᠷᠪᠠ︶ ᠠᠶᠤᠯᠭᠦᠢ ᠦᠢᠯᠡᠳᠪᠦᠷᠢᠯᠡᠬᠦ ᠠᠵᠢᠯ ᠳᠤ ᠲᠤᠯᠭᠠᠷᠠᠬᠤ ᠠᠶᠤᠯ ᠲᠦᠭᠰᠢᠭᠦᠷᠢ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃             ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠬᠢ ᠪᠠᠶᠠᠯᠢᠭ ᠲᠤ ᠴᠢᠬᠤᠯᠠ ᠶᠡᠭᠡ ᠬᠤᠪᠢᠷᠠᠯᠲᠠ ᠭᠠᠷᠤᠭᠰᠠᠨ᠃             ︵ᠲᠠᠪᠤ︶ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠳᠤᠮᠳᠠ ᠤᠷᠢᠳᠴᠢᠯᠠᠭᠰᠠᠨ ᠲᠥᠰᠥᠯ ᠳᠤ ᠵᠠᠰᠠᠪᠤᠷᠢ ᠣᠷᠣᠭᠤᠯᠬᠤ ᠴᠢᠬᠤᠯᠠᠲᠠᠢ ᠴᠢᠬᠤᠯᠠ ᠶᠡᠭᠡ ᠠᠰᠠᠭᠤᠳᠠᠯ ᠢ ᠣᠯᠵᠤ ᠮᠡᠳᠡᠭᠰᠡᠨ᠃             ︵ᠵᠢᠷᠭᠤᠭ᠎ᠠ︶ ᠣᠷᠣᠨ ᠲᠣᠭᠠᠨ ᠤ ᠨᠢᠭᠡᠴᠢ ᠠᠴᠠ ᠵᠠᠰᠠᠪᠤᠷᠢ ᠣᠷᠣᠭᠤᠯᠬᠤ ᠴᠢᠬᠤᠯᠠ ᠲᠠᠢ ᠭᠡᠵᠦ ᠦᠵᠡᠭᠰᠡᠨ ᠪᠤᠰᠤᠳ ᠪᠠᠶᠢᠳᠠᠯ᠃            ᠭᠤᠴᠢᠨ ᠳᠣᠯᠣᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠳᠤ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ ᠬᠢᠭᠡᠳ ᠡᠭᠦᠷᠭᠡ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠠᠰ ᠳᠠᠷᠠᠭᠠᠯᠠᠯ᠂ ᠭᠤᠣᠯ ᠰᠢᠢᠳᠪᠦᠷᠢᠯᠡᠬᠦ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠲᠠᠰ ᠬᠤᠪᠢᠶᠠᠬᠤ ᠵᠡᠷᠭᠡ ᠠᠭᠤᠯᠭ᠎ᠠ ᠶᠢ ᠬᠤᠪᠢᠷᠠᠭᠤᠯᠬᠤ ᠳᠤ ᠬᠤᠯᠪᠣᠭᠳᠠᠭᠰᠠᠨ ᠪᠠᠶᠢᠪᠠᠯ᠂ ᠵᠠᠰᠠᠪᠤᠷᠢ ᠣᠷᠣᠭᠤᠯᠬᠤ ᠠᠵᠢᠯ ᠢ ᠲᠣᠰ ᠠᠷᠭ᠎ᠠ ᠳᠤ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠨ ᠶᠠᠪᠤᠭᠳᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠮᠡᠳᠡᠭᠦᠯᠦᠨ ᠪᠦᠷᠢᠳᠬᠡᠭᠦᠯᠬᠦ ᠲᠠᠰ ᠳᠠᠷᠠᠭᠠᠯᠠᠯ ᠶᠣᠰᠣᠭᠠᠷ ᠳᠠᠭᠢᠵᠤ ᠪᠦᠷᠢᠳᠬᠡᠭᠦᠯᠬᠦ ᠬᠡᠷᠡᠭᠲᠡᠢ᠃            ᠭᠤᠴᠢᠨ ᠨᠠᠢᠮᠠᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠲᠣᠭᠲᠠᠭᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠵᠢᠴᠢ ᠲᠤᠨᠤᠭ ᠲᠥᠬᠦᠭᠡᠷᠦᠮᠵᠢ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠲᠤᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠬᠡᠷᠡᠭᠯᠡᠯᠲᠡ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠲᠤᠨᠤᠭ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠡᠮᠵᠢᠬᠦ ᠪᠠ ᠬᠠᠮᠠᠭᠠᠯᠠᠵᠤ᠂ ᠲᠡᠭᠦᠨ ᠢ ᠬᠡᠷᠡᠭᠯᠡᠬᠦ ᠪᠠᠶᠢᠳᠠᠯ ᠳᠤ ᠪᠠᠶᠢᠯᠭᠠᠬᠤ ᠬᠡᠷᠡᠭᠲᠡᠢ᠃            ᠭᠤᠴᠢ ᠶᠢᠰᠦᠳᠦᠭᠡᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠡ᠊ᠨᠳᠡᠯ ᠭᠠᠷᠤᠭᠰᠠᠨ ᠦᠶ᠎ᠡ ᠳᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠲᠡᠷᠡ ᠳᠠᠷᠤᠢ ᠳᠤᠨᠢ ᠡᠬᠢᠯᠡᠭᠦᠯᠵᠦ᠂ ᠬᠤᠯᠪᠣᠭᠳᠠᠯ ᠪᠦᠬᠦᠢ ᠬᠦᠴᠦᠨ ᠢ ᠵᠣᠬᠢᠶᠠᠨ ᠪᠠᠶᠢᠭᠤᠯᠤᠨ ᠠᠪᠤᠷᠠᠨ ᠲᠤᠰᠠᠯᠠᠬᠤ ᠬᠡᠷᠡᠭᠲᠡᠢ ᠪᠥᠭᠡᠳ ᠲᠣᠭᠲᠠᠭᠠᠯ ᠶᠣᠰᠣᠭᠠᠷ ᠡ᠊ᠨᠳᠡᠯ ᠤᠨ ᠮᠡᠳᠡᠭᠡ ᠵᠠᠩᠭᠢ ᠵᠢᠴᠢ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠦᠭᠰᠡᠨ ᠪᠠᠶᠢᠳᠠᠯ ᠢ ᠡ᠊ᠨᠳᠡᠯ ᠭᠠᠷᠤᠭᠰᠠᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃            ᠳᠥᠴᠢᠳᠦᠭᠡᠷ ᠵᠦᠢᠯ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠠᠵᠢᠯ ᠳᠠᠭᠤᠰᠤᠭᠰᠠᠨ ᠤ ᠲᠠᠷᠠᠭ᠎ᠠ᠂ ᠡ᠊ᠨᠳᠡᠯ ᠭᠠᠷᠤᠭᠰᠠᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠳᠤ ᠳ᠋ᠦᠩᠨᠡᠯᠲᠡ ᠬᠢᠵᠦ ᠦᠨᠡᠯᠡᠨ ᠵᠢᠱᠢᠯᠲᠡ ᠬᠢᠬᠦ ᠬᠡᠷᠡᠭᠲᠡᠢ᠃            ᠲᠠᠪᠤᠳᠤᠭᠠᠷ ᠪᠦᠯᠦᠭ ᠬᠢᠨᠠᠵᠤ ᠬᠠᠮᠢᠶᠠᠷᠬᠤ            ᠳᠥᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠨᠤᠭᠤᠳ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠠᠵᠢᠯ ᠢ ᠣᠨ ᠤ ᠬᠢᠨᠠᠯᠲᠠ ᠲᠠᠯᠪᠢᠵᠤ ᠪᠠᠶᠢᠴᠠᠭᠠᠬᠤ ᠲᠥᠯᠥᠪᠯᠡᠭᠡ ᠳᠡᠭᠡᠨ ᠣᠷᠣᠭᠤᠯᠵᠤ᠂ ᠪᠠᠶᠢᠴᠠᠭᠠᠬᠤ ᠭᠤᠣᠯᠳᠠᠯᠭ᠎ᠠ ᠲᠠᠢ ᠠᠭᠤᠯᠭ᠎ᠠ ᠪᠠ ᠪᠠᠷᠢᠮᠵᠢᠶ᠎ᠠ ᠶᠢ ᠲᠣᠳᠣᠷᠬᠠᠶᠢᠯᠠᠬᠤ ᠶᠢᠨ ᠬᠠᠮᠲᠤ ᠲᠥᠯᠥᠪᠯᠡᠭᠡ ᠶᠢ ᠴᠢᠩᠭ᠎ᠠ ᠵᠢᠷᠤᠮᠯᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃            ᠳᠥᠴᠢᠨ ᠬᠤᠶᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠵᠢᠯ ᠪᠦᠷᠢ ᠳ᠋ᠦᠩᠨᠡᠬᠦ ᠶᠢᠨ ᠬᠠᠮᠲᠤ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ            ᠳᠥᠴᠢᠨ ᠭᠤᠷᠪᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠠᠵᠢᠯᠲᠠᠨ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠠᠴᠠ ᠰᠠᠶᠢᠰᠢᠶᠠᠨ ᠬᠥᠬᠢᠭᠦᠯᠵᠦ ᠪᠣᠯᠣᠨ᠎ᠠ᠃            ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ            ᠳᠥᠴᠢᠨ ᠳᠥᠷᠪᠡᠳᠦᠭᠡᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠳᠤ ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠶᠡᠷᠡᠨ ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠥᠭᠡᠳ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠦᠢᠯᠡᠳᠪᠦᠷᠢᠯᠡᠬᠦ ᠠᠵᠢᠯ ᠢ ᠨᠢ ᠵᠣᠭᠰᠣᠭᠠᠨ ᠴᠡᠭᠴᠡᠯᠡᠭᠦᠯᠵᠦ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄             ︵ᠨᠢᠭᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠦᠭᠡᠢ᠃             ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠭᠰᠠᠨ ᠦᠭᠡᠢ᠃            ᠳᠥᠴᠢᠨ ᠲᠠᠪᠤᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠳᠤ ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ ᠪᠣᠯᠣᠨ᠎ᠠ᠄             ︵ᠨᠢᠭᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠠᠴᠠ ᠡᠮᠦᠨ᠎ᠡ ᠲᠣᠭᠲᠠᠭᠠᠯ ᠶᠣᠰᠣᠭᠠᠷ ᠲᠦᠭᠰᠢᠭᠦᠷᠢ ᠶᠢ ᠢᠯᠭᠠᠨ ᠲᠠᠨᠢᠬᠤ᠂ ᠦᠨᠡᠯᠡᠨ ᠵᠢᠱᠢᠬᠦ ᠪᠠ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠤᠨ ᠪᠠᠶᠢᠴᠠᠭᠠᠯᠲᠠ ᠬᠢᠭᠰᠡᠨ ᠦᠭᠡᠢ᠃             ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠢᠨᠠᠨ ᠲᠣᠭᠲᠠᠭᠠᠯᠲᠠ ᠶᠢ ᠲᠣᠭᠲᠠᠭᠠᠯ ᠶᠣᠰᠣᠭᠠᠷ ᠦᠯᠦ ᠥᠷᠨᠢᠭᠦᠯᠦᠭᠰᠡᠨ᠃             ︵ᠭᠤᠷᠪᠠ︶ ᠡ᠊ᠨᠳᠡᠯ ᠤᠨ ᠠᠶᠤᠯ ᠲᠦᠭᠰᠢᠭᠦᠷᠢ ᠨᠢ ᠡᠷᠬᠢᠨ ᠲᠣᠭᠤᠷᠢᠨ ᠤ ᠨᠢᠭᠡᠴᠢ᠂ ᠬᠥᠮᠥᠰ ᠢ ᠨᠥᠯᠥᠭᠡᠯᠡᠵᠦ ᠮᠡᠳᠡᠬᠦ ᠪᠠᠶᠢᠲᠠᠯ᠎ᠠ ᠡ᠊ᠨᠳᠡᠯ ᠤᠨ ᠠᠶᠤᠯ ᠲᠦᠭᠰᠢᠭᠦᠷᠢ ᠶᠢᠨ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠡᠷᠬᠢᠨ ᠲᠣᠭᠤᠷᠢᠨ ᠤ ᠨᠢᠭᠡᠴᠢ ᠪᠠ ᠬᠥᠮᠥᠰ ᠲᠤ ᠦᠯᠦ ᠮᠡᠳᠡᠭᠳᠡᠭᠰᠡᠨ᠃             ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠦᠨᠡᠯᠡᠨ ᠵᠢᠱᠢᠯᠲᠡ ᠶᠢ ᠲᠣᠭᠲᠠᠭᠠᠯ ᠶᠣᠰᠣᠭᠠᠷ ᠬᠢᠭᠰᠡᠨ ᠦᠭᠡᠢ᠃             ︵ᠲᠠᠪᠤ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠲᠣᠭᠲᠠᠭᠠᠯ ᠶᠣᠰᠣᠭᠠᠷ ᠵᠠᠰᠠᠪᠤᠷᠢ ᠣᠷᠣᠭᠤᠯᠤᠭᠰᠠᠨ ᠦᠭᠡᠢ᠃             ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠵᠢᠴᠢ ᠲᠣᠨᠣᠭᠯᠠᠯ ᠢ ᠦᠯᠦ ᠨᠠᠶᠢᠳᠠᠪᠤᠷᠢᠵᠢᠭᠤᠯᠤᠭᠰᠠᠨ᠃            ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠯ ᠶᠣᠰᠣᠭᠠᠷ ᠳᠠᠩᠰᠠᠯᠠᠭᠤᠯᠤᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 3 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ 1 ᠲᠦᠮᠡᠨ ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃            ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ            ᠳᠥᠴᠢᠨ ᠵᠢᠷᠭᠤᠳᠤᠭᠠᠷ ᠵᠦᠢᠯ ︽ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠢ ᠳᠠᠩᠰᠠᠯᠠᠭᠤᠯᠤᠨ ᠮᠡᠳᠡᠭᠦᠯᠬᠦ ᠬᠦᠰᠦᠨᠦᠭᠲᠦ︾ ᠪᠠ ︽ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠥᠰᠥᠯ ᠢ ᠳᠠᠩᠰᠠᠯᠠᠨ ᠲᠡᠮᠳᠡᠭᠯᠡᠬᠦ ᠬᠦᠰᠦᠨᠦᠭᠲᠦ︾  ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠨᠢᠭᠡᠳᠦᠯᠲᠡᠢ ᠲᠣᠭᠲᠠᠭᠠᠨ᠎ᠠ᠃            ᠳᠥᠴᠢᠨ ᠳᠣᠯᠣᠳᠤᠭᠠᠷ ᠵᠦᠢᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠠᠷᠭ᠎ᠠ ᠶᠢᠨ ᠲᠣᠭᠲᠠᠭᠠᠯ ᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ ᠪᠣᠯᠣᠨ᠎ᠠ᠃            ᠳᠥᠴᠢᠨ ᠨᠠᠢᠮᠠᠳᠤᠭᠠᠷ ᠵᠦᠢᠯ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠪᠣᠳᠠᠰ ᠢ ᠬᠠᠳᠠᠭᠠᠯᠠᠬᠤ᠂ ᠬᠡᠷᠡᠭᠯᠡᠬᠦ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠨᠢᠭᠡᠴᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢ ᠲᠤᠰ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃            ᠳᠥᠴᠢ ᠶᠢᠰᠦᠳᠦᠭᠡᠷ ᠵᠦᠢᠯ ᠲᠣᠰ ᠠᠷᠭ᠎ᠠ ᠶᠢ 2016 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠪᠠᠴᠢᠮ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾  ᠳᠤ ᠵᠠᠰᠠᠪᠤᠷᠢ ᠣᠷᠣᠭᠤᠯᠬᠤ ᠲᠤᠬᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ ᠤᠨ ᠲᠤᠬᠠᠢ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠶᠢᠯᠤᠮᠵᠢ      ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠵᠠᠰᠠᠭ ᠵᠠᠬᠢᠷᠭᠠᠨ ᠤ ᠵᠠᠷᠭᠤ ᠶᠢᠨ ᠲᠠᠪᠤᠨ ᠬᠡᠷᠡᠭ        ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号