ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾
ᠨᠡᠶᠢᠲᠡᠯᠡᠭᠰᠡᠨ ᠴᠠᠭ᠄
2023/12/18
                                   ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄             ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ︵ᠳᠣᠷᠣᠭᠰᠢ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠭᠡᠵᠦ ᠲᠣᠪᠴᠢᠯᠠᠨ᠎ᠠ︶ ᠶᠢ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ‌ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠤᠯᠠᠮ ᠲᠤᠤᠱᠯᠠᠭᠤᠯᠤᠨ ᠬᠡᠷᠡᠭᠵᠢᠭᠦᠯᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄            ᠨᠢᠭᠡ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ            ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠪᠣᠯ ᠵᠠᠰᠠᠭ ᠤᠨ ᠣᠷᠳᠣᠨ ᠤ ᠠᠵᠢᠯᠯᠠᠭ᠎ᠠ ᠶᠢ ᠵᠢᠷᠤᠮᠵᠢᠭᠤᠯᠬᠤ ᠨᠢᠭᠡᠨ ᠴᠢᠬᠤᠯᠠ ᠬᠠᠤᠯᠢ ᠴᠠᠭᠠᠵᠠ ᠮᠥᠨ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠲᠦᠯᠬᠢᠨ ᠠᠬᠢᠭᠤᠯᠬᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠪᠠ ᠲᠡᠭᠦᠨ ᠳᠤ ᠬᠢᠨᠠᠯᠲᠠ ᠲᠠᠯᠪᠢᠬᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠨᠢ ᠣᠶᠢᠷ᠎ᠠ ᠶᠢᠨ ᠵᠢᠯ ᠤᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠤ ᠣᠯᠣᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠯᠡᠷᠡᠭᠦᠯᠦᠨ ᠪᠠᠬᠢᠵᠢᠭᠦᠯᠵᠦ᠂ ᠣᠳᠣᠬᠠᠨ ᠤ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠬᠡᠷᠡᠭᠴᠡᠭᠡ ᠳᠤ ᠬᠠᠷᠢᠭᠤᠯᠲᠠ ᠥᠭᠴᠦ᠂ ᠵᠠᠰᠠᠭ ᠵᠠᠬᠢᠷᠭᠠᠨ ᠤ ᠰᠢᠢᠳᠬᠡᠯ ᠤᠨ ᠲᠣᠮᠢᠶᠠᠯᠠᠯ ᠢ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠲᠦᠷᠦᠯ ᠵᠦᠢᠯ ᠢ ᠥᠷᠭᠡᠳᠬᠡᠵᠦ᠂ ᠵᠠᠰᠠᠭ ᠵᠠᠬᠢᠷᠭᠠᠨ ᠤ ᠰᠢᠢᠳᠬᠡᠯ ᠤᠨ ᠵᠢᠷᠤᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭᠠᠳᠬᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ᠂ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠲᠦᠷᠭᠡᠳᠬᠡᠨ ᠪᠠᠶᠢᠭᠤᠯᠬᠤ ᠳᠡᠭᠡᠳᠦ ᠬᠡᠮᠵᠢᠶᠡᠨ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠣᠳᠠᠲᠠᠢ ᠪᠠᠶᠢᠷᠢᠯᠠᠭᠤᠯᠤᠯᠲᠠ ᠬᠢᠵᠦ᠂ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃            ᠬᠤᠶᠠᠷ᠂ ᠰᠤᠷᠤᠯᠴᠠᠯᠭ᠎ᠠ᠂ ᠪᠣᠯᠪᠠᠰᠤᠷᠠᠭᠤᠯᠤᠯ ᠪᠣᠯᠣᠨ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ             ︵ᠨᠢᠭᠡ︶ ᠳᠦᠷᠢᠮᠵᠢᠭᠦᠯᠬᠦ ᠵᠢᠷᠤᠮᠵᠢᠭᠤᠯᠬᠤ ᠪᠠᠶᠢᠩᠭᠤᠵᠢᠭᠤᠯᠬᠤ ᠰᠤᠷᠭᠠᠯᠲᠠ ᠶᠢ ᠥᠷᠨᠢᠭᠦᠯᠦᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠢᠯᠠᠩᠭᠤᠶ᠎ᠠ ᠤᠳᠤᠷᠢᠳᠬᠤ ᠺᠠᠳ᠋ᠷᠴᠤᠳ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠲᠦᠷᠦᠭᠦᠯᠡᠨ ᠨᠠᠷᠢᠨ ᠬᠢᠨᠠᠮᠠᠭᠠᠢ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠪᠠ ᠳᠣᠲᠣᠭᠠᠳᠤ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠬᠠᠮᠲᠤ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠤᠷᠭᠠᠯᠲᠠ ᠶᠢᠨ ᠠᠭᠤᠯᠭ᠎ᠠ ᠳᠤ ᠣᠷᠣᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠪᠠᠯ ᠰᠤᠷᠬᠤ ᠬᠢᠴᠢᠶᠡᠯ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠢᠨ ᠲᠣᠭᠲᠠᠭᠠᠯ ᠢ ᠪᠥᠬᠦ ᠲᠠᠯ᠎ᠠ ᠪᠠᠷ ᠣᠶᠢᠯᠠᠭᠠᠬᠤ ᠪᠠ ᠣᠨᠣᠪᠴᠢᠲᠠᠶ ᠡᠵᠡᠮᠰᠢᠭᠦᠯᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠵᠥᠪ ᠣᠨᠣᠪᠴᠢᠲᠠᠶ ᠭᠦᠢᠴᠡᠳᠬᠡᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ 2022 ᠣᠨ ᠤ 6 ᠳ᠋ᠤᠭᠠᠷ ᠰᠠᠷ᠎ᠠ ᠠᠴᠠ ᠡᠮᠦᠨ᠎ᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠣᠲᠣ ᠶᠢᠨ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠰᠤᠷᠭᠠᠯᠲᠠ ᠶᠢ ᠪᠡᠶᠡᠯᠡᠭᠦᠯᠬᠦ ᠶᠢᠨ ᠬᠠᠮᠲᠤ᠂ ᠰᠢᠨ᠎ᠡ ᠪᠠᠷ ᠠᠵᠢᠯ ᠤᠨ ᠪᠠᠶᠢᠷᠢ ᠳᠤ ᠭᠠᠷᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠰᠤᠷᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃             ︵ᠬᠤᠶᠠᠷ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠢᠨ ᠤᠬᠠᠭᠤᠯᠭ᠎ᠠ ᠶᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ︽ᠨᠠᠢᠮᠠᠳᠤᠭᠠᠷ ᠲᠠᠪᠤᠨ ᠵᠢᠯ︾  ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠳᠤ ᠣᠷᠣᠭᠤᠯᠵᠤ᠂ ᠨᠡᠶᠢᠭᠡᠮ ᠳᠤ ᠬᠠᠨᠳᠤᠭᠤᠯᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠂ ᠪᠥᠬᠦ ᠠᠷᠠᠳ ᠤᠨ ᠬᠠᠤᠯᠢ ᠶᠢ ᠰᠠᠬᠢᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠭᠤᠯᠵᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠠᠵᠢᠯᠲᠠᠨ ᠵᠡᠷᠭᠡ ᠶᠢᠨ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠬᠡᠷᠡᠭᠲᠡᠢ᠃            ᠭᠤᠷᠪᠠ᠂ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯᠲᠠ ᠶᠢ ᠬᠠᠤᠯᠢ ᠶᠣᠰᠣᠭᠠᠷ ᠵᠢᠷᠤᠮᠵᠢᠭᠤᠯᠬᠤ ᠬᠡᠷᠡᠭᠲᠡᠢ             ︵ᠭᠤᠷᠪᠠ︶ ᠬᠠᠤᠯᠢ ᠲᠣᠭᠲᠠᠭᠠᠵᠤ ᠬᠠᠤᠯᠢ ᠴᠠᠭᠠᠵᠠ ᠶᠢ ᠲᠠᠶᠢᠯᠪᠤᠷᠢᠯᠠᠬᠤ ᠬᠤᠯᠪᠣᠭᠳᠠᠯ ᠪᠦᠬᠦᠢ ᠠᠵᠢᠯ ᠢ ᠴᠢᠩᠭᠠᠳᠬᠠᠨ᠎ᠠ᠃ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠨ ᠪᠢᠴᠢᠬᠦ ᠦᠶ᠎ᠡ ᠳᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠡᠮᠡᠭᠳᠡᠭᠦᠯᠬᠦ ᠠᠷᠭ᠎ᠠ ᠮᠠᠶ᠋ᠢᠭ ᠢᠶᠠᠷ ᠵᠠᠯᠬᠠᠭᠠᠨ ᠴᠡᠭᠡᠷᠯᠡᠭᠦᠯᠬᠦ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠬᠡᠷᠡᠭᠲᠡᠢ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠤᠰᠤᠳ ᠠᠷᠭ᠎ᠠ ᠬᠡᠮᠵᠢᠶ᠎ᠡ ᠶᠢᠨ ᠨᠡᠷ᠎ᠡ ᠪᠠᠷ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠵᠤ᠂ ᠵᠠᠰᠠᠭ ᠵᠠᠬᠢᠷᠭᠠᠨ ᠤ ᠰᠢᠢᠳᠬᠡᠯ ᠥᠭᠬᠦ ᠱᠠᠭᠠᠷᠳᠠᠯᠭ᠎ᠠ ᠠᠴᠠ ᠵᠠᠶᠢᠯᠠᠵᠤ ᠪᠣᠯᠬᠤ ᠦᠭᠡᠢ᠃ ᠳᠡᠭᠡᠳᠦ ᠪᠠᠶᠢᠷᠢ ᠶᠢᠨ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠲᠤᠬᠠᠢ ᠪᠣᠳᠠᠲᠠᠢ ᠲᠣᠭᠲᠠᠭᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠦᠢᠯᠡ ᠠᠵᠢᠯᠯᠠᠭ᠎ᠠ ᠪᠠ ᠵᠠᠰᠠᠭ ᠵᠠᠬᠢᠷᠭᠠᠨ ᠤ ᠰᠢᠢᠳᠬᠡᠯ ᠤᠨ ᠲᠦᠷᠦᠯ ᠵᠦᠢᠯ ᠢ ᠨᠡᠮᠡᠵᠦ ᠬᠠᠰᠤᠬᠤ᠂ ᠬᠠᠤᠯᠢ ᠪᠠᠷ ᠲᠣᠭᠲᠠᠭᠠᠭᠰᠠᠨ ᠬᠡᠪᠴᠢᠶᠡᠨ ᠠᠴᠠ ᠭᠠᠳᠠᠨ᠎ᠠ ᠲᠣᠷᠭᠠᠭᠤᠯᠢ ᠶᠢᠨ ᠵᠣᠭᠤᠰ ᠤᠨ ᠳᠡᠭᠡᠳᠦ ᠳᠣᠣᠷᠠᠳᠤ ᠬᠢᠵᠠᠭᠠᠷ ᠢ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠱᠠᠲᠤ ᠱᠠᠲᠤ ᠪᠠᠷ ᠲᠤᠭ᠎ᠠ ᠨᠡᠮᠡᠬᠦ ᠪᠤᠶᠤ ︽ᠬᠠᠤᠯᠢ ᠲᠣᠭᠲᠠᠭᠠᠵᠤ ᠤᠰᠤ ᠲᠠᠯᠪᠢᠵᠤ︾ ᠪᠣᠯᠬᠤ ᠦᠭᠡᠢ᠃ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠠᠬᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠳᠤ ᠬᠠᠷᠢᠶᠠᠯᠠᠭᠳᠠᠬᠤ ᠡᠰᠡᠬᠦ ᠳᠤ ᠮᠠᠷᠭᠤᠭᠠᠨ ᠲᠠᠢ ᠪᠠᠶᠢᠪᠠᠯ᠂ ᠬᠠᠤᠯᠢ ᠶᠣᠰᠣᠭᠠᠷ ᠴᠠᠭ ᠲᠤᠬᠠᠢ ᠳᠤᠨᠢ ᠲᠠᠶᠢᠯᠪᠤᠷᠢᠯᠠᠨ ᠬᠠᠷᠢᠭᠤᠯᠲᠠ ᠥᠭᠬᠦ ᠪᠤᠶᠤ ᠡᠷᠬᠡᠲᠦ ᠪᠠᠶᠢᠭᠤᠯᠭ᠎ᠠ ᠳᠤ ᠳᠡᠪᠰᠢᠭᠦᠯᠦᠨ ᠲᠠᠶᠢᠯᠪᠤᠷᠢᠯᠠᠨ ᠬᠠᠷᠢᠭᠤᠯᠲᠠ ᠥᠭᠭᠦᠭᠦᠯᠬᠦ ᠬᠡᠷᠡᠭᠲᠡᠢ᠃             ︵ᠳᠥᠷᠪᠡ︶ ᠲᠣᠷᠭᠠᠭᠤᠯᠢ ᠶᠢᠨ ᠵᠣᠭᠤᠰ ᠤᠨ ᠲᠤᠭ᠎ᠠ ᠶᠢ ᠬᠠᠤᠯᠢ ᠶᠣᠰᠣᠭᠠᠷ ᠵᠦᠢ ᠵᠣᠬᠢᠰᠲᠠᠢ ᠲᠣᠭᠲᠠᠭᠠᠨ᠎ᠠ᠃ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢᠨ ᠲᠣᠭᠲᠠᠭᠠᠯ ᠢ ᠦᠨᠳᠦᠰᠦᠯᠡᠪᠡᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠠᠷᠠᠬᠠᠨ ᠲᠣᠭᠲᠠᠭᠠᠭᠠᠳᠤᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠠᠵᠢᠯᠯᠠᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠭᠰᠠᠨ ᠬᠢᠵᠠᠭᠠᠷ ᠲᠤᠭ᠎ᠠ ᠶᠣᠰᠣᠭᠠᠷ ᠵᠣᠬᠢᠬᠤ ᠲᠣᠭᠠᠨ ᠤ ᠲᠣᠷᠭᠠᠭᠤᠯᠢ ᠣᠨᠣᠭᠳᠠᠭᠤᠯᠬᠤ ᠪᠠᠷ ᠲᠣᠭᠲᠠᠭᠠᠵᠤ ᠪᠣᠯᠣᠨ᠎ᠠ᠃ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠲᠣᠷᠭᠠᠭᠤᠯᠢ ᠣᠨᠣᠭᠳᠠᠭᠤᠯᠬᠤ ᠶᠢ ᠲᠣᠭᠲᠠᠭᠠᠬᠤ ᠳᠠᠭᠠᠨ ᠬᠡᠲᠦᠷᠡᠭᠦᠯᠦᠨ ᠲᠣᠷᠭᠠᠬᠤ ᠶᠢ ᠠᠳᠠᠯᠢ ᠪᠠᠶᠢᠯᠭᠠᠬᠤ ᠶᠢ ᠪᠠᠷᠢᠮᠲᠠᠯᠠᠵᠤ᠂ ᠲᠣᠷᠭᠠᠭᠤᠯᠢ ᠶᠢᠨ ᠵᠣᠭᠤᠰ ᠤᠨ ᠲᠤᠭ᠎ᠠ ᠬᠡᠮᠵᠢᠶ᠎ᠡ ᠶᠢ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠪᠣᠳᠠᠲᠤ ᠬᠡᠷᠡᠭ᠂ ᠰᠢᠨᠵᠢ ᠴᠢᠨᠠᠷ᠂ ᠦᠢᠯᠡ ᠪᠠᠶᠢᠳᠠᠯ ᠵᠢᠴᠢ ᠨᠡᠶᠢᠭᠡᠮ ᠳᠤ ᠤᠴᠠᠷᠠᠭᠤᠯᠤᠭᠰᠠᠨ ᠬᠤᠣᠷ ᠬᠥᠨᠥᠭᠡᠯ ᠤᠨ ᠬᠡᠮᠵᠢᠶ᠎ᠡ ᠲᠠᠢ ᠠᠳᠠᠯᠢ ᠪᠠᠶᠢᠯᠭᠠᠵᠤ᠂ ᠴᠢᠩᠭ᠎ᠠ ᠰᠢᠢᠳᠬᠡᠬᠦ ᠶᠣᠰᠣᠲᠠᠢ ᠶᠢ  ᠨᠢ ᠴᠢᠩᠭ᠎ᠠ ᠰᠢᠢᠳᠭᠡᠵᠦ᠂ ᠬᠥᠩᠭᠡᠨ ᠰᠢᠢᠳᠬᠡᠬᠦ ᠶᠣᠰᠣᠲᠠᠢ ᠶᠢ ᠨᠢ ᠬᠥᠩᠭᠡᠨ ᠪᠠᠶᠢᠯᠭᠠᠬᠤ ᠬᠡᠷᠡᠭᠲᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠲᠤᠬᠠᠢ ᠨᠢᠭᠡᠨᠲᠡ ᠲᠣᠷᠭᠠᠭᠤᠯᠢ ᠣᠨᠣᠭᠳᠠᠭᠤᠯᠬᠤ ᠲᠣᠭᠲᠠᠭᠠᠯ ᠭᠠᠷᠭᠠᠭᠰᠠᠨ ᠪᠠᠶᠢᠪᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠥᠭᠬᠦ ᠠᠵᠢᠯᠯᠠᠭ᠎ᠠ᠂ ᠲᠥᠷᠥᠯ ᠵᠦᠢᠯ ᠪᠠ ᠬᠡᠮᠵᠢᠶ᠎ᠡ ᠶᠢᠨ ᠬᠡᠪᠴᠢᠶᠡᠨ ᠳᠣᠲᠣᠷ᠎ᠠ ᠲᠣᠭᠲᠠᠭᠠᠬᠤ ᠬᠡᠷᠡᠭᠲᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠠᠷᠠᠬᠠᠨ ᠲᠣᠭᠲᠠᠭᠠᠭᠠᠳᠤᠢ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠯᠭᠠᠮ᠎ᠠ ᠬᠡᠷᠡᠭᠴᠡᠭᠡ ᠠᠴᠠ ᠪᠣᠯᠣᠭᠠᠳ ᠬᠠᠤᠯᠢ ᠶᠣᠰᠣᠭᠠᠷ ᠤᠷᠢᠳᠠᠪᠠᠷ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢᠶᠠᠷ ᠲᠣᠷᠭᠠᠭᠤᠯᠢ ᠣᠨᠣᠭᠳᠠᠭᠤᠯᠬᠤ ᠪᠠᠷ ᠲᠣᠭᠲᠠᠭᠠᠭᠰᠠᠨ ᠪᠠᠶᠢᠪᠠᠯ᠂ ᠲᠣᠭᠲᠠᠭᠠᠭᠰᠠᠨ ᠲᠣᠷᠭᠠᠭᠤᠯᠢ ᠶᠢᠨ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ ᠮᠥᠷᠲᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠠᠳᠠᠯᠢᠪᠲᠤᠷ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠲᠣᠷᠭᠠᠭᠰᠠᠨ ᠵᠣᠭᠤᠰ ᠤᠨ ᠲᠤᠭ᠎ᠠ ᠠᠴᠠ ᠬᠡᠲᠦᠷᠡᠵᠦ ᠪᠣᠯᠬᠤ ᠦᠭᠡᠢ᠂ ᠠᠷᠠᠳ ᠢᠷᠭᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠳᠤ ᠬᠤᠯᠪᠣᠭᠳᠠᠭᠰᠠᠨ ᠮᠥᠷᠲᠡᠭᠡᠨ ᠬᠤᠣᠷ ᠬᠥᠨᠥᠭᠡᠯ ᠲᠠᠢ ᠦᠷ᠎ᠡ ᠤᠷᠰᠢᠭ ᠲᠠᠢ ᠪᠠᠶᠢᠪᠠᠯ᠂ ᠲᠣᠭᠲᠠᠭᠠᠭᠰᠠᠨ ᠲᠣᠷᠭᠠᠭᠤᠯᠢ ᠶᠢᠨ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠬᠡᠮᠵᠢᠶ᠎ᠡ ᠠᠴᠠ ᠬᠡᠲᠦᠷᠡᠭᠰᠡᠨ ᠪᠠᠶᠢᠪᠠᠯ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠳᠡᠭᠡᠷ᠎ᠡ ᠳᠤᠷᠠᠳᠤᠭᠰᠠᠨ ᠪᠠᠶᠢᠳᠠᠯ ᠤᠨ ᠳᠣᠣᠷ᠎ᠠ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠵᠣᠬᠢᠬᠤ ᠬᠤᠭᠤᠴᠠᠭ᠎ᠠ ᠬᠡᠷᠡᠭᠵᠢᠭᠦᠯᠦᠭᠰᠡᠨ ᠤ ᠲᠠᠷᠠᠭ᠎ᠠ᠂ ᠲᠡᠭᠦᠨ ᠤ ᠲᠣᠭᠲᠠᠭᠠᠭᠰᠠᠨ ᠲᠣᠷᠭᠠᠭᠤᠯᠢ ᠶᠢᠨ ᠵᠣᠭᠤᠰ ᠢ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠥᠭᠡᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠬᠦ ᠴᠢᠬᠤᠯᠠᠲᠠᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠲᠤᠬᠠᠢ ᠳᠤᠨᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠠᠤᠯᠢ ᠴᠠᠭᠠᠵᠠ ᠲᠣᠭᠲᠠᠭᠠᠯᠭᠠᠬᠤ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠳᠤ ᠳᠡᠪᠰᠢᠭᠦᠯᠵᠦ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠣᠭᠲᠠᠭᠠᠯᠭᠠᠬᠤ ᠬᠡᠷᠡᠭᠲᠡᠢ᠃ ᠲᠣᠰ ᠮᠡᠳᠡᠭᠳᠡᠯ ᠢ ᠬᠡᠪᠯᠡᠨ ᠲᠠᠷᠬᠠᠭᠠᠭᠰᠠᠨ ᠤ ᠳᠠᠷᠠᠭ᠎ᠠ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠳᠠᠭᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠷᠭᠠᠭᠤᠯᠢ ᠶᠢᠨ ᠵᠣᠭᠤᠰ ᠤᠨ ᠲᠤᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠴᠢᠨᠠᠷ ᠢ ᠰᠤᠳᠤᠯᠵᠤ᠂ ᠪᠠᠭᠤᠷᠠᠭᠤᠯᠬᠤ ᠴᠢᠬᠤᠯᠠᠲᠠᠢ ᠶᠢ ᠨᠢ ᠪᠠᠭᠤᠷᠠᠭᠤᠯᠵᠤ᠂ ᠦᠨᠡᠨᠬᠦ ᠳᠡᠭᠡᠭᠰᠢᠯᠡᠭᠦᠯᠬᠦ ᠴᠢᠬᠤᠯᠠᠲᠠᠢ ᠶᠢ ᠨᠢ ᠬᠠᠤᠯᠢ ᠳᠤ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠬᠢᠵᠠᠭᠠᠷᠯᠠᠭᠰᠠᠨ ᠲᠤᠭ᠎ᠠ ᠶᠢᠨ ᠬᠡᠪᠴᠢᠶᠡᠨ ᠳᠣᠲᠣᠷ᠎ᠠ ᠳᠡᠭᠡᠭᠰᠢᠯᠡᠭᠦᠯᠬᠦ ᠬᠡᠷᠡᠭᠲᠡᠢ᠃             ︵ᠲᠠᠪᠤ︶ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠶᠢ ᠴᠢᠩᠭᠠᠷᠠᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠪᠣᠯᠣᠨ ᠮᠤᠵᠢ ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ 5 ᠵᠢᠯ ᠪᠦᠷᠢ ᠳᠤ ᠲᠥᠷᠥᠯ ᠬᠤᠪᠢᠶᠠᠵᠤ᠂ ᠪᠦᠯᠦᠭ ᠬᠤᠪᠢᠶᠠᠨ ᠨᠢᠭᠡ ᠤᠳᠠᠭ᠎ᠠ ᠦᠨᠡᠯᠡᠨ ᠵᠢᠱᠢᠬᠦ ᠬᠡᠷᠡᠭᠲᠡᠢ᠃ ᠦᠨᠡᠯᠡᠨ ᠵᠢᠱᠢᠯᠲᠡ ᠳᠤ ᠢᠯᠡᠷᠡᠭᠦᠯᠦᠭᠰᠡᠨ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠬᠦ ᠦᠭᠡᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ᠂ ᠢᠯᠡᠳᠲᠡ ᠬᠡᠲᠦᠷᠡᠭᠦᠯᠦᠨ ᠲᠣᠷᠭᠠᠭᠰᠠᠨ ᠨᠢ ᠵᠣᠬᠢᠰ ᠦᠭᠡᠢ᠂ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢᠶᠠᠷ ᠳᠤᠲᠠᠮᠠᠭ ᠵᠡᠷᠭᠡ ᠪᠠᠶᠢᠳᠠᠯ ᠲᠠᠢ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠴᠠᠭ ᠲᠤᠬᠠᠢ ᠳᠤᠨᠢ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠪᠠ ᠵᠢᠷᠤᠮ ᠤᠨ ᠶᠣᠰᠣᠭᠠᠷ ᠥᠪᠡᠰᠦᠪᠡᠨ ᠪᠤᠶᠤ ᠡᠷᠬᠡᠲᠦ ᠪᠠᠶᠢᠭᠤᠯᠭ᠎ᠠ ᠳᠤ ᠰᠠᠨᠠᠭᠤᠯᠤᠨ ᠵᠠᠰᠠᠪᠤᠷᠢ ᠣᠷᠣᠭᠤᠯᠵᠤ᠂ ᠬᠦᠴᠦᠨ ᠦᠭᠡᠢ ᠪᠣᠯᠭᠠᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠭ‌ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠨᠢ ᠴᠥᠮ ᠬᠦᠴᠦᠨ ᠦᠭᠡᠢ᠂ ᠲᠡᠭᠦᠨ ᠢᠶᠠᠷ ᠵᠠᠰᠠᠭ ᠵᠠᠬᠢᠷᠭᠠᠨ ᠤ ᠰᠢᠢᠳᠬᠡᠯ ᠥᠭᠬᠦ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃            ᠳᠥᠷᠪᠡ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠᠨ ᠬᠡᠷᠡᠭᠵᠢᠭᠦᠯᠦᠯᠲᠡ ᠶᠢ ᠤᠯᠠᠮ ᠵᠢᠷᠤᠮᠵᠢᠭᠤᠯᠬᠤ ᠬᠡᠷᠡᠭᠲᠡᠢ             ︵ᠵᠢᠷᠭᠤᠭ᠎ᠠ︶ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠵᠥᠪ‌ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠᠷ ᠳᠠᠮᠵᠢᠭᠤᠯᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠡᠷᠭᠡᠶᠢᠯᠡᠬᠦ᠂ ᠵᠠᠯᠠᠷᠠᠭᠤᠯᠬᠤ ᠪᠠ ᠵᠠᠯᠬᠠᠭᠠᠨ ᠴᠡᠭᠡᠷᠯᠡᠭᠦᠯᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠠᠰᠢᠭ ᠲᠤᠰᠠ ᠪᠠ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠂ ᠬᠠᠤᠯᠢ ᠵᠥᠷᠢᠴᠡᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠵᠦ ᠪᠣᠯᠬᠤ ᠦᠭᠡᠢ᠂ ᠲᠣᠷᠭᠠᠬᠤ ᠶᠢᠨ ᠲᠥᠯᠥᠭᠡ ᠰᠢᠢᠳᠭᠡᠵᠦ ᠪᠣᠯᠬᠤ ᠦᠭᠡᠢ᠂ ᠠᠰᠢᠭ ᠬᠥᠭᠡᠭᠡᠴᠡᠯᠳᠦᠬᠦ ᠬᠠᠤᠯᠢ ᠬᠡᠷᠡᠭᠵᠢᠭᠦᠯᠬᠦ ᠶᠢ ᠡᠷᠡᠰ ᠬᠤᠷᠢᠭᠯᠠᠵᠤ᠂ ᠲᠣᠷᠭᠠᠵᠤ ᠬᠤᠷᠢᠶᠠᠬᠤ ᠭᠦᠢᠴᠡᠳᠬᠡᠯ ᠲᠤᠭ᠎ᠠ ᠪᠠᠭᠤᠯᠭᠠᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠷᠭᠠᠬᠤ ᠲᠤᠰᠢᠶᠠᠬᠤ ᠶᠢ ᠰᠠᠯᠭᠠᠬᠤ᠂ ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ ᠵᠡᠷᠭᠡ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠯ ᠶᠣᠰᠣᠭᠠᠷ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠤᠯᠢᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠵᠤ᠂ ᠬᠥᠳᠡᠯᠭᠡᠭᠡᠨ ᠤ ᠬᠡᠯᠪᠡᠷᠢ ᠪᠠᠷ ᠬᠠᠤᠯᠢ ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠦᠯᠲᠡ ᠶᠢᠨ ᠰᠠᠮᠠᠭᠤᠨ ᠦᠵᠡᠭᠳᠡᠯ ᠠᠴᠠ ᠡᠷᠡᠰ ᠵᠠᠶᠢᠯᠠᠰᠬᠢᠬᠦ ᠬᠡᠷᠡᠭᠲᠡᠢ᠃             ︵ᠳᠣᠯᠤᠭ᠎ᠠ︶ ᠬᠠᠷᠢᠶᠠᠯᠠᠬᠤ᠂ ᠬᠡᠷᠡᠭ ᠪᠣᠯᠭᠠᠨ ᠳᠠᠩᠰᠠᠯᠠᠬᠤ᠂ ᠭᠡᠷᠡᠴᠢᠯᠡᠭᠡ ᠰᠣᠨᠣᠰᠬᠤ᠂ ᠭᠦᠢᠴᠡᠳᠬᠡᠬᠦ ᠵᠡᠷᠭᠡ ᠲᠠᠰ ᠳᠠᠷᠠᠭᠠᠯᠠᠯ ᠤᠨ ᠳᠦᠷᠢᠮ ᠢ ᠨᠠᠷᠢᠯᠢᠭᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠥᠬᠦᠷ ᠳᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠵᠢ‌ᠭᠠᠵᠠᠷ ᠣᠷᠣᠨ ᠤ ᠬᠠᠷᠢᠶᠠᠯᠠᠯ᠂ ᠡᠭᠦᠷᠭᠡ ᠴᠢᠳᠠᠪᠤᠷᠢ ᠶᠢᠨ ᠬᠠᠷᠢᠶᠠᠯᠠᠯ ᠵᠡᠷᠭᠡ ᠶᠢᠨ ᠲᠤᠬᠠᠢ ᠲᠣᠭᠲᠠᠭᠠᠯ ᠢ ᠤᠯᠠᠮ ᠲᠡᠭᠦᠯᠳᠡᠷᠵᠢᠭᠦᠯᠵᠦ᠂ ᠬᠠᠷᠢᠶᠠᠯᠠᠯ ᠤᠨ ᠲᠤᠬᠠᠢ ᠮᠠᠷᠭᠤᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠳᠠᠯᠢ ᠨᠢᠭᠡᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠬᠠᠷᠢᠶᠠᠯᠠᠯ ᠤᠨ ᠲᠤᠬᠠᠢ ᠮᠠᠷᠭᠤᠯᠳᠤᠭᠠᠨ ᠭᠠᠷᠤᠭᠠᠳ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠬᠠᠮᠲᠤ ᠶᠢᠨ ᠳᠡᠭᠡᠷ᠎ᠡ ᠨᠢᠭᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠶᠠᠯᠠᠯ ᠢ ᠨᠢ ᠵᠢᠭᠠᠨ ᠲᠣᠭᠲᠠᠭᠠᠨ᠎ᠠ᠃ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠳᠠᠯᠢ ᠪᠤᠰᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠷᠢᠶᠠᠯᠠᠯ ᠤᠨ ᠮᠠᠷᠭᠤᠯᠳᠤᠭᠠᠨ ᠡᠭᠦᠰᠴᠦ᠂ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠵᠣᠬᠢᠴᠠᠭᠤᠯᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠬᠠᠷᠢᠶᠠᠯᠠᠯ ᠢ ᠵᠢᠭᠠᠨ ᠲᠣᠭᠲᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠷᠡᠭ ᠪᠣᠯᠭᠠᠨ ᠳᠠᠩᠰᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠠᠵᠢᠯᠯᠠᠭ᠎ᠠ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠡᠷᠡᠭ ᠪᠣᠯᠭᠠᠨ ᠳᠠᠩᠰᠠᠯᠠᠬᠤ ᠶᠢᠨ ᠬᠠᠮᠲᠤ ᠬᠡᠷᠡᠭ ᠰᠢᠢᠳᠪᠦᠷᠢᠯᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠡᠷᠡᠭ ᠢ ᠴᠠᠭ ᠲᠤᠬᠠᠢ ᠳᠤᠨᠢ ᠪᠦᠲᠦᠮᠵᠢᠲᠡᠶ ᠪᠠᠷ ᠪᠠᠶᠢᠴᠠᠭᠠᠨ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠲᠣᠭᠲᠠᠭᠠᠬᠤ ᠪᠠᠷ ᠳᠠᠮᠵᠢᠭᠤᠯᠤᠨ ᠬᠡᠷᠡᠭ ᠰᠢᠢᠳᠪᠦᠷᠢᠯᠡᠬᠦ ᠬᠤᠭᠤᠴᠠᠭ᠎ᠠ ᠶᠢᠨ ᠲᠤᠬᠠᠢ ᠦᠨᠡᠬᠡᠷ ᠣᠨᠴᠠᠭᠠᠶ ᠲᠣᠭᠲᠠᠭᠠᠯ ᠭᠠᠷᠭᠠᠬᠤ ᠴᠢᠬᠤᠯᠠᠲᠠᠢ ᠪᠠᠶᠢᠪᠠᠯ᠂ ᠬᠡᠷᠡᠭ ᠤᠨ ᠪᠣᠳᠠᠲᠤ ᠶᠠᠪᠤᠳᠠᠯ ᠢ ᠴᠠᠭ ᠲᠤᠬᠠᠢ ᠳᠤᠨᠢ ᠪᠠᠶᠢᠴᠠᠭᠠᠨ ᠲᠣᠳᠣᠯᠠᠬᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠠᠯᠢ ᠲᠦᠷᠭᠡᠨ ᠢᠶᠠᠷ ᠵᠠᠯᠠᠷᠠᠭᠤᠯᠬᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠪ ᠤᠨ ᠡᠮᠬᠢ ᠵᠢᠷᠤᠮ ᠢ ᠦᠳᠲᠡᠷ ᠲᠦᠷᠭᠡᠨ ᠢᠶᠠᠷ ᠰᠡᠷᠭᠦᠭᠡᠬᠦ ᠳᠤ ᠠᠰᠢᠭᠲᠠᠢ ᠪᠠᠶᠢᠯᠭᠠᠬᠤ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ ᠲᠠᠰ ᠳᠠᠷᠠᠭᠠᠯᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠡᠷᠡᠴᠢᠯᠡᠭᠡ ᠰᠣᠨᠣᠰᠬᠤ ᠬᠡᠪᠴᠢᠶ᠎ᠡ ᠪᠠ ᠴᠤᠪᠤᠷᠠᠯ ᠢ ᠨᠠᠷᠢᠯᠢᠭᠵᠢᠭᠤᠯᠤᠨ᠂ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠢ ᠦᠨᠳᠦᠰᠦᠯᠡᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠭᠠᠷᠭᠠᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠦᠷᠭᠡᠬᠦ ᠬᠠᠶ᠋ᠢᠭ ᠢ ᠨᠤᠲᠠᠯᠠᠬᠤ ᠪᠢᠴᠢᠭ ᠤᠨ ᠠᠰᠢᠭᠯᠠᠯᠲᠠ ᠶᠢᠨ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠴᠠᠬᠢᠮ ᠬᠦᠷᠭᠡᠬᠦ ᠠᠵᠢᠯ ᠤᠨ ᠴᠤᠪᠤᠷᠠᠯ ᠢ ᠨᠠᠷᠢᠯᠢᠭᠵᠢᠭᠤᠯᠤᠨ᠂ ᠴᠠᠬᠢᠮ ᠲᠣᠭᠠᠴᠠᠭ᠎ᠠ ᠬᠢᠬᠦ ᠰᠢᠰᠲ᠋ᠧᠮ ᠢᠶᠠᠷ ᠳᠠᠮᠵᠢᠭᠤᠯᠤᠨ ᠲᠣᠷᠭᠠᠭᠤᠯᠢ ᠶᠢᠨ ᠵᠣᠭᠤᠰ ᠲᠤᠰᠢᠶᠠᠬᠤ ᠶᠢ ᠶᠡᠬᠡᠪᠡᠷ ᠠᠬᠢᠭᠤᠯᠵᠤ᠂ ᠮᠡᠳᠡᠭᠡ ᠵᠠᠩᠭᠢ ᠶᠢᠨ ᠠᠶᠦᠯᠭᠦᠢ ᠶᠢᠨ ᠪᠠᠲᠤᠯᠠᠭ᠎ᠠ ᠪᠠ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃             ︵ᠨᠠᠢᠮᠠ︶ ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠳᠠᠭᠠᠨ ᠪᠠᠷᠢᠮᠵᠢᠶ᠎ᠠ ᠳᠤ ᠨᠡᠶᠢᠴᠡᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠢᠯᠡ ᠲᠣᠳᠣ ᠲᠡᠮᠳᠡᠭ ᠲᠠᠢ ᠪᠠᠶᠢᠬᠤ ᠶᠢ ᠦᠨᠡᠨᠬᠦ ᠪᠠᠲᠤᠯᠠᠵᠤ᠂ ᠲᠤᠬᠠᠢ ᠶᠢᠨ ᠬᠥᠮᠥᠨ ᠢᠶᠠᠷ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠶᠢᠨ ᠵᠠᠷᠤᠳᠠᠯ ᠢ ᠡᠭᠦᠷᠭᠡᠯᠡᠭᠦᠯᠬᠦ ᠪᠤᠶᠤ ᠬᠤᠪᠢᠶᠠᠨ ᠳᠠᠭᠠᠭᠠᠯᠭᠠᠬᠤ ᠪᠠᠷ ᠬᠠᠤᠯᠢ ᠠᠴᠠ ᠵᠥᠷᠢᠴᠡᠨ ᠱᠠᠭᠠᠷᠳᠠᠬᠤ ᠶᠢ ᠴᠢᠩᠭ᠎ᠠ ᠴᠠᠭᠠᠵᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠤᠰᠢᠶᠠᠵᠤ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠭᠤᠣᠯ ᠴᠣᠭᠴᠠ ᠠᠴᠠ ᠰᠢᠭᠤᠳ ᠪᠤᠶᠤ ᠳᠠᠮ ᠢᠶᠠᠷ ᠲᠣᠷᠭᠠᠭᠤᠯᠢ ᠶᠢᠨ ᠵᠣᠭᠤᠰ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ ᠲᠤᠬᠠᠢ ᠶᠢᠨ ᠬᠥᠮᠥᠨ ᠳᠤ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠡᠪᠳᠡᠭᠰᠡᠨ ᠪᠤᠶᠤ ᠮᠠᠭᠤ ᠰᠠᠨᠠᠭ᠎ᠠ ᠲᠠᠢ ᠪᠠᠷ ᠬᠠᠷᠰᠢᠯᠠᠭᠰᠠᠨ᠂ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠪᠤᠶᠤ ᠥᠭᠡᠷᠡᠲᠦᠭᠦᠯᠦᠭᠰᠡᠨ ᠵᠡᠷᠭᠡ ᠪᠤᠷᠤᠭᠤ ᠲᠠᠢ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠬᠤ ᠶᠢ ᠭᠠᠷᠭᠠᠪᠠᠯ᠂ ᠲᠥᠬᠦᠭᠡᠷᠦᠮᠵᠢ ᠶᠢᠨ ᠬᠡᠪ ᠤᠨ ᠪᠤᠰᠤ ᠪᠠᠷ ᠠᠵᠢᠯᠯᠠᠭᠰᠠᠨ ᠠᠴᠠ ᠪᠣᠯᠵᠤ ᠲᠡᠭᠦᠨ ᠳᠤ ᠵᠠᠰᠠᠭ ᠵᠠᠬᠢᠷᠭᠠᠨ ᠤ ᠰᠢᠢᠳᠬᠡᠯ ᠥᠭᠴᠦ ᠪᠣᠯᠬᠤ ᠦᠭᠡᠢ᠃ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠠᠰᠢᠭᠯᠠᠨ ᠭᠡᠷᠡᠴᠢ ᠠᠪᠤᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢᠨ ᠵᠠᠳᠠᠯᠤᠯᠲᠠ ᠬᠢᠬᠦ ᠬᠡᠷᠡᠭᠲᠡᠢ᠃ ᠠᠳᠠᠯᠢ ᠨᠢᠭᠡᠨ ᠣᠷᠣᠨ ᠪᠦᠰᠡ ᠶᠢᠨ ᠳᠣᠲᠣᠷᠠᠬᠢ ᠥᠨᠳᠥᠷ ᠳᠠᠪᠲᠠᠮᠵᠢ ᠲᠠᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠰᠢᠯᠲᠠᠭᠠᠨ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠶᠯᠡ ᠠᠵᠢᠯᠯᠠᠭ᠎ᠠ ᠶᠢ ᠬᠠᠯᠠᠨ ᠰᠠᠶᠢᠵᠢᠷᠠᠭᠤᠯᠬᠤ ᠴᠢᠬᠤᠯᠠᠲᠠᠢ ᠪᠠᠶᠢᠪᠠᠯ᠂ ᠴᠠᠭ ᠲᠤᠬᠠᠢ ᠳᠤᠨᠢ ᠵᠣᠬᠢᠬᠤ ᠠᠷᠭ᠎ᠠ ᠬᠡᠮᠵᠢᠶ᠎ᠡ ᠠᠪᠴᠤ᠂ ᠲᠣᠷᠭᠠᠬᠤ ᠪᠠᠷ ᠬᠠᠮᠢᠶᠠᠷᠤᠯᠲᠠ ᠶᠢ ᠣᠷᠣᠯᠠᠭᠤᠯᠬᠤ ᠶᠢ ᠲᠠᠰᠤ ᠵᠣᠭᠰᠤᠭᠠᠬᠤ ᠬᠡᠷᠡᠭᠲᠡᠢ᠃ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠮᠡᠳᠡᠭᠡ ᠵᠠᠩᠭᠢ ᠴᠤᠭᠯᠠᠭᠤᠯᠬᠤ ᠬᠡᠷᠡᠭᠯᠡᠭᠡᠨ ᠤ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ ᠵᠠᠳᠠᠷᠠᠭᠤᠯᠬᠤ ᠪᠤᠶᠤ ᠪᠤᠰᠤᠳ ᠬᠥᠮᠥᠨ ᠳᠤ ᠬᠠᠤᠯᠢ ᠪᠤᠰᠤ ᠪᠠᠷ ᠬᠠᠩᠭᠠᠵᠤ ᠪᠣᠯᠬᠤ ᠦᠭᠡᠢ᠃             ︵ᠶᠢᠰᠦ︶ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠠᠷᠢᠯᠴᠠᠨ ᠤᠶᠠᠯᠳᠤᠭᠤᠯᠬᠤ ᠵᠢ‌ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠂ ᠬᠡᠲᠦ ᠲᠣᠷᠭᠠᠭᠤᠯᠢ ᠶᠢ ᠠᠳᠠᠯᠢ ᠪᠠᠶᠢᠯᠭᠠᠬᠤ ᠶᠢ ᠦᠨᠡᠨᠬᠦ ᠪᠠᠲᠤᠯᠠᠵᠤ᠂ ᠬᠡᠲᠦ ᠬᠥᠩᠭᠡᠨ ᠬᠡᠲᠦ ᠬᠦᠨᠳᠦ ᠬᠥᠩᠭᠡᠳᠡᠬᠦ ᠶᠢ ᠰᠡᠷᠭᠡᠶᠢᠯᠡᠬᠦ ᠬᠡᠷᠡᠭᠲᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠢ ᠪᠠᠶᠢᠴᠠᠭᠠᠨ ᠲᠣᠳᠣᠯᠠᠭᠰᠠᠨ ᠦᠭᠡᠢ ᠪᠠᠶᠢᠳᠠᠯ ᠳᠣᠣᠷ᠎ᠠ᠂ ᠵᠣᠬᠢᠬᠤ ᠣᠷᠣᠨ ᠪᠦᠰᠡ᠂ ᠬᠦᠷᠢᠶ᠎ᠡ ᠬᠡᠪᠴᠢᠶᠡᠨ ᠤ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠠᠵᠢᠯ ᠠᠵᠢᠯ ᠢ  ᠨᠢ ᠵᠣᠭᠰᠤᠭᠠᠬᠤ᠂ ᠵᠠᠷᠯᠢᠭᠳᠠᠵᠤ ᠪᠠᠶᠢᠭᠠᠳ ᠡᠭᠦᠳᠡ ᠶᠢ ᠨᠢ ᠬᠠᠭᠠᠯᠭᠠᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠢ ᠨᠢᠭᠡ ᠯᠡ ᠠᠳᠠᠯᠢ ᠪᠠᠷ ᠬᠡᠷᠡᠭᠵᠢᠭᠦᠯᠵᠦ ᠪᠣᠯᠬᠤ ᠦᠭᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠲᠤᠷᠰᠢᠯᠭ᠎ᠠ ᠶᠢ ᠬᠠᠭᠤᠯᠪᠤᠷᠢᠯᠠᠨ ᠳᠡᠯᠭᠡᠷᠡᠭᠦᠯᠬᠦ ᠲᠤᠬᠠᠢ ᠱᠠᠭᠠᠷᠳᠠᠯᠭ᠎ᠠ ᠶᠣᠰᠣᠭᠠᠷ᠂ ︽ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠪᠥᠭᠡᠳ ᠬᠤᠣᠷ ᠬᠥᠨᠥᠭᠡᠯ ᠤᠨ ᠦᠷ᠎ᠡ ᠳ᠋ᠦᠩ ᠨᠢ ᠬᠥᠩᠭᠡᠪᠲᠦᠷ ᠪᠥᠭᠡᠳ ᠴᠠᠭ ᠲᠤᠬᠠᠢ ᠳᠤᠨᠢ ᠵᠠᠯᠠᠷᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ ᠰᠢᠢᠳᠬᠡᠯ ᠥᠭᠬᠦ ᠦᠭᠡᠢ ᠪᠠᠶᠢᠵᠤ ᠪᠣᠯᠣᠨ᠎ᠠ︾ ᠭᠡᠬᠦ ᠲᠣᠭᠲᠠᠭᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠢ ᠦᠨᠳᠦᠰᠦᠯᠡᠨ ᠤᠯᠠᠨ ᠬᠦᠷᠢᠶᠡᠨ ᠤ ᠠᠭᠤᠴᠢᠯᠠᠨ ᠪᠠᠭᠲᠠᠭᠠᠵᠤ ᠲᠣᠷᠭᠠᠭᠤᠯᠢ ᠠᠴᠠ ᠬᠡᠯᠲᠦᠷᠢᠭᠦᠯᠬᠦ ᠨᠠᠷᠢᠨ ᠲᠠᠩᠰᠠ ᠶᠢ ᠲᠣᠭᠲᠠᠭᠠᠨ ᠨᠡᠶᠢᠲᠡᠯᠡᠬᠦ ᠬᠡᠷᠡᠭᠲᠡᠢ᠃ ᠲᠤᠬᠠᠢ ᠶᠢᠨ ᠬᠥᠮᠥᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠠᠴᠠ ᠬᠡᠯᠲᠦᠷᠢᠭᠦᠯᠦᠭᠰᠡᠨ ᠪᠠᠶᠢᠪᠠᠯ᠂ ᠠᠮᠠᠯᠠᠯᠲᠠ ᠶᠢᠨ ᠪᠢᠴᠢᠭ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠲᠡᠳᠡᠨ ᠢ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠰᠤᠷᠭᠠᠨ ᠬᠥᠮᠥᠵᠢᠭᠦᠯᠵᠦ᠂ ᠬᠥᠲᠥᠯᠥᠨ ᠵᠢᠯᠤᠭᠤᠳᠴᠤ᠂ ᠰᠢᠪᠠᠳᠠᠨ ᠱᠠᠭᠠᠷᠳᠠᠨ᠎ᠠ᠃ ᠢᠳᠡᠭᠡᠨ ᠤ ᠵᠦᠢᠯ ᠡᠮ ᠤᠨ ᠵᠦᠢᠯ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠨᠥᠬᠦᠴᠡᠯ᠂ ᠠᠶᠤᠯᠭᠦᠢ ᠦᠢᠯᠡᠳᠪᠦᠷᠢᠯᠡᠬᠦ ᠠᠵᠢᠯ᠂ ᠬᠥᠳᠡᠯᠮᠦᠷᠢ ᠶᠢᠨ ᠪᠠᠲᠤᠯᠠᠭ᠎ᠠ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠵᠡᠷᠭᠡ ᠭᠡᠨᠡᠳᠲᠡ ᠶᠢᠨ ᠬᠡᠷᠡᠭ ᠭᠠᠷᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠡᠨᠡᠳᠲᠡ ᠶᠢᠨ ᠬᠡᠷᠡᠭ ᠢ ᠠᠷᠭᠠᠴᠠᠬᠤ ᠠᠷᠭ᠎ᠠ ᠬᠡᠮᠵᠢᠶ᠎ᠡ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠲᠦᠷᠭᠡᠨ ᠪᠥᠭᠡᠳ ᠬᠦᠨᠳᠦ ᠪᠠᠷ ᠰᠢᠢᠳᠬᠡᠬᠦ ᠦᠶ᠎ᠡ ᠳᠤ ᠪᠠᠰᠠ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠵᠦᠢ ᠵᠣᠬᠢᠰᠲᠠᠢ ᠬᠠᠮᠠᠭᠠᠯᠠᠬᠤ ᠬᠡᠷᠡᠭᠲᠡᠢ᠃             ︵ᠠᠷᠪᠠ︶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢ ᠵᠠᠷᠯᠢᠭᠳᠠᠨ ᠪᠤᠴᠠᠭᠠᠨ ᠲᠥᠯᠥᠭᠦᠯᠬᠦ ᠳᠦᠷᠢᠮ ᠢ ᠨᠠᠷᠢᠯᠢᠭᠵᠢᠭᠤᠯᠵᠤ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠵᠦᠢ ᠵᠣᠬᠢᠰᠲᠠᠢ ᠬᠠᠮᠠᠭᠠᠯᠠᠬᠤ ᠬᠡᠷᠡᠭᠲᠡᠢ᠃ ᠲᠤᠬᠠᠢ ᠶᠢᠨ ᠬᠥᠮᠥᠨ ᠨᠢ ᠰᠠᠨᠠᠭᠠᠴᠢᠯᠠᠭ᠎ᠠ ᠠᠴᠠ ᠪᠠᠨ ᠪᠤᠴᠠᠭᠠᠨ ᠲᠥᠯᠥᠵᠦ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠤᠣᠷ ᠬᠥᠨᠥᠭᠡᠯ ᠤᠨ ᠦᠷ᠎ᠡ ᠤᠷᠰᠢᠭ ᠢ ᠠᠷᠢᠯᠭᠠᠭᠰᠠᠨ ᠪᠤᠶᠤ ᠬᠥᠩᠭᠡᠷᠡᠭᠦᠯᠦᠭᠰᠡᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠢ ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠦᠨ᠎ᠡ᠃ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠰᠢᠯᠵᠢᠭᠦᠯᠦᠨ ᠬᠦᠷᠭᠡᠬᠦ ᠲᠤᠬᠠᠢ ᠲᠣᠭᠲᠠᠭᠠᠯ︾  ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠪᠠᠷᠢᠬᠤ ᠪᠠᠶᠢᠭᠤᠯᠭ᠎ᠠ ᠶᠢᠨ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠲᠣᠭᠲᠠᠭᠠᠯ ᠶᠣᠰᠣᠭᠠᠷ ᠬᠡᠷᠡᠭ ᠢ ᠰᠢᠯᠵᠢᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠷᠡᠭ ᠢ ᠰᠢᠯᠵᠢᠭᠦᠯᠦᠨ ᠬᠦᠷᠭᠡᠬᠦ ᠪᠠᠷᠢᠮᠵᠢᠶ᠎ᠠ ᠪᠠ ᠭᠡᠷᠡᠴᠢ ᠪᠠᠷᠢᠮᠲᠠ ᠶᠢ ᠮᠠᠭᠠᠳᠯᠠᠨ ᠲᠣᠭᠲᠠᠭᠠᠵᠤ ᠬᠠᠮᠠᠭᠠᠯᠠᠨ ᠬᠠᠳᠠᠭᠠᠯᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠵᠢᠯ ᠤᠨ ᠬᠠᠮᠵᠢᠯᠴᠠᠭ᠎ᠠ ᠬᠢᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ ᠂ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠢ ᠰᠢᠰᠲ᠋ᠧᠮᠵᠢᠭᠦᠯᠦᠨ ᠰᠢᠢᠳᠪᠦᠷᠢᠯᠡᠬᠦ ᠪᠠ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠵᠡᠷᠭᠡ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠯᠳᠤᠭᠤᠯᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠵᠢ‌‍ᠬᠡᠷᠡᠭ ᠪᠠᠶᠢᠲᠠᠯ᠎ᠠ ᠦᠯᠦ ᠰᠢᠯᠵᠢᠭᠦᠯᠬᠦ ᠵᠡᠷᠭᠡ ᠶᠢᠨ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠲᠠᠪᠤ᠂ ᠵᠠᠰᠠᠭ ᠵᠠᠬᠢᠷᠭᠠᠨ ᠤ ᠰᠢᠢᠳᠬᠡᠯ ᠤᠨ ᠪᠠᠶᠢᠭᠤᠯᠤᠯ ᠲᠣᠭᠲᠠᠴᠠ ᠶᠢ ᠦᠷᠭᠦᠯᠵᠢᠯᠡᠨ ᠥᠭᠡᠷᠡᠴᠢᠯᠡᠨ᠎ᠡ             ︵ᠠᠷᠪᠠᠨ ᠨᠢᠭᠡ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ ᠠᠬᠢᠭᠤᠯᠵᠤ᠂ ᠢᠵᠢ ᠪᠦᠷᠢᠳᠦᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠣᠰ ᠭᠠᠵᠠᠷ ᠣᠷᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠬᠠᠭᠤᠳᠠᠰᠤ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠢᠯᠡ ᠪᠣᠯᠭᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠶᠡᠷᠦᠩᠬᠡᠶᠢᠯᠡᠭᠰᠡᠨ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠵᠢᠴᠢ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠨᠠᠩ ᠶᠡᠭᠡ ᠬᠦᠷᠢᠶ᠎ᠡ ᠬᠡᠪᠴᠢᠶ᠎ᠡ᠂ ᠨᠠᠩ ᠣᠯᠠᠨ ᠬᠦᠷᠢᠶ᠎ᠡ ᠴᠠᠷᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠷᠬᠡ ᠵᠢᠴᠢ ᠡᠭᠦᠨ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠬᠤ ᠡᠷᠬᠡ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠲᠥᠪᠯᠡᠷᠡᠭᠦᠯᠦᠨ ᠬᠡᠷᠡᠭᠵᠢᠭᠦᠯᠬᠦ ᠶᠢ ᠢᠳᠡᠪᠬᠢᠲᠡᠢ ᠯᠠᠪᠳᠠᠭᠤᠨ ᠢᠶᠠᠷ ᠰᠦᠪᠡᠭᠴᠢᠯᠡᠨ ᠥᠷᠨᠢᠭᠦᠯᠵᠦ ᠪᠣᠯᠣᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠬᠢᠭᠡᠳ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ᠂ ᠬᠠᠮᠵᠢᠯᠴᠠᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠭᠦᠨ ᠤ ᠵᠡᠷᠭᠡᠴᠡᠭᠡᠪᠡᠷ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠪᠠ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠦᠭᠰᠡᠨ ᠪᠠᠶᠢᠪᠠᠯ᠂ ᠬᠤᠯᠪᠣᠭᠳᠠᠯ ᠪᠦᠬᠦᠢ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠬᠢ ᠵᠢᠷᠤᠮ ᠲᠠᠢ ᠪᠠᠷ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠴᠡᠪᠡᠷ ᠬᠤᠭᠤᠰᠤᠨ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ᠃             ︵ᠠᠷᠪᠠᠨ ᠬᠤᠶᠠᠷ︶ ᠢᠳᠡᠪᠬᠢᠲᠡᠢ ᠯᠠᠪᠳᠠᠭᠤᠨ ᠢᠶᠠᠷ ᠡᠷᠬᠡ ᠣᠯᠭᠤᠭᠰᠠᠨ ᠰᠢᠶᠠᠩ ᠪᠠᠯᠭᠠᠰᠤ ᠵᠡᠭᠡᠯᠢ ᠭᠤᠳᠤᠮᠵᠢ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠦᠨ᠎ᠡ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠡᠷᠬᠡ ᠣᠯᠭᠤᠬᠤ᠂ ᠨᠠᠶᠢᠳᠠᠬᠤ᠂ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠪᠦᠲᠦᠮᠵᠢᠲᠡᠶ ᠪᠠᠷ ᠬᠦᠯᠢᠶᠡᠨ ᠠᠪᠴᠤ ᠳᠡᠶᠢᠯᠬᠦ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠡᠷᠬᠡ ᠣᠯᠭᠤᠬᠤ ᠳᠠᠭᠠᠨ ᠦᠨᠳᠦᠰᠦᠨ ᠱᠠᠲᠤᠨ ᠤ ᠰᠠᠨᠠᠯ ᠢ ᠰᠣᠨᠣᠰᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠬᠡᠷᠡᠭᠴᠡᠭᠡ ᠶᠢ ᠠᠩᠬᠠᠷᠴᠤ᠂ ᠵᠠᠰᠠᠭ ᠵᠠᠬᠢᠷᠭᠠᠨ ᠤ ᠰᠢᠢᠳᠬᠡᠯ ᠥᠭᠬᠦ ᠡᠷᠬᠡ ᠶᠢ ᠢᠳᠡᠪᠬᠢᠲᠡᠢ ᠯᠠᠪᠳᠠᠭᠤᠨ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠳᠣᠷᠣᠭᠰᠢ ᠪᠠᠭᠤᠯᠭᠠᠵᠤ᠂ ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠳᠣᠷᠣᠭᠰᠢ ᠪᠠᠭᠤᠯᠭᠠᠵᠤ᠂ ᠳᠣᠷᠣᠭᠰᠢ ᠪᠠᠭᠤᠯᠭᠠᠵᠤ ᠳᠡᠶᠢᠯᠬᠦ᠂ ᠬᠦᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠂ ᠬᠢᠨᠠᠯᠲᠠ ᠲᠠᠯᠪᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠲᠣᠬᠢᠷᠠᠭᠤᠯᠬᠤ ᠴᠢᠬᠤᠯᠠᠲᠠᠢ ᠶᠢ ᠨᠢ ᠴᠠᠭ ᠲᠤᠬᠠᠢ ᠳᠤᠨᠢ ᠲᠣᠬᠢᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠬᠤᠲᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠳ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠵᠠᠬᠢᠷᠭᠠᠨ ᠤ ᠰᠢᠢᠳᠬᠡᠯ ᠤᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠵᠢᠯᠤᠭᠤᠳᠬᠤ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠦᠨᠡᠯᠡᠨ ᠶᠠᠷᠢᠯᠴᠠᠵᠤ ᠬᠢᠨᠠᠨ ᠰᠢᠯᠭᠠᠬᠤ ᠵᠡᠷᠭᠡ ᠢᠵᠢ ᠪᠦᠷᠢᠳᠦᠭᠦᠯᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠰᠤᠷᠭᠠᠯᠲᠠ ᠶᠢ ᠦᠷᠭᠦᠯᠵᠢᠯᠡᠨ ᠥᠷᠨᠢᠭᠦᠯᠵᠦ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠢ᠃             ︵ᠠᠷᠪᠠᠨ ᠭᠤᠷᠪᠠ︶ ᠨᠠᠶᠢᠳᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠵᠢᠷᠤᠮᠵᠢᠭᠤᠯᠤᠨ᠎ᠠ‌ᠨᠠᠶᠢᠳᠠᠯᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠦᠨᠳᠦᠰᠦᠯᠡᠯ ᠲᠠᠢ ᠪᠠᠶᠢᠵᠤ᠂ ᠬᠠᠤᠯᠢ ᠶᠢ ᠴᠢᠩᠭ᠎ᠠ ᠵᠢᠷᠤᠮᠯᠠᠨ ᠪᠢᠴᠢᠭ ᠢᠶᠠᠷ ᠨᠠᠶᠢᠳᠠᠬᠤ ᠬᠡᠯᠪᠡᠷᠢ ᠶᠢ ᠬᠡᠷᠡᠭᠯᠡᠵᠦ᠂ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠨᠠᠶᠢᠳᠠᠯᠭ᠎ᠠ ᠬᠦᠯᠢᠶᠡᠭᠰᠡᠨ ᠵᠣᠬᠢᠶᠠᠨ ᠪᠠᠶᠢᠭᠤᠯᠤᠯᠲᠠ ᠨᠢ ᠨᠠᠶᠢᠳᠠᠯᠭ᠎ᠠ ᠶᠢᠨ ᠪᠢᠴᠢᠭ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠨᠢᠭᠡᠨᠲᠡ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠨᠠᠶᠢᠳᠠᠭᠰᠠᠨ ᠪᠣᠯᠪᠠᠴᠤ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠴᠠᠭ ᠲᠤᠬᠠᠢ ᠳᠤᠨᠢ ᠢᠯᠭᠠᠷᠠᠭᠤᠯᠤᠨ ᠲᠢᠭᠯᠡᠬᠦ ᠬᠡᠷᠡᠭᠲᠡᠢ᠃ ᠪᠢᠴᠢᠭᠯᠡᠭᠰᠡᠨ ᠨᠠᠶᠢᠳᠠᠯᠭ᠎ᠠ ᠶᠢᠨ ᠲᠣᠭᠲᠠᠭᠠᠯ ᠳᠤ ᠨᠡᠶᠢᠴᠡᠬᠦ ᠦᠭᠡᠢ᠂ ᠦᠨᠡᠨᠬᠦ ᠦᠷᠭᠦᠯᠵᠢᠯᠡᠨ ᠬᠡᠷᠡᠭᠵᠢᠭᠦᠯᠬᠦ ᠴᠢᠬᠤᠯᠠ ᠲᠠᠢ ᠪᠣᠯ᠂ ᠬᠠᠮᠢᠶ᠎ᠠ ᠪᠦᠬᠦᠢ ᠭᠠᠷᠳᠠᠮ ᠢ ᠬᠠᠤᠯᠢ ᠶᠣᠰᠣᠭᠠᠷ ᠴᠠᠭ ᠲᠤᠬᠠᠢ ᠳᠤᠨᠢ ᠲᠡᠭᠦᠯᠳᠡᠷᠵᠢᠭᠦᠯᠬᠦ ᠬᠡᠷᠡᠭᠲᠡᠢ᠃ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠰᠢᠭᠤᠳ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠨᠠᠶᠢᠳᠠᠯᠭ᠎ᠠ ᠶᠢᠨ ᠪᠢᠴᠢᠭ ᠢᠶᠠᠨ ᠪᠦᠷᠢᠳᠬᠡᠭᠦᠯᠬᠦ ᠬᠡᠷᠡᠭᠲᠡᠢ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠵᠡᠷᠭᠡ ᠰᠠᠯᠠᠭ᠎ᠠ ᠮᠥᠴᠢᠷ ᠨᠢ ᠵᠢᠯᠣᠭᠤᠳᠤᠯᠭ᠎ᠠ᠂ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃             ︵ᠠᠷᠪᠠᠨ ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠳᠡᠭᠡᠭᠰᠢᠯᠡᠭᠦᠯᠦᠨ᠎ᠡ ᠃ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ︽ᠨᠢᠭᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠵᠦ᠂ ᠤᠯᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠳᠠᠯᠢ ᠨᠢᠭᠡᠨ ᠴᠠᠭ ᠢ ᠰᠦᠪᠡᠭᠴᠢᠯᠡᠨ ᠬᠡᠷᠡᠭᠵᠢᠭᠦᠯᠵᠦ᠂ ᠠᠳᠠᠯᠢ ᠨᠢᠭᠡᠨ ᠬᠠᠤᠯᠢ ᠬᠡᠷᠡᠭᠵᠢᠭᠦᠯᠬᠦ ᠡᠲᠡᠭᠡᠳ ᠲᠤ ᠴᠢᠭᠯᠡᠭᠦᠯᠦᠨ ᠬᠠᠮᠲᠤᠷᠠᠨ ᠪᠠᠶᠢᠴᠠᠭᠠᠬᠤ᠂ ᠪᠠᠶᠢᠴᠠᠭᠠᠬᠤ ᠠᠵᠢᠯ ᠢ ᠥᠷᠨᠢᠭᠦᠯᠵᠦ᠂ ᠬᠠᠤᠯᠢ ᠬᠡᠷᠡᠭᠵᠢᠭᠦᠯᠦᠨ ᠠᠷᠠᠳ ᠢ ᠦᠢᠮᠡᠭᠦᠯᠬᠦ ᠠᠴᠠ ᠰᠡᠷᠭᠡᠶᠢᠯᠡᠨ᠎ᠡ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠮᠵᠢᠯᠴᠠᠬᠤ ᠳᠦᠷᠢᠮ ᠢ ᠪᠦᠷᠢᠨᠰᠢᠭᠦᠯᠵᠦ᠂ ᠬᠠᠮᠵᠢᠯᠴᠠᠬᠤ ᠶᠢᠨ ᠬᠡᠷᠡᠭᠵᠢᠭᠦᠯᠬᠦ ᠭᠤᠣᠯ ᠴᠣᠭᠴᠠ᠂ ᠴᠠᠭ ᠤᠨ ᠬᠢᠵᠠᠭᠠᠷ ᠤᠨ ᠱᠠᠭᠠᠷᠳᠠᠯᠭ᠎ᠠ᠂ ᠠᠵᠢᠯ ᠤᠨ ᠲᠠᠰ ᠳᠠᠷᠠᠭᠠᠯᠠᠯ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠪᠰᠤᠷᠤᠭᠤᠯᠬᠤ ᠪᠠᠷ ᠭᠤᠶᠤᠴᠢᠯᠠᠬᠤ ᠳᠤ᠂ ᠲᠤᠰ ᠪᠡᠶ᠎ᠡ ᠶᠢᠨ ᠡᠷᠬᠡ ᠲᠤᠰᠢᠶᠠᠯ ᠤᠨ ᠬᠡᠪᠴᠢᠶᠡᠨ ᠳᠠᠬᠢ ᠬᠡᠷᠡᠭ ᠶᠠᠪᠤᠳᠠᠯ ᠳᠤ ᠬᠠᠷᠢᠶᠠᠯᠠᠭᠳᠠᠪᠠᠯ᠂ ᠬᠠᠮᠵᠢᠯᠴᠠᠬᠤ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠬᠡᠷᠡᠭᠲᠡᠢ᠂ ᠤᠴᠢᠷ ᠰᠢᠯᠲᠠᠭᠠᠨ ᠦᠭᠡᠢ ᠪᠠᠷ ᠲᠡᠪᠴᠢᠵᠦ᠂ ᠤᠳᠠᠭᠠᠰᠢᠷᠠᠭᠤᠯᠵᠤ ᠪᠣᠯᠬᠤ ᠦᠭᠡᠢ᠃ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠲᠡᠪᠴᠢᠭᠰᠡᠨ᠂ ᠤᠳᠠᠭᠠᠰᠢᠷᠠᠭᠤᠯᠤᠭᠰᠠᠨ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠥᠮᠥᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ᠂ ᠣᠷᠣᠨ ᠬᠡᠰᠡᠭ ᠤᠨ ᠴᠥᠷᠬᠡᠯᠡᠭᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠥᠨᠳᠥᠷ ᠳᠠᠪᠲᠠᠮᠵᠢᠲᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠵᠦᠢᠯᠡᠰ ᠤᠨ ᠬᠠᠮᠵᠢᠯᠴᠠᠭ᠎ᠠ ᠶᠢ ᠤᠷᠢᠳᠠᠪᠠᠷ ᠠᠬᠢᠭᠤᠯᠵᠤ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠬᠠᠷᠢᠯᠴᠠᠨ ᠬᠤᠯᠪᠣᠯᠳᠤᠭᠤᠯᠬᠤ᠂ ᠬᠢᠨᠠᠨ ᠬᠠᠮᠢᠶᠠᠷᠬᠤ ᠪᠠᠷᠢᠮᠵᠢᠶ᠎ᠠ ᠶᠢ ᠬᠠᠷᠢᠯᠴᠠᠨ ᠨᠡᠪᠲᠡᠷᠡᠯᠴᠡᠭᠦᠯᠬᠦ᠂ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠭᠠᠵᠠᠷ ᠣᠷᠣᠨ ᠨᠢ ᠣᠷᠣᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠶᠢ ᠨᠢᠭᠡ ᠴᠣᠭᠴᠠᠵᠢᠭᠤᠯᠤᠨ ᠬᠠᠮᠲᠤᠷᠠᠯᠴᠠᠬᠤ ᠳᠦᠷᠢᠮ ᠤᠨ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠤᠷᠢᠳᠴᠢᠯᠠᠨ ᠰᠡᠷᠡᠮᠵᠢᠯᠡᠭᠦᠯᠵᠦ ᠮᠡᠳᠡᠭᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠶᠠᠯᠠᠬᠤ᠂ ᠪᠠᠶᠢᠴᠠᠭᠠᠬᠤ᠂ ᠭᠦᠢᠴᠡᠳᠬᠡᠬᠦ ᠵᠡᠷᠭᠡ ᠲᠠᠯ᠎ᠠ ᠶᠢᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠤᠯᠤᠰ ᠲᠤ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠬᠠᠩᠭᠠᠵᠤ ᠪᠣᠯᠣᠨ᠎ᠠ᠃            ᠵᠢᠷᠭᠤᠭ᠎ᠠ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠪᠠᠨ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ             ︵ᠠᠷᠪᠠᠨ ᠲᠠᠪᠤ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠮᠤᠵᠢ ᠬᠤᠲᠠ ᠰᠢᠶᠠᠨ ᠰᠢᠶᠠᠩ ᠳᠥᠷᠪᠡᠨ ᠱᠠᠲᠤ ᠶᠢ ᠨᠡᠶᠢᠳᠡᠮ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠲᠠᠯ᠎ᠠ ᠶᠢᠨ᠂ ᠪᠥᠬᠦ ᠶᠠᠪᠤᠴᠠ ᠪᠠᠷ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠴᠢᠬᠤᠯᠠ ᠶᠡᠭᠡ ᠠᠰᠠᠭᠤᠳᠠᠯ ᠢ ᠪᠠᠶᠢᠴᠠᠭᠠᠵᠤ ᠰᠢᠪᠠᠳᠠᠨ ᠰᠢᠢᠳᠪᠦᠷᠢᠯᠡᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠢᠴᠢᠭ ᠬᠠᠷ᠎ᠠ ᠶᠢᠨ ᠵᠠᠭᠪᠤᠷ ᠤᠨ ᠲᠣᠪᠬᠢᠮᠠᠯ ᠢ ᠰᠢᠨᠡᠳᠬᠡᠵᠦ᠂ ᠬᠡᠷᠡᠭ ᠰᠢᠢᠳᠪᠦᠷᠢᠯᠡᠬᠦ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠠᠰ ᠳᠠᠪᠬᠤᠷᠭ᠎ᠠ ᠳᠤ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ᠂ ᠬᠡᠷᠡᠭ ᠪᠠᠶᠢᠲᠠᠯ᠎ᠠ ᠥᠯᠥ ᠳᠠᠩᠰᠠᠯᠠᠬᠤ᠂ ᠬᠡᠷᠡᠭ ᠪᠠᠶᠢᠲᠠᠯ᠎ᠠ ᠥᠯᠥ ᠰᠢᠯᠵᠢᠭᠦᠯᠬᠦ᠂ ᠤᠳᠠᠭᠠᠨ ᠪᠠᠶᠢᠴᠠᠭᠠᠭᠠᠳ ᠥᠯᠥ ᠳᠠᠭᠤᠰᠬᠠᠬᠤ᠂ ᠬᠡᠲᠦᠷᠡᠭᠦᠯᠦᠨ ᠲᠣᠷᠭᠠᠭᠰᠠᠨ ᠨᠢ ᠵᠣᠬᠢᠰ ᠦᠭᠡᠢ᠂ ᠭᠦᠢᠴᠡᠳᠬᠡᠬᠦ ᠳᠤ ᠬᠤᠶᠢᠷᠭᠤᠰᠢᠭᠰᠠᠨ ᠵᠡᠷᠭᠡ ᠬᠡᠮ ᠠᠷᠬᠠᠭ ᠢ ᠦᠨᠡᠨ ᠬᠦ ᠴᠡᠭᠴᠡᠯᠡᠨ ᠵᠠᠰᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠳᠠᠯᠢ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠵᠢᠷᠤᠮᠵᠢᠭᠤᠯᠬᠤ ᠬᠡᠷᠡᠭᠲᠡᠢ᠃ ᠦᠨᠡᠯᠡᠨ ᠶᠠᠷᠢᠯᠴᠠᠵᠤ ᠰᠢᠯᠭᠠᠨ ᠬᠢᠨᠠᠬᠤ᠂ ᠪᠦᠷᠢᠳᠬᠡᠨ ᠵᠠᠳᠠᠯᠬᠤ ᠳᠦᠷᠢᠮ ᠢ ᠲᠡᠭᠦᠯᠳᠡᠷᠵᠢᠭᠦᠯᠵᠦ᠂ ᠲᠣᠷᠭᠠᠬᠤ ᠲᠤᠭ᠎ᠠ ᠬᠡᠮᠵᠢᠶ᠎ᠡ᠂ ᠲᠣᠷᠭᠠᠵᠤ ᠬᠤᠷᠢᠶᠠᠭᠰᠠᠨ ᠲᠤᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠪᠠᠷ ᠭᠤᠣᠯ ᠰᠢᠯᠭᠠᠨ ᠬᠢᠨᠠᠬᠤ ᠦᠨᠳᠦᠰᠦᠯᠡᠯ ᠪᠣᠯᠭᠠᠵᠤ ᠪᠣᠯᠬᠤ ᠦᠭᠡᠢ᠃ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠤ ᠠᠬᠤᠢ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ᠂ ᠠᠷᠠᠳ ᠢᠷᠭᠡᠳ᠂ ᠬᠠᠤᠯᠢ ᠶᠢᠨ ᠡᠲᠡᠭᠡᠳ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠳᠤ ᠦᠵᠡᠭᠦᠯᠬᠦ ᠦᠢᠯᠡᠳᠦᠯ ᠢ ᠶᠡᠷᠦᠩᠬᠡᠶᠢᠯᠡᠨ ᠦᠨᠡᠯᠡᠨ ᠵᠢᠱᠢᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠤᠨ ᠠᠮᠵᠢᠯᠲᠠ‌ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠯᠲᠠ ᠲᠠᠯᠪᠢᠬᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠦᠴᠦᠨ ᠤ ᠲᠣᠬᠢᠷᠠᠭᠤᠯᠤᠯᠲᠠ᠂ ᠠᠵᠢᠯ ᠤᠨ ᠨᠥᠬᠦᠴᠡᠯ᠂ ᠴᠢᠳᠠᠪᠤᠷᠢ ᠶᠢᠨ ᠬᠢᠷᠢ ᠬᠡᠮᠵᠢᠶ᠎ᠡ ᠶᠢ ᠠᠵᠢᠯ ᠤᠨ ᠡᠭᠦᠷᠭᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃            ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ ᠶᠢ ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯᠲᠠ ᠶᠢ ᠦᠨᠡᠨᠬᠦ ᠴᠢᠩᠭᠠᠳᠬᠠᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠯᠲᠠ ᠶᠢ ᠴᠢᠩᠭᠠᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠦᠭᠰᠡᠨ ᠲᠤᠷᠰᠢᠯᠭ᠎ᠠ ᠪᠠ ᠠᠷᠭ᠎ᠠ ᠬᠢᠳᠡᠯ ᠢ ᠡᠮᠬᠢᠯᠡᠨ ᠳ᠋ᠦᠩᠨᠡᠵᠦ᠂ ᠴᠢᠬᠤᠯᠠ ᠪᠠᠶᠢᠳᠠᠯ ᠪᠠ ᠠᠰᠠᠭᠤᠳᠠᠯ ᠢ ᠬᠠᠤᠯᠢ ᠴᠠᠭᠠᠵᠠ ᠶᠢᠨ ᠶᠠᠮᠤᠨ ᠳᠤ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠬᠠᠤᠯᠢ ᠴᠠᠭᠠᠵᠠ ᠶᠢᠨ ᠶᠠᠮᠤᠨ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠠᠳᠬᠤᠵᠤ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠴᠢᠬᠤᠯᠠ ᠶᠡᠭᠡ ᠪᠠᠶᠢᠳᠠᠯ ᠵᠢᠴᠢ ᠴᠠᠭ ᠲᠤᠬᠠᠢ ᠳᠤᠨᠢ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠃ ᠡᠭᠦᠨ ᠠᠴᠠ ᠡᠮᠦᠨ᠎ᠡ ᠨᠡᠶᠢᠲᠡᠯᠡᠭᠰᠡᠨ ᠲᠦᠷᠦ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃            ᠲᠥᠷᠥ ᠶᠢᠨ ᠶᠠᠪᠤᠳᠠᠯ ᠤᠨ ᠬᠤᠷᠢᠶ᠎ᠠ            2021 ᠣᠨ ᠤ 11 ᠰᠠᠷ᠎ᠠ ᠶᠢᠨ 15      ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ᠬᠠᠤᠯᠢ ᠪᠠᠷᠢᠬᠤ ᠶᠠᠮᠤᠨ ᠤ ᠬᠠᠷᠢᠭᠤᠴᠠᠯᠭᠠᠲᠠᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ﹀ ᠶᠢ ᠤᠯᠠᠮ ᠲᠤᠤᠱᠯᠠᠭᠤᠯᠤᠨ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾  ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ      ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠵᠠᠰᠠᠭ ᠵᠠᠬᠢᠷᠭᠠᠨ ᠤ ᠵᠠᠷᠭᠤ ᠶᠢᠨ ᠲᠠᠪᠤᠨ ᠬᠡᠷᠡᠭ        ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号