【ᠲᠦᠷᠦ ᠶᠢᠨ ᠪᠣᠳᠣᠯᠭ᠎ᠠ ᠶᠢᠨ ᠲᠠᠶᠢᠯᠤᠮᠵᠢ】 ︽ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ | ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠤᠨ ᠳᠦᠷᠢᠮ︾ ᠤᠨ ᠲᠤᠬᠠᠢ | ᠠᠯᠠᠱᠠ ᠵᠡᠭᠦᠨ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ | ᠲᠠᠶᠢᠯᠤᠮᠵᠢ | | ︽ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ | ᠰᠢᠢᠳᠪᠦᠷᠢᠯᠡᠬᠦ ᠠᠵᠢᠯ ᠤᠨ ᠳᠦᠷᠢᠮ︾ ᠤᠨ ᠲᠤᠬᠠᠢ | | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ ︵ᠠᠯᠪᠠᠨ ᠭᠡᠷ︶᠂ ᠰᠢᠨᠵᠢᠶᠠᠩ ᠤᠨ ᠦᠢᠯᠡᠳᠪᠦᠷᠢᠯᠡᠬᠦ ᠠᠵᠢᠯ ᠪᠦᠲᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠡᠯ᠎ᠡ ᠶᠠᠮᠤᠨ ᠬᠤᠷᠢᠶ᠎ᠠ᠂ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ | ᠬᠡᠯᠲᠡᠰ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ︵ᠠᠯᠪᠠᠨ | ᠭᠡᠷ︶᠂ ᠲᠥᠪ ᠠᠴᠠ ᠬᠠᠮᠢᠶᠠᠷᠴᠤ ᠪᠠᠶᠢᠭ᠎ᠠ ᠬᠤᠯᠪᠣᠭᠳᠠᠯ ᠪᠦᠬᠦᠢ ᠤᠯᠤᠰ ᠤᠨ ᠥᠮᠴᠢᠯᠡᠯ ᠤᠨ ᠭᠤᠣᠯᠯᠠᠭᠴᠢ ᠠᠵᠤ | ᠠᠬᠤᠶᠢᠯᠠᠯ ᠤᠨ ᠵᠠᠬᠢᠳᠠᠯ ᠰᠣᠷᠪᠤᠯᠵᠢᠯᠠᠭ᠎ᠠ ᠶᠢᠨ ᠭᠠᠵᠠᠷ ︵ᠠᠯᠪᠠᠨ ᠭᠡᠷ︶᠄ | | ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠠᠴᠠ ︽ᠵᠠᠬᠢᠳᠠᠯ ᠰᠣᠷᠪᠤᠯᠵᠢᠯᠠᠭ᠎ᠠ ᠶᠢᠨ | ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠤᠨ ᠳᠦᠷᠢᠮ︾ ᠢ | ᠰᠤᠳᠤᠯᠤᠨ ᠵᠠᠰᠠᠪᠠ᠃ ᠡᠳᠦᠭᠡ ᠬᠡᠪᠯᠡᠨ ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠣᠯᠪᠠᠤ᠃ ᠤᠤᠯ ᠤᠨ ︽ᠵᠠᠬᠢᠳᠠᠯ ᠰᠣᠷᠪᠤᠯᠵᠢᠯᠠᠭ᠎ᠠ ᠶᠢᠨ | ᠭᠤᠮᠣᠳᠠᠯ ᠲᠣᠭᠠᠴᠢᠯᠲᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠤᠨ ᠳᠦᠷᠢᠮ︾ ︵ | ᠲᠥᠷᠥ ᠵᠠᠬᠢᠳᠠᠯ ᠰᠣᠷᠪᠤᠯᠵᠢᠯᠠᠭ᠎ᠠ ᠲᠠᠷᠬᠠᠭᠠᠭᠰᠠᠨ ﹇2017﹈ 19 ᠳ᠋ᠦ᠋ᠭᠡᠷ ᠲᠣᠭᠠᠲᠤ︶ ᠢ ᠳᠠᠭᠠᠤ ᠳᠤᠨᠢ ᠬᠦᠴᠦᠨ | ᠦᠭᠡᠢ ᠪᠣᠯᠭᠠᠨ᠎ᠠ᠃ | | | | ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ | | 2022 ᠣᠨ ᠤ 4 ᠰᠠᠷ᠎ᠠ ᠶᠢᠨ 30 ᠤ ᠡᠳᠦᠷ | | | | | | | | | | ᠵᠠᠬᠢᠳᠠᠯ ᠰᠣᠷᠪᠤᠯᠵᠢᠯᠠᠭ᠎ᠠ ᠶᠢᠨ ᠭᠤᠶᠤᠴᠢᠯᠠᠯ ᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ | ᠠᠵᠢᠯ ᠤᠨ ᠳᠦᠷᠢᠮᠯᠡᠯ | | | | ᠨᠢᠭᠡᠳᠦᠭᠡᠷ ᠵᠦᠢᠯ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢ ᠬᠠᠤᠯᠢ ᠶᠣᠰᠣᠭᠠᠷ ᠲᠥᠷᠥᠯ | ᠬᠤᠪᠢᠶᠠᠨ ᠰᠢᠢᠳᠪᠦᠷᠢᠯᠡᠬᠦ ᠠᠵᠢᠯ ᠢ ᠤᠯᠠᠮ ᠵᠢᠷᠤᠮᠵᠢᠭᠤᠯᠬᠤ ᠶᠢᠨ ᠲᠥᠯᠥᠭᠡ᠂ ︽ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠳᠦᠷᠢᠮ︾ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ | ᠳᠦᠷᠢᠮ ᠢ ᠲᠣᠭᠲᠠᠭᠠᠪᠠ᠃ | | ᠬᠤᠶᠠᠳᠤᠭᠠᠷ ᠵᠦᠢᠯ ᠲᠤᠰ ᠳᠦᠷᠢᠮ ᠢ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠶᠢᠨ ᠭᠤᠮᠣᠳᠠᠯ | ᠲᠣᠭᠠᠴᠢᠯᠲᠠ ᠶᠢᠨ ᠰᠢᠢᠳᠪᠦᠷᠢ ᠭᠠᠷᠭᠠᠬᠤ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠥᠷᠥᠯ | ᠬᠤᠪᠢᠶᠠᠨ ᠰᠢᠢᠳᠪᠦᠷᠢᠯᠡᠬᠦ ᠳᠤ ᠬᠡᠷᠡᠭᠯᠡᠨ᠎ᠡ᠃ | | ᠭᠤᠷᠪᠠᠳᠤᠭᠠᠷ ᠵᠦᠢᠯ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ | ᠬᠤᠷᠢᠶᠠᠨ ᠣᠯᠪᠠᠯ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠬᠤᠷᠢᠨ ᠬᠤᠶᠠᠳᠤᠭᠠᠷ ᠵᠦᠢᠯ᠂ | ᠬᠤᠷᠢᠨ ᠭᠤᠷᠪᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠷᠢᠳᠬᠡᠭᠦᠯᠵᠦ᠂ ᠰᠢᠯᠵᠢᠭᠦᠯᠦᠨ | ᠬᠦᠷᠭᠡᠵᠦ᠂ ᠲᠤᠰᠢᠶᠠᠨ ᠰᠢᠢᠳᠪᠦᠷᠢᠯᠡᠭᠦᠯᠵᠦ᠂ ᠮᠡᠳᠡᠭᠳᠡᠬᠦ ᠬᠡᠷᠡᠭᠲᠡᠢ᠃ | | ᠵᠠᠬᠢᠳᠠᠯ ᠰᠣᠷᠪᠤᠯᠵᠢᠯᠠᠭ᠎ᠠ ᠬᠢᠭᠰᠡᠳ ᠤᠨ ᠳᠤᠷᠠᠳᠤᠭᠰᠠᠨ ᠭᠤᠮᠣᠳᠠᠯ ᠲᠣᠭᠠᠴᠢᠵᠤ ᠰᠢᠢᠳᠪᠦᠷᠢᠯᠡᠭᠦᠯᠬᠦ ᠪᠠᠷ | ᠭᠤᠶᠤᠴᠢᠯᠠᠬᠤ ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ᠂ | ᠨᠢᠭᠡᠴᠢ ᠨᠢ ᠪᠠᠶᠢᠳᠠᠯ ᠢ ᠢᠯᠭᠠᠵᠤ᠂ ᠳᠠᠷᠠᠭᠠᠬᠢ ᠠᠷᠭ᠎ᠠ ᠮᠠᠶ᠋ᠢᠭ ᠢᠶᠠᠷ ᠲᠤᠰ ᠲᠤᠰ ᠰᠢᠢᠳᠪᠦᠷᠢᠯᠡᠬᠦ ᠬᠡᠷᠡᠭᠲᠡᠢ᠄ | | ︵ᠨᠢᠭᠡ︶ ᠰᠢᠭᠦᠨ ᠲᠠᠰᠤᠯᠬᠤ ᠪᠠᠶᠢᠭᠤᠯᠭ᠎ᠠ ᠶᠢᠨ ᠵᠠᠷᠭᠤ ᠶᠢᠨ ᠵᠢᠷᠤᠮ ᠪᠤᠶᠤ ᠳᠠᠬᠢᠨ ᠵᠥᠪᠯᠡᠬᠦ ᠵᠢᠷᠤᠮ᠂ | ᠪᠠᠶᠢᠴᠠᠭᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ ᠵᠢᠷᠤᠮ ᠪᠤᠶᠤ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠵᠢᠷᠤᠮ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ | ᠵᠢᠷᠤᠮ ᠢᠶᠠᠷ ᠳᠠᠮᠵᠢᠭᠤᠯᠤᠨ ᠰᠢᠢᠳᠪᠦᠷᠢᠯᠡᠬᠦ ᠶᠣᠰᠣᠲᠠᠢ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ | ᠬᠤᠯᠪᠣᠭᠳᠠᠬᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠠᠤᠯᠢ ᠶᠣᠰᠣᠭᠠᠷ ᠳᠠᠭᠤᠰᠬᠠᠭᠰᠠᠨ ᠦᠭᠡᠢ ᠪᠠᠶᠢᠪᠠᠯ᠂ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠵᠢᠷᠤᠮ ᠢᠶᠠᠷ ᠰᠢᠢᠳᠪᠦᠷᠢᠯᠡᠨ᠎ᠡ᠃ | | ︵ᠬᠤᠶᠠᠷ︶ ᠬᠥᠨᠳᠡᠯᠡᠨ ᠠᠴᠠ ᠲᠠᠰᠤᠯᠬᠤ ᠪᠠᠷ ᠳᠠᠮᠵᠢᠭᠤᠯᠤᠨ ᠰᠢᠢᠳᠪᠦᠷᠢᠯᠡᠬᠦ ᠬᠡᠷᠡᠭᠲᠡᠢ ᠪᠠᠶᠢᠪᠠᠯ᠂ | ᠵᠣᠬᠢᠴᠠᠩᠭᠤᠢ ᠵᠢᠷᠤᠮ ᠳᠤ ᠣᠷᠣᠭᠤᠯᠵᠤ ᠰᠢᠢᠳᠪᠦᠷᠢᠯᠡᠨ᠎ᠡ᠃ | | ︵ᠭᠤᠷᠪᠠ︶ ᠨᠠᠮ ᠤᠨ ᠭᠡᠰᠢᠭᠦᠨ ᠤ ᠭᠤᠮᠣᠳᠠᠯ ᠲᠣᠭᠠᠴᠢᠬᠤ᠂ ᠲᠡᠬᠢᠠ ᠬᠢᠨᠠᠭᠤᠯᠬᠤ ᠪᠠᠷ ᠭᠤᠶᠤᠴᠢᠯᠠᠬᠤ | ᠵᠡᠷᠭᠡ ᠠᠷᠭ᠎ᠠ ᠪᠠᠷ ᠰᠢᠢᠳᠪᠦᠷᠢᠯᠡᠵᠦ ᠪᠣᠯᠬᠤ ᠶᠢ ᠨᠢ ᠵᠣᠬᠢᠴᠠᠩᠭᠤᠢ ᠵᠢᠷᠤᠮ ᠳᠤ ᠣᠷᠣᠭᠤᠯᠵᠤ ᠰᠢᠢᠳᠪᠦᠷᠢᠯᠡᠨ᠎ᠡ᠃ | | ︵ᠳᠥᠷᠪᠡ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠲᠠᠰᠤᠯᠤᠯᠲᠠ ᠬᠢᠬᠦ᠂ ᠵᠠᠰᠠᠭ | ᠵᠠᠬᠢᠷᠭᠠᠨ ᠤ ᠨᠤᠲᠠᠯᠠᠯᠲᠠ ᠬᠢᠬᠦ᠂ ᠵᠠᠰᠠᠭ ᠵᠠᠬᠢᠷᠭᠠᠨ ᠤ ᠵᠥᠪᠰᠢᠶᠡᠷᠡᠯ ᠥᠭᠬᠦ᠂ ᠵᠠᠰᠠᠭ ᠵᠠᠬᠢᠷᠭᠠᠨ ᠤ ᠰᠢᠢᠳᠬᠡᠯ ᠥᠭᠬᠦ | ᠵᠡᠷᠭᠡ ᠵᠠᠰᠠᠭ ᠵᠠᠬᠢᠷᠭᠠᠨ ᠤ ᠲᠠᠰ ᠳᠠᠷᠠᠭᠠᠯᠠᠯ ᠢᠶᠠᠷ ᠳᠠᠮᠵᠢᠭᠤᠯᠤᠨ ᠰᠢᠢᠳᠪᠦᠷᠢᠯᠡᠵᠦ ᠪᠣᠯᠬᠤ ᠶᠢ ᠨᠢ ᠵᠣᠬᠢᠴᠠᠩᠭᠤᠢ ᠲᠠᠰ | ᠳᠠᠷᠠᠭᠠᠯᠠᠯ ᠳᠤ ᠣᠷᠣᠭᠤᠯᠤᠨ ᠰᠢᠢᠳᠪᠦᠷᠢᠯᠡᠨ᠎ᠡ᠃ | | ︵ᠲᠠᠪᠤ︶ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠦᠯᠬᠦ ᠪᠠᠷ ᠭᠤᠶᠤᠴᠢᠯᠠᠬᠤ᠂ | ᠬᠥᠮᠥᠨ ᠤ ᠪᠡᠶ᠎ᠡ ᠶᠢᠨ ᠡᠷᠬᠡ ᠪᠤᠶᠤ ᠡᠳ᠋ ᠬᠥᠷᠥᠩᠭᠡ ᠶᠢᠨ ᠡᠷᠬᠡ ᠶᠢ ᠬᠠᠮᠠᠭᠠᠯᠠᠬᠤ ᠵᠡᠷᠭᠡ ᠬᠠᠤᠯᠢ ᠶᠣᠰᠣᠨ ᠤ ᠡᠷᠬᠡ | ᠠᠰᠢᠭ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠭᠦᠯᠬᠦ ᠪᠠᠷ ᠭᠤᠶᠤᠴᠢᠯᠠᠬᠤ ᠳᠤ ᠬᠦᠷᠪᠡᠯ᠂ ᠬᠠᠤᠯᠢ ᠶᠣᠰᠣᠭᠠᠷ | ᠭᠦᠢᠴᠡᠳᠬᠡᠬᠦ ᠪᠤᠶᠤ ᠬᠠᠷᠢᠭᠤᠯᠲᠠ ᠥᠭᠭᠦᠨ᠎ᠡ᠃ | | ︵ᠵᠢᠷᠭᠤᠭ᠎ᠠ︶ ᠳᠡᠭᠡᠷᠡᠬᠢ ᠪᠠᠶᠢᠳᠠᠯ ᠳᠤ ᠲᠣᠭᠠᠴᠠᠭᠳᠠᠬᠤ ᠦᠭᠡᠢ ᠪᠣᠯ᠂ ᠵᠠᠬᠢᠳᠠᠯ ᠰᠣᠷᠪᠤᠯᠵᠢᠯᠠᠭ᠎ᠠ | ᠬᠢᠭᠰᠡᠳ ᠤᠨ ᠪᠣᠳᠠᠲᠤ ᠶᠠᠪᠤᠳᠠᠯ ᠪᠠ ᠤᠴᠢᠷ ᠰᠢᠯᠲᠠᠭᠠᠨ ᠢᠶᠠᠨ ᠲᠣᠭᠠᠴᠢᠬᠤ ᠶᠢ ᠰᠣᠨᠣᠰᠬᠤ ᠬᠡᠷᠡᠭᠲᠡᠢ ᠪᠥᠭᠡᠳ | ᠪᠠᠶᠢᠴᠠᠭᠠᠨ ᠬᠢᠨᠠᠨ ᠬᠠᠷᠭᠤᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠭᠰᠡᠨ ᠰᠠᠨᠠᠯ ᠤᠨ ᠪᠢᠴᠢᠭ ᠭᠠᠷᠭᠠᠵᠤ | ᠥᠭᠬᠦ ᠬᠡᠷᠡᠭᠲᠡᠢ᠃ ᠴᠢᠬᠤᠯᠠ ᠶᠡᠭᠡ᠂ ᠨᠠᠷᠢᠨ ᠪᠤᠳᠤᠯᠢᠶᠠᠨᠲᠠᠢ᠂ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ | ᠵᠦᠢᠯᠡᠰ ᠲᠤ ᠭᠡᠷᠡᠴᠢᠯᠡᠭᠡ ᠰᠣᠨᠣᠰᠴᠤ ᠪᠣᠯᠣᠨ᠎ᠠ᠃ | | ᠳᠥᠷᠪᠡᠳᠦᠭᠡᠷ ᠵᠦᠢᠯ ᠪᠠᠶᠢᠭᠤᠯᠭ᠎ᠠ᠂ ᠨᠢᠭᠡᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ | ᠪᠠᠶᠢᠭᠤᠯᠤᠮᠵᠢ ᠶᠢᠨ ᠰᠢᠯᠵᠢᠭᠦᠯᠦᠨ ᠬᠦᠷᠭᠡᠭᠰᠡᠨ᠂ ᠲᠤᠰᠢᠶᠠᠨ ᠰᠢᠢᠳᠪᠦᠷᠢᠯᠡᠭᠦᠯᠦᠭᠰᠡᠨ ᠪᠤᠶᠤ ᠵᠠᠬᠢᠳᠠᠯ ᠰᠣᠷᠪᠤᠯᠵᠢᠯᠠᠭ᠎ᠠ | ᠬᠢᠭᠰᠡᠳ ᠤᠨ ᠰᠢᠭᠤᠳ ᠳᠤᠷᠠᠳᠤᠭᠰᠠᠨ ᠭᠤᠮᠣᠳᠠᠯ ᠲᠣᠭᠠᠴᠢᠯᠲᠠ ᠶᠢᠨ ᠰᠢᠢᠳᠪᠦᠷᠢᠯᠡᠭᠦᠯᠬᠦ ᠪᠠᠷ ᠭᠤᠶᠤᠴᠢᠯᠠᠬᠤ | ᠲᠥᠷᠥᠯ ᠤᠨ ᠵᠦᠢᠯᠡᠰ ᠢ ᠬᠦᠯᠢᠶᠡᠨ ᠠᠪᠤᠭᠰᠠᠨ᠂ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠨᠢᠭᠡᠳᠦᠭᠡᠷ | ᠵᠤᠷᠪᠤᠰ᠂ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ | ᠲᠣᠭᠲᠠᠭᠠᠭᠰᠠᠨ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠢ ᠭᠡᠵᠦ ᠦᠵᠡᠪᠡᠯ᠂ ᠲᠤᠰ ᠪᠠᠶᠢᠭᠤᠯᠭ᠎ᠠ᠂ ᠨᠢᠭᠡᠴᠢ ᠶᠢᠨ | ᠲᠤᠰ ᠬᠡᠷᠡᠭ ᠶᠠᠪᠤᠳᠠᠯ ᠢ ᠰᠢᠢᠳᠪᠦᠷᠢᠯᠡᠬᠦ ᠬᠠᠷᠢᠭᠤᠴᠠᠯᠭ᠎ᠠ ᠲᠠᠢ ᠰᠠᠯᠠᠭ᠎ᠠ ᠮᠥᠴᠢᠷ ︵ᠳᠣᠷᠣᠭᠰᠢ ᠬᠠᠷᠢᠭᠤᠴᠠᠯᠭᠠᠲᠤ | ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠲᠠᠢ ᠵᠥᠪᠳᠡᠯᠴᠡᠵᠦ᠂ ᠰᠢᠢᠳᠪᠦᠷᠢᠯᠡᠬᠦ ᠠᠷᠭ᠎ᠠ ᠵᠠᠮ ᠪᠠ ᠵᠢᠷᠤᠮ ᠢ | ᠲᠣᠭᠲᠠᠭᠠᠬᠤ ᠬᠡᠷᠡᠭᠲᠡᠢ᠃ | | ᠰᠢᠢᠳᠪᠦᠷᠢᠯᠡᠬᠦ ᠡᠷᠬᠡ ᠪᠦᠬᠦᠢ ᠪᠠᠶᠢᠭᠤᠯᠭ᠎ᠠ᠂ ᠨᠢᠭᠡᠴᠢ ᠳᠣᠣᠷᠠᠬᠢ ᠠᠭᠤᠯᠭ᠎ᠠ ᠶᠢ ᠪᠠᠭᠲᠠᠭᠠᠭᠰᠠᠨ ᠮᠡᠳᠡᠭᠳᠡᠬᠦ | ᠪᠢᠴᠢᠭ ᠵᠣᠬᠢᠶᠠᠵᠤ᠂ ᠪᠠᠶᠢᠭᠤᠯᠭ᠎ᠠ ᠶᠢᠨ ᠲᠠᠮᠠᠭ᠎ᠠ ᠪᠤᠶᠤ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠳᠤ ᠲᠤᠰᠬᠠᠢ | ᠬᠡᠷᠡᠭᠯᠡᠬᠦ ᠲᠠᠮᠠᠭ᠎ᠠ ᠶᠢ ᠳᠠᠷᠤᠵᠤ᠂ ᠵᠠᠬᠢᠳᠠᠯ ᠰᠣᠷᠪᠤᠯᠵᠢᠯᠠᠭ᠎ᠠ ᠬᠢᠭᠰᠡᠳ ᠲᠤ ᠮᠡᠳᠡᠭᠳᠡᠬᠦ ᠬᠡᠷᠡᠭᠲᠡᠢ᠄ | | ︵ᠨᠢᠭᠡ︶ ᠬᠡᠷᠡᠭᠯᠡᠬᠦ ᠪᠠᠷ ᠪᠠᠶᠢᠭ᠎ᠠ ᠠᠷᠭ᠎ᠠ ᠵᠠᠮ ᠵᠢᠴᠢ ᠦᠨᠳᠦᠰᠦᠯᠡᠯ᠃ | | ︵ᠬᠤᠶᠠᠷ︶ ᠪᠠᠶᠢᠴᠠᠭᠠᠨ ᠯᠠᠪᠯᠠᠬᠤ ᠪᠤᠶᠤ ᠬᠠᠷᠢᠯᠴᠠᠬᠤ ᠠᠷᠭ᠎ᠠ ᠮᠠᠶ᠋ᠢᠭ᠃ | | ︵ᠭᠤᠷᠪᠠ︶ ᠮᠡᠳᠡᠭᠳᠡᠬᠦ ᠴᠢᠬᠤᠯᠠᠲᠠᠢ ᠪᠤᠰᠤᠳ ᠠᠭᠤᠯᠭ᠎ᠠ᠃ | | ᠳᠡᠭᠡᠷᠡᠬᠢ ᠠᠭᠤᠯᠭ᠎ᠠ ᠶᠢ ᠮᠡᠳᠡᠭᠳᠡᠬᠦ ᠠᠴᠠ ᠭᠠᠳᠠᠨ᠎ᠠ᠂ ᠭᠤᠶᠤᠴᠢᠯᠠᠯ ᠢ ᠦᠨᠳᠦᠰᠦᠯᠡᠨ ᠡᠬᠢᠯᠡᠭᠦᠯᠬᠦ | ᠴᠢᠬᠤᠯᠠᠲᠠᠢ ᠪᠠᠶᠢᠪᠠᠯ᠂ ᠭᠤᠶᠤᠴᠢᠯᠠᠯ ᠳᠤ ᠬᠠᠩᠭᠠᠬᠤ ᠴᠢᠬᠤᠯᠠᠲᠠᠢ ᠬᠤᠯᠪᠣᠭᠳᠠᠯ ᠪᠦᠬᠦᠢ ᠮᠠᠲ᠋ᠧᠷᠢᠶᠠᠯ ᠢ ᠪᠠᠰᠠ | ᠲᠡᠭᠦᠨ ᠳᠤ ᠮᠡᠳᠡᠭᠳᠡᠬᠦ ᠬᠡᠷᠡᠭᠲᠡᠢ᠃ | | ᠬᠠᠤᠯᠢ ᠴᠠᠭᠠᠵᠠ ᠬᠠᠤᠯᠢ ᠲᠣᠭᠲᠠᠭᠠᠯ ᠳᠤ ᠬᠦᠯᠢᠶᠡᠨ ᠠᠪᠴᠤ ᠰᠢᠢᠳᠪᠦᠷᠢᠯᠡᠬᠦ ᠴᠠᠭ ᠪᠠ ᠮᠡᠳᠡᠭᠳᠡᠬᠦ ᠬᠡᠯᠪᠡᠷᠢ᠂ | ᠠᠭᠤᠯᠭ᠎ᠠ ᠶᠢᠨ ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠤᠭᠲᠠᠭᠠᠯ ᠢ ᠵᠢᠷᠤᠮᠯᠠᠨ᠎ᠠ᠃ | | ᠲᠠᠪᠤᠳᠤᠭᠠᠷ ᠵᠦᠢᠯ ᠰᠢᠢᠳᠪᠦᠷᠢᠯᠡᠬᠦ ᠡᠷᠬᠡ ᠪᠦᠬᠦᠢ ᠪᠠᠶᠢᠭᠤᠯᠭ᠎ᠠ᠂ ᠨᠢᠭᠡᠴᠢ ᠭᠤᠷᠪᠠᠳᠤᠭᠠᠷ ᠵᠦᠢᠯ ᠤᠨ | ᠬᠤᠶᠠᠳᠤᠭᠠᠷ ᠪᠠᠳᠠᠭ ᠤᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠬᠡᠷᠡᠭᠲᠡᠢ | ᠭᠡᠵᠦ ᠦᠵᠡᠪᠡᠯ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ | ᠪᠢᠴᠢᠭ ᠭᠠᠷᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠤᠨ ᠲᠤᠰᠬᠠᠢ ᠲᠠᠮᠠᠭ᠎ᠠ ᠶᠢ ᠳᠠᠷᠤᠵᠤ | ᠵᠠᠬᠢᠳᠠᠯ ᠰᠣᠷᠪᠤᠯᠵᠢᠯᠠᠭ᠎ᠠ ᠬᠢᠭᠰᠡᠳ ᠲᠤ ᠬᠦᠷᠭᠡᠬᠦ ᠬᠡᠷᠡᠭᠲᠡᠢ᠃ | | ᠵᠢᠷᠭᠤᠳᠤᠭᠠᠷ ᠵᠦᠢᠯ ᠰᠢᠢᠳᠪᠦᠷᠢᠯᠡᠬᠦ ᠡᠷᠬᠡ ᠪᠦᠬᠦᠢ ᠪᠠᠶᠢᠭᠤᠯᠭ᠎ᠠ᠂ ᠨᠢᠭᠡᠴᠢ ᠶᠢᠨ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ ᠪᠠᠶᠢᠭᠤᠯᠤᠮᠵᠢ ᠨᠢ ᠲᠤᠰ ᠪᠠᠶᠢᠭᠤᠯᠭ᠎ᠠ᠂ ᠨᠢᠭᠡᠴᠢ ᠶᠢᠨ | ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠵᠥᠪᠳᠡᠯᠴᠡᠭᠡᠳ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ | ᠱᠠᠭᠠᠷᠳᠠᠯᠭ᠎ᠠ ᠶᠢ ᠲᠥᠷᠥᠯ ᠬᠤᠪᠢᠶᠠᠨ ᠰᠢᠢᠳᠪᠦᠷᠢᠯᠡᠬᠦ ᠲᠤᠬᠠᠢ ᠰᠠᠨᠠᠯ ᠨᠢᠭᠡᠳᠴᠦ ᠴᠢᠳᠠᠬᠤ ᠦᠭᠡᠢ ᠪᠣᠯ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ ᠪᠠᠶᠢᠭᠤᠯᠤᠮᠵᠢ ᠠᠴᠠ ᠲᠤᠰ ᠪᠠᠶᠢᠭᠤᠯᠭ᠎ᠠ᠂ ᠨᠢᠭᠡᠴᠢ ᠶᠢᠨ ᠬᠠᠤᠯᠢ | ᠳᠦᠷᠢᠮ ᠤᠨ ᠠᠵᠢᠯ ᠢ ᠬᠠᠷᠢᠭᠤᠴᠠᠬᠤ ᠰᠠᠯᠠᠭ᠎ᠠ ᠮᠥᠴᠢᠷ ᠲᠠᠢ ᠬᠠᠮᠲᠤᠷᠠᠨ ᠰᠢᠢᠳᠪᠦᠷᠢᠯᠡᠬᠦ ᠰᠠᠨᠠᠯ ᠳᠤᠷᠠᠳᠤᠭᠰᠠᠨ ᠤ | ᠳᠠᠷᠠᠭ᠎ᠠ ᠲᠤᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠳᠤ ᠮᠡᠳᠡᠭᠦᠯᠵᠦ ᠲᠣᠭᠲᠠᠭᠠᠯᠭᠠᠨ᠎ᠠ᠃ | | ᠳᠣᠯᠣᠳᠤᠭᠠᠷ ᠵᠦᠢᠯ ᠬᠤᠶᠠᠷ ᠪᠤᠶᠤ ᠬᠤᠶᠠᠷ ᠠᠴᠠ ᠳᠡᠭᠡᠭᠰᠢ ᠪᠠᠶᠢᠭᠤᠯᠭ᠎ᠠ᠂ ᠨᠢᠭᠡᠴᠢ ᠳᠤ ᠬᠤᠯᠪᠣᠭᠳᠠᠬᠤ | ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠭᠤᠤᠯ ᠴᠤᠭᠴᠠ ᠶᠢ ︽ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠬᠤᠷᠢᠨ ᠳᠥᠷᠪᠡᠳᠦᠭᠡᠷ ᠵᠦᠢᠯ ᠤᠨ ᠶᠣᠰᠣᠭᠠᠷ ᠲᠣᠭᠲᠠᠭᠠᠨ᠎ᠠ᠃ | | | ᠨᠠᠢᠮᠠᠳᠤᠭᠠᠷ ᠵᠦᠢᠯ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ᠂ ᠨᠢᠭᠡᠴᠢ ᠵᠢᠴᠢ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠨᠡᠶᠢᠭᠡᠮ ᠤᠨ ᠬᠦᠴᠦᠨ ᠤ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠳᠤ ᠣᠷᠣᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ | ᠴᠠᠭᠠᠵᠠ ᠶᠢᠨ ᠵᠥᠪᠯᠡᠭᠴᠢ ᠪᠠ ᠬᠠᠤᠯᠢᠴᠢ ᠶᠢᠨ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠤᠨ | ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ | | ᠶᠢᠰᠦᠳᠦᠭᠡᠷ ᠵᠦᠢᠯ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠨᠢᠭᠡᠳᠦᠭᠡᠷ ᠵᠤᠷᠪᠤᠰ᠂ | ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ | ᠲᠣᠭᠲᠠᠭᠠᠭᠰᠠᠨ ᠠᠷᠭ᠎ᠠ ᠮᠠᠶ᠋ᠢᠭ ᠢ ᠬᠡᠷᠡᠭᠯᠡᠨ ᠰᠢᠢᠳᠪᠦᠷᠢᠯᠡᠬᠦ ᠭᠤᠮᠣᠳᠠᠯ ᠲᠣᠭᠠᠴᠢᠵᠤ ᠰᠢᠢᠳᠪᠦᠷᠢᠯᠡᠭᠦᠯᠬᠦ ᠪᠠᠷ | ᠭᠤᠶᠤᠴᠢᠯᠠᠬᠤ ᠲᠦᠷᠦᠯ ᠤᠨ ᠵᠦᠢᠯᠡᠰ ᠢ ᠰᠢᠢᠳᠪᠦᠷᠢᠯᠡᠬᠦ ᠪᠠᠶᠢᠭᠤᠯᠭ᠎ᠠ᠂ ᠨᠢᠭᠡᠴᠢ ᠵᠣᠬᠢᠴᠠᠩᠭᠤᠢ ᠲᠣᠭᠲᠠᠭᠠᠯ ᠵᠢᠴᠢ | ᠵᠢᠷᠤᠮ ᠢ ᠦᠨᠳᠦᠰᠦᠯᠡᠨ ᠰᠢᠢᠳᠪᠦᠷᠢᠯᠡᠬᠦ ᠡᠷᠬᠡ ᠲᠠᠢ ᠪᠥᠭᠡᠳ ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠬᠢᠳᠠᠯ | ᠰᠣᠷᠪᠤᠯᠵᠢᠯᠠᠭ᠎ᠠ ᠬᠢᠭᠰᠡᠳ ᠲᠤ ᠮᠡᠳᠡᠭᠳᠡᠬᠦ ᠬᠡᠷᠡᠭᠲᠡᠢ᠃ | | ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠠᠪᠤᠳᠤᠭᠠᠷ ᠵᠤᠷᠪᠤᠰ ᠤᠨ ᠲᠣᠭᠲᠠᠭᠠᠯ ᠤᠨ ᠠᠷᠭ᠎ᠠ | ᠮᠠᠶ᠋ᠢᠭ ᠢ ᠬᠡᠷᠡᠭᠯᠡᠨ ᠰᠢᠢᠳᠪᠦᠷᠢᠯᠡᠨ᠎ᠡ᠂ ᠭᠡᠪᠡᠴᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ | ᠪᠣᠳᠠᠲᠠᠢ ᠬᠤᠭᠤᠴᠠᠭ᠎ᠠ ᠶᠢᠨ ᠲᠣᠭᠲᠠᠭᠠᠯ ᠦᠭᠡᠢ ᠪᠠᠶᠢᠪᠠᠯ᠂ ᠭᠤᠶᠤᠴᠢᠯᠠᠯ ᠢ ᠣᠯᠣᠭᠰᠠᠨ ᠡᠳᠦᠷ ᠠᠴᠠ ᠡᠬᠢᠯᠡᠨ | ᠬᠤᠶᠠᠷ ᠰᠠᠷ᠎ᠠ ᠶᠢᠨ ᠳᠣᠲᠣᠷ᠎ᠠ ᠭᠦᠢᠴᠡᠳᠬᠡᠬᠦ ᠪᠤᠶᠤ ᠬᠠᠷᠢᠭᠤᠯᠲᠠ ᠥᠭᠬᠦ ᠬᠡᠷᠡᠭᠲᠡᠢ᠃ | | ᠬᠡᠯᠪᠡᠷᠢ ᠶᠢᠨ ᠴᠢᠬᠤᠯᠠ ᠨᠥᠬᠦᠴᠡᠯ ᠢᠶᠠᠷ ᠳᠤᠲᠠᠮᠠᠭ ᠪᠠᠶᠢᠬᠤ ᠭᠤᠮᠣᠳᠠᠯ ᠱᠠᠭᠠᠷᠳᠠᠯᠭ᠎ᠠ ᠶᠢ ᠪᠠᠶᠢᠳᠠᠯ ᠢ | ᠦᠨᠳᠦᠰᠦᠯᠡᠨ ᠲᠤᠰ ᠭᠤᠮᠣᠳᠠᠯ ᠱᠠᠭᠠᠷᠳᠠᠯᠭ᠎ᠠ ᠶᠢ ᠳᠤᠷᠠᠳᠤᠭᠰᠠᠨ ᠠᠷᠠᠳ ᠢᠷᠭᠡᠨ᠂ ᠬᠠᠤᠯᠢ ᠶᠢᠨ ᠬᠥᠮᠥᠨ ᠪᠤᠶᠤ | ᠪᠤᠰᠤᠳ ᠵᠣᠬᠢᠶᠠᠨ ᠪᠠᠶᠢᠭᠤᠯᠤᠯᠲᠠ ᠪᠠᠷ ᠨᠥᠬᠦᠪᠦᠷᠢᠯᠡᠭᠦᠯᠬᠦ ᠪᠠᠷ ᠱᠠᠭᠠᠷᠳᠠᠵᠤ ᠪᠣᠯᠣᠨ᠎ᠠ᠃ | | ᠪᠠᠶᠢᠭᠤᠯᠭ᠎ᠠ᠂ ᠨᠢᠭᠡᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠷᠢᠭᠤᠴᠠᠬᠤ ᠡᠷᠬᠡ ᠪᠦᠬᠦᠢ | ᠪᠠᠶᠢᠭᠤᠯᠤᠮᠵᠢ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ | ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ ᠲᠣᠭᠲᠠᠭᠠᠭᠰᠠᠨ ᠠᠷᠭ᠎ᠠ ᠮᠠᠶ᠋ᠢᠭ ᠢ | ᠬᠡᠷᠡᠭᠯᠡᠨ ᠰᠢᠢᠳᠪᠦᠷᠢᠯᠡᠭᠰᠡᠨ ᠵᠦᠢᠯᠡᠰ ᠢ ᠰᠢᠢᠳᠪᠦᠷᠢᠯᠡᠭᠰᠡᠨ ᠠᠬᠢᠴᠠ ᠶᠢ ᠮᠥᠷᠳᠡᠬᠦ ᠪᠥᠭᠡᠳ ᠰᠢᠢᠳᠪᠦᠷᠢᠯᠡᠭᠰᠡᠨ | ᠦᠷ᠎ᠡ ᠳ᠋ᠦᠩ ᠢᠶᠠᠨ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠪᠢᠴᠢᠵᠦ | ᠣᠷᠣᠭᠤᠯᠬᠤ ᠬᠡᠷᠡᠭᠲᠡᠢ᠃ | | ᠠᠷᠪᠠᠳᠤᠭᠠᠷ ᠵᠦᠢᠯ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠵᠢᠷᠭᠤᠳᠤᠭᠠᠷ ᠵᠤᠷᠪᠤᠰ ᠲᠤ | ᠲᠣᠭᠲᠠᠭᠠᠭᠰᠠᠨ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠳᠤ ᠬᠦᠷᠪᠡᠯ᠂ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ᠂ | ᠨᠢᠭᠡᠴᠢ ᠰᠤᠷᠭᠠᠨ ᠬᠥᠮᠥᠵᠢᠭᠦᠯᠬᠦ᠂ ᠵᠥᠪᠳᠡᠯᠴᠡᠬᠦ᠂ ᠭᠡᠷᠡᠴᠢᠯᠡᠭᠡ ᠰᠣᠨᠣᠰᠬᠤ ᠵᠡᠷᠭᠡ ᠠᠷᠭ᠎ᠠ ᠪᠠᠷ ᠴᠠᠭ ᠲᠤᠬᠠᠢ ᠳᠤᠨᠢ | ᠲᠣᠬᠢᠲᠠᠢ ᠰᠢᠢᠳᠪᠦᠷᠢᠯᠡᠵᠦ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠳᠤ ᠲᠣᠭᠲᠠᠭᠠᠭᠰᠠᠨ ᠴᠠᠭ | ᠬᠤᠭᠤᠴᠠᠭ᠎ᠠ᠂ ᠵᠢᠷᠤᠮ ᠤᠨ ᠶᠣᠰᠣᠭᠠᠷ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠭᠰᠡᠨ ᠰᠠᠨᠠᠯ ᠤᠨ ᠪᠢᠴᠢᠭ ᠬᠢᠵᠦ᠂ | ᠵᠠᠬᠢᠳᠠᠯ ᠰᠣᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠤᠨ ᠲᠤᠰᠬᠠᠢ ᠲᠠᠮᠠᠭ᠎ᠠ ᠶᠢ ᠳᠠᠷᠤᠬᠤ ᠪᠥᠭᠡᠳ ᠵᠠᠬᠢᠳᠠᠯ | ᠰᠣᠷᠪᠤᠯᠵᠢᠯᠠᠭ᠎ᠠ ᠬᠢᠭᠰᠡᠳ ᠲᠤ ᠬᠦᠷᠭᠡᠵᠦ ᠪᠣᠯᠣᠨ᠎ᠠ᠃ | | ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠭᠰᠡᠨ ᠰᠠᠨᠠᠯ ᠤᠨ ᠪᠢᠴᠢᠭ ᠵᠢᠴᠢ ᠬᠤᠯᠪᠣᠭᠳᠠᠯ ᠪᠦᠬᠦᠢ | ᠮᠠᠲ᠋ᠧᠷᠢᠶᠠᠯ ᠢ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠪᠢᠴᠢᠵᠦ | ᠣᠷᠣᠭᠤᠯᠬᠤ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠭᠤᠮᠣᠳᠠᠯ ᠲᠣᠭᠠᠴᠢᠵᠤ | ᠰᠢᠢᠳᠪᠦᠷᠢᠯᠡᠭᠦᠯᠬᠦ ᠪᠠᠷ ᠭᠤᠶᠤᠴᠢᠯᠠᠬᠤ ᠲᠦᠷᠦᠯ ᠤᠨ ᠤᠴᠢᠷ ᠶᠠᠪᠤᠳᠠᠯ ᠢ ᠰᠢᠢᠳᠪᠦᠷᠢᠯᠡᠬᠦ ᠶᠠᠪᠤᠴᠠ ᠳᠤ᠂ ᠬᠠᠤᠯᠢ | ᠴᠠᠭᠠᠵᠠ ᠬᠠᠤᠯᠢ ᠲᠣᠭᠲᠠᠭᠠᠯ ᠤᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠢ ᠵᠥᠷᠢᠴᠡᠬᠦ ᠦᠭᠡᠢ ᠪᠠᠶᠢᠳᠠᠯ ᠤᠨ | ᠳᠣᠣᠷ᠎ᠠ᠂ ᠲᠠᠰᠤᠯᠤᠯᠲᠠ ᠶᠢᠨ ᠡᠷᠬᠡ ᠶᠢᠨ ᠬᠡᠪᠴᠢᠶᠡᠨ ᠳᠣᠲᠣᠷ᠎ᠠ᠂ ᠮᠠᠷᠭᠤᠯᠳᠤᠭᠰᠠᠨ ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠢᠶᠠᠷ ᠵᠥᠪᠰᠢᠶᠡᠷᠡᠭᠦᠯᠦᠭᠡᠳ ᠡᠶᠡᠳᠡᠭᠦᠯᠵᠦ ᠪᠣᠯᠣᠨ᠎ᠠ᠃ ᠮᠠᠷᠭᠤᠯᠳᠤᠭᠠᠨ ᠤ ᠬᠤᠶᠠᠷ ᠲᠠᠯ᠎ᠠ ᠶᠢᠨ | ᠲᠤᠬᠠᠢ ᠶᠢᠨ ᠬᠥᠮᠥᠨ ᠤ ᠰᠠᠶᠢᠨᠡᠶᠡᠳᠡᠭᠦᠯᠬᠦ᠂ ᠡᠶᠡᠳᠡᠬᠦ ᠪᠠᠷ ᠳᠠᠮᠵᠢᠭᠠᠳ ᠰᠠᠨᠠᠯ ᠨᠢᠭᠡᠳᠦᠭᠰᠡᠨ ᠪᠠᠶᠢᠪᠠᠯ᠂ | ᠡᠶᠡᠳᠡᠭᠦᠯᠭᠡ ᠶᠢᠨ ᠬᠡᠯᠡᠯᠴᠡᠭᠡᠷ ᠤᠨ ᠪᠢᠴᠢᠭ ᠪᠤᠶᠤ ᠡᠶᠡᠳᠡᠬᠦ ᠬᠡᠯᠡᠯᠴᠡᠭᠡᠷ ᠤᠨ ᠪᠢᠴᠢᠭ ᠵᠣᠬᠢᠶᠠᠬᠤ ᠬᠡᠷᠡᠭᠲᠡᠢ᠃ | | ᠠᠷᠪᠠᠨ ᠬᠤᠶᠠᠳᠤᠭᠠᠷ ᠵᠦᠢᠯ ᠵᠠᠬᠢᠳᠠᠯ ᠰᠣᠷᠪᠤᠯᠵᠢᠯᠠᠭ᠎ᠠ ᠶᠢ ᠳᠠᠪᠲᠠᠨ ᠪᠠᠶᠢᠴᠠᠭᠠᠬᠤ ︵ᠳᠠᠬᠢᠨ ᠬᠢᠨᠠᠬᠤ︶ | ᠪᠠᠶᠢᠭᠤᠯᠭ᠎ᠠ᠂ ᠨᠢᠭᠡᠴᠢ ᠵᠠᠬᠢᠳᠠᠯ ᠰᠣᠷᠪᠤᠯᠵᠢᠯᠠᠭ᠎ᠠ ᠶᠢ ᠳᠠᠪᠲᠠᠨ ᠪᠠᠶᠢᠴᠠᠭᠠᠬᠤ ︵ᠳᠠᠬᠢᠨ ᠬᠢᠨᠠᠬᠤ︶ ᠳᠤᠮᠳᠠ᠂ ᠤᠴᠢᠷ | ᠶᠠᠪᠤᠳᠠᠯ ᠢ ᠣᠯᠵᠤ ᠮᠡᠳᠡᠪᠡᠯ ᠪᠤᠰᠤᠳ ᠠᠷᠭ᠎ᠠ ᠵᠠᠮ ᠢ ᠬᠡᠷᠡᠭᠯᠡᠬᠦ ᠶᠣᠰᠣᠲᠠᠢ ᠪᠠᠶᠢᠲᠠᠯ᠎ᠠ ᠬᠡᠷᠡᠭᠯᠡᠭᠰᠡᠨ ᠦᠭᠡᠢ᠂ ᠵᠠᠬᠢᠳᠠᠯ | ᠰᠣᠷᠪᠤᠯᠵᠢᠯᠠᠭ᠎ᠠ ᠶᠢᠨ ᠰᠢᠢᠳᠪᠦᠷᠢᠯᠡᠯᠲᠡ ᠪᠠᠷ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠨᠢᠭᠡᠳᠦᠭᠡᠷ | ᠵᠤᠷᠪᠤᠰ᠂ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ᠂ ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ | ᠲᠣᠭᠲᠠᠭᠠᠭᠰᠠᠨ ᠠᠷᠭ᠎ᠠ ᠮᠠᠶ᠋ᠢᠭ ᠢ ᠣᠷᠣᠯᠠᠭᠤᠯᠵᠤ ᠰᠢᠢᠳᠪᠦᠷᠢᠯᠡᠭᠰᠡᠨ ᠪᠠᠶᠢᠪᠠᠯ᠂ ᠪᠠᠶᠢᠳᠠᠯ ᠢ ᠨᠢ ᠢᠯᠭᠠᠵᠤ᠂ ᠵᠠᠬᠢᠳᠠᠯ | ᠰᠣᠷᠪᠤᠯᠵᠢᠯᠠᠭ᠎ᠠ ᠶᠢ ᠰᠢᠢᠳᠪᠦᠷᠢᠯᠡᠭᠰᠡᠨ ︵ᠳᠠᠪᠲᠠᠨ ᠪᠠᠶᠢᠴᠠᠭᠠᠭᠰᠠᠨ︶ ᠰᠠᠨᠠᠯ ᠢ ᠬᠦᠴᠦᠨ ᠦᠭᠡᠢ ᠪᠣᠯᠭᠠᠵᠤ᠂ | ᠤᠤᠯ ᠤᠨ ᠰᠢᠢᠳᠪᠦᠷᠢᠯᠡᠭᠰᠡᠨ ᠪᠠᠶᠢᠭᠤᠯᠭ᠎ᠠ᠂ ᠨᠢᠭᠡᠴᠢ ᠳᠤ ᠪᠤᠰᠤᠳ ᠠᠷᠭ᠎ᠠ ᠵᠠᠮ ᠢᠶᠠᠷ ᠲᠠᠬᠢᠨ | ᠰᠢᠢᠳᠪᠦᠷᠢᠯᠡᠭᠦᠯᠬᠦ ᠪᠠᠷ ᠱᠠᠭᠠᠷᠳᠠᠬᠤ ᠪᠤᠶᠤ ᠤᠤᠯ ᠤᠨ ᠰᠢᠢᠳᠪᠦᠷᠢᠯᠡᠭᠰᠡᠨ ︵ᠳᠠᠪᠲᠠᠨ ᠪᠠᠶᠢᠴᠠᠭᠠᠭᠰᠠᠨ︶ ᠰᠠᠨᠠᠯ ᠢ | ᠬᠤᠪᠢᠷᠠᠭᠤᠯᠬᠤ ᠬᠡᠷᠡᠭᠲᠡᠢ᠃ | | ᠠᠷᠪᠠᠨ ᠭᠤᠷᠪᠠᠳᠤᠭᠠᠷ ᠵᠦᠢᠯ ᠰᠢᠢᠳᠪᠦᠷᠢᠯᠡᠬᠦ ᠡᠷᠬᠡ ᠪᠦᠬᠦᠢ ᠪᠠᠶᠢᠭᠤᠯᠭ᠎ᠠ᠂ ᠨᠢᠭᠡᠴᠢ ᠶᠢᠨ ᠭᠤᠷᠪᠠᠳᠤᠭᠠᠷ | ᠵᠦᠢᠯ ᠤᠨ ᠬᠤᠶᠠᠳᠤᠭᠠᠷ ᠪᠠᠳᠠᠭ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ᠂ | ᠳᠥᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠠᠶᠢᠭ᠎ᠠ | ᠵᠦᠢᠯᠡᠰ ᠢ ᠵᠠᠬᠢᠳᠠᠯ ᠰᠣᠷᠪᠤᠯᠵᠢᠯᠠᠭ᠎ᠠ ᠬᠢᠭᠰᠡᠳ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢᠶᠠᠷ ᠳᠠᠬᠢᠨ | ᠲᠤᠰᠬᠠᠭᠰᠠᠨ ᠪᠠᠶᠢᠪᠠᠯ᠂ ᠳᠠᠷᠠᠭᠠᠬᠢ ᠨᠥᠬᠦᠴᠡᠯ ᠪᠠᠶᠢᠳᠠᠯ ᠢ ᠢᠯᠭᠠᠵᠤ ᠵᠣᠬᠢᠴᠠᠩᠭᠤᠢ ᠪᠠᠷ ᠰᠢᠢᠳᠪᠦᠷᠢᠯᠡᠨ᠎ᠡ᠄ | | ︵ᠨᠢᠭᠡ︶ ᠠᠳᠠᠯᠢ ᠨᠢᠭᠡᠨ ᠪᠣᠳᠠᠲᠤ ᠬᠡᠷᠡᠭ ᠪᠠ ᠤᠴᠢᠷ ᠰᠢᠯᠲᠠᠭᠠᠨ ᠢᠶᠠᠷ ᠠᠳᠠᠯᠢ ᠨᠢᠭᠡᠨ ᠭᠤᠮᠣᠳᠠᠯ | ᠱᠠᠭᠠᠷᠳᠠᠯᠭ᠎ᠠ ᠶᠢ ᠳᠠᠬᠢᠨᠲᠠ ᠳᠤᠷᠠᠳᠤᠭᠰᠠᠨ ᠪᠠᠶᠢᠪᠠᠯ᠂ ᠡᠯ᠎ᠡ ᠱᠠᠲᠤᠨ ᠤ ᠪᠠᠶᠢᠭᠤᠯᠭ᠎ᠠ᠂ ᠨᠢᠭᠡᠴᠢ ᠲᠠᠬᠢᠵᠤ | ᠳᠠᠪᠬᠤᠷᠳᠠᠭᠤᠯᠤᠨ ᠰᠢᠢᠳᠪᠦᠷᠢᠯᠡᠬᠦ ᠦᠭᠡᠢ᠃ | | ︵ᠬᠤᠶᠠᠷ︶ ᠠᠳᠠᠯᠢ ᠨᠢᠭᠡᠨ ᠭᠤᠮᠣᠳᠠᠯ ᠱᠠᠭᠠᠷᠳᠠᠯᠭ᠎ᠠ ᠳᠤ ᠰᠢᠨ᠎ᠡ ᠪᠣᠳᠠᠲᠤ ᠬᠡᠷᠡᠭ ᠪᠠ ᠤᠴᠢᠷ ᠰᠢᠯᠲᠠᠭᠠᠨ | ᠳᠤᠷᠠᠳᠤᠭᠰᠠᠨ ᠪᠠᠶᠢᠪᠠᠯ᠂ ᠰᠢᠢᠳᠪᠦᠷᠢᠯᠡᠬᠦ ᠡᠷᠬᠡ ᠪᠦᠬᠦᠢ ᠪᠠᠶᠢᠭᠤᠯᠭ᠎ᠠ᠂ ᠨᠢᠭᠡᠴᠢ ᠳᠤ ᠲᠤᠰᠢᠶᠠᠨ ᠥᠭᠴᠦ ᠮᠠᠭᠠᠳᠯᠠᠨ | ᠲᠣᠭᠲᠠᠭᠠᠯᠭᠠᠬᠤ ᠬᠡᠷᠡᠭᠲᠡᠢ᠃ ᠰᠢᠢᠳᠪᠦᠷᠢᠯᠡᠬᠦ ᠡᠷᠬᠡ ᠲᠠᠢ ᠪᠠᠶᠢᠭᠤᠯᠭ᠎ᠠ᠂ ᠨᠢᠭᠡᠴᠢ ᠶᠢᠨ ᠰᠢᠨ᠎ᠡ ᠪᠣᠳᠠᠲᠤ ᠬᠡᠷᠡᠭ ᠪᠠ | ᠤᠴᠢᠷ ᠰᠢᠯᠲᠠᠭᠠᠨ ᠳᠤ ᠲᠣᠭᠠᠴᠠᠭᠳᠠᠨ᠎ᠠ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠲᠤᠰ ᠳᠦᠷᠢᠮ ᠤᠨ | ᠳᠥᠷᠪᠡᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠰᠢᠨ᠎ᠡ ᠪᠣᠳᠠᠲᠤ ᠬᠡᠷᠡᠭ ᠪᠠ ᠤᠴᠢᠷ | ᠰᠢᠯᠲᠠᠭᠠᠨ ᠳᠤ ᠲᠣᠭᠠᠴᠠᠭᠳᠠᠬᠤ ᠦᠭᠡᠢ ᠪᠠᠶᠢᠪᠠᠯ᠂ ᠲᠤᠰ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ | ᠶᠣᠰᠣᠭᠠᠷ ᠰᠢᠢᠳᠪᠦᠷᠢᠯᠡᠨ᠎ᠡ᠃ | | ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠠᠷᠭ᠎ᠠ | ᠮᠠᠶ᠋ᠢᠭ ᠢᠶᠠᠷ ᠰᠢᠢᠳᠪᠦᠷᠢᠯᠡᠬᠦ ᠵᠦᠢᠯᠡᠰ ᠢ ᠰᠢᠢᠳᠪᠦᠷᠢᠯᠡᠬᠦ ᠳᠤ ᠵᠠᠬᠢᠳᠠᠯ ᠰᠣᠷᠪᠤᠯᠵᠢᠯᠠᠭ᠎ᠠ ᠬᠢᠭᠰᠡᠳ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠳᠠᠬᠢᠨ ᠳᠠᠪᠲᠠᠨ ᠳᠤᠷᠠᠳᠤᠭᠰᠠᠨ ᠪᠠᠶᠢᠪᠠᠯ᠂ ︽ᠵᠠᠬᠢᠳᠠᠯ ᠰᠣᠷᠪᠤᠯᠵᠢᠯᠠᠭ᠎ᠠ ᠶᠢᠨ | ᠠᠵᠢᠯ ᠤᠨ ᠳᠦᠷᠢᠮ︾ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | | ᠠᠷᠪᠠᠨ ᠳᠥᠷᠪᠡᠳᠦᠭᠡᠷ ᠵᠦᠢᠯ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ | ᠰᠠᠯᠠᠭ᠎ᠠ ᠮᠥᠴᠢᠷ ᠲᠤᠰ ᠱᠠᠲᠤᠨ ᠤ ᠪᠤᠶᠤ ᠳᠣᠣᠷ᠎ᠠ ᠱᠠᠲᠤᠨ ᠤ ᠪᠠᠶᠢᠭᠤᠯᠭ᠎ᠠ᠂ ᠨᠢᠭᠡᠴᠢ ᠵᠢᠴᠢ ᠲᠡᠭᠦᠨ ᠤ ᠠᠵᠢᠯ ᠤᠨ | ᠰᠠᠯᠠᠭ᠎ᠠ ᠮᠥᠴᠢᠷ᠂ ᠠᠵᠢᠯᠲᠠᠨ ᠤ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠤᠨ ᠳᠤᠮᠳᠠ ᠳᠣᠣᠷᠠᠬᠢ ᠮᠡᠲᠦ | ᠪᠠᠶᠢᠳᠠᠯ ᠪᠠᠶᠢᠬᠤ ᠶᠢ ᠣᠯᠵᠤ ᠮᠡᠳᠡᠪᠡᠯ᠂ ᠰᠢᠪᠠᠳᠠᠨ ᠰᠢᠢᠳᠪᠦᠷᠢᠯᠡᠭᠦᠯᠬᠦ ᠪᠥᠭᠡᠳ ᠠᠵᠢᠯ ᠢᠶᠠᠨ ᠰᠠᠶᠢᠵᠢᠷᠠᠭᠤᠯᠬᠤ | ᠰᠠᠨᠠᠭᠤᠯᠭ᠎ᠠ ᠳᠤᠷᠠᠳᠬᠤ ᠬᠡᠷᠡᠭᠲᠡᠢ᠄ | | ︵ᠨᠢᠭᠡ︶ ᠮᠡᠳᠡᠭᠳᠡᠬᠦ ᠶᠣᠰᠣᠲᠠᠢ ᠪᠠᠶᠢᠲᠠᠯ᠎ᠠ ᠦᠯᠦ ᠮᠡᠳᠡᠭᠳᠡᠭᠰᠡᠨ᠃ | | ︵ᠬᠤᠶᠠᠷ︶ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠲᠦᠷᠦᠯ ᠬᠤᠪᠢᠶᠠᠨ | ᠰᠢᠢᠳᠪᠦᠷᠢᠯᠡᠬᠦ ᠠᠷᠭ᠎ᠠ ᠮᠠᠶ᠋ᠢᠭ ᠢ ᠵᠥᠷᠢᠴᠡᠭᠰᠡᠨ᠃ | | ︵ᠭᠤᠷᠪᠠ︶ ᠲᠣᠭᠲᠠᠭᠠᠭᠰᠠᠨ ᠬᠤᠭᠤᠴᠠᠭᠠᠨ ᠳᠤ ᠦᠯᠦ ᠰᠢᠢᠳᠪᠦᠷᠢᠯᠡᠭᠰᠡᠨ᠃ | | ︵ᠳᠥᠷᠪᠡ︶ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠦᠢᠯᠡᠰ ᠤᠨ ᠬᠤᠯᠪᠣᠭᠳᠠᠯ ᠪᠦᠬᠦᠢ ᠪᠠᠶᠢᠳᠠᠯ ᠢ | ᠲᠣᠭᠲᠠᠭᠠᠯ ᠶᠣᠰᠣᠭᠠᠷ ᠦᠯᠦ ᠬᠠᠷᠢᠭᠤ ᠲᠤᠰᠬᠠᠭᠰᠠᠨ᠃ | | ︵ᠲᠠᠪᠤ︶ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠬᠤᠯᠪᠣᠭᠳᠠᠯ | ᠪᠦᠬᠦᠢ ᠮᠡᠳᠡᠭᠡ ᠵᠠᠩᠭᠢ ᠪᠠ ᠮᠠᠲ᠋ᠧᠷᠢᠶᠠᠯ ᠢ ᠴᠠᠭ ᠲᠤᠬᠠᠢ ᠳᠤᠨᠢ ᠪᠢᠴᠢᠵᠦ ᠣᠷᠣᠭᠤᠯᠤᠭᠰᠠᠨ ᠦᠭᠡᠢ᠃ | | ︵ᠵᠢᠷᠭᠤᠭ᠎ᠠ︶ ᠰᠢᠪᠠᠳᠠᠨ ᠰᠢᠢᠳᠪᠦᠷᠢᠯᠡᠭᠦᠯᠬᠦ ᠴᠢᠬᠤᠯᠠ ᠲᠠᠢ ᠪᠤᠰᠤᠳ ᠪᠠᠶᠢᠳᠠᠯ᠃ | | ᠠᠵᠢᠯ ᠤᠨ ᠳᠤᠮᠳᠠ ᠣᠯᠵᠤ ᠮᠡᠳᠡᠭᠰᠡᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠴᠢᠨᠠᠷᠲᠠᠢ | ᠠᠰᠠᠭᠤᠳᠠᠯ ᠢ ᠴᠠᠭ ᠲᠤᠬᠠᠢ ᠳᠤᠨᠢ ᠲᠤᠰ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ | ᠮᠡᠳᠡᠭᠦᠯᠬᠦ ᠶᠢᠨ ᠬᠠᠮᠲᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠬᠤ ᠬᠡᠷᠡᠭᠲᠡᠢ᠃ | | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠤᠮᠳᠠ ᠲᠦᠯᠬᠢᠯᠴᠡᠵᠦ᠂ ᠠᠷᠭᠠᠴᠠᠨ ᠥᠩᠭᠡᠷᠡᠭᠦᠯᠵᠦ᠂ | ᠤᠳᠠᠭᠠᠰᠢᠷᠠᠭᠤᠯᠵᠤ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠡᠳ ᠬᠦᠨᠳᠦ ᠨᠣᠴᠢᠲᠠᠢ ᠦᠷ᠎ᠡ ᠤᠷᠰᠢᠭ | ᠲᠠᠲᠠᠭᠰᠠᠨ ᠪᠠᠶᠢᠭᠤᠯᠭ᠎ᠠ᠂ ᠨᠢᠭᠡᠴᠢ ᠵᠢᠴᠢ ᠲᠡᠭᠦᠨ ᠤ ᠠᠵᠢᠯᠲᠠᠨ ᠢ ᠬᠠᠮᠢᠶᠠᠷᠤᠯᠲᠠ ᠶᠢᠨ ᠡᠷᠬᠡ ᠮᠡᠳᠡᠯ ᠲᠠᠢ | ᠪᠠᠶᠢᠭᠤᠯᠭ᠎ᠠ᠂ ᠨᠢᠭᠡᠴᠢ ᠳᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ᠃ | | ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠳᠤᠷᠠᠳᠤᠭᠰᠠᠨ ᠠᠵᠢᠯ ᠢᠶᠠᠨ ᠬᠠᠯᠠᠨ ᠰᠠᠶᠢᠵᠢᠷᠠᠭᠤᠯᠬᠤ᠂ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠶᠢ ᠬᠤᠯᠪᠣᠭᠳᠠᠯ | ᠪᠦᠬᠦᠢ ᠪᠠᠶᠢᠭᠤᠯᠭ᠎ᠠ᠂ ᠨᠢᠭᠡᠴᠢ ᠬᠦᠯᠢᠶᠡᠨ ᠠᠪᠤᠭᠰᠠᠨ ᠪᠠᠶᠢᠳᠠᠯ ᠢᠶᠠᠨ ᠪᠢᠴᠢᠭ ᠢᠶᠠᠷ ᠬᠠᠷᠢᠭᠤ ᠮᠡᠳᠡᠭᠳᠡᠬᠦ ᠬᠡᠷᠡᠭᠲᠡᠢ᠃ | | ᠠᠷᠪᠠᠨ ᠲᠠᠪᠤᠳᠤᠭᠠᠷ ᠵᠦᠢᠯ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠠᠬᠢᠳᠠᠯ ᠰᠣᠷᠪᠤᠯᠵᠢᠯᠠᠭ᠎ᠠ ᠶᠢᠨ | ᠰᠠᠯᠠᠭ᠎ᠠ ᠮᠥᠴᠢᠷ ᠵᠢᠴᠢ ᠰᠢᠢᠳᠪᠦᠷᠢᠯᠡᠬᠦ ᠡᠷᠬᠡ ᠪᠦᠬᠦᠢ ᠪᠠᠶᠢᠭᠤᠯᠭ᠎ᠠ᠂ ᠨᠢᠭᠡᠴᠢ ᠵᠠᠬᠢᠳᠠᠯ ᠰᠣᠷᠪᠤᠯᠵᠢᠯᠠᠭ᠎ᠠ ᠶᠢᠨ | ᠭᠤᠮᠣᠳᠠᠯ ᠲᠣᠭᠠᠴᠢᠯᠲᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠭᠰᠡᠨ ᠪᠠᠶᠢᠳᠠᠯ ᠢ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ | ᠬᠡᠷᠡᠭᠲᠡᠢ᠃ | | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠠᠬᠢᠳᠠᠯ | ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠲᠤᠰ ᠰᠠᠯᠠᠭ᠎ᠠ ᠮᠥᠴᠢᠷ ᠪᠠ ᠠᠳᠠᠯᠢ ᠱᠠᠲᠤᠨ ᠤ ᠰᠢᠢᠳᠪᠦᠷᠢᠯᠡᠬᠦ ᠡᠷᠬᠡ | ᠪᠦᠬᠦᠢ ᠪᠠᠶᠢᠭᠤᠯᠭ᠎ᠠ᠂ ᠨᠢᠭᠡᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ | ᠲᠥᠷᠥᠯ ᠬᠤᠪᠢᠶᠠᠨ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠵᠦ᠂ | ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠬᠤᠷᠢᠶᠠᠩᠭᠤᠶᠢᠯᠠᠬᠤ ᠪᠠ ᠲᠤᠰᠬᠠᠬᠤ ᠶᠢᠨ ᠬᠠᠮᠲᠤ ᠵᠢᠯ | ᠪᠦᠷᠢ ᠶᠢᠨ ᠨᠢᠭᠡᠳᠦᠭᠡᠷ ᠤᠯᠠᠷᠢᠯ ᠳᠤ ᠳᠡᠭᠡᠷ᠎ᠡ ᠨᠢᠭᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠵᠠᠬᠢᠳᠠᠯ ᠰᠣᠷᠪᠤᠯᠵᠢᠯᠠᠭ᠎ᠠ ᠶᠢᠨ ᠰᠠᠯᠠᠭ᠎ᠠ ᠮᠥᠴᠢᠷ ᠲᠤ ᠳᠡᠭᠡᠷ᠎ᠡ ᠵᠢᠯ ᠤᠨ ᠬᠠᠤᠯᠢ ᠶᠣᠰᠣᠭᠠᠷ ᠲᠥᠷᠥᠯ ᠬᠤᠪᠢᠶᠠᠨ | ᠰᠢᠢᠳᠪᠦᠷᠢᠯᠡᠭᠰᠡᠨ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢᠨ ᠠᠵᠢᠯ ᠤᠨ ᠮᠡᠳᠡᠭᠦᠯᠦᠯᠲᠡ ᠶᠢ | ᠲᠤᠰᠢᠶᠠᠬᠤ ᠬᠡᠷᠡᠭᠲᠡᠢ᠃ | | ᠠᠷᠪᠠᠨ ᠳᠣᠯᠣᠳᠤᠭᠠᠷ ᠵᠦᠢᠯ ᠲᠤᠰ ᠳᠦᠷᠢᠮ ᠳᠠᠬᠢ ᠬᠦᠷᠭᠡᠯᠲᠡ ᠶᠢ ᠭᠤᠷᠪᠠᠳᠤᠭᠠᠷ ᠵᠦᠢᠯ ᠤᠨ ᠬᠤᠶᠠᠳᠤᠭᠠᠷ | ᠪᠠᠳᠠᠭ ᠤᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠰᠢᠢᠳᠪᠦᠷᠢᠯᠡᠭᠰᠡᠨ ᠪᠠᠶᠢᠪᠠᠯ᠂ ︽ | ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠠᠵᠢᠯ ᠤᠨ ᠳᠦᠷᠢᠮ︾ ᠤᠨ | ᠲᠣᠭᠲᠠᠭᠠᠯ ᠢ ᠬᠡᠷᠡᠭᠯᠡᠨ᠎ᠡ᠃ ᠬᠤᠯᠪᠣᠭᠳᠠᠯ ᠪᠦᠬᠦᠢ ᠠᠷᠭ᠎ᠠ ᠵᠠᠮ ᠳᠤ ᠲᠣᠭᠠᠴᠠᠭᠳᠠᠪᠠᠯ᠂ ᠬᠤᠯᠪᠣᠭᠳᠠᠯ ᠪᠦᠬᠦᠢ | ᠲᠣᠭᠲᠠᠭᠠᠯ ᠢ ᠬᠡᠷᠡᠭᠯᠡᠨ᠎ᠡ᠃ | | ᠲᠤᠰ ᠳᠦᠷᠢᠮ ᠤᠨ ᠶᠢᠰᠦᠳᠦᠭᠡᠷ ᠵᠦᠢᠯ ᠳᠤ ᠲᠣᠭᠲᠠᠭᠠᠭᠰᠠᠨ ᠮᠡᠳᠡᠭᠳᠡᠬᠦ ᠳᠡᠭᠡᠨ ᠣᠬᠤᠷ ᠮᠡᠳᠡᠭᠡ᠂ ᠮᠡᠳᠡᠭᠡ | ᠵᠠᠩᠭᠢ ᠶᠢᠨ ᠲᠣᠣᠷ ᠰᠦᠯᠵᠢᠶ᠎ᠡ ᠪᠤᠶᠤ ᠥᠪᠡᠷ ᠢᠶᠠᠨ ᠪᠠᠶᠢᠴᠠᠭᠠᠨ ᠯᠠᠪᠯᠠᠬᠤ ᠠᠷᠭ᠎ᠠ ᠮᠠᠶ᠋ᠢᠭ ᠢ ᠬᠠᠩᠭᠠᠬᠤ ᠵᠡᠷᠭᠡ | ᠬᠡᠯᠪᠡᠷᠢ ᠶᠢ ᠠᠪᠴᠤ ᠪᠣᠯᠣᠨ᠎ᠠ᠃ | | ᠠᠷᠪᠠᠨ ᠨᠠᠢᠮᠠᠳᠤᠭᠠᠷ ᠵᠦᠢᠯ ᠲᠣᠰ ᠳᠦᠷᠢᠮ ᠢ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ |