| | ︽ᠬᠤᠲᠠ ᠶᠢᠨ ᠠᠭᠤᠰᠬᠢ︾ ᠬᠡᠮᠡᠭᠳᠡᠭᠰᠡᠨ ᠮᠣᠳᠣ ᠨᠢ ᠠᠭᠠᠷ ᠢ ᠵᠣᠬᠢᠴᠠᠭᠤᠯᠬᠤ ᠦᠢᠯᠡᠳᠦᠯ ᠢ | ᠪᠠᠳᠠᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠬᠤᠲᠠ ᠶᠢᠨ ᠬᠥᠭᠵᠢᠯᠲᠡ ᠶᠢᠨ ︽ᠭᠡᠷᠡᠴᠢᠯᠡᠭᠴᠢ︾ ᠮᠥᠨ᠂ | ᠡᠷᠲᠡᠨ ᠤ ᠮᠣᠳᠣ ᠨᠠᠷᠠᠲᠤ ᠮᠣᠳᠣ ᠵᠢᠴᠢ ᠪᠡᠯᠡᠳᠬᠡᠯ ᠡᠬᠢ ᠪᠠᠶᠠᠯᠢᠭ ᠨᠢ ᠨᠠᠩ ᠴᠤ ᠡᠶᠢᠮᠦ ᠪᠠᠶᠢᠳᠠᠭ᠃ ᠡᠶᠢᠮᠦ ᠠᠴᠠ᠂ | ᠡᠷᠲᠡᠨ ᠤ ᠮᠣᠳᠣ ᠨᠠᠷᠠᠲᠤ ᠮᠣᠳᠣ ᠵᠢᠴᠢ ᠪᠡᠯᠡᠳᠬᠡᠯ ᠡᠬᠢ ᠪᠠᠶᠠᠯᠢᠭ ᠢ ᠬᠠᠮᠠᠭᠠᠯᠠᠬᠤ ᠪᠣᠯ ᠲᠤᠶᠢᠯ ᠤᠨ ᠴᠢᠬᠤᠯᠠ ᠶᠤᠮ | ᠂ ᠥᠨᠥᠳᠥᠷ ᠪᠢᠳᠡ ᠬᠠᠮᠲᠤ ᠪᠠᠷ ︽ᠬᠤᠲᠠ ᠶᠢᠨ ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠬᠤ | ᠬᠠᠮᠢᠶᠠᠷᠤᠯᠲᠠ ᠶᠢᠨ ᠠᠷᠭ᠎ᠠ︾ ᠶᠢ ᠲᠠᠶᠢᠯᠪᠤᠷᠢᠯᠠᠵᠤ᠂ ᠬᠠᠮᠲᠤ ᠪᠠᠷ ᠡᠷᠲᠡᠨ ᠤ ᠮᠣᠳᠣ ᠨᠠᠷᠠᠲᠤ ᠮᠣᠳᠣ ᠵᠢᠴᠢ ᠪᠡᠯᠡᠳᠬᠡᠯ | ᠡᠬᠢ ᠪᠠᠶᠠᠯᠢᠭ ᠢ ᠬᠡᠷᠬᠢᠨ ᠬᠠᠮᠠᠭᠠᠯᠠᠬᠤ ᠲᠤᠬᠠᠢ ᠣᠶᠢᠯᠠᠭᠠᠶ᠎ᠠ᠃ | | | | ᠨᠢᠭᠡ᠂ ᠶᠠᠮᠠᠷ ᠶᠠᠩᠵᠤ ᠶᠢᠨ ᠮᠣᠳᠣ ᠨᠢ ᠡᠷᠲᠡᠨ ᠤ ᠮᠣᠳᠣ ᠨᠡᠷᠡᠳᠦ ᠮᠣᠳᠣ ᠵᠢᠴᠢ ᠪᠡᠯᠡᠳᠬᠡᠯ ᠡᠬᠢ ᠪᠠᠶᠠᠯᠢᠭ | ᠪᠣᠯᠬᠤ ᠪᠤᠢ | | ︽ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ ᠠᠷᠭ᠎ᠠ︾ ᠶᠢᠨ | ᠭᠤᠷᠪᠠᠳᠤᠭᠠᠷ ᠵᠦᠢᠯ ᠳᠤ᠄ ᠲᠤᠰ ᠠᠷᠭ᠎ᠠ ᠳᠤ ᠬᠡᠯᠡᠵᠦ ᠪᠠᠶᠢᠭ᠎ᠠ ᠡᠷᠲᠡᠨ ᠤ ᠮᠣᠳᠣ ᠭᠡᠳᠡᠭ ᠨᠢ ᠮᠣᠳᠣᠨ ᠤ ᠨᠠᠰᠤ ᠨᠢ | ᠵᠠᠭᠤᠨ ᠵᠢᠯ ᠠᠴᠠ ᠳᠡᠭᠡᠭᠰᠢ ᠪᠠᠶᠢᠬᠤ ᠮᠣᠳᠣ ᠶᠢ ᠪᠠᠭᠲᠠᠭᠠᠨ᠎ᠠ᠃ ᠲᠣᠰ ᠠᠷᠭ᠎ᠠ ᠳᠤ ᠬᠡᠯᠡᠵᠦ ᠪᠠᠶᠢᠭ᠎ᠠ ᠨᠠᠷᠠᠲᠠᠢ ᠮᠣᠳᠣ | ᠭᠡᠳᠡᠭ ᠨᠢ ᠤᠯᠤᠰ ᠤᠨ ᠳᠣᠲᠣᠭᠠᠳᠤ ᠭᠠᠳᠠᠭᠠᠳᠤ ᠳᠤ ᠬᠤᠪᠣᠷ ᠪᠠᠶᠢᠳᠠᠭ ᠵᠢᠴᠢ ᠲᠡᠦᠬᠡ ᠶᠢᠨ ᠦᠨ᠎ᠡ ᠥᠷᠲᠡᠭ ᠲᠠᠢ | ᠪᠠ ᠳᠤᠷᠠᠰᠬᠠᠬᠤ ᠠᠴᠢ ᠬᠤᠯᠪᠣᠭᠳᠠᠯ ᠲᠠᠢ ᠵᠢᠴᠢ ᠴᠢᠬᠤᠯᠠ ᠰᠢᠨᠵᠢᠯᠡᠬᠦ ᠤᠬᠠᠭᠠᠨ ᠤ ᠰᠤᠳᠤᠯᠤᠯ ᠤᠨ ᠦᠨ᠎ᠡ | ᠥᠷᠲᠡᠭ ᠲᠠᠢ ᠮᠣᠳᠣ ᠶᠢ ᠵᠢᠭᠠᠵᠤ ᠪᠣᠶ᠃ ᠳᠥᠷᠪᠡᠳᠦᠭᠡᠷ ᠵᠦᠢᠯ ᠳᠤ᠄ ᠡᠷᠲᠡᠨ ᠤ ᠮᠣᠳᠣ ᠨᠡᠷᠡᠳᠦ ᠮᠣᠳᠣ ᠶᠢ | ᠨᠢᠭᠡᠳᠦᠭᠡᠷ ᠳᠡᠰ ᠪᠠ ᠬᠤᠶᠠᠳᠤᠭᠠᠷ ᠳᠡᠰ ᠭᠡᠵᠦ ᠬᠤᠪᠢᠶᠠᠨ᠎ᠠ᠃ ᠤᠢ ᠮᠣᠳᠣᠨ ᠤ ᠨᠠᠰᠤ ᠵᠢᠯ ᠨᠢ 300 ᠵᠢᠯ ᠠᠴᠠ | ᠳᠡᠭᠡᠭᠰᠢ᠂ ᠡᠰᠡᠬᠦᠯ᠎ᠡ ᠣᠨᠴᠠᠭᠠᠶ ᠬᠤᠪᠣᠷ ᠨᠠᠨᠳᠢᠨ᠂ ᠲᠡᠦᠬᠡ ᠶᠢᠨ ᠴᠢᠬᠤᠯᠠ ᠦᠨ᠎ᠡ ᠴᠡᠨ᠎ᠡ ᠲᠠᠢ ᠪᠠ ᠳᠤᠷᠠᠰᠬᠠᠬᠤ | ᠠᠴᠢ ᠬᠤᠯᠪᠣᠭᠳᠠᠯ ᠲᠠᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠬᠤᠯᠠ ᠦᠨ᠎ᠡ ᠴᠡᠨ᠎ᠡ ᠲᠠᠢ ᠡᠷᠲᠡᠨ ᠤ ᠮᠣᠳᠣ | ᠨᠡᠷᠡᠳᠦ ᠮᠣᠳᠣ ᠪᠦᠬᠦᠠ ᠢ ᠨᠢᠭᠡᠳᠦᠭᠡᠷ ᠳᠡᠰ ᠤᠨ ᠡᠷᠲᠡᠨ ᠤ ᠮᠣᠳᠣ ᠨᠡᠷᠡᠳᠦ ᠮᠣᠳᠣ ᠭᠡᠨ᠎ᠡ᠃ ᠪᠤᠰᠤᠳ ᠨᠢ | ᠬᠤᠶᠠᠳᠤᠭᠠᠷ ᠳᠡᠰ ᠤᠨ ᠪᠤᠰᠤ ᠡᠷᠲᠡᠨ ᠤ ᠮᠣᠳᠣ ᠨᠡᠷᠡᠲᠦ ᠮᠣᠳᠣ ᠪᠣᠯᠣᠨ᠎ᠠ᠃ | | ᠬᠤᠶᠠᠷ᠂ ᠡᠷᠲᠡᠨ ᠤ ᠮᠣᠳᠣ ᠨᠡᠷᠡᠳᠦ ᠮᠣᠳᠣ ᠵᠢᠴᠢ ᠪᠡᠯᠡᠳᠬᠡᠯ ᠡᠬᠢ ᠪᠠᠶᠠᠯᠢᠭ ᠢ ᠬᠡᠨ ᠬᠠᠮᠠᠭᠠᠯᠠᠬᠤ ᠪᠤᠢ | | ︽ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ ᠠᠷᠭ᠎ᠠ︾ ᠶᠢᠨ | ᠳᠣᠯᠣᠳᠤᠭᠠᠷ ᠵᠦᠢᠯ ᠳᠤ᠄ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ ᠠᠵᠢᠯ ᠳᠤ ᠲᠤᠰᠬᠠᠢ | ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠤᠨ ᠬᠠᠮᠠᠭᠠᠯᠠᠨ ᠬᠠᠮᠢᠶᠠᠷᠬᠤ ᠪᠠ ᠨᠢᠭᠡᠴᠢ᠂ ᠬᠤᠪᠢ ᠬᠥᠮᠥᠨ ᠤ | ᠬᠠᠮᠠᠭᠠᠯᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠬᠡᠷᠡᠭᠵᠢᠭᠦᠯᠦᠨ᠎ᠡ᠃ | | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠰᠬᠠᠢ ᠠᠷᠠᠴᠢᠯᠠᠨ ᠬᠠᠮᠠᠭᠠᠯᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠵᠦᠯᠭᠡ ᠭᠠᠵᠠᠷ᠂ ᠴᠡᠴᠡᠷᠯᠢᠭ ᠵᠡᠷᠭᠡ ᠳᠤ | ᠤᠷᠭᠤᠭᠰᠠᠨ ᠡᠷᠲᠡᠨ ᠤ ᠮᠣᠳᠣ ᠨᠠᠷᠠᠲᠤ ᠮᠣᠳᠣ ᠶᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠤᠰᠬᠠᠢ | ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠠᠭᠠᠯᠠᠨ ᠬᠠᠮᠢᠶᠠᠷᠤᠨ᠎ᠠ᠃ | | ᠲᠡᠮᠦᠷ ᠵᠠᠮ᠂ ᠵᠠᠰᠠᠮᠠᠯ ᠵᠠᠮ᠂ ᠭᠤᠣᠯ ᠤᠨ ᠰᠠᠶᠢᠷ ᠤᠨ ᠬᠡᠷᠡᠭᠯᠡᠬᠦ ᠭᠠᠵᠠᠷ ᠤᠨ ᠬᠡᠪᠴᠢᠶᠡᠨ ᠳᠤ ᠤᠷᠭᠤᠵᠤ | ᠪᠠᠶᠢᠭ᠎ᠠ ᠡᠷᠲᠡᠨ ᠤ ᠮᠣᠳᠣ ᠨᠡᠷᠡᠲᠦ ᠮᠣᠳᠣ ᠶᠢ ᠲᠡᠮᠦᠷ ᠵᠠᠮ᠂ ᠵᠠᠰᠠᠮᠠᠯ ᠵᠠᠮ᠂ ᠭᠤᠣᠯ ᠤᠨ ᠰᠠᠶᠢᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠠᠭᠠᠯᠠᠨ ᠬᠠᠮᠢᠶᠠᠷᠤᠨ᠎ᠠ᠃ | | ᠠᠯᠳᠠᠷᠲᠤ ᠦᠵᠡᠮᠵᠢ ᠶᠢᠨ ᠣᠷᠣᠨ ᠳᠤ ᠤᠷᠭᠤᠵᠤ ᠪᠠᠶᠢᠭ᠎ᠠ ᠡᠷᠲᠡᠨ ᠤ ᠮᠣᠳᠣ ᠨᠡᠷᠡᠳᠦ ᠮᠣᠳᠣ ᠶᠢ ᠠᠯᠳᠠᠷᠲᠤ | ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠮᠠᠭᠠᠯᠠᠨ ᠬᠠᠮᠢᠶᠠᠷᠤᠨ᠎ᠠ᠃ | | ᠡᠯ᠎ᠡ ᠨᠢᠭᠡᠴᠢ ᠶᠢᠨ ᠬᠠᠮᠢᠶᠠᠷᠤᠯᠲᠠ ᠶᠢᠨ ᠬᠦᠷᠢᠶᠡᠨ ᠳᠤ ᠵᠢᠴᠢ ᠬᠤᠪᠢ ᠬᠥᠮᠥᠨ ᠤ ᠬᠦᠷᠢᠶ᠎ᠡ ᠬᠠᠰᠢᠶ᠎ᠠ ᠳᠤ | ᠲᠠᠷᠬᠠᠵᠤ ᠪᠠᠶᠢᠭ᠎ᠠ ᠡᠷᠲᠡᠨ ᠤ ᠮᠣᠳᠣ ᠨᠡᠷᠡᠲᠦ ᠮᠣᠳᠣ ᠶᠢ ᠨᠢᠭᠡᠴᠢ ᠪᠠ ᠬᠤᠪᠢ ᠬᠥᠮᠥᠨ ᠬᠠᠮᠠᠭᠠᠯᠠᠵᠤ ᠬᠠᠮᠢᠶᠠᠷᠤᠨ᠎ᠠ᠃ | | | ᠭᠤᠷᠪᠠ᠂ ᠶᠠᠮᠠᠷ ᠠᠵᠢᠯᠯᠠᠭ᠎ᠠ ᠶᠢ ᠴᠢᠩᠭ᠎ᠠ ᠴᠠᠭᠠᠵᠠᠯᠠᠪᠠ | | ︽ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ ᠠᠷᠭ᠎ᠠ︾ ᠶᠢᠨ ᠠᠷᠪᠠᠨ | ᠬᠤᠶᠠᠳᠤᠭᠠᠷ ᠵᠦᠢᠯ ᠳᠤ᠄ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ ᠰᠢᠯᠲᠠᠭᠠᠨ᠂ ᠶᠠᠮᠠᠷᠪᠠ ᠠᠷᠭ᠎ᠠ | ᠮᠠᠶ᠋ᠢᠭ ᠢᠶᠠᠷ ᠡᠷᠲᠡᠨ ᠤ ᠮᠣᠳᠣ ᠨᠡᠷᠡᠳᠦ ᠮᠣᠳᠣ ᠶᠢ ᠣᠭᠲᠣᠯᠬᠤ ᠪᠤᠶᠤ ᠳᠤᠷ᠎ᠠ ᠪᠠᠷ ᠢᠶᠠᠨ ᠰᠢᠯᠵᠢᠭᠦᠯᠦᠨ | ᠤᠷᠭᠤᠭᠤᠯᠵᠤ ᠪᠣᠯᠬᠤ ᠦᠭᠡᠢ ᠭᠡᠵᠦ ᠲᠣᠭᠲᠠᠭᠠᠵᠠᠢ᠃ | | ︽ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ ᠠᠷᠭ᠎ᠠ︾ ᠶᠢᠨ ᠠᠷᠪᠠᠨ | ᠭᠤᠷᠪᠠᠳᠤᠭᠠᠷ ᠵᠦᠢᠯ ᠳᠤ᠄ ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠤᠬᠢᠷᠠᠭᠤᠯᠤᠭᠰᠠᠨ ᠳᠠᠷᠠᠭᠠᠬᠢ | ᠠᠵᠢᠯᠯᠠᠭ᠎ᠠ ᠨᠤᠭᠤᠳ ᠢ ᠴᠢᠩᠭ᠎ᠠ ᠴᠠᠭᠠᠵᠠᠯᠠᠨ᠎ᠠ᠄ | | ︵ᠨᠢᠭᠡ︶ ᠮᠣᠳᠣᠨ ᠳᠡᠭᠡᠷ᠎ᠡ ᠶᠠᠭᠤᠮ᠎ᠠ ᠰᠡᠶᠢᠯᠬᠦ᠂ ᠨᠠᠭᠠᠬᠤ ᠪᠤᠶᠤ ᠡᠯᠭᠦᠬᠦ᠃ | | ︵ᠬᠤᠶᠠᠷ︶ ᠪᠠᠷᠢᠯᠭ᠎ᠠ ᠶᠢᠨ ᠠᠵᠢᠯ ᠬᠢᠬᠦ ᠵᠡᠷᠭᠡ ᠠᠵᠢᠯ ᠢ ᠬᠢᠬᠦ ᠳᠡᠭᠡᠨ ᠮᠣᠳᠣ ᠪᠠᠷ ᠲᠤᠯᠭᠠᠭᠤᠷᠢ ᠪᠣᠯᠭᠠᠬᠤ | ᠪᠤᠶᠤ ᠲᠣᠭᠲᠠᠮᠠᠯ ᠶᠠᠭᠤᠮ᠎ᠠ ᠪᠣᠯᠭᠠᠬᠤ᠃ | | ︵ᠭᠤᠷᠪᠠ︶ ᠮᠣᠳᠣᠨ ᠳᠤ ᠠᠪᠠᠷᠢᠬᠤ᠂ ᠰᠠᠯᠠᠭ᠎ᠠ ᠨᠠᠮᠠᠭ᠎ᠠ ᠶᠢ ᠨᠢ ᠬᠤᠭᠤᠯᠬᠤ᠂ ᠦᠨᠳᠦᠰᠦ ᠶᠢ ᠨᠢ | ᠤᠬᠤᠵᠤ ᠵᠢᠮᠢᠰ ᠤᠨ ᠦᠷ᠎ᠡ ᠶᠢ ᠲᠡᠭᠦᠬᠦ ᠪᠤᠶᠤ ᠮᠣᠳᠣᠨ ᠤ ᠰᠠᠯᠠᠭ᠎ᠠ᠂ ᠮᠣᠳᠣᠨ ᠤ ᠡᠰᠢ᠂ ᠮᠣᠳᠣᠨ ᠤ ᠬᠠᠯᠢᠰᠤ ᠶᠢ | ᠱᠠᠭᠠᠯᠵᠤ ᠰᠦᠢᠳᠬᠡᠬᠦ᠃ | | ︵ᠳᠥᠷᠪᠡ︶ ᠮᠣᠳᠣᠨ ᠰᠠᠷᠠᠪᠴᠢ ᠠᠴᠠ ᠡᠭᠴᠡ ᠲᠤᠰᠬᠠᠯᠲᠠ ᠶᠢᠨ 5 ᠮᠧ⌲ᠷ᠊ ᠤᠨ ᠬᠡᠪᠴᠢᠶᠡᠨ ᠳᠣᠲᠣᠷ᠎ᠠ | ᠪᠣᠳᠠᠰ ᠤᠨ ᠮᠠᠲ᠋ᠧᠷᠢᠶᠠᠯ ᠣᠪᠣᠭᠠᠯᠠᠵᠤ ᠲᠠᠯᠪᠢᠬᠤ᠂ ᠨᠦᠬᠡ ᠮᠠᠯᠲᠠᠨ ᠰᠢᠷᠣᠢ ᠠᠪᠬᠤ᠂ ᠲᠥᠷ ᠴᠠᠭ ᠤᠨ | ᠪᠡᠯᠡᠳᠬᠡᠮᠵᠢ ᠶᠢᠨ ᠪᠠᠷᠢᠯᠭ᠎ᠠ ᠪᠠᠷᠢᠬᠤ᠂ ᠬᠥᠨᠥᠭᠡᠯᠲᠡᠢ ᠪᠣᠬᠢᠷ ᠤᠰᠤ᠂ ᠪᠣᠬᠢᠷ ᠪᠣᠳᠠᠰ ᠬᠤᠭ ᠨᠣᠪᠰᠢ ᠴᠢᠳᠬᠤᠬᠤ᠂ | ᠢᠯᠡ ᠭᠠᠯ ᠬᠡᠷᠡᠭᠯᠡᠬᠦ ᠪᠤᠶᠤ ᠤᠳᠤᠭ᠎ᠠ ᠭᠠᠳᠠᠭᠰᠢᠯᠠᠭᠤᠯᠬᠤ | | ︵ᠲᠠᠪᠤ︶ ᠳᠤᠷ᠎ᠠ ᠪᠠᠷ ᠢᠶᠠᠨ ᠰᠢᠯᠵᠢᠭᠦᠯᠦᠨ ᠤᠷᠭᠤᠭᠤᠯᠤᠭᠰᠠᠨ᠂ ᠣᠭᠲᠣᠯᠣᠭᠰᠠᠨ᠂ ᠰᠢᠯᠵᠢᠭᠦᠯᠦᠨ | ᠥᠭᠭᠦᠭᠰᠡᠨ ᠬᠤᠳᠠᠯᠳᠤᠭᠠᠯᠠᠬᠤ᠃ | | ︽ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ ᠠᠷᠭ᠎ᠠ︾ ᠶᠢᠨ ᠠᠷᠪᠠᠨ | ᠳᠥᠷᠪᠡᠳᠦᠭᠡᠷ ᠵᠦᠢᠯ ᠳᠤ᠄ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ | ᠪᠠᠶᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠨᠢ ᠡᠷᠲᠡᠨ ᠤ ᠮᠣᠳᠣ ᠨᠡᠷᠡᠳᠦ ᠮᠣᠳᠣᠨ ᠤ ᠤᠷᠭᠤᠯᠲᠠ ᠶᠢ | ᠨᠥᠯᠥᠭᠡᠯᠡᠬᠦ ᠳᠤ ᠬᠦᠷᠪᠡᠯ᠂ ᠪᠦᠲᠦᠭᠡᠨ ᠪᠠᠶᠢᠭᠤᠯᠬᠤ ᠨᠢᠭᠡᠴᠢ ᠨᠢ ᠡᠷᠬᠡᠪᠰᠢ ᠵᠠᠶᠢᠯᠠᠵᠤ ᠥᠭᠬᠦ ᠪᠠ ᠬᠠᠮᠠᠭᠠᠯᠠᠬᠤ | ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ ᠭᠡᠵᠦ ᠲᠣᠭᠲᠠᠭᠠᠵᠠᠢ᠃ | | ᠡᠭᠦᠨ ᠤ ᠵᠡᠷᠭᠡᠴᠡᠭᠡᠪᠡᠷ᠂ ︽ᠬᠤᠳᠠ ᠶᠢᠨ ᠡᠷᠲᠡᠨ ᠤ ᠮᠣᠳᠣ ᠨᠡᠷᠡᠳᠦ ᠮᠣᠳᠣ ᠶᠢ ᠬᠠᠮᠠᠭᠠᠯᠠᠨ ᠬᠠᠮᠢᠶᠠᠷᠬᠤ | ᠠᠷᠭ᠎ᠠ︾ ᠶᠢᠨ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠠᠷᠪᠠᠨ ᠨᠠᠢᠮᠠᠳᠤᠭᠠᠷ ᠵᠦᠢᠯ᠂ | ᠠᠷᠪᠠ ᠶᠢᠰᠦᠳᠦᠭᠡᠷ ᠵᠦᠢᠯ ᠳᠤ ᠲᠣᠭᠲᠠᠭᠠᠯ ᠢ ᠵᠥᠷᠢᠴᠡᠭᠰᠡᠨ᠂ ᠰᠠᠶᠢᠲᠤᠷ ᠬᠠᠮᠠᠭᠠᠯᠠᠭᠰᠠᠨ ᠦᠭᠡᠢ᠂ | ᠲᠥᠬᠦᠭᠡᠷᠦᠮᠵᠢ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ ᠳᠤ ᠲᠤᠰ ᠲᠤᠰ ᠵᠣᠬᠢᠴᠠᠩᠭᠤᠢ ᠰᠢᠢᠳᠪᠦᠷᠢᠯᠡᠬᠦ ᠠᠷᠭ᠎ᠠ᠂ | ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠲᠣᠭᠲᠠᠭᠠᠵᠠᠢ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠬᠤᠲᠠ ᠶᠢᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠳᠠᠮᠵᠢᠭᠤᠯᠤᠨ ᠨᠡᠶᠢᠲᠡᠯᠡᠭᠰᠡᠨ ︽ | ᠬᠤᠲᠠ ᠶᠢᠨ ᠡᠷᠲᠡᠨ ᠤ ᠮᠣᠳᠣ ᠨᠠᠷᠠᠲᠤ ᠮᠣᠳᠣ ᠶᠢ ᠬᠠᠮᠠᠭᠠᠯᠠᠨ ᠬᠠᠮᠢᠶᠠᠷᠬᠤ ᠠᠷᠭ᠎ᠠ︾ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ | ᠦᠢᠯᠡᠴᠢᠯᠡᠭᠡᠨ ᠤ ᠲᠥᠪ | | | |