| | | ︽2022 ᠣᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ | ᠬᠢᠬᠦ ᠠᠵᠢᠯ ᠤᠨ ᠲᠥᠰᠥᠯ︾ ︵︽ᠠᠵᠢᠯ ᠤᠨ ᠲᠥᠰᠥᠯ︾ ᠭᠡᠵᠦ ᠲᠣᠪᠴᠢᠯᠠᠨ᠎ᠠ︶ ᠵᠢᠴᠢ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠢ ᠵᠢᠩᠬᠢᠨᠢ ᠪᠠᠷ ᠨᠡᠶᠢᠲᠡᠯᠡᠪᠡ᠂ ᠡᠨᠡ ᠨᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ | ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢᠬᠢ ᠲᠠᠪᠤᠳᠠᠭᠢ ᠡᠭᠡᠯᠵᠢ ᠶᠢᠨ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠵᠢᠩᠬᠢᠨᠢ ᠪᠠᠷ ᠡᠬᠢᠯᠡᠭᠰᠡᠨ ᠢ | ᠬᠠᠷᠠᠭᠤᠯᠵᠤ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠲᠣᠰ ᠤᠳᠠᠭᠠᠨ ᠤ ᠲᠣᠬᠢᠷᠠᠭᠤᠯᠤᠯᠲᠠ ᠶᠢᠨ | ᠬᠤᠯᠪᠣᠭᠳᠠᠯ ᠪᠦᠬᠦᠢ ᠪᠣᠳᠣᠯᠬᠢᠯᠠᠯ ᠪᠠ ᠲᠣᠬᠢᠷᠠᠭᠤᠯᠤᠯᠲᠠ ᠶᠢ ᠤᠯᠠᠮ ᠣᠶᠢᠯᠠᠭᠠᠭᠤᠯᠬᠤ ᠶᠢᠨ ᠲᠥᠯᠥᠭᠡ᠂ ᠡᠳᠦᠭᠡ ︽ | ᠠᠵᠢᠯ ᠤᠨ ᠲᠥᠰᠥᠯ︾ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠶ᠎ᠠ᠃ | | ᠨᠢᠭᠡ᠂ 2022 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠲᠤ ᠲᠣᠬᠢᠷᠠᠭᠤᠯᠤᠯᠲᠠ ᠬᠢᠬᠦ ᠶᠢᠨ ᠬᠠᠷᠠᠯᠲᠠ ᠡᠭᠦᠷᠭᠡ ᠪᠠ ᠶᠡᠷᠦᠩᠬᠡᠢ ᠰᠡᠳᠬᠢᠴᠡ ᠨᠢ ᠶᠠᠭᠤ ᠪᠣᠶ︖ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯᠯᠠᠬᠤ ᠶᠢ ᠪᠠᠷᠢᠮᠲᠠᠯᠠᠵᠤ᠂ ᠡᠮ | ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠡᠮ ᠡᠮᠨᠡᠯᠭᠡ ᠶᠢᠨ ᠳᠠᠭᠠᠳᠬᠠᠯ ᠤᠨ ᠡᠮ ᠤᠨ | ᠵᠦᠢᠯ ᠤᠨ ᠭᠠᠷᠴᠠᠭ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ ᠠᠷᠠᠳ ᠣᠯᠠᠨ ᠤ ᠡᠮ ᠬᠡᠷᠡᠭᠯᠡᠬᠦ ᠪᠠᠲᠤᠯᠠᠭ᠎ᠠ ᠶᠢᠨ | ᠬᠡᠷᠡᠭᠴᠡᠭᠡ ᠱᠠᠭᠠᠷᠳᠠᠯᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠ ᠳᠠᠭᠠᠳᠬᠠᠯ ᠳᠤ | ᠣᠷᠣᠯᠴᠠᠭᠰᠠᠳ ᠤᠨ ᠲᠣᠭᠠᠴᠠᠭ᠎ᠠ ᠬᠢᠬᠦ ᠴᠢᠳᠠᠪᠤᠷᠢ᠂ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠵᠡᠷᠭᠡ | ᠪᠠᠶᠢᠳᠠᠯ ᠢ ᠦᠨᠳᠦᠰᠦᠯᠡᠨ ᠡᠮ ᠤᠨ ᠵᠦᠢᠯ ᠤᠨ ᠭᠠᠷᠴᠠᠭ ᠤᠨ ᠬᠡᠪᠴᠢᠶ᠎ᠡ ᠳᠤ ᠡᠮ ᠤᠨ ᠵᠦᠢᠯ ᠤᠨ ᠭᠠᠷᠴᠠᠭ ᠤᠨ | ᠪᠦᠲᠦᠴᠡ ᠶᠢ ᠨᠠᠩ ᠰᠢᠯᠢᠳᠡᠭᠵᠢᠭᠦᠯᠬᠦ᠂ ᠬᠠᠮᠢᠶᠠᠷᠤᠯᠲᠠ ᠶᠢ ᠨᠠᠩ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠣᠯᠭᠠᠬᠤ᠂ | ᠲᠣᠭᠠᠴᠠᠭ᠎ᠠ ᠬᠢᠬᠦ ᠶᠢ ᠨᠠᠩ ᠲᠤᠰᠠᠲᠠᠢ ᠪᠥᠭᠡᠳ ᠥᠨᠳᠥᠷ ᠪᠦᠲᠦᠮᠵᠢᠲᠡᠶ ᠪᠣᠯᠭᠠᠬᠤ᠂ ᠪᠠᠲᠤᠯᠠᠭ᠎ᠠ ᠶᠢ ᠨᠠᠩ ᠲᠥᠪ | ᠭᠤᠥᠯᠴᠢ ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ | ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠷᠠᠳ | ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠶᠢᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ᠳᠤ ᠬᠦᠴᠦᠨ | ᠨᠡᠮᠡᠷᠢᠯᠡᠨ᠎ᠡ᠃ | | 2022 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ | ᠲᠣᠬᠢᠷᠠᠭᠤᠯᠤᠯᠲᠠ ᠬᠢᠬᠦ ᠳᠡᠭᠡᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ | ᠪᠠᠶᠢᠳᠠᠯ ᠤᠨ ᠣᠨᠴᠠᠯᠢᠭ ᠲᠤ ᠰᠠᠭᠤᠷᠢᠯᠠᠨ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠲᠥᠷᠥᠯ ᠵᠦᠢᠯ ᠢ | ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ᠂ ᠵᠥᠪᠰᠢᠶᠡᠷᠡᠨ ᠣᠷᠣᠭᠤᠯᠬᠤ ᠨᠥᠬᠦᠴᠡᠯ ᠪᠠ ᠠᠵᠢᠯ ᠤᠨ ᠶᠠᠪᠤᠴᠠ ᠶᠢ | ᠦᠨᠳᠦᠰᠦᠨ ᠳᠡᠭᠡᠨ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠪᠠᠶᠢᠳᠠᠯ ᠳᠣᠣᠷ᠎ᠠ᠂ ᠦᠷᠭᠦᠯᠵᠢᠯᠡᠨ | ᠰᠢᠯᠢᠳᠡᠭᠵᠢᠭᠦᠯᠵᠦ᠂ ᠲᠡᠭᠦᠯᠳᠡᠷᠵᠢᠭᠦᠯᠵᠦ᠂ ᠰᠠᠶᠢᠵᠢᠷᠠᠭᠤᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠪᠠᠷ | ᠭᠤᠤᠯᠯᠠᠬᠤ ᠶᠢ ᠪᠠᠷᠢᠮᠲᠠᠯᠠᠵᠤ᠂ ᠪᠥᠬᠦ ᠠᠷᠠᠳ ᠲᠦᠮᠡᠨ ᠤ ᠡᠪᠡᠳᠴᠢᠨ ᠡᠮᠭᠡᠭ ᠢ ᠡᠮᠨᠡᠨ ᠵᠠᠰᠠᠬᠤ ᠶᠢᠨ | ᠬᠤᠶᠢᠰᠢᠳᠠ ᠶᠢᠨ ᠵᠣᠪᠠᠨᠢᠯ ᠢ ᠬᠦᠴᠦᠯᠡᠨ ᠠᠷᠢᠯᠭᠠᠵᠤ᠂ ᠬᠠᠮᠤᠭ ᠤᠨ ᠥᠷᠭᠡᠨ ᠣᠯᠠᠨ ᠳᠠᠭᠠᠳᠬᠠᠯ ᠳᠤ | ᠣᠷᠣᠯᠴᠠᠭᠰᠠᠳ ᠤᠨ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ ︽ᠦᠨᠳᠦᠰᠦᠨ ᠵᠦᠢᠯ ᠢ | ᠪᠠᠲᠤᠯᠠᠬᠤ︾ ᠶᠢ ᠪᠠᠷᠢᠮᠲᠠᠯᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠢ ᠠᠵᠤ ᠠᠬᠤᠢ ᠪᠠ ᠡᠳ᠋ ᠤᠨ ᠬᠦᠴᠦᠨ ᠢ | ᠦᠷᠭᠦᠯᠵᠢᠯᠡᠨ ᠨᠡᠮᠡᠭᠳᠡᠭᠦᠯᠬᠦ ᠰᠠᠭᠤᠷᠢᠨ ᠳᠡᠭᠡᠷ᠎ᠡ ᠪᠠᠶᠢᠭᠤᠯᠤᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ | ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠪᠠᠶᠢᠭᠤᠯᠤᠯ ᠤᠨ ᠳᠠᠪᠠᠭᠤᠯᠢᠭ᠂ ᠲᠥᠷᠥ ᠶᠢᠨ | ᠪᠣᠳᠣᠯᠭ᠎ᠠ ᠶᠢᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ ᠦᠨ᠎ᠡ | ᠬᠠᠩᠰᠢ ᠶᠢ ᠰᠣᠯᠢᠵᠤ᠂ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ ᠶᠢ ᠪᠡᠶᠡᠯᠡᠭᠦᠯᠦᠨ᠂ ᠡᠪᠡᠳᠴᠢᠲᠡᠨ ᠤ ᠡᠮ | ᠬᠡᠷᠡᠭᠯᠡᠬᠦ ᠳᠠᠷᠤᠭᠠᠰᠤ ᠶᠢ ᠵᠦᠢ ᠵᠣᠬᠢᠰᠲᠠᠢ ᠬᠥᠩᠭᠡᠷᠡᠭᠦᠯᠦᠨ᠎ᠡ᠃ ︽ᠣᠷᠣᠭᠤᠯᠬᠤ ᠶᠢ ᠨᠢ ᠪᠠᠲᠤᠯᠠᠵᠤ ᠭᠠᠷᠭᠠᠬᠤ ᠶᠢ | ᠨᠢ ᠭᠠᠷᠭᠠᠬᠤ︾ ᠶᠢ ᠪᠠᠷᠢᠮᠲᠠᠯᠠᠵᠤ᠂ ᠪᠦᠲᠦᠴᠡ ᠶᠢ ᠨᠢ ᠰᠢᠯᠢᠳᠡᠭᠵᠢᠭᠦᠯᠦᠨ᠂ ᠳᠤᠲᠠᠭᠤᠳᠠᠯ ᠢ ᠨᠢ ᠭᠦᠢᠴᠡᠳ | ᠨᠥᠬᠦᠪᠦᠷᠢᠯᠡᠵᠦ᠂ ᠪᠠᠲᠤᠯᠠᠭ᠎ᠠ ᠶᠢᠨ ᠴᠢᠳᠠᠪᠤᠷᠢ ᠶᠢ ᠨᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠲᠡᠰ ᠳᠠᠷᠠᠭᠠᠯᠠᠯ ᠢ ᠦᠷᠭᠦᠯᠵᠢᠯᠡᠨ ᠰᠢᠯᠢᠳᠡᠭᠵᠢᠭᠦᠯᠵᠦ᠂ | ᠳᠦᠷᠢᠮ ᠢ ᠲᠡᠭᠦᠯᠳᠡᠷᠵᠢᠭᠦᠯᠵᠦ᠂ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠮ ᠤᠨ ᠵᠦᠢᠯ ᠤᠨ | ᠭᠠᠷᠴᠠᠭ ᠤᠨ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠭᠵᠢᠭᠤᠯᠤᠯᠲᠠ᠂ | ᠵᠢᠷᠤᠮᠵᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠥᠷᠭᠡᠨ ᠤᠯᠠᠨ ᠳᠠᠭᠠᠳᠬᠠᠯ ᠳᠤ ᠣᠷᠣᠯᠴᠠᠭᠰᠠᠨ | ᠬᠥᠮᠥᠰ ᠤᠨ ᠡᠮ ᠬᠡᠷᠡᠭᠯᠡᠬᠦ ᠦᠨᠳᠦᠰᠦᠨ ᠪᠠᠲᠤᠯᠠᠭ᠎ᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠶᠦᠯᠭᠦᠢ ᠶᠢᠨ ᠲᠥᠷᠥᠭᠳᠡᠯ ᠢ ᠳᠡᠭᠡᠭᠰᠢᠯᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ᠃ | | ᠬᠤᠶᠠᠷ᠂ ᠲᠣᠰ ᠤᠳᠠᠭᠠᠨ ᠤ ᠭᠠᠷᠴᠠᠭ ᠲᠤ ᠲᠣᠬᠢᠷᠠᠭᠤᠯᠤᠯᠲᠠ ᠬᠢᠭᠰᠡᠨ ᠠᠬᠤᠢ ᠪᠠᠶᠢᠳᠠᠯ ᠨᠢ ᠶᠠᠭᠤ ᠪᠣᠶ︖ | | | ᠡᠨᠡ ᠵᠢᠯ ᠠᠴᠠ ᠨᠠᠰᠢ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠤᠨ | ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ᠂ ᠲᠣᠭᠲᠠᠭᠠᠯᠲᠤ ᠪᠤᠰᠤ ᠴᠢᠨᠠᠷ ᠳᠡᠭᠡᠭᠰᠢᠯᠡᠭᠰᠡᠨ ᠪᠣᠯᠬᠤᠷ | ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠪᠣᠯ ᠲᠤᠶᠢᠯ ᠤᠨ ᠴᠢᠬᠤᠯᠠ ᠶᠤᠮ᠃ ᠪᠢᠳᠡ | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ | ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠰᠠᠨᠠᠯ︾ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ ᠡᠮᠦᠨᠡᠬᠢ ᠬᠡᠳᠦᠨ ᠡᠭᠡᠯᠵᠢ ᠶᠢᠨ ᠭᠠᠷᠴᠠᠭ ᠲᠤ ᠲᠣᠬᠢᠷᠠᠭᠤᠯᠤᠯᠲᠠ ᠬᠢᠭᠰᠡᠨ | ᠠᠵᠢᠯ ᠤᠨ ᠲᠤᠷᠰᠢᠯᠭ᠎ᠠ ᠶᠢ ᠭᠦᠨᠵᠡᠭᠡᠢ ᠳ᠋ᠦᠩᠨᠡᠭᠰᠡᠨ ᠰᠠᠭᠤᠷᠢᠨ ᠳᠡᠭᠡᠷ᠎ᠡ᠂ ︽ᠦᠨᠳᠦᠰᠦᠨ ᠵᠦᠢᠯ ᠢ ᠪᠠᠲᠤᠯᠠᠬᠤ︾ | ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠰᠠᠭᠤᠷᠢ ᠮᠥᠩᠭᠦ ᠪᠠ ᠡᠪᠡᠳᠴᠢᠲᠡᠨ ᠤ ᠳᠠᠭᠠᠭᠠᠬᠤ ᠴᠢᠳᠠᠪᠤᠷᠢ᠂ ᠡᠮ ᠤᠨ | ᠵᠦᠢᠯ ᠤᠨ ᠥᠷᠲᠡᠭ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | | ᠭᠤᠷᠪᠠ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠲᠣᠬᠢᠷᠠᠭᠤᠯᠤᠯᠲᠠ ᠳᠤ ᠶᠠᠮᠠᠷ ᠶᠠᠮᠠᠷ ᠬᠤᠪᠢᠷᠠᠯᠲᠠ ᠭᠠᠷᠤᠭᠰᠠᠨ | ᠪᠣᠶ︖ | | ᠡᠮᠦᠨᠡᠬᠢ ᠬᠡᠳᠦᠨ ᠡᠭᠡᠯᠵᠢ ᠶᠢᠨ ᠭᠠᠷᠴᠠᠭ ᠤᠨ ᠲᠣᠬᠢᠷᠠᠭᠤᠯᠤᠯᠲᠠ ᠲᠠᠢ ᠬᠠᠷᠢᠴᠠᠭᠤᠯᠪᠠᠯ᠂ ᠲᠣᠰ ᠤᠳᠠᠭᠠᠨ ᠤ | ᠲᠣᠬᠢᠷᠠᠭᠤᠯᠤᠯᠲᠠ ᠨᠢ ᠳᠣᠣᠷᠠᠬᠢ ᠮᠡᠲᠦ ᠣᠨᠴᠠᠯᠢᠭ ᠲᠠᠢ᠄ | | ᠨᠢᠭᠡ ᠳᠤ ᠭᠤᠶᠤᠴᠢᠯᠠᠨ ᠮᠡᠳᠡᠭᠦᠯᠬᠦ ᠬᠡᠪᠴᠢᠶ᠎ᠡ ᠶᠢ ᠰᠢᠯᠢᠳᠡᠭᠵᠢᠭᠦᠯᠵᠦ᠂ ᠬᠤᠪᠣᠷ ᠲᠣᠬᠢᠶᠠᠯᠳᠤᠬᠤ | ᠡᠪᠡᠳᠴᠢᠲᠡᠨ᠂ ᠬᠡᠦᠬᠡᠳ ᠵᠡᠷᠭᠡ ᠣᠨᠴᠠᠭᠠᠶ ᠬᠥᠮᠥᠰ ᠲᠤ ᠵᠣᠬᠢᠬᠤ ᠬᠡᠮᠵᠢᠶ᠎ᠡ ᠪᠠᠷ ᠬᠡᠯᠪᠡᠶᠢᠯᠭᠡᠪᠡ᠃ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ︽ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠪᠠᠲᠤᠯᠠᠭ᠎ᠠ ᠶᠢ | ᠴᠢᠩᠭᠠᠳᠬᠠᠬᠤ︾ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠣᠷ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠢ ᠭᠤᠶᠤᠴᠢᠯᠠᠨ ᠮᠡᠳᠡᠭᠦᠯᠬᠦ ᠨᠥᠬᠦᠴᠡᠯ ᠳᠤ ︽2017 ᠣᠨ ᠤ 1 ᠰᠠᠷ᠎ᠠ ᠶᠢᠨ 1 ᠤ | ᠡᠳᠦᠷ ᠠᠴᠠ ᠰᠡᠭᠦᠯᠡᠷ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠬᠦ︾ ᠴᠠᠭ ᠤᠨ ᠬᠢᠵᠠᠭᠠᠷᠯᠠᠯ ᠭᠠᠷᠭᠠᠭᠰᠠᠨ | ᠦᠭᠡᠢ᠂ ᠡᠭᠦᠨ ᠤ ᠵᠡᠷᠭᠡ ᠳᠤ ᠤᠯᠤᠰ ᠤᠨ ᠳᠠᠭᠤᠷᠢᠶᠠᠨ ᠦᠢᠯᠡᠳᠬᠦ ᠶᠢ ᠵᠣᠷᠢᠭᠵᠢᠭᠤᠯᠬᠤ ᠡᠮ ᠤᠨ ᠵᠦᠢᠯ ᠤᠨ | ᠭᠠᠷᠴᠠᠭ ᠲᠤ ᠣᠷᠣᠭᠤᠯᠤᠭᠰᠠᠨ᠂ ᠬᠡᠦᠬᠡᠳ ᠤᠨ ᠡᠮ ᠤᠨ ᠵᠦᠢᠯ ᠤᠨ ᠲᠣᠳᠣᠷᠬᠠᠢ ᠬᠠᠭᠤᠳᠠᠰᠤ ᠶᠢ ᠰᠤᠳᠤᠯᠤᠨ | ᠨᠡᠭᠡᠭᠡᠬᠦ ᠶᠢ ᠵᠣᠷᠢᠭᠵᠢᠭᠤᠯᠬᠤ ᠡᠮ ᠤᠨ ᠵᠦᠢᠯ ᠢ ᠡᠨᠡ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ | ᠭᠤᠶᠤᠴᠢᠯᠠᠨ ᠮᠡᠳᠡᠭᠦᠯᠵᠦ ᠪᠣᠯᠣᠨ᠎ᠠ ᠭᠡᠵᠦ ᠨᠡᠮᠡᠭᠰᠡᠨ ᠪᠠᠶᠢᠨ᠎ᠠ᠃ | | ᠬᠤᠶᠠᠷ ᠲᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ | ᠲᠤᠰᠠᠭᠠᠷ ᠪᠤᠰᠤ ᠡᠮ ᠤᠨ ᠵᠦᠢᠯ ᠢ ᠵᠠᠬ᠎ᠠ ᠳᠡᠯᠭᠡᠭᠦᠷ ᠲᠤ ᠣᠷᠣᠭᠤᠯᠬᠤ ᠳᠠᠭᠠᠨ ᠮᠥᠩᠭᠦ ᠲᠥᠯᠥᠬᠦ ᠪᠠᠷᠢᠮᠵᠢᠶ᠎ᠠ ᠶᠢ | ᠵᠡᠷᠭᠡ ᠳᠤᠨᠢ ᠲᠣᠭᠲᠠᠭᠠᠪᠠ᠃ ᠲᠤᠰᠠᠭᠠᠷ ᠪᠤᠰᠤ ᠡᠮ ᠤᠨ ᠵᠦᠢᠯ ᠤᠨ ᠣᠨᠴᠠ ᠵᠠᠷᠢᠮ ᠠᠵᠤ ᠠᠬᠤᠶᠢᠯᠠᠯ ᠤᠨ ᠦᠨ᠎ᠡ | ᠬᠠᠩᠰᠢ ᠨᠡᠯᠢᠶᠡᠳ ᠥᠨᠳᠥᠷ ᠪᠠᠶᠢᠬᠤ ᠠᠴᠠ ᠪᠣᠯᠵᠤ ᠲᠣᠰ ᠨᠡᠶᠢᠳᠡᠮ ᠬᠡᠷᠡᠭᠯᠡᠬᠦ ᠨᠠᠷᠠᠲᠤ ᠡᠮ ᠤᠨ ᠵᠦᠢᠯ ᠢ | ᠭᠠᠷᠴᠠᠭ ᠲᠤ ᠣᠷᠣᠭᠤᠯᠬᠤ ᠶᠢᠨ ᠠᠷᠭ᠎ᠠ ᠦᠭᠡᠢ ᠪᠣᠯᠤᠭᠰᠠᠨ ᠠᠰᠠᠭᠤᠳᠠᠯ ᠢ ᠰᠢᠢᠳᠪᠦᠷᠢᠯᠡᠨ᠎ᠡ᠃ ᠬᠡᠯᠡᠯᠴᠡᠭᠡᠨ ᠤ ᠤᠭ | ᠶᠣᠰᠣ ᠪᠠᠷ ᠯᠠᠪᠯᠠᠯᠲᠠ ᠪᠣᠯᠭᠠᠵᠤ᠂ ᠲᠤᠰᠬᠠᠢ ᠮᠡᠷᠭᠡᠵᠢᠯᠲᠡᠨ ᠠᠴᠠ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ | ᠬᠢᠬᠦ ᠬᠦᠰᠡᠯ ᠰᠠᠨᠠᠭ᠎ᠠ ᠶᠢ ᠲᠥᠰᠥᠭᠡᠯᠡᠨ ᠪᠤᠳᠤᠵᠤ ᠲᠣᠭᠲᠠᠭᠠᠭᠰᠠᠨ ᠤ ᠳᠠᠷᠠᠭ᠎ᠠ ᠠᠵᠤ ᠠᠬᠤᠶᠢᠯᠠᠯ ᠥᠪᠡᠰᠦᠪᠡᠨ | ᠦᠨ᠎ᠡ ᠮᠡᠳᠡᠭᠦᠯᠦᠨ᠎ᠡ᠂ ᠨᠢᠭᠡ ᠠᠵᠤ ᠠᠬᠤᠶᠢᠯᠠᠯ ᠣᠷᠣᠯᠴᠠᠭᠰᠠᠨ ᠪᠥᠭᠡᠳ ᠮᠡᠳᠡᠭᠦᠯᠦᠭᠰᠡᠨ ᠦᠨ᠎ᠡ ᠨᠢ ᠡᠮ | ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠰᠡᠯ ᠰᠠᠨᠠᠭ᠎ᠠ ᠠᠴᠠ ᠳᠣᠣᠷ᠎ᠠ ᠪᠠᠶᠢᠳᠠᠭ ᠯᠠ ᠶᠤᠮ ᠪᠣᠯ ᠲᠣᠰ | ᠨᠡᠶᠢᠳᠡᠮ ᠬᠡᠷᠡᠭᠯᠡᠬᠦ ᠨᠡᠷ᠎ᠡ ᠶᠢ ᠭᠠᠷᠴᠠᠭ ᠲᠤ ᠣᠷᠣᠭᠤᠯᠵᠤ ᠪᠣᠯᠬᠤ ᠪᠥᠭᠡᠳ ᠬᠠᠮᠤᠭ ᠤᠨ ᠳᠣᠣᠷ᠎ᠠ ᠮᠡᠳᠡᠭᠦᠯᠦᠭᠰᠡᠨ | ᠦᠨ᠎ᠡ ᠪᠠᠷ ᠲᠣᠰ ᠨᠡᠶᠢᠳᠡᠮ ᠬᠡᠷᠡᠭᠯᠡᠬᠦ ᠨᠡᠷ᠎ᠡ ᠶᠢᠨ ᠲᠣᠭᠠᠴᠠᠭ᠎ᠠ ᠬᠢᠬᠦ ᠪᠠᠷᠢᠮᠵᠢᠶ᠎ᠠ ᠪᠣᠯᠭᠠᠵᠤ ᠪᠣᠯᠣᠨ᠎ᠠ ︵ᠵᠢᠱᠢᠶᠡᠯᠡᠪᠡᠯ | ᠬᠠᠮᠤᠭ ᠤᠨ ᠳᠣᠣᠷ᠎ᠠ ᠮᠡᠳᠡᠭᠦᠯᠦᠭᠰᠡᠨ ᠦᠨ᠎ᠡ ᠨᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠰᠡᠯ | ᠰᠠᠨᠠᠭ᠎ᠠ ᠶᠢᠨ 70% ᠠᠴᠠ ᠳᠣᠣᠷ᠎ᠠ ᠪᠠᠶᠢᠪᠠᠯ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠰᠡᠯ | ᠰᠠᠨᠠᠭ᠎ᠠ ᠶᠢᠨ 70% ᠪᠠᠷ ᠲᠣᠭᠠᠴᠠᠭ᠎ᠠ ᠬᠢᠬᠦ ᠪᠠᠷᠢᠮᠵᠢᠶ᠎ᠠ ᠪᠣᠯᠭᠠᠨ᠎ᠠ︶᠃ ᠪᠢᠳᠡ ᠣᠷᠣᠨ ᠨᠤᠲᠤᠭ ᠢ ᠵᠢᠯᠣᠭᠤᠳᠤᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠨ ᠲᠡᠭᠦᠯᠳᠡᠷᠵᠢᠭᠦᠯᠵᠦ᠂ ᠨᠡᠶᠢᠳᠡᠮ ᠬᠡᠷᠡᠭᠯᠡᠬᠦ ᠨᠡᠷ᠎ᠡ ᠳᠣᠣᠷᠠᠬᠢ | ᠦᠨ᠎ᠡ ᠬᠠᠩᠰᠢ ᠨᠢ ᠲᠣᠭᠠᠴᠠᠭ᠎ᠠ ᠬᠢᠬᠦ ᠪᠠᠷᠢᠮᠵᠢᠶ᠎ᠠ ᠠᠴᠠ ᠥᠨᠳᠥᠷ ᠦᠭᠡᠢ ᠲᠥᠷᠥᠯ ᠵᠦᠢᠯ ᠢ ᠤᠷᠢᠳᠠᠪᠠᠷ | ᠬᠡᠷᠡᠭᠯᠡᠬᠦ ᠶᠢ ᠳᠡᠮᠵᠢᠵᠦ᠂ ᠡᠪᠡᠳᠴᠢᠲᠡᠨ ᠤ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠪᠠᠲᠤᠯᠠᠭ᠎ᠠ ᠶᠢᠨ | ᠴᠢᠳᠠᠮᠵᠢ ᠶᠢ ᠨᠠᠩ ᠰᠠᠶᠢᠲᠤᠷ ᠪᠠᠳᠠᠷᠠᠭᠤᠯᠤᠨ᠎ᠠ᠃ | | ᠭᠤᠷᠪᠠ ᠳᠤ ᠭᠡᠷ᠎ᠡ ᠶᠢ ᠦᠷᠭᠦᠯᠵᠢᠯᠡᠭᠦᠯᠬᠦ ᠳᠦᠷᠢᠮ ᠢ ᠥᠭᠡᠷᠡᠴᠢᠯᠡᠨ ᠰᠠᠶᠢᠵᠢᠷᠠᠭᠤᠯᠵᠤ᠂ ᠵᠢᠱᠢᠯᠲᠡ ᠶᠢ | ᠲᠣᠭᠲᠠᠪᠤᠷᠢᠵᠢᠭᠤᠯᠬᠤ ᠳᠤ ᠨᠡᠩ ᠠᠰᠢᠭᠲᠠᠢ ᠪᠣᠯᠭᠠᠪᠠ᠃ ᠲᠤᠰᠠᠭᠠᠷ ᠪᠤᠰᠤ ᠡᠮ ᠤᠨ ᠵᠦᠢᠯ ︵ᠬᠡᠯᠡᠯᠴᠡᠭᠡᠷ ᠤᠨ | ᠬᠤᠭᠤᠴᠠᠭ᠎ᠠ ᠨᠢ ᠲᠤᠯᠤᠭᠰᠠᠨ ᠡᠰᠡᠬᠦ ᠶᠢ ᠬᠠᠮᠢᠶᠠᠷᠬᠤ ᠦᠭᠡᠢ︶ ᠵᠢᠴᠢ ᠨᠢᠭᠡᠨᠲᠡ ᠬᠡᠯᠡᠯᠴᠡᠭᠡᠷ ᠤᠨ ᠬᠤᠶᠠᠷ | ᠬᠤᠭᠤᠴᠠᠭ᠎ᠠ ︵4 ᠵᠢᠯ︶ ᠶᠢ ᠥᠩᠭᠡᠷᠡᠭᠡᠭᠰᠡᠨ ᠪᠣᠯᠪᠠᠴᠤ ᠲᠥᠯᠥᠬᠦ ᠪᠠᠷᠢᠮᠵᠢᠶ᠎ᠠ ᠪᠠ ᠲᠥᠯᠥᠬᠦ ᠬᠡᠪᠴᠢᠶᠡᠨ ᠳᠤ ᠴᠥᠮ | ᠬᠤᠪᠢᠷᠠᠯᠲᠠ ᠦᠭᠡᠢ ᠲᠤᠰᠠᠭᠠᠷ ᠡᠮ ᠤᠨ ᠵᠦᠢᠯ ᠢ ᠡᠩ ᠤᠨ ᠭᠠᠷᠴᠠᠭ ᠤᠨ ᠬᠠᠮᠢᠶᠠᠷᠤᠯᠲᠠ ᠳᠤ ᠣᠷᠣᠭᠤᠯᠤᠨ᠎ᠠ᠃ | ᠡᠨᠡ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠥᠯᠥᠬᠦ ᠬᠡᠪᠴᠢᠶ᠎ᠡ ᠳᠤ ᠲᠣᠬᠢᠷᠠᠭᠤᠯᠤᠯᠲᠠ ᠬᠢᠭᠰᠡᠨ ᠪᠣᠯᠪᠠᠴᠤ | ᠰᠠᠭᠤᠷᠢ ᠮᠥᠩᠭᠦ ᠶᠢ ᠨᠥᠯᠥᠭᠡᠯᠡᠬᠦ ᠲᠥᠰᠥᠪ ᠢᠶᠠᠷ ᠶᠡᠭᠡ ᠪᠢᠰᠢ ︵1 ᠳᠠᠬᠢᠨ ᠠᠴᠠ ᠬᠡᠲᠦᠷᠡᠭᠰᠡᠨ ᠦᠭᠡᠢ︶ ᠡᠮ ᠤᠨ | ᠵᠦᠢᠯ ᠢ ᠴᠦ ᠳᠥᠭᠦᠮᠬᠡᠨ ᠢᠶᠠᠷ ᠭᠡᠷ᠎ᠡ ᠶᠢ ᠦᠷᠭᠦᠯᠵᠢᠯᠡᠭᠦᠯᠵᠦ ᠪᠣᠯᠣᠨ᠎ᠠ᠃ ᠳᠡᠭᠡᠷ᠎ᠡ ᠳᠤᠷᠠᠳᠤᠭᠰᠠᠨ ᠠᠷᠭ᠎ᠠ ᠬᠢᠳᠡᠯ ᠨᠢ | ᠠᠵᠤ ᠠᠬᠤᠶᠢᠯᠠᠯ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠵᠢᠱᠢᠯᠲᠡ ᠶᠢ ᠲᠣᠭᠲᠠᠪᠤᠷᠢᠵᠢᠭᠤᠯᠬᠤ ᠳᠤ | | ᠳᠥᠷᠪᠡ ᠳᠤ᠂ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠬᠢᠨᠠᠨ ᠰᠢᠯᠭᠠᠷᠠᠭᠤᠯᠤᠯᠲᠠ ᠶᠢ ᠨᠡᠩ | ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠪᠣᠯᠭᠠᠪᠠ᠃ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠭᠤᠭᠴᠤᠭ᠎ᠠ ᠶᠢᠨ ᠠᠵᠢᠯ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠤᠭᠰᠠᠨ ᠳᠤ ᠰᠠᠭᠤᠷᠢᠯᠠᠨ᠂ ᠡᠮ ᠤᠨ | ᠵᠦᠢᠯ ᠤᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠭᠤᠶᠤᠴᠢᠯᠠᠨ ᠮᠡᠳᠡᠭᠦᠯᠬᠦ ᠨᠢ ᠨᠠᠩ ᠪᠥᠬᠦ ᠲᠠᠯ᠎ᠠ ᠶᠢᠨ ᠪᠣᠯᠵᠤ᠂ | ᠬᠢᠨᠠᠨ ᠲᠣᠭᠲᠠᠭᠠᠬᠤ ᠭᠤᠭᠴᠤᠭ᠎ᠠ ᠶᠢ ᠰᠢᠯᠢᠳᠡᠭᠵᠢᠭᠦᠯᠦᠨ ᠨᠡᠶᠢᠯᠡᠭᠦᠯᠵᠦ ᠪᠠᠶᠢᠭᠠᠳ ᠶᠡᠷᠦᠩᠬᠡᠶᠢᠯᠡᠭᠰᠡᠨ ᠳᠤᠭᠤᠶᠢᠯᠠᠩ | ᠪᠠ ᠲᠤᠰᠬᠠᠢ ᠮᠡᠷᠭᠡᠵᠢᠯ ᠤᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠬᠠᠮᠲᠤ ᠪᠠᠷ ᠬᠠᠮᠲᠤᠷᠠᠨ ᠬᠢᠨᠠᠨ | ᠲᠣᠭᠲᠠᠭᠠᠨ᠎ᠠ᠃ | | ᠡᠭᠦᠨ ᠠᠴᠠ ᠭᠠᠳᠠᠨ᠎ᠠ᠂ ᠡᠨᠡ ᠵᠢᠯ ᠡᠮ ᠤᠨ ᠵᠦᠢᠯ ᠤᠨ ᠨᠡᠷᠡᠰ ᠢ ᠬᠡᠯᠪᠡᠷᠢ ᠪᠠᠷ ᠬᠢᠨᠠᠨ ᠪᠠᠶᠢᠴᠠᠭᠠᠬᠤ ︽ | ᠠᠯᠪᠠᠨ ᠵᠠᠷ︾ ᠤᠨ ᠭᠤᠭᠴᠤᠭ᠎ᠠ ᠶᠢ ᠨᠡᠮᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠮ ᠤᠨ ᠵᠦᠢᠯ ᠢ | ᠭᠤᠶᠤᠴᠢᠯᠠᠨ ᠮᠡᠳᠡᠭᠦᠯᠬᠦ ᠲᠣᠪᠴᠢᠯᠠᠯ ᠤᠨ ᠬᠤᠸᠠᠨᠳᠧᠩ ᠤᠨ ᠹᠢᠯᠢᠮ ᠢ ᠲᠤᠰᠢᠶᠠᠵᠤ᠂ ᠭᠤᠶᠤᠴᠢᠯᠠᠨ ᠮᠡᠳᠡᠭᠦᠯᠬᠦ ᠪᠠ | ᠦᠨᠡᠯᠡᠨ ᠬᠢᠨᠠᠬᠤ ᠮᠡᠳᠡᠭᠡ ᠵᠠᠩᠭᠢ ᠶᠢᠨ ᠵᠠᠭᠪᠤᠷ ᠢ ᠲᠡᠭᠦᠯᠳᠡᠷᠵᠢᠭᠦᠯᠦᠨ ᠲᠠᠰ ᠳᠡᠪᠰᠢᠭᠦᠯᠵᠦ᠂ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠢ ᠡᠯᠧᠺᠲᠷᠤᠨᠴᠢᠯᠡᠨ ᠲᠤᠰᠢᠶᠠᠬᠤ ᠶᠢ ᠪᠡᠶᠡᠯᠡᠭᠦᠯᠦᠭᠰᠡᠨ ᠨᠢ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠢᠯ ᠤᠨ ᠵᠢᠷᠤᠮᠵᠢᠯᠳᠤ ᠴᠢᠨᠠᠷ ᠢ ᠴᠢᠩᠭᠠᠷᠠᠭᠤᠯᠬᠤ ᠳᠤ ᠠᠰᠢᠭᠲᠠᠢ ᠶᠤᠮ᠃ | | ᠳᠥᠷᠪᠡ᠂ ︽ᠠᠵᠢᠯ ᠤᠨ ᠲᠥᠰᠥᠯ︾ ᠤᠨ ᠰᠠᠨᠠᠯ ᠬᠤᠷᠢᠶᠠᠭᠰᠠᠨ ᠪᠠᠶᠢᠳᠠᠯ | | ᠪᠢᠳᠡ ︽ᠠᠵᠢᠯ ᠤᠨ ᠲᠥᠰᠥᠯ︾ ᠤᠨ ᠲᠤᠬᠠᠢ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠢᠲᠠᠳ ᠡᠮ ᠡᠮᠨᠡᠯᠭᠡ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠤᠷᠢᠳ ᠬᠤᠵᠢᠳ ᠬᠤᠷᠢᠶᠠᠪᠠ᠃ ᠡᠭᠦᠨ ᠤ ᠬᠠᠮᠲᠤ᠂ ︽ᠠᠵᠢᠯ ᠤᠨ | ᠲᠥᠰᠥᠯ︾ ᠪᠠ ᠬᠠᠮᠢᠶ᠎ᠠ ᠪᠦᠬᠦᠢ ᠳᠦᠷᠢᠮ ᠤᠨ ᠲᠤᠬᠠᠢ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠤ ᠨᠡᠶᠢᠲᠡᠯᠡᠵᠦ᠂ | ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ ᠡᠯ᠎ᠡ ᠲᠠᠯ᠎ᠠ ᠶᠢᠨ ᠬᠢᠨ ᠤ | ᠬᠠᠷᠢᠭᠤ ᠲᠤᠰᠬᠠᠭᠰᠠᠨ ᠰᠠᠨᠠᠯ ᠰᠠᠨᠠᠭᠤᠯᠭ᠎ᠠ ᠶᠢ ᠪᠢᠳᠡ ᠵᠤᠷᠪᠤᠰ ᠳᠠᠷᠠᠭᠠᠯᠠᠨ ᠨᠠᠷᠢᠨ ᠬᠢᠨᠠᠮᠠᠭᠠᠢ ᠰᠤᠳᠤᠯᠵᠤ᠂ ︽ | ᠬᠦᠯᠢᠶᠡᠨ ᠠᠪᠴᠤ ᠴᠢᠳᠠᠬᠤ ᠶᠢᠨ ᠳᠣᠲᠣᠷ᠎ᠠ ᠬᠦᠯᠢᠶᠡᠨ ᠠᠪᠬᠤ︾ ᠵᠠᠷᠴᠢᠮ ᠶᠣᠰᠣᠭᠠᠷ᠂ ᠵᠦᠢ ᠵᠣᠬᠢᠰᠲᠠᠢ | ᠰᠠᠨᠠᠭᠤᠯᠭ᠎ᠠ ᠶᠢ ᠢᠳᠡᠪᠬᠢᠲᠡᠢ ᠪᠠᠷ ᠰᠢᠩᠭᠡᠬᠡᠨ ᠠᠪᠴᠤ ᠯᠠᠪᠯᠠᠯᠲᠠ ᠪᠣᠯᠭᠠᠵᠤ᠂ ᠳᠦᠷᠢᠮ ᠢ ᠤᠯᠠᠮ ᠲᠡᠭᠦᠯᠳᠡᠷᠵᠢᠭᠦᠯᠦᠨ | ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠪᠡ᠃ | | ᠲᠠᠪᠤ᠂ ᠰᠢᠨ᠎ᠡ ᠬᠡᠪᠯᠡᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠪᠠᠷᠤᠭ | ᠶᠠᠮᠠᠷ ᠴᠠᠭ ᠲᠤ ᠨᠡᠶᠢᠲᠡᠯᠡᠬᠦ ᠪᠣᠶ︖ | | ᠣᠳᠣᠬᠠᠨ ᠤ ᠲᠣᠬᠢᠷᠠᠭᠤᠯᠤᠯᠲᠠ ᠪᠠᠷ ᠪᠣᠯ᠂ ᠡᠨᠡ ᠵᠢᠯ ᠤᠨ ᠲᠣᠬᠢᠷᠠᠭᠤᠯᠤᠯᠲᠠ ᠬᠢᠬᠦ ᠵᠢᠷᠤᠮ ᠢ ᠮᠥᠨ ᠬᠦ | ᠪᠡᠯᠡᠳᠬᠡᠬᠦ᠂ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ᠂ ᠬᠡᠯᠡᠯᠴᠡᠭᠡ ᠬᠢᠬᠦ/ᠦᠨ᠎ᠡ | ᠥᠷᠢᠰᠦᠯᠳᠦᠬᠦ᠂ ᠨᠡᠶᠢᠲᠡᠯᠡᠭᠰᠡᠨ ᠦᠷ᠎ᠡ ᠳ᠋ᠦᠩ ᠢ 5 ᠱᠠᠲᠤ ᠦᠶ᠎ᠡ ᠬᠤᠪᠢᠶᠠᠨ᠎ᠠ᠃ ᠬᠡᠷᠪᠡ ᠤᠷᠤᠭᠰᠢᠲᠠᠢ | ᠶᠠᠪᠤᠭᠳᠠᠵᠤ ᠪᠠᠶᠢᠪᠠᠯ᠂ 7 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠭᠤᠶᠤᠴᠢᠯᠠᠨ ᠮᠡᠳᠡᠭᠦᠯᠵᠦ᠂ 11 | ᠰᠠᠷ᠎ᠠ ᠳᠤ ᠦᠷ᠎ᠡ ᠳ᠋ᠦᠩ ᠢ ᠨᠡᠶᠢᠲᠡᠯᠡᠵᠦ᠂ ᠢᠷᠡᠬᠦ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | | ᠵᠢᠷᠭᠤᠭ᠎ᠠ᠂ ᠡᠨᠡ ᠵᠢᠯ ᠤᠨ ᠭᠠᠷᠴᠠᠭ ᠲᠤ ᠣᠷᠣᠭᠤᠯᠤᠭᠰᠠᠨ ᠡᠮ ᠤᠨ ᠵᠦᠢᠯ ᠤᠨ ᠲᠤᠭ᠎ᠠ ᠬᠡᠮᠵᠢᠶ᠎ᠡ ᠶᠢᠨ | ᠲᠤᠬᠠᠢ ᠵᠢᠱᠢᠭᠰᠡᠨ ᠲᠥᠯᠥᠪᠯᠡᠭᠡ ᠲᠠᠢ ᠦᠦ ᠦᠭᠡᠢ ᠦᠦ︖ | | ᠣᠶᠢᠷ᠎ᠠ ᠶᠢᠨ ᠵᠢᠯ ᠳᠤ᠂ ᠡᠮ ᠤᠨ ᠵᠦᠢᠯ ᠢ ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠳᠠᠭᠠᠯᠳᠤᠨ᠂ ᠮᠠᠨ ᠤ ᠤᠯᠤᠰ ᠤᠨ ᠵᠥᠪᠰᠢᠶᠡᠷᠡᠯ ᠣᠯᠣᠭᠰᠠᠨ ᠰᠢᠨ᠎ᠡ ᠡᠮ ᠤᠨ ᠲᠤᠭ᠎ᠠ | ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠲᠠᠯ᠎ᠠ ᠠᠴᠠ | ᠠᠪᠴᠤ ᠦᠵᠡᠪᠡᠯ᠂ ᠪᠢᠳᠡ ᠨᠢᠭᠡ ᠲᠠᠯ᠎ᠠ ᠪᠠᠷ ᠨᠠᠩ ᠣᠯᠠᠨ ᠨᠠᠩ ᠰᠠᠶᠢᠨ ᠡᠮ ᠤᠨ ᠵᠦᠢᠯ ᠢ ᠡᠷᠲᠡᠬᠡᠨ ᠵᠠᠬ᠎ᠠ | ᠳᠡᠯᠭᠡᠭᠦᠷ ᠲᠤ ᠭᠠᠷᠭᠠᠵᠤ᠂ ᠡᠷᠲᠡᠬᠡᠨ ᠡᠮ ᠡᠮᠨᠡᠯᠭᠡ ᠶᠢᠨ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠵᠤ᠂ | ᠡᠪᠡᠳᠴᠢᠲᠡᠨ ᠳᠤ ᠡᠷᠲᠡᠬᠡᠨ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ᠃ ᠨᠥᠭᠦᠭᠡ ᠲᠠᠯ᠎ᠠ ᠪᠠᠷ᠂ ᠮᠠᠨ ᠤ ᠤᠯᠤᠰ | ᠪᠣᠯ ᠬᠥᠭᠵᠢᠵᠦ ᠪᠠᠶᠢᠭ᠎ᠠ ᠤᠯᠤᠰ ᠮᠥᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ | ᠬᠢᠷᠢ ᠲᠦᠪᠰᠢᠨ ᠲᠤᠶᠢᠯ ᠤᠨ ᠬᠢᠵᠠᠭᠠᠷ ᠲᠠᠢ ᠶᠤᠮ᠂ 2021 ᠣᠨ ᠳᠤ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠬᠥᠮᠥᠨ ᠳᠤᠮᠳᠠᠴᠢ ᠶᠢᠨ ᠪᠡᠯᠡ ᠴᠤᠭᠯᠠᠭᠤᠯᠬᠤ ᠬᠡᠮᠵᠢᠶ᠎ᠡ ᠨᠢ 900 ᠲᠥᠭᠦᠷᠢᠭ ᠣᠷᠴᠢᠮ ᠯᠠ | ᠪᠠᠶᠢᠵᠤ᠂ ᠡᠭᠦᠨ ᠤ ᠳᠣᠲᠣᠷᠠᠬᠢ ᠭᠤᠷᠪᠠᠨ ᠤ ᠬᠤᠶᠠᠷ ᠬᠤᠪᠢ ᠨᠢ ᠡᠳ᠋ ᠤᠨ ᠵᠠᠰᠠᠭ ᠤᠨ ᠨᠥᠬᠦᠪᠦᠷᠢ ᠠᠴᠠ | ᠢᠷᠡᠯᠲᠡ ᠲᠠᠢ ᠶᠤᠮ᠃ ᠡᠶᠢᠮᠦ ᠠᠴᠠ᠂ ᠡᠷᠬᠡᠪᠰᠢ ︽ᠦᠨᠳᠦᠰᠦᠨ ᠵᠦᠢᠯ ᠢ ᠪᠠᠲᠤᠯᠠᠬᠤ︾ ᠳᠦᠷᠢᠮ ᠤᠨ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠵᠦ᠂ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ᠂ ᠦᠨ᠎ᠡ ᠬᠠᠩᠰᠢ ᠨᠢ ᠵᠦᠢ | ᠵᠣᠬᠢᠰᠲᠠᠢ᠂ ᠦᠨᠳᠦᠰᠦᠨ ᠡᠮᠴᠢᠯᠡᠭᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠡᠮ ᠤᠨ ᠵᠦᠢᠯ ᠢ | ᠭᠤᠣᠯᠳᠠᠯᠭ᠎ᠠ ᠲᠠᠢ ᠪᠠᠷ ᠭᠠᠷᠴᠠᠭ ᠲᠤ ᠣᠷᠣᠭᠤᠯᠬᠤ ᠬᠡᠷᠡᠭᠲᠡᠢ᠃ ᠡᠨᠡ ᠵᠢᠯ ᠤᠨ ᠲᠣᠬᠢᠷᠠᠭᠤᠯᠤᠯᠲᠠ ᠶᠢᠨ ᠳᠤᠮᠳᠠ᠂ | ᠪᠢᠳᠡ ᠬᠤᠯᠪᠣᠭᠳᠠᠯ ᠪᠦᠬᠦᠢ ᠪᠠᠷᠢᠮᠵᠢᠶ᠎ᠠ᠂ ᠨᠥᠬᠦᠴᠡᠯ ᠢ ᠦᠷᠭᠦᠯᠵᠢᠯᠡᠨ ᠴᠢᠩᠭ᠎ᠠ ᠡᠵᠡᠮᠳᠡᠵᠦ᠂ ᠨᠡᠶᠢᠭᠡᠮ ᠪᠣᠯᠣᠨ | ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠵᠦᠢ ᠵᠣᠬᠢᠰᠲᠠᠢ ᠵᠢᠱᠢᠯᠲᠡ ᠶᠢ ᠪᠠᠲᠤᠯᠠᠬᠤ ᠶᠢ ᠬᠦᠰᠡᠵᠦ | ᠪᠠᠶᠢᠨ᠎ᠠ᠃ | | ᠡᠭᠦᠨ ᠠᠴᠠ ᠭᠠᠳᠠᠨ᠎ᠠ᠂ ᠰᠢᠨ᠎ᠡ ᠡᠮ ᠤᠨ ᠪᠣᠯᠣᠮᠵᠢᠲᠤ ᠴᠢᠨᠠᠷ ᠢ ᠰᠢᠢᠳᠪᠦᠷᠢᠯᠡᠬᠦ ᠳᠤ ᠵᠥᠪᠬᠡᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠨᠢᠭᠡ ᠯᠡ ᠵᠠᠮ ᠳᠤ ᠲᠦᠰᠢᠭᠯᠡᠭᠡᠳ ᠪᠣᠯᠬᠤ ᠦᠭᠡᠢ᠂ ᠪᠠᠰᠠ ᠳᠤᠮᠳᠠᠳᠤ | ᠤᠯᠤᠰ ᠤᠨ ᠣᠨᠴᠠᠯᠢᠭ ᠪᠦᠬᠦᠢ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠨᠥᠬᠦᠪᠦᠷᠢ ᠳᠠᠭᠠᠳᠬᠠᠯ᠂ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠠᠷᠭ᠎ᠠ ᠵᠠᠮ ᠤᠨ ᠴᠢᠳᠠᠮᠵᠢ ᠶᠢ ᠭᠦᠢᠴᠡᠳ ᠪᠠᠳᠠᠷᠠᠭᠤᠯᠪᠠᠯ | ᠰᠠᠶ᠋ᠢ ᠠᠳᠠᠯᠢ ᠪᠤᠰᠤ ᠲᠠᠰ ᠳᠠᠪᠬᠤᠷᠭ᠎ᠠ ᠶᠢᠨ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠨ ᠬᠠᠩᠭᠠᠵᠤ ᠴᠢᠳᠠᠨ᠎ᠠ᠃ | | ᠳᠣᠯᠤᠭ᠎ᠠ᠂ ᠡᠮ ᠤᠨ ᠦᠢᠯᠡᠳᠪᠦᠷᠢ ᠲᠠᠢ ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ ᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ | ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ︖ | | ᠡᠮ ᠤᠨ ᠦᠢᠯᠡᠳᠪᠦᠷᠢ ᠲᠠᠢ ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ ᠤᠨ | ᠨᠠᠶᠢᠳᠠᠪᠤᠷᠢᠵᠢᠭᠤᠯᠤᠯᠲᠠ ᠶᠢᠨ ᠠᠬᠢᠴᠠ ᠨᠢ ᠡᠪᠡᠳᠴᠢᠲᠡᠨ ᠤ ᠠᠰᠢᠭ ᠭᠥᠷᠳᠡᠬᠦ ᠬᠡᠮᠵᠢᠶ᠎ᠡ ᠲᠠᠢ ᠬᠤᠯᠪᠣᠭᠳᠠᠨ᠎ᠠ᠂ ᠪᠢᠳᠡ | ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ ᠪᠠᠶᠢᠭᠠᠳ | ᠲᠦᠯᠬᠢᠨ ᠠᠬᠢᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ ᠵᠢᠯᠣᠭᠤᠳᠤᠯᠭ᠎ᠠ ᠪᠠᠨ | ᠦᠷᠭᠦᠯᠵᠢᠯᠡᠨ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠰᠢᠭᠤᠳ ᠰᠦᠯᠵᠢᠶᠡᠨ ᠳᠤ ᠣᠷᠣᠭᠤᠯᠬᠤ᠂ | ᠡᠮ ᠡᠮᠨᠡᠯᠭᠡ ᠶᠢᠨ ᠳᠠᠭᠠᠳᠬᠠᠯ ᠤᠨ ᠣᠨ ᠤ ᠶᠡᠷᠦᠩᠬᠡᠢ ᠲᠤᠭ᠎ᠠ ᠳᠤ ᠵᠦᠢ ᠵᠣᠬᠢᠰᠲᠠᠢ ᠲᠣᠬᠢᠷᠠᠭᠤᠯᠤᠯᠲᠠ ᠬᠢᠬᠦ᠂ | ᠰᠢᠪᠠᠳᠠᠬᠤ ᠶᠢ ᠴᠢᠩᠭᠠᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮ ᠤᠨ ᠦᠢᠯᠡᠳᠪᠦᠷᠢ ᠲᠠᠢ | ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠨᠡᠶᠢᠯᠡᠮᠡᠯ | ᠬᠦᠴᠦᠨ ᠢ ᠪᠣᠶ ᠪᠣᠯᠭᠠᠨ᠎ᠠ᠃ ᠬᠤᠶᠠᠷ ᠲᠤ ︽ᠬᠤᠣᠰ ᠵᠠᠮ︾ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠤᠬᠠᠢ ᠬᠡᠯᠡᠯᠴᠡᠭᠡ ᠬᠢᠬᠦ ᠰᠢᠨ᠎ᠡ | ᠠᠷᠭ᠎ᠠ ᠵᠠᠮ ᠢ ᠰᠠᠶᠢᠲᠤᠷ ᠪᠠᠬᠢᠵᠢᠭᠦᠯᠦᠨ᠎ᠡ᠃ ᠡᠯ᠎ᠡ ᠭᠠᠵᠠᠷ ᠤᠨ ᠬᠢᠨ ᠢ ᠰᠢᠪᠠᠳᠠᠵᠤ ᠪᠠᠶᠢᠭᠠᠳ ᠴᠡᠭ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠪᠠ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ︽ᠬᠤᠣᠰ | ᠨᠡᠪᠲᠡᠷᠡᠬᠦ ᠵᠠᠮ︾ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ | ᠡᠮᠨᠡᠯᠭᠡ ᠶᠢᠨ ᠬᠤᠷᠢᠶ᠎ᠠ ᠳᠤ ᠲᠦᠷ ᠣᠷᠣᠵᠤ ᠳᠡᠶᠢᠯᠬᠦ ᠦᠭᠡᠢ ᠡᠮ ᠤᠨ ᠦᠢᠯᠡᠳᠪᠦᠷᠢ ᠲᠠᠢ ᠬᠠᠷᠢᠯᠴᠠᠵᠤ | ᠬᠢᠮᠳᠠᠷᠠᠭᠤᠯᠤᠭᠰᠠᠨ ᠡᠮ ᠤᠨ ᠵᠦᠢᠯ ᠤᠨ ᠲᠡᠷᠢᠭᠦᠨ ᠤ ᠡᠮ ᠤᠨ ᠳᠡᠯᠭᠡᠭᠦᠷ ᠲᠤ ᠣᠷᠣᠭᠤᠯᠵᠤ ᠳᠡᠶᠢᠯᠬᠦ ᠦᠭᠡᠢ | ᠪᠣᠯᠭᠠᠵᠤ᠂ ᠣᠯᠠᠨ ᠲᠦᠮᠡᠨ ᠢ ᠲᠡᠷᠡ ᠳᠠᠷᠤᠢ ᠳᠤᠨᠢ ︽ᠪᠠᠶᠢᠴᠠᠭᠠᠨ ᠣᠯᠵᠤ ᠳᠡᠶᠢᠯᠬᠦ᠂ ᠬᠤᠳᠠᠯᠳᠤᠨ ᠠᠪᠴᠤ | ᠳᠡᠶᠢᠯᠬᠦ᠂ ᠲᠠᠩᠰᠠ ᠳᠡᠶᠢᠯᠵᠦ ᠳᠡᠶᠢᠯᠬᠦ︾ ᠪᠣᠯᠭᠠᠨ᠎ᠠ᠃ ᠭᠤᠷᠪᠠ ᠳᠤ ᠡᠮ ᠤᠨ ᠦᠢᠯᠡᠳᠪᠦᠷᠢ ᠲᠠᠢ ᠬᠠᠷᠢᠯᠴᠠᠵᠤ | ᠬᠢᠮᠳᠠᠷᠠᠭᠤᠯᠤᠭᠰᠠᠨ ᠡᠮ ᠤᠨ ᠵᠦᠢᠯ ᠢ ᠲᠣᠬᠢᠷᠠᠭᠤᠯᠬᠤ ᠪᠠᠶᠢᠭᠤᠯᠤᠮᠵᠢ ᠶᠢᠨ ᠨᠡᠷᠡᠰ ᠢ ᠦᠷᠭᠦᠯᠵᠢᠯᠡᠨ | ᠬᠥᠳᠡᠯᠦᠩᠭᠦᠢ ᠪᠠᠷ ᠨᠡᠶᠢᠲᠡᠯᠡᠨ᠎ᠡ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠨᠢᠭᠡᠨᠲᠡ ᠲᠣᠬᠢᠷᠠᠭᠤᠯᠤᠭᠰᠠᠨ | ᠡᠮ ᠤᠨ ᠵᠦᠢᠯ ᠤᠨ ᠲᠣᠭᠲᠠᠭᠰᠠᠨ ᠴᠢᠭ᠋ ᠤᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠢᠭ᠋ ᠤᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠤᠯᠤᠰ ᠤᠨ ᠡᠮᠴᠢᠯᠡᠭᠡᠨ ᠤ | ᠳᠠᠭᠠᠳᠬᠠᠯ ᠤᠨ ᠦᠢᠯᠡᠴᠢᠯᠡᠭᠡᠨ ᠤ ᠲᠠᠪᠴᠠᠩ ︵APP︶ ᠳᠤ ᠣᠯᠠᠨ ᠨᠡᠶᠢᠲᠡ ᠶᠢᠨ ᠪᠠᠶᠢᠴᠠᠭᠠᠨ ᠯᠠᠪᠯᠠᠬᠤ ᠠᠷᠭ᠎ᠠ | ᠵᠠᠮ ᠢ ᠨᠡᠭᠡᠭᠡᠵᠦ᠂ ᠡᠪᠡᠳᠴᠢᠲᠡᠨ ᠤ ᠲᠥᠬᠦᠮ ᠳᠥᠲᠡ ᠪᠠᠷ ᠡᠮᠨᠡᠯᠭᠡ ᠳᠤ ᠦᠵᠡᠭᠦᠯᠵᠦ ᠡᠮ ᠬᠤᠳᠠᠯᠳᠤᠨ ᠠᠪᠬᠤ ᠳᠤ | ᠲᠥᠬᠦᠮ ᠦᠵᠡᠭᠦᠯᠦᠨ᠎ᠡ᠃ ᠳᠥᠷᠪᠡ ᠳᠤ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠲᠣᠬᠢᠷᠠᠭᠤᠯᠬᠤ ᠠᠵᠢᠯ ᠢ | ᠴᠢᠩᠭᠠᠳᠬᠠᠨ᠎ᠠ᠃ ᠡᠯ᠎ᠡ ᠭᠠᠵᠠᠷ ᠣᠷᠣᠨ ᠢ ᠬᠢᠨᠠᠨ ᠬᠡᠮᠵᠢᠵᠦ ᠦᠨᠡᠯᠡᠨ ᠵᠢᠱᠢᠬᠦ ᠪᠠ ᠰᠢᠮᠳᠠᠭᠤᠯᠤᠨ ᠵᠢᠯᠤᠭᠤᠳᠬᠤ ᠪᠠᠨ | ᠴᠢᠩᠭᠠᠳᠬᠠᠵᠤ᠂ ᠡᠮ ᠤᠨ ᠦᠢᠯᠡᠳᠪᠦᠷᠢ ᠲᠠᠢ ᠬᠠᠷᠢᠯᠴᠠᠵᠤ ᠬᠢᠮᠳᠠᠷᠠᠭᠤᠯᠤᠭᠰᠠᠨ ᠡᠮ ᠤᠨ ᠵᠦᠢᠯ ᠢ | ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠤᠨ᠎ᠠ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ | ᠲᠣᠭᠤᠷᠢᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠠᠮᠵᠢᠭᠤᠯᠤᠨ ᠨᠡᠶᠢᠲᠡᠯᠡᠭᠰᠡᠨ ︽ | 2022 ᠣᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ | ᠠᠵᠢᠯ ᠤᠨ ᠲᠥᠰᠥᠯ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠡᠭᠡᠯᠢ ᠶᠢᠨ | ᠬᠡᠷᠡᠭ ᠡᠷᠬᠢᠯᠡᠬᠦ ᠭᠠᠵᠠᠷ |