| | | | ᠤᠯᠤᠰ ᠤᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ᠂ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠬᠦ ᠠᠵᠢᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠠᠯᠠᠢ ᠶᠢᠨ | ᠲᠤᠰᠤᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠤᠨ ᠡᠯ᠎ᠡ ᠬᠤᠪᠢᠶᠠᠷᠢ ᠬᠡᠯᠲᠡᠰ᠂ ᠶᠠᠮᠤᠨ ᠤ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠤᠷᠭᠠᠨ ᠲᠣᠪᠴᠢᠶ᠎ᠠ᠂ ᠶᠠᠮᠤᠨ ᠤ ᠬᠠᠷᠢᠶ᠎ᠠ ᠬᠤᠯᠪᠣᠭᠳᠠᠯ ᠪᠦᠬᠦᠢ ᠠᠵᠢᠯ | ᠦᠢᠯᠡᠰ ᠤᠨ ᠨᠢᠭᠡᠴᠢ ᠳᠤ᠄ | | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠠᠴᠠ ᠠᠶᠤᠯ ᠶᠡᠬᠡᠲᠡᠢ ᠠᠵᠢᠯ ᠲᠥᠷᠥᠯ ᠤᠨ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ᠂ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ | ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ︵ | ᠳᠣᠷᠣᠭᠰᠢ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠭᠡᠵᠦ ᠲᠣᠪᠴᠢᠯᠠᠨ᠎ᠠ︶᠂ ᠣᠨᠴᠠ ᠲᠥᠷᠥᠯ ᠤᠨ | ᠠᠵᠢᠯᠯᠠᠭᠠᠨ ᠤ ᠦᠨᠡᠮᠯᠡᠯ ᠤᠨ ᠶᠠᠩᠵᠤ ᠮᠠᠶ᠋ᠢᠭ ᠢ ᠰᠢᠨᠡᠳᠬᠡᠪᠡ᠂ ᠡᠳᠦᠭᠡ ᠰᠢᠨᠡᠳᠬᠡᠭᠰᠡᠨ ᠤ ᠳᠠᠷᠠᠭᠠᠬᠢ ᠶᠠᠩᠵᠤ | ᠮᠠᠶ᠋ᠢᠭ ᠢ ᠲᠠᠨᠠᠷ ᠲᠤ ᠬᠡᠪᠯᠡᠨ ᠲᠠᠷᠬᠠᠭᠠᠬᠤ ᠶᠢᠨ ᠬᠠᠮᠲᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ | ᠮᠡᠳᠡᠭᠳᠡᠶ᠎ᠡ᠄ | | ᠨᠢᠭᠡ᠂ ᠰᠢᠨ᠎ᠡ ᠬᠡᠪᠯᠡᠯ ᠤᠨ ᠦᠨᠡᠮᠯᠡᠯ ᠢ PVC ᠺᠠᠷᠲ ᠤᠨ ᠪᠣᠳᠠᠲᠤ ᠴᠣᠭᠴᠠ ᠶᠢᠨ ᠦᠨᠡᠮᠯᠡᠯ ᠪᠠ ᠴᠠᠬᠢᠮ | ᠦᠨᠡᠮᠯᠡᠯ ︵ᠡᠩ ᠤᠨ ᠴᠠᠭᠠᠰᠤᠨ ᠳᠠᠷᠤᠮᠠᠯᠯᠠᠯ ᠤᠨ ᠬᠡᠪᠯᠡᠯ ᠪᠠᠭᠲᠠᠨ᠎ᠠ︶ ᠭᠡᠵᠦ ᠬᠤᠪᠢᠶᠠᠨ᠎ᠠ᠂ ᠴᠠᠬᠢᠮ ᠦᠨᠡᠮᠯᠡᠯ ᠪᠠ | ᠪᠣᠳᠠᠲᠤ ᠴᠣᠭᠴᠠ ᠶᠢᠨ ᠦᠨᠡᠮᠯᠡᠯ ᠢ ᠨᠢᠭᠡ ᠨᠢᠭᠡ ᠪᠠᠷ ᠬᠠᠷᠠᠭᠠᠯᠵᠠᠵᠤ᠂ ᠠᠳᠠᠯᠢᠬᠠᠨ ᠬᠠᠤᠯᠢ ᠴᠠᠭᠠᠵᠠ ᠶᠢᠨ | ᠬᠦᠴᠦᠨ ᠲᠠᠢ᠃ PVC ᠺᠠᠷᠲ ᠤᠨ ᠪᠣᠳᠠᠲᠤ ᠴᠣᠭᠴᠠ ᠶᠢᠨ ᠦᠨᠡᠮᠯᠡᠯ ᠢ ᠡᠯ᠎ᠡ ᠱᠠᠲᠤᠨ ᠤ ᠬᠢᠨᠠᠨ ᠰᠢᠯᠭᠠᠵᠤ | ᠦᠨᠡᠮᠯᠡᠯ ᠣᠯᠭᠤᠬᠤ ᠰᠠᠯᠠᠭ᠎ᠠ ᠮᠥᠴᠢᠷ ᠠᠴᠠ ᠨᠢᠭᠡᠳᠦᠯᠲᠡᠢ ᠬᠡᠯᠪᠡᠷᠢ ᠮᠠᠶ᠋ᠢᠭ ᠢᠶᠠᠷ ᠥᠪᠡᠰᠦᠪᠡᠨ ᠦᠢᠯᠡᠳᠴᠦ᠂ | ᠭᠡᠷᠡᠴᠢ ᠠᠪᠤᠭᠴᠢ ᠶᠢᠨ ᠬᠡᠷᠡᠭᠴᠡᠭᠡ ᠶᠢ ᠦᠨᠳᠦᠰᠦᠯᠡᠨ ᠬᠢᠨᠠᠨ ᠣᠯᠭᠤᠵᠤ᠂ ᠨᠥᠬᠦᠴᠡᠯ ᠲᠠᠢ ᠭᠠᠵᠠᠷ ᠣᠷᠣᠨ ᠤ | ᠥᠪᠡᠰᠦᠪᠡᠨ ᠦᠨᠡᠮᠯᠡᠯ ᠦᠢᠯᠡᠳᠬᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠡᠯ᠎ᠡ ᠭᠠᠵᠠᠷ ᠤᠨ ᠬᠢᠨ ᠦᠨᠡᠮᠯᠡᠯ ᠢ | ᠬᠢᠨᠠᠨ ᠣᠯᠭᠤᠭᠰᠠᠨ ᠤ ᠳᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠪᠥᠬᠦ ᠤᠯᠤᠰ ᠤᠨ ᠠᠶᠦᠯᠭᠦᠢ ᠶᠢᠨ | ᠰᠤᠷᠭᠠᠯᠲᠠ ᠶᠢᠨ ᠰᠢᠯᠭᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠲᠤᠭ᠎ᠠ ᠪᠠᠷᠢᠮᠲᠠ ᠶᠢᠨ | ᠮᠡᠳᠡᠭᠡ ᠵᠠᠩᠭᠢ ᠶᠢ ᠬᠦᠷᠭᠡᠨ ᠥᠭᠴᠦ᠂ ᠦᠨᠡᠮᠯᠡᠯ ᠠᠪᠴᠤ ᠪᠠᠶᠢᠭ᠎ᠠ ᠬᠥᠮᠥᠨ ᠤ ᠴᠠᠭ ᠲᠤᠬᠠᠢ ᠳᠤᠨᠢ ᠪᠠᠶᠢᠴᠠᠭᠠᠨ | ᠯᠠᠪᠯᠠᠵᠤ ᠪᠠᠭᠤᠯᠭᠠᠨ ᠠᠪᠬᠤ ᠳᠤ ᠲᠥᠬᠦᠮ ᠦᠵᠡᠭᠦᠯᠬᠦ ᠬᠡᠷᠡᠭᠲᠡᠢ᠃ | | ᠬᠤᠶᠠᠷ᠂ ᠰᠢᠨ᠎ᠡ ᠬᠡᠪᠯᠡᠯ ᠤᠨ ᠦᠨᠡᠮᠯᠡᠯ ᠢ ᠲᠤᠰ ᠮᠡᠳᠡᠭᠳᠡᠯ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠯᠡᠨ᠎ᠡ᠃ ᠬᠠᠭᠤᠴᠢᠨ ᠬᠡᠪᠯᠡᠯ ᠤᠨ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ ᠣᠨᠴᠠ ᠲᠥᠷᠥᠯ ᠤᠨ | ᠠᠵᠢᠯ ᠬᠢᠬᠦ ᠦᠨᠡᠮᠯᠡᠯ ᠢ ᠲᠣᠰ ᠡᠳᠦᠷ ᠠᠴᠠ ᠡᠬᠢᠯᠡᠨ ᠬᠢᠨᠠᠨ ᠣᠯᠭᠤᠬᠤ ᠶᠢ ᠵᠣᠭᠰᠣᠭᠠᠵᠤ᠂ ᠨᠢᠭᠡᠨᠲᠡ ᠬᠢᠨᠠᠨ | ᠣᠯᠭᠤᠭᠰᠠᠨ ᠦᠨᠡᠮᠯᠡᠯ ᠤᠨ ᠬᠦᠴᠦᠨ ᠲᠠᠢ ᠬᠤᠭᠤᠴᠠᠭᠠᠨ ᠳᠤ ᠦᠷᠭᠦᠯᠵᠢᠯᠡᠨ ᠬᠡᠷᠡᠭᠯᠡᠵᠦ᠂ ᠳᠠᠬᠢᠨ ᠬᠢᠨᠠᠭᠠᠳ ᠬᠢᠷᠢ | ᠲᠡᠩᠴᠡᠭᠰᠡᠨ ᠤ ᠳᠠᠷᠠᠭ᠎ᠠ ᠰᠢᠨ᠎ᠡ ᠬᠡᠪᠯᠡᠯ ᠤᠨ ᠦᠨᠡᠮᠯᠡᠯ ᠢ ᠨᠢᠭᠡᠳᠦᠯᠲᠡᠢ ᠬᠢᠨᠠᠨ ᠣᠯᠭᠤᠨ᠎ᠠ᠃ | | ᠭᠤᠷᠪᠠ᠂ ᠡᠯ᠎ᠡ ᠭᠠᠵᠠᠷ ᠤᠨ ᠬᠢᠨ ︽ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ᠂ ᠣᠨᠴᠠ ᠲᠥᠷᠥᠯ ᠤᠨ | ᠠᠵᠢᠯᠯᠠᠭᠠᠨ ᠤ ᠦᠨᠡᠮᠯᠡᠯ ᠤᠨ ᠶᠠᠩᠵᠤ ᠬᠡᠯᠪᠡᠷᠢ ᠪᠠ ᠵᠢᠷᠤᠮᠵᠢᠯ︾ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶ | ᠢ ᠴᠢᠩᠭ᠎ᠠ ᠵᠢᠷᠤᠮᠯᠠᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠨᠢᠭᠡᠳᠦᠯᠲᠡᠢ | ᠲᠣᠬᠢᠷᠠᠭᠤᠯᠤᠨ ᠣᠯᠭᠤᠭᠰᠠᠨ ᠬᠤᠶᠠᠷ ᠬᠡᠮᠵᠢᠯᠲᠦ ᠺᠣᠳ᠋ ᠤᠨ ᠨᠠᠶᠢᠷᠠᠭᠤᠯᠬᠤ ᠰᠢᠰᠲ᠋ᠧᠮ ᠢ ᠬᠡᠷᠡᠭᠯᠡᠨ ᠪᠣᠳᠠᠲᠤ | ᠴᠣᠭᠴᠠ ᠶᠢᠨ ᠦᠨᠡᠮᠯᠡᠯ ᠢ ᠬᠡᠪᠯᠡᠨ ᠵᠣᠬᠢᠶᠠᠵᠤ᠂ ᠬᠠᠯᠠᠨ ᠥᠭᠡᠷᠡᠴᠢᠯᠡᠬᠦ ᠶᠢ ᠴᠢᠩᠭ᠎ᠠ ᠴᠠᠭᠠᠵᠠᠯᠠᠵᠤ᠂ ᠦᠨᠡᠮᠯᠡᠯ ᠤᠨ | ᠶᠠᠩᠵᠤ ᠬᠡᠯᠪᠡᠷᠢ ᠶᠢ ᠪᠥᠬᠦ ᠤᠯᠤᠰ ᠲᠤ ᠨᠢᠭᠡᠳᠦᠯᠲᠡᠢ ᠪᠠᠶᠢᠯᠭᠠᠬᠤ ᠪᠠ ᠨᠡᠶᠢᠳᠡᠮ ᠬᠡᠷᠡᠭᠯᠡᠬᠦ ᠶᠢ ᠦᠨᠡᠨᠬᠦ ᠪᠠᠲᠤᠯᠠᠬᠤ | ᠬᠡᠷᠡᠭᠲᠡᠢ᠃ ᠰᠢᠨ᠎ᠡ ᠦᠨᠡᠮᠯᠡᠯ ᠣᠯᠣᠭᠰᠠᠨ ᠬᠤᠪᠢ ᠬᠥᠮᠥᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠠᠮᠤᠨ ᠤ ᠵᠠᠰᠠᠭ ᠤᠨ ᠣᠷᠳᠣᠨ ᠤ ᠰᠦᠯᠵᠢᠶ᠎ᠡ ︵http᠄ //www.mem.gov.cn︶ ᠳᠤ ᠭᠠᠷᠴᠤ᠂ ︽ | ᠪᠠᠶᠢᠴᠠᠭᠠᠨ ᠯᠠᠪᠯᠠᠬᠤ ᠦᠢᠯᠡᠴᠢᠯᠡᠭᠡ︾ ᠶᠢᠨ ᠪᠤᠯᠤᠩ ᠠᠴᠠ ︽ᠣᠨᠴᠠ ᠲᠥᠷᠥᠯ ᠤᠨ ᠠᠵᠢᠯ ᠬᠢᠬᠦ ᠦᠨᠡᠮᠯᠡᠯ ᠵᠢᠴᠢ | ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠳᠤ | ᠬᠢᠷᠢ ᠲᠡᠩᠴᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠰᠢᠰᠲ᠋ᠧᠮ ᠳᠤ ᠣᠷᠣᠬᠤ ᠪᠤᠶᠤ ᠠᠯᠪᠠᠨ ᠤ | ᠲᠠᠯ᠎ᠠ ᠶᠢᠨ ᠸᠢᠴᠠᠲ ᠤᠨ ᠴᠠᠬᠢᠮ ᠲᠠᠪᠴᠠᠩ ︵ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠰᠢᠯᠭᠠᠯᠲᠠ︶ | ᠳᠤ ᠭᠠᠷᠴᠤ᠂ ᠱᠠᠭᠠᠷᠳᠠᠯᠭ᠎ᠠ ᠶᠣᠰᠣᠭᠠᠷ ᠪᠡᠶ᠎ᠡ ᠶᠢᠨ ᠭᠠᠷᠤᠯ ᠤᠨ ᠭᠡᠷᠡᠴᠢᠯᠡᠯ ᠬᠢᠭᠰᠡᠨ ᠤ ᠳᠠᠷᠠᠭ᠎ᠠ᠂ ᠴᠠᠬᠢᠮ | ᠦᠨᠡᠮᠯᠡᠯ ᠢ ᠪᠠᠭᠤᠯᠭᠠᠨ ᠠᠪᠴᠤ ᠳᠠᠷᠤᠮᠠᠯᠯᠠᠨ᠎ᠠ᠃ | | ᠳᠥᠷᠪᠡ᠂ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠵᠢᠴᠢ ᠣᠨᠴᠠ ᠲᠥᠷᠥᠯ ᠤᠨ ᠠᠵᠢᠯ ᠤᠨ | ᠠᠵᠢᠯᠯᠠᠭ᠎ᠠ ᠶᠢ ᠭᠡᠷᠡᠴᠢᠯᠡᠬᠦ ᠪᠠᠩᠬᠢ ᠶᠢ ᠪᠥᠬᠦ ᠤᠯᠤᠰ ᠲᠤ ᠨᠢᠭᠡᠳᠦᠯᠲᠡᠢ ᠪᠠᠶᠢᠴᠠᠭᠠᠨ ᠯᠠᠪᠯᠠᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠰᠦᠯᠵᠢᠶᠡᠨ ᠥᠷᠲᠡᠭᠡ ᠪᠤᠶᠤ ᠲᠤᠰᠬᠠᠢ ᠸᠢᠴᠠᠲ ᠤᠨ ᠴᠠᠬᠢᠮ | ᠲᠠᠪᠴᠠᠩ ᠳᠤ ᠲᠡᠮᠳᠡᠭᠯᠡᠬᠦ ᠪᠤᠶᠤ ᠴᠥᠷᠬᠡᠯᠡᠭᠡ ᠪᠠᠷ ᠪᠠᠶᠢᠴᠠᠭᠠᠨ ᠰᠢᠯᠭᠠᠵᠤ ᠪᠣᠯᠣᠨ᠎ᠠ᠂ ᠣᠷᠣᠨ ᠨᠤᠲᠤᠭ ᠤᠨ | ᠦᠨᠡᠮᠯᠡᠯ ᠢ ᠪᠠᠶᠢᠴᠠᠭᠠᠨ ᠯᠠᠪᠯᠠᠬᠤ ᠲᠠᠪᠴᠠᠩ ᠪᠤᠶᠤ ᠰᠢᠰᠲ᠋ᠧᠮ ᠢ ᠪᠠᠶᠢᠭᠤᠯᠵᠤ ᠪᠣᠯᠬᠤ ᠦᠭᠡᠢ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠦᠨᠡᠮᠯᠡᠯ ᠤᠨ ᠴᠠᠬᠢᠮ ᠢᠶᠠᠷ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ APP ᠶᠢ ᠨᠡᠭᠡᠭᠡᠨ ᠬᠥᠭᠵᠢᠭᠦᠯᠵᠦ᠂ ᠨᠠᠩ ᠥᠨᠳᠥᠷ ᠪᠦᠲᠦᠮᠵᠢᠲᠡᠶ ᠳᠥᠭᠦᠮ ᠳᠥᠲᠡ | ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠬᠠᠩᠭᠠᠨ᠎ᠠ᠃ | | ᠲᠠᠪᠤ᠂ ᠦᠨᠡᠮᠯᠡᠯ ᠤᠨ ᠵᠠᠭᠪᠤᠷ ᠶᠠᠩᠵᠤ ᠶᠢ ᠰᠢᠨᠡᠳᠬᠡᠬᠦ ᠠᠵᠢᠯ ᠤᠨ ᠬᠤᠯᠪᠣᠭᠳᠠᠬᠤ ᠬᠦᠷᠢᠶ᠎ᠡ ᠬᠡᠪᠴᠢᠶ᠎ᠡ | ᠥᠷᠭᠡᠨ᠂ ᠬᠥᠮᠥᠨ ᠣᠯᠠᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠠᠶᠢᠬᠤ ᠬᠡᠷᠡᠭᠲᠡᠢ᠃ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠨᠠᠶᠢᠳᠠᠭᠰᠠᠨ ᠭᠠᠵᠠᠷ ᠤᠨ ᠰᠤᠷᠭᠠᠯᠲᠠ ᠶᠢᠨ ᠲᠥᠪ ᠠᠴᠠ | ᠦᠨᠡᠮᠯᠡᠯ ᠬᠢᠨᠠᠨ ᠣᠯᠭᠤᠬᠤ ᠮᠡᠷᠭᠡᠵᠢᠯ ᠤᠨ ᠵᠢᠯᠣᠭᠤᠳᠤᠯᠭ᠎ᠠ᠂ ᠰᠢᠰᠲ᠋ᠧᠮ ᠤᠨ ᠲᠠᠰ ᠳᠡᠪᠰᠢᠭᠦᠯᠦᠨ ᠬᠠᠮᠠᠭᠠᠯᠠᠬᠤ | ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠨᠤᠭᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ | ᠨᠢᠮᠪᠠᠢ ᠵᠣᠬᠢᠶᠠᠨ ᠪᠠᠶᠢᠭᠤᠯᠵᠤ᠂ ᠮᠡᠳᠡᠭᠡ ᠵᠠᠩᠭᠢ ᠶᠢᠨ ᠰᠢᠰᠲ᠋ᠧᠮ ᠪᠠ ᠦᠨᠡᠮᠯᠡᠯ ᠦᠢᠯᠡᠳᠬᠦ ᠲᠥᠬᠦᠭᠡᠷᠦᠮᠵᠢ ᠶᠢ ᠲᠠᠰ | ᠳᠡᠪᠰᠢᠭᠦᠯᠬᠦ ᠵᠡᠷᠭᠡ ᠠᠵᠢᠯ ᠤᠨ ᠴᠢᠬᠤᠯᠠ ᠪᠦᠬᠦᠢ ᠵᠠᠷᠤᠳᠠᠯ ᠢ ᠪᠠᠲᠤᠯᠠᠬᠤ ᠶᠢᠨ ᠬᠠᠮᠲᠤ ᠤᠬᠠᠭᠤᠯᠵᠤ ᠬᠥᠲᠥᠯᠥᠨ | ᠵᠢᠯᠤᠭᠤᠳᠬᠤ ᠪᠠ ᠦᠢᠯᠡᠴᠢᠯᠡᠬᠦ ᠪᠠᠨ ᠴᠢᠩᠭᠠᠳᠬᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ | ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | | ᠵᠢᠷᠭᠤᠭ᠎ᠠ᠂ ︽ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ | ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ᠤᠨ ᠬᠡᠪ ᠵᠠᠭᠪᠤᠷ ᠢ ᠬᠡᠪᠯᠡᠨ ᠲᠠᠷᠬᠠᠭᠠᠬᠤ ᠲᠤᠬᠠᠢ ᠤᠯᠤᠰ ᠤᠨ | ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠢᠩᠬᠢᠮ ᠤᠨ ᠤᠬᠠᠭᠤᠯᠭ᠎ᠠ ᠬᠥᠮᠦᠵᠢᠯ ﹇2015﹈ 94 ᠳ᠋ᠦ᠋ᠭᠡᠷ ᠲᠣᠭᠠᠲᠤ︶ ᠪᠠ ︽︿ᠣᠨᠴᠠ ᠲᠥᠷᠥᠯ ᠤᠨ | ᠠᠵᠢᠯ ᠬᠢᠭᠰᠡᠳ ᠤᠨ ᠠᠶᠦᠯᠭᠦᠢ ᠶᠢᠨ ᠮᠡᠷᠭᠡᠵᠢᠯ ᠤᠨ ᠰᠤᠷᠭᠠᠯᠲᠠ ᠶᠢᠨ ᠰᠢᠯᠭᠠᠨ ᠬᠢᠨᠠᠬᠤ ᠬᠠᠮᠢᠶᠠᠷᠤᠯᠲᠠ ᠶᠢᠨ | ᠲᠣᠭᠲᠠᠭᠠᠯ﹀ ᠢ ᠬᠡᠷᠡᠭᠵᠢᠭᠦᠯᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠠᠶᠤᠯᠭᠦᠢ | ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠤᠨ | ᠮᠡᠳᠡᠭᠳᠡᠯ︾ ︵ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠢᠩᠬᠢᠮ ᠤᠨ | ᠪᠣᠯᠪᠠᠰᠤᠷᠠᠭᠤᠯᠤᠯ ﹇2010﹈ 179 ᠳ᠋ᠦ᠋ᠭᠡᠷ ᠲᠣᠭᠠᠲᠤ︶ ᠳᠤ ᠲᠣᠭᠲᠠᠭᠠᠭᠰᠠᠨ ᠦᠨᠡᠮᠯᠡᠯ ᠤᠨ ᠵᠠᠭᠪᠤᠷ ᠢ ᠲᠣᠰ | ᠮᠡᠳᠡᠭᠳᠡᠯ ᠢ ᠬᠡᠪᠯᠡᠨ ᠲᠠᠷᠬᠠᠭᠠᠭᠰᠠᠨ ᠡᠳᠦᠷ ᠠᠴᠠ ᠡᠬᠢᠯᠡᠨ ᠬᠦᠴᠦᠨ ᠦᠭᠡᠢ ᠪᠣᠯᠭᠠᠨ᠎ᠠ᠃ | | ᠠᠵᠢᠯ ᠤᠨ ᠳᠤᠮᠳᠠ ᠬᠡᠷᠪᠡ ᠠᠰᠠᠭᠤᠳᠠᠯ ᠪᠠᠶᠢᠪᠠᠯ᠂ ᠴᠠᠭ ᠲᠤᠬᠠᠢ ᠳᠤᠨᠢ ᠶᠠᠮᠤᠨ ᠤ ᠠᠶᠦᠯᠭᠦᠢ ᠶᠢᠨ ᠰᠠᠭᠤᠷᠢ | ᠵᠤᠷᠭᠠᠨ ᠪᠠ ᠪᠣᠯᠪᠠᠰᠤᠷᠠᠯ ᠤᠨ ᠲᠥᠪ ᠲᠠᠢ ᠬᠠᠷᠢᠯᠴᠠᠭᠠᠷᠠᠢ ︵ᠠᠶᠦᠯᠭᠦᠢ ᠶᠢᠨ ᠰᠠᠭᠤᠷᠢ ᠵᠤᠷᠭᠠᠨ᠂ ᠸᠠᠩ ᠸᠧᠨ | ᠭᠤᠸᠠᠩ᠂ 010 — 64464067᠃ ᠪᠣᠯᠪᠠᠰᠤᠷᠠᠯ ᠤᠨ ᠲᠥᠪ᠂ ᠸᠧᠩ ᠯᠢ ᠵᠢᠶᠠ᠂ 010 — | 64463015︶᠃ | | ᠳᠠᠭᠠᠯᠳᠤᠭᠤᠯᠤᠯ᠄ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ᠂ ᠣᠨᠴᠠ ᠲᠥᠷᠥᠯ ᠤᠨ ᠠᠵᠢᠯ ᠬᠢᠬᠦ | ᠦᠨᠡᠮᠯᠡᠯ ᠤᠨ ᠬᠡᠪ ᠵᠠᠭᠪᠤᠷ ᠪᠠ ᠵᠢᠷᠤᠮᠵᠢᠯ | | ᠪᠠᠴᠢᠮ ᠬᠠᠮᠢᠶᠠᠷᠤᠯᠲᠠ ᠶᠢᠨ ᠶᠠᠮᠤᠨ ᠤ ᠠᠯᠪᠠᠨ ᠲᠢᠩᠬᠢᠮ | 2019 ᠣᠨ ᠤ 8 ᠰᠠᠷ᠎ᠠ ᠶᠢᠨ 10 | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠴᠠᠬᠢᠮ ᠦᠨᠡᠮᠯᠡᠯ ᠢ ᠯᠠᠪᠳᠠᠭᠤᠨ ᠪᠥᠭᠡᠳ ᠡᠮᠬᠢ | ᠵᠢᠷᠤᠮ ᠲᠠᠢ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠬᠦ ᠠᠵᠢᠯ ᠢᠶᠠᠷ ᠠᠵᠤ ᠠᠬᠤᠶᠢᠯᠠᠯ ᠳᠤ ᠠᠰᠢᠭᠲᠠᠢ | ᠠᠷᠠᠳ ᠲᠤ ᠲᠥᠬᠦᠮ ᠦᠵᠡᠭᠦᠯᠬᠦ ᠰᠠᠶᠢᠨ ᠶᠠᠪᠤᠳᠠᠯ ᠢ ᠰᠠᠶᠢᠲᠤᠷ ᠬᠢᠬᠦ ᠲᠤᠬᠠᠢ︾ ᠤᠨ ᠲᠤᠬᠠᠢ ᠠᠯᠠᠱᠠ ᠵᠡᠭᠦᠨ | ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ | ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ | | |