︽ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾  ᠤᠨ ᠲᠤᠬᠠᠢ ᠠᠯᠠᠱᠠ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/18
           ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠵᠠᠬᠢᠷᠭ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠤᠯᠠᠮᠵᠢᠯᠠᠯᠲᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠣᠯᠠᠨ ᠲᠦᠮᠡᠨ ᠤ ᠴᠢᠨᠠᠷ ᠰᠠᠶᠢᠲᠠᠢ᠂ ᠣᠯᠠᠨ ᠶᠠᠩᠵᠤ ᠶᠢᠨ᠂ ᠵᠥᠷᠢᠶᠡᠲᠦ ᠴᠢᠨᠠᠷ ᠲᠠᠢ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠨ᠎ᠠ᠂ ᠲᠦᠷᠦᠭᠦᠬᠡᠨ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠲᠣᠭᠲᠠᠭᠠᠭᠰᠠᠨ ᠠᠬᠤᠢ ᠪᠠᠶᠢᠳᠠᠯ ᠵᠢᠴᠢ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄            ᠨᠢᠭᠡ᠂ ᠲᠣᠭᠲᠠᠭᠠᠭᠰᠠᠨ ᠠᠬᠤᠢ ᠪᠠᠶᠢᠳᠠᠯ            ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2016﹈ 58 ᠳ᠋ᠤᠭᠠᠷ ᠲᠣᠭᠠᠲᠤ︶᠂ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︾ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 190 ᠳ᠋ᠦ᠋ᠭᠡᠷ ᠲᠣᠭᠠᠲᠤ︶᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠠᠷᠤ ᠵᠠᠬᠢᠷᠭ᠎ᠠ ᠠᠯᠪᠠᠨ ᠲᠠᠷᠬᠠᠭᠠᠭᠰᠠᠨ ﹇2018﹈ 70 ᠳ᠋ᠤᠭᠠᠷ ᠲᠣᠭᠠᠲᠤ︶ ᠂ ᠴᠥᠮ ︽ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠵᠦ᠂ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠬᠦ︾ ᠰᠡᠳᠬᠢᠴᠡ ᠶᠣᠰᠣᠭᠠᠷ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠠ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠶᠢ ᠨᠢᠭᠡᠳᠦᠯᠲᠡᠢ ᠲᠥᠯᠥᠪᠯᠡᠨ ᠬᠥᠭᠵᠢᠭᠦᠯᠵᠦ᠂ ᠣᠷᠣᠨ ᠪᠠᠶᠢᠷᠢ ᠵᠥᠷᠢᠭᠦᠯᠦᠨ ᠬᠥᠭᠵᠢᠭᠦᠯᠬᠦ ᠪᠠ ᠵᠦᠷᠢᠶᠡᠵᠢᠬᠦᠯᠦᠨ ᠡᠵᠡᠩᠨᠡᠬᠦ ᠶᠢ ᠬᠡᠷᠡᠭᠵᠢᠭᠦᠯᠵᠦ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠦᠷᠦᠯ ᠤᠨ ᠬᠠᠮᠢᠶᠠᠷᠤᠯᠲᠠ ᠶᠢᠨ ᠪᠠᠶᠢᠭᠤᠯᠤᠯ ᠪᠠ ᠡᠵᠡᠩᠨᠡᠯᠲᠡ ᠶᠢᠨ ᠵᠠᠭᠪᠤᠷ ᠢ ᠵᠢᠷᠤᠮᠵᠢᠭᠤᠯᠤᠨ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠦᠷᠦᠯ ᠪᠠ ᠢᠨᠲ᠋ᠧᠷ ᠰᠦᠯᠵᠢᠶ᠎ᠡ ᠶᠢᠨ ᠠᠭᠤᠰᠤᠯᠳᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠠᠮᠤᠷ ᠲᠦᠪᠰᠢᠨ᠂ ᠳᠥᠭᠦᠮ ᠳᠥᠲᠡ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠶᠠᠪᠤᠵᠤ ᠰᠠᠭᠤᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃             ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 190 ᠳ᠋ᠦ᠋ᠭᠡᠷ ᠲᠣᠭᠠᠲᠤ︶ ᠤᠨ ᠶᠢᠰᠦᠳᠦᠭᠡᠷ ᠵᠦᠢᠯ ᠤᠨ ︽ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠢᠨᠠᠷ ᠰᠠᠶᠢᠲᠠᠢ ᠦᠢᠯᠡᠴᠢᠯᠡᠬᠦ᠂ ᠵᠦᠷᠢᠶᠡᠵᠢᠬᠦᠯᠦᠨ ᠡᠵᠡᠩᠨᠡᠬᠦ ᠵᠠᠷᠴᠢᠮ ᠶᠣᠰᠣᠭᠠᠷ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠡᠷᠭᠡ ᠬᠥᠰᠬᠡ ᠶᠢᠨ ᠪᠣᠳᠠᠲᠠᠢ ᠪᠠᠷᠢᠮᠵᠢᠶ᠎ᠠ᠂ ᠡᠵᠡᠩᠨᠡᠯᠲᠡ ᠶᠢᠨ ᠱᠠᠭᠠᠷᠳᠠᠯᠭ᠎ᠠ ᠪᠠ ᠵᠢᠯᠣᠭᠤᠴᠢ ᠶᠢᠨ ᠱᠠᠭᠠᠷᠳᠠᠯᠭ᠎ᠠ ᠵᠡᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ︾ ᠭᠡᠵᠡᠢ᠃            ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠶᠢᠨ ᠵᠠᠬᠢᠷᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ ᠂ ᠤᠯᠠᠮᠵᠢᠯᠠᠯᠲᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠣᠯᠠᠨ ᠲᠦᠮᠡᠨ ᠤ ᠥᠨᠳᠥᠷ ᠶᠠᠰᠤ ᠴᠢᠨᠠᠷ ᠲᠠᠢ᠂ ᠣᠯᠠᠨ ᠶᠠᠩᠵᠤ ᠶᠢᠨ᠂ ᠵᠥᠷᠢᠶᠡᠲᠦ ᠴᠢᠨᠠᠷ ᠲᠠᠢ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠬᠥᠭᠵᠢᠯᠲᠡ ᠶᠢ ᠵᠢᠷᠤᠮᠵᠢᠭᠤᠯᠤᠨ᠂ ᠡᠯ᠎ᠡ ᠲᠠᠯ᠎ᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠵᠡᠩᠨᠡᠯᠲᠡ ᠶᠢᠨ ᠠᠮᠤᠷ ᠲᠦᠪᠰᠢᠨ ᠪᠠ ᠡᠯ᠎ᠡ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠬᠡᠷᠡᠭᠵᠢᠭᠦᠯᠬᠦ ᠨᠠᠷᠢᠨ ᠳᠦᠷᠢᠮ︾  ᠢ ᠲᠣᠭᠲᠠᠭᠠᠪᠠ᠃            ᠬᠤᠶᠠᠷ᠂ ᠲᠣᠭᠲᠠᠭᠠᠬᠤ ᠦᠨᠳᠦᠰᠦᠯᠡᠯ            1. ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠲᠦᠷᠢᠶᠡᠰᠦᠨ ᠮᠠᠰᠢᠨ ᠲᠡᠷᠭᠡᠨ ᠤ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠦᠷᠦ ᠠᠯᠪᠠᠨ ᠲᠠᠷᠬᠠᠭᠠᠭᠰᠠᠨ ﹇2016﹈ 58 ᠳ᠋ᠤᠭᠠᠷ ᠲᠣᠭᠠᠲᠤ︶᠃            2. ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ᠂ ᠶᠠᠰᠤ ᠴᠢᠨᠠᠷ ᠤᠨ ᠪᠠᠶᠢᠴᠠᠭᠠᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠵᠠᠷᠯᠢᠭ 2016 ᠣᠨ ᠤ 60 ᠳ᠋ᠤᠭᠠᠷ ᠲᠣᠭᠠᠲᠤ︶ ︵2019 ᠣᠨ ᠤ 11 ᠰᠠᠷ᠎ᠠ ᠶᠢᠨ 20 ᠤ ᠡᠳᠦᠷ᠂ ᠵᠠᠮ ᠲᠡᠭᠡᠭᠡᠪᠦᠷᠢ ᠶᠢᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ﹇ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 46 ᠳ᠋ᠤᠭᠠᠷ ᠲᠣᠭᠠᠲᠤ﹈︶ ᠳᠤ ᠵᠠᠰᠠᠪᠤᠷᠢ ᠣᠷᠣᠭᠤᠯᠪᠠ᠃            3. ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ︵ᠵᠠᠮ ᠲᠡᠭᠡᠭᠡᠪᠦᠷᠢ ᠶᠢᠨ ᠶᠠᠮᠤᠨ ᠤ 2011 ᠣᠨ ᠤ 13 ᠳ᠋ᠤᠭᠠᠷ ᠲᠣᠭᠠᠲᠤ ᠵᠠᠷᠯᠢᠭ︶ ︵2016 ᠣᠨ ᠤ 7 ᠳ᠋ᠤᠭᠠᠷ ᠰᠠᠷ᠎ᠠ ᠶᠢᠨ 26 ᠤ ᠡᠳᠦᠷ ᠵᠠᠮ ᠲᠡᠭᠡᠭᠡᠪᠦᠷᠢ ᠶᠢᠨ ᠶᠠᠮᠤᠨ ᠤ ᠵᠠᠷᠯᠢᠭ 2016 ᠣᠨ ᠤ 63 ᠳ᠋ᠤᠭᠠᠷ ᠲᠣᠭᠠᠲᠤ᠂ 2021 ᠣᠨ ᠤ 6 ᠳ᠋ᠤᠭᠠᠷ ᠰᠠᠷ᠎ᠠ ᠶᠢᠨ 23 ᠤ ᠡᠳᠦᠷ ᠵᠠᠮ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 15 ᠳ᠋ᠤᠭᠠᠷ ᠲᠣᠭᠠᠲᠤ ᠵᠠᠰᠠᠪᠤᠷᠢ ᠣᠷᠣᠭᠤᠯᠪᠠ︶᠃            4. ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠲᠢᠩᠬᠢᠮ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠲᠢᠩᠬᠢᠮ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠠᠯᠪᠠᠨ ᠲᠢᠩᠬᠢᠮ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠠᠯᠪᠠᠨ ᠲᠢᠩᠬᠢᠮ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠨᠠᠷᠢᠨ ᠮᠡᠳᠡᠭᠳᠡᠯ︾ ︵ᠲᠤᠰᠢᠶᠠᠨ ᠰᠢᠢᠳᠪᠦᠷᠢᠯᠡᠭᠦᠯᠬᠦ ᠲᠡᠭᠡᠭᠡᠪᠦᠷᠢ ﹇2022﹈ 6 ᠳ᠋ᠤᠭᠠᠷ ᠲᠣᠭᠠᠲᠤ︶᠃            5. ︽ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 190 ᠳ᠋ᠦ᠋ᠭᠡᠷ ᠲᠣᠭᠠᠲᠤ︶᠃            6. ︽ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠲᠦᠷᠭᠡᠳᠬᠡᠨ ᠠᠬᠢᠭᠤᠯᠬᠤ ᠬᠤᠯᠪᠣᠭᠳᠠᠯ ᠪᠦᠬᠦᠢ ᠠᠵᠢᠯ ᠤᠨ ᠲᠤᠬᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠳᠠᠮᠵᠢᠭᠤᠯᠤᠨ ᠲᠠᠷᠬᠠᠭᠠᠬᠤ︾ ︵ᠥᠪᠥᠷ ᠲᠤᠰᠢᠶᠠᠨ ᠲᠠᠷᠬᠠᠭᠠᠬᠤ ﹇2019﹈ 37 ᠳ᠋ᠤᠭᠠᠷ ᠲᠣᠭᠠᠲᠤ︶            7. ︽ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠠᠷᠤ ᠵᠠᠬᠢᠷᠭ᠎ᠠ ᠠᠯᠪᠠᠨ ᠲᠠᠷᠬᠠᠭᠠᠭᠰᠠᠨ ﹇2018﹈ 70 ᠳ᠋ᠤᠭᠠᠷ ᠲᠣᠭᠠᠲᠤ︶            ᠭᠤᠷᠪᠠ᠂ ᠭᠤᠣᠯ ᠠᠭᠤᠯᠭ᠎ᠠ             ︽ᠬᠡᠷᠡᠭᠵᠢᠭᠦᠯᠬᠦ ᠨᠠᠷᠢᠨ ᠳᠦᠷᠢᠮ︾  ᠳᠤ ᠨᠡᠶᠢᠲᠡ ᠲᠤᠯᠤᠭᠠᠨ ᠪᠦᠯᠦᠭ ᠳᠥᠴᠢᠨ ᠲᠠᠪᠤᠨ ᠵᠦᠢᠯ ᠲᠠᠢ᠃ ᠡᠭᠦᠨ ᠳᠤ ᠭᠤᠣᠯᠳᠠᠭᠤ ᠶᠡᠷᠦᠩᠬᠡᠢ ᠳᠦᠷᠢᠮ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠡᠷᠭᠡ ᠪᠣᠯᠣᠨ ᠵᠢᠯᠣᠭᠤᠴᠢ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ᠂ ᠬᠢᠨᠠᠯᠲᠠ ᠪᠠᠶᠢᠴᠠᠭᠠᠯᠲᠠ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠭᠰᠠᠨ ᠳᠦᠷᠢᠮ ᠵᠡᠷᠭᠡ ᠠᠭᠤᠯᠭ᠎ᠠ ᠪᠠᠭᠲᠠᠨ᠎ᠠ᠃            ᠨᠢᠭᠡᠳᠦᠭᠡᠷ ᠪᠦᠯᠦᠭ ︽ᠶᠡᠷᠦᠩᠬᠡᠢ ᠳᠦᠷᠢᠮ︾  ᠳᠤ ᠨᠡᠶᠢᠳᠡ ᠲᠦᠷᠪᠡᠨ ᠵᠦᠢᠯ ᠪᠤᠢ᠃ ᠡᠭᠦᠨ ᠳᠤ ᠭᠤᠣᠯᠳᠠᠭᠤ ︽ᠬᠡᠷᠡᠭᠵᠢᠭᠦᠯᠬᠦ ᠨᠠᠷᠢᠨ ᠳᠦᠷᠢᠮ︾  ᠢ ᠲᠣᠭᠲᠠᠭᠠᠬᠤ ᠦᠨᠳᠦᠰᠦᠯᠡᠯ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠤᠬᠠᠭᠳᠠᠬᠤᠨ᠂ ᠬᠥᠭᠵᠢᠯᠲᠡ ᠶᠢᠨ ᠵᠠᠷᠴᠢᠮ ᠪᠠ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠲᠣᠳᠣᠷᠬᠠᠶᠢᠯᠠᠪᠠ᠃            ᠬᠤᠶᠠᠳᠤᠭᠠᠷ ᠪᠦᠯᠦᠭ ︽ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ︾᠂ ᠨᠡᠶᠢᠲᠡ ᠨᠠᠢᠮᠠᠨ ᠵᠦᠢᠯ ᠪᠠᠶᠢᠨ᠎ᠠ᠃ ᠡᠭᠦᠨ ᠳᠤ ᠭᠤᠣᠯᠳᠠᠭᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠨᠥᠬᠦᠴᠡᠯ᠂ ᠭᠤᠶᠤᠴᠢᠯᠠᠨ ᠮᠡᠳᠡᠭᠦᠯᠵᠦ ᠵᠥᠪᠰᠢᠶᠡᠷᠡᠭᠦᠯᠬᠦ ᠲᠠᠰ ᠳᠠᠷᠠᠭᠠᠯᠠᠯ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ ᠡᠵᠡᠩᠨᠡᠯᠲᠡ ᠶᠢᠨ ᠬᠤᠭᠤᠴᠠᠭ᠎ᠠ ᠬᠢᠵᠠᠭᠠᠷ᠂ ᠠᠵᠤ ᠠᠬᠤᠶᠢᠯᠠᠯ ᠤᠨ ᠬᠤᠪᠢᠷᠠᠭᠤᠯᠤᠯᠲᠠ ᠵᠡᠷᠭᠡ ᠠᠭᠤᠯᠭ᠎ᠠ ᠪᠠᠭᠲᠠᠨ᠎ᠠ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠴᠢ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠬᠠᠷᠢᠶᠠᠲᠤ ᠣᠷᠣᠨᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠪᠤᠶᠤ ᠠᠯᠠᠱᠠ ᠵᠡᠭᠦᠨ ᠬᠤᠰᠢᠭᠤᠨ ᠤ ᠡᠵᠡᠩᠨᠡᠯᠲᠡ ᠶᠢᠨ ᠦᠨᠡᠮᠯᠡᠯ ᠲᠠᠢ ᠭᠠᠳᠠᠷ ᠣᠷᠣᠨ ᠤ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠤ ᠰᠠᠯᠪᠤᠷᠢ ᠪᠠᠶᠢᠭᠤᠯᠤᠮᠵᠢ ᠨᠢ ᠠᠯᠠᠱᠠ ᠵᠡᠭᠦᠨ ᠬᠤᠰᠢᠭᠤᠨ ᠳᠤ ᠵᠣᠬᠢᠬᠤ ᠦᠢᠯᠡᠴᠢᠯᠡᠭᠡᠨ ᠤ ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ᠃            ᠭᠤᠷᠪᠠᠳᠤᠭᠠᠷ ᠪᠦᠯᠦᠭ ︽ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠪᠠ ᠵᠢᠯᠣᠭᠤᠴᠢ︾᠂ ᠨᠡᠶᠢᠲᠡ ᠲᠤᠯᠤᠭᠠᠨ ᠵᠦᠢᠯ᠃ ᠡᠭᠦᠨ ᠳᠤ ᠭᠤᠣᠯᠳᠠᠭᠤ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠡᠵᠡᠩᠨᠡᠯᠲᠡ ᠬᠢᠬᠦ ᠪᠠᠷ ᠪᠠᠶᠢᠭ᠎ᠠ ᠲᠡᠷᠭᠡ ᠬᠥᠰᠬᠡ ᠶᠢᠨ ᠨᠥᠬᠦᠴᠡᠯ᠂ ᠭᠤᠶᠤᠴᠢᠯᠠᠨ ᠮᠡᠳᠡᠭᠦᠯᠵᠦ ᠵᠥᠪᠰᠢᠶᠡᠷᠡᠭᠦᠯᠬᠦ ᠲᠠᠰ ᠳᠠᠷᠠᠭᠠᠯᠠᠯ᠂ ᠬᠡᠷᠡᠭᠯᠡᠭᠡᠨ ᠠᠴᠠ ᠭᠠᠷᠭᠠᠬᠤ ᠪᠠ ᠭᠠᠷᠭᠠᠬᠤ ᠨᠥᠬᠦᠴᠡᠯ ᠪᠣᠯᠣᠨ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠦᠢᠯᠡᠴᠢᠯᠡᠭᠡ ᠬᠢᠬᠦ ᠪᠠᠷ ᠪᠠᠶᠢᠭ᠎ᠠ ᠵᠢᠯᠣᠭᠤᠴᠢ ᠶᠢᠨ ᠵᠥᠪᠰᠢᠶᠡᠷᠡᠯ ᠤᠨ ᠨᠥᠬᠦᠴᠡᠯ ᠵᠡᠷᠭᠡ ᠠᠭᠤᠯᠭ᠎ᠠ ᠪᠠᠭᠲᠠᠨ᠎ᠠ᠃            1. ᠰᠦᠯᠵᠢᠶᠡᠨ ᠳᠡᠭᠡᠷ᠎ᠡ ᠪᠣᠯᠵᠣᠭᠰᠠᠨ ᠲᠡᠷᠭᠡ ᠬᠥᠰᠬᠡ ᠶᠢᠨ ᠵᠥᠪᠰᠢᠶᠡᠷᠡᠯ ᠤᠨ ᠨᠥᠬᠦᠴᠡᠯ ᠤᠨ ᠲᠠᠯ᠎ᠠ ᠪᠠᠷ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠯᠢᠭ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠭᠤᠷᠪᠠᠨ ᠵᠦᠢᠯ ᠤᠨ ᠬᠠᠷᠢᠶᠠᠲᠤ ᠣᠷᠣᠨᠴᠢᠯᠠᠬᠤ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠨᠢᠭᠡ ᠳᠤ᠂ ᠲᠡᠷᠭᠡ ᠬᠥᠰᠬᠡ ᠶᠢᠨ ᠬᠡᠷᠡᠭᠯᠡᠭᠡᠨ ᠤ ᠰᠢᠨᠵᠢ ᠴᠢᠨᠠᠷ ᠢ ︽ᠰᠦᠯᠵᠢᠶ᠎ᠡ ᠪᠠᠷ ᠤᠷᠢᠳᠴᠢᠯᠠᠨ ᠪᠣᠯᠵᠣᠵᠤ ᠲᠦᠷᠢᠶᠡᠰᠦᠯᠡᠭᠦᠯᠦᠭᠰᠡᠨ ᠠᠶᠠᠨᠴᠢᠳ ᠤᠨ ᠲᠡᠭᠡᠭᠡᠪᠦᠷᠢ︾ ᠭᠡᠵᠦ ᠳᠠᠩᠰᠠᠯᠠᠭᠤᠯᠤᠭᠰᠠᠨ 7 ᠰᠠᠭᠤᠳᠠᠯ ᠠᠴᠠ ᠳᠣᠷᠣᠭᠰᠢᠬᠢ ᠰᠠᠭᠤᠳᠠᠯ ᠤᠨ ᠮᠠᠰᠢᠨ᠂ ᠲᠡᠷᠭᠡ ᠶᠠᠪᠤᠭᠤᠯᠬᠤ ᠦᠨᠡᠮᠯᠡᠯ ᠳᠤ ᠲᠣᠳᠣᠷᠬᠠᠢ ᠲᠡᠮᠳᠡᠭᠯᠡᠭᠰᠡᠨ ᠠᠩᠬ᠎ᠠ ᠤᠳᠠᠭ᠎ᠠ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠠᠴᠠ ᠭᠤᠶᠤᠴᠢᠯᠠᠭᠰᠠᠨ ᠡᠳᠦᠷ ᠪᠣᠯᠲᠠᠯ᠎ᠠ 24 ᠰᠠᠷ᠎ᠠ ᠳᠦᠭᠦᠷᠦᠭᠡᠳᠦᠢ᠂ ᠰᠢᠢᠳᠪᠦᠷᠢᠯᠡᠵᠦ ᠳᠠᠭᠤᠰᠬᠠᠭᠠᠳᠤᠢ ᠵᠠᠮ ᠬᠠᠷᠢᠯᠴᠠᠭᠠᠨ ᠤ ᠠᠳᠡᠯ ᠪᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠃ ᠬᠤᠶᠠᠷ ᠲᠤ ᠲᠡᠷᠭᠡ ᠬᠥᠰᠬᠡ ᠵᠣᠬᠢᠴᠠᠩᠭᠤᠢ ᠳᠠᠭᠠᠳᠬᠠᠯ ᠳᠤ ᠣᠷᠣᠬᠤ ᠬᠡᠷᠡᠭᠲᠡᠢ᠃ ᠭᠤᠷᠪᠠ ᠳᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠲᠠᠢ ᠠᠳᠠᠯᠢ ᠪᠤᠶᠤ ᠠᠳᠠᠯᠢᠪᠲᠤᠷ ᠲᠡᠷᠭᠡ ᠬᠥᠰᠬᠡ ᠶᠢᠨ ᠭᠠᠳᠠᠷ ᠪᠠᠶᠢᠳᠠᠯ ᠪᠠ ᠥᠩᠭᠡ ᠶᠢ ᠪᠠᠶᠢᠷᠢᠯᠠᠭᠤᠯᠵᠤ ᠪᠣᠯᠬᠤ ᠦᠭᠡᠢ᠂ ᠣᠷᠣᠢ ᠶᠢᠨ ᠳ᠋ᠧᠩ᠂ ᠬᠤᠭᠤᠰᠤᠨ ᠠᠴᠢᠶᠠᠨ ᠤ ᠳ᠋ᠧᠩ᠂ ᠦᠨ᠎ᠡ ᠪᠤᠳᠤᠬᠤ ᠮᠠᠰᠢᠨ ᠵᠡᠷᠭᠡ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠲᠤᠰᠬᠠᠢ ᠦᠢᠯᠡᠴᠢᠯᠡᠭᠡᠨ ᠤ ᠪᠡᠯᠡᠳᠬᠡᠮᠵᠢ ᠲᠥᠬᠦᠭᠡᠷᠦᠮᠵᠢ ᠤᠭᠰᠠᠷᠠᠵᠤ ᠪᠣᠯᠬᠤ ᠦᠭᠡᠢ᠃            2. ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠵᠢᠯᠣᠭᠤᠴᠢ ᠶᠢᠨ ᠵᠥᠪᠰᠢᠶᠡᠷᠡᠯ ᠤᠨ ᠨᠥᠬᠦᠴᠡᠯ ᠤᠨ ᠲᠠᠯ᠎ᠠ ᠪᠠᠷ᠃ ᠠᠶᠠᠨᠴᠢᠳ ᠤᠨ ᠠᠶᠠᠯᠠᠯ ᠤᠨ ᠠᠮᠤᠷ ᠲᠦᠪᠰᠢᠨ ᠢ ᠪᠠᠲᠤᠯᠠᠬᠤ ᠨᠠᠭᠠᠲᠤ ᠵᠠᠬ᠎ᠠ ᠶᠢᠨ ᠱᠠᠭᠠᠷᠳᠠᠯᠭ᠎ᠠ ᠶᠣᠰᠣᠭᠠᠷ᠂ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠯᠢᠭ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠬᠤᠶᠠᠷ ᠵᠦᠢᠯ ᠤᠨ ᠬᠠᠷᠢᠶᠠᠲᠤ ᠣᠷᠣᠨᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠨᠢᠭᠡ ᠳᠤ ᠪᠦᠬᠦᠯᠢ 60 ᠨᠠᠰᠤᠨ ᠠᠴᠠ ᠬᠡᠲᠦᠷᠡᠭᠦᠯᠬᠦ ᠦᠭᠡᠢ᠃ ᠬᠤᠶᠠᠷ ᠲᠤ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠲᠡᠮᠳᠡᠭᠯᠡᠯ ᠪᠠᠶᠢᠬᠤ ᠦᠭᠡᠢ᠃            ᠳᠥᠷᠪᠡᠳᠦᠭᠡᠷ ᠪᠦᠯᠦᠭ ︽ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ︾᠂ ᠨᠡᠶᠢᠲᠡ ᠠᠷᠪᠠᠨ ᠭᠤᠷᠪᠠᠨ ᠵᠦᠢᠯ᠃ ᠭᠤᠣᠯᠳᠠᠭᠤ ᠲᠠᠪᠴᠠᠩ ᠺᠣᠮᠫᠠᠨᠢ ᠶᠢᠨ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠯᠢᠭ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠳᠥᠷᠪᠡᠨ ᠵᠦᠢᠯ ᠤᠨ ᠬᠠᠷᠢᠶᠠᠲᠤ ᠣᠷᠣᠨᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠨᠢᠭᠡ ᠳᠤ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠶᠢᠨ ᠲᠡᠭᠡᠭᠡᠪᠦᠷᠢ ᠶᠢᠨ ᠦᠨ᠎ᠡ ᠶᠢᠨ ᠳᠦᠷᠢᠮ ᠳᠤ ᠲᠣᠬᠢᠷᠠᠭᠤᠯᠤᠯᠲᠠ ᠬᠢᠬᠦ ᠶᠢ ᠱᠠᠭᠠᠷᠳᠠᠬᠤ ᠳᠠᠭᠠᠨ 15 ᠡᠳᠦᠷ ᠤᠨ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠬᠤᠶᠠᠷ ᠲᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠳᠤ ᠴᠠᠬᠢᠮ ᠢᠶᠠᠷ ᠵᠠᠬᠢᠶᠠᠯᠠᠬᠤ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠬᠤ ᠬᠡᠷᠡᠭᠲᠡᠢ᠂ ᠲᠣᠭᠤᠷᠢᠨ ᠵᠤᠭᠠᠴᠠᠵᠤ ᠵᠣᠴᠢᠨ ᠲᠠᠲᠠᠵᠤ ᠪᠣᠯᠬᠤ ᠦᠭᠡᠢ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠭᠠᠵᠠᠷ ᠲᠤ ᠲᠣᠬᠢᠷᠠᠭᠤᠯᠤᠭᠰᠠᠨ ᠲᠣᠭᠤᠷᠢᠨ ᠵᠤᠭᠠᠴᠠᠬᠤ ᠲᠡᠷᠭᠡᠨ ᠤ ᠲᠤᠰᠬᠠᠢ ᠣᠷᠣᠨ ᠲᠣᠭᠤᠷᠢᠭ᠂ ᠥᠷᠲᠡᠭᠡ ᠴᠡᠭ ᠲᠤ ᠵᠣᠴᠢᠨ ᠬᠦᠯᠢᠶᠡᠵᠦ ᠪᠣᠯᠬᠤ ᠦᠭᠡᠢ᠃ ᠭᠤᠷᠪᠠ ᠳᠤ᠂ ᠰᠦᠯᠵᠢᠶᠡᠨ ᠳᠡᠭᠡᠷ᠎ᠡ ᠪᠣᠯᠵᠣᠬᠤ ᠨᠢᠭᠡ ᠲᠡᠷᠭᠡ ᠶᠢ ᠰᠦᠯᠵᠢᠶᠡᠨ ᠳᠡᠭᠡᠷ᠎ᠡ ᠪᠣᠯᠵᠣᠬᠤ ᠨᠢᠭᠡ ᠲᠠᠪᠴᠠᠩ ᠳᠤ ᠵᠠᠯᠭᠠᠨ ᠣᠷᠣᠭᠤᠯᠵᠤ ᠪᠣᠯᠣᠨ᠎ᠠ᠃ ᠳᠥᠷᠪᠡ ᠳᠤ ᠲᠡᠷᠭᠡ ᠵᠠᠬᠢᠶᠠᠯᠠᠭᠴᠢ ᠪᠤᠶᠤ ᠠᠶᠠᠨᠴᠢᠨ ᠲᠡᠷᠭᠡᠨ ᠤ ᠫᠠᠶᠢᠰᠠ ᠶᠢᠨ ᠨᠣᠮᠧᠷ ᠪᠤᠶᠤ ᠵᠢᠯᠣᠭᠤᠴᠢ ᠶᠢᠨ ᠮᠡᠳᠡᠭᠡ ᠵᠠᠩᠭᠢ ᠨᠢ ᠪᠣᠯᠵᠣᠭᠰᠠᠨ ᠮᠡᠳᠡᠭᠡ ᠵᠠᠩᠭᠢ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠲᠡᠷᠭᠡᠨ ᠳᠤ ᠰᠠᠭᠤᠬᠤ ᠶᠢ ᠲᠡᠪᠴᠢᠵᠦ ᠪᠣᠯᠣᠨ᠎ᠠ᠃            ᠲᠠᠪᠤᠳᠤᠭᠠᠷ ᠪᠦᠯᠦᠭ ︽ᠬᠢᠨᠠᠯᠲᠠ ᠲᠠᠯᠪᠢᠵᠤ ᠪᠠᠶᠢᠴᠠᠭᠠᠬᠤ︾  ᠳᠤ ᠨᠡᠶᠢᠳᠡ ᠨᠠᠢᠮᠠᠨ ᠵᠦᠢᠯ ᠪᠤᠢ᠃ ᠡᠭᠦᠨ ᠳᠤ ᠭᠤᠣᠯᠳᠠᠭᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ ᠮᠡᠳᠡᠭᠡ ᠵᠠᠩᠭᠢ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠬᠤᠲᠠ ᠶᠢᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃            ᠵᠢᠷᠭᠤᠳᠤᠭᠠᠷ ᠪᠦᠯᠦᠭ ︽ᠬᠠᠤᠯᠢ ᠶᠢᠨ ᠬᠠᠷᠢᠭᠤᠴᠠᠯᠭ᠎ᠠ︾  ᠳᠤ ᠨᠡᠶᠢᠳᠡ ᠬᠤᠶᠠᠷ ᠵᠦᠢᠯ ᠪᠤᠢ᠃ ᠬᠡᠷᠪᠡ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠢᠴᠢ ᠲᠣᠰ ︽ᠨᠠᠷᠢᠨ ᠳᠦᠷᠢᠮ︾  ᠢ ᠵᠥᠷᠢᠴᠡᠭᠰᠡᠨ ᠵᠡᠷᠭᠡ ᠦᠶᠯᠡ ᠠᠵᠢᠯᠯᠠᠭ᠎ᠠ ᠲᠠᠢ ᠪᠠᠶᠢᠪᠠᠯ᠂ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠨ᠎ᠠ᠃ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠪᠤᠰᠤᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠠᠴᠠ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃            ᠳᠣᠯᠣᠳᠤᠭᠠᠷ ᠪᠦᠯᠦᠭ ︽ᠳᠠᠭᠠᠯᠳᠤᠭᠤᠯᠤᠭᠰᠠᠨ ᠳᠦᠷᠢᠮ︾  ᠳᠤ ᠨᠡᠶᠢᠳᠡ ᠭᠤᠷᠪᠠᠨ ᠵᠦᠢᠯ ᠪᠤᠢ᠃ ᠨᠢᠭᠡ ᠳᠤ᠂ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠴᠠᠬᠢᠯᠭᠠᠨ ᠬᠤᠯᠪᠣᠭ᠎ᠠ᠂ ᠰᠦᠯᠵᠢᠶ᠎ᠡ ᠵᠡᠷᠭᠡ ᠴᠠᠬᠢᠯᠭᠠᠨ ᠳᠠᠭᠤᠳᠠᠯᠭ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠠᠶᠠᠨᠴᠢᠳ ᠲᠤ ᠡᠵᠡᠩᠨᠡᠯᠲᠡ ᠶᠢᠨ ᠦᠢᠯᠡᠴᠢᠯᠡᠭᠡ ᠬᠠᠩᠭᠠᠬᠤ ᠵᠢᠴᠢ ᠬᠤᠪᠢ ᠬᠥᠮᠥᠨ ᠤ ᠵᠢᠵᠢᠭ ᠰᠠᠭᠤᠳᠠᠯ ᠤᠨ ᠮᠠᠰᠢᠨ ᠬᠠᠮᠲᠤᠷᠠᠨ ᠰᠠᠭᠤᠬᠤ ᠳᠤ ᠲᠣᠰ ᠬᠡᠷᠡᠭᠵᠢᠭᠦᠯᠬᠦ ᠨᠠᠷᠢᠨ ᠳᠦᠷᠢᠮ ᠢ ᠬᠡᠷᠡᠭᠯᠡᠬᠦ ᠦᠭᠡᠢ ᠭᠡᠵᠦ ᠲᠣᠳᠣᠷᠬᠠᠢ ᠲᠣᠭᠲᠠᠭᠠᠵᠠᠢ᠃ ᠬᠤᠶᠠᠷ ᠲᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠢᠶᠠᠷ ᠳᠠᠮᠵᠢᠭᠤᠯᠤᠨ ᠴᠠᠬᠢᠯᠭᠠᠨ ᠢᠶᠠᠷ ᠳᠠᠭᠤᠳᠠᠬᠤ ᠦᠢᠯᠡᠴᠢᠯᠡᠭᠡ ᠬᠠᠩᠭᠠᠬᠤ ᠲᠣᠭᠤᠷᠢᠨ ᠵᠤᠭᠠᠴᠠᠬᠤ ᠲᠡᠷᠭᠡ ᠨᠢ ᠲᠣᠭᠤᠷᠢᠨ ᠵᠤᠭᠠᠴᠠᠬᠤ ᠲᠡᠷᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃ ᠭᠤᠷᠪᠠ ᠳᠤ ︽ᠬᠡᠷᠡᠭᠵᠢᠭᠦᠯᠬᠦ ᠨᠠᠷᠢᠨ ᠳᠦᠷᠢᠮ︾  ᠢ ᠬᠡᠷᠡᠭᠵᠢᠭᠦᠯᠬᠦ ᠡᠳᠦᠷ ᠬᠤᠭᠤᠴᠠᠭ᠎ᠠ ᠵᠢᠴᠢ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠨ᠎ᠠ᠃            ᠳᠥᠷᠪᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ            1. ︽ᠬᠡᠷᠡᠭᠵᠢᠭᠦᠯᠬᠦ ᠨᠠᠷᠢᠨ ᠳᠦᠷᠢᠮ︾  ᠳᠤ ᠶᠠᠮᠠᠷ ᠶᠠᠮᠠᠷ ᠲᠠᠯ᠎ᠠ ᠪᠠᠷ ᠣᠷᠣᠨ ᠨᠤᠲᠤᠭ ᠤᠨ ᠲᠣᠭᠲᠠᠭᠠᠯ ᠭᠠᠷᠭᠠᠭᠰᠠᠨ ᠪᠤᠢ︖             ︵1︶ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ ᠂ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠴᠢᠨᠠᠷ ᠰᠠᠶᠢᠲᠠᠢ ᠦᠢᠯᠡᠴᠢᠯᠡᠬᠦ᠂ ᠵᠦᠷᠢᠶᠡᠵᠢᠬᠦᠯᠦᠨ ᠡᠵᠡᠩᠨᠡᠬᠦ ᠵᠠᠷᠴᠢᠮ ᠶᠣᠰᠣᠭᠠᠷ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠲᠡᠷᠭᠡ ᠶᠢ ᠡᠮᠬᠢ ᠵᠢᠷᠤᠮ ᠲᠠᠢ ᠬᠥᠭᠵᠢᠭᠦᠯᠦᠨ᠎ᠡ᠃ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠤᠭ᠎ᠠ ᠬᠡᠮᠵᠢᠶ᠎ᠡ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠬᠢᠨ᠎ᠡ‌‍ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠨᠢ ᠭᠤᠣᠯᠳᠠᠭᠤ ᠨᠥᠬᠦᠴᠡᠯ ᠳᠤ ᠨᠡᠶᠢᠴᠡᠬᠦ ᠨᠡᠶᠢᠭᠡᠮ ᠤᠨ ᠲᠡᠷᠭᠡ ᠬᠥᠰᠬᠡ ᠶᠢᠨ ᠬᠡᠷᠡᠭᠯᠡᠬᠦ ᠰᠢᠨᠵᠢ ᠴᠢᠨᠠᠷ ᠢ ᠬᠤᠪᠢᠷᠠᠭᠤᠯᠬᠤ ᠪᠠᠷ ᠳᠠᠮᠵᠢᠭᠤᠯᠤᠨ ︽ᠰᠦᠯᠵᠢᠶ᠎ᠡ ᠪᠠᠷ ᠪᠣᠯᠵᠣᠵᠤ ᠲᠦᠷᠢᠶᠡᠰᠦᠯᠡᠭᠦᠯᠬᠦ ᠠᠶᠠᠨᠴᠢᠳ ᠤᠨ ᠲᠡᠭᠡᠭᠡᠪᠦᠷᠢ︾ ᠪᠣᠯᠭᠠᠵᠤ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠤᠰᠬᠠᠢ ᠫᠠᠶᠢᠰᠠ ᠦᠨᠡᠮᠯᠡᠯ ᠤᠨ ᠳ᠋ᠤᠭᠠᠷ ᠭᠠᠷᠭᠠᠬᠤ ᠦᠭᠡᠢ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠡᠭᠡᠭᠡᠪᠦᠷᠢ ᠶᠢᠨ ᠦᠨ᠎ᠡ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠦᠨ᠎ᠡ᠃             ︵2︶ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠤᠨ ᠲᠤᠬᠠᠢ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠴᠢ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠬᠠᠷᠢᠶᠠᠲᠤ ᠣᠷᠣᠨᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠠᠯᠠᠱᠠ ᠵᠡᠭᠦᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠪᠤᠶᠤ ᠠᠯᠠᠱᠠ ᠵᠡᠭᠦᠨ ᠬᠤᠰᠢᠭᠤᠨ ᠤ ᠡᠵᠡᠩᠨᠡᠯᠲᠡ ᠶᠢᠨ ᠦᠨᠡᠮᠯᠡᠯ ᠲᠠᠢ ᠭᠠᠳᠠᠷ ᠣᠷᠣᠨ ᠤ ᠠᠵᠤ ᠠᠬᠤᠶᠢᠯᠠᠯ ᠤᠨ ᠬᠠᠤᠯᠢ ᠶᠢᠨ ᠡᠲᠡᠭᠡᠳ ᠤ ᠰᠠᠯᠪᠤᠷᠢ ᠪᠠᠶᠢᠭᠤᠯᠤᠮᠵᠢ ᠨᠢ ᠠᠯᠠᠱᠠ ᠵᠡᠭᠦᠨ ᠬᠤᠰᠢᠭᠤᠨ ᠳᠤ ᠵᠣᠬᠢᠬᠤ ᠦᠢᠯᠡᠴᠢᠯᠡᠭᠡᠨ ᠤ ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ᠃             ︵3︶ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠡᠷᠭᠡ ᠬᠥᠰᠬᠡ ᠶᠢᠨ ᠵᠥᠪᠰᠢᠶᠡᠷᠡᠯ ᠤᠨ ᠪᠠᠷᠢᠮᠵᠢᠶ᠎ᠠ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠯᠢᠭ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠭᠤᠷᠪᠠᠨ ᠵᠦᠢᠯ ᠤᠨ ᠬᠠᠷᠢᠶᠠᠲᠤ ᠣᠷᠣᠨᠴᠢᠯᠠᠬᠤ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠨᠢᠭᠡ ᠳᠤ᠂ ᠲᠡᠷᠭᠡ ᠬᠥᠰᠬᠡ ᠶᠢᠨ ᠬᠡᠷᠡᠭᠯᠡᠭᠡᠨ ᠤ ᠰᠢᠨᠵᠢ ᠴᠢᠨᠠᠷ ᠢ ︽ᠰᠦᠯᠵᠢᠶ᠎ᠡ ᠪᠠᠷ ᠤᠷᠢᠳᠴᠢᠯᠠᠨ ᠪᠣᠯᠵᠣᠵᠤ ᠲᠦᠷᠢᠶᠡᠰᠦᠯᠡᠭᠦᠯᠦᠭᠰᠡᠨ ᠠᠶᠠᠨᠴᠢᠳ ᠤᠨ ᠲᠡᠭᠡᠭᠡᠪᠦᠷᠢ︾ ᠭᠡᠵᠦ ᠳᠠᠩᠰᠠᠯᠠᠭᠤᠯᠤᠭᠰᠠᠨ 7 ᠰᠠᠭᠤᠳᠠᠯ ᠠᠴᠠ ᠳᠣᠷᠣᠭᠰᠢᠬᠢ ᠰᠠᠭᠤᠳᠠᠯ ᠤᠨ ᠮᠠᠰᠢᠨ᠂ ᠲᠡᠷᠭᠡ ᠶᠠᠪᠤᠭᠤᠯᠬᠤ ᠦᠨᠡᠮᠯᠡᠯ ᠳᠤ ᠲᠣᠳᠣᠷᠬᠠᠢ ᠲᠡᠮᠳᠡᠭᠯᠡᠭᠰᠡᠨ ᠠᠩᠬ᠎ᠠ ᠤᠳᠠᠭ᠎ᠠ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠠᠴᠠ ᠭᠤᠶᠤᠴᠢᠯᠠᠭᠰᠠᠨ ᠡᠳᠦᠷ ᠪᠣᠯᠲᠠᠯ᠎ᠠ 24 ᠰᠠᠷ᠎ᠠ ᠳᠦᠭᠦᠷᠦᠭᠡᠳᠦᠢ᠂ ᠰᠢᠢᠳᠪᠦᠷᠢᠯᠡᠵᠦ ᠳᠠᠭᠤᠰᠬᠠᠭᠠᠳᠤᠢ ᠵᠠᠮ ᠬᠠᠷᠢᠯᠴᠠᠭᠠᠨ ᠤ ᠠᠳᠡᠯ ᠪᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ᠃ ᠬᠤᠶᠠᠷ ᠲᠤ ᠲᠡᠷᠭᠡ ᠬᠥᠰᠬᠡ ᠵᠣᠬᠢᠴᠠᠩᠭᠤᠢ ᠳᠠᠭᠠᠳᠬᠠᠯ ᠳᠤ ᠣᠷᠣᠬᠤ ᠬᠡᠷᠡᠭᠲᠡᠢ᠃ ᠭᠤᠷᠪᠠ ᠳᠤ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠲᠠᠢ ᠠᠳᠠᠯᠢ ᠪᠤᠶᠤ ᠠᠳᠠᠯᠢᠪᠲᠤᠷ ᠲᠡᠷᠭᠡ ᠬᠥᠰᠬᠡ ᠶᠢᠨ ᠭᠠᠳᠠᠷ ᠪᠠᠶᠢᠳᠠᠯ ᠪᠠ ᠥᠩᠭᠡ ᠶᠢ ᠪᠠᠶᠢᠷᠢᠯᠠᠭᠤᠯᠵᠤ ᠪᠣᠯᠬᠤ ᠦᠭᠡᠢ᠂ ᠣᠷᠣᠢ ᠶᠢᠨ ᠳ᠋ᠧᠩ᠂ ᠬᠤᠭᠤᠰᠤᠨ ᠠᠴᠢᠶᠠᠨ ᠤ ᠳ᠋ᠧᠩ᠂ ᠦᠨ᠎ᠡ ᠪᠤᠳᠤᠬᠤ ᠮᠠᠰᠢᠨ ᠵᠡᠷᠭᠡ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠲᠤᠰᠬᠠᠢ ᠦᠢᠯᠡᠴᠢᠯᠡᠭᠡᠨ ᠤ ᠪᠡᠯᠡᠳᠬᠡᠮᠵᠢ ᠲᠥᠬᠦᠭᠡᠷᠦᠮᠵᠢ ᠤᠭᠰᠠᠷᠠᠵᠤ ᠪᠣᠯᠬᠤ ᠦᠭᠡᠢ᠃             ︵4︶ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠵᠢᠯᠣᠭᠤᠴᠢ ᠶᠢᠨ ᠣᠷᠣᠬᠤ ᠶᠢ ᠵᠥᠪᠰᠢᠶᠡᠷᠡᠬᠦ ᠨᠥᠬᠦᠴᠡᠯ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠳᠤ ᠲᠣᠭᠲᠠᠭᠠᠭᠰᠠᠨ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠵᠢᠯᠣᠭᠤᠴᠢ ᠶᠢᠨ ᠨᠥᠬᠦᠴᠡᠯ ᠪᠣᠯ᠄ ︽ᠵᠣᠬᠢᠴᠠᠩᠭᠤᠢ ᠵᠢᠯᠤᠭᠤᠳᠬᠤ ᠶᠢ ᠵᠥᠪᠰᠢᠶᠡᠷᠡᠬᠦ ᠬᠡᠯᠪᠡᠷᠢ ᠶᠢᠨ ᠮᠠᠰᠢᠨᠲᠤ ᠲᠡᠷᠭᠡ ᠵᠢᠯᠤᠭᠤᠳᠬᠤ ᠦᠨᠡᠮᠯᠡᠯ ᠣᠯᠣᠭᠰᠠᠨ ᠪᠥᠭᠡᠳ 3 ᠵᠢᠯ ᠠᠴᠠ ᠳᠡᠭᠡᠭᠰᠢ ᠲᠡᠷᠭᠡ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ ᠬᠡᠷᠡᠭᠲᠡᠢ᠃ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠶᠠᠯᠠᠲᠤ ᠠᠵᠢᠯᠯᠠᠭ᠎ᠠ᠂ ᠠᠶᠤᠯᠲᠠᠢ ᠪᠠᠷ ᠲᠡᠷᠭᠡ ᠵᠢᠯᠣᠭᠤᠳᠤᠭᠰᠠᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠦᠭᠡᠢ᠂ ᠬᠤᠣᠷ ᠲᠠᠲᠠᠭᠰᠠᠨ ᠲᠡᠮᠳᠡᠭᠯᠡᠯ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠤᠭᠰᠠᠨ ᠲᠡᠮᠳᠡᠭᠯᠡᠯ ᠦᠭᠡᠢ᠂ ᠣᠶᠢᠷ᠎ᠠ ᠳᠤ ᠵᠠᠯᠭᠠᠭ᠎ᠠ ᠪᠠᠷ 3 ᠬᠤᠪᠢ ᠲᠡᠮᠳᠡᠭᠯᠡᠬᠦ ᠦᠶᠡᠯᠡᠯ ᠤᠨ ᠬᠤᠭᠤᠴᠠᠭᠠᠨ ᠳᠤ 12 ᠬᠤᠪᠢ ᠶᠢᠨ ᠲᠡᠮᠳᠡᠭᠯᠡᠯ ᠢ ᠳᠦᠭᠦᠷᠲᠡᠯ᠎ᠡ ᠲᠡᠮᠳᠡᠭᠯᠡᠭᠰᠡᠨ ᠦᠭᠡᠢ᠃ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠪᠠᠶᠢᠬᠤ ᠦᠭᠡᠢ᠃ ︽ᠠᠯᠠᠱᠠ ᠵᠡᠭᠦᠨ ᠬᠤᠰᠢᠭᠤᠨ ᠤ ︿ᠬᠡᠷᠡᠭᠵᠢᠭᠦᠯᠬᠦ ᠨᠠᠷᠢᠨ ᠳᠦᠷᠢᠮ﹀ ᠳᠤ ᠨᠡᠶᠢᠲᠡᠴᠢ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠤᠶᠠᠷ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠠᠢ᠄ ᠨᠢᠭᠡ ᠳᠤ ᠪᠦᠬᠦᠯᠢ 60 ᠨᠠᠰᠤᠨ ᠠᠴᠠ ᠬᠡᠲᠦᠷᠡᠭᠦᠯᠬᠦ ᠦᠭᠡᠢ᠃ ᠬᠤᠶᠠᠷ ᠲᠤ ᠭᠤᠶᠤᠴᠢᠯᠠᠭᠰᠠᠨ ᠡᠳᠦᠷ ᠠᠴᠠ ᠡᠮᠦᠨ᠎ᠡ 3 ᠵᠢᠯ ᠤᠨ ᠳᠣᠲᠣᠷ᠎ᠠ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠲᠡᠮᠳᠡᠭᠯᠡᠯ ᠪᠠᠶᠢᠬᠤ ᠦᠭᠡᠢ᠃             ︵5︶ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠤᠬᠤᠷᠢᠨ ᠭᠠᠷᠬᠤ ᠲᠣᠭᠲᠠᠴᠠ᠃ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠠᠶᠠᠯᠠᠭᠰᠠᠨ ᠵᠠᠮ ᠤᠨ ᠣᠷᠳᠣ ᠨᠢ 60 ᠲᠦᠮᠡᠨ ᠺᠢᠯᠣᠮᠧᠲᠷ ᠲᠤ ᠬᠦᠷᠬᠦ ᠦᠶ᠎ᠡ ᠳᠤ ᠠᠯᠪᠠᠳᠠᠯᠭ᠎ᠠ ᠪᠠᠷ ᠬᠡᠷᠡᠭᠴᠡᠭᠡ ᠠᠴᠠ ᠭᠠᠷᠭᠠᠨ᠎ᠠ᠃ ᠠᠶᠠᠯᠠᠨ ᠶᠠᠪᠤᠭᠰᠠᠨ ᠵᠠᠮ ᠤᠨ ᠣᠷᠳᠣ ᠨᠢ 60 ᠲᠦᠮᠡᠨ ᠺᠢᠯᠣᠮᠧᠲᠷ ᠲᠤ ᠭᠦᠷᠦᠭᠰᠡᠨ ᠦᠭᠡᠢ ᠪᠣᠯᠪᠠᠴᠤ ᠬᠡᠷᠡᠭᠯᠡᠬᠦ ᠵᠢᠯ ᠬᠤᠭᠤᠴᠠᠭ᠎ᠠ ᠨᠢ 8 ᠵᠢᠯ ︵ᠬᠡᠷᠡᠭᠯᠡᠬᠦ ᠵᠢᠯ ᠬᠤᠭᠤᠴᠠᠭ᠎ᠠ ᠶᠢ ᠲᠡᠷᠭᠡ ᠬᠥᠰᠬᠡ ᠶᠢᠨ ᠳᠡᠩᠰᠡᠯᠡᠨ ᠲᠡᠮᠳᠡᠭᠯᠡᠭᠰᠡᠨ ᠡᠳᠦᠷ ᠠᠴᠠ ᠡᠬᠢᠯᠡᠵᠦ ᠪᠤᠳᠤᠨ᠎ᠠ︶ ᠪᠣᠯᠪᠠᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠶᠢᠨ ᠡᠵᠡᠩᠨᠡᠯᠲᠡ ᠠᠴᠠ ᠤᠬᠤᠷᠢᠨ ᠭᠠᠷᠴᠤ᠂ ᠬᠤᠰᠢᠭᠤᠨ ᠵᠠᠮ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾  ᠢ ᠬᠦᠴᠦᠨ ᠦᠭᠡᠢ ᠪᠣᠯᠭᠠᠵᠤ᠂ ᠰᠦᠯᠵᠢᠶᠡᠨ ᠳᠡᠭᠡᠷ᠎ᠡ ᠪᠣᠯᠵᠣᠬᠤ ᠲᠠᠪᠴᠠᠩ ᠤᠨ ᠺᠣᠮᠫᠠᠨᠢ ᠨᠢ ᠬᠦᠴᠦᠨ ᠦᠭᠡᠢ ᠪᠣᠯᠭᠠᠭᠰᠠᠨ ᠲᠡᠷᠭᠡ ᠶᠢ ᠴᠠᠭ ᠲᠤᠬᠠᠢ ᠳᠤᠨᠢ ᠢᠯᠭᠠᠷᠠᠭᠤᠯᠤᠨ ᠪᠤᠴᠠᠭᠠᠬᠤ ᠬᠡᠷᠡᠭᠲᠡᠢ᠃            2. ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠡᠵᠡᠩᠨᠡᠭᠴᠢ ᠶᠠᠮᠠᠷ ᠶᠠᠮᠠᠷ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠪᠣᠶ︖            ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠭᠴᠢ ᠭᠡᠳᠡᠭ ᠨᠢ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠦᠢᠯᠡᠴᠢᠯᠡᠭᠡ ᠡᠷᠭᠢᠯᠡᠳᠡᠭ ᠠᠵᠤ ᠠᠬᠤᠶᠢᠯᠠᠯ ᠤᠨ ᠬᠠᠤᠯᠢ ᠶᠢᠨ ᠬᠥᠮᠥᠨ ᠢ ᠵᠢᠭᠠᠵᠤ ᠪᠣᠶ᠂ ᠲᠡᠭᠡᠭᠡᠪᠦᠷᠢ ᠶᠢᠨ ᠦᠢᠯᠡᠴᠢᠯᠡᠭᠡ ᠬᠠᠩᠭᠠᠭᠴᠢ ᠮᠥᠨ᠂ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠪᠠ ᠵᠣᠬᠢᠴᠠᠩᠭᠤᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠵᠤ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠦᠢᠯᠡᠴᠢᠯᠡᠭᠡ ᠬᠠᠩᠭᠠᠬᠤ ᠲᠡᠷᠭᠡ ᠬᠥᠰᠬᠡ ᠪᠣᠯᠣᠨ ᠵᠢᠯᠣᠭᠤᠴᠢ ᠶᠢᠨ ᠬᠠᠤᠯᠢ ᠶᠣᠰᠣᠨ ᠤ ᠬᠢᠷᠢ ᠬᠡᠮ ᠲᠠᠢ ᠪᠠᠶᠢᠬᠤ ᠶᠢ ᠪᠠᠲᠤᠯᠠᠵᠤ᠂ ᠠᠶᠠᠨᠴᠢᠳ ᠲᠤ ᠠᠮᠤᠷ ᠲᠦᠪᠰᠢᠨ᠂ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠶᠢᠨ ᠬᠠᠮᠲᠤ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ᠂ ᠵᠢᠯᠣᠭᠤᠴᠢ ᠶᠢᠨ ᠡᠷᠬᠡ ᠠᠰᠢᠭ ᠢ ᠬᠠᠮᠠᠭᠠᠯᠠᠬᠤ᠂ ᠦᠢᠯᠡᠴᠢᠯᠡᠭᠡ ᠶᠢ ᠳᠡᠭᠡᠭᠰᠢᠯᠡᠭᠦᠯᠬᠦ᠂ ᠠᠶᠦᠯᠭᠦᠢ ᠶᠢᠨ ᠬᠠᠮᠢᠶᠠᠷᠤᠯᠲᠠ ᠂ ᠳᠠᠭᠠᠳᠬᠠᠯ ᠤᠨ ᠪᠠᠲᠤᠯᠠᠭ᠎ᠠ᠂ ᠵᠠᠭᠠᠯᠳᠤᠯᠭ᠎ᠠ ᠶᠢ ᠰᠢᠢᠳᠪᠦᠷᠢᠯᠡᠬᠦ᠂ ᠬᠠᠤᠯᠢ ᠶᠣᠰᠣᠭᠠᠷ ᠭᠠᠶᠢᠯᠢ ᠲᠤᠰᠢᠶᠠᠬᠤ ᠵᠡᠷᠭᠡ ᠲᠠᠯ᠎ᠠ ᠪᠠᠷ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠬᠤᠯᠪᠣᠭᠳᠠᠯ ᠪᠦᠬᠦᠢ ᠪᠣᠳᠠᠲᠠᠢ ᠱᠠᠭᠠᠷᠳᠠᠯᠭ᠎ᠠ ᠶᠢ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠳᠤ ᠨᠢᠭᠡᠨᠲᠡ ᠨᠡᠯᠢᠶᠡᠳ ᠲᠣᠳᠣᠷᠬᠠᠢ ᠲᠣᠭᠲᠠᠭᠠᠭᠰᠠᠨ ᠪᠠᠶᠢᠨ᠎ᠠ᠃ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾  ᠶᠢᠨ ᠨᠡᠶᠢᠲᠡᠯᠢᠭ ᠴᠢᠨᠠᠷᠲᠠᠢ ᠱᠠᠭᠠᠷᠳᠠᠯᠭ᠎ᠠ ᠶᠢᠨ ᠰᠠᠭᠤᠷᠢᠨ ᠳᠡᠭᠡᠷ᠎ᠡ᠂ ᠠᠯᠠᠱᠠ ᠵᠡᠭᠦᠨ ᠬᠤᠰᠢᠭᠤᠨ ᠤ ︽ᠬᠡᠷᠡᠭᠵᠢᠭᠦᠯᠬᠦ ᠨᠠᠷᠢᠨ ᠳᠦᠷᠢᠮ︾  ᠳᠤ ᠳᠥᠷᠪᠡᠨ ᠵᠦᠢᠯ ᠤᠨ ᠬᠠᠷᠢᠶᠠᠲᠤ ᠣᠷᠣᠨᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠄ ᠨᠢᠭᠡ ᠳᠤ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ ᠶᠢᠨ ᠲᠡᠭᠡᠭᠡᠪᠦᠷᠢ ᠶᠢᠨ ᠦᠨ᠎ᠡ ᠶᠢᠨ ᠳᠦᠷᠢᠮ ᠳᠤ ᠲᠣᠬᠢᠷᠠᠭᠤᠯᠤᠯᠲᠠ ᠬᠢᠬᠦ ᠶᠢ ᠱᠠᠭᠠᠷᠳᠠᠪᠠᠯ᠂ 15 ᠡᠳᠦᠷ ᠤᠨ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠬᠤᠶᠠᠷ ᠲᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠳᠤ ᠴᠠᠬᠢᠮ ᠢᠶᠠᠷ ᠵᠠᠬᠢᠶᠠᠯᠠᠬᠤ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠬᠤ ᠬᠡᠷᠡᠭᠲᠡᠢ᠂ ᠲᠣᠭᠤᠷᠢᠨ ᠵᠤᠭᠠᠴᠠᠵᠤ ᠵᠣᠴᠢᠨ ᠲᠠᠲᠠᠵᠤ ᠪᠣᠯᠬᠤ ᠦᠭᠡᠢ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠭᠠᠵᠠᠷ ᠲᠤ ᠲᠣᠬᠢᠷᠠᠭᠤᠯᠤᠭᠰᠠᠨ ᠲᠣᠭᠤᠷᠢᠨ ᠵᠤᠭᠠᠴᠠᠬᠤ ᠲᠡᠷᠭᠡᠨ ᠤ ᠲᠤᠰᠬᠠᠢ ᠣᠷᠣᠨ ᠲᠣᠭᠤᠷᠢᠭ᠂ ᠥᠷᠲᠡᠭᠡ ᠴᠡᠭ ᠲᠤ ᠵᠣᠴᠢᠨ ᠬᠦᠯᠢᠶᠡᠵᠦ ᠪᠣᠯᠬᠤ ᠦᠭᠡᠢ᠃ ᠭᠤᠷᠪᠠ ᠳᠤ᠂ ᠰᠦᠯᠵᠢᠶᠡᠨ ᠳᠡᠭᠡᠷ᠎ᠡ ᠪᠣᠯᠵᠣᠬᠤ ᠨᠢᠭᠡ ᠲᠡᠷᠭᠡ ᠶᠢ ᠰᠦᠯᠵᠢᠶᠡᠨ ᠳᠡᠭᠡᠷ᠎ᠡ ᠪᠣᠯᠵᠣᠬᠤ ᠨᠢᠭᠡ ᠲᠠᠪᠴᠠᠩ ᠳᠤ ᠵᠠᠯᠭᠠᠨ ᠣᠷᠣᠭᠤᠯᠵᠤ ᠪᠣᠯᠣᠨ᠎ᠠ᠃ ᠳᠥᠷᠪᠡ ᠳᠤ ᠲᠡᠷᠭᠡ ᠵᠠᠬᠢᠶᠠᠯᠠᠭᠴᠢ ᠪᠤᠶᠤ ᠠᠶᠠᠨᠴᠢᠨ ᠲᠡᠷᠭᠡᠨ ᠤ ᠫᠠᠶᠢᠰᠠ ᠶᠢᠨ ᠨᠣᠮᠧᠷ ᠪᠤᠶᠤ ᠵᠢᠯᠣᠭᠤᠴᠢ ᠶᠢᠨ ᠮᠡᠳᠡᠭᠡ ᠵᠠᠩᠭᠢ ᠨᠢ ᠪᠣᠯᠵᠣᠭᠰᠠᠨ ᠮᠡᠳᠡᠭᠡ ᠵᠠᠩᠭᠢ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠲᠡᠷᠭᠡᠨ ᠳᠤ ᠰᠠᠭᠤᠬᠤ ᠶᠢ ᠲᠡᠪᠴᠢᠵᠦ ᠪᠣᠯᠣᠨ᠎ᠠ᠃            3. ᠠᠵᠤ ᠠᠬᠤᠶᠢᠯᠠᠯ ᠤᠨ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠬᠦ ᠵᠥᠪᠰᠢᠶᠡᠷᠡᠯ ᠤᠨ ᠦᠨᠡᠮᠯᠡᠯ︾  ᠢ ᠭᠤᠶᠤᠴᠢᠯᠠᠨ ᠭᠦᠢᠴᠡᠳᠬᠡᠬᠦ ᠨᠥᠬᠦᠴᠡᠯ ᠪᠠ ᠵᠢᠷᠤᠮ︖            ᠠᠯᠠᠱᠠ ᠵᠡᠭᠦᠨ ᠬᠤᠰᠢᠭᠤᠨ ᠳᠤ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠬᠦ ᠵᠥᠪᠰᠢᠶᠡᠷᠡᠯ ᠤᠨ ᠦᠨᠡᠮᠯᠡᠯ︾  ᠢ ᠭᠤᠶᠤᠴᠢᠯᠠᠨ ᠭᠦᠢᠴᠡᠳᠬᠡᠬᠦ ᠳᠤ᠂ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠴᠣᠩᠬᠤᠪᠴᠢ ᠳᠤ ᠭᠤᠶᠤᠴᠢᠯᠠᠯ ᠭᠠᠷᠭᠠᠬᠤ ᠶᠢᠨ ᠬᠠᠮᠲᠤ ︽ᠬᠡᠷᠡᠭᠵᠢᠭᠦᠯᠬᠦ ᠨᠠᠷᠢᠨ ᠳᠦᠷᠢᠮ︾  ᠤᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠮᠠᠲ᠋ᠧᠷᠢᠶᠠᠯ ᠢ ᠲᠤᠰᠢᠶᠠᠬᠤ ᠬᠡᠷᠡᠭᠲᠡᠢ᠃            ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠴᠣᠩᠬᠤ ᠨᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠡᠳᠦᠷ ᠤᠨ ᠳᠣᠲᠣᠷ᠎ᠠ ᠵᠥᠪᠰᠢᠶᠡᠷᠡᠬᠦ ᠪᠤᠶᠤ ᠥᠯᠥ ᠵᠥᠪᠰᠢᠶᠡᠷᠡᠬᠦ ᠲᠣᠭᠲᠠᠭᠠᠯ ᠭᠠᠷᠭᠠᠨ᠎ᠠ᠃ 20 ᠡᠳᠦᠷ ᠤᠨ ᠳᠣᠲᠣᠷ᠎ᠠ ᠲᠣᠭᠲᠠᠭᠠᠯ ᠭᠠᠷᠭᠠᠵᠤ ᠳᠡᠶᠢᠯᠬᠦ ᠦᠭᠡᠢ ᠪᠠᠶᠢᠪᠠᠯ᠂ ᠬᠡᠷᠡᠭᠵᠢᠭᠦᠯᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ 10 ᠡᠳᠦᠷ ᠤᠷᠲᠤᠳᠬᠠᠵᠤ ᠪᠣᠯᠬᠤ ᠪᠥᠭᠡᠳ ᠬᠤᠭᠤᠴᠠᠭ᠎ᠠ ᠶᠢ ᠤᠷᠲᠤᠳᠬᠠᠭᠰᠠᠨ ᠤᠴᠢᠷ ᠰᠢᠯᠲᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠶᠢᠨ ᠭᠤᠶᠤᠴᠢᠯᠠᠯ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠪᠠᠶᠢᠪᠠᠯ᠂ ᠡᠵᠡᠩᠨᠡᠯᠲᠡ ᠶᠢᠨ ᠬᠡᠪᠴᠢᠶ᠎ᠡ ᠨᠢ ᠰᠦᠯᠵᠢᠶ᠎ᠡ ᠪᠠᠷ ᠤᠷᠢᠳᠴᠢᠯᠠᠨ ᠲᠦᠷᠢᠶᠡᠰᠦᠯᠡᠬᠦ ᠠᠶᠠᠨᠴᠢᠳ ᠤᠨ ᠲᠡᠭᠡᠭᠡᠪᠦᠷᠢ᠂ ᠡᠵᠡᠩᠨᠡᠯᠲᠡ ᠶᠢᠨ ᠣᠷᠣᠨ ᠨᠢ ᠠᠯᠠᠱᠠ ᠵᠡᠭᠦᠨ ᠬᠤᠰᠢᠭᠤᠨ ᠤ ᠬᠠᠷᠢᠶᠠᠨ ᠳᠠᠬᠢ 11 ᠰᠤᠮᠤ ᠪᠠᠯᠭᠠᠰᠤ᠂ ᠡᠵᠡᠩᠨᠡᠯᠲᠡ ᠶᠢᠨ ᠬᠤᠭᠤᠴᠠᠭ᠎ᠠ ᠨᠢ 4 ᠵᠢᠯ ᠵᠡᠷᠭᠡ ᠶᠢ ᠲᠣᠳᠣᠷᠬᠠᠶᠢᠯᠠᠬᠤ ᠶᠢᠨ ᠬᠠᠮᠲᠤ ︽ᠰᠦᠯᠵᠢᠶ᠎ᠡ ᠪᠠᠷ ᠤᠷᠢᠳᠴᠢᠯᠠᠨ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠣᠯᠭᠤᠨ᠎ᠠ᠃            ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠭᠴᠢ ᠵᠣᠬᠢᠴᠠᠩᠭᠤᠢ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾  ᠢ ᠣᠯᠬᠤ ᠶᠢᠨ ᠬᠠᠮᠲᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠮᠤᠵᠢ ᠶᠢᠨ ᠱᠠᠲᠤᠨ ᠤ ᠮᠡᠳᠡᠭᠡ ᠬᠤᠯᠪᠣᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠶᠢ ᠪᠦᠷᠢᠳᠬᠡᠭᠦᠯᠬᠦ ᠪᠠᠷ ᠭᠤᠶᠤᠴᠢᠯᠠᠭᠰᠠᠨ ᠤ ᠳᠠᠷᠠᠭ᠎ᠠ ᠰᠠᠶ᠋ᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠃ ᠪᠦᠷᠢᠳᠬᠡᠭᠦᠯᠬᠦ ᠠᠭᠤᠯᠭ᠎ᠠ ᠳᠤ ᠡᠵᠡᠩᠨᠡᠭᠴᠢ ᠶᠢᠨ ᠦᠨᠡᠨ ᠪᠡᠶ᠎ᠡ ᠬᠡᠮ ᠤᠨ ᠮᠡᠳᠡᠭᠡ ᠵᠠᠩᠭᠢ᠂ ᠵᠠᠯᠭᠠᠵᠤ ᠣᠷᠣᠭᠤᠯᠤᠭᠰᠠᠨ ᠮᠡᠳᠡᠭᠡ ᠵᠠᠩᠭᠢ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠵᠡᠷᠭᠡ ᠪᠠᠭᠲᠠᠨ᠎ᠠ᠃ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠢ ᠡᠵᠡᠩᠨᠡᠬᠦ ᠳᠤ ᠬᠤᠯᠪᠣᠭᠳᠠᠭᠰᠠᠨ ᠪᠠᠶᠢᠪᠠᠯ᠂ ᠪᠠᠰᠠ ᠴᠠᠬᠢᠯᠭᠠᠨ ᠬᠤᠯᠪᠣᠭᠠᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃            ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠭᠴᠢ ᠰᠦᠯᠵᠢᠶ᠎ᠡ ᠵᠢᠩᠬᠢᠨᠢ ᠪᠠᠷ ᠬᠤᠯᠪᠤᠭᠠᠯᠠᠨ ᠨᠡᠪᠲᠡᠷᠡᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ ᠶᠢᠨ ᠬᠠᠮᠢᠶᠠᠷᠤᠯᠲᠠ ᠡᠵᠡᠩᠨᠡᠯᠲᠡ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠭᠠᠨ ᠲᠣᠭᠲᠠᠭᠠᠭᠰᠠᠨ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠳᠤ ᠬᠦᠷᠴᠦ ᠪᠦᠷᠢᠳᠬᠡᠭᠦᠯᠬᠦ ᠭᠠᠷ ᠭᠦᠢᠴᠡᠳᠬᠡᠯ ᠬᠢᠬᠦ ᠬᠡᠷᠡᠭᠲᠡᠢ᠃            4. ᠵᠢᠯᠣᠭᠤᠴᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ᠬᠢᠯᠭᠡᠬᠦ ᠪᠠᠷ ᠭᠤᠶᠤᠴᠢᠯᠠᠬᠤ ᠵᠢᠷᠤᠮ︖            ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠲᠡᠷᠭᠡ ᠶᠢᠨ ᠡᠵᠡᠩᠨᠡᠯᠲᠡ ᠶᠢᠨ ᠦᠢᠯᠡᠴᠢᠯᠡᠭᠡ ᠡᠷᠭᠢᠯᠡᠬᠦ ᠪᠠᠷ ᠭᠤᠶᠤᠴᠢᠯᠠᠬᠤ ᠵᠢᠯᠣᠭᠤᠴᠢ ᠠᠯᠠᠱᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠴᠣᠩᠬᠤᠪᠴᠢ ᠳᠤ ᠭᠤᠶᠤᠴᠢᠯᠠᠯ ᠢᠶᠠᠨ ᠳᠤᠷᠠᠳᠴᠤ ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠰᠢᠯᠭᠠᠯᠲᠠ ᠳᠤ ᠣᠷᠣᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠴᠣᠩᠬᠤᠪᠴᠢ ᠳᠤ ᠲᠣᠭᠲᠠᠭᠠᠯ ᠶᠣᠰᠣᠭᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠵᠢᠯᠣᠭᠤᠴᠢ ᠳᠤ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ᠣᠯᠭᠤᠨ᠎ᠠ᠃             ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ᠣᠯᠣᠭᠰᠠᠨ ᠵᠢᠯᠣᠭᠤᠴᠢ ᠡᠷᠬᠡᠪᠰᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾  ᠤᠨ ᠲᠣᠭᠲᠠᠭᠠᠯ ᠶᠣᠰᠣᠭᠠᠷ᠂ ᠭᠤᠶᠤᠴᠢᠯᠠᠭᠰᠠᠨ ᠰᠠᠯᠠᠭ᠎ᠠ ᠮᠥᠴᠢᠷ ᠲᠤ ᠬᠦᠷᠴᠦ ᠪᠦᠷᠢᠳᠬᠡᠭᠦᠯᠬᠦ ᠭᠠᠷᠳᠠᠮ ᠭᠦᠢᠴᠡᠳᠬᠡᠭᠰᠡᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠴᠤ ᠡᠵᠡᠩᠨᠡᠵᠦ ᠪᠣᠯᠣᠨ᠎ᠠ᠃ ᠲᠡᠭᠦᠨ ᠤ ᠠᠵᠢᠯ ᠡᠷᠭᠢᠯᠡᠬᠦ ᠰᠢᠯᠭᠠᠯᠲᠠ᠂ ᠳᠠᠩᠰᠠᠯᠠᠯᠲᠠ ᠶᠢ ᠬᠤᠪᠢᠷᠠᠭᠤᠯᠬᠤ᠂ ᠳᠠᠩᠰᠠᠯᠠᠯᠲᠠ ᠶᠢ ᠦᠷᠭᠦᠯᠵᠢᠯᠡᠭᠦᠯᠬᠦ᠂ ᠳᠠᠩᠰᠠᠯᠠᠯᠲᠠ ᠶᠢ ᠬᠦᠴᠦᠨ ᠦᠭᠡᠢ ᠪᠣᠯᠭᠠᠬᠤ᠂ ᠦᠷᠭᠦᠯᠵᠢᠯᠡᠨ ᠰᠤᠷᠭᠠᠨ ᠬᠥᠮᠥᠵᠢᠭᠦᠯᠬᠦ ᠵᠡᠷᠭᠡ ᠵᠦᠢᠯᠡᠰ ᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃            5. ᠲᠣᠭᠲᠠᠭᠠᠯ ᠠᠴᠠ ᠵᠥᠷᠢᠴᠡᠨ ᠡᠵᠡᠩᠨᠡᠵᠦ ᠪᠠᠶᠢᠭ᠎ᠠ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠤᠨ ᠺᠣᠮᠫᠠᠨᠢ᠂ ᠲᠡᠷᠭᠡ ᠬᠥᠰᠬᠡ᠂ ᠵᠢᠯᠣᠭᠤᠴᠢ ᠶᠢ ᠬᠡᠷᠬᠢᠨ ᠰᠢᠢᠳᠬᠡᠬᠦ ᠪᠣᠶ︖            ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠤᠨ ᠺᠣᠮᠫᠠᠨᠢ᠂ ᠲᠡᠷᠭᠡ ᠬᠥᠰᠬᠡ᠂ ᠵᠢᠯᠣᠭᠤᠴᠢ ᠳᠤ ︽ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠲᠡᠷᠭᠡ ᠲᠦᠷᠢᠶᠡᠰᠦᠯᠡᠬᠦ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠪᠠ ᠲᠣᠰ ︽ᠬᠡᠷᠡᠭᠵᠢᠭᠦᠯᠬᠦ ᠨᠠᠷᠢᠨ ᠳᠦᠷᠢᠮ︾  ᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠠᠶᠢᠪᠠᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃            6. ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠠ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠯᠲᠠ ᠶᠢᠨ ᠬᠤᠶᠠᠷ ᠤᠨ ᠲᠤᠬᠠᠶᠢᠯᠠᠭᠰᠠᠨ ᠠᠵᠢᠯ ᠤᠨ ᠵᠠᠭᠠᠭ ᠬᠢᠵᠠᠭᠠᠷ ᠢ ᠬᠡᠷᠬᠢᠨ ᠬᠤᠪᠢᠶᠠᠷᠢᠯᠠᠬᠤ ᠪᠣᠶ︖            ᠬᠤᠶᠠᠭᠤᠯᠠ ᠪᠠᠨ ᠦᠢᠯᠡᠴᠢᠯᠡᠭᠡᠨ ᠤ ᠠᠷᠭ᠎ᠠ ᠮᠠᠶ᠋ᠢᠭ᠂ ᠦᠨ᠎ᠡ ᠬᠠᠩᠰᠢ ᠶᠢᠨ ᠲᠣᠭᠲᠠᠴᠠ ᠵᠡᠷᠭᠡ ᠲᠠᠯ᠎ᠠ ᠪᠠᠷ ᠢᠯᠡᠳᠲᠡ ᠢᠯᠭᠠᠭ᠎ᠠ ᠲᠠᠢ ᠪᠠᠶᠢᠵᠤ᠂ ᠬᠤᠶᠠᠭᠤᠯᠠ ᠶᠢᠨ ᠵᠦᠷᠢᠶᠡᠴᠢᠯᠡᠭᠰᠡᠨ ᠬᠥᠭᠵᠢᠯᠲᠡ ᠶᠢ ᠪᠡᠶᠡᠯᠡᠭᠦᠯᠪᠡ᠃ ᠲᠣᠭᠤᠷᠢᠨ ᠵᠤᠭᠠᠴᠠᠬᠤ ᠮᠠᠰᠢᠨ ᠲᠡᠷᠭᠡᠨ ᠳᠤ ᠲᠤᠰᠬᠠᠢ ᠲᠦᠷᠢᠶᠡᠰᠦᠨ ᠮᠠᠰᠢᠨ ᠲᠡᠷᠭᠡᠨ ᠤ ᠢᠯᠡᠳᠬᠡᠮᠵᠢ ᠲᠡᠮᠳᠡᠭ ᠢ ᠰᠦᠷᠴᠢᠨ ᠰᠢᠷᠳᠡᠬᠦ᠂ ᠤᠭᠰᠠᠷᠠᠬᠤ ᠳᠤ ᠭᠤᠣᠯᠳᠠᠭᠤ ᠢᠯᠡ ᠪᠠᠷ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠲᠣᠭᠤᠷᠢᠨ ᠵᠤᠭᠠᠴᠠᠵᠤ ᠵᠣᠴᠢᠨ ᠲᠠᠲᠠᠨ᠎ᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠦᠷᠳᠡᠭᠡ᠂ ᠮᠠᠰᠢᠨ ᠲᠡᠷᠭᠡᠨ ᠦᠷᠳᠡᠭᠡ ᠵᠡᠷᠭᠡ ᠦᠷᠳᠡᠭᠡ ᠳᠤ ᠵᠣᠴᠢᠨ ᠬᠦᠯᠢᠶᠡᠨ᠎ᠡ᠂ ᠪᠠᠰᠠ ᠤᠲᠠᠰᠤ᠂ ᠢᠨᠲ᠋ᠧᠷ ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠪᠣᠯᠵᠣᠭᠠᠨ ᠤ ᠦᠢᠯᠡᠴᠢᠯᠡᠭᠡ ᠬᠠᠩᠭᠠᠵᠤ ᠪᠣᠯᠣᠨ᠎ᠠ᠃ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠳᠤ ᠢᠯᠡ ᠲᠣᠳᠣ ᠲᠡᠮᠳᠡᠭ ᠢ ᠰᠦᠷᠴᠢᠨ ᠰᠢᠷᠲᠡᠬᠦ ᠦᠭᠡᠢ᠂ ᠥᠷᠲᠡᠭᠡᠨ ᠳᠤ ᠵᠣᠴᠢᠨ ᠬᠦᠯᠢᠶᠡᠵᠦ ᠪᠣᠯᠬᠤ ᠦᠭᠡᠢ᠂ ᠵᠥᠪᠬᠡᠨ ᠴᠠᠬᠢᠮ ᠢᠶᠠᠷ ᠵᠠᠬᠢᠶᠠᠯᠠᠬᠤ ᠠᠷᠭ᠎ᠠ ᠮᠠᠶ᠋ᠢᠭ ᠢᠶᠠᠷ ᠦᠢᠯᠡᠴᠢᠯᠡᠭᠡ ᠬᠠᠩᠭᠠᠨ᠎ᠠ᠃ ᠲᠣᠭᠤᠷᠢᠨ ᠵᠤᠭᠠᠴᠠᠬᠤ ᠲᠡᠷᠭᠡ ᠶᠢᠨ ᠲᠡᠭᠡᠭᠡᠪᠦᠷᠢ ᠶᠢᠨ ᠦᠨ᠎ᠡ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠶᠢ ᠬᠡᠷᠡᠭᠵᠢᠭᠦᠯᠵᠦ᠂ ᠵᠣᠬᠢᠬᠤ ᠦᠨᠳᠦᠰᠦᠨ ᠪᠠᠲᠤᠯᠠᠭ᠎ᠠ ᠶᠢᠨ ᠴᠢᠳᠠᠮᠵᠢ ᠲᠠᠢ ᠪᠠᠶᠢᠵᠤ᠂ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠡᠭᠡᠭᠡᠪᠦᠷᠢ ᠶᠢᠨ ᠦᠨ᠎ᠡ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠦᠨ᠎ᠡ᠃            7. ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠲᠠᠪᠴᠠᠩ ᠨᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠶᠤᠮ ᠦᠦ ᠡᠰᠡᠬᠦᠯ᠎ᠡ ᠲᠡᠭᠡᠭᠡᠪᠦᠷᠢ ᠶᠢᠨ ᠦᠢᠯᠡᠴᠢᠯᠡᠭᠡ ᠬᠠᠩᠭᠠᠬᠤ ᠶᠤᠮ ᠦᠦ︖            ᠠᠶᠠᠨᠴᠢᠳ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠲᠠᠪᠴᠠᠩ ᠢ ᠬᠡᠷᠡᠭᠯᠡᠬᠦ ᠶᠢᠨ ᠵᠣᠷᠢᠯᠭ᠎ᠠ ᠨᠢ ᠲᠡᠭᠡᠭᠡᠪᠦᠷᠢ ᠶᠢᠨ ᠦᠢᠯᠡᠴᠢᠯᠡᠭᠡ ᠣᠯᠬᠤ ᠶᠢᠨ ᠲᠥᠯᠥᠭᠡ ᠶᠤᠮ᠂ ᠲᠠᠪᠴᠠᠩ ᠨᠢ ᠮᠡᠳᠡᠭᠡ ᠵᠠᠩᠭᠢ ᠪᠠᠷ ᠢᠵᠢ ᠪᠦᠷᠢᠳᠦᠭᠦᠯᠬᠦ ᠦᠢᠯᠡᠴᠢᠯᠡᠭᠡ ᠶᠢ ᠬᠠᠩᠭᠠᠬᠤ ᠪᠠᠷ ᠪᠠᠷᠠᠬᠤ ᠦᠭᠡᠢ᠂ ᠪᠠᠰᠠ ᠰᠢᠭᠤᠳ ᠮᠠᠰᠢᠨ ᠲᠡᠷᠭᠡᠨ ᠤ ᠡᠵᠡᠩᠨᠡᠯᠲᠡ ᠶᠢ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠶᠢ ᠬᠤᠪᠢᠶᠠᠷᠢᠯᠠᠨ᠂ ᠦᠢᠯᠡᠴᠢᠯᠡᠭᠡᠨ ᠤ ᠦᠨ᠎ᠡ ᠬᠠᠩᠰᠢ ᠶᠢ ᠲᠣᠭᠲᠠᠭᠠᠵᠤ᠂ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠲᠣᠭᠲᠠᠭᠠᠵᠤ᠂ ᠵᠢᠯᠣᠭᠤᠴᠢ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠦᠨᠡᠯᠡᠯᠲᠡ ᠵᠡᠷᠭᠡ ᠶᠢ ᠬᠡᠷᠡᠭᠵᠢᠭᠦᠯᠵᠦ᠂ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠪᠥᠬᠦ ᠶᠠᠪᠤᠴᠠ ᠳᠤ ᠬᠤᠯᠪᠣᠭᠳᠠᠨ᠎ᠠ᠃ ᠡᠶᠢᠮᠦ ᠠᠴᠠ ᠲᠠᠪᠴᠠᠩ ᠺᠣᠮᠫᠠᠨᠢ ᠪᠣᠯ ᠴᠠᠬᠢᠮ ᠢᠶᠠᠷ ᠵᠠᠬᠢᠶᠠᠯᠠᠬᠤ ᠲᠦᠷᠢᠶᠡᠰᠦᠨ ᠮᠠᠰᠢᠨ ᠤ ᠡᠵᠡᠩᠨᠡᠯᠲᠡ ᠶᠢᠨ ᠵᠣᠬᠢᠶᠠᠨ ᠪᠠᠶᠢᠭᠤᠯᠤᠭᠴᠢ ᠮᠥᠨ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠳᠠᠭᠠᠭᠠᠴᠢᠯᠠᠨ ᠲᠡᠭᠡᠭᠡᠪᠦᠷᠢᠯᠡᠭᠴᠢ ᠮᠥᠨ ᠪᠣᠯᠬᠤᠷ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠢᠯᠣᠭᠤᠴᠢ ᠪᠠ ᠰᠠᠭᠤᠳᠠᠯ ᠤᠨ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃            ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠠᠯᠠᠱᠠ ᠵᠡᠭᠦᠨ ᠬᠤᠰᠢᠭᠤᠨ ᠤ ᠴᠠᠬᠢᠮ ᠢᠶᠠᠷ ᠲᠦᠷᠢᠶᠡᠰᠦᠨ ᠮᠠᠰᠢᠨ ᠵᠠᠬᠢᠶᠠᠯᠠᠬᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾  ᠤᠨ ᠲᠤᠬᠠᠢ ᠠᠯᠠᠱᠠ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠲᠠᠶᠢᠯᠤᠮᠵᠢ                  ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号