| | | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ | ᠬᠡᠷᠡᠭᠵᠢᠭᠦᠯᠬᠦ ᠲᠤᠰᠬᠠᠢ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠦᠨᠳᠦᠰᠦᠨ ᠱᠠᠲᠤᠨ ᠤ ᠬᠠᠤᠯᠢ | ᠬᠡᠷᠡᠭᠵᠢᠭᠦᠯᠬᠦ ᠡᠩᠨᠡᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠪᠦᠲᠦᠮᠵᠢᠲᠡᠶ ᠨᠠᠮᠳᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠨᠡᠶᠢᠭᠡᠮ ᠤᠨ ᠬᠢᠨᠠᠯᠲᠠ | ᠲᠠᠯᠪᠢᠬᠤ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠵᠤ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠣᠰ ᠲᠣᠭᠲᠠᠭᠠᠯ ᠢ ᠲᠣᠭᠲᠠᠭᠠᠪᠠ᠃ | | ᠬᠤᠶᠠᠳᠤᠭᠠᠷ ᠵᠦᠢᠯ ᠲᠣᠰ ᠲᠣᠭᠲᠠᠭᠠᠯ ᠳᠤ ᠬᠡᠯᠡᠵᠦ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ︵ | ᠳᠣᠷᠣᠭᠰᠢ ᠮᠡᠷᠭᠡᠵᠢᠯ ᠤᠨ ᠪᠠᠶᠢᠴᠠᠭᠠᠭᠴᠢ ᠭᠡᠵᠦ ᠲᠣᠪᠴᠢᠯᠠᠨ᠎ᠠ︶ ᠭᠡᠳᠡᠭ ᠨᠢ ᠡᠷᠬᠡ ᠶᠢᠨ ᠬᠢᠵᠠᠭᠠᠷ ᠪᠠ ᠲᠠᠰ | ᠳᠠᠷᠠᠭᠠᠯᠠᠯ ᠤᠨ ᠶᠣᠰᠣᠭᠠᠷ ᠤᠷᠢᠨ ᠬᠡᠷᠡᠭᠯᠡᠭᠰᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠲᠤᠰᠬᠠᠢ ᠮᠡᠷᠭᠡᠵᠢᠯ ᠤᠨ | ᠲᠤᠯᠭᠠᠭᠤᠷᠢᠯᠠᠯ ᠬᠠᠩᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠮᠵᠢᠨ ᠥᠷᠨᠢᠭᠦᠯᠬᠦ | ᠠᠵᠢᠯᠲᠠᠨ ᠢ ᠵᠢᠭᠠᠵᠤ ᠪᠣᠶ᠃ ᠮᠡᠷᠭᠡᠵᠢᠯ ᠤᠨ ᠪᠠᠶᠢᠴᠠᠭᠠᠭᠴᠢ ᠶᠢ ᠲᠤᠰᠬᠠᠢ ᠮᠡᠷᠭᠡᠵᠢᠯ ᠤᠨ ᠪᠠᠶᠢᠴᠠᠭᠠᠭᠴᠢ ᠪᠠ | ᠲᠤᠰᠢᠶᠠᠯ ᠬᠠᠪᠰᠤᠷᠭᠠᠭᠰᠠᠨ ᠮᠡᠷᠭᠡᠵᠢᠯ ᠤᠨ ᠪᠠᠶᠢᠴᠠᠭᠠᠭᠴᠢ ᠭᠡᠵᠦ ᠬᠤᠶᠠᠷ ᠲᠦᠷᠦᠯ ᠳᠤ ᠬᠤᠪᠢᠶᠠᠨ᠎ᠠ᠃ | | ᠲᠣᠰ ᠲᠣᠭᠲᠠᠭᠠᠯ ᠳᠤ ᠬᠡᠯᠡᠵᠦ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ ᠲᠠᠯᠪᠢᠭᠴᠢ ︵ | ᠳᠣᠷᠣᠭᠰᠢ ᠨᠡᠶᠢᠭᠡᠮ ᠤᠨ ᠬᠢᠨᠠᠯᠲᠠ ᠲᠠᠯᠪᠢᠭᠴᠢ ᠭᠡᠵᠦ ᠲᠣᠪᠴᠢᠯᠠᠨ᠎ᠠ︶ ᠭᠡᠳᠡᠭ ᠨᠢ ᠲᠠᠨᠢᠯᠴᠠᠭᠤᠯᠬᠤ ᠪᠤᠶᠤ ᠤᠷᠢᠬᠤ | ᠠᠷᠭ᠎ᠠ ᠮᠠᠶ᠋ᠢᠭ ᠢᠶᠠᠷ ᠳᠠᠮᠵᠢᠭᠤᠯᠤᠨ ᠤᠷᠢᠨ ᠲᠣᠮᠢᠯᠠᠭᠰᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠠᠵᠢᠯ ᠳᠤ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯᠲᠠᠨ ᠢ ᠵᠢᠭᠠᠵᠤ ᠪᠣᠶ᠃ | | ᠭᠤᠷᠪᠠᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠨ | ᠬᠡᠷᠡᠭᠯᠡᠬᠦ᠂ ᠤᠷᠢᠨ ᠲᠣᠮᠢᠯᠠᠬᠤ ᠳᠠᠭᠠᠨ ᠢᠯᠡ ᠲᠣᠳᠣ᠂ ᠡᠷᠬᠡ ᠲᠡᠭᠰᠢ᠂ ᠥᠷᠢᠰᠦᠯᠳᠦᠬᠦ᠂ ᠰᠢᠯᠢᠳᠡᠭ ᠢ ᠨᠢ | ᠰᠣᠩᠭᠤᠬᠤ ᠵᠠᠷᠴᠢᠮ ᠢ ᠵᠢᠷᠤᠮᠯᠠᠵᠤ᠂ ᠰᠣᠩᠭᠤᠨ ᠤᠷᠢᠬᠤ ᠪᠠᠷᠢᠮᠵᠢᠶ᠎ᠠ ᠪᠠ ᠵᠢᠷᠤᠮ ᠢ ᠨᠢᠭᠡᠳᠦᠯᠲᠡᠢ ᠪᠠᠶᠢᠯᠭᠠᠬᠤ | ᠬᠡᠷᠡᠭᠲᠡᠢ᠃ | | ᠳᠥᠷᠪᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ | | | | ᠬᠤᠶᠠᠳᠤᠭᠠᠷ ᠪᠦᠯᠦᠭ ᠮᠡᠷᠭᠡᠵᠢᠯ ᠤᠨ ᠪᠠᠶᠢᠴᠠᠭᠠᠭᠴᠢ | | ᠲᠠᠪᠤᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠤ ᠬᠡᠷᠡᠭᠴᠡᠭᠡ ᠶᠢ ᠦᠨᠳᠦᠰᠦᠯᠡᠨ᠂ ᠣᠷᠣᠨ ᠨᠤᠲᠤᠭ ᠤᠨ ᠡᠯ᠎ᠡ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ | ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | | ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠲᠥᠯᠥᠪᠯᠡᠭᠡ ᠳᠤ ᠲᠤᠰᠬᠠᠢ ᠲᠤᠰᠢᠶᠠᠯᠲᠤ᠂ ᠲᠤᠰᠢᠶᠠᠯ | ᠬᠠᠪᠰᠤᠷᠭᠠᠭᠰᠠᠨ ᠮᠡᠷᠭᠡᠵᠢᠯ ᠤᠨ ᠪᠠᠶᠢᠴᠠᠭᠠᠭᠴᠢ ᠶᠢᠨ ᠲᠤᠭ᠎ᠠ ᠬᠡᠮᠵᠢᠶ᠎ᠡ ᠵᠢᠴᠢ ᠲᠤᠰᠬᠠᠢ ᠮᠡᠷᠭᠡᠵᠢᠯ ᠤᠨ ᠬᠡᠷᠡᠭᠴᠡᠭᠡ᠂ | ᠤᠷᠢᠨ ᠬᠡᠷᠡᠭᠯᠡᠬᠦ ᠠᠷᠭ᠎ᠠ ᠮᠠᠶ᠋ᠢᠭ᠂ ᠪᠣᠯᠪᠠᠰᠤᠷᠠᠭᠤᠯᠵᠤ ᠬᠢᠨᠠᠨ ᠰᠢᠯᠭᠠᠬᠤ᠂ ᠵᠠᠷᠤᠳᠠᠯ ᠤᠨ ᠪᠠᠲᠤᠯᠠᠭ᠎ᠠ ᠵᠡᠷᠭᠡ | ᠠᠭᠤᠯᠭ᠎ᠠ ᠶᠢ ᠪᠠᠭᠲᠠᠭᠠᠬᠤ ᠬᠡᠷᠡᠭᠲᠡᠢ᠃ | | ᠵᠢᠷᠭᠤᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ | ᠣᠷᠣᠨ ᠤ ᠪᠠᠨ ᠳᠣᠲᠣᠷᠠᠬᠢ ᠠᠵᠢᠯ ᠲᠥᠷᠥᠯ ᠤᠨ ᠬᠦᠷᠢᠶᠡᠨ ᠳᠠᠬᠢ ᠠᠶᠦᠯᠭᠦᠢ ᠶᠢᠨ ᠠᠶᠤᠯ ᠲᠦᠭᠰᠢᠭᠦᠷᠢ ᠶᠢᠨ | ᠪᠠᠶᠢᠳᠠᠯ᠂ ᠬᠠᠤᠯᠢ ᠬᠡᠷᠡᠭᠵᠢᠭᠦᠯᠬᠦ ᠳᠤ ᠬᠠᠷᠢᠶᠠᠯᠠᠭᠳᠠᠬᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠦᠨᠳᠦᠰᠦᠯᠡᠵᠦ᠂ | ᠠᠵᠤ ᠠᠬᠤᠶᠢᠯᠠᠯ ᠤᠨ ᠲᠥᠷᠥᠯ ᠬᠡᠯᠪᠡᠷᠢ᠂ ᠬᠠᠤᠯᠢ ᠬᠡᠷᠡᠭᠵᠢᠭᠦᠯᠬᠦ ᠶᠢᠨ ᠬᠦᠴᠢᠷᠳᠡᠯ᠂ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠬᠢᠷᠢ ᠲᠦᠪᠰᠢᠨ ᠵᠡᠷᠭᠡ ᠡᠯᠧᠮᠧᠨ᠋ᠲ ᠢ ᠭᠤᠣᠯᠳᠠᠯᠭ᠎ᠠ ᠲᠠᠢ ᠪᠠᠶᠢᠴᠠᠭᠠᠵᠤ᠂ ᠲᠣᠰ ᠭᠠᠵᠠᠷ ᠣᠷᠣᠨ ᠤ | ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠣᠯᠣᠨ ᠡᠳ᠋ ᠤᠨ ᠵᠠᠰᠠᠭ ᠤᠨ ᠪᠠᠶᠢᠳᠠᠯ ᠲᠠᠢ | ᠤᠶᠠᠯᠳᠤᠭᠤᠯᠤᠨ᠂ ᠲᠤᠰᠬᠠᠢ ᠲᠤᠰᠢᠶᠠᠯᠲᠤ᠂ ᠲᠤᠰᠢᠶᠠᠯ ᠬᠠᠪᠰᠤᠷᠭᠠᠭᠰᠠᠨ ᠮᠡᠷᠭᠡᠵᠢᠯ ᠤᠨ ᠪᠠᠶᠢᠴᠠᠭᠠᠭᠴᠢ ᠶᠢᠨ ᠲᠤᠭ᠎ᠠ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠠᠷ ᠲᠣᠭᠲᠠᠭᠠᠵᠤ᠂ ᠠᠵᠢᠯ ᠤᠨ ᠪᠠᠶᠢᠷᠢ | ᠲᠣᠬᠢᠷᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | | ᠳᠣᠯᠣᠳᠤᠭᠠᠷ ᠵᠦᠢᠯ ᠲᠤᠰᠬᠠᠢ ᠲᠤᠰᠢᠶᠠᠯᠲᠤ ᠮᠡᠷᠭᠡᠵᠢᠯ ᠤᠨ ᠪᠠᠶᠢᠴᠠᠭᠠᠭᠴᠢ ᠶᠢ ᠨᠡᠶᠢᠭᠡᠮ ᠠᠴᠠ ᠢᠯᠡ ᠪᠠᠷ | ᠤᠷᠢᠨ ᠬᠡᠷᠡᠭᠯᠡᠬᠦ ᠬᠡᠷᠡᠭᠲᠡᠢ᠃ | | ᠢᠯᠡ ᠪᠠᠷ ᠤᠷᠢᠨ ᠬᠡᠷᠡᠭᠯᠡᠬᠦ ᠳᠤ ᠰᠢᠯᠭᠠᠬᠤ ᠪᠤᠶᠤ ᠬᠢᠨᠠᠨ ᠰᠢᠯᠭᠠᠬᠤ ᠠᠷᠭ᠎ᠠ ᠶᠢ ᠬᠡᠷᠡᠭᠯᠡᠨ᠎ᠡ᠃ ᠰᠢᠯᠭᠠᠯᠲᠠ ᠶᠢ | ᠪᠢᠷ ᠤᠨ ᠰᠢᠯᠭᠠᠯᠲᠠ ᠪᠠ ᠨᠢᠭᠤᠷᠲᠠᠨ ᠰᠢᠯᠭᠠᠯᠲᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠤᠨ᠎ᠠ᠂ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠨᠢ ᠵᠠᠷᠴᠢᠮ ᠳᠡᠭᠡᠷ᠎ᠡ ᠪᠠᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠶᠢᠨ | 60% ᠠᠴᠠ ᠳᠣᠣᠷ᠎ᠠ ᠪᠠᠶᠢᠵᠤ ᠪᠣᠯᠬᠤ ᠦᠭᠡᠢ᠃ | | ᠨᠠᠢᠮᠠᠳᠤᠭᠠᠷ ᠵᠦᠢᠯ ᠲᠤᠰᠬᠠᠢ ᠲᠤᠰᠢᠶᠠᠯᠲᠤ ᠮᠡᠷᠭᠡᠵᠢᠯ ᠤᠨ ᠪᠠᠶᠢᠴᠠᠭᠠᠭᠴᠢ ᠶᠢ ᠳᠠᠷᠠᠭᠠᠬᠢ ᠨᠥᠬᠦᠴᠡᠯ | ᠪᠠᠶᠢᠳᠠᠯ ᠳᠤ ᠨᠡᠶᠢᠴᠡᠬᠦ ᠬᠥᠮᠥᠰ ᠤᠨ ᠳᠣᠲᠣᠷ᠎ᠠ ᠠᠴᠠ ᠰᠢᠯᠭᠠᠯᠲᠠ ᠶᠢᠨ ᠠᠷᠭ᠎ᠠ ᠮᠠᠶ᠋ᠢᠭ ᠢᠶᠠᠷ ᠤᠷᠢᠵᠤ ᠬᠡᠷᠡᠭᠯᠡᠬᠦ | ᠬᠡᠷᠡᠭᠲᠡᠢ᠄ | | ︵ᠨᠢᠭᠡ︶ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠰᠠᠶᠢᠨ | ᠰᠠᠶᠢᠬᠠᠨ ᠶᠣᠰᠣ ᠮᠣᠷᠠᠯ ᠵᠠᠩ ᠰᠤᠷᠲᠠᠯ ᠲᠠᠢ ᠪᠠᠶᠢᠬᠤ᠃ | | ︵ᠬᠤᠶᠠᠷ︶ ᠠᠶᠤᠯᠭᠦᠢ ᠦᠢᠯᠡᠳᠪᠦᠷᠢᠯᠡᠬᠦ ᠠᠵᠢᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠡᠷᠭᠡ ᠬᠤᠯᠪᠣᠭᠳᠠᠯ ᠪᠦᠬᠦᠢ ᠠᠶᠤᠯᠭᠦᠢ ᠶᠢᠨ ᠲᠦᠷᠦᠯ ᠤᠨ ᠲᠤᠰᠬᠠᠢ ᠮᠡᠷᠭᠡᠵᠢᠯ ᠤᠨ | ᠵᠢᠩᠬᠢᠨᠢ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠡᠰᠡᠬᠦᠯ᠎ᠡ ᠬᠤᠯᠪᠣᠭᠳᠠᠯ ᠪᠦᠬᠦᠢ ᠠᠵᠢᠯ | ᠲᠦᠷᠦᠯ ᠤᠨ ᠬᠦᠷᠢᠶᠡᠨ ᠳᠠᠬᠢ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ᠂ | ᠬᠤᠶᠠᠳᠤᠭᠠᠷ ᠳᠡᠰ ︵ᠮᠠᠰᠲ᠋ᠧᠷ︶ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠲᠠᠢ᠂ ᠡᠰᠡᠬᠦᠯ᠎ᠡ | ᠳᠠᠩᠰᠠᠯᠠᠭᠤᠯᠤᠭᠰᠠᠨ ᠠᠶᠤᠯᠭᠦᠢ ᠶᠢᠨ ᠢᠨᠵᠧᠨᠧᠷ ᠵᠡᠷᠭᠡ ᠠᠵᠢᠯ ᠮᠡᠷᠭᠡᠵᠢᠯ ᠤᠨ ᠬᠢᠷᠢ ᠬᠡᠮ ᠲᠠᠢ ᠪᠠᠶᠢᠬᠤ᠃ | | ︵ᠭᠤᠷᠪᠠ︶ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠡᠶ᠎ᠡ ᠮᠠᠬᠠᠪᠤᠳ ᠤᠨ ᠨᠥᠬᠦᠴᠡᠯ᠃ | | ︵ᠳᠥᠷᠪᠡ︶ ᠠᠵᠢᠯ ᠤᠨ ᠪᠠᠶᠢᠷᠢ ᠶᠢᠨ ᠬᠡᠷᠡᠭᠰᠡᠬᠦ ᠪᠤᠰᠤᠳ ᠨᠥᠬᠦᠴᠡᠯ ᠢ ᠬᠠᠩᠭᠠᠬᠤ᠃ | | ᠠᠶᠤᠯᠭᠦᠢ ᠦᠢᠯᠡᠳᠪᠦᠷᠢᠯᠡᠬᠦ ᠠᠵᠢᠯ᠂ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠬᠠᠮᠢᠶ᠎ᠠ ᠪᠦᠬᠦᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠪᠦᠬᠦᠯᠢ 10 ᠵᠢᠯ ᠠᠵᠢᠯᠯᠠᠭᠰᠠᠨ ᠪᠠᠶᠢᠪᠠᠯ᠂ | ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠲᠤᠰᠬᠠᠢ ᠮᠡᠷᠭᠡᠵᠢᠯ ᠤᠨ ᠠᠵᠢᠯᠲᠠᠨ ︵ᠠᠵᠢᠯ ᠠᠴᠠ ᠪᠠᠨ ᠪᠠᠭᠤᠵᠤ | ᠠᠮᠠᠷᠠᠭᠰᠠᠳ ᠪᠠᠭᠲᠠᠨ᠎ᠠ︶ ᠨᠢ ᠡᠮᠦᠨᠡᠬᠢ ᠵᠤᠷᠪᠤᠰ ᠤᠨ ᠬᠤᠶᠠᠳᠤᠭᠠᠷ ᠵᠤᠷᠪᠤᠰ ᠤᠨ ᠲᠣᠭᠲᠠᠭᠠᠯ ᠳᠤ ᠬᠢᠵᠠᠭᠠᠷᠯᠠᠭᠳᠠᠬᠤ | ᠦᠭᠡᠢ ᠪᠠᠷ ᠬᠢᠨᠠᠨ ᠰᠢᠯᠭᠠᠬᠤ ᠠᠷᠭ᠎ᠠ ᠮᠠᠶ᠋ᠢᠭ ᠢᠶᠠᠷ ᠳᠡᠮᠵᠢᠨ ᠲᠤᠰᠬᠠᠢ ᠲᠤᠰᠢᠶᠠᠯᠲᠤ ᠮᠡᠷᠭᠡᠵᠢᠯ ᠤᠨ | ᠪᠠᠶᠢᠴᠠᠭᠠᠭᠴᠢ ᠪᠠᠷ ᠤᠷᠢᠨ ᠬᠡᠷᠡᠭᠯᠡᠵᠦ ᠪᠣᠯᠣᠨ᠎ᠠ᠃ | | ᠶᠢᠰᠦᠳᠦᠭᠡᠷ ᠵᠦᠢᠯ ᠲᠤᠰᠬᠠᠢ ᠲᠤᠰᠢᠶᠠᠯᠲᠤ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠳᠤ᠂ | ᠨᠡᠶᠢᠭᠡᠮ ᠳᠤ ᠤᠷᠢᠨ ᠬᠡᠷᠡᠭᠯᠡᠬᠦ ᠠᠯᠪᠠᠨ ᠵᠠᠷ ᠨᠡᠶᠢᠲᠡᠯᠡᠬᠦ ᠬᠡᠷᠡᠭᠲᠡᠢ᠃ ᠤᠷᠢᠨ ᠬᠡᠷᠡᠭᠯᠡᠬᠦ ᠠᠯᠪᠠᠨ ᠵᠠᠷ ᠲᠤ ᠤᠷᠢᠨ | ᠬᠡᠷᠡᠭᠯᠡᠬᠦ ᠠᠵᠢᠯ ᠤᠨ ᠪᠠᠶᠢᠷᠢ᠂ ᠤᠷᠢᠨ ᠬᠡᠷᠡᠭᠯᠡᠬᠦ ᠨᠥᠬᠦᠴᠡᠯ᠂ ᠤᠷᠢᠨ ᠬᠡᠷᠡᠭᠯᠡᠬᠦ ᠠᠷᠭ᠎ᠠ ᠮᠠᠶ᠋ᠢᠭ᠂ ᠴᠠᠭ ᠤᠨ | ᠲᠣᠬᠢᠷᠠᠭᠤᠯᠤᠯᠲᠠ ᠵᠡᠷᠭᠡ ᠵᠦᠢᠯᠡᠰ ᠢ ᠪᠠᠭᠲᠠᠭᠠᠬᠤ ᠬᠡᠷᠡᠭᠲᠡᠢ᠃ ᠰᠢᠯᠭᠠᠨ ᠬᠢᠨᠠᠬᠤ ᠠᠷᠭ᠎ᠠ ᠮᠠᠶ᠋ᠢᠭ ᠢᠶᠠᠷ ᠤᠷᠢᠨ | ᠬᠡᠷᠡᠭᠯᠡᠬᠦ ᠳᠤ᠂ ᠰᠢᠯᠭᠠᠨ ᠬᠢᠨᠠᠬᠤ ᠠᠭᠤᠯᠭ᠎ᠠ᠂ ᠱᠠᠭᠠᠷᠳᠠᠯᠭ᠎ᠠ᠂ ᠲᠠᠰ ᠳᠠᠷᠠᠭᠠᠯᠠᠯ ᠵᠡᠷᠭᠡ ᠵᠦᠢᠯᠡᠰ ᠢ ᠪᠠᠰᠠ | ᠲᠣᠳᠣᠷᠬᠠᠶᠢᠯᠠᠬᠤ ᠬᠡᠷᠡᠭᠲᠡᠢ᠃ | | ᠠᠷᠪᠠᠳᠤᠭᠠᠷ ᠵᠦᠢᠯ ᠲᠤᠰᠢᠶᠠᠯ ᠬᠠᠪᠰᠤᠷᠭᠠᠭᠰᠠᠨ ᠮᠡᠷᠭᠡᠵᠢᠯ ᠤᠨ ᠪᠠᠶᠢᠴᠠᠭᠠᠭᠴᠢ ᠶᠢ ᠲᠤᠰ ᠭᠠᠵᠠᠷ | ᠣᠷᠣᠨ ᠤ ᠪᠠᠨ ᠲᠤᠰᠬᠠᠢ ᠮᠡᠷᠭᠡᠵᠢᠯᠲᠡᠨ ᠤ ᠬᠥᠮᠥᠷᠭᠡ ᠪᠤᠶᠤ ᠬᠤᠯᠪᠣᠭᠳᠠᠯ ᠪᠦᠬᠦᠢ ᠲᠠᠯ᠎ᠠ ᠶᠢᠨ ᠬᠢᠨ ᠤ | ᠲᠠᠨᠢᠯᠴᠠᠭᠤᠯᠤᠭᠰᠠᠨ ᠲᠤᠰᠬᠠᠢ ᠮᠡᠷᠭᠡᠵᠢᠯ ᠤᠨ ᠠᠵᠢᠯᠲᠠᠨ ᠤ ᠳᠣᠲᠣᠷ᠎ᠠ ᠠᠴᠠ ᠤᠷᠢᠨ ᠬᠡᠷᠡᠭᠯᠡᠵᠦ ᠪᠣᠯᠣᠨ᠎ᠠ᠃ | | ᠠᠷᠪᠠᠨ ᠨᠢᠭᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠬᠥᠳᠡᠯᠮᠦᠷᠢ ᠶᠢᠨ ᠭᠡᠷ᠎ᠡ᠂ ᠬᠥᠳᠡᠯᠮᠦᠷᠢ ᠦᠢᠯᠡᠴᠢᠯᠡᠭᠡ ᠶᠢᠨ ᠭᠡᠷ᠎ᠡ ᠲᠣᠭᠲᠠᠭᠠᠬᠤ ᠪᠤᠶᠤ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠭᠰᠡᠨ ᠪᠤᠰᠤᠳ ᠠᠷᠭ᠎ᠠ ᠮᠠᠶ᠋ᠢᠭ ᠢᠶᠠᠷ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠵᠦ | ᠪᠣᠯᠣᠨ᠎ᠠ᠃ ᠬᠤᠯᠪᠣᠭᠳᠠᠯ ᠪᠦᠬᠦᠢ ᠭᠡᠷ᠎ᠡ ᠳᠤ ᠮᠡᠷᠭᠡᠵᠢᠯ ᠤᠨ ᠪᠠᠶᠢᠴᠠᠭᠠᠭᠴᠢ ᠶᠢᠨ ᠠᠵᠢᠯ ᠤᠨ ᠪᠠᠶᠢᠷᠢ ᠶᠢᠨ ᠲᠤᠰᠢᠶᠠᠯ | ᠬᠠᠷᠢᠭᠤᠴᠠᠯᠭ᠎ᠠ᠂ ᠡᠷᠬᠡ ᠡᠭᠦᠷᠭᠡ᠂ ᠴᠠᠯᠢᠩ ᠣᠯᠭᠤᠮᠵᠢ᠂ ᠤᠷᠢᠵᠤ ᠬᠡᠷᠡᠭᠯᠡᠬᠦ ᠬᠤᠭᠤᠴᠠᠭ᠎ᠠ᠂ ᠭᠡᠷ᠎ᠡ ᠶᠢ ᠴᠤᠴᠠᠯᠬᠤ | ᠪᠤᠶᠤ ᠳᠠᠭᠤᠰᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠬᠢᠷᠠᠭᠤᠯᠤᠯᠲᠠ ᠶᠣᠰᠣᠭᠠᠷ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠢ ᠬᠠᠪᠰᠤᠷᠤᠨ ᠳᠣᠣᠷᠠᠬᠢ ᠮᠡᠲᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠄ | | ︵ᠨᠢᠭᠡ︶ ᠲᠤᠬᠠᠢ ᠶᠢᠨ ᠭᠠᠵᠠᠷ ᠲᠤᠨᠢ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ᠂ | ᠳᠠᠪᠲᠠᠨ ᠪᠠᠶᠢᠴᠠᠭᠠᠬᠤ ᠪᠠ ᠪᠠᠶᠢᠴᠠᠭᠠᠵᠤ ᠭᠡᠷᠡᠴᠢ ᠠᠪᠬᠤ ᠠᠵᠢᠯ ᠢ ᠥᠷᠨᠢᠭᠦᠯᠦᠨ᠎ᠡ᠃ | | ︵ᠬᠤᠶᠠᠷ︶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠠᠯᠠᠷᠠᠭᠤᠯᠤᠭᠤᠯᠵᠤ᠂ ᠠᠶᠤᠯ | ᠲᠦᠭᠰᠢᠭᠦᠷᠢ ᠶᠢᠨ ᠲᠡᠯᠳᠠ ᠭᠡᠮ ᠢ ᠠᠷᠢᠯᠭᠠᠭᠤᠯᠬᠤ᠃ | | ︵ᠭᠤᠷᠪᠠ︶ ᠵᠠᠰᠠᠭ ᠵᠠᠬᠢᠷᠭᠠᠨ ᠤ ᠬᠡᠷᠡᠭ ᠢ ᠰᠤᠳᠤᠯᠤᠨ ᠶᠠᠷᠢᠯᠴᠠᠬᠤ ᠳᠤ ᠣᠷᠣᠯᠴᠠᠨ᠎ᠠ᠃ | | ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠬᠡᠷᠡᠭᠵᠢᠭᠦᠯᠬᠦ᠃ | | ︵ᠲᠠᠪᠤ︶ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ | ᠲᠥᠷᠥ ᠶᠢᠨ ᠪᠣᠳᠣᠯᠭ᠎ᠠ ᠶᠢ ᠤᠬᠠᠭᠤᠯᠬᠤ | | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠬᠦ᠃ | | ᠮᠡᠷᠭᠡᠵᠢᠯ ᠤᠨ ᠪᠠᠶᠢᠴᠠᠭᠠᠭᠴᠢ ᠡᠮᠦᠨᠡᠬᠢ ᠪᠠᠳᠠᠭ ᠲᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠬᠦ ᠳᠡᠭᠡᠨ ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ | ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠲᠡᠬᠢᠠ | ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠴᠠᠭᠠᠯᠲᠠ ᠬᠢᠵᠦ ᠭᠡᠷᠡᠴᠢ ᠠᠪᠬᠤ ᠶᠠᠪᠤᠴᠠ ᠳᠤ ᠲᠤᠰᠬᠠᠢ | ᠮᠡᠷᠭᠡᠵᠢᠯ ᠤᠨ ᠴᠢᠨᠠᠷᠲᠠᠢ ᠰᠠᠨᠠᠯ ᠬᠠᠩᠭᠠᠬᠤ ᠬᠡᠷᠡᠭᠲᠡᠢ᠃ | | ᠮᠡᠷᠭᠡᠵᠢᠯ ᠤᠨ ᠪᠠᠶᠢᠴᠠᠭᠠᠭᠴᠢ ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠬᠦ ᠳᠡᠭᠡᠨ ᠮᠡᠷᠭᠡᠵᠢᠯ ᠤᠨ ᠪᠠᠶᠢᠴᠠᠭᠠᠭᠴᠢ ᠶᠢᠨ ᠠᠵᠢᠯᠲᠠᠨ ᠤ ᠦᠨᠡᠮᠯᠡᠯ ᠢᠶᠠᠨ ᠭᠠᠷᠭᠠᠵᠤ | ᠦᠵᠡᠭᠦᠯᠬᠦ ᠬᠡᠷᠡᠭᠲᠡᠢ᠃ ᠮᠡᠷᠭᠡᠵᠢᠯ ᠤᠨ ᠪᠠᠶᠢᠴᠠᠭᠠᠭᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠡᠷᠬᠡ ᠣᠯᠭᠤᠯᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠲᠤᠬᠠᠢ ᠶᠢᠨ ᠲᠠᠯᠠᠪᠤᠷ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠳᠠᠬᠢᠨ ᠪᠠᠶᠢᠴᠠᠭᠠᠯᠲᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠪᠢᠴᠢᠭ ᠬᠠᠷ᠎ᠠ ᠳᠡᠭᠡᠷ᠎ᠡ ᠭᠠᠷ ᠤᠨ ᠥᠰᠥᠭ ᠵᠢᠷᠤᠨ᠎ᠠ᠃ | | ᠠᠷᠪᠠᠨ ᠭᠤᠷᠪᠠᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠳᠠᠷᠠᠭᠠᠬᠢ ᠠᠵᠢᠯ ᠤᠳ ᠢ ᠬᠢᠵᠦ ᠪᠣᠯᠬᠤ ᠦᠭᠡᠢ | ᠄ | | ︵ᠨᠢᠭᠡ︶ ᠤᠯᠤᠰ ᠤᠨ ᠨᠢᠭᠤᠴᠠ ᠳᠤ ᠬᠤᠯᠪᠣᠭᠳᠠᠬᠤ ᠵᠦᠢᠯᠡᠰ ᠢ ᠰᠢᠢᠳᠪᠦᠷᠢᠯᠡᠨ᠎ᠡ᠃ | | ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠪᠡᠶ᠎ᠡ ᠪᠠᠨ ᠳᠠᠭᠠᠭᠠᠵᠤ ᠬᠢᠬᠦ᠃ | | ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠭᠠᠷᠭᠠᠬᠤ᠃ | | ︵ᠳᠥᠷᠪᠡ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ᠃ | | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠬᠢᠬᠦ ᠬᠡᠷᠡᠭᠲᠡᠢ ᠠᠵᠢᠯ᠃ | | ᠠᠷᠪᠠᠨ ᠳᠥᠷᠪᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠮᠡᠷᠭᠡᠵᠢᠯ ᠤᠨ ᠪᠠᠶᠢᠴᠠᠭᠠᠭᠴᠢ ᠶᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠯ ᠬᠢᠯᠭᠡᠬᠦ ᠬᠡᠷᠡᠭᠲᠡᠢ᠂ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠮᠡᠷᠭᠡᠵᠢᠯ ᠤᠨ | ᠪᠠᠶᠢᠴᠠᠭᠠᠭᠴᠢ ᠶᠢᠨ ᠠᠵᠢᠯ ᠤᠨ ᠦᠨᠡᠮᠯᠡᠯ ᠣᠯᠭᠤᠬᠤ ᠬᠡᠷᠡᠭᠲᠡᠢ᠃ | | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠭᠲᠠᠮᠠᠯ | ᠬᠤᠭᠤᠴᠠᠭ᠎ᠠ ᠲᠠᠢ ᠪᠠᠷ ᠡᠭᠡᠯᠵᠢᠯᠡᠨ ᠪᠣᠯᠪᠠᠰᠤᠷᠠᠭᠤᠯᠬᠤ᠂ ᠲᠤᠰᠬᠠᠢ ᠰᠡᠳᠦᠪ ᠢᠶᠠᠷ ᠪᠣᠯᠪᠠᠰᠤᠷᠠᠭᠤᠯᠬᠤ᠂ ᠲᠤᠰᠬᠠᠢ | ᠵᠦᠢᠯ ᠢᠶᠠᠷ ᠰᠢᠯᠭᠠᠨ ᠬᠢᠨᠠᠬᠤ᠂ ᠣᠨ ᠤ ᠰᠢᠯᠭᠠᠨ ᠬᠢᠨᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠮᠡᠷᠭᠡᠵᠢᠯ ᠤᠨ ᠪᠠᠶᠢᠴᠠᠭᠠᠭᠴᠢ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | | ᠮᠡᠷᠭᠡᠵᠢᠯ ᠤᠨ ᠪᠠᠶᠢᠴᠠᠭᠠᠭᠴᠢ ᠶᠢᠨ ᠰᠤᠷᠭᠠᠯᠲᠠ ᠶᠢᠨ ᠰᠢᠯᠭᠠᠨ ᠬᠢᠨᠠᠬᠤ ᠠᠵᠢᠯ ᠢ ᠮᠤᠵᠢ ᠶᠢᠨ ᠱᠠᠲᠤᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠰᠤᠷᠭᠠᠯᠲᠠ ᠶᠢᠨ | ᠰᠢᠯᠭᠠᠨ ᠬᠢᠨᠠᠬᠤ ᠬᠠᠮᠢᠶᠠᠷᠤᠯᠲᠠ ᠳᠤ | | ᠠᠷᠪᠠᠨ ᠲᠠᠪᠤᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ | ᠬᠡᠨ ᠬᠡᠷᠡᠭᠯᠡᠪᠡᠯ ᠲᠡᠷᠡ ᠬᠠᠮᠢᠶᠠᠷᠴᠤ᠂ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠳᠣᠲᠣᠭᠠᠳᠤ | ᠪᠠᠶᠢᠭᠤᠯᠤᠮᠵᠢ ᠶᠢ ᠵᠢᠭᠠᠨ ᠲᠣᠭᠲᠠᠭᠠᠵᠤ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ᠂ ᠪᠣᠯᠪᠠᠰᠤᠷᠠᠭᠤᠯᠬᠤ᠂ | ᠬᠢᠨᠠᠨ ᠰᠢᠯᠭᠠᠬᠤ ᠵᠡᠷᠭᠡ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠤᠨ᠎ᠠ᠃ | | ᠠᠷᠪᠠᠨ ᠵᠢᠷᠭᠤᠳᠤᠭᠠᠷ ᠵᠦᠢᠯ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠵᠢᠯ ᠤᠨ ᠬᠡᠷᠡᠭᠴᠡᠭᠡ ᠪᠠᠨ ᠦᠨᠳᠦᠰᠦᠯᠡᠨ ᠮᠡᠷᠭᠡᠵᠢᠯ ᠤᠨ ᠪᠠᠶᠢᠴᠠᠭᠠᠭᠴᠢ ᠶᠢ ᠨᠢᠭᠡᠳᠦᠯᠲᠡᠢ | ᠰᠢᠯᠵᠢᠭᠦᠯᠦᠨ ᠬᠡᠷᠡᠭᠯᠡᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠮᠵᠢᠨ ᠥᠷᠨᠢᠭᠦᠯᠵᠦ ᠪᠣᠯᠣᠨ᠎ᠠ᠃ | | | | ᠭᠤᠷᠪᠠᠳᠤᠭᠠᠷ ᠪᠦᠯᠦᠭ ᠨᠡᠶᠢᠭᠡᠮ ᠤᠨ ᠬᠢᠨᠠᠯᠲᠠ ᠲᠠᠯᠪᠢᠭᠴᠢ | | ᠠᠷᠪᠠᠨ ᠳᠣᠯᠣᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠶᠢ ᠨᠡᠯᠢᠶᠡᠳ ᠥᠨᠳᠥᠷ ᠲᠥᠷᠥ ᠶᠢᠨ | ᠪᠣᠳᠣᠯᠭ᠎ᠠ ᠶᠢᠨ ᠬᠢᠷᠢ ᠬᠡᠮᠵᠢᠶ᠎ᠡ ᠲᠠᠢ ᠪᠠ ᠨᠡᠯᠢᠶᠡᠳ ᠴᠢᠩᠭ᠎ᠠ ᠬᠠᠤᠯᠢ ᠪᠠᠷ ᠵᠠᠰᠠᠬᠤ ᠦᠵᠡᠯ ᠤᠬᠠᠮᠰᠠᠷ ᠲᠠᠢ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ | ᠬᠠᠯᠠᠭᠤᠨ ᠰᠡᠳᠬᠢᠯ ᠲᠠᠢ ᠪᠥᠭᠡᠳ ᠵᠣᠬᠢᠬᠤ ᠨᠡᠶᠢᠭᠡᠮ ᠤᠨ ᠨᠥᠯᠥᠭᠡ ᠲᠠᠢ ᠬᠥᠮᠥᠰ ᠤᠨ ᠳᠣᠲᠣᠷ᠎ᠠ ᠠᠴᠠ | ᠲᠠᠨᠢᠯᠴᠠᠭᠤᠯᠬᠤ ᠪᠤᠶᠤ ᠤᠷᠢᠬᠤ ᠠᠷᠭ᠎ᠠ ᠮᠠᠶ᠋ᠢᠭ ᠢᠶᠠᠷ ᠤᠷᠢᠨ ᠲᠣᠮᠢᠯᠠᠵᠤ ᠪᠣᠯᠣᠨ᠎ᠠ᠃ | | ᠠᠷᠪᠠᠨ ᠨᠠᠢᠮᠠᠳᠤᠭᠠᠷ ᠵᠦᠢᠯ ᠪᠠᠲᠤᠯᠠᠨ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ | ᠬᠢᠨᠠᠯᠲᠠ ᠲᠠᠯᠪᠢᠭᠴᠢ ᠶᠢ ᠤᠷᠢᠨ ᠲᠣᠮᠢᠯᠠᠭᠰᠠᠨ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠᠨ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠠᠵᠢᠯ ᠲᠦᠷᠦᠯ ᠤᠨ ᠨᠡᠶᠢᠭᠡᠮᠯᠢᠭ᠂ ᠳᠡᠭᠡᠳᠦ ᠰᠤᠷᠭᠠᠭᠤᠯᠢ᠂ ᠰᠤᠳᠤᠯᠭᠠᠨ ᠤ | ᠪᠠᠶᠢᠭᠤᠯᠤᠮᠵᠢ᠂ ᠠᠵᠤ ᠠᠬᠤᠶᠢᠯᠠᠯ ᠲᠠᠢ ᠵᠥᠪᠳᠡᠯᠴᠡᠵᠦ ᠪᠠᠶᠢᠭᠠᠳ ᠪᠠᠲᠤᠯᠠᠨ ᠲᠠᠨᠢᠯᠴᠠᠭᠤᠯᠬᠤ ᠬᠥᠮᠥᠰ ᠤᠨ ᠨᠡᠷᠡᠰ ᠢ | ᠳᠤᠷᠠᠳᠤᠭᠤᠯᠵᠤ᠂ ᠲᠤᠰ ᠬᠥᠮᠥᠨ ᠵᠢᠴᠢ ᠪᠠᠶᠢᠭ᠎ᠠ ᠨᠢᠭᠡᠴᠢ ᠪᠠᠨ ᠢᠶᠠᠨ ᠵᠥᠪᠰᠢᠶᠡᠷᠡᠯ ᠢ ᠣᠯᠣᠭᠰᠠᠨ ᠤ ᠳᠠᠷᠠᠭ᠎ᠠ᠂ | ᠨᠡᠶᠢᠭᠡᠮ ᠤᠨ ᠬᠢᠨᠠᠯᠲᠠ ᠲᠠᠯᠪᠢᠭᠴᠢ ᠪᠠᠨ ᠠᠵᠢᠯ ᠤᠨ ᠦᠨᠡᠮᠯᠡᠯ ᠣᠯᠭᠤᠨ᠎ᠠ᠃ | | ᠠᠷᠪᠠ ᠶᠢᠰᠦᠳᠦᠭᠡᠷ ᠵᠦᠢᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ ᠪᠤᠶᠤ ᠪᠤᠰᠤᠳ ᠬᠥᠮᠥᠰ ᠢ ᠤᠷᠢᠵᠤ ᠨᠡᠶᠢᠭᠡᠮ ᠤᠨ ᠬᠢᠨᠠᠯᠲᠠ | ᠲᠠᠯᠪᠢᠭᠴᠢ ᠪᠣᠯᠭᠠᠭᠰᠠᠨ ᠪᠠᠶᠢᠪᠠᠯ᠂ ᠠᠳᠠᠯᠢ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠭᠰᠠᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠥᠮᠥᠰ ᠲᠤ ᠤᠷᠢᠯᠭ᠎ᠠ ᠶᠠᠪᠤᠭᠤᠯᠵᠤ᠂ ᠲᠤᠰ | ᠬᠥᠮᠥᠨ ᠵᠢᠴᠢ ᠲᠡᠭᠦᠨ ᠤ ᠪᠠᠶᠢᠭ᠎ᠠ ᠨᠢᠭᠡᠴᠢ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠠᠵᠢᠯ ᠤᠨ ᠦᠨᠡᠮᠯᠡᠯ ᠣᠯᠭᠤᠨ᠎ᠠ᠃ | | ᠬᠤᠷᠢᠳᠤᠭᠠᠷ ᠵᠦᠢᠯ ᠨᠡᠶᠢᠭᠡᠮ ᠤᠨ ᠬᠢᠨᠠᠯᠲᠠ ᠲᠠᠯᠪᠢᠭᠴᠢ ᠭᠤᠣᠯᠳᠠᠭᠤ ᠳᠠᠷᠠᠭᠠᠬᠢ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠄ | | ︵ᠨᠢᠭᠡ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠤᠨ ᠲᠤᠬᠠᠢ ᠨᠡᠶᠢᠭᠡᠮ ᠨᠡᠶᠢᠲᠡ ᠶᠢᠨ ᠰᠢᠭᠦᠮᠵᠢᠯᠡᠯ᠂ ᠰᠠᠨᠠᠯ᠂ ᠰᠠᠨᠠᠭᠤᠯᠭ᠎ᠠ ᠶᠢ | ᠲᠤᠰᠬᠠᠨ᠎ᠠ᠃ | | ︵ᠬᠤᠶᠠᠷ︶ ᠬᠤᠯᠪᠣᠭᠳᠠᠯ ᠪᠦᠬᠦᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠪᠠ ᠠᠶᠤᠯ | ᠲᠦᠭᠰᠢᠭᠦᠷᠢ ᠶᠢᠨ ᠳᠠᠯᠳᠠ ᠭᠡᠮ ᠤᠨ ᠠᠰᠠᠭᠤᠳᠠᠯ ᠤᠨ ᠰᠦᠪᠡᠭᠴᠢ ᠶᠢ ᠬᠠᠩᠭᠠᠬᠤ᠃ | | ︵ᠭᠤᠷᠪᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠤᠰᠤᠳ ᠬᠤᠯᠪᠣᠭᠳᠠᠯ ᠪᠦᠬᠦᠢ ᠵᠦᠢᠯᠡᠰ᠃ | | | ᠬᠤᠷᠢᠨ ᠨᠢᠭᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠬᠠᠭᠰᠠᠨ ᠰᠢᠭᠦᠮᠵᠢᠯᠡᠯ᠂ ᠰᠠᠨᠠᠯ᠂ ᠰᠠᠨᠠᠭᠤᠯᠭ᠎ᠠ ᠪᠣᠯᠣᠨ ᠬᠠᠩᠭᠠᠭᠰᠠᠨ | ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠬᠠᠮᠲᠤ ᠬᠠᠷᠢᠭᠤ ᠲᠤᠰᠬᠠᠬᠤ ᠬᠡᠷᠡᠭᠲᠡᠢ᠃ | | | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠡᠶᠢᠭᠡᠮ ᠤᠨ ᠬᠢᠨᠠᠯᠲᠠ | ᠲᠠᠯᠪᠢᠭᠴᠢ ᠯᠤᠭ᠎ᠠ ᠶᠢᠨ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠭᠠᠵᠠᠷ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ | ᠨᠠᠪᠲᠠᠷᠡᠭᠦᠯᠵᠦ᠂ ᠠᠵᠢᠯ ᠢᠶᠠᠨ ᠵᠣᠬᠢᠶᠠᠨ ᠪᠠᠶᠢᠭᠤᠯᠤᠨ ᠰᠣᠯᠢᠯᠴᠠᠬᠤ ᠬᠡᠷᠡᠭᠲᠡᠢ᠃ | | | | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠲᠤᠯᠠᠬᠤ | | ᠬᠤᠷᠢᠨ ᠬᠤᠶᠠᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠡᠷᠡᠭᠰᠡᠬᠦ ᠵᠠᠷᠤᠳᠠᠯ ᠢ ᠬᠠᠤᠯᠢ ᠶᠣᠰᠣᠭᠠᠷ ᠪᠠᠲᠤᠯᠠᠨ᠎ᠠ᠃ | | ᠮᠡᠷᠭᠡᠵᠢᠯ ᠤᠨ ᠪᠠᠶᠢᠴᠠᠭᠠᠭᠴᠢ ᠶᠢᠨ ᠴᠠᠯᠢᠩ ᠣᠯᠭᠤᠮᠵᠢ ᠶᠢ ᠮᠡᠷᠭᠡᠵᠢᠯ ᠤᠨ ᠪᠠᠶᠢᠴᠠᠭᠠᠭᠴᠢ ᠶᠢᠨ ᠲᠤᠰᠬᠠᠢ | ᠮᠡᠷᠭᠡᠵᠢᠯ ᠤᠨ ᠬᠢᠷᠢ ᠬᠡᠮᠵᠢᠶ᠎ᠡ᠂ ᠮᠡᠷᠭᠡᠵᠢᠯ ᠤᠨ ᠴᠣᠯᠠ᠂ ᠪᠠᠶᠢᠴᠠᠭᠠᠬᠤ ᠡᠭᠦᠷᠭᠡ ᠶᠢᠨ ᠬᠡᠮᠵᠢᠶ᠎ᠡ ᠵᠡᠷᠭᠡ ᠡᠯᠧᠮᠧᠨ᠋ᠲ ᠢ | ᠦᠨᠳᠦᠰᠦᠯᠡᠨ᠂ ᠲᠤᠰ ᠭᠠᠵᠠᠷ ᠣᠷᠣᠨ ᠤ ᠪᠠᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠲᠠᠢ | ᠤᠶᠠᠯᠳᠤᠭᠤᠯᠤᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠭᠡᠷ᠎ᠡ ᠳᠤ ᠲᠣᠳᠣᠷᠬᠠᠶᠢᠯᠠᠬᠤ ᠬᠡᠷᠡᠭᠲᠡᠢ᠃ | | ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠪᠣᠯ ᠨᠡᠶᠢᠲᠡ ᠶᠢᠨ ᠠᠰᠠᠷᠠᠮᠵᠢ ᠶᠢᠨ ᠦᠢᠯᠡᠰ ᠲᠤ | ᠬᠠᠷᠢᠶᠠᠯᠠᠭᠳᠠᠬᠤ ᠪᠣᠯᠬᠤᠷ ᠵᠠᠷᠴᠢᠮ ᠳᠡᠭᠡᠷ᠎ᠡ ᠪᠠᠨ ᠬᠥᠯᠥᠰᠦ ᠣᠯᠭᠤᠮᠵᠢ ᠥᠭᠬᠦ ᠦᠭᠡᠢ᠃ | | ᠬᠤᠷᠢᠨ ᠭᠤᠷᠪᠠᠳᠤᠭᠠᠷ ᠵᠦᠢᠯ ᠲᠤᠰᠬᠠᠢ ᠲᠤᠰᠢᠶᠠᠯᠲᠤ ᠮᠡᠷᠭᠡᠵᠢᠯ ᠤᠨ ᠪᠠᠶᠢᠴᠠᠭᠠᠭᠴᠢ ᠶᠢᠨ ᠤᠷᠢᠨ ᠬᠡᠷᠡᠭᠯᠡᠬᠦ | ᠬᠤᠭᠤᠴᠠᠭ᠎ᠠ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠣᠳᠠᠲᠤ ᠬᠡᠷᠡᠭᠴᠡᠭᠡ ᠶᠢ ᠦᠨᠳᠦᠰᠦᠯᠡᠨ ᠵᠦᠢ ᠵᠣᠬᠢᠰᠲᠠᠢ ᠲᠣᠭᠲᠠᠭᠠᠨ᠎ᠠ᠃ | | ᠲᠤᠰᠢᠶᠠᠯ ᠬᠠᠪᠰᠤᠷᠭᠠᠭᠰᠠᠨ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠨ | ᠬᠡᠷᠡᠭᠯᠡᠬᠦ ᠳᠤ᠂ ᠤᠷᠢᠨ ᠲᠣᠮᠢᠯᠠᠬᠤ ᠬᠤᠭᠤᠴᠠᠭ᠎ᠠ ᠨᠢ ᠬᠤᠭᠤᠴᠠᠭ᠎ᠠ ᠪᠦᠷᠢ 3 ᠵᠢᠯ ᠪᠠᠶᠢᠵᠤ᠂ ᠬᠤᠭᠤᠴᠠᠭ᠎ᠠ ᠨᠢ | ᠳᠦᠭᠦᠷᠦᠭᠰᠡᠨ ᠤ ᠳᠠᠷᠠᠭ᠎ᠠ ᠦᠷᠭᠦᠯᠵᠢᠯᠡᠨ ᠤᠷᠢᠨ ᠬᠡᠷᠡᠭᠯᠡᠵᠦ ᠪᠣᠯᠣᠨ᠎ᠠ᠃ | | ᠬᠤᠷᠢᠨ ᠳᠥᠷᠪᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠮᠡᠷᠭᠡᠵᠢᠯ ᠤᠨ ᠪᠠᠶᠢᠴᠠᠭᠠᠭᠴᠢ᠂ ᠨᠡᠶᠢᠭᠡᠮ ᠤᠨ ᠬᠢᠨᠠᠯᠲᠠ | ᠲᠠᠯᠪᠢᠭᠴᠢ ᠳᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ᠂ ᠮᠡᠷᠭᠡᠵᠢᠯ ᠤᠨ ᠲᠤᠨᠤᠭ | ᠲᠥᠬᠦᠭᠡᠷᠦᠮᠵᠢ ᠲᠣᠬᠢᠷᠠᠭᠤᠯᠵᠤ᠂ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠵᠡᠷᠭᠡ ᠬᠤᠯᠪᠣᠭᠳᠠᠯ ᠪᠦᠬᠦᠢ | ᠳᠠᠭᠠᠳᠬᠠᠯ ᠢ ᠬᠤᠳᠠᠯᠳᠤᠨ ᠠᠪᠬᠤ ᠶᠢᠨ ᠬᠠᠮᠲᠤ ᠠᠷᠭ᠎ᠠ ᠬᠡᠮᠵᠢᠶ᠎ᠡ ᠠᠪᠴᠤ ᠪᠠᠶᠢᠭᠠᠳ ᠲᠡᠳᠡᠨ ᠤ ᠪᠡᠶ᠎ᠡ ᠶᠢᠨ ᠡᠷᠡᠭᠦᠯ | ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ | | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠶᠢ ᠴᠢᠩᠭᠠᠳᠬᠠᠵᠤ᠂ ᠮᠡᠷᠭᠡᠵᠢᠯ ᠤᠨ | ᠪᠠᠶᠢᠴᠠᠭᠠᠭᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ | ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ᠃ | | ᠬᠤᠷᠢᠨ ᠲᠠᠪᠤᠳᠤᠭᠠᠷ ᠵᠦᠢᠯ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠮᠡᠷᠭᠡᠵᠢᠯ ᠤᠨ ᠪᠠᠶᠢᠴᠠᠭᠠᠭᠴᠢ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠦᠨᠡᠮᠯᠡᠯ ᠢ | ᠦᠢᠯᠡᠳᠴᠦ ᠣᠯᠭᠤᠬᠤ ᠪᠠ ᠨᠢᠭᠡᠳᠦᠯᠲᠡᠢ ᠬᠠᠮᠢᠶᠠᠷᠬᠤ ᠠᠵᠢᠯ ᠢ ᠬᠠᠷᠢᠭᠤᠴᠠᠨ᠎ᠠ᠃ | | ᠮᠡᠷᠭᠡᠵᠢᠯ ᠤᠨ ᠪᠠᠶᠢᠴᠠᠭᠠᠭᠴᠢ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠦᠨᠡᠮᠯᠡᠯ ᠤᠨ ᠵᠠᠭᠪᠤᠷ | ᠶᠠᠩᠵᠤ ᠶᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠲᠣᠭᠲᠠᠭᠠᠨ᠎ᠠ᠃ | | ᠬᠤᠷᠢᠨ ᠵᠢᠷᠭᠤᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠤᠷᠢᠵᠤ | ᠬᠡᠷᠡᠭᠯᠡᠬᠦ᠂ ᠤᠷᠢᠵᠤ ᠬᠡᠷᠡᠭᠯᠡᠬᠦ ᠬᠤᠭᠤᠴᠠᠭᠠᠨ ᠳᠤ ᠡᠷᠡᠭᠦᠯ ᠮᠡᠨᠳᠤ ᠶᠢᠨ ᠪᠠᠶᠢᠳᠠᠯ ᠵᠡᠷᠭᠡ ᠰᠢᠯᠲᠠᠭᠠᠨ ᠠᠴᠠ ᠪᠣᠯᠵᠤ | ᠠᠵᠢᠯ ᠢᠶᠠᠨ ᠬᠢᠵᠦ ᠳᠡᠶᠢᠯᠬᠦ ᠦᠭᠡᠢ ᠪᠣᠯᠤᠭᠰᠠᠨ᠂ ᠡᠰᠡᠬᠦᠯ᠎ᠡ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠡᠰᠡᠬᠦᠯ᠎ᠡ ᠨᠠᠮ ᠤᠨ ᠰᠠᠬᠢᠯᠭ᠎ᠠ ᠪᠠᠲᠤ ᠶᠢᠨ ᠵᠠᠰᠠᠭ ᠤᠨ | ᠶᠠᠪᠤᠳᠠᠯ ᠤᠨ ᠰᠢᠢᠳᠬᠡᠯ᠂ ᠡᠷᠡᠭᠦᠦ ᠶᠢᠨ ᠰᠢᠢᠳᠬᠡᠯ ᠣᠯᠣᠭᠰᠠᠨ ᠪᠠᠶᠢᠪᠠᠯ᠂ ᠤᠷᠢᠵᠤ ᠬᠡᠷᠡᠭᠯᠡᠬᠦ ᠶᠢ ᠨᠢ ᠵᠣᠭᠰᠤᠭᠠᠬᠤ | ᠬᠡᠷᠡᠭᠲᠡᠢ᠃ | | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠷᠢᠬᠤ ᠪᠠᠨ ᠪᠣᠯᠢᠭᠰᠠᠨ ᠬᠥᠮᠥᠰ | ᠵᠢᠴᠢ ᠤᠷᠢᠬᠤ ᠪᠠᠨ ᠪᠣᠯᠢᠭᠰᠠᠨ ᠰᠢᠯᠲᠠᠭᠠᠨ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠠ ᠨᠢᠭᠡᠴᠢ ᠳᠤ ᠨᠡᠪᠲᠡᠷᠡᠭᠦᠯᠬᠦ ᠶᠢᠨ ᠬᠠᠮᠲᠤ᠂ ᠰᠠᠯᠠᠭ᠎ᠠ ᠮᠥᠴᠢᠷ ᠤᠨ ᠢᠯᠡ ᠨᠡᠶᠢᠲᠡᠯᠡᠬᠦ | ᠰᠢᠰᠲ᠋ᠧᠮ ᠳᠤ ᠢᠯᠡ ᠨᠡᠶᠢᠲᠡᠯᠡᠬᠦ ᠬᠡᠷᠡᠭᠲᠡᠢ᠃ | | ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠬᠤ ᠪᠠᠨ ᠪᠣᠯᠢᠭᠰᠠᠨ ᠪᠠᠶᠢᠪᠠᠯ᠂ | ᠠᠵᠢᠯ ᠤᠨ ᠦᠨᠡᠮᠯᠡᠯ᠂ ᠰᠡᠷᠭᠡᠶᠢᠯᠡᠨ ᠬᠠᠮᠠᠭᠠᠯᠠᠬᠤ ᠲᠣᠨᠣᠭᠯᠠᠯ᠂ ᠮᠡᠷᠭᠡᠵᠢᠯ ᠤᠨ ᠲᠣᠨᠣᠭᠯᠠᠯ ᠵᠡᠷᠭᠡ ᠶᠢ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ᠃ | | ᠬᠤᠷᠢᠨ ᠳᠣᠯᠣᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ | ᠳᠠᠷᠠᠭᠠᠬᠢ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠡᠷᠡᠮᠵᠢᠯᠡᠭᠦᠯᠦᠨ ᠰᠠᠨᠠᠭᠤᠯᠬᠤ᠂ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠯᠭᠠᠬᠤ ᠪᠤᠶᠤ ᠨᠠᠮ ᠤᠨ ᠰᠠᠬᠢᠯᠭ᠎ᠠ | ᠪᠠᠲᠤ ᠵᠠᠰᠠᠭ ᠤᠨ ᠶᠠᠪᠤᠳᠠᠯ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠄ | | ︵ᠨᠢᠭᠡ︶ ᠡᠷᠬᠡ ᠲᠤᠰᠢᠶᠠᠯ ᠠᠴᠠ ᠪᠠᠨ ᠳᠠᠪᠠᠵᠤ᠂ ᠲᠣᠭᠲᠠᠭᠠᠯ ᠢ ᠵᠥᠷᠢᠴᠡᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠨᠳᠦ ᠨᠣᠴᠢᠲᠠᠢ ᠤᠷᠰᠢᠭ ᠲᠠᠲᠠᠭᠰᠠᠨ ᠪᠤᠶᠤ ᠨᠡᠶᠢᠭᠡᠮ ᠳᠤ ᠮᠠᠭᠤ ᠨᠥᠯᠥᠭᠡ | ᠭᠠᠷᠭᠠᠭᠰᠠᠨ᠃ | | ︵ᠬᠤᠶᠠᠷ︶ ᠲᠤᠬᠠᠢ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠳᠠᠬᠢᠨ | ᠪᠠᠶᠢᠴᠠᠭᠠᠯᠲᠠ ᠪᠠ ᠪᠠᠶᠢᠴᠠᠭᠠᠯᠲᠠ ᠬᠢᠵᠦ ᠭᠡᠷᠡᠴᠢ ᠠᠪᠬᠤ ᠠᠵᠢᠯ ᠢ ᠥᠷᠨᠢᠭᠦᠯᠬᠦ ᠳᠤᠮᠳᠠ ᠬᠠᠷᠢᠭᠤᠴᠠᠯᠭ᠎ᠠ ᠪᠠᠨ | ᠬᠦᠨᠳᠦ ᠨᠣᠴᠢᠲᠠᠢ ᠠᠯᠳᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠵᠥᠪ ᠣᠨᠣᠪᠴᠢᠲᠠᠶ | ᠭᠠᠷᠭᠠᠵᠤ ᠴᠢᠳᠠᠭᠰᠠᠨ ᠦᠭᠡᠢ᠃ | | ︵ᠭᠤᠷᠪᠠ︶ ᠬᠠᠤᠯᠢ ᠬᠡᠷᠡᠭᠵᠢᠭᠦᠯᠬᠦ ᠡᠲᠡᠭᠡᠳ ᠲᠤ ᠪᠠᠯᠠᠮᠠᠳ ᠣᠪᠣᠷ ᠢᠶᠠᠷ ᠬᠠᠨᠳᠤᠵᠤ᠂ ᠪᠠᠯᠠᠮᠠᠳ | ᠪᠦᠳᠦᠭᠦᠯᠢᠭ ᠤᠢᠢᠯᠠ ᠠᠵᠢᠯᠯᠠᠭ᠎ᠠ ᠲᠠᠢ ᠪᠠᠶᠢᠵᠤ᠂ ᠵᠣᠷᠢᠭᠤᠳᠠ ᠭᠠᠴᠢᠭᠰᠠᠨ ᠪᠤᠶᠤ ᠢᠳᠡᠬᠦ ᠠᠪᠬᠤ ᠭᠠᠴᠢᠵᠤ | ᠠᠪᠤᠭᠰᠠᠨ᠃ ︵ᠭᠤᠷᠪᠠ︶ ᠬᠠᠤᠯᠢ ᠬᠡᠷᠡᠭᠵᠢᠭᠦᠯᠬᠦ ᠡᠲᠡᠭᠡᠳ ᠲᠤ ᠪᠠᠯᠠᠮᠠᠳ ᠣᠪᠣᠷ ᠢᠶᠠᠷ ᠬᠠᠨᠳᠤᠵᠤ᠂ ᠪᠠᠯᠠᠮᠠᠳ | ᠬᠡᠷᠴᠡᠭᠡᠢ ᠤᠢᠢᠯᠠ ᠠᠵᠢᠯᠯᠠᠭ᠎ᠠ ᠲᠠᠢ ᠪᠠᠶᠢᠵᠤ᠂ ᠵᠣᠷᠢᠭᠤᠳᠠ ᠭᠠᠴᠢᠭᠰᠠᠨ ᠪᠤᠶᠤ ᠢᠳᠡᠬᠦ ᠠᠪᠬᠤ ᠭᠠᠴᠢᠬᠤ᠃ | | ︵ᠳᠥᠷᠪᠡ︶ ᠠᠵᠢᠯ ᠤᠨ ᠳᠥᠭᠦᠮ ᠢᠶᠠᠨ ᠠᠰᠢᠭᠯᠠᠨ ᠥᠪᠡᠷ ᠤᠨ ᠪᠡᠶ᠎ᠡ ᠳᠡᠭᠡᠨ ᠪᠤᠶᠤ ᠪᠤᠰᠤᠳ ᠬᠥᠮᠥᠨ ᠳᠤ | ᠵᠦᠢ ᠪᠤᠰᠤ ᠠᠰᠢᠭ ᠣᠯᠭᠤᠭᠰᠠᠨ᠃ | | ︵ᠲᠠᠪᠤ︶ ᠠᠵᠢᠯᠲᠠᠨ ᠤ ᠦᠨᠡᠮᠯᠡᠯ ᠢ ᠳᠤᠷ᠎ᠠ ᠪᠠᠷ ᠢᠶᠠᠨ ᠵᠢᠭᠡᠯᠡᠭᠦᠯᠦᠭᠰᠡᠨ᠂ ᠪᠡᠯᠡᠭᠯᠡᠭᠰᠡᠨ᠂ | ᠲᠦᠷᠢᠶᠡᠰᠦᠯᠡᠭᠦᠯᠦᠭᠰᠡᠨ᠂ ᠪᠠᠷᠢᠴᠠᠭᠠᠯᠠᠭᠰᠠᠨ᠂ ᠳᠠᠮᠵᠢᠭᠤᠯᠤᠨ ᠬᠤᠳᠠᠯᠳᠤᠭᠰᠠᠨ᠃ | | ︵ᠵᠢᠷᠭᠤᠭ᠎ᠠ︶ ᠬᠠᠤᠯᠢ ᠬᠡᠷᠡᠭᠵᠢᠭᠦᠯᠬᠦ ᠠᠵᠢᠯ ᠤᠨ ᠬᠤᠯᠪᠣᠭᠳᠠᠯ ᠪᠦᠬᠦᠢ ᠬᠠᠷᠠᠬᠠᠨ ᠢᠯᠡ ᠪᠣᠯᠭᠠᠭᠠᠳᠤᠢ | ᠵᠦᠢᠯᠡᠰ ᠪᠤᠶᠤ ᠨᠢᠭᠤᠴᠠ ᠶᠢ ᠬᠠᠮᠠᠭᠠᠯᠠᠬᠤ ᠶᠣᠰᠣᠲᠠᠢ ᠪᠤᠰᠤᠳ ᠠᠭᠤᠯᠭ᠎ᠠ ᠶᠢ ᠵᠠᠳᠠᠷᠠᠭᠤᠯᠤᠭᠰᠠᠨ᠂ ᠲᠠᠷᠬᠠᠭᠠᠭᠰᠠᠨ | ᠪᠤᠶᠤ ᠲᠠᠩᠨᠠᠭᠰᠠᠨ᠂ ᠬᠤᠯᠠᠭᠠᠶᠢᠯᠠᠭᠰᠠᠨ᠃ | | ︵ᠲᠤᠯᠤᠭ᠎ᠠ︶ ᠤᠷᠢᠵᠤ ᠬᠡᠷᠡᠭᠯᠡᠬᠦ ᠪᠠᠨ ᠪᠣᠯᠢᠭᠰᠠᠨ ᠤ ᠲᠡᠷᠠᠭ᠎ᠠ ᠠᠵᠢᠯ ᠲᠤᠰᠢᠶᠠᠬᠤ ᠪᠠ ᠭᠥᠯᠢᠶᠡᠨ ᠠᠪᠬᠤ | ᠭᠠᠷ ᠭᠦᠢᠴᠡᠳᠬᠡᠯ ᠬᠢᠬᠦ ᠶᠢ ᠲᠡᠪᠴᠢᠭᠰᠡᠨ᠃ | | ︵ᠨᠠᠢᠮᠠ︶ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ | ᠪᠤᠰᠤᠳ ᠦᠢᠯᠡ ᠠᠵᠢᠯᠯᠠᠭ᠎ᠠ ᠲᠠᠢ ᠪᠠᠶᠢᠬᠤ᠃ | | ᠬᠤᠷᠢᠨ ᠨᠠᠢᠮᠠᠳᠤᠭᠠᠷ ᠵᠦᠢᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠣᠭᠲᠠᠭᠠᠯ ᠠᠴᠠ ᠵᠥᠷᠢᠴᠡᠭᠰᠡᠨ | ᠰᠠᠬᠢᠯᠭ᠎ᠠ ᠪᠠᠲᠤ ᠠᠴᠠ ᠵᠥᠷᠢᠴᠡᠭᠰᠡᠨ ᠬᠠᠤᠯᠢ ᠴᠠᠭᠠᠵᠠ ᠠᠴᠠ ᠵᠥᠷᠢᠴᠡᠭᠰᠡᠨ ᠰᠡᠵᠢᠭᠯᠡᠯᠲᠡᠢ ᠪᠠᠶᠢᠬᠤ ᠶᠢ ᠣᠯᠵᠤ | ᠮᠡᠳᠡᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠂ ᠡᠰᠡᠬᠦᠯ᠎ᠡ ᠬᠠᠮᠢᠶᠠᠷᠤᠯᠲᠠ ᠶᠢᠨ ᠡᠷᠬᠡ | ᠮᠡᠳᠡᠯ ᠤᠨ ᠬᠡᠪᠴᠢᠶ᠎ᠡ ᠶᠣᠰᠣᠭᠠᠷ ᠴᠠᠭ ᠲᠤᠬᠠᠢ ᠳᠤᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ | ᠡᠷᠬᠡᠲᠦ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ | | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠡᠷᠬᠡᠲᠦ ᠪᠠᠶᠢᠭᠤᠯᠭ᠎ᠠ ᠪᠠᠶᠢᠴᠠᠭᠠᠯᠲᠠ ᠳᠤ | ᠣᠷᠣᠯᠴᠠᠭᠰᠠᠨ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠷᠬᠡᠲᠦ | ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠦᠬᠦᠢ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ | ᠬᠢᠨᠠᠯᠲᠠ ᠲᠠᠯᠪᠢᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ᠂ ᠪᠤᠷᠤᠭᠤ | ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠠᠰᠠᠭᠤᠳᠠᠯ ᠢ ᠰᠤᠳᠤᠯᠤᠨ ᠨᠤᠲᠠᠯᠠᠬᠤ ᠠᠵᠢᠯ ᠢ ᠵᠣᠬᠢᠶᠠᠨ | ᠪᠠᠶᠢᠭᠤᠯᠬᠤ ᠶᠢᠨ ᠬᠠᠮᠲᠤ ᠪᠢᠴᠢᠭ ᠤᠨ ᠰᠠᠨᠠᠯ ᠭᠠᠷᠭᠠᠵᠤ᠂ ᠡᠷᠬᠡᠲᠦ ᠪᠠᠶᠢᠭᠤᠯᠭ᠎ᠠ ᠶᠢᠨ ᠬᠠᠷᠢᠭᠤᠴᠠᠯᠭ᠎ᠠ ᠶᠢ ᠮᠠᠭᠠᠳᠯᠠᠨ | ᠲᠣᠭᠲᠠᠭᠠᠬᠤ ᠯᠠᠪᠯᠠᠯᠲᠠ ᠪᠣᠯᠭᠠᠵᠤ ᠪᠣᠯᠣᠨ᠎ᠠ᠃ | | ᠬᠤᠷᠢ ᠶᠢᠰᠦᠳᠦᠭᠡᠷ ᠵᠦᠢᠯ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠲᠤᠰ | ᠲᠣᠭᠲᠠᠭᠠᠯ ᠳᠤ ᠲᠣᠳᠣᠷᠬᠠᠶᠢᠯᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠵᠤ᠂ ᠲᠤᠰ | ᠬᠥᠮᠥᠨ ᠪᠤᠶᠤ ᠲᠡᠭᠦᠨ ᠤ ᠣᠶᠢᠷ᠎ᠠ ᠲᠦᠷᠦᠯ ᠰᠠᠳᠤᠨ ᠰᠦᠷᠳᠡᠭᠦᠯᠦᠯ ᠳᠤ ᠤᠴᠠᠷᠠᠭᠰᠠᠨ᠂ ᠬᠡᠷᠡᠭ ᠥᠳᠥᠭᠡᠵᠦ | ᠲᠦᠢᠪᠡᠭᠡᠭᠰᠡᠨ᠂ ᠳᠠᠭᠠᠷᠢᠵᠤ ᠬᠠᠷᠢᠶᠠᠭᠰᠠᠨ ᠪᠤᠶᠤ ᠬᠥᠮᠥᠨ ᠤ ᠪᠡᠶ᠎ᠡ᠂ ᠡᠳ᠋ ᠬᠥᠷᠥᠩᠭᠡ ᠨᠢ ᠬᠠᠯᠳᠠᠯᠭ᠎ᠠ ᠳᠤ | ᠤᠴᠠᠷᠠᠭᠰᠠᠨ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠬᠠᠢ ᠶᠢᠨ | ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠬᠠᠤᠯᠢ | ᠶᠣᠰᠣᠭᠠᠷ ᠬᠠᠮᠵᠢᠨ ᠰᠢᠢᠳᠪᠦᠷᠢᠯᠡᠬᠦ ᠬᠡᠷᠡᠭᠲᠡᠢ᠃ | | ᠭᠤᠴᠢᠳᠤᠭᠠᠷ ᠵᠦᠢᠯ ᠮᠡᠷᠭᠡᠵᠢᠯ ᠤᠨ ᠪᠠᠶᠢᠴᠠᠭᠠᠭᠴᠢ ᠪᠣᠯᠣᠨ ᠨᠡᠶᠢᠭᠡᠮ ᠤᠨ ᠬᠢᠨᠠᠯᠲᠠ ᠲᠠᠯᠪᠢᠭᠴᠢ ᠲᠤᠰ | ᠲᠣᠭᠲᠠᠭᠠᠯ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠣᠭᠠᠳ ᠦᠨᠡᠨ | ᠪᠤᠰᠤ ᠵᠠᠭᠠᠯᠳᠤᠯᠭ᠎ᠠ᠂ ᠭᠦᠳᠬᠡᠨ ᠵᠠᠭᠠᠯᠳᠤᠯᠭ᠎ᠠ ᠳᠤ ᠤᠴᠠᠷᠠᠭᠰᠠᠨ ᠵᠢᠴᠢ ᠭᠦᠳᠬᠡᠨ ᠭᠦᠵᠢᠷᠯᠡᠭᠰᠡᠨ᠂ ᠭᠤᠲᠤᠭᠠᠨ | ᠳᠣᠷᠣᠮᠵᠢᠯᠠᠭᠳᠠᠭᠠᠳ᠂ ᠪᠠᠶᠢᠴᠠᠭᠠᠯᠲᠠ ᠪᠠᠷ ᠲᠠᠮᠵᠢᠨ ᠬᠠᠷᠢᠭᠤᠴᠠᠯᠭ᠎ᠠ ᠨᠡᠬᠡᠮᠵᠢᠯᠡᠬᠦ ᠦᠭᠡᠢ ᠭᠡᠵᠦ ᠦᠨᠡᠮᠰᠢᠭᠰᠡᠨ | ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠣᠬᠢᠬᠤ ᠬᠡᠯᠪᠡᠷᠢ ᠮᠠᠶ᠋ᠢᠭ ᠢᠶᠠᠷ | ᠪᠣᠳᠠᠲᠤ ᠶᠠᠪᠤᠳᠠᠯ ᠢ ᠴᠠᠭ ᠲᠤᠬᠠᠢ ᠳᠤᠨᠢ ᠲᠣᠳᠣᠷᠬᠠᠶᠢᠯᠠᠵᠤ᠂ ᠮᠠᠭᠤ ᠨᠥᠯᠥᠭᠡ ᠶᠢ ᠨᠢ ᠠᠷᠢᠯᠭᠠᠵᠤ᠂ ᠬᠠᠤᠯᠢ | ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠬᠡᠷᠡᠭᠲᠡᠢ᠃ | | ᠭᠤᠴᠢᠨ ᠨᠢᠭᠡᠳᠦᠭᠡᠷ ᠵᠦᠢᠯ ᠮᠡᠷᠭᠡᠵᠢᠯ ᠤᠨ ᠪᠠᠶᠢᠴᠠᠭᠠᠭᠴᠢ ᠪᠣᠯᠣᠨ ᠨᠡᠶᠢᠭᠡᠮ ᠤᠨ ᠬᠢᠨᠠᠯᠲᠠ ᠲᠠᠯᠪᠢᠭᠴᠢ ᠪᠠᠨ | ᠢᠯᠡᠷᠡᠯ ᠲᠣᠪᠣᠶᠢᠮ᠎ᠠ ᠪᠠᠶᠢᠵᠤ᠂ ᠲᠣᠪᠣᠶᠢᠮ᠎ᠠ ᠠᠮᠵᠢᠯᠲᠠ ᠪᠦᠲᠦᠮᠵᠢ ᠪᠠ ᠣᠨᠴᠣᠭᠤᠢ ᠬᠤᠪᠢ ᠨᠡᠮᠡᠷᠢ ᠦᠵᠡᠭᠦᠯᠦᠭᠰᠡᠨ | ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | | | | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠭᠤᠴᠢᠨ ᠬᠤᠶᠠᠳᠤᠭᠠᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠦᠨᠡᠨᠬᠦ ᠬᠡᠷᠡᠭᠴᠡᠭᠡ ᠲᠠᠢ ᠪᠠᠶᠢᠵᠤ᠂ ᠨᠡᠶᠢᠭᠡᠮ ᠠᠴᠠ ᠬᠠᠤᠯᠢ | ᠬᠡᠷᠡᠭᠵᠢᠭᠦᠯᠬᠦ ᠳᠤ ᠲᠤᠰᠠᠯᠠᠬᠤ ᠠᠵᠢᠯᠲᠠᠨ ᠤᠷᠢᠨ ᠬᠡᠷᠡᠭᠯᠡᠵᠦ ᠠᠵᠢᠯ ᠶᠠᠪᠤᠳᠠᠯ ᠤᠨ ᠴᠢᠨᠠᠷᠲᠠᠢ᠂ ᠲᠤᠰᠠᠯᠠᠬᠤ ᠴᠢᠨᠠᠷᠲᠠᠢ | ᠠᠵᠢᠯ ᠢ ᠡᠭᠦᠷᠭᠡᠯᠡᠭᠦᠯᠦᠭᠰᠡᠨ ᠪᠠᠶᠢᠪᠠᠯ᠂ ᠰᠤᠷᠭᠠᠨ ᠬᠥᠮᠦᠵᠢᠯ᠂ ᠬᠠᠮᠢᠶᠠᠷᠤᠯᠲᠠ ᠪᠠ ᠡᠳᠦᠷ ᠲᠤᠲᠤᠮ ᠤᠨ ᠬᠢᠨᠠᠯᠲᠠ | ᠲᠠᠯᠪᠢᠯᠲᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | | ᠭᠤᠴᠢᠨ ᠭᠤᠷᠪᠠᠳᠤᠭᠠᠷ ᠵᠦᠢᠯ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠪᠠᠶᠢᠭᠤᠯᠤᠮᠵᠢ᠂ ᠭᠠᠵᠠᠷ | ᠬᠥᠳᠡᠯᠦᠯᠲᠡ ᠶᠢᠨ ᠠᠵᠢᠯ ᠤᠨ ᠪᠠᠶᠢᠭᠤᠯᠤᠮᠵᠢ ᠪᠣᠯᠣᠨ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠨᠤᠭᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯ ᠤᠨ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠨᠡᠶᠢᠭᠡᠮ ᠤᠨ ᠬᠢᠨᠠᠯᠲᠠ | ᠲᠠᠯᠪᠢᠬᠤ ᠶᠢ ᠴᠢᠩᠭᠠᠷᠠᠭᠤᠯᠬᠤ ᠶᠢᠨ ᠲᠤᠰᠠᠳᠠ᠂ ᠮᠡᠷᠭᠡᠵᠢᠯ ᠤᠨ ᠪᠠᠶᠢᠴᠠᠭᠠᠬᠤ ᠠᠵᠢᠯᠲᠠᠨ ᠢ ᠤᠷᠢᠨ ᠬᠡᠷᠡᠭᠯᠡᠵᠦ᠂ | ᠨᠡᠶᠢᠭᠡᠮ ᠤᠨ ᠬᠢᠨᠠᠯᠲᠠ ᠲᠠᠯᠪᠢᠬᠤ ᠠᠵᠢᠯᠲᠠᠨ ᠢ ᠤᠷᠢᠨ ᠲᠣᠮᠢᠯᠠᠭᠰᠠᠨ ᠪᠣᠯ ᠲᠤᠰ ᠲᠣᠭᠲᠠᠭᠠᠯ ᠢᠶᠠᠷ ᠯᠠᠪᠯᠠᠯᠲᠠ | ᠪᠣᠯᠭᠠᠵᠤ ᠬᠡᠷᠡᠭᠵᠢᠭᠦᠯᠦᠨ᠎ᠡ᠃ | | ᠭᠤᠴᠢᠨ ᠳᠥᠷᠪᠡᠳᠦᠭᠡᠷ ᠵᠦᠢᠯ ᠰᠢᠶᠠᠩ ᠪᠠᠯᠭᠠᠰᠤ᠂ ᠵᠡᠭᠡᠯᠢ ᠭᠤᠳᠤᠮᠵᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠭᠥᠯᠢᠶᠡᠨ ᠠᠪᠴᠤ᠂ | ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ᠂ ᠨᠡᠶᠢᠭᠡᠮ ᠤᠨ ᠬᠢᠨᠠᠯᠲᠠ ᠲᠠᠯᠪᠢᠭᠴᠢ ᠶᠢ ᠤᠷᠢᠨ ᠲᠣᠮᠢᠯᠠᠬᠤ | ᠴᠢᠬᠤᠯᠠ ᠲᠠᠢ ᠪᠣᠯ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | | ᠭᠤᠴᠢᠨ ᠲᠠᠪᠤᠳᠤᠭᠠᠷ ᠵᠦᠢᠯ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰ ᠭᠠᠵᠠᠷ ᠣᠷᠣᠨ ᠤ ᠪᠠᠨ | ᠪᠣᠳᠠᠲᠤ ᠪᠠᠶᠢᠳᠠᠯ ᠢ ᠦᠨᠳᠦᠰᠦᠯᠡᠨ ᠬᠡᠷᠡᠭᠵᠢᠭᠦᠯᠬᠦ ᠨᠠᠷᠢᠨ | | ᠭᠤᠴᠢᠨ ᠵᠢᠷᠭᠤᠳᠤᠭᠠᠷ ᠵᠦᠢᠯ ᠲᠤᠰ ᠲᠣᠭᠲᠠᠭᠠᠯ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠠᠮᠤᠨ ᠠᠴᠠ ᠬᠠᠤᠯᠢ ᠴᠠᠭᠠᠵᠠ ᠶᠢᠨ ᠶᠠᠮᠤᠨ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠵᠤ᠂ ᠬᠡᠪᠯᠡᠨ ᠲᠠᠷᠬᠠᠭᠠᠭᠰᠠᠨ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ | ᠬᠢᠨᠠᠯᠲᠠ ᠲᠠᠯᠪᠢᠭᠴᠢ ᠶᠢᠨ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠠᠯᠠᠱᠠ ᠵᠡᠭᠦᠨ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠲᠠᠶᠢᠯᠤᠮᠵᠢ | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ | | | | | |