︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠤᠬᠠᠢ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/18
                     ᠨᠢᠭᠡ᠂ ︽ᠠᠷᠭ᠎ᠠ︾  ᠶᠢ ᠲᠤᠭᠤᠷᠪᠢᠭᠰᠠᠨ ᠠᠬᠤᠢ ᠪᠠᠶᠢᠳᠠᠯ            ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠠᠷᠪᠠᠨ ᠬᠡᠳᠦᠨ ᠵᠢᠯ ᠤᠨ ᠬᠥᠭᠵᠢᠯᠲᠡ ᠪᠠᠷ ᠳᠡᠮᠵᠢᠨ᠂ ᠨᠢᠭᠡᠨᠲᠡ ︽ᠠᠯᠠᠱᠠ ᠶᠢᠨ ᠪᠠᠭᠠᠲᠤᠷᠴᠤᠳ ᠤᠨ ᠴᠤᠭᠯᠠᠭᠠᠨ︾᠂ ︽ᠠᠽᠢᠶ᠎ᠠ ᠲᠢᠪ ᠨᠣᠮᠣᠬᠠᠨ ᠲᠡᠯᠡᠢ ᠶᠢᠨ ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ  ᠲᠡᠮᠡᠴᠡᠭᠡᠨ︾ ᠵᠡᠷᠭᠡ ᠠᠵᠢᠯᠯᠠᠭ᠎ᠠ ᠶᠢᠨ ᠨᠡᠷᠡᠲᠦ ᠲᠡᠮᠳᠡᠭ ᠢ ᠪᠠᠶᠢᠭᠤᠯᠵᠤ᠂ ᠲᠡᠭᠷᠢ ᠡᠯᠡᠰᠦᠨ ᠴᠥᠯ ᠢ ᠶᠠᠪᠠᠭᠠᠨ ᠢᠶᠠᠷ ᠲᠤᠭᠤᠯᠬᠤ ᠳᠤ᠂ ᠪᠠᠷᠲᠠᠭ᠎ᠠ ᠰᠢᠨᠵᠢᠯᠡᠬᠦ ᠨᠡᠷᠡᠲᠦ ᠲᠡᠮᠳᠡᠭ ᠨᠢ ᠲᠥᠷᠥᠯᠬᠢ ᠶᠢᠨ ᠬᠥᠭᠵᠢᠯᠲᠡ ᠶᠢᠨ ᠳᠠᠪᠠᠭᠤᠯᠢᠭ ᠲᠠᠢ ᠪᠠᠶᠢᠵᠤ᠂ ᠢᠯᠠᠩᠭᠤᠶ᠎ᠠ ᠶᠡᠭᠡ ᠬᠤᠨᠳᠣ ᠨᠠᠭᠤᠷ ᠠᠴᠠ ᠬᠠᠯᠲᠠᠷ ᠨᠠᠭᠤᠷ ᠵᠢᠴᠢ ᠶᠡᠭᠡ V ᠭᠤᠸ᠂ ᠪᠠᠭ᠎ᠠ V ᠭᠤᠸ᠂ ᠪᠠᠶᠢᠭᠠᠯᠢ ᠶᠢᠨ ᠬᠤᠩᠭᠢᠯ ᠵᠡᠷᠭᠡ ᠱᠤᠭᠤᠮ ᠬᠦᠷᠲᠡᠯ᠎ᠡ᠂ ᠨᠢᠭᠡᠨᠲᠡ ᠴᠢᠳᠠᠮᠵᠢ ᠨᠢ ᠬᠠᠷᠢᠴᠠᠩᠭᠤᠢ ᠪᠦᠷᠢᠨ ᠲᠡᠭᠦᠯᠳᠡᠷ᠂ ᠵᠠᠮ ᠱᠤᠭᠤᠮ ᠤᠨ ᠰᠣᠩᠭᠤᠯᠲᠠ ᠨᠡᠯᠢᠶᠡᠳ ᠣᠯᠠᠨ᠂ ᠠᠪᠤᠷᠠᠨ ᠲᠤᠰᠠᠯᠠᠬᠤ ᠪᠠᠲᠤᠯᠠᠭ᠎ᠠ ᠶᠢᠨ ᠰᠢᠰᠲ᠋ᠧᠮ ᠪᠠ ᠠᠵᠤ ᠦᠢᠯᠡᠰ ᠤᠨ ᠬᠡᠯᠬᠢᠶ᠎ᠡ ᠨᠡᠯᠢᠶᠡᠳ ᠪᠦᠷᠢᠨ ᠲᠡᠭᠦᠯᠳᠡᠷ ᠪᠣᠯᠤᠭᠰᠠᠨ ᠪᠠᠷᠲᠠᠭ᠎ᠠ ᠰᠢᠨᠵᠢᠯᠡᠬᠦ ᠵᠠᠮ ᠱᠤᠭᠤᠮ ᠢ ᠶᠠᠪᠠᠭᠠᠨ ᠢᠶᠠᠷ ᠲᠤᠭᠤᠯᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ᠬᠤᠲᠠ ᠶᠢᠨ ᠡᠵᠡᠩᠨᠡᠯᠲᠡ ᠳᠤ ᠣᠷᠣᠯᠴᠠᠬᠤ ᠬᠠᠯᠠᠭᠤᠨ ᠰᠡᠳᠬᠢᠯᠭᠡ ᠨᠡᠯᠢᠶᠡᠳ ᠥᠨᠳᠥᠷ ᠪᠠᠶᠢᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠳᠠᠯᠳᠠ ᠬᠦᠴᠦᠨ ᠬᠦᠴᠦᠨ ᠲᠠᠢ ᠪᠠᠶᠢᠭ᠎ᠠ ᠪᠣᠯᠪᠠᠴᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠢᠷᠤᠮᠵᠢᠭᠤᠯᠤᠨ ᠡᠵᠡᠩᠨᠡᠬᠦ᠂ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠪᠠᠷ ᠮᠥᠨ ᠬᠦ ᠮᠠᠰᠢ ᠣᠯᠠᠨ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ ᠣᠷᠣᠰᠢᠵᠤ ᠪᠠᠶᠢᠬᠤ ᠤᠴᠢᠷ ᠠᠴᠠ ᠲᠠᠰᠤᠷᠠᠯᠲᠠ ᠦᠭᠡᠢ ᠴᠢᠷᠮᠠᠶᠢᠨ ᠳᠡᠭᠡᠭᠰᠢᠯᠡᠭᠦᠯᠬᠦ ᠪᠠ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠂ ᠡᠭᠦᠨ ᠳᠤ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠠᠯᠠᠱᠠ ᠵᠡᠭᠦᠨ ᠬᠤᠰᠢᠭᠤᠨ ᠤ ᠡᠯᠡᠰᠦᠨ ᠴᠦᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾  ᠶᠢ ᠰᠤᠳᠤᠯᠤᠨ ᠲᠣᠭᠲᠠᠭᠠᠪᠠ᠃            ᠬᠤᠶᠠᠷ᠂ ᠨᠡᠶᠢᠲᠡᠯᠡᠭᠰᠡᠨ ᠵᠣᠷᠢᠯᠭ᠎ᠠ ᠪᠠ ᠦᠨᠳᠦᠰᠦᠯᠡᠯ            ᠡᠭᠦᠨ ᠤ ᠵᠣᠷᠢᠯᠭ᠎ᠠ ᠨᠢ᠄ ᠠᠯᠠᠱᠠ ᠵᠡᠭᠦᠨ ᠬᠤᠰᠢᠭᠤᠨ ᠤ ᠬᠢᠯᠢ ᠳᠣᠲᠣᠷᠠᠬᠢ ᠲᠡᠭᠷᠢ ᠡᠯᠡᠰᠦᠨ ᠴᠥᠯ ᠤᠨ ᠣᠷᠣᠨ ᠪᠦᠰᠡ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠵᠢᠷᠤᠮᠵᠢᠭᠤᠯᠵᠤ᠂ ᠡᠯᠡᠰᠦᠨ ᠴᠥᠯ ᠤᠨ ᠵᠢᠭᠤᠯᠴᠢᠯᠠᠯ ᠤᠨ ᠠᠮᠤᠷ ᠲᠦᠪᠰᠢᠨ᠂ ᠵᠢᠷᠤᠮᠵᠢᠯ ᠲᠠᠢ᠂ ᠡᠮᠬᠢ ᠵᠢᠷᠤᠮ ᠲᠠᠢ ᠪᠠ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃            ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠬᠠᠮᠢᠶ᠎ᠠ ᠪᠦᠬᠦᠢ ᠲᠣᠭᠲᠠᠭᠠᠯ᠃            ᠭᠤᠷᠪᠠ᠂ ︽ᠠᠷᠭ᠎ᠠ︾  ᠶᠢᠨ ᠬᠡᠷᠡᠭᠯᠡᠬᠦ ᠬᠡᠪᠴᠢᠶ᠎ᠡ            ᠠᠯᠠᠱᠠ ᠵᠡᠭᠦᠨ ᠬᠤᠰᠢᠭᠤᠨ ᠤ ᠲᠡᠭᠷᠢ ᠡᠯᠡᠰᠦᠨ ᠴᠥᠯ ᠤᠨ ᠣᠷᠣᠨ ᠳᠤ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠡᠵᠡᠩᠨᠡᠭᠴᠢ᠂ ᠬᠡᠭᠡᠷ᠎ᠡ ᠶᠢᠨ ᠬᠥᠳᠡᠯᠭᠡᠭᠡᠨ ᠤ ᠵᠣᠬᠢᠶᠠᠨ ᠪᠠᠶᠢᠭᠤᠯᠤᠭᠴᠢ ᠪᠠ ᠣᠷᠣᠯᠴᠠᠭᠴᠢ ᠪᠦᠬᠦᠨ᠃            ᠳᠥᠷᠪᠡ᠂ ᠠᠷᠠᠳ ᠤᠨ ᠣᠷᠣᠨ ᠰᠠᠭᠤᠴᠠ᠂ ᠮᠠᠯᠴᠢᠨ ᠠᠶᠢᠯ ᠤᠨ ᠵᠤᠭᠠᠴᠠᠯ ᠢ ᠡᠷᠬᠢᠯᠡᠬᠦ ᠦᠨᠳᠦᠰᠦᠨ ᠨᠥᠬᠦᠴᠡᠯ            ᠴᠢᠬᠤᠯᠠ ᠪᠦᠬᠦᠢ ᠲᠠᠯᠠᠪᠤᠷ ᠭᠠᠵᠠᠷ᠂ ᠭᠡᠷ ᠪᠠᠶᠢᠰᠢᠩ ᠤᠨ ᠪᠠᠷᠢᠯᠭ᠎ᠠ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠨᠥᠬᠦᠴᠡᠯ ᠳᠤ ᠲᠥᠷᠥᠯ ᠪᠦᠷᠢ ᠶᠢᠨ ᠠᠶᠦᠯᠭᠦᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠠᠮᠤᠷ ᠲᠦᠪᠰᠢᠨ ᠢᠶᠠᠷ ᠬᠡᠷᠡᠭᠯᠡᠬᠦ ᠪᠠᠷᠢᠮᠵᠢᠶ᠎ᠠ ᠵᠢᠴᠢ ︽ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠦᠨᠳᠦᠰᠦᠨ ᠱᠠᠭᠠᠷᠳᠠᠯᠭ᠎ᠠ ᠬᠢᠭᠡᠳ ᠦᠨᠡᠯᠡᠯᠲᠡ︾ ︵LB/T065-2019︶ ︽ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠣᠳᠣᠨ ᠲᠠᠰ ᠤᠨ ᠦᠨᠡᠯᠡᠨ ᠲᠣᠭᠲᠠᠭᠠᠬᠤ ᠭᠦᠢᠴᠡᠳᠬᠡᠯ ᠲᠤᠭ᠎ᠠ︾ ︵DB15/T1445-2020︶ ᠶᠢᠨ ᠱᠠᠭᠠᠷᠳᠠᠯᠭ᠎ᠠ ᠳᠤ ᠨᠡᠶᠢᠴᠡᠨ᠎ᠡ᠃            ᠲᠠᠪᠤ᠂ ᠬᠡᠭᠡᠷ᠎ᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠦᠨᠳᠦᠰᠦᠨ ᠨᠥᠬᠦᠴᠡᠯ            ᠡᠵᠡᠩᠨᠡᠯᠲᠡ᠂ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠪᠤᠶᠤ ᠲᠡᠭᠦᠨ ᠤ ᠡᠷᠬᠡ ᠣᠯᠭᠤᠭᠰᠠᠨ ᠭᠤᠣᠯ ᠴᠣᠭᠴᠠ ᠨᠢ ᠦᠢᠯᠡᠴᠢᠯᠡᠭᠡᠨ ᠤ ᠪᠠᠷᠢᠮᠵᠢᠶ᠎ᠠ ᠪᠠᠨ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠬᠡᠭᠡᠷ᠎ᠡ ᠶᠢᠨ ᠬᠥᠳᠡᠯᠭᠡᠭᠡᠨ ᠤ ᠡᠬᠢ ᠪᠠᠶᠠᠯᠢᠭ ᠤᠨ ᠨᠡᠷᠡᠶᠢᠳᠦᠯ᠂ ᠭᠠᠵᠠᠷ ᠵᠦᠢ ᠶᠢᠨ ᠪᠠᠶᠢᠷᠢᠯᠠᠯ᠂ ᠠᠭᠤᠷ ᠠᠮᠢᠰᠬᠤᠯ ᠤᠨ ᠨᠥᠬᠦᠴᠡᠯ᠂ ᠲᠦᠭᠰᠢᠭᠦᠷᠢ ᠶᠢᠨ ᠲᠠᠰ᠂ ᠠᠶᠦᠯᠭᠦᠢ ᠶᠢᠨ ᠰᠡᠷᠡᠮᠵᠢᠯᠡᠭᠦᠯᠦᠯ᠂ ᠢᠵᠢ ᠪᠦᠷᠢᠳᠦᠭᠦᠯᠬᠦ ᠲᠥᠬᠦᠭᠡᠷᠦᠮᠵᠢ᠂ ᠵᠠᠮ ᠬᠠᠷᠢᠯᠴᠠᠭᠠᠨ ᠤ ᠮᠡᠳᠡᠭᠡ ᠵᠠᠩᠭᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠮᠡᠳᠡᠭᠡ ᠵᠠᠩᠭᠢ ᠶᠢ ᠬᠠᠩᠭᠠᠬᠤ ᠶᠢᠨ ᠬᠠᠮᠲᠤ᠂ ᠠᠵᠢᠯᠯᠠᠭ᠎ᠠ ᠥᠷᠨᠢᠭᠦᠯᠦᠭᠰᠡᠨ ᠬᠠᠷᠢᠶ᠎ᠠ ᠭᠠᠵᠠᠷ ᠤᠨ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠭᠦᠯᠬᠦ ᠬᠡᠷᠡᠭᠲᠡᠢ᠃            ᠵᠢᠷᠭᠤᠭ᠎ᠠ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ            ᠡᠯᠡᠰᠦᠨ ᠴᠥᠯ ᠤᠨ ᠣᠷᠣᠨ ᠤ ᠳᠣᠲᠣᠷᠠᠬᠢ ᠠᠷᠠᠳ ᠤᠨ ᠣᠷᠣᠨ ᠰᠠᠭᠤᠴᠠ᠂ ᠮᠠᠯᠴᠢᠨ ᠠᠶᠢᠯ ᠤᠨ ᠵᠤᠭᠠᠴᠠᠯ ᠤᠨ ᠡᠵᠡᠩᠨᠡᠭᠴᠢ ᠶᠢ ᠨᠡᠭᠡᠭᠡᠨ ᠡᠷᠭᠢᠯᠡᠨ᠎ᠡ᠃ ᠵᠢᠵᠢᠭ ᠬᠡᠯᠪᠡᠷᠢ ᠶᠢᠨ ᠵᠤᠭ᠎ᠠ ᠴᠡᠩᠭᠡᠯ ᠤᠨ ᠵᠦᠢᠯᠡᠰ ᠲᠤ᠂ ᠵᠢᠵᠢᠭ ᠬᠤᠳᠠᠯᠳᠤᠭᠠᠴᠢᠨ᠂ ᠨᠡᠭᠦᠳᠡᠯ ᠳᠡᠯᠭᠡᠭᠦᠷ ᠲᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠮᠠᠯᠠᠯᠲᠠ ᠶᠢᠨ ᠳᠣᠣᠷ᠎ᠠ ᠨᠢ ᠣᠷᠣᠬᠤ ᠳᠦᠷᠢᠮ ᠪᠠ ᠠᠯᠪᠠᠨ ᠤ APP ᠲᠠᠪᠴᠠᠩ ᠤᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ ᠪᠦᠷᠢᠳᠬᠡᠨ ᠪᠦᠷᠢᠳᠬᠡᠭᠦᠯᠬᠦ ᠬᠠᠮᠢᠶᠠᠷᠤᠯᠲᠠ ᠶᠢᠨ ᠵᠠᠷᠴᠢᠮ ᠢ ᠬᠡᠷᠡᠭᠵᠢᠭᠦᠯᠵᠦ᠂ ᠡᠵᠡᠩᠨᠡᠭᠴᠢᠳ ᠲᠤ ᠲᠥᠬᠦᠮ ᠦᠵᠡᠭᠦᠯᠬᠦ ᠶᠢᠨ ᠵᠡᠷᠭᠡ ᠳᠤ ᠲᠡᠳᠡᠨ ᠢ ᠪᠠᠰᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠶᠢ ᠠᠬᠢᠭᠤᠯᠤᠨ᠎ᠠ᠃            ᠳᠣᠯᠤᠭ᠎ᠠ᠂ ︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾  ᠶᠢ ᠬᠡᠷᠡᠭᠵᠢᠭᠦᠯᠬᠦ ᠬᠠᠮᠢᠶᠠᠷᠤᠯᠲᠠ ᠶᠢᠨ ᠰᠢᠰᠲ᠋ᠧᠮᠵᠢ             ︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾  ᠶᠢ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ 1+N+1 ᠶᠢᠨ ᠰᠢᠰᠲ᠋ᠧᠮᠵᠢ ᠶᠢ ᠪᠠᠶᠢᠭᠤᠯᠤᠨ᠎ᠠ᠂ ᠳᠠᠷᠤᠢ᠄ 1 ᠬᠠᠮᠢᠶᠠᠷᠤᠯᠲᠠ ᠶᠢᠨ ᠠᠷᠭ᠎ᠠ ︵︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾︶᠃ N ᠰᠠᠯᠠᠭ᠎ᠠ ᠮᠥᠴᠢᠷ ᠤᠨ ᠪᠣᠳᠠᠲᠠᠢ ᠠᠷᠭ᠎ᠠ ᠬᠡᠮᠵᠢᠶ᠎ᠡ ︵ᠵᠢᠱᠢᠶᠡᠯᠡᠪᠡᠯ ᠡᠯᠡᠰᠦᠨ ᠳᠠᠩ ᠤᠨ ᠳᠥᠷᠪᠡᠨ ᠬᠦᠷᠳᠦᠲᠦ ᠮᠣᠲ᠋ᠣᠷ ᠲᠡᠷᠭᠡ ᠶᠢᠨ ᠵᠢᠯ ᠤᠨ ᠬᠢᠨᠠᠯᠲᠠ ᠶᠢᠨ ᠳᠦᠷᠢᠮ᠂ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠃ ᠠᠶᠤᠯ ᠲᠦᠭᠰᠢᠭᠦᠷᠢ ᠶᠡᠬᠡᠲᠡᠢ ᠡᠯᠡᠰᠦ ᠮᠠᠩᠬ᠎ᠠ ᠨᠤᠲᠤᠭ ᠪᠡᠯᠴᠢᠭᠡᠷ ᠤᠨ ᠠᠵᠢᠯᠯᠠᠭ᠎ᠠ ᠶᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ︶᠃ ᠠᠯᠪᠠᠨ ᠵᠠᠷ ︵ᠲᠤᠬᠠᠶᠢᠯᠠᠪᠠᠯ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠭᠰᠡᠨ ᠤ ᠳᠠᠷᠠᠭ᠎ᠠ ᠨᠡᠶᠢᠭᠡᠮ ᠳᠠᠶᠠᠭᠠᠷ ᠲᠤ ᠨᠢᠭᠡᠳᠦᠯᠲᠡᠢ ᠨᠡᠶᠢᠲᠡᠯᠡᠬᠦ ᠠᠯᠪᠠᠨ ᠵᠠᠷ︶ ᠭᠠᠷᠭᠠᠵᠤ᠂ ᠡᠯ᠎ᠡ ᠰᠠᠯᠠᠭ᠎ᠠ ᠮᠥᠴᠢᠷ ᠪᠣᠯᠣᠨ ᠨᠢᠭᠡᠴᠢ ᠶᠢᠨ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ ᠠᠵᠢᠯ ᠤᠨ ᠶᠠᠪᠤᠴᠠ ᠶᠢ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃            ᠨᠠᠢᠮᠠ᠂ ᠨᠡᠷ᠎ᠡ ᠦᠭᠡ ᠶᠢᠨ ᠲᠠᠶᠢᠯᠪᠤᠷᠢ            ᠬᠡᠭᠡᠷ᠎ᠡ ᠶᠢᠨ ᠲᠠᠮᠢᠷ ᠤᠨ ᠬᠥᠳᠡᠯᠭᠡᠭᠡᠨ᠄ ᠭᠤᠣᠯᠳᠠᠭᠤ ᠡᠯᠡᠰᠦᠨ ᠴᠥᠯ ᠤᠨ ᠬᠡᠪᠴᠢᠶᠡᠨ ᠳᠤ ᠶᠠᠪᠤᠭᠳᠠᠬᠤ ᠳᠠᠯᠳᠠ ᠠᠶᠤᠯ ᠲᠦᠭᠰᠢᠭᠦᠷᠢ ᠲᠠᠢ ᠡᠯᠡᠰᠦᠨ ᠴᠥᠯ ᠤᠨ ᠶᠠᠪᠠᠭᠠᠨ ᠶᠠᠪᠤᠬᠤ᠂ ᠪᠠᠷᠲᠠᠭ᠎ᠠ ᠰᠢᠨᠵᠢᠯᠡᠬᠦ᠂ ᠨᠡᠪᠲᠡᠯᠦᠨ ᠥᠩᠭᠡᠷᠡᠬᠦ᠂ ᠬᠡᠭᠡᠷ᠎ᠡ ᠪᠠᠭᠤᠳᠠᠯᠯᠠᠬᠤ᠂ ᠰᠤᠳᠤᠯᠤᠨ ᠰᠤᠷᠤᠯᠴᠠᠬᠤ᠂ ᠮᠠᠷᠠᠽᠤᠨ ᠰᠤᠷᠤᠯᠴᠠᠬᠤ᠂ ᠳᠤᠭᠤᠢ ᠲᠡᠷᠭᠡ ᠤᠨᠤᠬᠤ᠂ ᠡᠯᠡᠰᠦᠨ ᠴᠥᠯ ᠤᠨ ᠬᠡᠭᠡᠷ᠎ᠡ ᠶᠢᠨ ᠲᠡᠷᠭᠡ ᠥᠩᠭᠡᠷᠡᠬᠦ᠂ ᠮᠠᠰᠢᠨ ᠪᠣᠯᠣᠨ ᠮᠣᠲ᠋ᠣᠷ ᠤᠷᠤᠯᠳᠤᠭᠠᠨ᠂ ᠳᠣᠣᠷ᠎ᠠ ᠠᠭᠠᠷ ᠤᠨ ᠨᠢᠰᠦᠯᠲᠡ᠂ ᠡᠯᠡᠰᠦᠨ ᠳᠠᠩ ᠤᠨ ᠲᠡᠷᠭᠡ᠂ ᠪᠥᠬᠦ ᠭᠠᠵᠠᠷ ᠤᠨ ᠭᠠᠳᠠᠷᠭᠤ ᠶᠢᠨ ᠬᠡᠭᠡᠷ᠎ᠡ ᠶᠢᠨ ᠳᠥᠷᠪᠡᠨ ᠬᠦᠷᠳᠦᠲᠦ ᠲᠡᠷᠭᠡᠨ ᠤ ᠲᠥᠷᠥᠯ ᠤᠨ ᠠᠵᠢᠯᠯᠠᠭ᠎ᠠ ᠶᠢ ᠵᠢᠭᠠᠵᠤ ᠪᠣᠶ᠂ ᠡᠭᠦᠨ ᠳᠤ ᠡᠵᠡᠩᠨᠡᠯᠲᠡ ᠶᠢᠨ ᠴᠢᠨᠠᠷᠲᠠᠢ ᠪᠠ ᠡᠵᠡᠩᠨᠡᠯᠲᠡ ᠶᠢᠨ ᠪᠤᠰᠤ ᠴᠢᠨᠠᠷᠲᠠᠢ ᠤᠷᠤᠯᠳᠤᠭᠠᠨ ᠵᠢᠴᠢ ᠰᠡᠯᠡᠭᠦᠴᠡᠨ ᠵᠤᠭᠠᠴᠠᠬᠤ ᠠᠵᠢᠯᠯᠠᠭ᠎ᠠ ᠪᠠᠭᠲᠠᠨ᠎ᠠ᠃            ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠄ ᠲᠤᠬᠠᠢ ᠶᠢᠨ ᠭᠠᠵᠠᠷ ᠤᠨ ᠠᠷᠠᠳ ᠤᠨ ᠣᠷᠣᠨ ᠰᠠᠭᠤᠴᠠ ᠵᠡᠷᠭᠡ ᠬᠠᠮᠢᠶ᠎ᠠ ᠪᠦᠬᠦᠢ ᠰᠤᠯᠠ ᠪᠠᠶᠢᠭ᠎ᠠ ᠡᠬᠢ ᠪᠠᠶᠠᠯᠢᠭ ᠢ ᠠᠰᠢᠭᠯᠠᠨ᠂ ᠡᠵᠡᠩᠨᠡᠬᠦ ᠳᠤ ᠬᠡᠷᠡᠭᠯᠡᠬᠦ ᠵᠣᠴᠢᠨ ᠤ ᠥᠷᠥᠭᠡ  ᠨᠢ 4 ᠳᠠᠪᠬᠤᠷᠭ᠎ᠠ ᠠᠴᠠ ᠬᠡᠲᠦᠷᠡᠵᠦ ᠪᠣᠯᠬᠤ ᠦᠭᠡᠢ᠂ ᠪᠠᠷᠢᠯᠭ᠎ᠠ ᠶᠢᠨ ᠲᠠᠯᠠᠪᠠᠶ ᠨᠢ 800㎡ ᠠᠴᠠ ᠬᠡᠲᠦᠷᠡᠵᠦ ᠪᠣᠯᠬᠤ ᠦᠭᠡᠢ᠂ ᠡᠵᠡᠨ ᠨᠢ ᠭᠥᠯᠢᠶᠡᠨ ᠠᠪᠴᠤ ᠵᠣᠴᠢᠯᠠᠬᠤ ᠳᠤ ᠣᠷᠣᠯᠴᠠᠵᠤ᠂ ᠵᠢᠭᠤᠯᠴᠢᠯᠠᠭᠴᠢᠳ ᠲᠤ ᠲᠤᠬᠠᠢ ᠶᠢᠨ ᠭᠠᠵᠠᠷ ᠤᠨ ᠪᠠᠶᠢᠭᠠᠯᠢ᠂ ᠰᠣᠶᠣᠯ ᠪᠠ ᠦᠢᠯᠡᠳᠪᠦᠷᠢᠯᠡᠬᠦ ᠠᠵᠢᠯ ᠠᠮᠢᠳᠤᠷᠠᠯ ᠤᠨ ᠠᠷᠭ᠎ᠠ ᠮᠠᠶ᠋ᠢᠭ ᠢ ᠣᠶᠢᠯᠠᠭᠠᠬᠤ ᠵᠢᠵᠢᠭ ᠬᠡᠯᠪᠡᠷᠢ ᠶᠢᠨ ᠬᠤᠨᠤᠭ ᠤᠨ ᠲᠥᠬᠦᠭᠡᠷᠦᠮᠵᠢ ᠬᠠᠩᠭᠠᠨ᠎ᠠ᠃            ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠠᠰᠤᠭ ᠤᠨ ᠡᠷᠬᠢᠯᠡᠭᠴᠢ ᠲᠤᠯᠭ᠎ᠠ            ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠨᠡᠶᠢᠲᠡᠯᠡᠭᠰᠡᠨ ︽ᠠᠯᠠᠱᠠ ᠵᠡᠭᠦᠨ ᠬᠤᠰᠢᠭᠤᠨ ᠤ ᠡᠯᠡᠰᠦᠨ ᠴᠥᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠲᠤᠬᠠᠢ                        ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号