| | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠠᠶᠤᠯᠭᠦᠢ ᠶᠢ ᠦᠨᠡᠯᠡᠬᠦ ᠪᠠᠶᠢᠭᠤᠯᠤᠮᠵᠢ᠂ ᠠᠶᠤᠯᠭᠦᠢ ᠦᠢᠯᠡᠳᠪᠦᠷᠢᠯᠡᠬᠦ ᠠᠵᠢᠯ ᠤᠨ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ︵ᠳᠣᠷᠣᠭᠰᠢ ᠠᠶᠤᠯᠭᠦᠢ ᠶᠢ ᠦᠨᠡᠯᠡᠵᠦ ᠪᠠᠶᠢᠴᠠᠭᠠᠨ | ᠰᠢᠯᠭᠠᠬᠤ ᠪᠠᠶᠢᠭᠤᠯᠤᠮᠵᠢ ᠭᠡᠵᠦ ᠶᠡᠷᠦᠩᠬᠡᠶᠢᠯᠡᠨ ᠨᠡᠷᠡᠯᠡᠨ᠎ᠡ︶ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯᠭᠦᠢ ᠶᠢ | ᠦᠨᠡᠯᠡᠬᠦ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠥᠢᠯᠡ | ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ | ᠠᠷᠭ᠎ᠠ ᠶᠢ ᠲᠣᠭᠲᠠᠭᠠᠪᠠ᠃ | | ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠤᠨ | ᠳᠣᠲᠣᠷ᠎ᠠ ᠠᠶᠤᠯᠭᠦᠢ ᠶᠢᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠴᠢᠳᠠᠮᠵᠢ ᠶᠢ | ᠭᠤᠶᠤᠴᠢᠯᠠᠵᠤ᠂ ᠬᠠᠤᠯᠢ ᠪᠠᠷ ᠲᠣᠭᠲᠠᠭᠠᠭᠰᠠᠨ ᠠᠶᠤᠯᠭᠦᠢ ᠶᠢᠨ ᠦᠨᠡᠯᠡᠯᠲᠡ᠂ ᠪᠠᠶᠢᠴᠠᠭᠠᠨ ᠰᠢᠯᠭᠠᠵᠤ ᠪᠠᠶᠢᠴᠠᠭᠠᠨ | ᠰᠢᠯᠭᠠᠬᠤ ᠦᠢᠯᠡᠴᠢᠯᠡᠭᠡᠨ ︵ᠳᠠᠭᠠᠯᠳᠤᠭᠤᠯᠤᠯ 1︶ ᠡᠷᠬᠢᠯᠡᠬᠦ ᠵᠢᠴᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠶᠤᠯᠭᠦᠢ ᠶᠢᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ | ᠬᠡᠷᠡᠭᠵᠢᠭᠦᠯᠬᠦ ᠳᠤ ᠲᠤᠰ ᠠᠷᠭ᠎ᠠ ᠲᠣᠬᠢᠷᠠᠨ᠎ᠠ᠃ | | ᠳᠠᠯᠠᠢ ᠲᠠᠩᠭᠢᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠠᠵᠢᠯ ᠢ | ᠡᠷᠬᠢᠯᠡᠨ ᠬᠢᠬᠦ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠬᠠᠮᠢᠶᠠᠷᠤᠯᠲᠠ ᠶᠢᠨ ᠠᠷᠭ᠎ᠠ ᠶᠢ ᠠᠰ ᠲᠤᠨᠢ ᠲᠣᠭᠲᠠᠭᠠᠨ᠎ᠠ᠃ | | ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠬᠦ ᠤᠯᠤᠰ ᠤᠨ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ | ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠤᠭᠤᠳᠴᠤ᠂ ᠠᠶᠤᠯᠭᠦᠢ ᠶᠢ | ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ | ᠰᠢᠰᠲ᠋ᠧᠮ ᠢ ᠪᠠᠶᠢᠭᠤᠯᠵᠤ᠂ ᠠᠶᠤᠯᠭᠦᠢ ᠶᠢ ᠦᠨᠡᠯᠡᠬᠦ᠂ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠷᠢᠮᠵᠢᠶ᠎ᠠ ᠶᠢᠨ | ᠰᠢᠰᠲ᠋ᠧᠮ ᠢ ᠲᠡᠭᠦᠯᠳᠡᠷᠵᠢᠭᠦᠯᠦᠨ᠎ᠡ᠃ | | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ | ᠬᠢᠨᠠᠵᠤ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠶᠤᠯᠭᠦᠢ ᠶᠢ | ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠ | ᠬᠢᠨᠠᠵᠤ ᠬᠠᠮᠢᠶᠠᠷᠬᠤ ᠠᠵᠢᠯ ᠢ ᠲᠤᠰ ᠲᠤᠰ ᠬᠠᠷᠢᠭᠤᠴᠠᠨ᠎ᠠ᠃ | | ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠶᠤᠯᠭᠦᠢ ᠶᠢ ᠦᠨᠡᠯᠡᠬᠦ | ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢ ᠬᠢᠨᠠᠨ | ᠪᠠᠶᠢᠴᠠᠭᠠᠬᠤ ᠶᠢᠨ ᠬᠠᠮᠲᠤ ᠣᠯᠵᠤ ᠮᠡᠳᠡᠭᠰᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤᠨᠢ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ | | ᠳᠥᠷᠪᠡᠳᠦᠭᠡᠷ ᠵᠦᠢᠯ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠵᠢᠴᠢ | ᠲᠡᠭᠦᠨ ᠤ ᠠᠵᠢᠯᠯᠠᠭᠴᠢᠳ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠠᠷᠢᠮᠵᠢᠶ᠎ᠠ ᠶᠣᠰᠣᠭᠠᠷ᠂ | ᠰᠢᠨᠵᠢᠯᠡᠬᠦ ᠤᠬᠠᠭᠠᠨᠴᠢ ᠲᠥᠪ ᠭᠤᠣᠯᠴᠢ᠂ ᠪᠡᠶ᠎ᠡ ᠪᠠᠨ ᠳᠠᠭᠠᠭᠠᠵᠤ ᠪᠤᠰᠤᠳᠴᠢ᠂ ᠠᠶᠤᠯᠭᠦᠢ ᠪᠥᠭᠡᠳ ᠣᠨᠣᠪᠴᠢᠲᠠᠶ | ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠪᠠ ᠠᠵᠢᠯ ᠡᠷᠬᠢᠯᠡᠬᠦ ᠪᠠᠷᠢᠮᠵᠢᠶ᠎ᠠ ᠶᠢ ᠵᠢᠷᠤᠮᠯᠠᠵᠤ᠂ ᠠᠶᠤᠯᠭᠦᠢ ᠶᠢ | ᠦᠨᠡᠯᠡᠬᠦ ᠪᠠ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯ ᠢ ᠪᠡᠶ᠎ᠡ ᠪᠠᠨ ᠳᠠᠭᠠᠭᠠᠵᠤ ᠥᠷᠨᠢᠭᠦᠯᠬᠦ ᠶᠢᠨ | ᠬᠠᠮᠲᠤ ᠲᠡᠭᠦᠨ ᠤ ᠭᠠᠷᠭᠠᠭᠰᠠᠨ ᠠᠶᠤᠯᠭᠦᠢ ᠶᠢᠨ ᠦᠨᠡᠯᠡᠯᠲᠡ ᠪᠠ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠭᠰᠠᠨ | ᠦᠷ᠎ᠡ ᠳ᠋ᠦᠩ ᠳᠡᠭᠡᠨ ᠬᠠᠷᠢᠭᠤᠴᠠᠬᠤ ᠬᠡᠷᠡᠭᠲᠡᠢ᠃ | | ᠲᠠᠪᠤᠳᠤᠭᠠᠷ ᠵᠦᠢᠯ ᠤᠯᠤᠰ ᠠᠴᠠ ᠠᠶᠤᠯᠭᠦᠢ ᠶᠢ ᠦᠨᠡᠯᠡᠬᠦ᠂ ᠪᠠᠶᠢᠴᠠᠭᠠᠨ ᠰᠢᠯᠭᠠᠬᠤ ᠮᠡᠷᠭᠡᠵᠢᠯ ᠤᠨ | ᠦᠢᠯᠡᠴᠢᠯᠡᠭᠡ ᠬᠠᠩᠭᠠᠬᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢ ᠲᠡᠮᠵᠢᠨ ᠬᠥᠭᠵᠢᠭᠦᠯᠵᠦ᠂ ᠬᠤᠯᠪᠣᠭᠳᠠᠯ | ᠪᠦᠬᠦᠢ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠠᠶᠤᠯᠭᠦᠢ ᠶᠢ ᠦᠨᠡᠯᠡᠬᠦ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠨ ᠲᠣᠭᠲᠠᠭᠠᠬᠤ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ | ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠦᠨᠡᠯᠡᠨ ᠲᠣᠭᠲᠠᠭᠠᠬᠤ ᠰᠢᠰᠲ᠋ᠧᠮ ᠢ ᠲᠡᠭᠦᠯᠳᠡᠷᠵᠢᠭᠦᠯᠦᠨ᠂ | ᠮᠡᠷᠭᠡᠵᠢᠯ ᠤᠨ ᠬᠥᠨᠳᠡᠯᠡᠨ ᠠᠴᠠ ᠲᠠᠰᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠲᠦᠷᠦᠯ ᠤᠨ | ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ | ᠲᠦᠷᠦᠯ ᠤᠨ ᠡᠮᠬᠢ ᠵᠢᠷᠤᠮ ᠢ ᠬᠠᠮᠠᠭᠠᠯᠠᠨ᠎ᠠ᠃ | | ᠬᠤᠶᠠᠳᠤᠭᠠᠷ ᠪᠦᠯᠦᠭ ᠬᠢᠷᠢ ᠴᠢᠳᠠᠯ ᠢ ᠮᠡᠳᠡᠷᠡᠨ ᠵᠥᠪᠰᠢᠶᠡᠷᠡᠬᠦ | | ᠵᠢᠷᠭᠤᠳᠤᠭᠠᠷ ᠵᠦᠢᠯ ᠠᠶᠤᠯᠭᠦᠢ ᠶᠢᠨ ᠦᠨᠡᠯᠡᠯᠲᠡ ᠬᠢᠬᠦ ᠪᠠᠶᠢᠭᠤᠯᠤᠮᠵᠢ ᠶᠢᠨ ᠬᠢᠷᠢ ᠴᠢᠳᠠᠯ ᠢ | ᠭᠤᠶᠤᠴᠢᠯᠠᠬᠤ ᠳᠤ ᠳᠠᠷᠠᠭᠠᠬᠢ ᠨᠥᠬᠦᠴᠡᠯ ᠪᠠᠶᠢᠳᠠᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠲᠠᠢ᠂ ᠲᠣᠭᠲᠠᠮᠠᠯ ᠬᠥᠷᠥᠩᠭᠡ ᠨᠢ | ᠨᠠᠢᠮᠠᠨ ᠵᠠᠭᠤᠨ ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠬᠤ᠃ | | ︵ᠬᠤᠶᠠᠷ︶ ᠠᠵᠢᠯᠯᠠᠬᠤ ᠲᠠᠯᠠᠪᠤᠷ ᠤᠨ ᠪᠠᠷᠢᠯᠭ᠎ᠠ ᠶᠢᠨ ᠲᠠᠯᠠᠪᠠᠶ ᠶᠢ ᠮᠢᠩᠭᠠᠨ ᠲᠡᠭᠰᠢ ᠳᠥᠷᠪᠡᠯᠵᠢᠨ | ᠮᠧᠲᠷ ᠠᠴᠠ ᠳᠤᠲᠠᠭᠤ ᠦᠭᠡᠢ ᠪᠠᠶᠢᠯᠭᠠᠵᠤ᠂ ᠡᠭᠦᠨ ᠳᠤ ᠲᠠᠩᠰᠠ ᠡᠪᠬᠡᠮᠡᠯ ᠤᠨ ᠲᠠᠰᠤᠭ ᠢ ᠵᠠᠭᠤᠨ ᠲᠡᠭᠰᠢ | ᠳᠥᠷᠪᠡᠯᠵᠢᠨ ᠮᠧᠲᠷ ᠠᠴᠠ ᠳᠤᠲᠠᠭᠤ ᠦᠭᠡᠢ ᠪᠠᠶᠢᠯᠭᠠᠵᠤ᠂ ᠲᠥᠬᠦᠭᠡᠷᠦᠮᠵᠢ᠂ ᠲᠥᠬᠦᠭᠡᠷᠦᠮᠵᠢ᠂ ᠵᠥᠭᠡᠯᠡᠨ ᠲᠣᠨᠤᠭ | ᠵᠡᠷᠭᠡ ᠮᠡᠷᠭᠡᠵᠢᠯ ᠤᠨ ᠲᠤᠯᠭᠠᠭᠤᠷᠢᠯᠠᠬᠤ ᠨᠥᠬᠦᠴᠡᠯ ᠨᠢ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | | ︵ᠭᠤᠷᠪᠠ︶ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠠᠶᠤᠯᠲᠠᠢ ᠬᠢᠮᠢ ᠶᠢᠨ ᠪᠣᠳᠠᠰ ᠢ | ᠦᠢᠯᠡᠳᠪᠦᠷᠢᠯᠡᠬᠦ ᠪᠠ ᠬᠠᠳᠠᠭᠠᠯᠠᠬᠤ᠂ ᠬᠤᠸᠠᠷ ᠫᠤᠤᠵᠢᠩ ᠵᠡᠷᠭᠡ ᠲᠤᠬᠠᠶᠢᠯᠠᠭᠰᠠᠨ ᠠᠵᠢᠯ ᠤᠨ ᠬᠦᠷᠢᠶ᠎ᠡ | ᠬᠡᠪᠴᠢᠶ᠎ᠡ ᠶᠢᠨ ᠠᠶᠦᠯᠭᠦᠢ ᠶᠢᠨ ᠦᠨᠡᠯᠡᠯᠲᠡ ᠶᠢ ᠡᠭᠦᠷᠭᠡᠯᠡᠬᠦ ᠪᠠᠶᠢᠭᠤᠯᠤᠮᠵᠢ ᠶᠢᠨ ᠲᠤᠰᠬᠠᠢ ᠲᠤᠰᠢᠶᠠᠯᠲᠤ | ᠠᠶᠦᠯᠭᠦᠢ ᠶᠢᠨ ᠦᠨᠡᠯᠡᠭᠴᠢ ᠨᠢ ᠲᠣᠰ ᠠᠷᠭ᠎ᠠ ᠳᠤ ᠲᠣᠭᠲᠠᠭᠠᠭᠰᠠᠨ ᠲᠣᠬᠢᠷᠠᠭᠤᠯᠬᠤ ᠪᠠᠷᠢᠮᠵᠢᠶ᠎ᠠ ᠠᠴᠠ ᠳᠣᠣᠷ᠎ᠠ | ᠪᠠᠶᠢᠵᠤ ᠪᠣᠯᠬᠤ ᠦᠭᠡᠢ ︵ᠳᠠᠭᠠᠯᠳᠤᠭᠤᠯᠤᠯ 1︶᠃ | | ︵ᠳᠥᠷᠪᠡ︶ ᠳᠠᠩ ᠭᠠᠭᠴᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠡᠭᠦᠷᠭᠡᠯᠡᠵᠦ ᠪᠠᠶᠢᠭ᠎ᠠ | ᠠᠶᠤᠯᠭᠦᠢ ᠶᠢᠨ ᠦᠨᠡᠯᠡᠯᠲᠡ ᠶᠢᠨ ᠪᠠᠶᠢᠭᠤᠯᠤᠮᠵᠢ ᠶᠢᠨ ᠠᠶᠤᠯᠭᠦᠢ ᠶᠢᠨ ᠲᠤᠰᠬᠠᠢ ᠦᠨᠡᠯᠡᠭᠴᠢ ᠨᠢ ᠬᠤᠷᠢᠨ ᠲᠠᠪᠤᠨ | ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠃ ᠨᠢᠭᠡ ᠠᠵᠢᠯ ᠲᠥᠷᠥᠯ ︵ᠬᠦᠷᠢᠶ᠎ᠡ ᠴᠠᠷᠠᠭ᠎ᠠ︶ ᠨᠡᠮᠡᠬᠦ ᠪᠦᠷᠢ᠂ | ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠣᠰᠣᠭᠠᠷ ᠨᠠᠭᠠᠲᠤ ᠵᠠᠬ᠎ᠠ ᠳᠠᠭᠠᠨ ᠲᠠᠪᠤᠨ ᠲᠤᠰᠬᠠᠢ | ᠲᠤᠰᠢᠶᠠᠯᠲᠤ ᠠᠶᠦᠯᠭᠦᠢ ᠶᠢᠨ ᠦᠨᠡᠯᠡᠭᠴᠢ ᠨᠡᠮᠡᠨ᠎ᠡ᠃ ᠲᠤᠰᠬᠠᠢ ᠲᠤᠰᠢᠶᠠᠯᠲᠤ ᠠᠶᠦᠯᠭᠦᠢ ᠶᠢᠨ ᠦᠨᠡᠯᠡᠭᠴᠢ ᠶᠢᠨ | ᠳᠣᠲᠣᠷ᠎ᠠ᠂ ᠨᠢᠭᠡᠳᠦᠭᠡᠷ ᠳᠡᠰ ᠤᠨ ᠠᠶᠦᠯᠭᠦᠢ ᠶᠢᠨ ᠦᠨᠡᠯᠡᠭᠴᠢ ᠶᠢᠨ ᠬᠠᠷᠢᠴᠠᠯ ᠢ ᠵᠠᠭᠤᠨ ᠤ ᠬᠤᠷᠢ ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠂ ᠨᠢᠭᠡᠳᠦᠭᠡᠷ ᠳᠡᠰ ᠪᠠ ᠬᠤᠶᠠᠳᠤᠭᠠᠷ ᠳᠡᠰ ᠤᠨ ᠠᠶᠦᠯᠭᠦᠢ ᠶᠢᠨ ᠦᠨᠡᠯᠡᠭᠴᠢ ᠶᠢᠨ | ᠶᠡᠷᠦᠩᠬᠡᠢ ᠲᠣᠭᠠᠨ ᠤ ᠬᠠᠷᠢᠴᠠᠯ ᠢ ᠵᠠᠭᠤᠨ ᠤ ᠲᠠᠪᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠮᠥᠷᠲᠡᠭᠡᠨ ᠳᠤᠮᠳᠠ | ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠳᠠᠩᠰᠠᠯᠠᠭᠤᠯᠤᠭᠰᠠᠨ ᠠᠶᠦᠯᠭᠦᠢ ᠶᠢᠨ ᠢᠨᠵᠧᠨᠧᠷ ᠤᠨ ᠬᠠᠷᠢᠴᠠᠯ ᠢ | ᠵᠠᠭᠤᠨ ᠤ ᠭᠤᠴᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | | ︵ᠲᠠᠪᠤ︶ ᠪᠦᠷᠢᠨ ᠲᠡᠭᠦᠯᠳᠡᠷ ᠳᠣᠲᠣᠭᠠᠳᠤ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ | ᠦᠨᠡᠯᠡᠯᠲᠡ ᠶᠢᠨ ᠶᠠᠪᠤᠴᠠ ᠶᠢ ᠡᠵᠡᠮᠳᠡᠬᠦ ᠰᠢᠰᠲ᠋ᠧᠮ᠃ | | ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷᠭᠠᠭᠰᠠᠨ ᠠᠶᠤᠯᠭᠦᠢ ᠶᠢᠨ | ᠦᠨᠡᠯᠡᠯᠲᠡ ᠶᠢᠨ ᠬᠠᠤᠯᠢ ᠶᠢᠨ ᠬᠠᠷᠢᠭᠤᠴᠠᠯᠭ᠎ᠠ᠂ ᠡᠭᠦᠷᠭᠡ᠂ ᠡᠷᠬᠡ ᠪᠠ ᠠᠶᠤᠯ ᠲᠦᠭᠰᠢᠭᠦᠷᠢ ᠶᠢᠨ ᠠᠮᠠᠯᠠᠯᠲᠠ ᠶᠢᠨ | ᠪᠢᠴᠢᠭ᠃ | | ︵ᠳᠣᠯᠤᠭ᠎ᠠ︶ ᠲᠤᠰᠬᠠᠢ ᠲᠤᠰᠢᠶᠠᠯᠲᠤ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠪᠤᠴᠠ ᠶᠢ ᠡᠵᠡᠮᠳᠡᠬᠦ | ᠬᠠᠷᠢᠭᠤᠴᠠᠯᠭᠠᠲᠠᠨ ᠢ ᠲᠣᠬᠢᠷᠠᠭᠤᠯᠤᠨ᠎ᠠ᠃ ᠲᠤᠰᠬᠠᠢ ᠲᠤᠰᠢᠶᠠᠯᠲᠤ ᠮᠡᠷᠭᠡᠵᠢᠯ ᠤᠨ ᠬᠠᠷᠢᠭᠤᠴᠠᠯᠭᠠᠲᠠᠨ ᠳᠤ ᠨᠢᠭᠡᠳᠦᠭᠡᠷ | ᠳᠡᠰ ᠤᠨ ᠠᠶᠦᠯᠭᠦᠢ ᠶᠢᠨ ᠦᠨᠡᠯᠡᠭᠴᠢ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠪᠥᠭᠡᠳ ᠥᠷᠨᠢᠭᠦᠯᠵᠦ ᠪᠠᠶᠢᠭ᠎ᠠ | ᠲᠤᠬᠠᠶᠢᠯᠠᠭᠰᠠᠨ ᠠᠵᠢᠯ ᠲᠠᠢ ᠪᠠᠨ ᠵᠣᠬᠢᠴᠠᠯᠳᠤᠭᠰᠠᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠲᠠᠢ | ᠪᠠᠶᠢᠵᠤ᠂ ᠲᠣᠰ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠠᠭᠠᠨ ᠨᠠᠢᠮᠠᠨ ᠵᠢᠯ ᠠᠴᠠ ᠳᠡᠭᠡᠭᠰᠢ ᠠᠵᠢᠯᠯᠠᠭᠰᠠᠨ ᠪᠠᠶᠢᠬᠤ | ᠬᠡᠷᠡᠭᠲᠡᠢ᠃ ᠲᠤᠰᠬᠠᠢ ᠶᠠᠪᠤᠴᠠ ᠶᠢ ᠡᠵᠡᠮᠳᠡᠬᠦ ᠬᠠᠷᠢᠭᠤᠴᠠᠯᠭᠠᠲᠠᠨ ᠨᠢ ᠠᠶᠦᠯᠭᠦᠢ ᠶᠢᠨ ᠦᠨᠡᠯᠡᠭᠴᠢ ᠶᠢᠨ ᠠᠵᠢᠯ | ᠮᠡᠷᠭᠡᠵᠢᠯ ᠤᠨ ᠬᠢᠷᠢ ᠬᠡᠮ ᠲᠠᠢ ᠪᠠᠶᠢᠬᠤ ᠬᠡᠷᠡᠭᠲᠡᠢ᠃ | | ︵ᠨᠠᠢᠮᠠ︶ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠪᠥᠭᠡᠳ ᠤᠯᠠᠨ ᠨᠡᠶᠢᠲᠡ ᠠᠴᠠ ᠪᠠᠶᠢᠭᠤᠯᠤᠮᠵᠢ ᠶᠢᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠬᠠᠩᠭᠠᠵᠤ ᠪᠣᠯᠬᠤ ᠰᠦᠯᠵᠢᠶᠡᠨ ᠥᠷᠳᠡᠭᠡ | | ︵ᠶᠢᠰᠦ︶ ᠭᠤᠶᠤᠴᠢᠯᠠᠭᠰᠠᠨ ᠡᠳᠦᠷ ᠪᠣᠯᠲᠠᠯ᠎ᠠ ᠭᠤᠷᠪᠠᠨ ᠵᠢᠯ ᠤᠨ ᠳᠣᠲᠣᠷ᠎ᠠ ᠬᠠᠤᠯᠢ ᠠᠴᠠ ᠵᠥᠷᠢᠴᠡᠵᠦ | ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠲᠡᠮᠳᠡᠭᠯᠡᠯ ᠪᠠᠶᠢᠬᠤ ᠦᠭᠡᠢ | | ︵ᠠᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | | ᠳᠣᠯᠣᠳᠤᠭᠠᠷ ᠵᠦᠢᠯ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ | ᠬᠢᠷᠢ ᠴᠢᠳᠠᠯ ᠢ ᠭᠤᠶᠤᠴᠢᠯᠠᠬᠤ ᠳᠤ ᠳᠠᠷᠠᠭᠠᠬᠢ ᠨᠥᠬᠦᠴᠡᠯ ᠪᠠᠶᠢᠳᠠᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ᠂ ᠲᠣᠭᠲᠠᠮᠠᠯ ᠬᠥᠷᠥᠩᠭᠡ ᠨᠢ | ᠮᠢᠩᠭᠠᠨ ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠬᠤ᠃ | | ︵ᠬᠤᠶᠠᠷ︶ ᠠᠵᠢᠯᠯᠠᠬᠤ ᠲᠠᠯᠠᠪᠤᠷ ᠤᠨ ᠪᠠᠷᠢᠯᠭ᠎ᠠ ᠶᠢᠨ ᠲᠠᠯᠠᠪᠠᠢ ᠶᠢ ᠮᠢᠩᠭᠠᠨ ᠲᠡᠭᠰᠢ ᠳᠥᠷᠪᠡᠯᠵᠢᠨ | ᠮᠧᠲᠷ ᠠᠴᠠ ᠳᠤᠲᠠᠭᠤ ᠦᠭᠡᠢ ᠪᠠᠶᠢᠯᠭᠠᠵᠤ᠂ ᠠᠶᠤᠯᠭᠦᠢ ᠦᠢᠯᠡᠳᠪᠦᠷᠢᠯᠡᠬᠦ ᠠᠵᠢᠯ ᠢ ᠪᠠᠶᠢᠴᠠᠭᠠᠨ ᠰᠢᠯᠭᠠᠵᠤ ᠰᠢᠯᠭᠠᠨ | ᠪᠠᠶᠢᠴᠠᠭᠠᠬᠤ ᠳᠤ ᠵᠣᠬᠢᠴᠠᠭᠰᠠᠨ ᠲᠥᠬᠦᠭᠡᠷᠦᠮᠵᠢ᠂ ᠲᠥᠬᠦᠭᠡᠷᠦᠮᠵᠢ ᠪᠠ ᠣᠷᠴᠢᠨ ᠠᠬᠤᠢ ᠲᠠᠢ ᠪᠠᠶᠢᠵᠤ᠂ ᠪᠠᠶᠢᠴᠠᠭᠠᠨ | ᠰᠢᠯᠭᠠᠵᠤ ᠰᠢᠯᠭᠠᠨ ᠪᠠᠶᠢᠴᠠᠭᠠᠬᠤ ᠲᠥᠬᠦᠭᠡᠷᠦᠮᠵᠢ᠂ ᠲᠥᠬᠦᠭᠡᠷᠦᠮᠵᠢ ᠶᠢᠨ ᠤᠤᠯ ᠤᠨ ᠦᠷᠳᠡᠭ ᠢ ᠨᠠᠢᠮᠠᠨ ᠵᠠᠭᠤᠨ | ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ᠃ | | ︵ᠭᠤᠷᠪᠠ︶ ᠳᠠᠩ ᠭᠠᠭᠴᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠡᠭᠦᠷᠭᠡᠯᠡᠵᠦ ᠪᠠᠶᠢᠭ᠎ᠠ | ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠲᠤᠰᠬᠠᠢ | ᠮᠡᠷᠭᠡᠵᠢᠯ ᠤᠨ ᠠᠵᠢᠯᠲᠠᠨ ᠨᠢ ᠬᠤᠷᠢᠨ ᠲᠠᠪᠤᠨ ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ᠃ ᠨᠢᠭᠡ ᠠᠵᠢᠯ | ᠲᠦᠷᠦᠯ ︵ᠬᠦᠷᠢᠶ᠎ᠡ ᠬᠡᠪᠴᠢᠶ᠎ᠡ︶ ᠨᠡᠮᠡᠬᠦ ᠪᠦᠷᠢ ᠳᠤ ᠲᠤᠰᠬᠠᠢ ᠮᠡᠷᠭᠡᠵᠢᠯ ᠤᠨ ᠠᠵᠢᠯᠲᠠᠨ ᠢ ᠠᠳᠠᠭ ᠲᠠᠭᠠᠨ ᠲᠠᠪᠤᠨ | ᠬᠥᠮᠥᠨ ᠨᠡᠮᠡᠭᠳᠡᠭᠦᠯᠦᠨ᠎ᠡ᠃ ᠲᠤᠰᠬᠠᠢ ᠮᠡᠷᠭᠡᠵᠢᠯ ᠤᠨ ᠠᠵᠢᠯᠲᠠᠨ ᠤ ᠳᠤᠮᠳᠠ᠂ ᠳᠤᠮᠳᠠ ᠵᠡᠷᠭᠡ ᠶᠢᠨ ᠪᠠ | ᠲᠡᠭᠦᠨ ᠠᠴᠠ ᠳᠡᠭᠡᠭᠰᠢᠬᠢ ᠳᠠᠩᠰᠠᠯᠠᠭᠤᠯᠤᠭᠰᠠᠨ ᠠᠶᠦᠯᠭᠦᠢ ᠶᠢᠨ ᠢᠨᠵᠧᠨᠧᠷ ᠤᠨ ᠬᠠᠷᠢᠴᠠᠯ ᠢ ᠵᠠᠭᠤᠨ ᠤ ᠭᠤᠴᠢ ᠠᠴᠠ | ᠳᠣᠣᠷ᠎ᠠ ᠪᠠᠶᠢᠯᠭᠠᠵᠤ ᠪᠣᠯᠬᠤ ᠦᠭᠡᠢ᠂ ᠳᠤᠮᠳᠠ ᠵᠡᠷᠭᠡ ᠶᠢᠨ ᠪᠠ ᠲᠡᠭᠦᠨ ᠠᠴᠠ ᠳᠡᠭᠡᠭᠰᠢᠬᠢ ᠮᠡᠷᠭᠡᠵᠢᠯ ᠤᠨ | ᠴᠣᠯᠠ ᠶᠢᠨ ᠬᠠᠷᠢᠴᠠᠯ ᠢ ᠵᠠᠭᠤᠨ ᠤ ᠲᠠᠪᠢ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠮᠥᠷᠲᠡᠭᠡᠨ ᠳᠡᠭᠡᠳᠦ | ᠵᠡᠷᠭᠡ ᠶᠢᠨ ᠮᠡᠷᠭᠡᠵᠢᠯ ᠤᠨ ᠴᠣᠯᠠ ᠲᠠᠢ ᠠᠵᠢᠯᠲᠠᠨ ᠤ ᠬᠠᠷᠢᠴᠠᠯ ᠢ ᠵᠠᠭᠤᠨ ᠤ ᠬᠤᠷᠢᠨ ᠲᠠᠪᠤ ᠠᠴᠠ ᠳᠣᠣᠷ᠎ᠠ | ᠪᠠᠶᠢᠯᠭᠠᠵᠤ ᠪᠣᠯᠬᠤ ᠦᠭᠡᠢ᠃ | | ︵ᠳᠥᠷᠪᠡ︶ ᠲᠤᠰᠬᠠᠢ ᠮᠡᠷᠭᠡᠵᠢᠯ ᠤᠨ ᠠᠵᠢᠯᠲᠠᠨ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ | ᠰᠢᠯᠭᠠᠵᠤ ᠰᠢᠯᠭᠠᠨ ᠪᠠᠶᠢᠴᠠᠭᠠᠬᠤ ᠶᠢ ᠡᠭᠦᠷᠭᠡᠯᠡᠬᠦ ᠯᠦᠭᠡ ᠵᠣᠬᠢᠴᠠᠯᠳᠤᠭᠰᠠᠨ ᠲᠤᠰᠬᠠᠢ ᠮᠡᠷᠭᠡᠵᠢᠯ ᠤᠨ ᠤᠷ᠎ᠠ | ᠴᠢᠳᠠᠪᠤᠷᠢ ᠲᠠᠢ ᠪᠠᠶᠢᠬᠤ ᠵᠢᠴᠢ ᠲᠤᠰ ᠠᠵᠢᠯ ᠲᠦᠷᠦᠯ ᠤᠨ ᠬᠦᠷᠢᠶ᠎ᠡ ᠬᠡᠪᠴᠢᠶᠡᠨ ᠳᠡᠭᠡᠨ ᠬᠤᠶᠠᠷ ᠵᠢᠯ ᠠᠴᠠ ᠳᠡᠭᠡᠭᠰᠢ | ᠠᠵᠢᠯᠯᠠᠭᠰᠠᠨ ᠪᠠᠶᠢᠬᠤ᠃ | | ︵ᠲᠠᠪᠤ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠠᠴᠠ ᠠᠶᠤᠯᠭᠦᠢ ᠦᠢᠯᠡᠳᠪᠦᠷᠢᠯᠡᠬᠦ ᠠᠵᠢᠯ ᠢ | ᠪᠠᠶᠢᠴᠠᠭᠠᠨ ᠰᠢᠯᠭᠠᠵᠤ ᠪᠠᠶᠢᠴᠠᠭᠠᠨ ᠦᠵᠡᠬᠦ ᠠᠵᠢᠯ ᠤᠨ ᠬᠠᠤᠯᠢ ᠶᠢᠨ ᠬᠠᠷᠢᠭᠤᠴᠠᠯᠭ᠎ᠠ᠂ ᠡᠭᠦᠷᠭᠡ᠂ ᠡᠷᠬᠡ ᠪᠠ | ᠲᠦᠭᠰᠢᠭᠦᠷᠢ ᠶᠢ ᠮᠡᠳᠡᠬᠦ ᠪᠥᠭᠡᠳ ᠡᠭᠦᠷᠭᠡᠯᠡᠬᠦ ᠠᠮᠠᠯᠠᠯᠲᠠ ᠶᠢᠨ ᠪᠢᠴᠢᠭ ᠭᠠᠷᠭᠠᠵᠤ ᠥᠭᠬᠦ᠃ | | ︵ᠵᠢᠷᠭᠤᠭ᠎ᠠ︶ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ | ᠠᠵᠢᠯ ᠢ ᠡᠷᠬᠢᠯᠡᠵᠦ ᠪᠠᠶᠢᠭ᠎ᠠ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠶᠠᠰᠤ ᠴᠢᠨᠠᠷ ᠤᠨ | ᠬᠠᠷᠢᠭᠤᠴᠠᠯᠭᠠᠲᠠᠨ ᠳᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ᠂ ᠲᠤᠰ ᠠᠵᠢᠯ ᠲᠦᠷᠦᠯ ᠤᠨ | ᠬᠦᠷᠢᠶᠡᠨ ᠳᠡᠭᠡᠨ ᠨᠠᠢᠮᠠᠨ ᠵᠢᠯ ᠠᠴᠠ ᠳᠡᠭᠡᠭᠰᠢ ᠠᠵᠢᠯᠯᠠᠭᠰᠠᠨ᠃ | | ︵ᠲᠤᠯᠤᠭ᠎ᠠ︶ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠴᠢᠳᠠᠪᠤᠷᠢ ᠶᠢᠨ ᠨᠡᠶᠢᠳᠡᠮ ᠬᠡᠷᠡᠭᠯᠡᠬᠦ ᠱᠠᠭᠠᠷᠳᠠᠯᠭ᠎ᠠ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠣᠯᠣᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠢᠴᠢᠭ ᠮᠠ⌲ᠸᠷᠢᠶᠠᠯᠴᠢᠯᠠᠭᠰᠠᠨ | ᠬᠠᠮᠢᠶᠠᠷᠤᠯᠲᠠ ᠶᠢᠨ ᠰᠢᠰᠲ᠋ᠧᠮᠵᠢ ᠳᠤ ᠨᠡᠶᠢᠴᠡᠭᠰᠡᠨ ᠪᠠᠶᠢᠬᠤ | | ︵ᠨᠠᠢᠮᠠ︶ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠪᠥᠭᠡᠳ ᠤᠯᠠᠨ ᠨᠡᠶᠢᠲᠡ ᠠᠴᠠ ᠪᠠᠶᠢᠭᠤᠯᠤᠮᠵᠢ ᠶᠢᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠬᠠᠩᠭᠠᠵᠤ ᠪᠣᠯᠬᠤ ᠰᠦᠯᠵᠢᠶᠡᠨ ᠥᠷᠳᠡᠭᠡ | | ︵ᠶᠢᠰᠦ︶ ᠭᠤᠶᠤᠴᠢᠯᠠᠭᠰᠠᠨ ᠡᠳᠦᠷ ᠪᠣᠯᠲᠠᠯ᠎ᠠ ᠭᠤᠷᠪᠠᠨ ᠵᠢᠯ ᠤᠨ ᠳᠣᠲᠣᠷ᠎ᠠ ᠬᠠᠤᠯᠢ ᠠᠴᠠ ᠵᠥᠷᠢᠴᠡᠵᠦ | ᠢᠲᠡᠭᠡᠯ ᠢᠶᠠᠨ ᠬᠦᠨᠳᠦ ᠨᠣᠴᠢᠲᠠᠢ ᠠᠯᠳᠠᠭᠰᠠᠨ ᠲᠡᠮᠳᠡᠭᠯᠡᠯ ᠪᠠᠶᠢᠬᠤ ᠦᠭᠡᠢ | | ︵ᠠᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | | ᠨᠠᠢᠮᠠᠳᠤᠭᠠᠷ ᠵᠦᠢᠯ ᠳᠠᠷᠠᠭᠠᠬᠢ ᠵᠢᠭᠰᠠᠭᠠᠭᠰᠠᠨ ᠪᠠᠶᠢᠭᠤᠯᠤᠮᠵᠢ ᠨᠤᠭᠤᠳ ᠠᠶᠤᠯᠭᠦᠢ ᠶᠢ ᠦᠨᠡᠯᠡᠬᠦ ᠰᠢᠯᠭᠠᠨ | ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠴᠢᠳᠠᠯ ᠢ ᠭᠤᠶᠤᠴᠢᠯᠠᠵᠤ ᠪᠣᠯᠬᠤ ᠦᠭᠡᠢ᠄ | | ︵ᠨᠢᠭᠡ︶ ᠲᠤᠰ ᠠᠷᠭ᠎ᠠ ᠶᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠰᠠᠯᠠᠭ᠎ᠠ ᠮᠥᠴᠢᠷ ᠲᠤ | ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠵᠢᠴᠢ ᠲᠡᠭᠦᠨ ᠤ ᠪᠡᠯᠡ ᠭᠠᠷᠭᠠᠵᠤ ᠪᠠᠶᠢᠭᠤᠯᠤᠭᠰᠠᠨ ᠠᠵᠤ ᠠᠬᠤᠶᠢᠯᠠᠯ | ᠬᠠᠤᠯᠢ ᠶᠢᠨ ᠬᠥᠮᠥᠨ᠃ | | ︵ᠬᠤᠶᠠᠷ︶ ᠲᠤᠰ ᠠᠷᠭ᠎ᠠ ᠶᠢᠨ ᠭᠤᠷᠪᠠᠳᠤᠭᠠᠷ ᠵᠦᠢᠯ ᠳᠤ ᠲᠣᠭᠲᠠᠭᠠᠭᠰᠠᠨ ᠰᠠᠯᠠᠭ᠎ᠠ ᠮᠥᠴᠢᠷ ᠤᠨ | ᠡᠷᠬᠢᠯᠡᠨ ᠬᠠᠮᠢᠶᠠᠷᠴᠤ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠡᠯᠡ ᠭᠠᠷᠭᠠᠵᠤ | ᠪᠠᠶᠢᠭᠤᠯᠤᠭᠰᠠᠨ ᠠᠵᠤ ᠠᠬᠤᠶᠢᠯᠠᠯ ᠬᠠᠤᠯᠢ ᠶᠢᠨ ᠬᠥᠮᠥᠨ᠃ | | ︵ᠭᠤᠷᠪᠠ︶ ᠲᠤᠰ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠲᠠᠬᠢ ᠠᠵᠤ ᠠᠬᠤᠶᠢᠯᠠᠯ ᠤᠨ | ᠬᠠᠤᠯᠢ ᠶᠢᠨ ᠬᠥᠮᠥᠨ ᠤ ᠪᠡᠯᠡ ᠭᠠᠷᠭᠠᠵᠤ ᠪᠠᠶᠢᠭᠤᠯᠤᠭᠰᠠᠨ ︵ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ | ᠪᠠᠭᠲᠠᠨ᠎ᠠ︶ ᠠᠵᠤ ᠠᠬᠤᠶᠢᠯᠠᠯ ᠤᠨ ᠬᠠᠤᠯᠢ ᠶᠢᠨ ᠬᠥᠮᠥᠨ᠃ | | ᠶᠢᠰᠦᠳᠦᠭᠡᠷ ᠵᠦᠢᠯ ᠲᠣᠰ ᠠᠷᠭ᠎ᠠ ᠶᠢᠨ ᠵᠢᠷᠭᠤᠳᠤᠭᠠᠷ ᠵᠦᠢᠯ᠂ ᠳᠣᠯᠣᠳᠤᠭᠠᠷ ᠵᠦᠢᠯ ᠳᠤ ᠲᠣᠭᠲᠠᠭᠠᠭᠰᠠᠨ | ᠨᠥᠬᠦᠴᠡᠯ ᠳᠤ ᠨᠡᠶᠢᠴᠡᠬᠦ ᠭᠤᠶᠤᠴᠢᠯᠠᠭᠴᠢ ᠨᠢ ᠠᠶᠦᠯᠭᠦᠢ ᠶᠢᠨ ᠦᠨᠡᠯᠡᠯᠲᠡ ᠶᠢᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠷᠢ ᠴᠢᠳᠠᠮᠵᠢ ᠶᠢ ᠭᠤᠶᠤᠴᠢᠯᠠᠬᠤ ᠳᠤ ᠭᠦᠷᠪᠡᠯ᠂ ᠭᠤᠶᠤᠴᠢᠯᠠᠭᠰᠠᠨ ᠮᠠᠲ᠋ᠧᠷᠢᠶᠠᠯ ᠢᠶᠠᠨ | ᠲᠡᠭᠦᠨ ᠤ ᠳᠠᠩᠰᠠᠯᠠᠭᠤᠯᠤᠭᠰᠠᠨ ᠭᠠᠵᠠᠷ ᠤᠨ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ | ᠮᠡᠳᠡᠭᠦᠯᠦᠨ ᠬᠦᠷᠭᠡᠬᠦ ᠬᠡᠷᠡᠭᠲᠡᠢ᠃ | | | ᠠᠷᠪᠠᠳᠤᠭᠠᠷ ᠵᠦᠢᠯ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠯ ᠤᠨ ᠮᠠᠲ᠋ᠧᠷᠢᠶᠠᠯ ᠢ | ᠣᠯᠣᠭᠰᠠᠨ ᠡᠳᠦᠷ ᠠᠴᠠ ᠡᠬᠢᠯᠡᠨ ᠲᠠᠪᠤᠨ ᠠᠵᠢᠯ ᠤᠨ ᠡᠳᠦᠷ ᠤᠨ ᠳᠣᠲᠣᠷ᠎ᠠ᠂ ᠮᠠᠲ᠋ᠧᠷᠢᠶᠠᠯ ᠨᠢ ᠪᠦᠷᠢᠨ ᠭᠦᠢᠴᠡᠳ᠂ | ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ | ᠬᠦᠯᠢᠶᠡᠨ ᠠᠪᠴᠤ ᠰᠢᠢᠳᠪᠦᠷᠢᠯᠡᠬᠦ ᠪᠢᠴᠢᠭ ᠤᠨ ᠪᠢᠴᠢᠭ ᠬᠠᠷ᠎ᠠ ᠭᠠᠷᠭᠠᠵᠤ ᠥᠭᠬᠦ ᠬᠡᠷᠡᠭᠲᠡᠢ᠃ ᠮᠠᠲ᠋ᠧᠷᠢᠶᠠᠯ ᠨᠢ | ᠪᠦᠷᠢᠨ ᠪᠤᠰᠤ ᠪᠤᠶᠤ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠦᠭᠡᠢ ᠪᠠᠶᠢᠪᠠᠯ᠂ ᠨᠥᠬᠦᠪᠦᠷᠢᠯᠡᠨ ᠵᠠᠯᠠᠷᠠᠭᠤᠯᠬᠤ | ᠴᠢᠬᠤᠯᠠᠲᠠᠢ ᠪᠥᠬᠦ ᠠᠭᠤᠯᠭ᠎ᠠ ᠶᠢ ᠲᠤᠬᠠᠢ ᠶᠢᠨ ᠲᠠᠯᠠᠪᠤᠷ ᠲᠤᠨᠢ ᠪᠤᠶᠤ ᠲᠠᠪᠤᠨ ᠠᠵᠢᠯᠯᠠᠬᠤ ᠡᠳᠦᠷ ᠤᠨ ᠳᠣᠲᠣᠷ᠎ᠠ | ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠬᠡᠷᠡᠭᠲᠡᠢ᠃ ᠬᠦᠯᠢᠶᠡᠨ ᠠᠪᠴᠤ | ᠰᠢᠢᠳᠪᠦᠷᠢᠯᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠪᠢᠴᠢᠭ ᠤᠨ ᠭᠡᠷᠡᠴᠢ ᠪᠠᠷᠢᠮᠲᠠ | ᠬᠢᠵᠦ ᠥᠭᠬᠦ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ ᠭᠥᠯᠢᠶᠡᠨ ᠠᠪᠤᠭᠰᠠᠨ | ᠡᠳᠦᠷ ᠠᠴᠠ ᠡᠬᠢᠯᠡᠨ ᠬᠤᠷᠢᠨ ᠠᠵᠢᠯ ᠤᠨ ᠡᠳᠦᠷ ᠤᠨ ᠳᠣᠲᠣᠷ᠎ᠠ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠢ ᠨᠢ | ᠲᠤᠰ ᠰᠠᠯᠠᠭ᠎ᠠ ᠮᠥᠴᠢᠷ ᠤᠨ ᠰᠦᠯᠵᠢᠶᠡᠨ ᠦᠷᠳᠡᠭᠡ ᠳᠡᠭᠡᠨ ᠵᠠᠷᠯᠠᠨ ᠨᠡᠶᠢᠲᠡᠯᠡᠵᠦ᠂ ᠬᠤᠯᠪᠣᠭᠳᠠᠯ ᠪᠦᠬᠦᠢ ᠮᠡᠳᠡᠭᠡ | ᠵᠠᠩᠭᠢ ︵ᠳᠠᠭᠠᠯᠳᠤᠭᠤᠯᠤᠯ 2᠂ ᠳᠠᠭᠠᠯᠳᠤᠭᠤᠯᠤᠯ 3︶ ᠶᠢ ᠢᠯᠡ ᠪᠣᠯᠭᠠᠵᠤ᠂ ᠬᠢᠷᠢ ᠴᠢᠳᠠᠯ ᠤᠨ ᠦᠨᠡᠮᠯᠡᠯ | ᠣᠯᠭᠤᠬᠤ ᠶᠢᠨ ᠬᠠᠮᠲᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ | ᠪᠠᠶᠢᠴᠠᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠳᠤ ᠣᠷᠣᠭᠤᠯᠬᠤ ᠬᠡᠷᠡᠭᠲᠡᠢ᠃ | ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠬᠢᠷᠢ ᠴᠢᠳᠠᠯ ᠤᠨ ᠦᠨᠡᠮᠯᠡᠯ ᠣᠯᠭᠤᠬᠤ ᠦᠭᠡᠢ᠂ | ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠪᠢᠴᠢᠭ ᠤᠨ ᠭᠡᠷᠡᠴᠢ ᠪᠠᠷᠢᠮᠲᠠ ᠬᠢᠵᠦ ᠥᠭᠬᠦ ᠦᠭᠡᠢ᠃ | | ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠴᠢᠬᠤᠯᠠᠲᠠᠢ ᠪᠠᠶᠢᠪᠠᠯ᠂ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ ᠴᠠᠭ ᠢ ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠬᠢᠨᠠᠨ ᠪᠠᠶᠢᠴᠠᠭᠠᠬᠤ | ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠂ ᠭᠡᠪᠡᠴᠦ ᠬᠠᠮᠤᠭ ᠤᠨ ᠤᠷᠳᠤ ᠳᠠᠭᠠᠨ ᠭᠤᠷᠪᠠᠨ ᠰᠠᠷ᠎ᠠ ᠠᠴᠠ | ᠬᠡᠲᠦᠷᠡᠭᠦᠯᠵᠦ ᠪᠣᠯᠬᠤ ᠦᠭᠡᠢ᠃ | | ᠬᠢᠷᠢ ᠴᠢᠳᠠᠯ ᠤᠨ ᠦᠨᠡᠮᠯᠡᠯ ᠤᠨ ᠬᠡᠪ ᠵᠠᠭᠪᠤᠷ ᠪᠠ ᠳ᠋ᠤᠭᠠᠷᠯᠠᠬᠤ ᠳᠦᠷᠢᠮ ᠢ ᠲᠥᠷᠥ ᠶᠢᠨ ᠶᠠᠪᠤᠳᠠᠯ ᠤᠨ | ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | | ᠠᠷᠪᠠᠨ ᠬᠤᠶᠠᠳᠤᠭᠠᠷ ᠵᠦᠢᠯ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ | ᠨᠡᠷᠡᠶᠢᠳᠦᠯ᠂ ᠳᠠᠩᠰᠠᠯᠠᠭᠤᠯᠤᠭᠰᠠᠨ ᠬᠠᠶ᠋ᠢᠭ᠂ ᠲᠤᠷᠰᠢᠯᠲᠠ ᠶᠢᠨ ᠲᠠᠰᠤᠭ ᠤᠨ ᠨᠥᠬᠦᠴᠡᠯ᠂ ᠬᠠᠤᠯᠢ ᠪᠠᠷ | ᠲᠣᠭᠲᠠᠭᠠᠭᠰᠠᠨ ᠲᠥᠯᠥᠭᠡᠯᠡᠭᠴᠢ᠂ ᠲᠤᠰᠬᠠᠢ ᠮᠡᠷᠭᠡᠵᠢᠯ ᠤᠨ ᠬᠠᠷᠢᠭᠤᠴᠠᠯᠭᠠᠲᠠᠨ᠂ ᠡᠷᠬᠡ ᠣᠯᠭᠤᠭᠰᠠᠨ ᠭᠠᠷ ᠤᠨ | ᠦᠰᠦᠭ ᠵᠢᠷᠤᠭᠴᠢ ᠳᠤ ᠬᠤᠪᠢᠷᠠᠯᠲᠠ ᠭᠠᠷᠤᠭᠰᠠᠨ ᠪᠠᠶᠢᠪᠠᠯ᠂ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ | ᠭᠤᠴᠢᠨ ᠡᠳᠦᠷ ᠤᠨ ᠳᠣᠲᠣᠷ᠎ᠠ ᠤᠤᠯ ᠤᠨ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ ᠪᠢᠴᠢᠭ ᠢᠶᠠᠷ | ᠬᠤᠪᠢᠷᠠᠭᠤᠯᠬᠤ ᠭᠤᠶᠤᠴᠢᠯᠠᠯ ᠭᠠᠷᠭᠠᠬᠤ ᠬᠡᠷᠡᠭᠲᠡᠢ᠃ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ | ᠬᠢᠨᠠᠨ ᠪᠠᠶᠢᠴᠠᠭᠠᠭᠰᠠᠨ ᠤ ᠳᠠᠷᠠᠭ᠎ᠠ ᠨᠥᠬᠦᠴᠡᠯ ᠳᠤ ᠨᠡᠶᠢᠴᠡᠪᠡᠯ᠂ ᠲᠣᠰ ᠰᠠᠯᠠᠭ᠎ᠠ ᠮᠥᠴᠢᠷ ᠤᠨ ᠰᠦᠯᠵᠢᠶᠡᠨ | ᠥᠷᠲᠡᠭᠡ ᠳᠡᠭᠡᠨ ᠵᠠᠷᠯᠠᠨ ᠨᠡᠶᠢᠲᠡᠯᠡᠬᠦ ᠶᠢᠨ ᠬᠠᠮᠲᠤ᠂ ᠠᠶᠦᠯᠭᠦᠢ ᠶᠢᠨ ᠦᠨᠡᠯᠡᠯᠲᠡ ᠶᠢᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ | ᠴᠠᠭ ᠲᠤᠬᠠᠢ ᠳᠤᠨᠢ ᠰᠢᠨᠡᠳᠬᠡᠬᠦ ᠬᠡᠷᠡᠭᠲᠡᠢ᠃ | | ᠠᠶᠤᠯᠭᠦᠢ ᠶᠢᠨ ᠦᠨᠡᠯᠡᠯᠲᠡ ᠶᠢᠨ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠨᠢ | ᠪᠠᠶᠢᠭᠤᠯᠤᠯ ᠤᠨ ᠥᠭᠡᠷᠡᠴᠢᠯᠡᠯᠲᠡ᠂ ᠰᠠᠯᠵᠤ ᠲᠤᠰᠠᠭᠠᠷᠯᠠᠭᠰᠠᠨ ᠪᠤᠶᠤ ᠨᠡᠶᠢᠯᠡᠭᠰᠡᠨ ᠵᠡᠷᠭᠡ ᠰᠢᠯᠲᠠᠭᠠᠨ ᠠᠴᠠ ᠪᠣᠯᠵᠤ | ᠬᠤᠪᠢᠷᠠᠯᠲᠠ ᠭᠠᠷᠤᠭᠰᠠᠨ ᠪᠠᠶᠢᠪᠠᠯ᠂ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ | ᠳᠣᠲᠣᠷ᠎ᠠ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠭᠰᠡᠨ ᠤᠤᠯ ᠤᠨ ᠪᠠᠶᠢᠭᠤᠯᠭ᠎ᠠ ᠳᠤ ᠬᠢᠷᠢ ᠴᠢᠳᠠᠯ ᠤᠨ ᠨᠥᠬᠦᠴᠡᠯ | ᠪᠠ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ ᠲᠠᠬᠢᠨ ᠬᠢᠨᠠᠨ ᠲᠣᠭᠲᠠᠭᠠᠯᠭᠠᠬᠤ ᠪᠠᠷ ᠪᠢᠴᠢᠭ ᠢᠶᠠᠷ | ᠭᠤᠶᠤᠴᠢᠯᠠᠬᠤ ᠬᠡᠷᠡᠭᠲᠡᠢ᠃ | | ᠠᠶᠤᠯᠭᠦᠢ ᠶᠢ ᠦᠨᠡᠯᠡᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠬᠢᠷᠢ ᠬᠡᠮ ᠣᠯᠣᠭᠠᠳ ᠨᠢᠭᠡ ᠵᠢᠯ ᠠᠴᠠ | ᠳᠡᠭᠡᠭᠰᠢ ᠪᠣᠯᠵᠤ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠬᠤᠪᠢᠷᠠᠭᠤᠯᠬᠤ ᠴᠢᠬᠤᠯᠠᠲᠠᠢ ᠪᠠᠶᠢᠪᠠᠯ᠂ | ᠤᠤᠯ ᠤᠨ ᠬᠢᠷᠢ ᠬᠡᠮ ᠢ ᠮᠡᠳᠡᠷᠡᠨ ᠵᠥᠪᠰᠢᠶᠡᠷᠡᠭᠰᠡᠨ ᠪᠠᠶᠢᠭᠤᠯᠭ᠎ᠠ ᠳᠤ ᠪᠢᠴᠢᠭ ᠤᠨ ᠭᠤᠶᠤᠴᠢᠯᠠᠯ ᠭᠠᠷᠭᠠᠬᠤ ᠬᠡᠷᠡᠭᠲᠡᠢ | ᠃ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠭᠤᠶᠤᠴᠢᠯᠠᠯ ᠢ ᠣᠯᠣᠭᠰᠠᠨ ᠤ ᠲᠠᠷᠠᠭ᠎ᠠ ᠲᠤᠰ | ᠠᠷᠭ᠎ᠠ ᠶᠢᠨ ᠶᠢᠰᠦᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠶᠣᠰᠣᠭᠠᠷ ᠭᠦᠢᠴᠡᠳᠬᠡᠬᠦ | ᠬᠡᠷᠡᠭᠲᠡᠢ᠃ | | ᠠᠷᠪᠠᠨ ᠭᠤᠷᠪᠠᠳᠤᠭᠠᠷ ᠵᠦᠢᠯ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠢᠷᠢ ᠴᠢᠳᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ ᠪᠣᠯᠣᠨ᠎ᠠ᠃ ᠬᠢᠷᠢ | ᠴᠢᠳᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠭᠦᠯᠬᠦ ᠴᠢᠬᠤᠯᠠᠲᠠᠢ ᠪᠠᠶᠢᠪᠠᠯ᠂ | ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠭᠤᠷᠪᠠᠨ ᠰᠠᠷ᠎ᠠ ᠶᠢᠨ ᠡᠮᠦᠨ᠎ᠡ ᠤᠤᠯ ᠤᠨ ᠬᠢᠷᠢ ᠴᠢᠳᠠᠯ ᠢ ᠮᠡᠳᠡᠷᠡᠨ | ᠵᠥᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠢ᠃ ᠤᠤᠯ ᠤᠨ ᠬᠢᠷᠢ ᠴᠢᠳᠠᠯ ᠢ ᠮᠡᠳᠡᠷᠡᠨ | ᠵᠥᠪᠰᠢᠶᠡᠷᠡᠬᠦ ᠪᠠᠶᠢᠭᠤᠯᠭ᠎ᠠ ᠨᠢ ᠲᠤᠰ ᠠᠷᠭ᠎ᠠ ᠶᠢᠨ ᠶᠢᠰᠦᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ | ᠬᠦᠷᠲᠡᠯᠡᠬᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ | | ᠠᠷᠪᠠᠨ ᠳᠥᠷᠪᠡᠳᠦᠭᠡᠷ ᠵᠦᠢᠯ ᠠᠶᠤᠯᠭᠦᠢ ᠶᠢ ᠦᠨᠡᠯᠡᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠳᠠᠷᠠᠭᠠᠬᠢ | ᠪᠠᠶᠢᠳᠠᠯ ᠤᠨ ᠠᠯᠢ ᠨᠢᠭᠡ ᠨᠢ ᠪᠠᠶᠢᠪᠠᠯ᠂ ᠤᠤᠯ ᠤᠨ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠠᠴᠠ | ᠲᠡᠭᠦᠨ ᠤ ᠬᠢᠷᠢ ᠴᠢᠳᠠᠯ ᠢ ᠬᠦᠴᠦᠨ ᠦᠭᠡᠢ ᠪᠣᠯᠭᠠᠵᠤ᠂ ᠲᠤᠰ ᠰᠠᠯᠠᠭ᠎ᠠ ᠮᠥᠴᠢᠷ ᠤᠨ ᠢᠶᠠᠨ ᠰᠦᠯᠵᠢᠶᠡᠨ ᠳᠡᠭᠡᠷ᠎ᠡ | ᠵᠠᠷᠯᠠᠨ ᠨᠡᠶᠢᠲᠡᠯᠡᠬᠦ ᠶᠢᠨ ᠬᠠᠮᠲᠤ ᠠᠶᠤᠯᠭᠦᠢ ᠶᠢ ᠦᠨᠡᠯᠡᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠳᠤ ᠣᠷᠣᠭᠤᠯᠬᠤ ᠬᠡᠷᠡᠭᠲᠡᠢ᠄ | | ︵ᠨᠢᠭᠡ︶ ᠬᠠᠤᠯᠢ ᠶᠢᠨ ᠬᠥᠮᠥᠨ ᠤ ᠬᠢᠷᠢ ᠬᠡᠮ ᠨᠢ ᠳᠠᠭᠤᠰᠤᠭᠰᠠᠨ᠃ | | ︵ᠬᠤᠶᠠᠷ︶ ᠬᠢᠷᠢ ᠴᠢᠳᠠᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ | ᠦᠯᠦ ᠦᠷᠭᠦᠯᠵᠢᠯᠡᠭᠦᠯᠦᠭᠰᠡᠨ᠃ | | ︵ᠭᠤᠷᠪᠠ︶ ᠬᠦᠴᠦᠨ ᠦᠭᠡᠢ ᠪᠣᠯᠭᠠᠬᠤ ᠪᠠᠷ ᠥᠪᠡᠷ ᠢᠶᠠᠨ ᠭᠤᠶᠤᠴᠢᠯᠠᠬᠤ᠃ | | ︵ᠳᠥᠷᠪᠡ︶ ᠬᠢᠷᠢ ᠬᠡᠮ ᠢᠶᠠᠨ ᠬᠠᠤᠯᠢ ᠶᠣᠰᠣᠭᠠᠷ ᠬᠠᠰᠤᠭᠳᠠᠭᠰᠠᠨ᠂ ᠬᠠᠰᠤᠭᠳᠠᠭᠰᠠᠨ᠂ ᠬᠦᠴᠦᠨ ᠦᠭᠡᠢ | ᠪᠣᠯᠭᠠᠭᠳᠠᠭᠰᠠᠨ᠃ | | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠷᠢ | ᠴᠢᠳᠠᠯ ᠢ ᠨᠢ ᠬᠠᠰᠤᠬᠤ ᠬᠡᠷᠡᠭᠲᠡᠢ ᠪᠤᠰᠤᠳ ᠪᠠᠶᠢᠳᠠᠯ᠃ | | ᠠᠶᠦᠯᠭᠦᠢ ᠶᠢᠨ ᠦᠨᠡᠯᠡᠯᠲᠡ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠬᠦᠴᠦᠨ ᠦᠭᠡᠢ | ᠪᠣᠯᠭᠠᠭᠰᠠᠨ ᠤ ᠳᠠᠷᠠᠭ᠎ᠠ ᠬᠢᠷᠢ ᠬᠡᠮ ᠢ ᠵᠠᠯᠭᠠᠮᠵᠢᠯᠠᠬᠤ ᠨᠢᠭᠡᠴᠢ ᠦᠭᠡᠢ ᠪᠣᠯ᠂ ᠤᠤᠯ ᠤᠨ ᠠᠶᠦᠯᠭᠦᠢ ᠶᠢᠨ | ᠦᠨᠡᠯᠡᠯᠲᠡ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠬᠥᠮᠥᠰ ᠬᠦᠴᠦᠨ ᠦᠭᠡᠢ ᠪᠣᠯᠭᠠᠬᠤ | ᠠᠴᠠ ᠡᠮᠦᠨ᠎ᠡ ᠭᠠᠷᠭᠠᠭᠰᠠᠨ ᠠᠶᠦᠯᠭᠦᠢ ᠶᠢᠨ ᠦᠨᠡᠯᠡᠯᠲᠡ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠳᠤ | ᠦᠷᠭᠦᠯᠵᠢᠯᠡᠨ ᠬᠠᠷᠢᠭᠤᠴᠠᠬᠤ ᠬᠡᠷᠡᠭᠲᠡᠢ᠃ | | ᠭᠤᠷᠪᠠᠳᠤᠭᠠᠷ ᠪᠦᠯᠦᠭ ᠮᠡᠷᠭᠡᠵᠢᠯ ᠤᠨ ᠦᠢᠯᠡᠴᠢᠯᠡᠭᠡ | | ᠠᠷᠪᠠᠨ ᠲᠠᠪᠤᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠦᠭᠦᠳ ᠲᠤᠰ ᠠᠷᠭ᠎ᠠ ᠳᠤ | ᠲᠣᠭᠲᠠᠭᠠᠭᠰᠠᠨ ᠬᠢᠷᠢ ᠴᠢᠳᠠᠯ ᠲᠠᠢ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠡᠶ᠎ᠡ ᠪᠠᠨ | ᠳᠠᠭᠠᠭᠠᠨ ᠰᠣᠩᠭᠤᠵᠤ᠂ ᠬᠢᠷᠢ ᠴᠢᠳᠠᠯ ᠢ ᠨᠢ ᠵᠥᠪᠰᠢᠶᠡᠷᠡᠭᠰᠡᠨ ᠬᠡᠪᠴᠢᠶᠡᠨ ᠳᠣᠲᠣᠷᠠᠬᠢ ᠠᠶᠤᠯᠭᠦᠢ ᠶᠢ ᠦᠨᠡᠯᠡᠬᠦ᠂ | ᠪᠠᠶᠢᠴᠠᠭᠠᠨ ᠰᠢᠯᠭᠠᠵᠤ ᠪᠠᠶᠢᠴᠠᠭᠠᠨ ᠦᠵᠡᠬᠦ ᠦᠢᠯᠡᠴᠢᠯᠡᠭᠡ ᠶᠢ ᠭᠥᠯᠢᠶᠡᠨ ᠠᠪᠴᠤ ᠪᠣᠯᠣᠨ᠎ᠠ᠃ | | ᠠᠷᠪᠠᠨ ᠵᠢᠷᠭᠤᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠶᠤᠯᠭᠦᠢ ᠶᠢ | ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠮᠡᠷᠭᠡᠵᠢᠯ ᠤᠨ ᠦᠢᠯᠡᠴᠢᠯᠡᠭᠡ | ᠥᠷᠨᠢᠭᠦᠯᠬᠦ ᠳᠡᠭᠡᠨ ᠨᠠᠶᠢᠳᠠᠯᠭ᠎ᠠ ᠶᠢᠨ ᠮᠡᠷᠭᠡᠵᠢᠯ ᠤᠨ ᠦᠢᠯᠡᠴᠢᠯᠡᠭᠡ ᠶᠢᠨ ᠭᠡᠷ᠎ᠡ ᠲᠣᠭᠲᠠᠭᠠᠵᠤ᠂ ᠦᠢᠯᠡᠴᠢᠯᠡᠬᠦ | ᠡᠲᠡᠭᠡᠳ᠂ ᠬᠦᠷᠢᠶ᠎ᠡ ᠬᠡᠪᠴᠢᠶ᠎ᠡ᠂ ᠡᠷᠬᠡ᠂ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | | ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠶᠤᠯᠭᠦᠢ ᠶᠢ ᠦᠨᠡᠯᠡᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠳᠤ ᠨᠠᠶᠢᠳᠠᠵᠤ ᠲᠡᠭᠦᠨ ᠳᠤ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠷᠭᠡᠵᠢᠯ ᠤᠨ ᠦᠢᠯᠡᠴᠢᠯᠡᠭᠡ | ᠬᠠᠩᠭᠠᠯᠭᠠᠭᠰᠠᠨ ᠪᠠᠶᠢᠪᠠᠯ᠂ ᠠᠶᠤᠯᠭᠦᠢ ᠦᠢᠯᠡᠳᠪᠦᠷᠢᠯᠡᠬᠦ ᠠᠵᠢᠯ ᠢ ᠪᠠᠲᠤᠯᠠᠬᠤ ᠬᠠᠷᠢᠭᠤᠴᠠᠯᠭ᠎ᠠ ᠶᠢ ᠮᠥᠨ ᠲᠤᠰ | ᠨᠢᠭᠡᠴᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠭᠦᠷᠡᠰᠦᠨ | ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠠᠶᠤᠯᠭᠦᠢ ᠶᠢᠨ ᠦᠨᠡᠯᠡᠯᠲᠡ ᠶᠢᠨ ᠮᠡᠳᠡᠭᠦᠯᠦᠯᠲᠡ᠂ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠭᠰᠠᠨ | ᠮᠡᠳᠡᠭᠦᠯᠦᠯᠲᠡ ᠪᠠᠷ ᠦᠨᠳᠦᠰᠦᠯᠡᠯ ᠪᠣᠯᠭᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠤ ᠰᠢᠢᠳᠬᠡᠯ ᠤᠨ ᠲᠣᠭᠲᠠᠭᠠᠯ ᠭᠠᠷᠭᠠᠭᠰᠠᠨ ᠪᠠᠶᠢᠪᠠᠯ᠂ ᠲᠡᠭᠦᠨ ᠤ ᠲᠣᠭᠲᠠᠭᠠᠯ ᠳᠤ ᠵᠣᠬᠢᠴᠠᠩᠭᠤᠢ | ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠨᠤᠭᠤᠳ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠪᠠᠶᠢᠭᠤᠯᠵᠤ᠂ ᠳᠣᠲᠣᠭᠠᠳᠤ ᠶᠢᠨ | ᠬᠠᠮᠢᠶᠠᠷᠤᠯᠲᠠ ᠪᠠᠨ ᠴᠢᠩᠭᠠᠳᠬᠠᠨ᠂ ᠥᠪᠡᠷ ᠢ ᠪᠠᠨ ᠴᠢᠩᠭ᠎ᠠ ᠬᠢᠵᠠᠭᠠᠷᠯᠠᠬᠤ ᠬᠡᠷᠡᠭᠲᠡᠢ᠃ ᠲᠤᠰᠬᠠᠢ ᠲᠤᠰᠢᠶᠠᠯᠲᠤ | ᠮᠡᠷᠭᠡᠵᠢᠯ ᠤᠨ ᠬᠠᠷᠢᠭᠤᠴᠠᠯᠭᠠᠲᠠᠨ ᠪᠠ ᠶᠠᠪᠤᠴᠠ ᠶᠢ ᠡᠵᠡᠮᠳᠡᠬᠦ ᠬᠠᠷᠢᠭᠤᠴᠠᠯᠭᠠᠲᠠᠨ ᠬᠠᠤᠯᠢ ᠲᠣᠭᠲᠠᠭᠠᠯ ᠤᠨ | ᠪᠠᠷᠢᠮᠵᠢᠶ᠎ᠠ ᠶᠢᠨ ᠲᠣᠭᠲᠠᠭᠠᠯ ᠶᠣᠰᠣᠭᠠᠷ᠂ ᠠᠶᠤᠯᠭᠦᠢ ᠶᠢᠨ ᠦᠨᠡᠯᠡᠯᠲᠡ᠂ ᠪᠠᠶᠢᠴᠠᠭᠠᠨ ᠰᠢᠯᠭᠠᠵᠤ ᠰᠢᠯᠭᠠᠨ | ᠪᠠᠶᠢᠴᠠᠭᠠᠬᠤ ᠠᠵᠢᠯᠯᠠᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | | ᠠᠶᠤᠯᠭᠦᠢ ᠶᠢᠨ ᠦᠨᠡᠯᠡᠯᠲᠡ ᠶᠢᠨ ᠵᠦᠢᠯᠡᠰ ᠤᠨ ᠳᠤᠭᠤᠶᠢᠯᠠᠩ ᠤᠨ ᠳᠠᠷᠤᠭ᠎ᠠ ᠨᠢ ᠲᠤᠬᠠᠶᠢᠯᠠᠭᠰᠠᠨ ᠠᠵᠢᠯ ᠲᠠᠢ | ᠬᠤᠯᠪᠣᠭᠳᠠᠬᠤ ᠬᠤᠶᠠᠳᠤᠭᠠᠷ ᠳᠡᠰ ᠠᠴᠠ ᠳᠡᠭᠡᠭᠰᠢᠬᠢ ᠠᠶᠤᠯᠭᠦᠢ ᠶᠢᠨ ᠦᠨᠡᠯᠡᠭᠴᠢ ᠶᠢᠨ ᠬᠢᠷᠢ ᠬᠡᠮ ᠲᠠᠢ ᠪᠠᠶᠢᠬᠤ | ᠬᠡᠷᠡᠭᠲᠡᠢ ᠪᠥᠭᠡᠳ ᠲᠤᠰ ᠠᠵᠢᠯ ᠲᠦᠷᠦᠯ ᠤᠨ ᠬᠦᠷᠢᠶᠡᠨ ᠳᠡᠭᠡᠨ ᠭᠤᠷᠪᠠᠨ ᠵᠢᠯ ᠠᠴᠠ ᠳᠡᠭᠡᠭᠰᠢ ᠠᠵᠢᠯᠯᠠᠭᠰᠠᠨ | ᠪᠠᠶᠢᠬᠤ ᠬᠡᠷᠡᠭᠲᠡᠢ᠃ ᠲᠥᠷᠥᠯ ᠵᠦᠢᠯ ᠤᠨ ᠳᠤᠭᠤᠶᠢᠯᠠᠩ ᠤᠨ ᠪᠤᠰᠤᠳ ᠪᠦᠷᠢᠯᠳᠦᠭᠦᠨ ᠨᠢ ᠠᠶᠦᠯᠭᠦᠢ ᠶᠢᠨ | ᠦᠨᠡᠯᠡᠯᠲᠡ ᠶᠢᠨ ᠲᠥᠷᠥᠯ ᠵᠦᠢᠯ ᠤᠨ ᠲᠤᠰᠬᠠᠢ ᠲᠤᠰᠢᠶᠠᠯᠲᠤ ᠠᠶᠦᠯᠭᠦᠢ ᠶᠢᠨ ᠦᠨᠡᠯᠡᠭᠴᠢ ᠶᠢᠨ ᠲᠤᠰᠬᠠᠢ | ᠮᠡᠷᠭᠡᠵᠢᠯ ᠤᠨ ᠴᠢᠳᠠᠪᠤᠷᠢ ᠶᠢ ᠲᠣᠬᠢᠷᠠᠭᠤᠯᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | | ᠠᠷᠪᠠᠨ ᠨᠠᠢᠮᠠᠳᠤᠭᠠᠷ ᠵᠦᠢᠯ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠮᠡᠷᠭᠡᠵᠢᠯ ᠤᠨ | ᠦᠢᠯᠡᠴᠢᠯᠡᠭᠡ ᠥᠷᠨᠢᠭᠦᠯᠬᠦ ᠳᠡᠭᠡᠨ ᠶᠠᠪᠤᠴᠠ ᠶᠢ ᠡᠵᠡᠮᠳᠡᠭᠰᠡᠨ᠂ ᠲᠤᠬᠠᠢ ᠶᠢᠨ ᠲᠠᠯᠠᠪᠤᠷ ᠲᠤ ᠬᠠᠶᠢᠨ ᠰᠢᠯᠭᠠᠭᠰᠠᠨ ᠪᠠ | ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠭᠰᠠᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠬᠦ ᠶᠢᠨ ᠬᠠᠮᠲᠤ | ᠲᠤᠬᠠᠢ ᠶᠢᠨ ᠲᠠᠯᠠᠪᠤᠷ ᠤᠨ ᠵᠢᠷᠤᠭ ᠳᠦᠷᠰᠦ ᠵᠡᠷᠭᠡ ᠭᠡᠷᠡᠴᠢᠯᠡᠬᠦ ᠮᠠᠲ᠋ᠧᠷᠢᠶᠠᠯ ᠲᠠᠢ ᠵᠡᠷᠭᠡᠪᠡᠷ ᠴᠠᠭ ᠲᠤᠬᠠᠢ ᠳᠤᠨᠢ | ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ | | ᠠᠶᠤᠯᠭᠦᠢ ᠶᠢᠨ ᠦᠨᠡᠯᠡᠯᠲᠡ ᠬᠢᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠠᠶᠤᠯᠭᠦᠢ ᠶᠢᠨ ᠦᠨᠡᠯᠡᠯᠲᠡ ᠶᠢᠨ ᠮᠡᠳᠡᠭᠦᠯᠦᠯᠲᠡ᠂ ᠠᠶᠤᠯᠭᠦᠢ ᠦᠢᠯᠡᠳᠪᠦᠷᠢᠯᠡᠬᠦ ᠠᠵᠢᠯ ᠤᠨ ᠰᠢᠯᠭᠠᠨ | ᠪᠠᠶᠢᠴᠠᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠵᠢᠴᠢ ᠲᠤᠬᠠᠢ ᠶᠢᠨ | ᠲᠠᠯᠠᠪᠤᠷ ᠤᠨ ᠬᠠᠶᠢᠨ ᠰᠢᠯᠭᠠᠯᠲᠠ ᠶᠢᠨ ᠵᠢᠷᠤᠭ ᠳᠦᠷᠰᠦ ᠰᠡᠭᠦᠳᠡᠷ ᠢ ᠰᠦᠯᠵᠢᠶᠡᠨ ᠳᠡᠭᠡᠷ᠎ᠡ ᠢᠯᠡ ᠪᠣᠯᠭᠠᠬᠤ ᠬᠡᠷᠡᠭᠲᠡᠢ | ᠃ | | ᠠᠷᠪᠠ ᠶᠢᠰᠦᠳᠦᠭᠡᠷ ᠵᠦᠢᠯ ᠠᠶᠤᠯᠭᠦᠢ ᠶᠢ ᠦᠨᠡᠯᠡᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ | ᠲᠤᠬᠠᠢ ᠶᠢᠨ ᠲᠠᠯᠠᠪᠠᠢ ᠶᠢᠨ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠠᠴᠠ ᠡᠮᠦᠨᠡᠬᠢ ᠲᠤᠯᠤᠭᠠᠨ ᠠᠵᠢᠯ ᠤᠨ | ᠡᠳᠦᠷ ᠤᠨ ᠳᠣᠲᠣᠷ᠎ᠠ᠂ ᠲᠥᠷᠥᠯ ᠵᠦᠢᠯ ᠢ ᠬᠡᠷᠡᠭᠵᠢᠭᠦᠯᠬᠦ ᠭᠠᠵᠠᠷ ᠤᠨ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ | ᠪᠠᠶᠢᠭᠤᠯᠤᠯᠭ᠎ᠠ ᠳᠤ ᠪᠢᠴᠢᠭ ᠢᠶᠠᠷ ᠮᠡᠳᠡᠭᠳᠡᠵᠦ᠂ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠪᠠᠶᠢᠭᠤᠯᠤᠯᠭ᠎ᠠ ᠬᠢᠭᠡᠳ | ᠲᠡᠭᠦᠨ ᠤ ᠳᠣᠣᠷᠠᠳᠤ ᠱᠠᠲᠤᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠬᠦᠯᠢᠶᠡᠬᠦ | ᠬᠡᠷᠡᠭᠲᠡᠢ᠃ | | ᠬᠤᠷᠢᠳᠤᠭᠠᠷ ᠵᠦᠢᠯ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠲᠤᠰ ᠨᠢᠭᠡᠴᠢ ᠶᠢᠨ ᠢᠶᠠᠨ | ᠠᠶᠤᠯᠭᠦᠢ ᠶᠢ ᠦᠨᠡᠯᠡᠬᠦ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ ᠶᠠᠪᠤᠴᠠ ᠳᠤ ᠬᠢᠨᠠᠯᠲᠠ ᠲᠠᠯᠪᠢᠬᠤ ᠶᠢᠨ | ᠬᠠᠮᠲᠤ ᠲᠤᠰ ᠨᠢᠭᠡᠴᠢ ᠶᠢᠨ ᠢᠶᠠᠨ ᠬᠠᠩᠭᠠᠭᠰᠠᠨ ᠮᠠᠲ᠋ᠧᠷᠢᠶᠠᠯ᠂ ᠠᠶᠤᠯᠭᠦᠢ ᠶᠢᠨ ᠦᠨᠡᠯᠡᠯᠲᠡ ᠪᠠ ᠰᠢᠯᠭᠠᠨ | ᠪᠠᠶᠢᠴᠠᠭᠠᠵᠤ ᠰᠢᠯᠭᠠᠨ ᠪᠠᠶᠢᠴᠠᠭᠠᠭᠳᠠᠬᠤ ᠡᠲᠡᠭᠡᠳ ᠤᠨ ᠦᠨᠡᠨ ᠪᠣᠳᠠᠲᠤ ᠴᠢᠨᠠᠷ᠂ ᠨᠠᠶᠢᠳᠠᠪᠤᠷᠢᠲᠤ ᠴᠢᠨᠠᠷ ᠲᠤ | ᠬᠠᠷᠢᠭᠤᠴᠠᠵᠤ᠂ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | | ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ | ᠪᠠᠶᠢᠴᠠᠭᠠᠬᠤ ᠪᠠᠶᠢᠭᠤᠯᠤᠮᠵᠢ ᠶᠢᠨ ᠳᠤᠷᠠᠳᠤᠭᠰᠠᠨ ᠡ᠊ᠨᠳᠡᠯ ᠢ ᠤᠷᠢᠳᠴᠢᠯᠠᠨ ᠰᠡᠷᠭᠡᠶᠢᠯᠡᠬᠦ᠂ ᠲᠠᠯᠳᠠ ᠭᠡᠮ ᠢ ᠴᠡᠭᠴᠡᠯᠡᠨ | ᠰᠠᠶᠢᠵᠢᠷᠠᠭᠤᠯᠬᠤ ᠰᠠᠨᠠᠯ ᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ | | ᠬᠤᠷᠢᠨ ᠨᠢᠭᠡᠳᠦᠭᠡᠷ ᠵᠦᠢᠯ ᠠᠶᠤᠯᠭᠦᠢ ᠶᠢ ᠦᠨᠡᠯᠡᠬᠦ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ ᠶᠢᠨ | ᠮᠡᠷᠭᠡᠵᠢᠯ ᠤᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠪᠤᠶᠤ ᠵᠠᠰᠠᠭ ᠤᠨ ᠣᠷᠳᠣᠨ ᠤ ᠦᠨ᠎ᠡ | ᠲᠣᠭᠲᠠᠭᠠᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠪᠠᠯ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠪᠤᠶᠤ | ᠵᠠᠰᠠᠭ ᠤᠨ ᠣᠷᠳᠣᠨ ᠤ ᠦᠨ᠎ᠡ ᠲᠣᠭᠲᠠᠭᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠵᠠᠬ᠎ᠠ | ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠬᠦ ᠳᠤ ᠬᠦᠷᠪᠡᠯ᠂ ᠨᠠᠶᠢᠳᠠᠭᠰᠠᠨ ᠲᠠᠯ᠎ᠠ ᠪᠣᠯᠣᠨ | ᠨᠠᠶᠢᠳᠠᠯᠭ᠎ᠠ ᠬᠦᠯᠢᠶᠡᠭᠰᠡᠨ ᠲᠠᠯ᠎ᠠ ᠠᠴᠠ ᠭᠡᠷ᠎ᠡ ᠪᠠᠷ ᠳᠠᠮᠵᠢᠭᠤᠯᠤᠨ ᠵᠥᠪᠳᠡᠯᠴᠡᠵᠦ ᠪᠠᠶᠢᠭᠠᠳ ᠲᠣᠭᠲᠠᠭᠠᠨ᠎ᠠ᠃ | ᠠᠶᠤᠯᠭᠦᠢ ᠶᠢᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠦᠢᠯᠡᠴᠢᠯᠡᠭᠡᠨ ᠤ ᠰᠦᠢᠳᠬᠡᠯ | ᠬᠤᠷᠢᠶᠠᠬᠤ ᠪᠠᠷᠢᠮᠵᠢᠶ᠎ᠠ ᠪᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠬᠡᠷᠡᠭᠯᠡᠭᠴᠢ ᠪᠠ ᠨᠡᠶᠢᠭᠡᠮ ᠨᠡᠶᠢᠲᠡ ᠶᠢᠨ | ᠪᠠᠶᠢᠴᠠᠭᠠᠨ ᠯᠠᠪᠯᠠᠬᠤ ᠳᠤ ᠲᠦᠬᠦᠮ ᠦᠵᠡᠭᠦᠯᠬᠦ ᠬᠡᠷᠡᠭᠲᠡᠢ᠃ | | ᠬᠢᠨᠠᠨ ᠵᠥᠪᠰᠢᠶᠡᠷᠡᠬᠦ ᠰᠠᠯᠠᠭ᠎ᠠ ᠮᠥᠴᠢᠷᠣᠳ ᠬᠢᠨᠠᠨ ᠵᠥᠪᠰᠢᠶᠡᠷᠡᠬᠦ ᠶᠠᠪᠤᠴᠠ ᠲᠠᠭᠠᠨ ᠨᠠᠶᠢᠳᠠᠵᠤ | ᠥᠷᠨᠢᠭᠦᠯᠦᠭᠰᠡᠨ ᠠᠶᠤᠯᠭᠦᠢ ᠶᠢᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠮᠡᠷᠭᠡᠵᠢᠯ ᠤᠨ ᠦᠢᠯᠡᠴᠢᠯᠡᠭᠡᠨ ᠤ | ᠦᠢᠯᠡᠴᠢᠯᠡᠭᠡᠨ ᠤ ᠵᠠᠷᠤᠳᠠᠯ ᠢ ᠴᠥᠮ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠥᠭᠬᠦ ᠶᠢᠨ ᠬᠠᠮᠲᠤ ᠰᠠᠯᠠᠭ᠎ᠠ | ᠮᠥᠴᠢᠷ ᠤᠨ ᠲᠥᠰᠥᠪ ᠲᠤ ᠣᠷᠣᠭᠤᠯᠵᠤ᠂ ᠬᠢᠨᠠᠨ ᠵᠥᠪᠰᠢᠶᠡᠷᠡᠬᠦ ᠡᠲᠡᠭᠡᠳ ᠢ ᠰᠦᠢᠳᠬᠡᠯ ᠬᠤᠷᠢᠶᠠᠬᠤ ᠦᠭᠡᠢ᠃ | | ᠬᠤᠷᠢᠨ ᠬᠤᠶᠠᠳᠤᠭᠠᠷ ᠵᠦᠢᠯ ᠠᠶᠤᠯᠭᠦᠢ ᠶᠢ ᠦᠨᠡᠯᠡᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠵᠢᠴᠢ | ᠲᠡᠭᠦᠨ ᠤ ᠠᠵᠢᠯᠯᠠᠭᠴᠢᠳ ᠳᠠᠷᠠᠭᠠᠬᠢ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | | ︵ᠨᠢᠭᠡ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠨ ᠠᠶᠤᠯᠭᠦᠢ ᠶᠢᠨ ᠦᠨᠡᠯᠡᠯᠲᠡ | ᠂ ᠰᠢᠯᠭᠠᠨ ᠪᠠᠶᠢᠴᠠᠭᠠᠯᠲᠠ ᠬᠢᠭᠰᠡᠨ᠃ | | ︵ᠬᠤᠶᠠᠷ︶ ᠬᠢᠷᠢ ᠴᠢᠳᠠᠯ ᠤᠨ ᠨᠥᠬᠦᠴᠡᠯ ᠢ ᠪᠦᠷᠢᠳᠦᠭᠦᠯᠬᠦ ᠪᠠᠨ ᠪᠣᠯᠢᠭᠰᠠᠨ ᠪᠤᠶᠤ ᠬᠢᠷᠢ ᠴᠢᠳᠠᠯ ᠤᠨ | ᠬᠤᠭᠤᠴᠠᠭ᠎ᠠ ᠨᠢ ᠥᠩᠭᠡᠷᠡᠭᠡᠳ ᠠᠶᠤᠯᠭᠦᠢ ᠶᠢᠨ ᠦᠨᠡᠯᠡᠯᠲᠡ᠂ ᠰᠢᠯᠭᠠᠨ ᠪᠠᠶᠢᠴᠠᠭᠠᠯᠲᠠ ᠶᠢ ᠬᠢᠭᠰᠡᠨ᠃ | | ︵ᠭᠤᠷᠪᠠ︶ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠬᠡᠪᠴᠢᠶᠡᠨ ᠠᠴᠠ | ᠬᠡᠲᠦᠷᠡᠭᠦᠯᠦᠨ ᠬᠠᠤᠯᠢ ᠪᠠᠷ ᠲᠣᠭᠲᠠᠭᠠᠭᠰᠠᠨ ᠠᠶᠤᠯᠭᠦᠢ ᠶᠢᠨ ᠦᠨᠡᠯᠡᠯᠲᠡ᠂ ᠰᠢᠯᠭᠠᠨ ᠪᠠᠶᠢᠴᠠᠭᠠᠯᠲᠠ ᠪᠠ ᠰᠢᠯᠭᠠᠨ | ᠪᠠᠶᠢᠴᠠᠭᠠᠯᠲᠠ ᠶᠢ ᠬᠢᠭᠰᠡᠨ᠃ | | ︵ᠳᠥᠷᠪᠡ︶ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠬᠢᠷᠢ ᠴᠢᠳᠠᠯ ᠤᠨ | ᠦᠨᠡᠮᠯᠡᠯ ᠢᠶᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠃ | | ︵ᠲᠠᠪᠤ︶ ᠬᠤᠳᠠᠯ ᠬᠠᠭᠤᠷᠮᠠᠭ ᠪᠤᠶᠤ ᠬᠦᠨᠳᠦ ᠨᠣᠴᠢᠲᠠᠢ ᠣᠷᠬᠢᠭᠳᠠᠭᠤᠯᠤᠯ ᠤᠨ ᠠᠶᠤᠯᠭᠦᠢ ᠶᠢᠨ | ᠦᠨᠡᠯᠡᠯᠲᠡ᠂ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠢᠴᠢᠵᠦ ᠥᠭᠭᠦᠭᠰᠡᠨ᠃ | | ︵ᠵᠢᠷᠭᠤᠭ᠎ᠠ︶ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠵᠦ᠂ | ᠠᠶᠤᠯᠭᠦᠢ ᠶᠢ ᠦᠨᠡᠯᠡᠬᠦ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ ᠵᠢᠷᠤᠮ ᠪᠠ ᠬᠤᠯᠪᠣᠭᠳᠠᠯ ᠪᠦᠬᠦᠢ | ᠠᠭᠤᠯᠭ᠎ᠠ ᠶᠢ ᠥᠭᠡᠷᠡᠴᠢᠯᠡᠭᠰᠡᠨ ᠪᠤᠶᠤ ᠳᠥᠭᠦᠮᠴᠢᠯᠡᠭᠰᠡᠨ᠃ | | ︵ᠲᠤᠯᠤᠭ᠎ᠠ︶ ᠠᠶᠤᠯᠭᠦᠢ ᠶᠢᠨ ᠲᠤᠰᠬᠠᠢ ᠲᠤᠰᠢᠶᠠᠯᠲᠤ ᠦᠨᠡᠯᠡᠭᠴᠢ᠂ ᠲᠤᠰᠬᠠᠢ ᠮᠡᠷᠭᠡᠵᠢᠯ ᠤᠨ ᠠᠵᠢᠯᠲᠠᠨ | ᠠᠶᠤᠯᠭᠦᠢ ᠶᠢᠨ ᠦᠨᠡᠯᠡᠯᠲᠡ ᠶᠢᠨ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠬᠤᠶᠠᠷ ᠠᠴᠠ ᠳᠡᠭᠡᠭᠰᠢ | ᠪᠠᠶᠢᠭᠤᠯᠤᠮᠵᠢ ᠳᠤ ᠵᠡᠷᠭᠡ ᠪᠠᠷ ᠠᠵᠢᠯᠯᠠᠭᠰᠠᠨ᠃ | | ︵ᠨᠠᠢᠮᠠ︶ ᠠᠶᠤᠯᠭᠦᠢ ᠶᠢᠨ ᠦᠨᠡᠯᠡᠯᠲᠡ ᠶᠢᠨ ᠵᠦᠢᠯᠡᠰ ᠤᠨ ᠳᠤᠭᠤᠶᠢᠯᠠᠩ ᠤᠨ ᠳᠠᠷᠤᠭ᠎ᠠ ᠵᠢᠴᠢ ᠬᠠᠶᠢᠨ | ᠰᠢᠯᠭᠠᠬᠤ ᠶᠢ ᠬᠠᠷᠢᠭᠤᠴᠠᠬᠤ ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠣᠴᠢᠵᠤ ᠬᠠᠶᠢᠨ | ᠰᠢᠯᠭᠠᠯᠲᠠ ᠬᠢᠬᠦ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ᠃ | | ︵ᠶᠢᠰᠦ︶ ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠶᠢ ᠡᠭᠦᠷᠭᠡᠯᠡᠭᠰᠡᠨ | ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠬᠦᠷᠴᠦ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ | ᠰᠢᠯᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠦᠭᠡᠢ᠃ | | ︵ᠠᠷᠪᠠ︶ ᠪᠤᠰᠤᠳ ᠬᠥᠮᠥᠨ ᠤ ᠨᠡᠷ᠎ᠡ ᠶᠢ ᠬᠠᠭᠤᠷᠮᠠᠭᠯᠠᠨ ᠬᠡᠷᠡᠭᠯᠡᠭᠰᠡᠨ ᠪᠤᠶᠤ ᠪᠤᠰᠤᠳ ᠬᠥᠮᠥᠨ ᠤ | ᠥᠪᠡᠷ ᠤᠨ ᠨᠡᠷ᠎ᠡ ᠶᠢ ᠬᠠᠭᠤᠷᠮᠠᠭᠯᠠᠨ ᠬᠡᠷᠡᠭᠯᠡᠵᠦ ᠠᠶᠤᠯᠭᠦᠢ ᠶᠢᠨ ᠦᠨᠡᠯᠡᠯᠲᠡ᠂ ᠰᠢᠯᠭᠠᠨ ᠪᠠᠶᠢᠴᠠᠭᠠᠯᠲᠠ ᠶᠢᠨ | ᠮᠡᠳᠡᠭᠦᠯᠦᠯᠲᠡ ᠪᠠ ᠠᠩᠬᠠᠨ ᠤ ᠲᠡᠮᠳᠡᠭᠯᠡᠯ ᠳᠤ ᠭᠠᠷ ᠤᠨ ᠦᠰᠦᠭ ᠵᠢᠷᠤᠬᠤ ᠶᠢ ᠵᠥᠪᠰᠢᠶᠡᠷᠡᠭᠰᠡᠨ᠃ | | ︵ᠠᠷᠪᠠᠨ ᠨᠢᠭᠡ︶ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠣᠷᠠᠳᠤ | ᠱᠠᠲᠤᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠰᠣᠩᠭᠤᠨ ᠪᠠᠶᠢᠴᠠᠭᠠᠬᠤ ᠶᠢ ᠦᠯᠦ ᠬᠦᠯᠢᠶᠡᠭᠰᠡᠨ᠃ | | ᠲᠣᠰ ᠠᠷᠭ᠎ᠠ ᠳᠤ ᠬᠡᠯᠡᠵᠦ ᠪᠠᠶᠢᠭ᠎ᠠ ᠬᠤᠳᠠᠯ ᠬᠠᠭᠤᠷᠮᠠᠭ ᠮᠡᠳᠡᠭᠦᠯᠦᠯᠲᠡ ᠭᠡᠳᠡᠭ ᠨᠢ ᠠᠶᠦᠯᠭᠦᠢ ᠶᠢᠨ | ᠦᠨᠡᠯᠡᠯᠲᠡ ᠶᠢᠨ ᠮᠡᠳᠡᠭᠦᠯᠦᠯᠲᠡ ᠶᠢ ᠵᠢᠭᠠᠵᠤ ᠪᠣᠶ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ | ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠠᠭᠤᠯᠭ᠎ᠠ ᠨᠢ ᠲᠤᠬᠠᠢ ᠶᠢᠨ ᠦᠶ᠎ᠡ ᠶᠢᠨ ᠪᠣᠳᠠᠲᠤ ᠪᠠᠶᠢᠳᠠᠯ ᠲᠠᠢ | ᠬᠦᠨᠳᠦ ᠨᠣᠴᠢᠲᠠᠢ ᠨᠡᠶᠢᠴᠡᠬᠦ ᠦᠭᠡᠢ ᠪᠠᠶᠢᠵᠤ᠂ ᠮᠡᠳᠡᠭᠦᠯᠦᠯᠲᠡ ᠶᠢᠨ ᠳ᠋ᠦᠩᠨᠡᠯᠲᠡ ᠶᠢᠨ ᠰᠢᠨᠵᠢ ᠴᠢᠨᠠᠷ ᠢ ᠲᠣᠭᠲᠠᠭᠠᠬᠤ | ᠨᠢ ᠪᠤᠰᠤᠳᠴᠢ ᠪᠣᠳᠠᠲᠤ ᠪᠠᠶᠢᠳᠠᠯ ᠠᠴᠠ ᠬᠦᠨᠳᠦ ᠨᠣᠴᠢᠲᠠᠢ ᠵᠠᠶᠢᠳᠠᠭᠰᠠᠨ ᠢ ᠵᠢᠭᠠᠵᠤ ᠪᠣᠶ᠃ | | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | ᠬᠤᠷᠢᠨ ᠭᠤᠷᠪᠠᠳᠤᠭᠠᠷ ᠵᠦᠢᠯ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ ᠠᠶᠤᠯᠭᠦᠢ ᠶᠢ ᠦᠨᠡᠯᠡᠬᠦ | ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ ᠮᠡᠳᠡᠷᠡᠨ ᠵᠥᠪᠰᠢᠶᠡᠷᠡᠬᠦ᠂ ᠬᠢᠨᠠᠯᠲᠠ | ᠲᠠᠯᠪᠢᠵᠤ ᠪᠠᠶᠢᠴᠠᠭᠠᠬᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠬᠤᠯᠪᠣᠭᠳᠠᠯ ᠪᠦᠬᠦᠢ ᠳᠦᠷᠢᠮ ᠪᠠ ᠵᠢᠷᠤᠮ ᠢ | ᠪᠠᠶᠢᠭᠤᠯᠤᠨ ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠪᠠ ᠰᠢᠢᠳᠪᠦᠷᠢᠯᠡᠭᠰᠡᠨ | ᠦᠷ᠎ᠡ ᠳ᠋ᠦᠩ ᠢᠶᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | | ᠲᠦᠷᠦ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠶᠢᠨ ᠬᠢᠷᠢ ᠬᠡᠮ ᠢ ᠮᠡᠳᠡᠷᠡᠨ ᠵᠥᠪᠰᠢᠶᠡᠷᠡᠬᠦ ᠵᠡᠷᠭᠡ | ᠠᠵᠢᠯ ᠢ ᠥᠷᠨᠢᠭᠦᠯᠦᠭᠰᠡᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠦᠢᠯᠡᠳᠪᠦᠷᠢᠯᠡᠬᠦ ᠠᠵᠢᠯ ᠤᠨ | ᠠᠶᠤᠯᠭᠦᠢ ᠶᠢᠨ ᠬᠦᠨᠳᠦ ᠨᠣᠴᠢᠲᠠᠢ ᠡ᠊ᠨᠳᠡᠯ ᠳᠤ ᠬᠤᠯᠪᠣᠭᠳᠠᠭᠰᠠᠨ᠂ ᠬᠠᠤᠯᠢ ᠲᠣᠭᠲᠠᠭᠠᠯ ᠢ ᠵᠥᠷᠢᠴᠡᠨ ᠮᠡᠳᠡᠷᠡᠨ | ᠵᠥᠪᠰᠢᠶᠡᠷᠡᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠪᠣᠯᠵᠣᠨ ᠶᠠᠷᠢᠯᠴᠠᠬᠤ᠂ ᠵᠠᠷᠯᠠᠨ | ᠮᠡᠳᠡᠭᠳᠡᠬᠦ᠂ ᠬᠢᠷᠢ ᠬᠡᠮ ᠢ ᠨᠢ ᠮᠡᠳᠡᠷᠡᠨ ᠵᠥᠪᠰᠢᠶᠡᠷᠡᠬᠦ ᠲᠣᠭᠲᠠᠭᠠᠯ ᠢ ᠨᠢ ᠬᠦᠴᠦᠨ ᠦᠭᠡᠢ ᠪᠣᠯᠭᠠᠬᠤ ᠵᠢᠴᠢ ᠬᠢᠷᠢ | ᠬᠡᠮ ᠢ ᠨᠢ ᠮᠡᠳᠡᠷᠡᠨ ᠵᠥᠪᠰᠢᠶᠡᠷᠡᠬᠦ ᠡᠷᠬᠡ ᠶᠢ ᠨᠢ ᠲᠦᠷ ᠵᠣᠭᠰᠤᠭᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠣᠨ᠎ᠠ᠃ | | ᠬᠤᠷᠢᠨ ᠳᠥᠷᠪᠡᠳᠦᠭᠡᠷ ᠵᠦᠢᠯ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠨᠢ ᠮᠡᠳᠡᠷᠡᠨ | ᠵᠥᠪᠰᠢᠶᠡᠷᠡᠭᠰᠡᠨ ᠠᠶᠤᠯᠭᠦᠢ ᠶᠢ ᠦᠨᠡᠯᠡᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠨ ᠠᠶᠤᠯᠭᠦᠢ ᠦᠢᠯᠡᠳᠪᠦᠷᠢᠯᠡᠬᠦ | ᠠᠵᠢᠯ ᠢ ᠬᠢᠨᠠᠵᠤ ᠪᠠᠶᠢᠴᠠᠭᠠᠬᠤ ᠣᠨ ᠤ ᠲᠥᠯᠥᠪᠯᠡᠭᠡ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠲᠦᠷᠦ ᠶᠢᠨ | ᠶᠠᠪᠤᠳᠠᠯ ᠤᠨ ᠬᠤᠷᠢᠶᠠᠨ ᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠬᠡᠷᠡᠭᠵᠢᠭᠦᠯᠬᠦ ᠶᠢᠨ ᠬᠠᠮᠲᠤ ᠭᠤᠷᠪᠠᠨ ᠵᠢᠯ ᠳᠤ | ᠠᠳᠠᠭ ᠲᠠᠭᠠᠨ ᠨᠢᠭᠡ ᠤᠳᠠᠭ᠎ᠠ ᠬᠠᠮᠤᠷᠬᠤ ᠶᠢ ᠦᠨᠡᠨ ᠬᠦ ᠪᠠᠲᠤᠯᠠᠨ᠎ᠠ᠃ | | ᠠᠶᠤᠯᠭᠦᠢ ᠶᠢᠨ ᠦᠨᠡᠯᠡᠯᠲᠡ ᠬᠢᠵᠦ ᠪᠠᠶᠢᠴᠠᠭᠠᠨ ᠰᠢᠯᠭᠠᠬᠤ ᠪᠠᠶᠢᠭᠤᠯᠤᠮᠵᠢ ᠣᠷᠣᠨ ᠪᠦᠰᠡ ᠠᠯᠤᠰᠯᠠᠭᠰᠠᠨ | ᠮᠡᠷᠭᠡᠵᠢᠯ ᠤᠨ ᠦᠢᠯᠡᠴᠢᠯᠡᠭᠡ ᠬᠢᠭᠰᠡᠨ ᠪᠠᠶᠢᠪᠠᠯ᠂ ᠵᠦᠢᠯᠡᠰ ᠢ ᠬᠡᠷᠡᠭᠵᠢᠭᠦᠯᠬᠦ ᠭᠠᠵᠠᠷ ᠤᠨ ᠬᠢᠷᠢ ᠬᠡᠮ ᠢ ᠮᠡᠳᠡᠷᠡᠨ | ᠵᠥᠪᠰᠢᠶᠡᠷᠡᠬᠦ ᠪᠠᠶᠢᠭᠤᠯᠭ᠎ᠠ ᠠᠴᠠ ᠲᠡᠭᠦᠨ ᠤ ᠬᠢᠷᠢ ᠬᠡᠮ ᠤᠨ ᠬᠦᠴᠦᠨ ᠲᠠᠢ ᠴᠢᠨᠠᠷ᠂ ᠮᠡᠳᠡᠷᠡᠨ ᠵᠥᠪᠰᠢᠶᠡᠷᠡᠬᠦ | ᠬᠦᠷᠢᠶ᠎ᠡ ᠬᠡᠪᠴᠢᠶ᠎ᠡ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ | ᠲᠡᠭᠦᠨ ᠤ ᠮᠡᠷᠭᠡᠵᠢᠯ ᠤᠨ ᠦᠢᠯᠡᠴᠢᠯᠡᠭᠡ ᠳᠤ ᠰᠣᠩᠭᠤᠨ ᠪᠠᠶᠢᠴᠠᠭᠠᠯᠲᠠ ᠬᠢᠬᠦ ᠬᠡᠷᠡᠭᠲᠡᠢ᠃ | | ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠣᠷᠠᠳᠤ ᠱᠠᠲᠤᠨ ᠤ ᠰᠠᠯᠠᠭ᠎ᠠ | ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠦᠷᠢᠳᠬᠡᠭᠦᠯᠦᠨ ᠳᠠᠩᠰᠠᠯᠠᠭᠤᠯᠤᠭᠰᠠᠨ ᠠᠶᠤᠯᠭᠦᠢ ᠶᠢ | ᠦᠨᠡᠯᠡᠬᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠤᠨ ᠨᠥᠬᠦᠴᠡᠯ ᠢ ᠪᠠᠲᠤᠯᠠᠭᠰᠠᠨ ᠪᠠᠶᠢᠳᠠᠯ᠂ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠦᠯᠢᠶᠡᠨ ᠠᠪᠤᠭᠰᠠᠨ ᠪᠠ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠵᠡᠷᠭᠡ | ᠪᠠᠶᠢᠳᠠᠯ ᠳᠤ ᠭᠤᠣᠯᠳᠠᠯᠭ᠎ᠠ ᠲᠠᠢ ᠪᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃ | | ᠬᠤᠷᠢᠨ ᠲᠠᠪᠤᠳᠤᠭᠠᠷ ᠵᠦᠢᠯ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠣᠷ᠎ᠠ | ᠱᠠᠲᠤᠨ ᠤ ᠰᠠᠯᠠᠭ᠎ᠠ ᠮᠥᠴᠢᠷ᠂ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ᠂ | ᠡ᠊ᠨᠳᠡᠯ ᠢ ᠪᠠᠶᠢᠴᠠᠭᠠᠬᠤ ᠳᠤᠭᠤᠶᠢᠯᠠᠩ ᠠᠶᠤᠯᠭᠦᠢ ᠦᠢᠯᠡᠳᠪᠦᠷᠢᠯᠡᠬᠦ ᠠᠵᠢᠯ ᠤᠨ ᠵᠠᠰᠠᠭ ᠵᠠᠬᠢᠷᠭᠠᠨ ᠤ ᠵᠥᠪᠰᠢᠶᠡᠷᠡᠯ᠂ | ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠠᠶᠤᠯᠭᠦᠢ ᠶᠢᠨ ᠲᠥᠬᠦᠭᠡᠷᠦᠮᠵᠢ ᠶᠢᠨ ︽ᠭᠤᠷᠪᠠ ᠶᠢ ᠵᠡᠷᠭᠡᠪᠡᠷ ᠬᠢᠬᠦ︾ | ᠬᠢᠨᠠᠨ ᠪᠠᠶᠢᠴᠠᠭᠠᠯᠲᠠ᠂ ᠬᠢᠨᠠᠯᠲᠠ ᠪᠠᠶᠢᠴᠠᠭᠠᠯᠲᠠ ᠪᠠ ᠡ᠊ᠨᠳᠡᠯ ᠤᠨ ᠪᠠᠶᠢᠴᠠᠭᠠᠯᠲᠠ ᠶᠢᠨ ᠳᠤᠮᠳᠠ᠂ ᠦᠢᠯᠡᠳᠪᠦᠷᠢᠯᠡᠬᠦ | ᠠᠵᠢᠯ ᠡᠵᠡᠩᠨᠡᠯᠲᠡ ᠶᠢᠨ ᠨᠢᠭᠡᠴᠢ ᠪᠠ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠠᠶᠤᠯᠭᠦᠢ ᠶᠢ ᠦᠨᠡᠯᠡᠬᠦ᠂ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠠᠵᠢᠯᠯᠠᠭ᠎ᠠ ᠶᠢᠨ ᠳᠤᠮᠳᠠ | ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠭᠠᠷ | ᠵᠠᠰᠠᠭ ᠵᠠᠬᠢᠷᠭᠠᠨ ᠤ ᠰᠢᠢᠳᠬᠡᠯ ᠥᠭᠬᠦ ᠬᠡᠷᠡᠭᠲᠡᠢ᠃ | | ᠠᠶᠤᠯᠭᠦᠢ ᠶᠢᠨ ᠦᠨᠡᠯᠡᠯᠲᠡ ᠶᠢᠨ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠷᠢ ᠬᠡᠮ ᠢ | ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠭᠠᠬᠤ ᠳᠤ ᠤᠤᠯ ᠤᠨ ᠬᠢᠷᠢ ᠬᠡᠮ ᠢ | ᠵᠥᠪᠰᠢᠶᠡᠷᠡᠭᠰᠡᠨ ᠪᠠᠶᠢᠭᠤᠯᠭ᠎ᠠ ᠠᠴᠠ ᠲᠣᠭᠲᠠᠭᠠᠨ᠎ᠠ᠃ | | ᠠᠶᠤᠯᠭᠦᠢ ᠶᠢ ᠦᠨᠡᠯᠡᠬᠦ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠵᠠᠰᠠᠭ ᠵᠠᠬᠢᠷᠭᠠᠨ ᠤ ᠰᠢᠢᠳᠬᠡᠯ ᠥᠭᠬᠦ | ᠵᠡᠷᠭᠡ ᠲᠣᠭᠲᠠᠭᠠᠯ ᠭᠠᠷᠭᠠᠭᠰᠠᠨ ᠪᠠᠶᠢᠪᠠᠯ᠂ ᠲᠣᠭᠲᠠᠭᠠᠯ ᠭᠠᠷᠭᠠᠭᠰᠠᠨ ᠪᠠᠶᠢᠭᠤᠯᠭ᠎ᠠ ᠨᠢ ᠬᠤᠯᠪᠣᠭᠳᠠᠯ ᠪᠦᠬᠦᠢ | ᠪᠠᠶᠢᠳᠠᠯ ᠢ ᠠᠶᠤᠯᠭᠦᠢ ᠶᠢ ᠦᠨᠡᠯᠡᠬᠦ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠪᠠᠶᠢᠴᠠᠭᠠᠨ | ᠯᠠᠪᠯᠠᠬᠤ ᠰᠢᠰᠲ᠋ᠧᠮ ᠳᠤ ᠴᠠᠭ ᠲᠤᠬᠠᠢ ᠳᠤᠨᠢ ᠣᠷᠣᠭᠤᠯᠬᠤ ᠬᠡᠷᠡᠭᠲᠡᠢ᠃ | | ᠬᠤᠷᠢᠨ ᠵᠢᠷᠭᠤᠳᠤᠭᠠᠷ ᠵᠦᠢᠯ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠠᠶᠤᠯᠭᠦᠢ ᠶᠢ ᠦᠨᠡᠯᠡᠬᠦ ᠰᠢᠯᠭᠠᠨ | ᠬᠡᠮᠵᠢᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠳᠤ ᠭᠠᠷ ᠲᠦᠷᠤᠵᠤ ᠪᠣᠯᠬᠤ ᠦᠭᠡᠢ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠷᠭᠡᠵᠢᠯ ᠤᠨ ᠦᠢᠯᠡᠴᠢᠯᠡᠭᠡ ᠶᠢ ᠭᠠᠷᠭᠠᠪᠠᠯ᠂ ᠦᠢᠯᠡᠳᠪᠦᠷᠢᠯᠡᠬᠦ ᠠᠵᠢᠯ | ᠡᠵᠡᠩᠨᠡᠯᠲᠡ ᠶᠢᠨ ᠨᠢᠭᠡᠴᠢ ᠶᠢ ᠵᠢᠭᠠᠨ ᠲᠣᠭᠲᠠᠭᠠᠭᠰᠠᠨ ᠠᠶᠤᠯᠭᠦᠢ ᠶᠢ ᠦᠨᠡᠯᠡᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠮᠡᠷᠭᠡᠵᠢᠯ ᠤᠨ ᠦᠢᠯᠡᠴᠢᠯᠡᠭᠡ ᠶᠢ ᠬᠦᠯᠢᠶᠡᠯᠭᠡᠬᠦ ᠪᠠᠷ ᠱᠠᠭᠠᠷᠳᠠᠵᠤ ᠪᠣᠯᠬᠤ ᠦᠭᠡᠢ᠃ | | ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠦᠭᠡᠢ ᠪᠤᠶᠤ ᠲᠦᠷᠦ ᠶᠢᠨ ᠶᠠᠪᠤᠳᠠᠯ ᠤᠨ | ᠬᠤᠷᠢᠶᠠᠨ ᠤ ᠲᠣᠭᠲᠠᠭᠠᠯ ᠦᠭᠡᠢ ᠪᠣᠯ᠂ ᠳᠠᠩᠰᠠᠯᠠᠬᠤ᠂ ᠳᠠᠩᠰᠠᠯᠠᠬᠤ᠂ ᠣᠨ ᠤ ᠪᠠᠶᠢᠴᠠᠭᠠᠯᠲᠠ ᠬᠢᠬᠦ᠂ ᠦᠨᠡᠮᠯᠡᠯ | ᠰᠣᠯᠢᠬᠤ᠂ ᠰᠠᠯᠪᠤᠷᠢ ᠪᠠᠶᠢᠭᠤᠯᠤᠮᠵᠢ ᠪᠠᠶᠢᠭᠤᠯᠬᠤ ᠪᠠᠷ ᠱᠠᠭᠠᠷᠳᠠᠬᠤ ᠵᠡᠷᠭᠡ ᠬᠡᠯᠪᠡᠷᠢ ᠪᠠᠷ ᠠᠶᠤᠯᠭᠦᠢ ᠶᠢᠨ ᠦᠨᠡᠯᠡᠯᠲᠡ | ᠬᠢᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠣᠷᠣᠬᠤ ᠵᠥᠪᠰᠢᠶᠡᠷᠡᠯ ᠤᠨ ᠬᠠᠷᠰᠢ ᠰᠠᠭᠠᠳ ᠢ ᠭᠠᠷᠭᠠᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠭᠠᠷᠭᠠᠵᠤ ᠪᠣᠯᠬᠤ ᠦᠭᠡᠢ᠃ | | ᠲᠠᠪᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠬᠤᠷᠢᠨ ᠳᠣᠯᠣᠳᠤᠭᠠᠷ ᠵᠦᠢᠯ ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢᠶᠠᠨ ᠨᠢᠭᠤᠨ ᠳᠠᠯᠳᠠᠯᠠᠭᠰᠠᠨ | ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠬᠢᠷᠢ ᠴᠢᠳᠠᠯ ︵ᠬᠢᠷᠢ ᠴᠢᠳᠠᠯ ᠢ ᠨᠢ ᠦᠷᠭᠦᠯᠵᠢᠯᠡᠭᠦᠯᠬᠦ᠂ ᠬᠢᠷᠢ | ᠴᠢᠳᠠᠯ ᠢ ᠨᠢ ᠬᠤᠪᠢᠷᠠᠭᠤᠯᠬᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠢ ᠨᠡᠮᠡᠭᠳᠡᠭᠦᠯᠬᠦ ᠵᠡᠷᠭᠡ ᠶᠢ ᠪᠠᠭᠲᠠᠭᠠᠨ᠎ᠠ︶ | ᠭᠤᠶᠤᠴᠢᠯᠠᠭᠰᠠᠨ ᠪᠠᠶᠢᠪᠠᠯ᠂ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠬᠦᠯᠢᠶᠡᠨ ᠠᠪᠴᠤ | ᠰᠢᠢᠳᠪᠦᠷᠢᠯᠡᠬᠦ ᠦᠭᠡᠢ ᠪᠤᠶᠤ ᠵᠠᠰᠠᠭ ᠵᠠᠬᠢᠷᠭᠠᠨ ᠤ ᠵᠥᠪᠰᠢᠶᠡᠷᠡᠯ ᠥᠭᠬᠦ ᠦᠭᠡᠢ ᠪᠥᠭᠡᠳ ᠰᠡᠷᠡᠮᠵᠢ ᠥᠭᠭᠦᠨ᠎ᠡ᠃ | ᠲᠤᠰ ᠭᠤᠶᠤᠴᠢᠯᠠᠭᠴᠢ ᠨᠢᠭᠡ ᠵᠢᠯ ᠤᠨ ᠳᠣᠲᠣᠷ᠎ᠠ ᠲᠠᠬᠢᠵᠤ ᠭᠤᠶᠤᠴᠢᠯᠠᠵᠤ ᠪᠣᠯᠬᠤ ᠦᠭᠡᠢ᠃ | | ᠬᠤᠷᠢᠨ ᠨᠠᠢᠮᠠᠳᠤᠭᠠᠷ ᠵᠦᠢᠯ ᠭᠤᠶᠤᠴᠢᠯᠠᠭᠴᠢ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠢ ᠪᠤᠰᠤ ᠠᠷᠭ᠎ᠠ | ᠪᠠᠷᠢᠯ ᠢᠶᠠᠷ ᠬᠢᠷᠢ ᠬᠡᠮ ︵ᠬᠢᠷᠢ ᠬᠡᠮ ᠢ ᠨᠢ ᠦᠷᠭᠦᠯᠵᠢᠯᠡᠭᠦᠯᠬᠦ᠂ ᠬᠢᠷᠢ ᠬᠡᠮ ᠢ ᠨᠢ ᠬᠤᠪᠢᠷᠠᠭᠤᠯᠬᠤ᠂ ᠲᠤᠬᠠᠶᠢᠯᠠᠭᠰᠠᠨ | ᠠᠵᠢᠯ ᠤᠨ ᠬᠡᠪᠴᠢᠶ᠎ᠡ ᠶᠢ ᠨᠢ ᠨᠡᠮᠡᠭᠳᠡᠭᠦᠯᠬᠦ ᠵᠡᠷᠭᠡ ᠪᠠᠭᠲᠠᠨ᠎ᠠ︶ ᠣᠯᠣᠭᠰᠠᠨ ᠪᠠᠶᠢᠪᠠᠯ᠂ ᠲᠡᠭᠦᠨ ᠢ ᠬᠦᠴᠦᠨ ᠦᠭᠡᠢ | ᠪᠣᠯᠭᠠᠬᠤ ᠬᠡᠷᠡᠭᠲᠡᠢ᠃ ᠲᠤᠰ ᠭᠤᠶᠤᠴᠢᠯᠠᠭᠴᠢ ᠨᠢ ᠭᠤᠷᠪᠠᠨ ᠵᠢᠯ ᠤᠨ ᠳᠣᠲᠣᠷ᠎ᠠ ᠲᠡᠬᠢᠵᠦ ᠭᠤᠶᠤᠴᠢᠯᠠᠵᠤ ᠪᠣᠯᠬᠤ | ᠦᠭᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠬᠤᠷᠢ ᠶᠢᠰᠦᠳᠦᠭᠡᠷ ᠵᠦᠢᠯ ᠬᠢᠷᠢ ᠬᠡᠮ ᠣᠯᠣᠭᠰᠠᠨ ᠦᠭᠡᠢ ᠪᠠᠶᠢᠭᠤᠯᠤᠮᠵᠢ ᠵᠢᠴᠢ ᠲᠡᠭᠦᠨ ᠤ ᠬᠤᠯᠪᠣᠭᠳᠠᠯ | ᠪᠦᠬᠦᠢ ᠬᠥᠮᠥᠰ ᠠᠶᠤᠯᠭᠦᠢ ᠶᠢ ᠦᠨᠡᠯᠡᠬᠦ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ ᠦᠢᠯᠡᠴᠢᠯᠡᠭᠡ ᠶᠢ | ᠳᠤᠷ᠎ᠠ ᠪᠠᠷ ᠢᠶᠠᠨ ᠬᠢᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ | ᠲᠡᠷᠡ ᠳᠠᠷᠤᠢ ᠳᠤᠨᠢ ᠵᠣᠭᠰᠣᠭᠠᠵᠤ᠂ ᠳᠠᠷᠠᠭᠠᠬᠢ ᠲᠣᠭᠲᠠᠭᠠᠯ ᠶᠣᠰᠣᠭᠠᠷ ᠰᠢᠢᠳᠬᠡᠨ᠎ᠡ᠄ | | ︵ᠨᠢᠭᠡ︶ ᠪᠠᠶᠢᠭᠤᠯᠤᠮᠵᠢ ᠨᠢ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠲᠠᠢ ᠪᠠᠶᠢᠪᠠᠯ᠂ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠭᠤᠷᠪᠠᠨ ᠲᠡᠬᠢᠠ ᠠᠴᠠ ᠳᠣᠭᠤᠭᠰᠢ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠭᠡᠪᠡᠴᠦ ᠬᠠᠮᠤᠭ ᠶᠡᠭᠡ ᠳᠡᠭᠡᠨ ᠭᠤᠷᠪᠠᠨ ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠦᠭᠡᠢ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠣᠯ ᠲᠠᠪᠤᠨ | ᠮᠢᠩᠭᠠᠨ ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ | | ︵ᠬᠤᠶᠠᠷ︶ ᠬᠤᠯᠪᠣᠭᠳᠠᠯ ᠪᠦᠬᠦᠢ ᠬᠥᠮᠥᠰ ᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠦᠮᠡᠨ | ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ | | ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠪᠠᠶᠢᠭᠤᠯᠤᠮᠵᠢ ᠵᠢᠴᠢ | ᠲᠡᠭᠦᠨ ᠤ ᠠᠵᠢᠯᠲᠠᠨ ᠢ ᠬᠢᠷᠢ ᠴᠢᠳᠠᠯ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠠᠴᠠ ᠬᠤᠯᠪᠣᠭᠳᠠᠯ ᠪᠦᠬᠦᠢ | ᠪᠠᠶᠢᠭᠤᠯᠤᠮᠵᠢ ᠪᠠ ᠠᠵᠢᠯᠲᠠᠨ ᠤ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠬᠤ ᠶᠢᠨ ᠬᠠᠮᠲᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠨ᠎ᠡ᠃ | | ᠭᠤᠴᠢᠳᠤᠭᠠᠷ ᠵᠦᠢᠯ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠪᠠᠶᠢᠭᠤᠯᠤᠮᠵᠢ ᠳᠤ ᠳᠠᠷᠠᠭᠠᠬᠢ ᠪᠠᠶᠢᠳᠠᠯ ᠤᠨ | ᠠᠯᠢ ᠨᠢᠭᠡ ᠨᠢ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠤᠭᠤᠯᠬᠤ ᠪᠤᠶᠤ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ᠂ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ | ᠪᠠᠶᠢᠪᠠᠯ᠂ ᠲᠦᠮᠡᠨ ᠲᠥᠭᠦᠷᠢᠭ ᠠᠴᠠ ᠳᠡᠭᠡᠭᠰᠢ ᠭᠤᠷᠪᠠᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠭᠡᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠢ ᠮᠢᠩᠭᠠᠨ | ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ | ᠰᠢᠢᠳᠬᠡᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠦᠮᠡᠨ ᠲᠥᠭᠦᠷᠢᠭ ᠠᠴᠠ ᠳᠡᠭᠡᠭᠰᠢ ᠭᠤᠷᠪᠠᠨ | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠭᠡᠵᠦ᠂ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠨ ᠢ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠳᠣᠭᠤᠭᠰᠢ | ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠄ | | ︵ᠨᠢᠭᠡ︶ ᠨᠠᠶᠢᠳᠠᠭᠰᠠᠨ ᠲᠠᠯ᠎ᠠ ᠲᠠᠢ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠶᠢ ᠬᠠᠤᠯᠢ ᠶᠣᠰᠣᠭᠠᠷ ᠦᠯᠦ | ᠲᠣᠭᠲᠠᠭᠠᠭᠰᠠᠨ᠃ | | ︵ᠬᠤᠶᠠᠷ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠨ ᠠᠶᠤᠯᠭᠦᠢ ᠶᠢ ᠦᠨᠡᠯᠡᠬᠦ᠂ | ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ ᠵᠢᠷᠤᠮ ᠪᠠ ᠬᠤᠯᠪᠣᠭᠳᠠᠯ ᠪᠦᠬᠦᠢ ᠠᠭᠤᠯᠭ᠎ᠠ ᠶᠢ ᠥᠭᠡᠷᠡᠴᠢᠯᠡᠭᠰᠡᠨ | ᠪᠤᠶᠤ ᠳᠥᠭᠦᠮᠴᠢᠯᠡᠭᠰᠡᠨ᠃ | | ︵ᠭᠤᠷᠪᠠ︶ ᠠᠶᠤᠯᠭᠦᠢ ᠶᠢᠨ ᠦᠨᠡᠯᠡᠯᠲᠡ ᠶᠢᠨ ᠮᠡᠳᠡᠭᠦᠯᠦᠯᠲᠡ᠂ ᠠᠶᠤᠯᠭᠦᠢ ᠦᠢᠯᠡᠳᠪᠦᠷᠢᠯᠡᠬᠦ ᠠᠵᠢᠯ ᠤᠨ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠵᠢᠴᠢ | ᠲᠤᠬᠠᠢ ᠶᠢᠨ ᠲᠠᠯᠠᠪᠤᠷ ᠲᠤ ᠬᠠᠶᠢᠨ ᠰᠢᠯᠭᠠᠭᠰᠠᠨ ᠵᠢᠷᠤᠭ ᠳᠦᠷᠰᠦ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ | ᠲᠣᠭᠲᠠᠭᠠᠯ ᠶᠣᠰᠣᠭᠠᠷ ᠢᠯᠡ ᠪᠣᠯᠭᠠᠭᠰᠠᠨ ᠦᠭᠡᠢ᠃ | | ︵ᠳᠥᠷᠪᠡ︶ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠬᠦ ᠠᠴᠠ ᠡᠮᠦᠨ᠎ᠡ | ᠲᠤᠯᠤᠭᠠᠨ ᠠᠵᠢᠯ ᠤᠨ ᠡᠳᠦᠷ ᠤᠨ ᠳᠣᠲᠣᠷ᠎ᠠ᠂ ᠲᠥᠷᠥᠯ ᠵᠦᠢᠯ ᠢ ᠬᠡᠷᠡᠭᠵᠢᠭᠦᠯᠬᠦ ᠭᠠᠵᠠᠷ ᠤᠨ ᠬᠢᠷᠢ ᠬᠡᠮ ᠢ | ᠵᠥᠪᠰᠢᠶᠡᠷᠡᠬᠦ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠭᠰᠡᠨ ᠦᠭᠡᠢ᠃ | | ︵ᠲᠠᠪᠤ︶ ᠪᠠᠶᠢᠭᠤᠯᠤᠮᠵᠢ ᠶᠢᠨ ᠨᠡᠷᠡᠶᠢᠳᠦᠯ᠂ ᠳᠠᠩᠰᠠᠯᠠᠭᠤᠯᠤᠭᠰᠠᠨ ᠬᠠᠶ᠋ᠢᠭ᠂ ᠲᠤᠷᠰᠢᠯᠲᠠ ᠶᠢᠨ ᠲᠠᠰᠤᠭ ᠤᠨ | ᠨᠥᠬᠦᠴᠡᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠮᠡᠷᠭᠡᠵᠢᠯ ᠤᠨ ᠲᠤᠰᠬᠠᠢ ᠬᠠᠷᠢᠭᠤᠴᠠᠯᠭᠠᠲᠠᠨ᠂ ᠡᠷᠬᠡ | ᠣᠯᠭᠤᠭᠰᠠᠨ ᠭᠠᠷ ᠤᠨ ᠦᠰᠦᠭ ᠵᠢᠷᠤᠭᠴᠢ ᠳᠤ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ ᠭᠤᠴᠢᠨ | ᠡᠳᠦᠷ ᠤᠨ ᠳᠣᠲᠣᠷ᠎ᠠ ᠤᠤᠯ ᠤᠨ ᠬᠢᠷᠢ ᠴᠢᠳᠠᠯ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ ᠬᠤᠪᠢᠷᠠᠭᠤᠯᠬᠤ | ᠭᠤᠶᠤᠴᠢᠯᠠᠯ ᠭᠠᠷᠭᠠᠭᠰᠠᠨ ᠦᠭᠡᠢ᠃ | | ︵ᠵᠢᠷᠭᠤᠭ᠎ᠠ︶ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ | ᠴᠢᠨᠠᠷᠲᠠᠢ ᠲᠣᠭᠲᠠᠭᠠᠯ ᠶᠣᠰᠣᠭᠠᠷ ᠠᠶᠤᠯᠭᠦᠢ ᠶᠢᠨ ᠦᠨᠡᠯᠡᠯᠲᠡ ᠬᠢᠬᠦ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ | ᠠᠵᠢᠯᠯᠠᠭ᠎ᠠ ᠦᠯᠦ ᠬᠢᠭᠰᠡᠨ᠃ | | ︵ᠲᠤᠯᠤᠭ᠎ᠠ︶ ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ ᠬᠢᠷᠢ ᠴᠢᠳᠠᠯ ᠤᠨ | ᠦᠨᠡᠮᠯᠡᠯ ᠢᠶᠠᠨ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠃ | | ︵ᠨᠠᠢᠮᠠ︶ ᠠᠶᠤᠯᠭᠦᠢ ᠶᠢᠨ ᠦᠨᠡᠯᠡᠯᠲᠡ ᠶᠢᠨ ᠵᠦᠢᠯᠡᠰ ᠤᠨ ᠳᠤᠭᠤᠶᠢᠯᠠᠩ ᠤᠨ ᠳᠠᠷᠤᠭ᠎ᠠ ᠵᠢᠴᠢ ᠬᠠᠶᠢᠨ | ᠰᠢᠯᠭᠠᠬᠤ ᠶᠢ ᠬᠠᠷᠢᠭᠤᠴᠠᠬᠤ ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠣᠴᠢᠵᠤ ᠬᠠᠶᠢᠨ | ᠰᠢᠯᠭᠠᠯᠲᠠ ᠬᠢᠬᠦ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ᠃ | | ︵ᠶᠢᠰᠦ︶ ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠶᠢ ᠡᠭᠦᠷᠭᠡᠯᠡᠭᠰᠡᠨ | ᠠᠵᠢᠯᠲᠠᠨ ᠲᠤᠬᠠᠢ ᠶᠢᠨ ᠲᠠᠯᠠᠪᠤᠷ ᠤᠨ ᠪᠣᠳᠠᠲᠠᠢ ᠭᠠᠵᠠᠷ ᠲᠤ ᠬᠦᠷᠴᠦ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ | ᠰᠢᠯᠭᠠᠨ ᠪᠠᠶᠢᠴᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠦᠭᠡᠢ᠃ | | ︵ᠠᠷᠪᠠ︶ ᠠᠶᠤᠯᠭᠦᠢ ᠶᠢᠨ ᠦᠨᠡᠯᠡᠯᠲᠡ ᠶᠢᠨ ᠮᠡᠳᠡᠭᠦᠯᠦᠯᠲᠡ ᠳᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ | ᠡᠰᠢᠯᠡᠨ ᠬᠡᠷᠡᠭᠯᠡᠭᠰᠡᠨ ᠨᠢ ᠪᠤᠷᠤᠭᠤ᠂ ᠵᠠᠩᠭᠢᠯᠠᠭ᠎ᠠ ᠶᠢᠨ ᠠᠶᠤᠯᠲᠠᠢ ᠬᠥᠨᠥᠭᠡᠯᠲᠡᠢ ᠡᠯᠧᠮᠧᠨ᠋ᠲ ᠤᠨ ᠣᠷᠬᠢᠭᠳᠠᠭᠤᠯᠤᠯ᠂ | ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠭᠰᠠᠨ ᠨᠢ ᠪᠤᠷᠤᠭᠤ᠂ ᠠᠷᠭᠠᠴᠠᠬᠤ ᠠᠷᠭ᠎ᠠ | ᠬᠡᠮᠵᠢᠶ᠎ᠡ ᠶᠢᠨ ᠰᠠᠨᠠᠭᠤᠯᠭ᠎ᠠ ᠨᠢ ᠣᠷᠣᠰᠢᠵᠤ ᠪᠠᠶᠢᠭ᠎ᠠ ᠠᠰᠠᠭᠤᠳᠠᠯ ᠲᠠᠢ ᠬᠦᠨᠳᠦ ᠨᠣᠴᠢᠲᠠᠢ ᠨᠡᠶᠢᠴᠡᠬᠦ ᠦᠭᠡᠢ ᠵᠡᠷᠭᠡ | ᠬᠦᠨᠳᠦ ᠨᠣᠴᠢᠲᠠᠢ ᠣᠷᠬᠢᠭᠳᠠᠭᠤᠯᠤᠯ ᠲᠠᠢ ᠪᠣᠯᠪᠠᠴᠤ ᠬᠠᠷᠠᠬᠠᠨ ᠬᠦᠨᠳᠦ ᠨᠣᠴᠢᠲᠠᠢ ᠬᠤᠬᠢᠷᠠᠯ ᠤᠴᠠᠷᠠᠭᠤᠯᠤᠭᠰᠠᠨ | ᠦᠭᠡᠢ᠃ | | ︵ᠠᠷᠪᠠᠨ ᠨᠢᠭᠡ︶ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠳᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠡᠰᠢᠯᠡᠵᠦ ᠬᠡᠷᠡᠭᠯᠡᠭᠰᠡᠨ ᠨᠢ ᠪᠤᠷᠤᠭᠤ᠂ | ᠵᠠᠩᠭᠢᠯᠠᠭ᠎ᠠ ᠶᠢᠨ ᠲᠥᠷᠥᠯ ᠵᠦᠢᠯ ᠳᠤ ᠪᠠᠶᠢᠴᠠᠭᠠᠯᠲᠠ ᠠᠴᠠ ᠭᠤᠭᠤᠵᠢᠭᠳᠠᠭᠰᠠᠨ᠂ ᠳ᠋ᠦᠩᠨᠡᠯᠲᠡ ᠨᠢ ᠲᠣᠳᠣᠷᠬᠠᠢ | ᠦᠭᠡᠢ ᠵᠡᠷᠭᠡ ᠬᠦᠨᠳᠦ ᠨᠣᠴᠢᠲᠠᠢ ᠣᠷᠬᠢᠭᠳᠠᠭᠤᠯᠤᠯ ᠣᠷᠣᠰᠢᠵᠤ ᠪᠠᠶᠢᠪᠠᠴᠤ ᠬᠦᠨᠳᠦ ᠨᠣᠴᠢᠲᠠᠢ ᠬᠤᠬᠢᠷᠠᠯ ᠬᠠᠷᠠᠬᠠᠨ | ᠤᠴᠠᠷᠠᠭᠤᠯᠤᠭᠰᠠᠨ ᠦᠭᠡᠢ᠃ | | ᠭᠤᠴᠢᠨ ᠨᠢᠭᠡᠳᠦᠭᠡᠷ ᠵᠦᠢᠯ ᠠᠶᠤᠯᠭᠦᠢ ᠶᠢ ᠦᠨᠡᠯᠡᠬᠦ᠂ ᠰᠢᠯᠭᠠᠨ ᠪᠠᠶᠢᠴᠠᠭᠠᠵᠤ ᠰᠢᠯᠭᠠᠨ ᠪᠠᠶᠢᠴᠠᠭᠠᠬᠤ | ᠠᠵᠢᠯ ᠢ ᠡᠭᠦᠷᠭᠡᠯᠡᠬᠦ ᠪᠠᠶᠢᠭᠤᠯᠤᠮᠵᠢ ᠬᠤᠳᠠᠯ ᠬᠠᠭᠤᠷᠮᠠᠭ ᠭᠡᠷᠡᠴᠢ ᠭᠠᠷᠭᠠᠭᠰᠠᠨ ᠪᠠᠶᠢᠪᠠᠯ᠂ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠤᠨ᠎ᠠ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠨᠢ | ᠠᠷᠪᠠᠨ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ | ᠬᠢᠨᠢ ᠬᠤᠶᠠᠷ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ | ᠨᠡᠶᠢᠯᠡᠭᠦᠯᠦᠨ ᠰᠢᠢᠳᠬᠡᠨ᠎ᠡ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠤᠶᠤ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠨᠢ ᠠᠷᠪᠠᠨ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠠᠷᠪᠠᠨ | ᠲᠦᠮᠡᠨ ᠲᠥᠭᠦᠷᠢᠭ ᠠᠴᠠ ᠳᠡᠭᠡᠭᠰᠢ ᠬᠤᠷᠢᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠲᠡᠩ ᠢᠶᠠᠷ ᠰᠢᠢᠳᠬᠡᠬᠦ ᠪᠤᠶᠤ ᠨᠡᠶᠢᠯᠡᠭᠦᠯᠦᠨ ᠰᠢᠢᠳᠬᠡᠨ᠎ᠡ᠃ ᠲᠡᠭᠦᠨ ᠤ ᠰᠢᠭᠤᠳ | ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠢ | ᠬᠤᠶᠠᠷ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ | ᠣᠨᠣᠭᠳᠠᠭᠤᠯᠬᠤ ᠪᠠᠷ ᠰᠢᠢᠳᠬᠡᠨ᠎ᠡ᠃ ᠪᠤᠰᠤᠳ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠲᠠᠢ ᠬᠤᠯᠪᠣᠯᠳᠤᠭᠰᠠᠨ ᠲᠥᠯᠥᠬᠦ ᠬᠠᠷᠢᠭᠤᠴᠠᠯᠭ᠎ᠠ | ᠡᠭᠦᠷᠭᠡᠯᠡᠭᠦᠯᠦᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠡᠮᠦᠨᠡᠬᠢ ᠪᠠᠳᠠᠭ ᠲᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠭᠤᠯᠤᠮᠵᠢ ᠶᠢ | ᠬᠢᠷᠢ ᠬᠡᠮ ᠢ ᠨᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠠᠴᠠ ᠲᠡᠭᠦᠨ ᠤ ᠵᠣᠬᠢᠴᠠᠩᠭᠤᠢ ᠬᠢᠷᠢ ᠬᠡᠮ ᠢ ᠨᠢ ᠬᠤᠷᠢᠶᠠᠨ | ᠠᠪᠴᠤ ᠬᠦᠴᠦᠨ ᠦᠭᠡᠢ ᠪᠣᠯᠭᠠᠨ᠂ ᠨᠡᠶᠢᠭᠡᠮ ᠳᠤ ᠵᠠᠷᠯᠠᠨ ᠨᠡᠶᠢᠲᠡᠯᠡᠵᠦ᠂ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠪᠠᠶᠢᠭᠤᠯᠤᠮᠵᠢ ᠵᠢᠴᠢ ᠲᠡᠭᠦᠨ ᠤ ᠬᠠᠷᠢᠭᠤᠴᠠᠯᠭ᠎ᠠ ᠲᠠᠢ ᠬᠥᠮᠥᠰ ᠲᠤ | ᠠᠵᠢᠯ ᠲᠦᠷᠦᠯ ᠳᠤ ᠣᠷᠣᠬᠤ ᠶᠢ ᠬᠤᠷᠢᠭᠯᠠᠬᠤ᠂ ᠡᠷᠡᠭᠦᠯ ᠪᠤᠰᠤ ᠲᠡᠮᠳᠡᠭᠯᠡᠯ ᠤᠨ ︽ᠬᠠᠷ᠎ᠠ ᠲᠠᠩᠰᠠ︾ ᠳᠤ | ᠣᠷᠣᠭᠤᠯᠬᠤ ᠬᠠᠮᠢᠶᠠᠷᠤᠯᠲᠠ ᠵᠢᠴᠢ ᠠᠶᠤᠯᠭᠦᠢ ᠶᠢ ᠦᠨᠡᠯᠡᠵᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠢ ᠬᠡᠷᠡᠭᠵᠢᠭᠦᠯᠦᠨ᠎ᠡ᠃ | | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠭᠤᠴᠢᠨ ᠬᠤᠶᠠᠳᠤᠭᠠᠷ ᠵᠦᠢᠯ ᠲᠣᠰ ᠠᠷᠭ᠎ᠠ ᠶᠢ 2019 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 2007 ᠣᠨ ᠤ 1 ᠰᠠᠷ᠎ᠠ ᠶᠢᠨ 31 ᠤ ᠡᠳᠦᠷ ᠨᠡᠶᠢᠲᠡᠯᠡᠵᠦ᠂ | 2015 ᠣᠨ ᠤ 5 ᠰᠠᠷ᠎ᠠ ᠶᠢᠨ 29 ᠤ ᠡᠳᠦᠷ ᠵᠠᠰᠠᠪᠤᠷᠢ ᠣᠷᠣᠭᠤᠯᠤᠭᠰᠠᠨ ︽ᠠᠶᠤᠯᠭᠦᠢ ᠦᠢᠯᠡᠳᠪᠦᠷᠢᠯᠡᠬᠦ | ᠠᠵᠢᠯ ᠤᠨ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ | ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠵᠠᠷᠯᠢᠭ 12 ᠳ᠋ᠤᠭᠠᠷ ᠲᠣᠭᠠᠲᠤ︶᠂ 2009 ᠣᠨ ᠤ 7 ᠰᠠᠷ᠎ᠠ ᠶᠢᠨ 1 ᠤ ᠡᠳᠦᠷ ᠨᠡᠶᠢᠲᠡᠯᠡᠵᠦ᠂ | 2013 ᠣᠨ ᠤ 8 ᠰᠠᠷ᠎ᠠ ᠶᠢᠨ 29 ᠤ ᠡᠳᠦᠷ᠂ 2015 ᠣᠨ ᠤ 5 ᠰᠠᠷ᠎ᠠ ᠶᠢᠨ 29 ᠤ ᠡᠳᠦᠷ ᠵᠠᠰᠠᠪᠤᠷᠢ | ᠣᠷᠣᠭᠤᠯᠤᠭᠰᠠᠨ ︽ᠠᠶᠤᠯᠭᠦᠢ ᠶᠢᠨ ᠦᠨᠡᠯᠡᠯᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ | ᠤᠤᠯ ᠤᠨ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠵᠠᠷᠯᠢᠭ 22 ᠳ᠋ᠤᠭᠠᠷ ᠲᠣᠭᠠᠲᠤ︶ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠶᠦᠯᠭᠦᠢ ᠶᠢᠨ ᠦᠨᠡᠯᠡᠯᠲᠡ ᠶᠢᠨ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠠᠶᠢᠯᠤᠮᠵᠢ | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ | | |