| | | ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ — ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ | ᠣᠯᠣᠭᠰᠠᠨ ᠦᠭᠡᠢ ᠪᠠᠷ ᠮᠠᠯ ᠤᠨ ᠡᠮ ᠡᠵᠡᠩᠨᠡᠭᠰᠡᠨ ᠬᠡᠷᠡᠭ | | | | | ﹇ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ﹈ | | | 2022 ᠣᠨ ᠤ 5 ᠰᠠᠷ᠎ᠠ ᠶᠢᠨ 9 ᠤ ᠡᠳᠦᠷ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠱᠠᠨᠳᠦ᠋ᠩ ᠤᠨ ᠰᠠᠭᠤᠭᠠᠯᠢ | ᠠᠷᠠᠳ ᠤᠨ ᠵᠠᠭᠠᠯᠳᠤᠯᠭ᠎ᠠ ᠶᠢ ᠲᠤᠰᠴᠤ᠂ ᠠᠯᠠᠱᠠ ᠵᠡᠭᠦᠨ ᠬᠤᠰᠢᠭᠤᠨ ᠤ ᠵᠧᠨ ᠶᠢᠨ ᠰᠦᠯᠵᠢᠶᠡᠨ ᠤ | ᠪᠣᠷᠤᠯᠠᠭᠤᠯᠭ᠎ᠠ ᠶᠢᠨ ᠲᠠᠪᠴᠠᠩ ᠳᠡᠭᠡᠷ᠎ᠡ ᠨᠢᠭᠡᠨ ᠬᠤᠳᠠᠯᠳᠤᠭᠠᠴᠢᠨ ᠬᠠᠭᠤᠷᠮᠠᠭ ᠮᠠᠯ ᠤᠨ ᠡᠮ ᠪᠣᠷᠣᠯᠠᠭᠤᠯᠤᠭᠰᠠᠨ | ᠦᠶᠯᠡ ᠠᠵᠢᠯᠯᠠᠭ᠎ᠠ ᠣᠷᠣᠰᠢᠵᠤ ᠪᠠᠶᠢᠨ᠎ᠠ ᠭᠡᠵᠡᠢ᠃ ᠲᠠᠪᠴᠠᠩ ᠤᠨ ᠪᠣᠷᠤᠯᠠᠭᠤᠯᠭ᠎ᠠ ᠶᠢᠨ ᠬᠤᠳᠠᠯᠳᠤᠭᠠᠴᠢᠨ ᠪᠠ | ᠲᠤᠬᠠᠢ ᠶᠢᠨ ᠲᠠᠯᠠᠪᠤᠷ ᠤᠨ ᠪᠠᠶᠢᠴᠠᠭᠠᠯᠲᠠ ︵ᠬᠠᠶᠢᠨ ᠰᠢᠯᠭᠠᠯᠲᠠ︶ ᠶᠢᠨ ᠭᠡᠷᠡᠴᠢ ᠪᠠᠷᠢᠮᠲᠠ ᠶᠢ ᠴᠤᠭᠯᠠᠭᠤᠯᠤᠭᠰᠠᠨ ᠤ | ᠲᠠᠷᠠᠭ᠎ᠠ᠂ ᠲᠤᠰ ᠲᠢᠭ᠋ ᠲᠤᠭ ᠪᠣᠷᠤᠯᠠᠭᠤᠯᠭ᠎ᠠ ᠶᠢᠨ ᠲᠠᠪᠴᠠᠩ ᠤᠨ ᠨᠢᠭᠡᠨ ᠬᠤᠳᠠᠯᠳᠤᠭᠠᠴᠢᠨ ᠳᠤ ᠬᠠᠭᠤᠷᠮᠠᠭ ᠡᠮ | ᠪᠣᠷᠣᠯᠠᠭᠤᠯᠤᠭᠰᠠᠨ ᠦᠢᠯᠡ ᠠᠵᠢᠯᠯᠠᠭ᠎ᠠ ᠪᠠᠶᠢᠬᠤ ᠦᠭᠡᠢ ᠪᠣᠯᠪᠠᠴᠤ ︽ᠮᠠᠯ ᠤᠨ ᠡᠮ ᠡᠵᠡᠩᠨᠡᠬᠦ ᠵᠥᠪᠰᠢᠶᠡᠷᠡᠯ ᠤᠨ | ᠦᠨᠡᠮᠯᠡᠯ︾ ᠣᠯᠣᠭᠰᠠᠨ ᠦᠭᠡᠢ ᠪᠠᠶᠢᠳᠠᠯ ᠳᠣᠣᠷ᠎ᠠ ᠮᠠᠯ ᠤᠨ ᠡᠮ ᠪᠣᠷᠣᠯᠠᠭᠤᠯᠤᠭᠰᠠᠨ ᠦᠢᠯᠡ ᠠᠵᠢᠯᠯᠠᠭ᠎ᠠ | ᠣᠷᠣᠰᠢᠵᠤ ᠪᠠᠶᠢᠬᠤ ᠶᠢ ᠣᠯᠵᠤ ᠮᠡᠳᠡᠪᠡ᠃ ᠵᠢᠭᠠᠪᠤᠷᠢ ᠠᠪᠤᠭᠰᠠᠨ ᠤ ᠳᠠᠷᠠᠭ᠎ᠠ ᠲᠤᠰ ᠬᠡᠷᠡᠭ ᠢ ᠬᠡᠷᠡᠭ ᠪᠣᠯᠭᠠᠨ | ᠪᠦᠷᠢᠳᠬᠡᠭᠦᠯᠵᠦ ᠪᠠᠶᠢᠴᠠᠭᠠᠪᠠ᠃ | | | 【ᠰᠢᠢᠳᠬᠡᠬᠦ ᠦᠨᠳᠦᠰᠦ ᠪᠠᠷᠢᠮᠲᠠ】 | | | ᠲᠤᠰ ᠠᠵᠢᠯᠯᠠᠭ᠎ᠠ ᠨᠢ ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ ᠤᠨ ᠬᠤᠷᠢᠨ ᠬᠤᠶᠠᠳᠤᠭᠠᠷ | ᠵᠦᠢᠯ ᠤᠨ ᠨᠢᠭᠡᠳᠦᠭᠡᠷ ᠪᠠᠳᠠᠭ ᠢ ᠵᠥᠷᠢᠴᠡᠪᠡ᠄ ︽ᠮᠠᠯ ᠤᠨ ᠡᠮ ᠡᠵᠡᠩᠨᠡᠵᠦ ᠪᠠᠶᠢᠭ᠎ᠠ ᠠᠵᠤ ᠠᠬᠤᠶᠢᠯᠠᠯ ᠳᠠᠷᠠᠭᠠᠬᠢ | ᠨᠥᠬᠦᠴᠡᠯ ᠪᠠᠶᠢᠳᠠᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ︵ᠨᠢᠭᠡ︶ ᠡᠵᠡᠩᠨᠡᠵᠦ ᠪᠠᠶᠢᠭ᠎ᠠ ᠮᠠᠯ ᠤᠨ | ᠡᠮ ᠲᠠᠢ ᠪᠠᠨ ᠵᠣᠬᠢᠴᠠᠯᠳᠤᠭᠰᠠᠨ ᠮᠠᠯ ᠤᠨ ᠡᠮ ᠤᠨ ᠮᠡᠷᠭᠡᠵᠢᠯᠲᠡᠨ᠃ ︵ᠬᠤᠶᠠᠷ︶ ᠡᠵᠡᠩᠨᠡᠵᠦ ᠪᠠᠶᠢᠭ᠎ᠠ ᠮᠠᠯ ᠤᠨ | ᠡᠮ ᠲᠠᠢ ᠪᠠᠨ ᠵᠣᠬᠢᠴᠠᠯᠳᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ᠂ ᠲᠤᠨᠤᠭ ᠲᠥᠬᠦᠭᠡᠷᠦᠮᠵᠢ᠂ ᠰᠠᠩ | ᠬᠥᠮᠥᠷᠭᠡ ᠶᠢᠨ ᠲᠥᠬᠦᠭᠡᠷᠦᠮᠵᠢ᠃ ︵ᠭᠤᠷᠪᠠ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ | ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠠᠵᠢᠯᠲᠠᠨ᠃ ︵ᠳᠥᠷᠪᠡ︶ ᠮᠠᠯ ᠤᠨ ᠡᠮ ᠤᠨ | ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ ᠲᠣᠭᠲᠠᠭᠠᠭᠰᠠᠨ ᠪᠤᠰᠤᠳ ᠡᠵᠡᠩᠨᠡᠯᠲᠡ ᠶᠢᠨ | ᠨᠥᠬᠦᠴᠡᠯ︾ ᠭᠡᠬᠦ ᠲᠣᠭᠲᠠᠭᠠᠯ ᠤᠳ᠃ | | | ᠦᠨᠳᠦᠰᠦᠯᠡᠯ ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ ᠤᠨ ᠲᠠᠪᠢᠨ ᠵᠢᠷᠭᠤᠳᠤᠭᠠᠷ ᠵᠦᠢᠯ ᠤᠨ | ᠨᠢᠭᠡᠳᠦᠭᠡᠷ ᠪᠠᠳᠠᠭ᠄ ︽ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠮᠠᠯ ᠤᠨ ᠡᠮ ᠦᠢᠯᠡᠳᠪᠦᠷᠢᠯᠡᠬᠦ | ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠮᠠᠯ ᠤᠨ ᠡᠮ | ᠦᠢᠯᠡᠳᠪᠦᠷᠢᠯᠡᠵᠦ᠂ ᠡᠵᠡᠩᠨᠡᠭᠰᠡᠨ ᠪᠠᠶᠢᠪᠠᠯ᠂ ᠡᠰᠡᠬᠦᠯ᠎ᠡ ᠬᠡᠳᠦᠶᠢᠪᠡᠷ ᠮᠠᠯ ᠤᠨ ᠡᠮ ᠦᠢᠯᠡᠳᠪᠦᠷᠢᠯᠡᠬᠦ | ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ ᠪᠣᠯᠪᠠᠴᠤ ᠬᠠᠭᠤᠷᠮᠠᠭ᠂ | ᠮᠠᠭᠤ ᠮᠠᠯ ᠤᠨ ᠡᠮ ᠦᠢᠯᠡᠳᠪᠦᠷᠢᠯᠡᠵᠦ ᠡᠵᠡᠩᠨᠡᠭᠰᠡᠨ ᠪᠠᠶᠢᠪᠠᠯ᠂ ᠡᠰᠡᠬᠦᠯ᠎ᠡ ᠮᠠᠯ ᠤᠨ ᠡᠮ ᠡᠵᠡᠩᠨᠡᠬᠦ ᠠᠵᠤ ᠠᠬᠤᠶᠢᠯᠠᠯ | ᠨᠢ ᠬᠥᠮᠥᠨ ᠤ ᠬᠡᠷᠡᠭᠯᠡᠬᠦ ᠡᠮ ᠤᠨ ᠵᠦᠢᠯ ᠢ ᠡᠵᠡᠩᠨᠡᠵᠦ ᠪᠠᠶᠢᠪᠠᠯ᠂ ᠲᠡᠭᠦᠨ ᠢ ᠵᠠᠷᠯᠢᠭᠳᠠᠵᠤ ᠪᠠᠶᠢᠭᠠᠳ | ᠦᠢᠯᠡᠳᠪᠦᠷᠢᠯᠡᠬᠦ᠂ ᠡᠵᠡᠩᠨᠡᠬᠦ ᠶᠢ ᠨᠢ ᠵᠣᠭᠰᠣᠭᠠᠵᠤ᠂ ᠬᠠᠤᠯᠢ ᠶᠢ ᠵᠥᠷᠢᠴᠡᠨ ᠦᠢᠯᠡᠳᠪᠦᠷᠢᠯᠡᠬᠦ ᠳᠤ ᠬᠡᠷᠡᠭᠯᠡᠭᠰᠡᠨ | ᠲᠦᠭᠦᠬᠡᠢ ᠮᠠᠲ᠋ᠧᠷᠢᠶᠠᠯ᠂ ᠲᠤᠰᠠᠯᠠᠬᠤ ᠮᠠᠲ᠋ᠧᠷᠢᠶᠠᠯ᠂ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ ᠵᠢᠴᠢ ᠦᠢᠯᠡᠳᠪᠦᠷᠢᠯᠡᠵᠦ᠂ | ᠡᠵᠡᠩᠨᠡᠵᠦ ᠪᠠᠶᠢᠭ᠎ᠠ ᠮᠠᠯ ᠤᠨ ᠡᠮ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ | ᠠᠪᠬᠤ ᠶᠢᠨ ᠬᠠᠮᠲᠤ ᠬᠠᠤᠯᠢ ᠶᠢ ᠵᠥᠷᠢᠴᠡᠨ ᠦᠢᠯᠡᠳᠪᠦᠷᠢᠯᠡᠵᠦ᠂ ᠡᠵᠡᠩᠨᠡᠵᠦ ᠪᠠᠶᠢᠭ᠎ᠠ ᠮᠠᠯ ᠤᠨ ᠡᠮ ︵ᠨᠢᠭᠡᠨᠲᠡ | ᠬᠤᠳᠠᠯᠳᠤᠭᠰᠠᠨ ᠪᠠ ᠬᠤᠳᠠᠯᠳᠤᠭᠠᠳᠤᠢ ᠮᠠᠯ ᠤᠨ ᠡᠮ ᠪᠠᠭᠲᠠᠨ᠎ᠠ᠂ ᠳᠣᠷᠣᠭᠰᠢ ᠠᠳᠠᠯᠢ︶ ᠤᠨ ᠪᠠᠷᠠᠭᠠᠨ ᠤ | ᠦᠷᠳᠡᠭ ᠤᠨ ᠵᠣᠭᠤᠰ ᠤᠨ ᠲᠤᠭ᠎ᠠ ᠶᠢᠨ 2 ᠳᠠᠬᠢᠨ ᠠᠴᠠ ᠳᠡᠭᠡᠭᠰᠢ 5 ᠳᠠᠬᠢᠨ ᠠᠴᠠ ᠳᠣᠭᠤᠭᠰᠢ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠪᠠᠶᠢᠴᠠᠭᠠᠨ | ᠲᠣᠳᠣᠯᠠᠵᠤ ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠠᠶᠢᠪᠠᠯ᠂ 10 ᠲᠦᠮᠡᠨ ᠲᠥᠭᠦᠷᠢᠭ ᠠᠴᠠ ᠳᠡᠭᠡᠭᠰᠢ 20 | ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃ ᠮᠠᠯ ᠤᠨ ᠡᠮ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠮᠠᠯ ᠤᠨ ᠡᠮ ᠦᠢᠯᠡᠳᠪᠦᠷᠢᠯᠡᠭᠰᠡᠨ ᠪᠥᠭᠡᠳ ᠦᠢᠯᠡ | ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠡᠭᠦᠨ ᠤ ᠦᠢᠯᠡᠳᠪᠦᠷᠢᠯᠡᠬᠦ ᠠᠵᠢᠯ ᠤᠨ ᠲᠤᠨᠤᠭ ᠲᠥᠬᠦᠭᠡᠷᠦᠮᠵᠢ ᠶᠢ ᠨᠢ | ᠬᠤᠷᠢᠶᠠᠨ ᠠᠪᠤᠨ᠎ᠠ᠃ ᠬᠠᠭᠤᠷᠮᠠᠭ᠂ ᠮᠠᠭᠤ ᠮᠠᠯ ᠤᠨ ᠡᠮ ᠢ ᠦᠢᠯᠡᠳᠪᠦᠷᠢᠯᠡᠵᠦ᠂ ᠡᠵᠡᠩᠨᠡᠭᠡᠳ ᠦᠢᠯᠡ ᠪᠠᠶᠢᠳᠠᠯ ᠨᠢ | ᠬᠦᠨᠳᠦ ᠨᠣᠴᠢᠲᠠᠢ ᠪᠠᠶᠢᠪᠠᠯ᠂ ᠮᠠᠯ ᠤᠨ ᠡᠮ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠶᠠᠯ᠎ᠠ ᠪᠣᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠤᠰᠤᠳ ᠬᠥᠮᠥᠨ ᠳᠤ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠦᠢᠯᠡᠳᠪᠦᠷᠢᠯᠡᠬᠦ᠂ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠵᠤ | ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠨᠢ ᠨᠠᠰᠤᠨ ᠲᠤᠷᠰᠢᠲᠠ ᠪᠠᠨ ᠮᠠᠯ ᠤᠨ ᠡᠮ ᠤᠨ ᠦᠢᠯᠡᠳᠪᠦᠷᠢᠯᠡᠬᠦ ᠠᠵᠢᠯ᠂ | ᠡᠵᠡᠩᠨᠡᠯᠲᠡ ᠶᠢᠨ ᠠᠵᠢᠯᠯᠠᠭ᠎ᠠ ᠬᠢᠵᠦ ᠪᠣᠯᠬᠤ ᠦᠭᠡᠢ︾ ᠭᠡᠵᠦ ᠲᠣᠭᠲᠠᠭᠠᠵᠠᠢ᠃ | | | ﹇ᠰᠢᠢᠳᠪᠦᠷᠢᠯᠡᠭᠰᠡᠨ ᠦᠷ᠎ᠡ ᠳ᠋ᠦᠩ﹈ | | | ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ ᠤᠨ ᠲᠠᠪᠢᠨ ᠵᠢᠷᠭᠤᠳᠤᠭᠠᠷ ᠵᠦᠢᠯ ᠤᠨ ᠨᠢᠭᠡᠳᠦᠭᠡᠷ | ᠵᠤᠷᠪᠤᠰ ᠤᠨ ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠪᠠᠷᠢᠮᠵᠢᠶ᠎ᠠ︾ ᠶᠢ ᠦᠨᠳᠦᠰᠦᠯᠡᠨ᠂ ︽ᠮᠠᠯ ᠤᠨ | ᠡᠮ ᠤᠨ ᠬᠠᠮᠢᠶᠠᠷᠤᠯᠲᠠ ᠶᠢᠨ ᠳᠦᠷᠢᠮ︾ ᠤᠨ ᠲᠠᠪᠢᠨ ᠵᠢᠷᠭᠤᠳᠤᠭᠠᠷ ᠵᠦᠢᠯ ᠤᠨ ᠰᠢᠢᠳᠬᠡᠯ ᠳᠤ ᠬᠡᠷᠡᠭᠯᠡᠬᠦ | ᠪᠠᠶᠢᠳᠠᠯ ᠳᠤ ᠴᠢᠭᠯᠡᠭᠦᠯᠦᠨ᠂ ︽ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠮᠠᠯ ᠤᠨ ᠡᠮ | ᠡᠵᠡᠩᠨᠡᠭᠰᠡᠨ ᠪᠠᠶᠢᠪᠠᠯ᠂ ᠡᠵᠡᠩᠨᠡᠯᠲᠡ ᠶᠢ ᠨᠢ ᠵᠠᠷᠯᠢᠭᠳᠠᠨ ᠵᠣᠭᠰᠣᠭᠠᠵᠤ᠂ ᠡᠵᠡᠩᠨᠡᠯᠲᠡ ᠳᠤ ᠬᠡᠷᠡᠭᠯᠡᠭᠰᠡᠨ ᠮᠠᠯ ᠤᠨ ᠡᠮ | ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠶᠢ | ᠵᠥᠷᠢᠴᠡᠵᠦ ᠡᠵᠡᠩᠨᠡᠭᠰᠡᠨ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢᠨ 5 ᠳᠠᠬᠢᠨ ᠢᠶᠠᠷ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠂ ᠪᠠᠷᠠᠭᠠᠨ ᠤ ᠦᠷᠳᠡᠭ ᠤᠨ ᠵᠣᠭᠤᠰ ᠤᠨ ᠲᠤᠭ᠎ᠠ ᠶᠢ ᠨᠢ ᠪᠠᠶᠢᠴᠠᠭᠠᠨ | ᠲᠣᠳᠣᠯᠠᠵᠤ ᠬᠢᠨᠠᠨ ᠬᠠᠷᠭᠤᠭᠤᠯᠬᠤ ᠶᠢᠨ ᠠᠷᠭ᠎ᠠ ᠦᠭᠡᠢ ᠪᠠᠶᠢᠪᠠᠯ᠂ 15 ᠲᠦᠮᠡᠨ ᠲᠥᠭᠦᠷᠢᠭ ᠠᠴᠠ ᠳᠡᠭᠡᠭᠰᠢ 20 | ᠲᠦᠮᠡ ᠠᠴᠠ ᠳᠣᠭᠤᠭᠰᠢ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ᠃︾ ᠲᠣᠭᠲᠠᠭᠠᠯ ᠳᠤ᠂ ᠬᠠᠤᠯᠢ | ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ︾ | ᠪᠠᠭᠤᠯᠭᠠᠵᠤ᠂ ᠲᠤᠬᠠᠢ ᠶᠢᠨ ᠬᠥᠮᠥᠨ ᠢ ᠵᠠᠷᠯᠢᠭᠳᠠᠵᠤ ᠪᠠᠶᠢᠭᠠᠳ ᠮᠠᠯ ᠤᠨ ᠡᠮ ᠪᠣᠷᠣᠯᠠᠭᠤᠯᠬᠤ ᠠᠵᠢᠯᠯᠠᠭ᠎ᠠ ᠶᠢ ᠨᠢ | ᠳᠠᠷᠤᠢ ᠲᠦᠷᠭᠡᠨ ᠵᠣᠭᠰᠣᠭᠠᠵᠤ᠂ ᠲᠢᠭ᠋ ᠲᠤᠭ ᠪᠣᠷᠤᠯᠠᠭᠤᠯᠭ᠎ᠠ ᠶᠢᠨ ᠲᠠᠪᠴᠠᠩ ᠤᠨ ᠪᠣᠷᠣᠯᠠᠭᠤᠯᠤᠭᠰᠠᠨ ᠮᠠᠯ ᠤᠨ | ᠡᠮ ᠢ ᠪᠦᠬᠦᠨ ᠢ ᠲᠠᠯᠪᠢᠭᠤᠷ ᠠᠴᠠ ᠪᠠᠭᠤᠯᠭᠠᠵᠤ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠬᠤᠯᠪᠣᠭᠳᠠᠯ ᠪᠦᠬᠦᠢ | ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ ᠰᠠᠶ᠋ᠢ ᠮᠠᠯ ᠤᠨ ᠡᠮ ᠡᠵᠡᠩᠨᠡᠵᠦ ᠪᠣᠯᠬᠤ | ᠪᠥᠭᠡᠳ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠠ ᠪᠠᠷᠠᠭᠠᠨ ᠤ ᠦᠷᠲᠡᠭ ᠤᠨ | ᠵᠣᠭᠤᠰ ᠤᠨ ᠲᠤᠭ᠎ᠠ ᠶᠢᠨ ᠬᠢᠨᠢ 5 ᠳᠠᠬᠢᠨ ᠢᠶᠠᠷ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢ | ᠬᠤᠷᠢᠶᠠᠨ ᠠᠪᠤᠨ᠎ᠠ᠃ | | | 【ᠨᠡᠶᠢᠲᠡᠯᠢᠭ ᠠᠴᠢ ᠬᠤᠯᠪᠣᠭᠳᠠᠯ】 | | | ᠨᠢᠭᠡ᠂ ᠲᠠᠷᠢᠶᠠᠯᠠᠩ ᠤᠨ ᠵᠠᠰᠠᠭ ᠵᠠᠬᠢᠷᠭᠠᠨ ᠤ ᠰᠢᠢᠳᠬᠡᠯ ᠤᠨ ᠡᠷᠬᠡ ᠶᠢ ᠬᠡᠷᠬᠢᠨ ᠬᠠᠷᠢᠶᠠᠯᠠᠪᠠᠯ ᠵᠣᠬᠢᠬᠤ ᠪᠤᠢ︖ | | | | ︽ᠲᠠᠷᠢᠶᠠᠯᠠᠩ ᠤᠨ ᠵᠠᠰᠠᠭ ᠵᠠᠬᠢᠷᠭᠠᠨ ᠤ ᠰᠢᠢᠳᠬᠡᠯ ᠤᠨ ᠵᠢᠷᠤᠮ ᠤᠨ ᠲᠤᠬᠠᠢ ᠲᠣᠭᠲᠠᠭᠠᠯ︾ ᠤᠨ | ᠬᠤᠶᠠᠳᠤᠭᠠᠷ ᠪᠦᠯᠦᠭ ᠤᠨ ᠠᠷᠪᠠᠨ ᠬᠤᠶᠠᠳᠤᠭᠠᠷ ᠵᠦᠢᠯ ᠳᠤ᠄ ᠲᠠᠷᠢᠶᠠᠯᠠᠩ ᠤᠨ ᠵᠠᠰᠠᠭ ᠵᠠᠬᠢᠷᠭᠠᠨ ᠤ ᠰᠢᠢᠳᠬᠡᠯ ᠢ | ᠬᠠᠤᠯᠢ ᠶᠢ ᠵᠥᠷᠢᠴᠡᠭᠰᠡᠨ ᠠᠵᠢᠯᠯᠠᠭ᠎ᠠ ᠡᠭᠦᠰᠦᠭᠰᠡᠨ ᠭᠠᠵᠠᠷ ᠤᠨ ᠲᠠᠷᠢᠶᠠᠯᠠᠩ ᠤᠨ ᠵᠠᠰᠠᠭ ᠵᠠᠬᠢᠷᠭᠠᠨ ᠤ ᠰᠢᠢᠳᠬᠡᠯ ᠤᠨ | ᠪᠠᠶᠢᠭᠤᠯᠭ᠎ᠠ ᠠᠴᠠ ᠬᠠᠷᠢᠶᠠᠯᠠᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠳᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ | ᠲᠤᠭᠲᠠᠭᠠᠯ ᠢ ᠵᠢᠷᠤᠮᠯᠠᠨ᠎ᠠ᠃ | | | ᠬᠤᠶᠠᠷ᠂ ᠮᠠᠯ ᠤᠨ ᠡᠮ ᠡᠵᠡᠩᠨᠡᠬᠦ ᠳᠤ ᠶᠠᠮᠠᠷ ᠶᠠᠮᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠤᠳᠠᠯᠳᠤᠨ | ᠠᠪᠬᠤ ᠴᠢᠬᠤᠯᠠᠲᠠᠢ ᠪᠤᠢ︖ | | | ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ ᠤᠨ ᠬᠤᠷᠢᠨ ᠬᠤᠶᠠᠳᠤᠭᠠᠷ ᠵᠦᠢᠯ ᠤᠨ ᠨᠢᠭᠡᠳᠦᠭᠡᠷ | ᠪᠠᠳᠠᠭ᠄ ᠮᠠᠯ ᠤᠨ ᠡᠮ ᠡᠵᠡᠩᠨᠡᠬᠦ ᠠᠵᠤ ᠠᠬᠤᠶᠢᠯᠠᠯ ᠳᠠᠷᠠᠭᠠᠬᠢ ᠨᠥᠬᠦᠴᠡᠯ ᠪᠠᠶᠢᠳᠠᠯ ᠤᠳ ᠢ ᠪᠦᠷᠢᠯᠳᠦᠭᠦᠯᠦᠭᠰᠡᠨ | ᠪᠠᠶᠢᠬᠤ ᠬᠡᠷᠡᠭᠲᠡᠢ᠄ | | | ︵ᠨᠢᠭᠡ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ ᠮᠠᠯ ᠤᠨ ᠡᠮ ᠤᠨ ᠮᠡᠷᠭᠡᠵᠢᠯ ᠤᠨ | ᠠᠵᠢᠯᠲᠠᠨ᠃ | | | ︵ᠬᠤᠶᠠᠷ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ ᠡᠵᠡᠩᠨᠡᠯᠲᠡ ᠶᠢᠨ ᠲᠠᠯᠠᠪᠤᠷ | ᠭᠠᠵᠠᠷ᠂ ᠲᠤᠨᠤᠭ ᠲᠥᠬᠦᠭᠡᠷᠦᠮᠵᠢ᠂ ᠰᠠᠩ ᠬᠥᠮᠥᠷᠭᠡ ᠶᠢᠨ ᠲᠥᠬᠦᠭᠡᠷᠦᠮᠵᠢ᠃ | | | ︵ᠭᠤᠷᠪᠠ︶ ᠡᠵᠡᠩᠨᠡᠵᠦ ᠪᠠᠶᠢᠭ᠎ᠠ ᠮᠠᠯ ᠤᠨ ᠡᠮ ᠲᠠᠢ ᠪᠠᠨ ᠵᠣᠬᠢᠴᠠᠯᠳᠤᠭᠰᠠᠨ ᠶᠠᠰᠤ ᠴᠢᠨᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠠᠵᠢᠯᠲᠠᠨ᠃ | | | ︵ᠳᠥᠷᠪᠡ︶ ᠮᠠᠯ ᠤᠨ ᠡᠮ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠳᠤ | ᠲᠣᠭᠲᠠᠭᠠᠭᠰᠠᠨ ᠪᠤᠰᠤᠳ ᠡᠵᠡᠩᠨᠡᠯᠲᠡ ᠶᠢᠨ ᠨᠥᠬᠦᠴᠡᠯ᠃ | | | ᠭᠤᠷᠪᠠ᠂ ᠦᠨᠡᠮᠯᠡᠯ ᠦᠭᠡᠢ ᠪᠠᠷ ᠮᠠᠯ ᠤᠨ ᠡᠮ ᠡᠵᠡᠩᠨᠡᠵᠦ ᠪᠠᠶᠢᠬᠤ ᠶᠢ ᠣᠯᠵᠤ ᠮᠡᠳᠡᠪᠡᠯ ᠬᠡᠷᠬᠢᠨ ᠢᠯᠡᠴᠢᠯᠡᠨ | ᠮᠡᠳᠡᠭᠦᠯᠬᠦ ᠪᠤᠢ︖ | | | ᠬᠡᠷᠪᠡ ᠵᠥᠪᠰᠢᠶᠡᠷᠡᠯ ᠤᠨ ᠦᠨᠡᠮᠯᠡᠯ ᠦᠭᠡᠢ ᠪᠠᠷ ᠡᠵᠡᠩᠨᠡᠵᠦ ᠪᠠᠶᠢᠭ᠎ᠠ ᠬᠤᠳᠠᠯᠳᠤᠭᠠᠴᠢᠨ ᠢ ᠣᠯᠵᠤ ᠮᠡᠳᠡᠪᠡᠯ᠂ | ᠲᠤᠬᠠᠢ ᠶᠢᠨ ᠭᠠᠵᠠᠷ ᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵12315︶ ᠲᠤ | ᠵᠠᠭᠠᠯᠳᠤᠵᠤ ᠪᠣᠯᠣᠨ᠎ᠠ᠂ ᠪᠠᠰᠠ 12345 ᠤᠲᠠᠰᠤ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠵᠠᠭᠠᠯᠳᠤᠵᠤ ᠪᠣᠯᠣᠨ᠎ᠠ᠂ ᠡᠰᠡᠬᠦᠯ᠎ᠡ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ︵2242345︶ ᠲᠤ ᠵᠠᠭᠠᠯᠳᠤᠵᠤ ᠪᠣᠯᠣᠨ᠎ᠠ᠃ | | | ﹇ᠲᠡᠭᠦᠰᠬᠡᠯ﹈ | | | ︽ᠮᠠᠯ ᠤᠨ ᠡᠮ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠪᠣᠯ ᠤᠯᠤᠰ ᠠᠴᠠ ᠮᠠᠯ ᠤᠨ | ᠡᠮ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠴᠤᠷ ᠤᠨ ᠭᠠᠭᠴᠠ ᠵᠥᠪᠰᠢᠶᠡᠷᠡᠯ ᠮᠥᠨ᠂ ᠮᠠᠯ ᠤᠨ | ᠡᠮ ᠤᠨ ᠵᠠᠬ᠎ᠠ ᠳᠡᠯᠭᠡᠭᠦᠷ ᠤᠨ ᠬᠠᠤᠯᠢ ᠶᠣᠰᠣᠨ ᠤ ᠡᠮᠬᠢ ᠵᠢᠷᠤᠮ ᠲᠠᠢ ᠡᠵᠡᠩᠨᠡᠯᠲᠡ ᠶᠢ ᠬᠠᠮᠠᠭᠠᠯᠠᠬᠤ ᠳᠤ ᠴᠢᠬᠤᠯᠠ | ᠦᠢᠯᠡᠳᠦᠯ ᠲᠠᠢ ᠶᠤᠮ᠃ ᠨᠠᠶᠢᠷᠠᠭᠤᠯᠤᠭᠴᠢ ᠠᠴᠠ ᠡ᠊ᠨᠳᠡ ᠡᠯ᠎ᠡ ᠰᠦᠯᠵᠢᠶᠡᠨ ᠤ ᠬᠤᠳᠠᠯᠳᠤᠭᠠᠴᠢᠨ ᠪᠤᠶᠤ | ᠬᠤᠯᠪᠣᠭᠳᠠᠯ ᠪᠦᠬᠦᠢ ᠮᠠᠯ ᠤᠨ ᠡᠮ ᠤᠨ ᠬᠢᠷᠢ ᠬᠡᠮ ᠢ ᠣᠯᠣᠭᠠᠳᠤᠢ ᠡᠵᠡᠩᠨᠡᠭᠴᠢ ᠳᠤ ᠮᠠᠯ ᠤᠨ ᠡᠮ | ᠪᠣᠷᠣᠯᠠᠭᠤᠯᠬᠤ ᠳᠤ ︽ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠣᠯᠣᠭᠰᠠᠨ ᠤ ᠳᠠᠷᠠᠭ᠎ᠠ ᠰᠠᠶ᠋ᠢ | ᠮᠠᠯ ᠤᠨ ᠡᠮ ᠡᠵᠡᠩᠨᠡᠵᠦ ᠪᠣᠯᠣᠨ᠎ᠠ᠂ ︽ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠠᠪᠤᠭᠰᠠᠨ | ᠦᠭᠡᠢ ᠪᠠᠷ ᠮᠠᠯ ᠤᠨ ᠡᠮ ᠡᠵᠡᠩᠨᠡᠵᠦ ᠪᠣᠯᠬᠤ ᠶᠢ ᠰᠡᠷᠡᠮᠵᠢᠯᠡᠭᠦᠯᠵᠦ᠂ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ | ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ ᠬᠦᠴᠦᠨ ᠦᠭᠡᠢ ᠪᠣᠯᠭᠠᠨ᠎ᠠ᠃ | | | | | ᠲᠠᠶᠢᠯᠤᠮᠵᠢ ᠬᠢᠭᠴᠢ᠄ ᠸᠠᠩ ᠬᠤᠶ ᠦ᠋ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠮᠠᠯ ᠠᠵᠤ ᠠᠬᠤᠢ ᠶᠢᠨ | ᠲᠠᠰᠤᠭ ᠤᠨ ᠡᠷᠬᠢᠯᠡᠭᠴᠢ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠮᠵᠢᠭᠤᠯᠤᠨ | ᠨᠡᠶᠢᠲᠡᠯᠡᠭᠰᠡᠨ ︽ᠮᠠᠯ ᠤᠨ ᠡᠮ ᠤᠨ ᠬᠠᠮᠢᠶᠠᠷᠤᠯᠲᠠ ᠶᠢᠨ ᠳᠦᠷᠢᠮ︾ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ |