︽ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠵᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠤᠨ ᠲᠤᠬᠠᠢ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ
ᠨᠡᠶᠢᠲᠡᠯᠡᠭᠰᠡᠨ ᠴᠠᠭ᠄
2023/12/18
           1. ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾  ᠶᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠤᠢ︖            ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠬᠥᠮᠦᠵᠢᠯ ‍ᠦᠨ‌‍ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ︽ᠨᠢᠭᠡ ᠨᠠᠰᠤᠲᠠᠨ ᠨᠢᠭᠡ ᠪᠠᠭ᠎ᠠ︾ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠵᠦ᠂ ᠨᠢᠯᠬ᠎ᠠ ᠬᠡᠦᠬᠡᠳ ᠠᠴᠠ ᠬᠡᠦᠬᠡᠳ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠭᠥᠷᠳᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠢ ᠠᠴᠠ ᠲᠡᠳᠬᠦᠮᠵᠢ ᠲᠠᠢ ᠪᠠᠶᠢᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠰᠢᠨ᠎ᠡ ᠠᠬᠢᠴᠠ ᠲᠠᠢ ᠪᠣᠯᠭᠠᠬᠤ ᠬᠡᠷᠡᠭᠲᠡᠢ ᠭᠡᠵᠡᠢ᠃ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠵᠤ᠂ ᠨᠠᠰᠤᠲᠠᠨ ᠢ ᠠᠰᠠᠷᠠᠬᠤ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ ᠵᠡᠷᠭᠡ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠬᠦ ᠪᠣᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠨ ᠠᠮᠠ ᠶᠢᠨ ᠨᠠᠰᠤᠵᠢᠯᠲᠠ  ᠶᠢ ᠠᠷᠭᠠᠴᠠᠬᠤ ᠴᠢᠬᠤᠯᠠ ᠠᠷᠭ᠎ᠠ ᠬᠡᠮᠵᠢᠶ᠎ᠡ ᠮᠥᠨ᠃ ᠬᠥᠮᠥᠨ ᠠᠮᠠ ᠶᠢᠨ ᠨᠠᠰᠤᠵᠢᠯᠲᠠ ᠶᠢᠨ ᠬᠠᠨᠳᠤᠰᠢ ᠲᠦᠷᠭᠡᠰᠬᠦ ᠪᠠ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠠᠷᠠᠳ ᠣᠯᠠᠨ ᠤ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠪᠠ ᠬᠡᠦᠬᠡᠳ ᠠᠪᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ᠂ ᠠᠵᠢᠯ ᠲᠥᠷᠥᠯ ᠤᠨ ᠡᠷᠡᠭᠦᠯ ᠪᠥᠭᠡᠳ ᠴᠢᠨᠠᠷ ᠰᠠᠶᠢᠲᠠᠢ ᠬᠥᠭᠵᠢᠯᠲᠡ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠭᠡᠪᠡᠴᠦ ᠣᠶᠢᠷ᠎ᠠ ᠶᠢᠨ ᠬᠤᠶᠠᠷ ᠵᠢᠯ ᠳᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠰᠢᠯᠲᠠᠭᠠᠨ ᠤ ᠨᠥᠯᠥᠭᠡ ᠠᠴᠠ ᠪᠣᠯᠵᠤ ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠦᠷᠭᠦᠯᠵᠢᠯᠡᠬᠦ ᠡᠵᠡᠩᠨᠡᠯᠲᠡ ᠶᠢᠨ ᠬᠦᠴᠢᠷᠳᠡᠯ ᠬᠡᠴᠡᠭᠦᠳᠡᠵᠦ᠂ ᠡᠵᠡᠩᠨᠡᠯᠲᠡ ᠶᠢᠨ ᠥᠪᠡᠷ ᠤᠨ ᠥᠷᠲᠡᠭ ᠨᠡᠮᠡᠭᠳᠡᠬᠦ᠂ ᠬᠥᠮᠥᠨ ᠤ ᠬᠦᠴᠦᠨ ᠤ ᠲᠦᠷᠢᠶᠡᠰᠦᠨ ᠮᠥᠩᠭᠦ ᠥᠰᠬᠦ᠂ ᠬᠢᠵᠢᠭ ᠢ ᠰᠡᠷᠭᠡᠶᠢᠯᠡᠬᠦ ᠵᠠᠷᠤᠯᠭ᠎ᠠ ᠨᠡᠮᠡᠭᠳᠡᠬᠦ ᠵᠡᠷᠭᠡ ᠲᠣᠪᠣᠶᠢᠮ᠎ᠠ ᠠᠰᠠᠭᠤᠳᠠᠯ ᠳᠤ ᠨᠡᠶᠢᠳᠡᠮ ᠲᠤᠯᠭᠠᠷᠠᠵᠤ᠂ ᠵᠠᠷᠢᠮ ᠪᠠᠶᠢᠭᠤᠯᠤᠮᠵᠢ ᠴᠢᠨᠠᠭᠰᠢᠯᠠᠭᠠᠳ ᠠᠵᠢᠯ ᠢᠶᠠᠨ ᠵᠣᠭᠰᠣᠬᠤ ᠪᠤᠶᠤ ᠤᠬᠤᠷᠢᠨ ᠭᠠᠷᠬᠤ ᠶᠢ ᠰᠣᠩᠭᠤᠭᠰᠠᠨ ᠪᠠᠶᠢᠨ᠎ᠠ᠂ ᠢᠩᠭᠢᠭᠡᠳ ᠯᠡ ᠪᠠᠶᠢᠪᠠᠯ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠪᠠ ︽ᠨᠢᠭᠡ ᠨᠠᠰᠤᠲᠠᠨ ᠨᠢᠭᠡ ᠪᠠᠭ᠎ᠠ︾ ᠦᠢᠯᠡᠴᠢᠯᠡᠭᠡᠨ ᠤ ᠪᠠᠲᠤᠯᠠᠭ᠎ᠠ ᠳᠤ ᠨᠡᠯᠢᠶᠡᠳ ᠶᠡᠭᠡ ᠨᠥᠯᠥᠭᠡ ᠦᠵᠡᠭᠦᠯᠬᠦ ᠪᠣᠯᠣᠨ᠎ᠠ᠃ ᠴᠠᠭ ᠲᠤᠬᠠᠢ ᠳᠤᠨᠢ ᠬᠠᠨᠳᠤᠯᠭᠠᠲᠤ ᠴᠢᠨᠠᠷᠲᠠᠢ ᠲᠦᠷᠦ ᠶᠢᠨ ᠪᠣᠳᠣᠯᠭ᠎ᠠ ᠶᠢ ᠠᠪᠴᠤ ᠬᠦᠴᠢᠷᠳᠡᠯ ᠢ ᠨᠢ ᠰᠢᠢᠳᠪᠦᠷᠢᠯᠡᠨ ᠲᠡᠳᠬᠦᠨ ᠳᠡᠮᠵᠢᠵᠦ᠂ ᠠᠵᠢᠯ ᠲᠦᠷᠦᠯ ᠢ ᠬᠠᠪᠰᠤᠷᠤᠨ ᠪᠡᠷᠬᠡ ᠪᠣᠭᠤᠮᠲᠠ ᠶᠢ ᠲᠤᠭᠤᠯᠵᠤ᠂ ᠬᠥᠭᠵᠢᠯᠲᠡ ᠶᠢ ᠨᠢ ᠰᠡᠷᠭᠦᠭᠡᠬᠦ ᠴᠢᠬᠤᠯᠠᠲᠠᠢ ᠪᠠᠶᠢᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾  ᠶᠢ ᠰᠤᠳᠤᠯᠤᠨ ᠨᠡᠶᠢᠲᠡᠯᠡᠪᠡ᠃ ᠶᠡᠷᠦᠩᠬᠡᠢ ᠳᠤᠨᠢ ᠠᠪᠴᠤ ᠦᠵᠡᠪᠡᠯ᠂ ᠲᠣᠰ ᠤᠳᠠᠭᠠᠨ ᠤ ᠨᠡᠶᠢᠲᠡᠯᠡᠭᠰᠡᠨ ᠨᠠᠰᠤᠵᠢᠯ ᠤᠨ ᠠᠰᠠᠷᠠᠮᠵᠢ ᠶᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠦᠨ᠎ᠡ ᠴᠠᠨ᠎ᠠ ᠪᠠᠷ ᠥᠨᠳᠥᠷ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠰᠢᠭᠤᠳ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠪᠣᠯᠣᠨ᠎ᠠ᠃            2. ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾  ᠳᠤ ᠶᠠᠮᠠᠷ ᠶᠠᠮᠠᠷ ᠭᠤᠣᠯ ᠪᠣᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠤᠭᠰᠠᠨ ᠪᠤᠢ︖            ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠰᠤᠷᠭᠠᠨ ᠬᠥᠮᠦᠵᠢᠯ ᠤᠨ ᠦᠢᠯᠡᠴᠢᠯᠡᠭᠡᠨ ᠤ ᠦᠢᠯᠡᠰ ᠲᠤ ᠲᠤᠯᠭᠠᠷᠠᠵᠤ ᠪᠠᠶᠢᠭ᠎ᠠ ᠲᠣᠪᠣᠶᠢᠮ᠎ᠠ ᠬᠦᠴᠢᠷᠳᠡᠯ ᠳᠤ ᠴᠢᠭᠯᠡᠭᠦᠯᠦᠨ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠤᠷᠢᠶᠠᠯᠠᠭ᠎ᠠ ᠪᠠ ᠠᠷᠠᠳ ᠣᠯᠠᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ 6 ᠲᠠᠯ᠎ᠠ᠂ 26 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃            ᠨᠢᠭᠡ ᠳᠤ ᠭᠡᠷ ᠤᠨ ᠲᠦᠷᠢᠶᠡᠰᠦ ᠶᠢ ᠬᠥᠩᠭᠡᠯᠡᠵᠦ ᠬᠡᠯᠲᠦᠷᠢᠭᠦᠯᠬᠦ ᠠᠷᠭ᠎ᠠ ᠬᠡᠮᠵᠢᠶ᠎ᠡ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠯᠤᠰ ᠤᠨ ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠬᠦ ᠳᠤ ᠴᠥᠮ ᠲᠦᠷᠢᠶᠡᠰᠦᠨ ᠮᠥᠩᠭᠦ ᠶᠢ ᠨᠢ ᠬᠡᠯᠲᠦᠷᠢᠭᠦᠯᠦᠨ᠎ᠡ ᠭᠡᠵᠦ ᠳᠤᠷᠠᠳᠤᠨ ᠭᠠᠷᠭᠠᠪᠠ᠃ ᠨᠥᠬᠦᠴᠡᠯ ᠲᠠᠢ ᠭᠠᠵᠠᠷ ᠣᠷᠣᠨ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯ ᠤᠨ ᠪᠤᠰᠤ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠶᠢ ᠳᠡᠮᠵᠢᠬᠦ ᠬᠡᠷᠡᠭᠲᠡᠢ᠃ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ ᠤᠯᠤᠰ ᠤᠨ ᠥᠮᠴᠢᠯᠡᠯᠲᠦ ᠭᠡᠷ ᠪᠠᠶᠢᠰᠢᠩ ᠵᠡᠷᠭᠡ ᠠᠳᠠᠯ ᠠᠬᠤᠢ ᠶᠢ ᠰᠦᠢᠳᠬᠡᠯ ᠬᠤᠷᠢᠶᠠᠬᠤ ᠦᠭᠡᠢ ᠪᠤᠶᠤ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠬᠢᠮᠳᠠ ᠦᠨ᠎ᠡ ᠪᠠᠷ ᠨᠠᠶᠢᠳᠠᠵᠤ ᠡᠵᠡᠩᠨᠡᠭᠦᠯᠬᠦ ᠵᠡᠷᠭᠡ 3 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃            ᠬᠤᠶᠠᠷ ᠲᠤ ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ ᠠᠷᠭ᠎ᠠ ᠬᠡᠮᠵᠢᠶ᠎ᠡ᠃ ᠨᠥᠬᠦᠴᠡᠯ ᠳᠤ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠠᠴᠠ ᠡᠨᠡ ᠵᠢᠯ ᠤᠨ ᠳᠣᠲᠣᠷ᠎ᠠ ᠡᠯ᠎ᠡ ᠭᠠᠵᠠᠷ ᠤᠨ ᠬᠢᠨ ︽ᠵᠢᠷᠭᠤᠭᠠᠨ ᠭᠠᠶᠢᠯᠢ ᠬᠤᠶᠠᠷ ᠰᠦᠢᠳᠬᠡᠯ︾  ᠢ ᠲᠤᠯᠭᠠᠨ ᠲᠠᠲᠠᠪᠤᠷᠢᠯᠠᠵᠤ᠂ ᠨᠡᠶᠢᠭᠡᠮ ᠲᠣᠭᠤᠷᠢᠭ ᠤᠨ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠬᠦ᠂ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠲᠤᠯᠭᠠᠨ ᠪᠤᠴᠠᠭᠠᠬᠤ ᠭᠠᠶᠢᠯᠢ ᠶᠢ ᠨᠢᠭᠡ ᠯᠡ ᠤᠳᠠᠭ᠎ᠠ ᠳᠤ ᠪᠤᠴᠠᠭᠠᠬᠤ ᠬᠠᠳᠠᠭᠠᠯᠠᠮᠵᠢ ᠶᠢᠨ ᠬᠡᠮᠵᠢᠶ᠎ᠡ ᠶᠢ ᠰᠠᠷ᠎ᠠ ᠪᠠᠷ ᠪᠤᠴᠠᠭᠠᠨ ᠨᠡᠮᠡᠭᠳᠡᠭᠦᠯᠬᠦ ᠶᠢ ᠬᠡᠷᠡᠭᠵᠢᠭᠦᠯᠵᠦ ᠂ ᠴᠠᠬᠢᠯᠭᠠᠨ ᠬᠡᠷᠡᠭᠯᠡᠬᠦ ᠤᠰᠤ ᠬᠡᠷᠡᠭᠯᠡᠬᠦ ᠬᠡᠢ ᠬᠡᠷᠡᠭᠯᠡᠬᠦ ᠢᠯᠴᠢ ᠶᠢᠨ ᠬᠠᠷᠠᠭᠠᠯᠵᠠᠯ ᠦᠵᠡᠭᠦᠯᠬᠦ ᠵᠡᠷᠭᠡ 4 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃            ᠭᠤᠷᠪᠠ ᠳᠤ ᠨᠡᠶᠢᠭᠡᠮ ᠤᠨ ᠳᠠᠭᠠᠳᠬᠠᠯ ᠢ ᠳᠡᠮᠵᠢᠬᠦ ᠠᠷᠭ᠎ᠠ ᠬᠡᠮᠵᠢᠶ᠎ᠡ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠲᠣᠭᠲᠠᠭᠠᠯ ᠶᠣᠰᠣᠭᠠᠷ ᠠᠵᠢᠯ ᠠᠯᠳᠠᠯᠲᠠ ᠶᠢᠨ ᠳᠠᠭᠠᠳᠬᠠᠯ ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠬᠤ ᠪᠠ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠬᠠᠩᠭᠠᠨ᠎ᠠ᠃ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠤᠨ ᠬᠡᠰᠡᠭ ᠢ‌ᠬᠤᠪᠢ ᠬᠥᠮᠥᠨ ᠤ ᠪᠡᠶ᠎ᠡ ᠬᠡᠮ ᠢᠶᠠᠷ ᠳᠠᠭᠠᠳᠬᠠᠯ ᠳᠤ ᠣᠷᠣᠯᠴᠠᠭᠰᠠᠨ ᠴᠢᠯᠦᠭᠡᠲᠡᠢ ᠠᠵᠢᠯ ᠣᠯᠣᠭᠰᠠᠳ ᠰᠦᠢᠳᠬᠡᠯ ᠲᠤᠰᠢᠶᠠᠬᠤ ᠪᠠᠨ ᠰᠠᠶᠢᠨ ᠳᠤᠷ᠎ᠠ  ᠠᠴᠠ ᠪᠠᠨ ᠲᠦᠷ ᠬᠤᠶᠢᠰᠢᠯᠠᠭᠤᠯᠵᠤ ᠪᠣᠯᠬᠤ ᠵᠡᠷᠭᠡ 3 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃            ᠳᠥᠷᠪᠡ ᠳᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ᠃ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠤᠰᠬᠠᠢ ᠵᠦᠢᠯ ᠤᠨ ᠳᠠᠬᠢᠨ ᠵᠢᠭᠡᠯᠡᠯᠭᠡ ᠶᠢᠨ ᠲᠤᠷᠰᠢᠯᠲᠠ ᠶᠢ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠯᠦᠭᠡ ᠪᠡᠶ᠎ᠡ ᠪᠠᠨ ᠳᠠᠭᠠᠭᠠᠨ ᠵᠥᠪᠳᠡᠯᠴᠡᠬᠦ ᠶᠢ ᠬᠥᠲᠥᠯᠥᠨ ᠵᠢᠯᠤᠭᠤᠳᠴᠤ᠂ ᠵᠢᠭᠡᠯᠡᠯᠭᠡ ᠶᠢᠨ ᠬᠤᠭᠤᠴᠠᠭ᠎ᠠ ᠶᠢ ᠬᠤᠶᠢᠰᠢᠯᠠᠭᠤᠯᠤᠨ ᠡᠬᠡ ᠬᠦᠦ ᠲᠠᠢ  ᠨᠢ ᠪᠤᠴᠠᠭᠠᠬᠤ ᠵᠢ‌ᠨᠥ᠋ᠬᠦᠴᠡᠯ ᠲᠠᠢ ᠭᠠᠵᠠᠷ ᠣᠷᠣᠨ ᠤ ᠵᠢᠭᠡᠯᠡᠯᠭᠡ ᠶᠢᠨ ᠳᠠᠮ ᠬᠦᠦ ᠶᠢᠨ ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠪᠡᠯᠡ ᠲᠣᠬᠢᠷᠠᠭᠤᠯᠭ᠎ᠠ ᠶᠢᠨ ᠢᠲᠡᠭᠡᠮᠵᠢ ᠪᠠᠨ ᠨᠡᠮᠡᠭᠳᠡᠭᠦᠯᠬᠦ ᠳᠡᠮᠵᠢᠯᠭᠡ‌‍ᠲ᠋ᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠳᠬᠠᠯ ᠤᠨ ᠬᠠᠭᠤᠳᠠᠰᠤ ᠶᠢᠨ ᠬᠤᠭᠤᠴᠠᠭ᠎ᠠ ᠲᠤᠯᠬᠤ ᠡᠳᠦᠷ ᠢ ᠵᠣᠬᠢᠬᠤ ᠬᠡᠮᠵᠢᠶ᠎ᠡ ᠪᠠᠷ ᠤᠷᠲᠤᠳᠬᠠᠬᠤ ᠪᠤᠶᠤ ᠳᠠᠭᠠᠳᠬᠠᠯ ᠤᠨ ᠵᠠᠷᠤᠳᠠᠯ ᠢ‌ᠨᠥ᠋ᠬᠦᠴᠡᠯ ᠳᠤ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠤᠨ ᠺᠣᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ 6 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠡᠮᠵᠢᠨ᠎ᠡ᠃            ᠲᠠᠪᠤ ᠳᠤ ᠬᠢᠵᠢᠭ ᠢ ᠰᠡᠷᠭᠡᠶᠢᠯᠡᠬᠦ ᠳᠡᠮᠵᠢᠯᠭᠡ ᠶᠢᠨ ᠠᠷᠭ᠎ᠠ ᠬᠡᠮᠵᠢᠶ᠎ᠡ᠃ ᠡᠳ᠋ ᠪᠣᠳᠠᠰ ᠢ ᠲᠣᠬᠢᠷᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ ᠶᠢ ᠲᠤᠰᠠᠭᠠᠷᠯᠠᠬᠤ᠂ ᠡᠮᠴᠢᠯᠡᠭᠡᠨ ᠤ ᠠᠪᠤᠷᠠᠨ ᠵᠠᠰᠠᠯᠲᠠ ᠵᠡᠷᠭᠡ ᠲᠠᠯ᠎ᠠ ᠪᠠᠷ ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠠᠷᠠᠭᠠᠯᠵᠠᠯ ᠦᠵᠡᠭᠦᠯᠦᠨ᠎ᠡ ᠭᠡᠵᠦ ᠳᠤᠷᠠᠳᠪᠠ᠃ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠠᠯ᠎ᠠ ᠪᠠᠷ ᠪᠠᠶᠢᠳᠠᠯ ᠢ ᠦᠵᠡᠵᠦ ᠪᠠᠶᠢᠭᠠᠳ ᠪᠠᠶᠢᠴᠠᠭᠠᠨ ᠰᠢᠯᠭᠠᠬᠤ ᠤᠳᠠᠭ᠎ᠠ ᠶᠢ ᠨᠡᠮᠡᠭᠳᠡᠭᠦᠯᠦᠨ᠎ᠡ᠃ ᠬᠢᠵᠢᠭ ᠢ ᠰᠡᠷᠭᠡᠶᠢᠯᠡᠬᠦ ᠡᠳ᠋ ᠪᠣᠳᠠᠰ᠂ ᠤᠰᠠᠳᠬᠠᠬᠤ ᠵᠠᠷᠤᠯᠭ᠎ᠠ ᠶᠢᠨ ᠲᠠᠯ᠎ᠠ ᠪᠠᠷ ᠵᠣᠬᠢᠰᠲᠠᠢ ᠳᠡᠮᠵᠢᠯᠭᠡ ᠦᠵᠡᠭᠦᠯᠵᠦ ᠪᠣᠯᠣᠨ᠎ᠠ᠃ ᠡᠵᠡᠩᠨᠡᠯᠲᠡ ᠶᠢᠨ ᠨᠥᠬᠦᠪᠦᠷᠢ ᠣᠯᠭᠤᠬᠤ ᠲᠠᠯ᠎ᠠ ᠪᠠᠷ᠂ ᠣᠯᠭᠤᠬᠤ ᠨᠥᠬᠦᠴᠡᠯ ᠳᠤ ᠵᠣᠬᠢᠰᠲᠠᠢ ᠲᠣᠬᠢᠷᠠᠭᠤᠯᠤᠯᠲᠠ ᠬᠢᠵᠦ᠂ ᠴᠠᠭ ᠲᠤᠬᠠᠢ  ᠳᠤᠨᠢ ᠲᠤᠭ᠎ᠠ ᠶᠣᠰᠣᠭᠠᠷ ᠣᠯᠭᠤᠬᠤ ᠵᠡᠷᠭᠡ 4 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃                ᠵᠢᠷᠭᠤᠭ᠎ᠠ ᠳᠤ᠂ ᠪᠤᠰᠤᠳ ᠳᠡᠮᠵᠢᠬᠦ ᠠᠷᠭ᠎ᠠ ᠬᠡᠮᠵᠢᠶ᠎ᠡ᠃ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ︔ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ︔ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠦᠢᠯᠡᠴᠢᠯᠡᠭᠡ ᠬᠠᠩᠭᠠᠨ᠎ᠠ︔ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠳᠤ ᠣᠷᠣᠯᠴᠠᠭᠰᠠᠨ ᠭᠡᠷ ᠠᠬᠤᠶ ᠶᠢᠨ ᠠᠵᠤ ᠠᠬᠤᠶᠢᠯᠠᠯ ᠳᠤ ᠵᠣᠬᠢᠰᠲᠠᠶ ᠳᠡᠮᠵᠢᠯᠭᠡ ᠦᠵᠡᠭᠦᠯᠬᠦ ᠶᠢ ᠵᠣᠷᠢᠭᠵᠢᠭᠤᠯᠤᠨ᠎ᠠ᠃                ᠡᠭᠦᠨ ᠤ ᠬᠠᠮᠲᠤ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾  ᠳᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃            ᠳᠡᠭᠡᠷ᠎ᠡ ᠳᠤᠷᠠᠳᠤᠭᠰᠠᠨ 26 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠭᠡᠷ ᠤᠨ ᠲᠦᠷᠢᠶᠡᠰᠦ  ᠶᠢ ᠬᠠᠰᠤᠵᠤ ᠬᠡᠯᠲᠦᠷᠢᠭᠦᠯᠬᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠳᠡᠮᠵᠢᠯᠭᠡ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠣᠯᠠᠨ ᠲᠠᠯ᠎ᠠ ᠶᠢ ᠬᠠᠮᠤᠷᠴᠠᠢ᠃ ᠤᠳᠤᠷᠢᠳᠤᠮᠵᠢ ᠨᠢ ᠲᠣᠳᠣᠷᠬᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠳᠡᠮᠵᠢᠬᠦ ᠡᠷᠴᠢᠮ ᠢᠶᠠᠷ ᠴᠢᠩᠭ᠎ᠠ᠂ ᠠᠰᠢᠭ ᠬᠦᠷᠳᠡᠬᠦ ᠬᠠᠮᠲᠤᠯᠢᠭ ᠨᠢ ᠣᠯᠠᠨ ᠲᠠᠯ᠎ᠠ ᠠᠴᠠ ᠪᠠᠶᠢᠵᠤ᠂ ᠲᠥᠪ ᠤᠨ ᠲᠦᠷᠦ ᠶᠢᠨ ᠪᠣᠳᠣᠯᠭ᠎ᠠ ᠪᠠ ᠣᠷᠣᠨ ᠨᠤᠲᠤᠭ ᠤᠨ ᠲᠦᠷᠦ ᠶᠢᠨ ᠪᠣᠳᠣᠯᠭ᠎ᠠ ᠶᠢ ᠤᠶᠠᠯᠳᠤᠭᠤᠯᠬᠤ᠂ ᠠᠵᠤ ᠠᠬᠤᠶᠢᠯᠠᠯ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠴᠢᠩᠭᠠᠷᠠᠭᠤᠯᠬᠤ ᠪᠠ ᠠᠵᠤ ᠠᠬᠤᠶᠢᠯᠠᠯ ᠤᠨ ᠬᠥᠭᠵᠢᠯᠲᠡ ᠶᠢᠨ ᠭᠠᠳᠠᠭᠠᠳᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ ᠢᠯᠡᠷᠡᠭᠦᠯᠵᠦ᠂ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠵᠢᠱᠢᠯᠲᠡ ᠶᠢ ᠲᠣᠭᠲᠠᠪᠤᠷᠢᠵᠢᠭᠤᠯᠬᠤ᠂ ᠪᠡᠷᠬᠡ ᠪᠣᠭᠤᠮᠲᠠ ᠶᠢ ᠲᠤᠭᠤᠯᠬᠤ ᠳᠤ ᠦᠨᠡᠨ ᠬᠦ ᠬᠠᠪᠰᠤᠷᠤᠨ ᠲᠤᠰᠠᠯᠠᠬᠤ ᠳᠤ ᠠᠰᠢᠭᠲᠠᠢ ᠶᠤᠮ᠃            3. ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾  ᠶᠢᠨ ᠳᠣᠲᠣᠷᠠᠬᠢ ᠬᠡᠰᠡᠭ ᠠᠷᠭ᠎ᠠ ᠬᠡᠮᠵᠢᠶ᠎ᠡ ᠶᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠰᠠᠶᠢᠲᠤᠷ ᠠᠳᠬᠤᠬᠤ ᠪᠤᠢ︖            ᠲᠣᠰ ᠤᠳᠠᠭ᠎ᠠ ᠨᠡᠶᠢᠲᠡᠯᠡᠭᠰᠡᠨ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾  ᠳᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠦᠷᠦᠭᠦᠯᠡᠨ ᠨᠠᠶᠢᠳᠠᠪᠤᠷᠢᠵᠢᠭᠤᠯᠤᠭᠰᠠᠨ ᠭᠤᠣᠯᠳᠠᠭᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠡᠷ ᠠᠬᠤᠢ ᠶᠢᠨ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠳᠤ ᠣᠷᠣᠯᠴᠠᠬᠤ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠶᠢ ᠳᠡᠮᠵᠢᠵᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ ᠪᠣᠳᠠᠲᠠᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠶᠢ ᠳᠡᠮᠵᠢᠨ᠎ᠡ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠳᠣᠣᠷᠠᠬᠢ ᠭᠤᠷᠪᠠᠨ ᠲᠠᠯ᠎ᠠ ᠠᠴᠠ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠨ᠎ᠠ᠃            ᠨᠢᠭᠡ ᠳᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠤᠰᠬᠠᠢ ᠵᠦᠢᠯ ᠤᠨ ᠳᠠᠬᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠲᠥᠷᠥᠯ ᠵᠦᠢᠯ ᠤᠨ ᠡᠵᠡᠩᠨᠡᠯᠲᠡ ᠶᠢ ᠳᠡᠮᠵᠢᠵᠦ᠂ ᠪᠡᠯᠡ ᠣᠷᠣᠭᠤᠯᠤᠯᠲᠠ ᠶᠢᠨ ︽ᠳᠥᠷᠪᠡᠨ ᠬᠤᠶᠠᠷ ᠢᠶᠠᠷ ᠮᠢᠩᠭᠠᠨ ᠵᠢᠩ ᠥᠭᠬᠦ︾ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠳᠠᠶᠢᠴᠢᠯᠠᠬᠤ ᠪᠠ ᠨᠡᠶᠢᠭᠡᠮ ᠤᠨ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠨᠥᠬᠦᠴᠡᠯ ᠳᠤ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠤᠨ ᠺᠣᠮᠫᠠᠨᠢ ᠶᠢᠨ ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ‌ᠡᠯ᠎ᠡ ᠭᠠᠵᠠᠷ ᠤᠨ ᠤᠷᠢᠳᠠᠪᠠᠷ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠴᠢᠳᠠᠪᠤᠷᠢ ᠪᠠᠷ ᠴᠢᠩᠭ᠎ᠠ ᠪᠠᠶᠢᠭᠤᠯᠤᠮᠵᠢ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ ᠬᠥᠲᠥᠯᠥᠨ ᠵᠢᠯᠤᠭᠤᠳᠴᠤ᠂ ᠪᠠᠶᠢᠭᠤᠯᠤᠮᠵᠢ ᠶᠢᠨ ᠣᠷᠣᠭᠤᠯᠤᠯᠲᠠ ᠶᠢᠨ ᠳᠠᠷᠤᠯᠲᠠ ᠶᠢ ᠬᠥᠩᠭᠡᠷᠡᠭᠦᠯᠦᠨ᠎ᠡ᠃            ᠬᠤᠶᠠᠷ ᠲᠤ ᠨᠡᠶᠢᠭᠡᠮ ᠤᠨ ᠬᠦᠴᠦᠨ ᠤ ᠣᠷᠣᠯᠴᠠᠬᠤ ᠶᠢ ᠵᠣᠷᠢᠭᠵᠢᠭᠤᠯᠤᠨ᠎ᠠ᠃ ᠭᠡᠷ ᠤᠨ ᠶᠠᠪᠤᠳᠠᠯ ᠤᠨ ᠠᠵᠤ ᠠᠬᠤᠶᠢᠯᠠᠯ ᠵᠡᠷᠭᠡ ᠶᠢᠨ ᠭᠡᠷ ᠲᠤᠨᠢ ᠬᠦᠷᠴᠦ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠵᠢᠷᠤᠮᠵᠢᠭᠤᠯᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠬᠢᠨ ᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠳᠤ ᠣᠷᠣᠯᠴᠠᠭᠰᠠᠨ ᠭᠡᠷ ᠠᠬᠤᠢ ᠶᠢᠨ ᠠᠵᠤ ᠠᠬᠤᠶᠢᠯᠠᠯ ᠳᠤ ᠵᠣᠬᠢᠬᠤ ᠳᠡᠮᠵᠢᠯᠭᠡ ᠦᠵᠡᠭᠦᠯᠬᠦ ᠶᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠥᠭᠵᠢᠭᠦᠯᠵᠦ᠂ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠴᠦ᠂ ᠣᠯᠠᠨ ᠡᠰᠢᠵᠢᠭᠰᠡᠨ᠂ ᠣᠯᠠᠨ ᠶᠠᠩᠵᠤ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠡᠶᠡᠯᠡᠭᠦᠯᠬᠦ ᠶᠢ ᠠᠬᠢᠭᠤᠯᠤᠨ᠎ᠠ᠃            ᠭᠤᠷᠪᠠ ᠳᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠦᠰᠢᠭᠯᠡᠨ ᠦᠢᠯᠡᠳᠪᠦᠷᠢᠯᠡᠬᠦ ᠠᠵᠢᠯ ᠰᠤᠷᠭᠠᠨ ᠬᠥᠮᠦᠵᠢᠯ ᠤᠨ ᠠᠭᠤᠰᠤᠯᠴᠠᠭᠰᠠᠨ ᠳᠠᠳᠤᠯᠭ᠎ᠠ ᠰᠤᠷᠭᠠᠯᠲᠠ ᠶᠢᠨ ᠰᠠᠭᠤᠷᠢᠨ ᠭᠠᠵᠠᠷ ᠢ ᠬᠠᠮᠲᠤᠪᠠᠷ ᠪᠠᠶᠢᠭᠤᠯᠬᠤ ᠶᠢ ᠳᠡᠮᠵᠢᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠬᠦᠷᠢᠶ᠎ᠡ ᠴᠠᠷᠠᠭ᠎ᠠ ᠶᠢᠨ ᠬᠥᠲᠥᠴᠢ ᠠᠵᠤ ᠠᠬᠤᠶᠢᠯᠠᠯ ᠵᠡᠷᠭᠡ ᠶᠢ ᠳᠠᠶᠢᠴᠢᠯᠠᠨ ᠠᠵᠢᠯ ᠲᠥᠷᠥᠯ ᠳᠤ ᠬᠡᠷᠡᠭᠰᠡᠬᠦ ᠥᠨᠳᠥᠷ ᠬᠢᠷᠢ ᠬᠡᠮᠵᠢᠶᠡᠨ ᠤ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠵᠦ᠂ ᠠᠵᠢᠯ ᠲᠥᠷᠥᠯ ᠤᠨ ᠬᠥᠭᠵᠢᠯᠲᠡ ᠶᠢᠨ ᠬᠥᠮᠥᠨ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃            4. ︽ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ︾  ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠤᠢ︖             ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾  ᠳᠤ ᠬᠤᠯᠪᠣᠭᠳᠠᠬᠤ ᠰᠠᠯᠠᠭ᠎ᠠ ᠮᠥᠴᠢᠷ ᠨᠡᠯᠢᠶᠡᠳ ᠣᠯᠠᠨ ᠪᠠᠶᠢᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠳᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠴᠢᠬᠤᠯᠠᠲᠠᠢ ᠶᠤᠮ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠶᠡᠬᠡᠪᠡᠷ ᠠᠬᠢᠭᠤᠯᠵᠤ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾  ᠶᠢ ᠨᠠᠶᠢᠳᠠᠪᠤᠷᠢᠵᠢᠭᠤᠯᠬᠤ ᠡᠭᠦᠷᠭᠡ ᠱᠠᠭᠠᠷᠳᠠᠯᠭ᠎ᠠ ᠶᠢ ᠲᠡᠷᠡ ᠳᠠᠷᠤᠢ ᠳᠤᠨᠢ ᠪᠠᠶᠢᠷᠢᠯᠠᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠲᠡ ᠨᠠᠶᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠤᠨ᠎ᠠ᠃ ᠬᠤᠶᠠᠷ ᠲᠤ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠭᠡᠨ ᠭᠦᠨᠵᠡᠭᠡᠢ ᠦᠷᠭᠦᠯᠵᠢᠯᠡᠨ ᠥᠷᠨᠢᠭᠦᠯᠵᠦ᠂ ᠤᠬᠠᠭᠤᠯᠬᠤ ᠠᠷᠭ᠎ᠠ ᠵᠠᠮ ᠢ ᠥᠷᠭᠡᠳᠬᠡᠵᠦ᠂ ᠤᠬᠠᠭᠤᠯᠬᠤ ᠠᠷᠭ᠎ᠠ ᠬᠡᠯᠪᠡᠷᠢ ᠶᠢ ᠰᠢᠨᠡᠴᠢᠯᠡᠵᠦ᠂ ᠤᠬᠠᠭᠤᠯᠬᠤ ᠡᠷᠴᠢᠮ ᠢ ᠴᠢᠩᠭᠠᠷᠠᠭᠤᠯᠵᠤ᠂ ᠠᠵᠢᠯ ᠲᠦᠷᠦᠯ ᠤᠨ ᠭᠤᠣᠯ ᠴᠣᠭᠴᠠ ᠳᠤ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠮᠡᠳᠡᠭᠦᠯᠵᠦ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠵᠦ ᠲᠦᠷᠭᠡᠨ ᠡᠳ᠋ᠯᠡᠭᠦᠯᠦᠨ᠎ᠡ᠃ ᠭᠤᠷᠪᠠ ᠳᠤ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠤᠭᠤᠳᠬᠤ ᠶᠢ ᠴᠢᠩᠭᠠᠳᠬᠠᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠬᠦ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠬᠦ᠂ ᠬᠡᠷᠡᠭᠵᠢᠭᠦᠯᠬᠦ ᠶᠢ ᠨᠠᠶᠢᠳᠠᠪᠤᠷᠢᠵᠢᠭᠤᠯᠬᠤ ᠠᠵᠢᠯ ᠤᠨ ᠡᠷᠴᠢᠮ ᠢ ᠵᠣᠬᠢᠴᠠᠭᠤᠯᠤᠨ ᠠᠬᠢᠭᠤᠯᠬᠤ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠴᠠᠭ ᠤᠨ ᠬᠡᠮᠵᠢᠶ᠎ᠡ ᠪᠠ ᠦᠷ᠎ᠡ ᠪᠦᠲᠦᠮᠵᠢ ᠶᠢ ᠰᠠᠶᠢᠲᠤᠷ ᠡᠵᠡᠮᠳᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠨᠡᠶᠢᠭᠡᠮ ᠤᠨ ᠬᠦᠰᠡᠯ ᠱᠠᠭᠠᠷᠳᠠᠯᠭ᠎ᠠ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃             ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠰᠢᠢᠳᠪᠦᠷᠢᠯᠡᠵᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾                  ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号