| | | | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠷᠡᠭᠯᠡᠭᠡᠨ ᠤ ᠳᠠᠯᠳᠠ ᠬᠦᠴᠦᠨ ᠢ ᠤᠯᠠᠮ | ᠪᠠᠳᠠᠷᠠᠭᠤᠯᠵᠤ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠵᠤ᠂ ᠲᠠᠪᠤᠨ ᠶᠡᠭᠡ ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ | ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠤᠨ ᠱᠠᠲᠤ ᠦᠶ᠎ᠡ ᠶᠢᠨ ᠴᠢᠨᠠᠷᠲᠠᠢ | ᠳᠠᠭᠠᠷᠢᠯᠲᠠ ᠶᠢ ᠪᠦᠲᠦᠮᠵᠢᠲᠡᠶ ᠠᠷᠭᠠᠴᠠᠬᠤ ᠶᠢ ᠪᠣᠳᠣᠯᠬᠢᠯᠠᠭᠰᠠᠨ ᠮᠥᠷᠲᠡᠭᠡᠨ ᠪᠠᠰᠠ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠬᠥᠭᠵᠢᠭᠡᠵᠦ᠂ | ᠬᠡᠷᠡᠭᠯᠡᠭᠡᠨ ᠤ ᠤᠯᠤᠰ ᠠᠷᠠᠳ ᠤᠨ ᠠᠵᠤ ᠠᠬᠤᠢ ᠳᠤ ᠦᠵᠡᠭᠦᠯᠬᠦ ᠥᠨᠢᠳᠡ ᠶᠢᠨ ᠲᠠᠲᠠᠬᠤ ᠬᠦᠴᠦᠨ ᠢ ᠪᠥᠬᠦ | ᠲᠠᠯ᠎ᠠ ᠪᠠᠷ ᠴᠢᠩᠭᠠᠷᠠᠭᠤᠯᠬᠤ ᠶᠢ ᠪᠠᠷᠠᠯᠠᠭᠰᠠᠨ ᠪᠠᠶᠢᠨ᠎ᠠ᠃ | | ᠨᠢᠭᠡ᠂ ︽ᠰᠠᠨᠠᠯ︾ ᠳᠤ ᠵᠠᠬ᠎ᠠ ᠳᠡᠯᠭᠡᠭᠦᠷ ᠤᠨ ᠣᠷᠴᠢᠯ ᠢ ᠬᠦᠴᠦᠯᠡᠨ ᠰᠢᠯᠤᠭᠤᠳᠬᠠᠵᠤ᠂ ᠬᠡᠷᠡᠭᠯᠡᠭᠡ ᠶᠢᠨ | ᠦᠷᠭᠦᠯᠵᠢᠯᠡᠨ ᠰᠡᠷᠭᠦᠬᠦ ᠶᠢ ᠲᠦᠷᠭᠡᠪᠴᠢᠯᠡᠨ ᠠᠬᠢᠭᠤᠯᠤᠨ᠎ᠠ | | ᠡᠨᠡ ᠵᠢᠯ ᠨᠡᠮᠡᠭᠳᠡᠯ ᠢ ᠲᠣᠭᠲᠠᠭᠤᠨ ᠪᠠᠶᠢᠯᠭᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠂ ︽ | ᠰᠠᠨᠠᠯ︾ ᠨᠢ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠬᠡᠷᠡᠭᠯᠡᠭᠡ ᠶᠢ ᠲᠣᠭᠲᠠᠭᠤᠨ ᠪᠠᠶᠢᠯᠭᠠᠬᠤ ᠶᠢᠨ | ᠲᠥᠯᠥᠭᠡ ᠶᠤᠮ᠂ ᠡᠨᠡ ᠪᠣᠯ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠭᠤᠨ ᠪᠠᠶᠢᠯᠭᠠᠬᠤ ᠶᠢᠨ ᠵᠠᠩᠭᠢᠯᠠᠭ᠎ᠠ | ᠶᠢᠨ ᠲᠦᠰᠢᠭ ᠲᠤᠯᠭᠠᠭᠤᠷᠢ ᠮᠥᠨ᠃ ︽ᠰᠠᠨᠠᠯ︾ ᠳᠤ ᠭᠤᠣᠯᠳᠠᠭᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ | ᠰᠢᠢᠳᠪᠦᠷᠢᠯᠡᠵᠦ᠂ ᠪᠣᠳᠠᠰ ᠤᠨ ᠤᠷᠤᠰᠬᠠᠯ ᠢ ᠰᠢᠯᠤᠭᠤᠳᠬᠠᠨ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ | ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ | ᠪᠠᠶᠢᠷᠢᠯᠠᠭᠤᠯᠤᠨ᠂ ᠬᠠᠩᠭᠠᠯᠭ᠎ᠠ ᠬᠡᠷᠡᠭᠴᠡᠭᠡ ᠶᠢᠨ ᠣᠷᠴᠢᠯ᠂ ᠵᠠᠬ᠎ᠠ ᠳᠡᠯᠭᠡᠭᠦᠷ ᠤᠨ ᠣᠷᠴᠢᠯ ᠢ ᠬᠦᠴᠦᠯᠡᠨ | ᠰᠢᠯᠤᠭᠤᠳᠬᠠᠵᠤ᠂ ᠬᠡᠷᠡᠭᠯᠡᠭᠡ ᠶᠢᠨ ᠡᠮᠬᠢ ᠵᠢᠷᠤᠮ ᠲᠠᠢ ᠰᠡᠷᠭᠦᠨ ᠬᠥᠭᠵᠢᠬᠦ ᠶᠢ ᠠᠬᠢᠭᠤᠯᠵᠤ᠂ ᠡᠭᠦᠨ ᠤ ᠤᠯᠠᠮ ᠠᠴᠠ | ᠡᠨᠡ ᠵᠢᠯ ᠤᠨ ᠲᠣᠭᠲᠠᠭᠤᠨ ᠢᠶᠠᠷ ᠨᠡᠮᠡᠭᠳᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠭᠦᠨ ᠤ | ᠬᠠᠮᠲᠤ᠂ ︽ᠰᠠᠨᠠᠯ︾ ᠳᠤ᠂ ᠠᠮᠤ ᠲᠣᠰᠣ ᠮᠢᠬ᠎ᠠ ᠥᠨᠳᠡᠭᠡ ᠰᠦ᠋ ᠵᠢᠮᠢᠰ ᠨᠣᠭᠤᠭ᠎ᠠ ᠪᠣᠯᠣᠨ ᠶᠡᠭᠡ ᠬᠡᠮᠵᠢᠶᠡᠨ ᠤ | ᠲᠠᠸᠠᠷ ᠵᠡᠷᠭᠡ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠂ ᠢᠯᠠᠩᠭᠤᠶ᠎ᠠ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ | ᠰᠠᠶᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠂ ᠡᠨᠡ ᠪᠣᠯ ᠣᠳᠣᠬᠠᠨ ᠳᠤ ᠲᠣᠬᠢᠲᠠᠢ ᠰᠢᠢᠳᠪᠦᠷᠢᠯᠡᠬᠦ ᠶᠢ | ᠲᠤᠯᠭᠠᠮ᠎ᠠ ᠱᠠᠭᠠᠷᠳᠠᠵᠤ ᠪᠠᠶᠢᠭ᠎ᠠ ᠠᠷᠠᠳ ᠤᠨ ᠠᠮᠢᠳᠤᠷᠠᠯ ᠤᠨ ᠠᠩᠬᠠᠷᠤᠯ ᠤᠨ ᠴᠡᠭ ᠮᠥᠨ᠃ | | ︽ᠰᠠᠨᠠᠯ︾ ᠳᠤ ᠳᠤᠷᠠᠳᠤᠭᠰᠠᠨ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠲᠣᠭᠲᠠᠪᠤᠷᠢᠵᠢᠭᠤᠯᠤᠨ ᠠᠵᠢᠯ | ᠣᠯᠭᠤᠯᠲᠠ ᠶᠢ ᠪᠠᠲᠤᠯᠠᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠤᠨ ᠬᠡᠷᠡᠭᠯᠡᠭᠡᠨ ᠤ ᠳᠠᠯᠳᠠ ᠬᠦᠴᠦᠨ ᠢ | ᠬᠥᠭᠵᠢᠭᠡᠨ᠎ᠡ᠂ ᠡᠨᠡ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠤᠯᠤᠰ ᠠᠷᠠᠳ ᠤᠨ | ᠠᠵᠤ ᠠᠬᠤᠢ ᠶᠢᠨ ᠶᠡᠭᠡ ᠣᠷᠴᠢᠯ ᠢ ᠰᠠᠭᠠᠳ ᠦᠭᠡᠢ ᠨᠡᠪᠲᠡᠷᠡᠭᠦᠯᠬᠦ ᠶᠢᠨ ᠭᠤᠣᠯᠳᠠᠯᠭᠠᠬᠢᠵᠢᠭ ᠤᠨ ᠪᠠᠶᠢᠳᠠᠯ ᠬᠡᠰᠡᠭ | ᠲᠠᠯ᠎ᠠ ᠪᠠᠷ ᠳᠠᠬᠢᠨ ᠨᠡᠮᠡᠭᠳᠡᠵᠦ᠂ ᠬᠦᠷᠦᠯᠴᠡᠬᠦ ᠮᠠᠶ᠋ᠢᠭ ᠤᠨ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠳᠤᠮᠳᠠ | ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠦᠴᠢᠷᠳᠡᠯ ᠳᠤ | ᠲᠤᠯᠭᠠᠷᠠᠭᠤᠯᠪᠠ᠃ ︽ᠰᠠᠨᠠᠯ︾ ᠳᠤ ᠦᠢᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠶᠢ ᠬᠥᠩᠭᠡᠯᠡᠵᠦ ᠭᠠᠶᠢᠯᠢ ᠶᠢ ᠪᠤᠴᠠᠭᠠᠬᠤ | ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠳᠤ ᠬᠦᠨᠳᠦ | ᠨᠣᠴᠢᠲᠠᠢ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠪᠡᠯᠡ ᠲᠣᠬᠢᠷᠠᠭᠤᠯᠭ᠎ᠠ ᠶᠢᠨ ᠳᠡᠮᠵᠢᠯᠭᠡ | ᠦᠵᠡᠭᠦᠯᠵᠦ᠂ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶ᠎ᠡ ᠶᠢᠨ | ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠠᠯᠳᠠᠯᠲᠠ ᠶᠢᠨ | ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠶᠢ ᠰᠠᠶᠢᠲᠤᠷ ᠬᠡᠷᠡᠭᠵᠢᠭᠦᠯᠵᠦ᠂ ᠠᠵᠤ | ᠠᠬᠤᠶᠢᠯᠠᠯ ᠢ ᠬᠥᠲᠥᠯᠥᠨ ᠵᠢᠯᠤᠭᠤᠳᠬᠤ ᠪᠠ ᠬᠠᠪᠰᠤᠷᠤᠨ ᠲᠡᠳᠬᠦᠵᠦ ᠪᠠᠶᠢᠭᠠᠳ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠶᠢ ᠰᠠᠶᠢᠲᠤᠷ ᠬᠡᠷᠡᠭᠵᠢᠭᠦᠯᠦᠨ᠎ᠡ᠃ ᠢᠯᠠᠩᠭᠤᠶ᠎ᠠ ᠢᠳᠡᠭᠡᠨ ᠤᠮᠳᠠᠭᠠᠨ᠂ ᠵᠢᠵᠢᠭᠯᠡᠨ | ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ | ᠲᠡᠭᠡᠭᠡᠪᠦᠷᠢ ᠵᠡᠷᠭᠡ ᠣᠨᠴᠠ ᠬᠦᠴᠢᠷᠳᠡᠯ ᠲᠠᠢ ᠠᠵᠢᠯ ᠲᠦᠷᠦᠯ ᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠶᠢᠯᠢ ᠰᠦᠢᠳᠬᠡᠯ ᠤᠨ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠴᠠᠬᠢᠯᠭᠠᠨ ᠤ ᠦᠨ᠎ᠡ ᠳᠤ ᠬᠠᠷᠠᠭᠠᠯᠵᠠᠯ ᠦᠵᠡᠭᠦᠯᠬᠦ ᠵᠡᠷᠭᠡ | ᠲᠠᠯ᠎ᠠ ᠪᠠᠷ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠦᠨ᠎ᠡ᠃ ︽ᠰᠠᠨᠠᠯ︾ ᠳᠤ ᠠᠵᠢᠯ ᠣᠯᠭᠤᠯᠲᠠ ᠶᠢᠨ | ᠣᠷᠣᠯᠭ᠎ᠠ ᠶᠢ ᠨᠡᠮᠡᠭᠳᠡᠭᠦᠯᠵᠦ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠂ ᠡᠨᠡ | ᠪᠣᠯ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠢ ᠳᠡᠭᠡᠭᠰᠢᠯᠡᠭᠦᠯᠬᠦ ᠶᠢᠨ ᠤᠷᠢᠲᠠᠯ ᠮᠥᠨ᠂ ᠪᠠᠰᠠ ᠴᠤ ᠤᠯᠤᠰ | ᠠᠷᠠᠳ ᠤᠨ ᠠᠵᠤ ᠠᠬᠤᠢ ᠳᠤ ᠦᠵᠡᠭᠦᠯᠬᠦ ᠳᠣᠲᠣᠭᠠᠳᠤ ᠬᠡᠷᠡᠭᠴᠡᠭᠡ ᠶᠢᠨ ᠲᠤᠯᠭᠠᠭᠤᠷᠢᠯᠠᠬᠤ ᠦᠢᠯᠡᠳᠦᠯ ᠢ | ᠨᠡᠮᠡᠭᠳᠡᠭᠦᠯᠬᠦ ᠪᠠ ᠳᠣᠲᠣᠭᠠᠳᠤ ᠬᠡᠷᠡᠭᠴᠡᠭᠡ ᠶᠢᠨ ᠪᠦᠷᠢᠨ ᠪᠦᠲᠦᠨ ᠰᠢᠰᠲ᠋ᠧᠮ ᠢ ᠪᠣᠶᠢᠵᠢᠭᠤᠯᠬᠤ ᠶᠢᠨ ᠵᠠᠩᠭᠢᠯᠠᠭ᠎ᠠ | ᠮᠥᠨ᠃ | | ᠬᠤᠶᠠᠷ᠂ ︽ᠰᠠᠨᠠᠯ︾ ᠨᠢ ᠪᠦᠬᠦ ᠬᠡᠯᠬᠢᠶ᠎ᠡ ᠶᠢᠨ ᠡᠯ᠎ᠡ ᠭᠤᠭᠴᠤᠭ᠎ᠠ ᠳᠤ ᠠᠩᠬᠠᠷᠤᠯ ᠢᠶᠠᠨ ᠬᠠᠨᠳᠤᠭᠤᠯᠵᠤ᠂ | ᠬᠡᠷᠡᠭᠯᠡᠭᠡᠨ ᠤ ᠳᠠᠯᠳᠠ ᠬᠦᠴᠦᠨ ᠢ ᠲᠦᠷᠭᠡᠨ ᠪᠠᠳᠠᠷᠠᠭᠤᠯᠤᠨ᠎ᠠ | | ᠨᠢᠭᠡ ᠳᠤ᠂ ᠬᠠᠩᠭᠠᠯᠭ᠎ᠠ ᠶᠢ ᠵᠣᠬᠢᠴᠠᠭᠤᠯᠬᠤ ᠬᠡᠷᠡᠭᠯᠡᠭᠡ ᠶᠢᠨ ᠲᠡᠰ ᠳᠡᠪᠰᠢᠬᠦ ᠶᠢ ᠠᠬᠢᠭᠤᠯᠵᠤ᠂ | ᠭᠤᠣᠯᠳᠠᠯᠭ᠎ᠠ ᠲᠠᠢ ᠬᠦᠷᠢᠶᠡᠨ ᠤ ᠬᠡᠷᠡᠭᠯᠡᠭᠡ ᠶᠢ ᠪᠠᠬᠢᠵᠢᠭᠦᠯᠦᠨ ᠥᠷᠭᠡᠳᠬᠡᠨ᠎ᠡ᠃ ︽ᠰᠠᠨᠠᠯ︾ ᠳᠤ᠂ ᠡᠮᠴᠢᠯᠡᠭᠡ | ᠡᠷᠡᠭᠦᠯᠵᠢᠯ ᠤᠨ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ | ᠨᠠᠰᠤᠲᠠᠶᠢᠴᠤᠳ ᠪᠠ ᠨᠢᠯᠬ᠎ᠠ ᠬᠡᠦᠬᠡᠳ ᠤᠨ ᠬᠡᠷᠡᠭᠯᠡᠭᠡ ᠳᠤ ᠲᠣᠬᠢᠷᠠᠬᠤ ᠨᠠᠩ ᠣᠯᠠᠨ ᠦᠢᠯᠡᠳᠬᠦᠨ ᠪᠠ | ᠦᠢᠯᠡᠴᠢᠯᠡᠭᠡ ᠶᠢ ᠨᠡᠭᠡᠭᠡᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠤᠷᠰᠢᠯᠲᠠ ᠶᠢᠨ | ᠴᠢᠭ᠋ ᠤᠨ ᠵᠢᠱᠢᠶ᠎ᠡ ᠦᠵᠡᠭᠦᠯᠬᠦ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ | ᠲᠡᠷᠭᠡ ᠶᠢᠨ ᠲᠦᠷᠭᠡᠪᠴᠢᠯᠡᠨ ᠬᠥᠭᠵᠢᠬᠦ ᠶᠢ ᠳᠡᠮᠵᠢᠵᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠪᠠ | ᠪᠣᠬᠢᠷᠲᠤᠯ ᠦᠭᠡᠢ ᠭᠡᠷ ᠤᠨ ᠬᠤᠪᠴᠠᠰᠤ ᠶᠢ ᠢᠳᠡᠪᠬᠢᠲᠡᠢ ᠳᠡᠯᠭᠡᠷᠡᠭᠦᠯᠦᠨ᠂ ᠪᠣᠬᠢᠷᠲᠤᠯ ᠦᠭᠡᠢ ᠶᠠᠪᠤᠵᠤ ᠰᠠᠭᠤᠬᠤ ᠶᠢ | ᠰᠠᠨᠠᠭᠠᠴᠢᠯᠠᠨ᠎ᠠ ᠭᠡᠵᠦ ᠳᠤᠷᠠᠳᠤᠨ ᠭᠠᠷᠭᠠᠪᠠ᠃ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠶᠢᠨ ᠵᠠᠩᠭᠢᠯᠠᠭ᠎ᠠ ᠨᠢ ᠳᠠᠷᠤᠢ | ᠬᠠᠩᠭᠠᠯᠭ᠎ᠠ ᠶᠢᠨ ᠲᠠᠰ ᠳᠡᠪᠰᠢᠬᠦ ᠶᠢ ᠢᠵᠢ ᠪᠦᠷᠢᠳᠦᠭᠦᠯᠦᠭᠰᠡᠨ ᠬᠡᠷᠡᠭᠯᠡᠭᠡ ᠶᠢᠨ ᠲᠠᠰ ᠳᠡᠪᠰᠢᠬᠦ ᠶᠢ ᠲᠦᠷᠭᠡᠳᠬᠡᠨ | ᠠᠬᠢᠭᠤᠯᠵᠤ᠂ ᠪᠥᠬᠦ ᠲᠠᠯ᠎ᠠ ᠪᠠᠷ ᠰᠢᠨ᠎ᠡ ᠶᠢ ᠡᠭᠦᠳᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ | ᠬᠡᠷᠡᠭᠯᠡᠭᠡ ᠶᠢᠨ ᠦᠨᠳᠦᠰᠦᠨ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠬᠤ ᠶᠠᠪᠤᠳᠠᠯ ᠪᠣᠯᠣᠨ᠎ᠠ᠃ | | ᠬᠤᠶᠠᠷ ᠲᠤ ᠵᠠᠰᠠᠭ ᠤᠨ ᠣᠷᠳᠣᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ ᠲᠠᠯ᠎ᠠ ᠪᠠᠷ ᠨᠡᠩ ᠶᠡᠭᠡ | ᠦᠢᠯᠡᠳᠦᠯ ᠭᠠᠷᠭᠠᠬᠤ ᠬᠡᠷᠡᠭᠲᠡᠢ᠃ ︽ᠰᠠᠨᠠᠯ︾ ᠳᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ᠂ | ᠡᠳ᠋ ᠤᠨ ᠵᠠᠰᠠᠭ ᠭᠠᠶᠢᠯᠢ ᠶᠢᠨ ᠲᠤᠯᠭᠠᠭᠤᠷᠢᠯᠠᠯ᠂ ᠡᠯᠧᠮᠧᠨ᠋ᠲ ᠤᠨ ᠪᠠᠲᠤᠯᠠᠭ᠎ᠠ᠂ ᠨᠢᠭᠡᠳᠦᠯᠲᠡᠢ ᠪᠠᠷᠢᠮᠵᠢᠶ᠎ᠠ ᠵᠡᠷᠭᠡ | ᠲᠠᠯ᠎ᠠ ᠪᠠᠷ ᠲᠣᠳᠣᠷᠬᠠᠢ ᠪᠠᠶᠢᠷᠢᠯᠠᠭᠤᠯᠤᠯᠲᠠ ᠬᠢᠵᠡᠢ᠃ ᠵᠢᠱᠢᠶᠡᠯᠡᠪᠡᠯ᠂ ᠬᠡᠷᠡᠭᠯᠡᠭᠡᠨ ᠤ ᠬᠤᠯᠪᠣᠭᠳᠠᠯ ᠪᠦᠬᠦᠢ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰᠬᠠᠢ ᠵᠦᠢᠯᠡᠰ ᠤᠨ ᠵᠢᠭᠡᠯᠡᠯᠭᠡ ᠶᠢᠨ ᠳᠡᠮᠵᠢᠯᠭᠡ ᠶᠢᠨ | ᠬᠡᠪᠴᠢᠶᠡᠨ ᠳᠤ ᠣᠷᠣᠭᠤᠯᠬᠤ ᠪᠠᠷ ᠳᠤᠷᠠᠳᠤᠭᠰᠠᠨ ᠤ ᠵᠣᠷᠢᠯᠭ᠎ᠠ ᠨᠢ ᠪᠡᠯᠡ ᠣᠷᠣᠭᠤᠯᠤᠯᠲᠠ ᠪᠠᠷ ᠬᠡᠷᠡᠭᠯᠡᠭᠡ ᠶᠢ | ᠲᠠᠶᠢᠴᠢᠯᠠᠵᠤ᠂ ᠳᠣᠲᠣᠭᠠᠳᠤ ᠬᠡᠷᠡᠭᠴᠡᠭᠡ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠬᠦ ᠪᠠᠷ | ᠳᠠᠮᠵᠢᠭᠤᠯᠤᠨ ᠨᠡᠮᠡᠭᠳᠡᠯ ᠤᠨ ᠳᠣᠲᠣᠭᠠᠳᠤ ᠠᠮᠢᠳᠤᠯᠢᠭ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ ᠶᠤᠮ᠃ ᠪᠠᠰᠠ | ᠵᠢᠱᠢᠶᠡᠯᠡᠪᠡᠯ᠂ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠳᠦᠷᠢᠮ ᠢ ᠪᠦᠷᠢᠨᠰᠢᠭᠦᠯᠵᠦ᠂ ᠠᠷᠠᠳ ᠤᠯᠠᠨ ᠤ ︽ᠪᠠᠴᠢᠮ ᠪᠡᠷᠬᠡ ᠵᠣᠪᠠᠨᠢᠯ ᠬᠦᠰᠡᠯ︾ ᠲᠠᠢ ᠨᠢᠭᠲᠠ | ᠤᠶᠠᠯᠳᠤᠭᠤᠯᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠨᠳᠦᠰᠦᠨ ᠪᠤᠰᠤ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠤᠯᠠᠨ ᠡᠰᠢᠴᠢᠯᠡᠨ ᠥᠷᠭᠡᠳᠬᠡᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠰᠠ ᠵᠢᠱᠢᠶᠡᠯᠡᠪᠡᠯ᠂ ᠦᠢᠯᠡᠴᠢᠯᠡᠭᠡᠨ ᠤ ᠬᠡᠷᠡᠭᠯᠡᠭᠡ ᠶᠢᠨ ᠲᠤᠭ᠎ᠠ | ᠪᠦᠷᠢᠳᠬᠡᠯ ᠤᠨ ᠬᠢᠨᠠᠨ ᠬᠡᠮᠵᠢᠯᠲᠡ ᠶᠢ ᠲᠡᠭᠦᠯᠳᠡᠷᠵᠢᠭᠦᠯᠵᠦ᠂ ᠰᠦᠯᠵᠢᠶᠡᠨ ᠤ ᠬᠡᠷᠡᠭᠯᠡᠭᠡ ᠵᠡᠷᠭᠡ ᠬᠡᠷᠡᠭᠯᠡᠭᠡ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠲᠤᠭ᠎ᠠ ᠪᠦᠷᠢᠳᠬᠡᠯ ᠤᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ | | ᠭᠤᠷᠪᠠ ᠳᠤ ᠣᠷᠣᠨ ᠪᠦᠰᠡ ᠶᠢᠨ ᠰᠢᠶᠠᠨ ᠰᠤᠮᠤᠨ ᠤ ᠬᠡᠷᠡᠭᠯᠡᠭᠡᠨ ᠤ ᠲᠠᠯᠳᠠ ᠬᠦᠴᠦᠨ ᠢ ᠭᠦᠢᠴᠡᠳ | ᠠᠭᠤᠳᠠᠯᠵᠤ ᠪᠠᠶᠢᠭᠠᠳ ᠪᠦᠬᠦᠯᠢ ᠴᠣᠭᠴᠠ ᠶᠢᠨ ᠬᠡᠷᠡᠭᠯᠡᠭᠡ ᠶᠢ ᠲᠤᠯᠭᠠᠭᠤᠷᠢᠯᠠᠨ᠎ᠠ᠃ ︽ᠰᠠᠨᠠᠯ︾ ᠳᠤ᠂ ᠨᠢᠭᠡ | ᠪᠦᠯᠦᠭ ᠣᠷᠣᠨ ᠪᠦᠰᠡ ᠶᠢᠨ ᠬᠡᠷᠡᠭᠯᠡᠭᠡᠨ ᠤ ᠲᠥᠪ ᠢ ᠪᠠᠶᠢᠭᠤᠯᠵᠤ᠂ ᠡᠯ᠎ᠡ ᠭᠠᠵᠠᠷ ᠣᠷᠣᠨ ᠤ ᠲᠤᠬᠠᠢ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠲᠥᠬᠦᠭᠡᠷᠦᠮᠵᠢ ᠪᠦᠷᠢᠨ ᠲᠡᠭᠦᠯᠳᠡᠷ᠂ ᠡᠵᠡᠩᠨᠡᠯᠲᠡ ᠶᠢᠨ | ᠬᠡᠯᠪᠡᠷᠢ ᠪᠠᠶᠢᠳᠠᠯ ᠡᠯᠪᠡᠭ ᠪᠠᠶᠠᠯᠢᠭ᠂ ᠡᠷᠡᠭᠦᠯ ᠪᠥᠭᠡᠳ ᠪᠣᠬᠢᠷᠲᠤᠯ ᠦᠭᠡᠢ ᠬᠡᠷᠡᠭᠯᠡᠭᠡᠨ ᠤ ᠲᠥᠪᠯᠡᠷᠡᠯ ᠤᠨ ᠣᠷᠣᠨ ᠢ | ᠡᠮᠬᠢ ᠵᠢᠷᠤᠮ ᠲᠠᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠬᠤᠲᠠ ᠶᠢᠨ ᠨᠢᠭᠡ ᠮᠥᠴᠡ ᠠᠷᠠᠳ ᠲᠤ ᠲᠥᠬᠦᠮ | ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ ᠭᠡᠵᠦ | ᠳᠤᠷᠠᠳᠤᠨ ᠭᠠᠷᠭᠠᠪᠠ᠃ ᠡᠭᠦᠨ ᠤ ᠵᠡᠷᠭᠡ ᠳᠤ᠂ ︽ᠰᠠᠨᠠᠯ︾ ᠤᠨ ᠨᠢᠭᠡ ᠭᠤᠣᠯᠳᠠᠯᠭ᠎ᠠ ᠪᠣᠯ ᠳᠠᠷᠤᠢ ᠬᠥᠳᠡᠭᠡ | ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ | ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠠᠵᠤ ᠠᠬᠤᠶᠢᠯᠠᠯ᠂ ᠴᠠᠬᠢᠮ ᠬᠤᠳᠠᠯᠳᠤᠭᠠᠨ ᠤ ᠲᠠᠪᠴᠠᠩ ᠪᠠ ᠣᠲᠣ ᠦᠶ᠎ᠡ ᠶᠢᠨ ᠦᠢᠯᠡᠴᠢᠯᠡᠭᠡᠨ ᠤ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠳᠠᠰᠢ ᠥᠷᠭᠡᠳᠬᠡᠵᠦ᠂ ᠨᠠᠷᠠᠲᠤ | ᠲᠡᠮᠳᠡᠭ ᠤᠨ ᠬᠡᠷᠡᠭᠯᠡᠭᠡ ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢ ᠬᠥᠳᠡᠭᠡ ᠲᠣᠰᠬᠤᠨ ᠳᠤ ᠣᠷᠣᠭᠤᠯᠬᠤ ᠶᠢ | ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠢ᠃ | | ᠭᠤᠷᠪᠠ᠂ ︽ᠰᠠᠨᠠᠯ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠦᠩᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡᠪᠡᠷ ᠵᠠᠰᠠᠵᠤ᠂ ᠬᠡᠷᠡᠭᠯᠡᠭᠡᠨ ᠤ ᠥᠨᠢᠳᠡ ᠶᠢᠨ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ | ᠨᠡᠮᠡᠭᠳᠡᠭᠦᠯᠦᠨ᠎ᠡ | | ᠡᠩ ᠲᠡᠷᠢᠭᠦᠨ ᠳᠤ ᠪᠦᠲᠦᠮᠵᠢᠲᠡᠶ ᠬᠡᠷᠡᠭᠯᠡᠭᠡ ᠶᠢ ᠥᠷᠭᠡᠳᠬᠡᠬᠦ ᠶᠢ ᠬᠢᠵᠠᠭᠠᠷᠯᠠᠵᠤ ᠪᠠᠶᠢᠭ᠎ᠠ ᠢᠯᠡ ᠴᠢᠨᠠᠷ ᠪᠠ | ᠲᠠᠯᠳᠠ ᠴᠢᠨᠠᠷ ᠤᠨ ᠪᠠᠬᠢᠯᠡᠯᠲᠡ ᠶᠢ ᠡᠪᠳᠡᠬᠦ ᠬᠡᠷᠡᠭᠲᠡᠢ᠃ ᠣᠶᠢᠷ᠎ᠠ ᠶᠢᠨ ᠵᠢᠯ ᠤᠳ ᠲᠤ ᠣᠯᠠᠨᠲᠠ ᠵᠢᠮᠡᠯᠡᠭᠳᠡᠭᠰᠡᠨ | ᠬᠤᠳᠠᠯᠳᠤᠨ ᠠᠪᠬᠤ ᠶᠢ ᠬᠢᠵᠠᠭᠠᠷᠯᠠᠬᠤ ᠵᠡᠷᠭᠡ ᠵᠠᠰᠠᠭ ᠵᠠᠬᠢᠷᠭᠠᠨ ᠤ ᠴᠢᠨᠠᠷᠲᠠᠢ ᠬᠡᠷᠡᠭᠯᠡᠭᠡ ᠶᠢ ᠬᠢᠵᠠᠭᠠᠷᠯᠠᠬᠤ ᠣᠷᠣᠨ | ᠨᠤᠲᠤᠭ ᠤᠨ ᠠᠷᠭ᠎ᠠ ᠬᠡᠮᠵᠢᠶ᠎ᠡ ᠪᠠᠷ ᠵᠢᠱᠢᠶᠡᠯᠡᠪᠡᠯ᠂ ︽ᠰᠠᠨᠠᠯ︾ ᠳᠤ᠂ ᠡᠯ᠎ᠡ ᠭᠠᠵᠠᠷ ᠣᠷᠣᠨ ᠤ ᠬᠢᠨ ᠮᠠᠰᠢᠨ ᠲᠡᠷᠭᠡ | ᠬᠤᠳᠠᠯᠳᠤᠨ ᠠᠪᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ | ᠬᠤᠳᠠᠯᠳᠤᠨ ᠠᠪᠬᠤ ᠶᠢ ᠬᠢᠵᠠᠭᠠᠷᠯᠠᠬᠤ ᠶᠢ ᠨᠢᠭᠡᠨᠲᠡ ᠬᠡᠷᠡᠭᠵᠢᠭᠦᠯᠦᠭᠰᠡᠨ ᠭᠠᠵᠠᠷ ᠣᠷᠣᠨ ᠤ ᠬᠢᠨ ᠮᠠᠰᠢᠨ ᠲᠡᠷᠭᠡᠨ ᠤ | ᠨᠡᠮᠡᠭᠳᠡᠯ ᠤᠨ ᠭᠦᠢᠴᠡᠳᠬᠡᠯ ᠲᠤᠭ᠎ᠠ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠮᠠᠰᠢᠨ | ᠲᠡᠷᠭᠡ ᠬᠤᠳᠠᠯᠳᠤᠨ ᠠᠪᠬᠤ ᠬᠥᠮᠥᠰ ᠤᠨ ᠬᠢᠷᠢ ᠬᠡᠮ ᠤᠨ ᠬᠢᠵᠠᠭᠠᠷᠯᠠᠯ ᠢ ᠠᠭᠤᠵᠢᠭᠤ ᠲᠠᠯᠪᠢᠵᠤ᠂ ᠮᠠᠰᠢᠨ ᠲᠡᠷᠭᠡ | ᠵᠡᠷᠭᠡ ᠬᠡᠷᠡᠭᠯᠡᠭᠡᠨ ᠤ ᠵᠦᠢᠯ ᠢ ᠬᠤᠳᠠᠯᠳᠤᠨ ᠠᠪᠬᠤ ᠬᠠᠮᠢᠶᠠᠷᠤᠯᠲᠠ ᠠᠴᠠ ᠬᠡᠷᠡᠭᠯᠡᠬᠦ ᠬᠠᠮᠢᠶᠠᠷᠤᠯᠲᠠ ᠳᠠᠰᠢ | ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃ | | ᠳᠠᠷᠠᠭᠠᠯᠠᠪᠠᠯ ᠲᠥᠷᠥᠯ ᠪᠦᠷᠢ ᠶᠢᠨ ᠡᠯᠧᠮᠧᠨ᠋ᠲ ᠢᠯᠠᠩᠭᠤᠶ᠎ᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠪᠠ ᠶᠡᠭᠡ ᠬᠡᠮᠵᠢᠶᠡᠨ ᠤ ᠬᠡᠷᠡᠭᠯᠡᠭᠡᠨ ᠤ | ᠴᠢᠳᠠᠪᠤᠷᠢ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ︽ᠰᠠᠨᠠᠯ︾ ᠳᠤ᠂ ᠮᠥᠩᠭᠦᠨ | ᠭᠦᠢᠯᠭᠡᠭᠡᠨ ᠤ ᠰᠢᠰᠲ᠋ᠧᠮ ᠤᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ᠂ ᠰᠦᠢᠳᠬᠡᠯ ᠬᠤᠷᠢᠶᠠᠬᠤ ᠶᠢ | ᠪᠠᠭᠠᠰᠬᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠣᠳᠠᠲᠤ ᠴᠣᠭᠴᠠ ᠶᠢᠨ ᠠᠵᠤ | ᠠᠬᠤᠢ ᠳᠤ ᠠᠰᠢᠭ ᠣᠯᠭᠤᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ | ᠬᠤᠳᠠᠯᠳᠤᠭᠠᠨ ᠤ ᠪᠠᠩᠬᠢ᠂ ᠮᠠᠰᠢᠨ ᠲᠡᠷᠭᠡᠨ ᠤ ᠮᠥᠩᠭᠦᠨ ᠭᠦᠢᠯᠭᠡᠭᠡᠨ ᠤ ᠺᠣᠮᠫᠠᠨᠢ᠂ ᠬᠡᠷᠡᠭᠯᠡᠭᠡᠨ ᠤ ᠮᠥᠩᠭᠦᠨ | ᠭᠦᠢᠯᠭᠡᠭᠡᠨ ᠤ ᠺᠣᠮᠫᠠᠨᠢ ᠵᠡᠷᠭᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ | ᠲᠦᠯᠬᠢᠨ ᠠᠬᠢᠭᠤᠯᠵᠤ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ ᠤᠷᠢᠲᠠᠯ ᠳᠣᠣᠷ᠎ᠠ ᠶᠡᠭᠡ ᠬᠡᠮᠵᠢᠶᠡᠨ ᠤ | ᠬᠡᠷᠡᠭᠯᠡᠭᠡᠨ ᠤ ᠮᠥᠩᠭᠦᠨ ᠭᠦᠢᠯᠭᠡᠭᠡᠨ ᠤ ᠦᠢᠯᠡᠳᠬᠦᠨ ᠪᠠ ᠬᠥᠳᠡᠭᠡ ᠲᠣᠰᠬᠤᠨ ᠤ ᠬᠡᠷᠡᠭᠯᠡᠭᠡᠨ ᠤ ᠢᠲᠡᠭᠡᠮᠵᠢᠲᠦ | ᠵᠢᠭᠡᠯᠡᠯᠭᠡ ᠶᠢᠨ ᠦᠢᠯᠡᠴᠢᠯᠡᠭᠡ ᠵᠡᠷᠭᠡ ᠶᠢ ᠪᠠᠶᠠᠯᠢᠭᠵᠢᠭᠤᠯᠤᠨ᠎ᠠ᠂ ᠡᠨᠡ ᠨᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠡᠷᠡᠭᠯᠡᠭᠡ ᠶᠢ ᠳᠠᠶᠢᠴᠢᠯᠠᠬᠤ ᠤᠯᠠᠨ ᠡᠰᠢᠴᠢᠯᠡᠭᠰᠡᠨ ᠲᠤᠯᠭᠠᠭᠤᠷᠢᠯᠠᠯ ᠢ | ᠴᠢᠩᠭᠠᠳᠬᠠᠬᠤ ᠳᠤ ᠠᠰᠢᠭᠲᠠᠢ ᠶᠤᠮ᠃ | | ᠡᠨᠡᠬᠦ ᠰᠠᠭᠤᠷᠢᠨ ᠳᠡᠭᠡᠷ᠎ᠡ᠂ ᠬᠡᠷᠡᠭᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ | ᠲᠦᠷᠦᠯ ᠲᠡᠮᠳᠡᠭ ᠤᠨ ᠤᠬᠠᠮᠰᠠᠷ ᠪᠣᠯᠣᠨ ᠬᠡᠷᠡᠭᠯᠡᠭᠴᠢᠳ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ | ᠴᠢᠩᠭᠠᠳᠬᠠᠨ᠎ᠠ᠃ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢ ᠢᠳᠡᠪᠬᠢᠲᠡᠢ ᠪᠠᠷ ᠰᠣᠨᠣᠰᠬᠤ ᠪᠠ ᠲᠡᠭᠦᠨ ᠳᠤ | ᠬᠠᠷᠢᠭᠤᠯᠲᠠ ᠥᠭᠴᠦ᠂ ︽ᠰᠠᠨᠠᠯ︾ ᠳᠤ ᠲᠠᠸᠠᠷ ᠤᠨ ᠶᠠᠰᠤ ᠴᠢᠨᠠᠷ᠂ ᠨᠠᠷᠠᠲᠤ ᠲᠡᠮᠳᠡᠭ ᠪᠠ ᠪᠠᠷᠢᠮᠵᠢᠶ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ | ᠨᠠᠷᠠᠲᠤ ᠲᠡᠮᠳᠡᠭ ᠢ ᠪᠣᠶ ᠪᠣᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠪᠦᠬᠦ ᠶᠠᠪᠤᠴᠠ ᠶᠢ | ᠬᠠᠮᠵᠢᠯᠴᠠᠭᠤᠯᠤᠨ ᠬᠢᠨᠠᠨ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠪᠠᠶᠢᠷᠢᠯᠠᠭᠤᠯᠵᠤ᠂ ᠬᠡᠷᠡᠭᠯᠡᠭᠡᠨ ᠤ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠᠯ ᠬᠠᠭᠤᠷᠮᠠᠭ ᠢᠶᠠᠷ ᠤᠬᠠᠭᠤᠯᠬᠤ᠂ | ᠬᠠᠭᠤᠷᠮᠠᠭᠯᠠᠨ ᠦᠢᠯᠡᠳᠬᠦ ᠶᠢ ᠬᠤᠳᠬᠤᠯᠳᠤᠭᠤᠯᠬᠤ᠂ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ᠂ ᠦᠨ᠎ᠡ | ᠬᠠᠩᠰᠢ ᠶᠢᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠰᠢᠢᠳᠬᠡᠬᠦ | ᠡᠷᠴᠢᠮ ᠢ ᠴᠢᠩᠭᠠᠷᠠᠭᠤᠯᠵᠤ᠂ ᠬᠡᠷᠡᠭᠯᠡᠭᠡᠨ ᠤ ᠵᠠᠭᠠᠯᠳᠤᠯᠭ᠎ᠠ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠬᠡᠷᠡᠭᠯᠡᠭᠡᠨ ᠤ ᠮᠠᠷᠭᠤᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ | ᠲᠣᠭᠲᠠᠴᠠ ᠶᠢ ᠤᠯᠠᠮ ᠰᠢᠯᠢᠳᠡᠭᠵᠢᠭᠦᠯᠦᠨ᠎ᠡ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ᠬᠡᠷᠡᠭᠯᠡᠭᠡᠨ ᠤ ᠳᠠᠯᠳᠠ ᠬᠦᠴᠦᠨ ᠢ ᠤᠯᠠᠮ | ᠪᠠᠳᠠᠷᠠᠭᠤᠯᠵᠤ ᠬᠡᠷᠡᠭᠯᠡᠭᠡ ᠶᠢ ᠦᠷᠭᠦᠯᠵᠢᠯᠡᠨ ᠰᠡᠷᠭᠦᠭᠡᠬᠦ ᠶᠢ ᠠᠬᠢᠭᠤᠯᠬᠤ ᠲᠤᠬᠠᠢ ᠰᠠᠨᠠᠯ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ |