| | | ᠨᠢᠭᠡ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ ᠵᠢᠴᠢ ᠲᠡᠭᠦᠨ ᠤ ᠭᠤᠣᠯ | ᠠᠭᠤᠯᠭ᠎ᠠ ᠨᠢ ᠶᠠᠭᠤ ᠪᠣᠶ︖ | | ᠣᠶᠢᠷ᠎ᠠ ᠶᠢᠨ ᠵᠢᠯ ᠠᠴᠠ ᠨᠠᠰᠢ᠂ ᠮᠠᠨ ᠤ ᠤᠯᠤᠰ ᠤᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠪᠠᠷ ᠲᠥᠯᠥᠭᠡᠯᠡᠭᠦᠯᠦᠭᠰᠡᠨ ᠰᠢᠨ᠎ᠡ ᠡᠨᠧᠷᠭᠢ ᠶᠢᠨ ᠬᠥᠭᠵᠢᠯᠲᠡ ᠢᠯᠡᠳᠲᠡ ᠦᠷ᠎ᠡ ᠪᠦᠲᠦᠮᠵᠢ | ᠣᠯᠵᠤ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠥᠬᠦ ᠳᠡᠯᠡᠬᠡᠢ ᠶᠢᠨ ᠲᠡᠷᠢᠭᠦᠨ ᠳᠤ ᠣᠷᠣᠵᠤ᠂ ᠴᠠᠬᠢᠯᠭᠠᠨ | ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ ᠲᠣᠭᠲᠠᠭᠤᠨ ᠢᠶᠠᠷ ᠳᠡᠭᠡᠭᠰᠢᠯᠡᠨ᠂ ᠥᠪᠡᠷ ᠤᠨ ᠥᠷᠲᠡᠭ ᠲᠦᠷᠭᠡᠨ ᠢᠶᠠᠷ | ᠪᠠᠭᠤᠷᠠᠵᠤ᠂ ᠨᠢᠭᠡᠨᠲᠡ ᠡᠩ ᠤᠨ ᠦᠨ᠎ᠡ ᠶᠢᠨ ᠨᠥᠬᠦᠪᠦᠷᠢ ᠦᠭᠡᠢ ᠬᠥᠭᠵᠢᠯᠲᠡ ᠶᠢᠨ ᠰᠢᠨ᠎ᠡ ᠱᠠᠲᠤᠨ ᠳᠤ | ᠦᠨᠳᠦᠰᠦᠨ ᠳᠡᠭᠡᠨ ᠣᠷᠣᠭᠰᠠᠨ ᠪᠠᠶᠢᠨ᠎ᠠ᠃ ᠡᠭᠦᠨ ᠤ ᠵᠡᠷᠭᠡ ᠳᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ | ᠠᠰᠢᠭᠯᠠᠬᠤ ᠳᠤ ᠮᠥᠨ ᠬᠦ ᠴᠠᠬᠢᠯᠭᠠᠨ ᠬᠦᠴᠦᠨ ᠤ ᠰᠢᠰᠲ᠋ᠧᠮ ᠤᠨ ᠶᠡᠭᠡ ᠬᠡᠪᠴᠢᠶᠡᠨ ᠤ ᠥᠨᠳᠥᠷ ᠬᠠᠷᠢᠴᠠᠯᠳᠤ | ᠰᠢᠨ᠎ᠡ ᠡᠨᠧᠷᠭᠢ ᠶᠢᠨ ᠰᠤᠷᠪᠤᠯᠵᠢ ᠶᠢ ᠲᠣᠣᠷ ᠲᠤ ᠵᠠᠯᠭᠠᠬᠤ ᠪᠠ ᠰᠢᠩᠭᠡᠬᠡᠨ ᠠᠪᠬᠤ ᠳᠤ ᠵᠣᠬᠢᠴᠠᠬᠤ ᠴᠢᠨᠠᠷ ᠢᠶᠠᠷ | ᠳᠤᠲᠠᠮᠠᠭ ᠪᠠᠶᠢᠬᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠬᠢᠵᠠᠭᠠᠷᠯᠠᠯ ᠢᠯᠡᠷᠬᠡᠢ ᠪᠠᠶᠢᠬᠤ ᠵᠡᠷᠭᠡ ᠬᠢᠵᠠᠭᠠᠷᠯᠠᠬᠤ | ᠡᠯᠧᠮᠧᠨ᠋ᠲ ᠣᠷᠣᠰᠢᠵᠤ ᠪᠠᠶᠢᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠰᠢᠨ᠎ᠡ | ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠤᠱᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠤᠷᠢᠳᠠᠪᠠᠷ ᠪᠠᠶᠢᠭᠤᠯᠵᠤ | ᠳᠠᠷᠠᠭ᠎ᠠ ᠳᠤᠨᠢ ᠡᠪᠳᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂ ᠬᠤᠶᠠᠷ ᠵᠢᠯ | ᠰᠢᠬᠠᠮ ᠤᠨ ᠴᠠᠭ ᠢ ᠬᠡᠷᠡᠭᠯᠡᠵᠦ᠂ ᠰᠢᠨ᠎ᠡ ᠡᠨᠧᠷᠭᠢ ᠶᠢᠨ ᠬᠥᠭᠵᠢᠯᠲᠡ ᠶᠢᠨ ᠬᠦᠴᠢᠷ ᠠᠰᠠᠭᠤᠳᠠᠯ᠂ ᠲᠦᠭᠵᠢᠷᠡᠯ ᠲᠠᠢ | ᠠᠰᠠᠭᠤᠳᠠᠯ ᠤᠨ ᠲᠣᠭᠤᠷᠢᠨ ᠳᠤ᠂ ᠨᠡᠭᠡᠭᠡᠨ ᠠᠰᠢᠭᠯᠠᠬᠤ ᠵᠠᠭᠪᠤᠷ ᠤᠨ ᠰᠢᠨ᠎ᠡ ᠶᠢ ᠡᠭᠦᠳᠬᠦ᠂ ᠰᠢᠨ᠎ᠡ ᠬᠡᠯᠪᠡᠷᠢ ᠶᠢᠨ | ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠳᠡᠮᠵᠢᠵᠦ ᠬᠥᠲᠥᠯᠥᠨ ᠵᠢᠯᠤᠭᠤᠳᠬᠤ᠂ ᠵᠦᠢ | ᠵᠣᠬᠢᠰᠲᠠᠢ ᠣᠷᠣᠨ ᠵᠠᠢ ᠶᠢᠨ ᠬᠡᠷᠡᠭᠴᠡᠭᠡ ᠶᠢ ᠪᠠᠲᠤᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠲᠤᠯᠤᠭᠠᠨ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢ ︽ᠪᠠᠶᠢᠭᠤᠯᠬᠤ︾ ᠠᠰᠠᠭᠤᠳᠠᠯ ᠢ | ᠭᠤᠣᠯᠳᠠᠯᠭ᠎ᠠ ᠲᠠᠢ ᠪᠠᠷ ᠰᠢᠢᠳᠪᠦᠷᠢᠯᠡᠵᠦ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠵᠤ | ᠬᠠᠩᠭᠠᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠰᠢᠨ᠎ᠡ ᠡᠨᠧᠷᠭᠢ ᠶᠢᠨ ᠰᠤᠷᠪᠤᠯᠵᠢ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠵᠤ᠂ ᠮᠠᠨ ᠤ ᠤᠯᠤᠰ ᠤᠨ ᠲᠣᠭᠲᠠᠭᠰᠠᠨ ᠬᠤᠭᠤᠴᠠᠭᠠᠨ ᠳᠠᠭᠠᠨ ᠨᠡᠭᠦᠷᠡᠰᠦᠲᠥ᠋ᠷᠥᠭᠴᠢ ᠶᠢ ᠤᠷᠬᠢᠯ ᠳᠤ | ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠠᠪᠤᠳᠠᠯ ᠢ ᠪᠡᠶᠡᠯᠡᠭᠦᠯᠬᠦ ᠳᠤ ᠰᠢᠨ᠎ᠡ ᠡᠨᠧᠷᠭᠢ ᠶᠢᠨ | ᠰᠤᠷᠪᠤᠯᠵᠢ ᠶᠢᠨ ᠬᠥᠭᠵᠢᠯᠲᠡ ᠶᠢᠨ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ | | ᠬᠤᠶᠠᠷ᠂ ︽ᠬᠡᠷᠡᠭᠵᠢᠭᠦᠯᠬᠦ ᠲᠥᠰᠥᠯ︾ ᠨᠢ ᠨᠡᠭᠡᠭᠡᠨ ᠠᠰᠢᠭᠯᠠᠬᠤ ᠵᠠᠭᠪᠤᠷ ᠤᠨ ᠲᠠᠯ᠎ᠠ ᠪᠠᠷ ᠰᠢᠨ᠎ᠡ | ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠪᠣᠶ︖ ᠶᠠᠮᠠᠷ ᠰᠢᠨ᠎ᠡ ᠠᠷᠭ᠎ᠠ ᠪᠠᠶᠢᠬᠤ ᠪᠤᠢ︖ | | | ︽ᠬᠡᠷᠡᠭᠵᠢᠭᠦᠯᠬᠦ ᠲᠥᠰᠥᠯ︾ ᠳᠤ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠪᠠ ᠠᠰᠢᠭᠯᠠᠯᠲᠠ ᠶᠢ | ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠲᠠᠷᠬᠠᠯᠲᠠ ᠶᠢᠨ ᠬᠡᠯᠪᠡᠷᠢ ᠪᠠ ᠲᠥᠪᠯᠡᠷᠡᠩᠭᠦᠢ ᠬᠡᠯᠪᠡᠷᠢ ᠶᠢ ᠵᠡᠷᠭᠡ ᠪᠠᠷ | ᠡᠷᠬᠢᠮᠯᠡᠬᠦ ᠶᠢ ᠪᠠᠷᠢᠮᠲᠠᠯᠠᠨ᠂ ᠬᠡᠪ ᠵᠠᠭᠪᠤᠷ ᠪᠠ ᠳᠦᠷᠢᠮ ᠤᠨ ᠰᠢᠨ᠎ᠡ ᠶᠢ ᠡᠭᠦᠳᠬᠦ ᠶᠢ ᠳᠣᠪᠤᠶᠢᠯᠭᠠᠵᠤ᠂ ᠳᠥᠷᠪᠡᠨ | ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠪᠥᠬᠦ | ᠠᠷᠠᠳ ᠢᠶᠠᠷ ᠢᠶᠠᠨ ᠣᠷᠣᠯᠴᠠᠬᠤ ᠪᠠ ᠬᠠᠮᠲᠤ ᠪᠠᠷ ᠡᠳ᠋ᠯᠡᠬᠦ ᠬᠥᠭᠵᠢᠯᠲᠡ ᠶᠢ ᠲᠦᠯᠬᠢᠨ ᠠᠬᠢᠭᠤᠯᠪᠠ᠃ | | ᠨᠢᠭᠡ ᠳᠤ ᠡᠯᠡᠰᠦ ᠮᠠᠩᠬ᠎ᠠ᠂ ᠭᠤᠪᠢ᠂ ᠲᠠᠴᠢᠷ ᠴᠦᠯ ᠤᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ | ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢᠨ | ᠭᠡᠷᠡᠯ ᠤᠨ ᠴᠠᠬᠢᠯᠭᠠᠨ ᠤ ᠰᠠᠭᠤᠷᠢᠨ ᠭᠠᠵᠠᠷ ᠢᠶᠠᠷ ᠰᠠᠭᠤᠷᠢ ᠪᠣᠯᠭᠠᠭᠰᠠᠨ᠂ ᠲᠡᠭᠦᠨ ᠤ ᠡᠷᠬᠢᠨ ᠲᠣᠭᠤᠷᠢᠨ ᠤ ᠠᠷᠢᠭᠤᠨ | ᠴᠡᠪᠡᠷ ᠥᠨᠳᠥᠷ ᠦᠷ᠎ᠡ ᠠᠰᠢᠭ ᠲᠠᠢ ᠲᠡᠷᠢᠭᠦᠨ ᠤ ᠡᠨᠧᠷᠭᠢ ᠠᠷᠪᠢᠯᠠᠬᠤ ᠨᠡᠭᠦᠷᠡᠰᠦ ᠴᠠᠬᠢᠯᠭᠠᠨ ᠢᠶᠠᠷ ᠲᠤᠯᠭᠠᠭᠤᠷᠢᠯᠠᠯ | ᠪᠣᠯᠭᠠᠭᠰᠠᠨ᠂ ᠲᠣᠭᠲᠠᠭᠤᠨ ᠪᠥᠭᠡᠳ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠣᠨᠴᠠ ᠥᠨᠳᠥᠷ ᠬᠦᠴᠦᠳᠡᠯᠲᠦ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠬᠡᠯᠬᠢᠶ᠎ᠡ ᠪᠠᠷ ᠠᠴᠢᠶᠠᠯᠠᠪᠤᠷᠢ ᠪᠣᠯᠭᠠᠭᠰᠠᠨ ᠰᠢᠨ᠎ᠡ ᠡᠨᠧᠷᠭᠢ ᠶᠢᠨ | ᠬᠠᠩᠭᠠᠯᠭ᠎ᠠ ᠶᠢᠨ ᠰᠢᠩᠭᠡᠭᠡᠬᠦ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠰᠠᠭᠤᠷᠢᠨ ᠭᠠᠵᠠᠷ ᠢ ᠲᠥᠯᠥᠪᠵᠢᠭᠦᠯᠵᠦ ᠪᠦᠲᠦᠭᠡᠨ ᠪᠠᠶᠢᠭᠤᠯᠵᠤ ᠡᠵᠡᠩᠨᠡᠬᠦ ᠳᠤᠮᠳᠠ᠂ ᠨᠡᠭᠦᠷᠡᠰᠦ ᠪᠠ ᠰᠢᠨ᠎ᠡ | ᠡᠨᠧᠷᠭᠢ ᠶᠢ ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠭᠦᠷᠡᠰᠦ ᠴᠠᠬᠢᠯᠭᠠᠨ ᠬᠢᠭᠡᠳ | ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠦᠨᠡᠨ ᠪᠣᠳᠠᠲᠠᠢ ᠬᠤᠯᠪᠤᠭᠠᠯᠠᠨ ᠡᠵᠡᠩᠨᠡᠬᠦ ᠶᠢ ᠵᠣᠷᠢᠭᠵᠢᠭᠤᠯᠬᠤ | ᠬᠡᠷᠡᠭᠲᠡᠢ᠃ | | ᠬᠤᠶᠠᠷ ᠲᠤ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠲᠠᠷᠢᠶᠠᠴᠢᠳ ᠤᠨ | ᠰᠢᠨ᠎ᠡ ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠢᠳᠡᠪᠬᠢᠵᠢᠯ ᠢ ᠭᠦᠢᠴᠡᠳ ᠲᠠᠶᠢᠴᠢᠯᠠᠵᠤ᠂ ᠲᠠᠷᠢᠶᠠᠴᠢᠳ ᠤᠨ | ᠥᠪᠡᠷ ᠤᠨ ᠪᠠᠷᠢᠯᠭ᠎ᠠ ᠶᠢᠨ ᠳᠡᠭᠡᠪᠦᠷ ᠢᠶᠠᠨ ᠠᠰᠢᠭᠯᠠᠨ ᠡᠷᠦᠭᠡ ᠳᠤ ᠬᠡᠷᠡᠭᠯᠡᠬᠦ ᠭᠡᠷᠡᠯ ᠤᠨ ᠡᠨᠧᠷᠭᠢ ᠶᠢ ᠪᠦᠲᠦᠭᠡᠨ | ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠮᠠᠶ᠋ᠢᠭ ᠤᠨ | ᠰᠠᠯᠬᠢᠨ ᠬᠦᠴᠦᠨ ᠤ ᠴᠠᠬᠢᠯᠭᠠᠨ ᠤ ᠨᠡᠭᠡᠭᠡᠨ ᠬᠥᠭᠵᠢᠭᠦᠯᠦᠯᠲᠡ ᠶᠢ ᠢᠳᠡᠪᠬᠢᠲᠡᠢ ᠲᠦᠯᠬᠢᠨ ᠠᠬᠢᠭᠤᠯᠬᠤ ᠬᠡᠷᠡᠭᠲᠡᠢ᠃ | ᠵᠠᠭᠪᠤᠷ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠡᠨᠧᠷᠭᠢ ᠶᠢᠨ ᠬᠤᠷᠰᠢᠶ᠎ᠠ ᠵᠡᠷᠭᠡ | ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ᠂ ᠭᠠᠴᠠᠭ᠎ᠠ ᠲᠣᠰᠬᠤᠨ ᠤ | ᠬᠠᠮᠲᠤ ᠶᠢᠨ ᠦᠯᠡᠳᠡᠭᠡᠯ ᠬᠠᠮᠲᠤ ᠶᠢᠨ ᠭᠠᠵᠠᠷ ᠰᠢᠷᠣᠢ ᠶᠢ ᠬᠠᠤᠯᠢ ᠶᠣᠰᠣᠭᠠᠷ ᠠᠰᠢᠭᠯᠠᠨ ᠦᠨ᠎ᠡ ᠲᠣᠭᠲᠠᠭᠠᠨ ᠬᠤᠪᠢ | ᠣᠷᠣᠭᠤᠯᠬᠤ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠰᠢᠨ᠎ᠡ | ᠡᠨᠧᠷᠭᠢ ᠶᠢᠨ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠳᠤ ᠣᠷᠣᠯᠴᠠᠵᠤ᠂ ᠰᠢᠨ᠎ᠡ ᠡᠨᠧᠷᠭᠢ ᠶᠢᠨ | ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠶᠢ ᠵᠣᠷᠢᠭᠵᠢᠭᠤᠯᠬᠤ ᠬᠡᠷᠡᠭᠲᠡᠢ᠃ | | ᠭᠤᠷᠪᠠ ᠳᠤ ᠰᠢᠨ᠎ᠡ ᠡᠨᠧᠷᠭᠢ ᠶᠢᠨ ᠰᠤᠷᠪᠤᠯᠵᠢ ᠶᠢ ᠠᠵᠤ ᠦᠢᠯᠡᠳᠪᠦᠷᠢ ᠪᠠ ᠪᠠᠷᠢᠯᠭ᠎ᠠ ᠶᠢᠨ ᠬᠦᠷᠢᠶᠡᠨ ᠳᠤ | ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠪᠣᠯ ᠮᠠᠨ ᠤ | ᠤᠯᠤᠰ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠥᠬᠦᠴᠡᠯ ᠪᠦᠷᠢᠯᠳᠦᠭᠦᠯᠦᠭᠰᠡᠨ | ᠠᠵᠤ ᠦᠢᠯᠡᠳᠪᠦᠷᠢ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠠᠷᠬᠠᠮᠠᠯ | ᠮᠠᠶ᠋ᠢᠭ ᠤᠨ ᠭᠡᠷᠡᠯ ᠴᠡᠨᠡᠭ ᠪᠠ ᠲᠠᠷᠠᠬᠠᠢ ᠪᠤᠲᠠᠷᠬᠠᠢ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ | ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠲᠦᠷᠭᠡᠪᠴᠢᠯᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠪᠣᠬᠢᠷᠲᠤᠯ | ᠦᠭᠡᠢ ᠪᠢᠴᠢᠯ ᠴᠠᠬᠢᠯᠭᠠᠨ ᠲᠣᠣᠷ᠂ ᠡᠬᠢ ᠰᠤᠷᠪᠤᠯᠵᠢ ᠶᠢᠨ ᠲᠣᠣᠷ ᠤᠨ ᠴᠡᠨᠡᠭ ᠨᠥᠭᠡᠴᠡ ᠶᠢ ᠨᠢᠭᠡ | ᠴᠣᠭᠴᠠᠵᠢᠭᠤᠯᠬᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠰᠢᠭᠤᠳ ᠴᠠᠬᠢᠯᠭᠠᠨ ᠬᠠᠩᠭᠠᠬᠤ ᠵᠡᠷᠭᠡ ᠵᠠᠭᠪᠤᠷ ᠤᠨ | ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ᠃ ᠨᠡᠷᠡᠨ ᠤ ᠡᠨᠧᠷᠭᠢ ᠬᠢᠭᠡᠳ ᠨᠢᠭᠡᠨᠲᠡ | ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ | ᠬᠡᠷᠡᠯ ᠴᠡᠨᠡᠭ ᠤᠨ ᠪᠠᠷᠢᠯᠭ᠎ᠠ ᠶᠢᠨ ᠨᠢᠭᠡ ᠴᠣᠭᠴᠠᠵᠢᠭᠰᠠᠨ ᠮᠡᠷᠭᠡᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠡᠷᠡᠯ | ᠴᠡᠨᠡᠭ ᠤᠨ ᠤᠭᠰᠠᠷᠠᠯᠲᠠ ᠶᠢᠨ ᠪᠦᠷᠬᠦᠴᠡ ᠶᠢᠨ ᠨᠣᠷᠮ᠎ᠠ ᠶᠢ ᠢᠯᠡᠳᠲᠡ ᠥᠷᠭᠡᠳᠬᠡᠵᠦ᠂ ᠦᠵᠦᠭᠦᠷ ᠤᠨ ᠡᠨᠧᠷᠭᠢ | ᠬᠡᠷᠡᠭᠯᠡᠬᠦ ᠰᠢᠨ᠎ᠡ ᠡᠨᠧᠷᠭᠢ ᠴᠠᠬᠢᠯᠭᠠᠨ ᠬᠦᠴᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ | | ᠳᠥᠷᠪᠡ ᠳᠤ᠂ ᠪᠦᠬᠦ ᠨᠡᠶᠢᠭᠡᠮ ᠢᠶᠠᠷ ᠢᠶᠠᠨ ᠰᠢᠨ᠎ᠡ ᠡᠨᠧᠷᠭᠢ ᠵᠡᠷᠭᠡ ᠪᠣᠬᠢᠷᠲᠤᠯ ᠦᠭᠡᠢ ᠴᠠᠬᠢᠯᠭᠠᠨ ᠬᠦᠴᠦᠨ ᠢ | ᠬᠡᠷᠡᠭᠯᠡᠬᠦ ᠶᠢ ᠬᠥᠲᠥᠯᠥᠨ ᠵᠢᠯᠣᠭᠤᠳᠤᠨ᠎ᠠ᠃ ᠣᠳᠣᠬᠠᠨ ᠳᠤ ᠪᠣᠬᠢᠷᠲᠤᠯ ᠦᠭᠡᠢ ᠴᠠᠬᠢᠯᠭᠠᠨ ᠬᠦᠴᠦᠨ ᠤ ᠬᠡᠷᠡᠭᠯᠡᠭᠡ | ᠨᠢᠭᠡᠨᠲᠡ ᠪᠦᠬᠦ ᠪᠥᠮᠪᠥᠷᠴᠡᠭ ᠤᠨ ᠤᠷᠤᠰᠬᠠᠯ ᠪᠣᠯᠵᠤ᠂ ᠮᠠᠨ ᠤ ᠤᠯᠤᠰ ᠬᠤᠯᠪᠣᠭᠳᠠᠯ ᠪᠦᠬᠦᠢ ᠳᠦᠷᠢᠮ ᠤᠨ | ᠰᠢᠰᠲ᠋ᠧᠮ ᠢ ᠪᠦᠷᠢᠨᠰᠢᠭᠦᠯᠵᠦ᠂ ᠲᠦᠭᠵᠢᠷᠡᠯ ᠢ ᠨᠠᠪᠲᠠᠷᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ | ᠴᠢᠬᠤᠯᠠᠲᠠᠢ ᠪᠠᠶᠢᠨ᠎ᠠ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶ᠎ᠠ ᠶᠢᠨ ᠲᠤᠷᠰᠢᠯᠲᠠ ᠶᠢᠨ ᠴᠢᠭ᠋ ᠢ | ᠥᠷᠨᠢᠭᠦᠯᠵᠦ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶ᠎ᠠ ᠶᠢ ᠵᠣᠬᠢᠶᠠᠨ ᠪᠠᠶᠢᠭᠤᠯᠬᠤ᠂ ᠴᠠᠬᠢᠯᠭᠠᠨ | ᠲᠣᠣᠷ ᠤᠨ ᠲᠣᠬᠢᠷᠠᠭᠤᠯᠤᠯᠲᠠ᠂ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠵᠡᠷᠭᠡ ᠲᠠᠯ᠎ᠠ ᠪᠠᠷ ᠲᠡᠷᠢᠭᠦᠨ | ᠪᠠᠶᠢᠷᠢᠨ ᠳᠤ ᠲᠠᠯᠪᠢᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠪᠣᠬᠢᠷᠲᠤᠯ ᠦᠭᠡᠢ ᠬᠡᠷᠡᠭᠯᠡᠭᠡᠨ ᠤ ᠭᠡᠷᠡᠴᠢᠯᠡᠯ᠂ | ᠢᠯᠡᠷᠬᠡᠶᠢᠯᠡᠯ ᠤᠨ ᠰᠢᠰᠲ᠋ᠧᠮ ᠪᠠ ᠢᠯᠡ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ | ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠯᠦᠭᠡ ᠪᠦᠲᠦᠮᠵᠢᠲᠡᠶ ᠵᠣᠯᠭᠠᠭᠤᠯᠬᠤ ᠶᠢ | ᠴᠢᠩᠭᠠᠳᠬᠠᠨ᠂ ᠡᠯ᠎ᠡ ᠲᠥᠷᠥᠯ ᠤᠨ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠰᠢᠨ᠎ᠡ ᠡᠨᠧᠷᠭᠢ | ᠵᠡᠷᠭᠡ ᠪᠣᠬᠢᠷᠲᠤᠯ ᠦᠭᠡᠢ ᠴᠠᠬᠢᠯᠭᠠᠨ ᠬᠦᠴᠦᠨ ᠢ ᠠᠰᠢᠭᠯᠠᠨ ᠦᠢᠯᠡᠳᠬᠦᠨ ᠦᠢᠯᠡᠳᠬᠦ ᠪᠠ ᠦᠢᠯᠡᠴᠢᠯᠡᠭᠡ | ᠬᠠᠩᠭᠠᠬᠤ ᠶᠢ ᠪᠦᠲᠦᠮᠵᠢᠲᠡᠶ ᠪᠠᠷ ᠬᠥᠲᠥᠯᠥᠨ ᠵᠢᠯᠤᠭᠤᠳᠴᠤ᠂ ᠡᠯ᠎ᠡ ᠲᠥᠷᠥᠯ ᠤᠨ ᠬᠡᠷᠡᠭᠯᠡᠭᠴᠢ ᠶᠢᠨ ᠰᠢᠨ᠎ᠡ ᠡᠨᠧᠷᠭᠢ | ᠵᠡᠷᠭᠡ ᠪᠣᠬᠢᠷᠲᠤᠯ ᠦᠭᠡᠢ ᠴᠠᠬᠢᠯᠭᠠᠨ ᠬᠦᠴᠦᠨ ᠤ ᠦᠢᠯᠡᠳᠬᠦᠨ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ | | ᠭᠤᠷᠪᠠ᠂ ︽ᠬᠡᠷᠡᠭᠵᠢᠭᠦᠯᠬᠦ ᠲᠥᠰᠥᠯ︾ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠡᠵᠡᠯᠡᠬᠦ ᠬᠠᠷᠢᠴᠠᠯ ᠢ | ᠢᠳᠡᠭ ᠢᠳᠡᠭ ᠢᠶᠠᠷ ᠳᠡᠭᠡᠭᠰᠢᠯᠡᠭᠦᠯᠬᠦ ᠳᠤ ᠵᠣᠬᠢᠴᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠬᠤ ᠳᠤ ᠶᠠᠮᠠᠷ ᠶᠠᠮᠠᠷ ᠭᠤᠣᠯ ᠠᠷᠭ᠎ᠠ ᠵᠠᠮ ᠪᠠ ᠠᠷᠭ᠎ᠠ ᠬᠡᠮᠵᠢᠶ᠎ᠡ ᠪᠠᠶᠢᠬᠤ ᠪᠤᠢ︖ | | ᠤᠯᠠᠮᠵᠢᠯᠠᠯᠲᠤ ᠴᠠᠬᠢᠯᠭᠠᠨ ᠬᠦᠴᠦᠨ ᠤ ᠰᠢᠰᠲ᠋ᠧᠮ ᠪᠣᠯ ᠴᠢᠯᠠᠭᠤᠵᠢᠮᠠᠯ ᠤᠨ ᠡᠨᠧᠷᠭᠢ ᠪᠠᠷ ᠭᠤᠣᠯ ᠪᠣᠯᠭᠠᠨ | ᠲᠥᠯᠥᠪᠵᠢᠭᠦᠯᠦᠨ ᠵᠢᠷᠤᠵᠤ ᠲᠥᠯᠥᠪᠯᠡᠬᠦ ᠣᠶᠢᠯᠠᠭᠠᠭᠳᠠᠬᠤᠨ ᠪᠠ ᠲᠣᠬᠢᠷᠠᠭᠤᠯᠤᠨ ᠠᠵᠢᠯᠯᠠᠭᠤᠯᠬᠤ ᠳᠦᠷᠢᠮ ᠵᠡᠷᠭᠡ ᠶᠢ | ᠡᠭᠦᠳᠦᠨ ᠪᠦᠲᠦᠭᠡᠳᠡᠭ᠃ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ | ᠪᠡᠶᠡᠯᠡᠭᠦᠯᠬᠦ ᠳᠤ᠂ ᠡᠷᠬᠡᠪᠰᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠨ ᠪᠠᠶᠢᠭᠤᠯᠵᠤ᠂ | ᠰᠢᠨ᠎ᠡ ᠡᠨᠧᠷᠭᠢ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠬᠦ ᠱᠠᠭᠠᠷᠳᠠᠯᠭ᠎ᠠ ᠳᠤ ᠵᠣᠬᠢᠴᠠᠭᠤᠯᠤᠨ᠂ | ᠲᠥᠯᠦᠪᠵᠢᠭᠦᠯᠭᠡ ᠶᠢᠨ ᠣᠶᠢᠯᠠᠭᠠᠭᠳᠠᠬᠤᠨ ᠤ ᠰᠢᠨᠡᠴᠢᠯᠡᠯᠲᠡ᠂ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ | ᠲᠣᠬᠢᠷᠠᠭᠤᠯᠤᠯᠲᠠ᠂ ᠠᠵᠢᠯᠯᠠᠭᠠᠨ ᠤ ᠠᠷᠭ᠎ᠠ ᠮᠠᠶ᠋ᠢᠭ ᠤᠨ ᠬᠤᠪᠢᠰᠤᠯᠲᠠ᠂ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠬᠦ ᠲᠠᠯ᠎ᠠ ᠪᠠᠷ ᠰᠢᠰᠲ᠋ᠧᠮᠲᠦ ᠴᠢᠨᠠᠷᠲᠠᠢ ᠲᠣᠬᠢᠷᠠᠭᠤᠯᠤᠯᠲᠠ ᠬᠢᠬᠦ ᠬᠡᠷᠡᠭᠲᠡᠢ᠃ | | ᠨᠢᠭᠡ ᠳᠤ ᠡᠬᠢ ᠰᠤᠷᠪᠤᠯᠵᠢ ᠶᠢᠨ ᠲᠣᠣᠷ ᠤᠨ ᠴᠡᠨᠡᠭᠯᠡᠵᠦ ᠬᠠᠳᠠᠭᠠᠯᠠᠬᠤ ᠴᠠᠭ ᠪᠠ ᠣᠷᠣᠨ ᠵᠠᠢ ᠶᠢᠨ | ᠪᠠᠶᠢᠷᠢᠰᠢᠯ ᠪᠠ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠴᠠᠬᠢᠯᠭᠠᠨ | ᠬᠦᠴᠦᠨ ᠤ ᠰᠢᠰᠲ᠋ᠧᠮ ᠤᠨ ᠲᠣᠬᠢᠷᠠᠭᠤᠯᠬᠤ ᠴᠢᠳᠠᠪᠤᠷᠢ ᠪᠠ ᠠᠮᠢᠳᠤᠯᠢᠭ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ | ᠂ ᠴᠠᠬᠢᠯᠭᠠᠨ ᠬᠦᠴᠦᠨ ᠤ ᠰᠢᠰᠲ᠋ᠧᠮ ᠤᠨ ᠰᠢᠨ᠎ᠡ ᠡᠨᠧᠷᠭᠢ ᠶᠢ ᠶᠡᠷᠦᠩᠬᠡᠢ ᠳᠡᠭᠡᠨ ᠬᠦᠯᠢᠶᠡᠨ ᠠᠪᠬᠤ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠴᠠᠬᠢᠯᠭᠠᠨ ᠲᠦᠭᠡᠭᠡᠬᠦ ᠲᠣᠣᠷ ᠤᠨ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢ | ᠬᠦᠯᠢᠶᠡᠨ ᠠᠪᠬᠤ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠭᠤᠣᠯ ᠠᠷᠭ᠎ᠠ ᠬᠡᠮᠵᠢᠶ᠎ᠡ ᠨᠢ ᠭᠡᠪᠡᠯ᠂ | ᠴᠠᠬᠢᠯᠭᠠᠨ ᠡᠭᠦᠰᠬᠡᠭᠴᠢ ᠶᠢᠨ ᠲᠠᠯ᠎ᠠ ᠪᠠᠷ᠂ ᠤᠷᠬᠢᠯ ᠢ ᠲᠣᠬᠢᠷᠠᠭᠤᠯᠬᠤ ᠰᠡᠯᠭᠦᠭᠡ ᠳᠠᠪᠲᠠᠮᠵᠢ ᠶᠢᠨ ᠴᠠᠬᠢᠯᠭᠠᠨ | ᠡᠭᠦᠰᠬᠡᠭᠴᠢ ᠳᠤ ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠨᠡᠭᠦᠷᠡᠰᠦ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠠᠮᠢᠳᠤᠯᠢᠭ ᠴᠢᠨᠠᠷ ᠤᠨ ᠥᠭᠡᠷᠡᠴᠢᠯᠡᠯᠲᠡ᠂ ᠤᠰᠤᠨ ᠴᠠᠬᠢᠯᠭᠠᠨ ᠢ ᠥᠷᠭᠡᠳᠬᠡᠬᠦ᠂ ᠤᠰᠤ | ᠲᠠᠲᠠᠵᠤ ᠡᠨᠧᠷᠭᠢ ᠬᠠᠳᠠᠭᠠᠯᠠᠬᠤ ᠪᠠ ᠨᠡᠷᠡᠨ ᠤ ᠡᠨᠧᠷᠭᠢ ᠶᠢᠨ ᠢᠯᠴᠢ ᠪᠠᠷ ᠴᠠᠬᠢᠯᠭᠠᠨ ᠭᠠᠷᠭᠠᠬᠤ ᠵᠦᠢᠯᠡᠰ ᠤᠨ | ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠠᠷᠠᠭᠤᠨ ᠣᠷᠣᠨ ᠵᠡᠷᠭᠡ ᠭᠡᠷᠡᠯ ᠲᠤᠰᠤᠯᠲᠠ ᠶᠢᠨ | ᠨᠥᠬᠦᠴᠡᠯ ᠢᠶᠠᠷ ᠰᠠᠶᠢᠨ ᠭᠠᠵᠠᠷ ᠣᠷᠣᠨ ᠤ ᠨᠡᠷᠡᠨ ᠤ ᠡᠨᠧᠷᠭᠢ ᠶᠢᠨ ᠢᠯᠴᠢ ᠪᠠᠷ ᠴᠠᠬᠢᠯᠭᠠᠨ ᠭᠠᠷᠭᠠᠬᠤ ᠶᠢ ᠤᠷᠬᠢᠯ ᠢ | ᠲᠣᠬᠢᠷᠠᠭᠤᠯᠬᠤ ᠴᠠᠬᠢᠯᠭᠠᠨ ᠡᠭᠦᠰᠬᠡᠭᠴᠢ ᠪᠣᠯᠭᠠᠬᠤ ᠶᠢ ᠵᠣᠷᠢᠭᠵᠢᠭᠤᠯᠤᠨ᠎ᠠ᠃ ᠴᠠᠬᠢᠯᠭᠠᠨ ᠤ ᠲᠣᠣᠷ ᠤᠨ ᠲᠠᠯ᠎ᠠ ᠪᠠᠷ᠂ | ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠴᠠᠬᠢᠯᠭᠠᠨ ᠬᠦᠴᠦᠨ ᠤ ᠰᠢᠰᠲ᠋ᠧᠮ ᠢ | ᠪᠠᠶᠢᠭᠤᠯᠬᠤ ᠳᠤᠮᠳᠠᠬᠢ ᠲᠠᠪᠴᠠᠩ ᠪᠠ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠠᠲᠠᠭᠤ | ᠲᠤᠨᠤᠭ︾ ᠪᠠ ︽ᠵᠥᠭᠡᠯᠡᠨ ᠲᠤᠨᠤᠭ︾ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨ᠎ᠡ | ᠡᠨᠧᠷᠭᠢ ᠶᠢᠨ ᠰᠤᠷᠪᠤᠯᠵᠢ ᠶᠢᠨ ᠶᠡᠭᠡ ᠬᠡᠪᠴᠢᠶᠡᠨ ᠤ ᠲᠦᠷᠭᠡᠨ ᠬᠥᠭᠵᠢᠯᠲᠡ ᠶᠢᠨ ᠬᠡᠷᠡᠭᠴᠡᠭᠡ ᠳᠤ ᠨᠡᠩ ᠰᠠᠶᠢᠲᠤᠷ | ᠵᠣᠬᠢᠴᠠᠭᠤᠯᠬᠤ ᠬᠡᠷᠡᠭᠲᠡᠢ᠃ ᠳᠠᠭᠠᠭᠠᠴᠠ ᠶᠢᠨ ᠲᠠᠯ᠎ᠠ ᠪᠠᠷ᠂ ᠬᠡᠷᠡᠭᠴᠡᠭᠡ ᠶᠢ ᠴᠤᠤᠷᠢᠶᠠᠲᠤᠨ ᠳᠠᠭᠠᠬᠤ ᠳᠠᠯᠳᠠ | ᠬᠦᠴᠦᠨ ᠢ ᠭᠦᠨᠵᠡᠭᠡᠢ ᠠᠭᠤᠳᠠᠯᠵᠤ᠂ ᠳᠠᠭᠠᠭᠠᠴᠠ ᠶᠢᠨ ᠲᠠᠯ᠎ᠠ ᠶᠢᠨ ᠰᠢᠨ᠎ᠡ ᠡᠨᠧᠷᠭᠢ ᠶᠢᠨ ᠲᠣᠬᠢᠷᠠᠭᠤᠯᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠨᠧᠷᠭᠢ ᠬᠠᠳᠠᠭᠠᠯᠠᠬᠤ ᠲᠠᠯ᠎ᠠ ᠪᠠᠷ᠂ ᠡᠨᠧᠷᠭᠢ ᠬᠠᠳᠠᠭᠠᠯᠠᠬᠤ ᠥᠪᠡᠷ ᠤᠨ | ᠦᠷᠲᠡᠭ ᠢ ᠬᠤᠷᠢᠶᠠᠨ ᠠᠪᠴᠢᠷᠠᠬᠤ ᠲᠣᠭᠲᠠᠴᠠ ᠶᠢ ᠰᠤᠳᠤᠯᠵᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢᠨ | ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ | | ᠬᠤᠶᠠᠷ ᠲᠤ ᠴᠠᠬᠢᠯᠭᠠᠨ ᠲᠦᠭᠡᠭᠡᠬᠦ ᠲᠣᠣᠷ ᠤᠨ ᠲᠠᠷᠬᠠᠯᠲᠠ ᠶᠢᠨ ᠬᠡᠯᠪᠡᠷᠢ ᠶᠢᠨ ᠰᠢᠨ᠎ᠡ ᠡᠨᠧᠷᠭᠢ ᠶᠢᠨ | ᠰᠤᠷᠪᠤᠯᠵᠢ ᠶᠢ ᠬᠦᠯᠢᠶᠡᠨ ᠠᠪᠬᠤ ᠲᠠᠯ᠎ᠠ ᠪᠠᠷ᠂ ᠴᠠᠬᠢᠯᠭᠠᠨ ᠲᠣᠣᠷ ᠤᠨ ᠠᠵᠤ ᠠᠬᠤᠶᠢᠯᠠᠯ ᠤᠳ ᠡᠬᠢᠲᠦ ᠴᠠᠬᠢᠯᠭᠠᠨ | ᠲᠦᠭᠡᠭᠡᠬᠦ ᠲᠣᠣᠷ ︵ᠰᠠᠨᠠᠭᠠᠴᠢᠯᠠᠭ᠎ᠠ ᠠᠴᠠ ᠪᠠᠨ ᠴᠠᠬᠢᠯᠭᠠᠨ ᠲᠦᠭᠡᠭᠡᠬᠦ ᠲᠣᠣᠷ︶ ᠤᠨ ᠲᠥᠯᠦᠪᠵᠢᠭᠦᠯᠭᠡ᠂ ᠵᠢᠷᠤᠭ | ᠲᠥᠯᠥᠪᠯᠡᠭᠡ᠂ ᠠᠵᠢᠯᠯᠠᠭᠠᠨ ᠤ ᠠᠷᠭ᠎ᠠ ᠶᠢᠨ ᠰᠤᠳᠤᠯᠭᠠᠨ ᠢ ᠴᠢᠩᠭᠠᠳᠬᠠᠵᠤ᠂ ᠪᠡᠯᠡ ᠣᠷᠣᠭᠤᠯᠵᠤ ᠪᠦᠲᠦᠭᠡᠨ | ᠪᠠᠶᠢᠭᠤᠯᠬᠤ ᠪᠠ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠲᠦᠭᠡᠭᠡᠬᠦ ᠲᠣᠣᠷ ᠤᠨ ᠣᠶᠤᠨᠴᠢᠯᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠠᠬᠢᠯᠭᠠᠨ ᠲᠦᠭᠡᠭᠡᠬᠦ ᠲᠣᠣᠷ ᠤᠨ ᠲᠠᠷᠬᠠᠯᠲᠠ ᠶᠢᠨ ᠬᠡᠯᠪᠡᠷᠢ ᠶᠢᠨ ᠰᠢᠨ᠎ᠡ | ᠡᠨᠧᠷᠭᠢ ᠶᠢᠨ ᠰᠤᠷᠪᠤᠯᠵᠢ ᠳᠤ ᠵᠠᠯᠭᠠᠵᠤ ᠣᠷᠣᠭᠤᠯᠬᠤ ᠬᠠᠷᠢᠴᠠᠯ ᠤᠨ ᠱᠠᠭᠠᠷᠳᠠᠯᠭ᠎ᠠ ᠶᠢ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ ᠡᠭᠦᠨ ᠠᠴᠠ ᠭᠠᠳᠠᠨ᠎ᠠ ᠪᠠᠰᠠ ᠬᠤᠯᠪᠣᠭᠳᠠᠯ ᠪᠦᠬᠦᠢ ᠠᠵᠤ ᠠᠬᠤᠶᠢᠯᠠᠯ ᠢ ᠵᠣᠷᠢᠭᠵᠢᠭᠤᠯᠵᠤ | ᠪᠠᠶᠢᠭᠠᠳ ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠵᠠᠯᠭᠠᠯᠲᠠ ᠳᠤ ᠵᠣᠬᠢᠴᠠᠭᠰᠠᠨ ᠲᠣᠭᠲᠠᠮᠠᠯ | ᠭᠦᠶᠦᠳᠡᠯᠲᠦ ᠴᠠᠬᠢᠯᠭᠠᠨ ᠲᠦᠭᠡᠭᠡᠬᠦ ᠲᠣᠣᠷ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠰᠦᠪᠡᠭᠴᠢᠯᠡᠨ | ᠥᠷᠨᠢᠭᠦᠯᠦᠨ᠎ᠡ᠃ | | ᠭᠤᠷᠪᠠ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ | ᠠᠷᠠᠯᠵᠢᠶᠠᠨ ᠳᠤ ᠣᠷᠣᠯᠴᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ | ᠳᠦᠷᠢᠮ ᠢ ᠵᠢᠷᠤᠵᠤ ᠲᠥᠯᠥᠪᠯᠡᠬᠦ ᠳᠡᠭᠡᠨ ᠰᠢᠨ᠎ᠡ ᠡᠨᠧᠷᠭᠢ ᠶᠢᠨ ᠰᠤᠷᠪᠤᠯᠵᠢ ᠶᠢᠨ ᠣᠨᠴᠠᠯᠢᠭ ᠢ ᠭᠦᠢᠴᠡᠳ | ᠪᠣᠳᠣᠯᠬᠢᠯᠠᠬᠤ ᠬᠡᠷᠡᠭᠲᠡᠢ᠂ ᠡᠭᠦᠨ ᠤ ᠭᠤᠣᠯᠳᠠᠯᠭ᠎ᠠ ᠨᠢ ᠰᠢᠨ᠎ᠡ ᠡᠨᠧᠷᠭᠢ ᠶᠢᠨ ᠰᠤᠷᠪᠤᠯᠵᠢ ᠶᠢᠨ ᠵᠠᠬ᠎ᠠ ᠳᠡᠯᠭᠡᠭᠦᠷ ᠲᠤ | ᠣᠷᠣᠯᠴᠠᠬᠤ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ ᠶᠢᠨ ᠲᠣᠳᠣᠷᠬᠠᠢ ᠵᠢᠱᠢᠯᠲᠡ ᠲᠠᠢ ᠪᠠᠶᠢᠬᠤ ᠶᠢ ᠪᠠᠲᠤᠯᠠᠵᠤ | ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠢᠯ ᠲᠦᠷᠦᠯ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠪᠠᠲᠤᠯᠠᠬᠤ | ᠶᠠᠪᠤᠳᠠᠯ ᠪᠣᠯᠣᠨ᠎ᠠ᠃ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠣᠨᠴᠠᠯᠢᠭ ᠢ ᠪᠣᠳᠣᠯᠬᠢᠯᠠᠨ᠂ ᠰᠢᠨ᠎ᠡ | ᠡᠨᠧᠷᠭᠢ ᠶᠢᠨ ᠲᠥᠷᠥᠯ ᠵᠦᠢᠯ ᠤᠨ ᠬᠡᠷᠡᠭᠯᠡᠭᠴᠢ ᠯᠦᠭᠡ ᠰᠢᠭᠤᠳ ᠠᠷᠠᠯᠵᠢᠶ᠎ᠠ ᠬᠢᠬᠦ ᠶᠢ ᠳᠡᠮᠵᠢᠵᠦ᠂ ᠣᠷᠳᠣ | ᠬᠤᠭᠤᠴᠠᠭ᠎ᠠ ᠪᠠᠷ ᠴᠠᠬᠢᠯᠭᠠᠨ ᠬᠤᠳᠠᠯᠳᠤᠨ ᠠᠪᠴᠤ ᠪᠣᠷᠣᠯᠠᠭᠤᠯᠬᠤ ᠵᠥᠪᠯᠡᠯᠴᠡᠭᠡᠷ ᠲᠣᠭᠲᠠᠬᠤ ᠶᠢ ᠵᠣᠷᠢᠭᠵᠢᠭᠤᠯᠤᠨ᠂ | ᠴᠠᠬᠢᠯᠭᠠᠨ ᠬᠦᠴᠦᠨ ᠤ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠲᠤᠷᠰᠢᠯᠲᠠ ᠶᠢᠨ ᠭᠠᠵᠠᠷ ᠣᠷᠣᠨ ᠳᠤ᠂ ᠰᠢᠨ᠎ᠡ | ᠡᠨᠧᠷᠭᠢ ᠶᠢᠨ ᠲᠥᠷᠥᠯ ᠵᠦᠢᠯ ᠤᠨ ᠵᠥᠷᠢᠶᠡᠲᠦ ᠦᠨ᠎ᠡ ᠶᠢᠨ ᠭᠡᠷ᠎ᠡ ᠲᠣᠭᠲᠠᠬᠤ ᠬᠡᠯᠪᠡᠷᠢ ᠪᠠᠷ ᠴᠠᠬᠢᠯᠭᠠᠨ ᠬᠦᠴᠦᠨ ᠤ | ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ | | ᠳᠥᠷᠪᠡ ᠳᠤ ᠲᠦᠷᠦ ᠶᠢᠨ ᠪᠣᠳᠣᠯᠭ᠎ᠠ ᠶᠢᠨ ᠲᠣᠭᠲᠠᠴᠠ ᠶᠢᠨ ᠲᠠᠯ᠎ᠠ ᠪᠠᠷ ᠲᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢᠨ ᠡᠷᠬᠡ ᠬᠦᠨᠳᠦ ᠶᠢᠨ | ᠳᠦᠷᠢᠮ ᠢᠡᠯᠡ ᠮᠤᠵᠢ ︵ᠣᠷᠣᠨ᠂ ᠬᠤᠲᠠ︶ ᠶᠢᠨ ᠳᠤᠮᠳᠠ ᠤᠷᠲᠤ ᠬᠤᠭᠤᠴᠠᠭᠠᠨ ᠤ ᠳᠠᠬᠢᠨ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢᠨ ᠡᠷᠬᠡ ᠶᠢ ᠰᠢᠨᠵᠢᠯᠡᠬᠦ | ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠤᠯᠤᠰ ᠤᠨ ᠲᠠᠰ ᠳᠠᠪᠬᠤᠷᠭ᠎ᠠ ᠶᠢᠨ ᠬᠠᠷᠢᠭᠤᠴᠠᠯᠭ᠎ᠠ ᠶᠢᠨ | ᠡᠵᠡᠯᠡᠬᠦᠨ ᠤ ᠬᠡᠮᠵᠢᠶ᠎ᠡ ᠵᠢᠯ ᠠᠴᠠ ᠵᠢᠯ ᠳᠡᠭᠡᠭᠰᠢᠯᠡᠵᠦ᠂ ᠡᠯ᠎ᠡ ᠮᠤᠵᠢ ᠶᠢᠨ ᠵᠠᠰᠠᠭ ᠤᠨ ᠣᠷᠳᠣᠨ ᠵᠢᠴᠢ | ᠬᠠᠷᠢᠭᠤᠴᠠᠯᠭ᠎ᠠ ᠶᠢᠨ ᠡᠵᠡᠯᠡᠬᠦᠨ ᠤ ᠬᠡᠮᠵᠢᠶ᠎ᠡ ᠶᠢ ᠡᠭᠦᠷᠭᠡᠯᠡᠵᠦ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢᠨ ᠡᠵᠡᠯᠡᠬᠦᠨ ᠤ ᠬᠡᠮᠵᠢᠶ᠎ᠡ ᠵᠢᠯ ᠠᠴᠠ ᠵᠢᠯ ᠳᠡᠭᠡᠭᠰᠢᠯᠡᠬᠦ ᠪᠤᠶᠤ ᠪᠠᠲᠤᠯᠠᠬᠤ ᠶᠢᠨ ᠬᠠᠮᠲᠤ ᠭᠠᠵᠠᠷ | ᠣᠷᠣᠨ ᠤ ᠬᠤᠭᠤᠷᠣᠨᠳᠣᠬᠢ ᠬᠠᠷᠢᠭᠤᠴᠠᠯᠭ᠎ᠠ ᠶᠢᠨ ᠡᠵᠡᠯᠡᠬᠦᠨ ᠤ ᠬᠡᠮᠵᠢᠶ᠎ᠡ ᠶᠢᠨ ᠵᠥᠷᠢᠶ᠎ᠡ ᠶᠢ ᠢᠳᠡᠭ ᠢᠳᠡᠭ ᠢᠶᠠᠷ | ᠪᠠᠭᠠᠰᠬᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠠᠷᠢᠭᠤᠴᠠᠯᠭ᠎ᠠ ᠶᠢᠨ ᠡᠵᠡᠯᠡᠬᠦᠨ ᠤ ᠬᠡᠮᠵᠢᠶ᠎ᠡ ᠶᠢ ᠬᠠᠮᠲᠤ ᠪᠠᠷ | ᠡᠭᠦᠷᠭᠡᠯᠡᠬᠦ ᠣᠶᠢᠯᠠᠭᠠᠭᠳᠠᠬᠤᠨ ᠢ ᠢᠯᠡᠷᠡᠭᠦᠯᠦᠨ᠎ᠡ᠃ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ | ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢᠨ ᠡᠷᠬᠡ ᠬᠦᠨᠳᠦ ᠶᠢᠨ ᠳᠦᠷᠢᠮ ᠢ ᠰᠢᠨ᠎ᠡ ᠪᠠᠷ | ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ | ᠶᠡᠷᠦᠩᠬᠡᠢ ᠬᠡᠮᠵᠢᠶ᠎ᠡ ᠶᠢᠨ ᠬᠢᠵᠠᠭᠠᠷᠯᠠᠯ ᠳᠤ ᠣᠷᠣᠭᠤᠯᠬᠤ ᠦᠭᠡᠢ ᠪᠠᠶᠢᠬᠤ ᠯᠤᠭ᠎ᠠ ᠵᠣᠯᠭᠠᠭᠤᠯᠬᠤ ᠠᠵᠢᠯ ᠢ ᠰᠠᠶᠢᠲᠤᠷ | ᠬᠢᠵᠦ᠂ ᠡᠯ᠎ᠡ ᠭᠠᠵᠠᠷ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ | ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠬᠦᠴᠦᠨ ᠤ | ᠬᠡᠷᠡᠭᠯᠡᠭᠡᠨ ᠤ ᠬᠡᠮᠵᠢᠶ᠎ᠡ ᠵᠢᠡᠨᠡᠬᠦ ᠰᠠᠭᠤᠷᠢᠨ ᠳᠡᠭᠡᠷ᠎ᠡ᠂ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ | ᠴᠠᠬᠢᠯᠭᠠᠨ ᠬᠦᠴᠦᠨ ᠢ ᠰᠢᠩᠭᠡᠬᠡᠨ ᠠᠪᠬᠤ ᠬᠠᠷᠢᠭᠤᠴᠠᠯᠭ᠎ᠠ ᠶᠢ ᠰᠢᠯᠭᠠᠨ ᠦᠨᠡᠯᠡᠬᠦ ᠭᠦᠢᠴᠡᠳᠬᠡᠬᠦ ᠲᠤᠭ᠎ᠠ ᠶᠢᠨ | ᠰᠢᠰᠲ᠋ᠧᠮ ᠪᠣᠯᠣᠨ ᠱᠠᠩᠨᠠᠵᠤ ᠲᠣᠷᠭᠠᠬᠤ ᠲᠣᠭᠲᠠᠴᠠ ᠶᠢ ᠤᠯᠠᠮ ᠪᠠᠶᠢᠭᠤᠯᠤᠨ ᠲᠡᠭᠦᠯᠳᠡᠷᠵᠢᠭᠦᠯᠦᠨ᠎ᠡ᠃ | | ᠳᠥᠷᠪᠡ᠂ ︽ᠬᠡᠷᠡᠭᠵᠢᠭᠦᠯᠬᠦ ᠲᠥᠰᠥᠯ︾ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ | ᠬᠡᠮᠵᠢᠶ᠎ᠡ ᠠᠪᠤᠭᠰᠠᠨ ᠪᠤᠢ︖ | | ᠰᠢᠨ᠎ᠡ ᠡᠨᠧᠷᠭᠢ ᠶᠢᠨ ᠲᠦᠷᠦᠯ ᠵᠦᠢᠯ ᠤᠨ ᠴᠢᠭ᠋ ᠤᠨ ᠤᠯᠠᠨ ᠲᠠᠯ᠎ᠠ ᠥᠷᠭᠡᠨ᠂ ᠳᠠᠩ ᠴᠣᠭᠴᠠ ᠶᠢᠨ | ᠬᠡᠪᠴᠢᠶ᠎ᠡ ᠪᠠᠭ᠎ᠠ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠣᠬᠤᠷ ᠵᠡᠷᠭᠡ ᠠᠴᠠ ᠪᠣᠳᠣᠯᠬᠢᠯᠠᠨ᠂ | ︽ᠬᠡᠷᠡᠭᠵᠢᠭᠦᠯᠬᠦ ᠲᠥᠰᠥᠯ︾ ᠨᠢ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠡᠪᠴᠢᠶᠡᠵᠢᠭᠰᠡᠨ᠂ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢᠨ ᠲᠡᠰ | ᠳᠠᠷᠠᠭᠠᠯᠠᠯ ᠢ ᠳᠥᠭᠦᠮᠴᠢᠯᠡᠬᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠭᠤᠣᠯᠳᠠᠯᠭ᠎ᠠ ᠪᠠᠨ | ᠲᠠᠯᠪᠢᠨ᠎ᠠ᠃ | | ᠨᠢᠭᠡ ᠳᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ ᠲᠥᠷᠥᠯ | ᠵᠦᠢᠯ ᠤᠨ ᠬᠠᠮᠢᠶᠠᠷᠤᠯᠲᠠ ᠶᠢᠨ ᠲᠠᠰ ᠳᠠᠷᠠᠭᠠᠯᠠᠯ ᠢ ᠳᠥᠭᠦᠮᠴᠢᠯᠡᠵᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ | ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ︵ᠪᠦᠷᠢᠳᠬᠡᠨ ᠳᠠᠩᠰᠠᠯᠠᠬᠤ︶ ᠳᠦᠷᠢᠮ ᠢ ᠲᠡᠭᠦᠯᠳᠡᠷᠵᠢᠭᠦᠯᠦᠨ᠂ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠠᠴᠠ ᠪᠦᠷᠢᠳᠬᠡᠨ ᠳᠠᠩᠰᠠᠯᠠᠬᠤ | ᠳᠦᠷᠢᠮ ᠪᠣᠯᠭᠠᠨ ᠲᠣᠬᠢᠷᠠᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠣᠯᠠᠨ | ᠡᠨᠧᠷᠭᠢ ᠶᠢᠨ ᠬᠠᠷᠢᠯᠴᠠᠨ ᠨᠥᠬᠦᠪᠦᠷᠢᠯᠡᠬᠦ᠂ ᠡᠬᠢ ᠰᠤᠷᠪᠤᠯᠵᠢ ᠶᠢᠨ ᠲᠣᠣᠷ ᠤᠨ ᠨᠥᠭᠡᠴᠡᠯᠡᠬᠦ᠂ ᠪᠢᠴᠢᠯ ᠴᠠᠬᠢᠯᠭᠠᠨ | ᠲᠣᠣᠷ ᠵᠡᠷᠭᠡ ᠶᠡᠷᠦᠩᠬᠡᠶᠢᠯᠡᠭᠰᠡᠨ ᠡᠨᠧᠷᠭᠢ ᠶᠢᠨ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠬᠢᠨᠠᠨ ᠵᠥᠪᠰᠢᠶᠡᠷᠡᠬᠦ ︵ | ᠪᠦᠷᠢᠳᠬᠡᠨ ᠳᠠᠩᠰᠠᠯᠠᠬᠤ︶ ᠭᠠᠷᠳᠠᠮ ᠢ ᠨᠢᠭᠡᠳᠦᠯᠲᠡᠢ ᠭᠦᠢᠴᠡᠳᠬᠡᠨ᠎ᠡ᠃ ᠪᠥᠬᠦ ᠤᠯᠤᠰ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ | ᠲᠠᠪᠴᠠᠩ ᠳᠤ ᠲᠦᠰᠢᠭᠯᠡᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ | ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯᠡᠰ ᠤᠨ | ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠵᠦᠢᠯᠡᠰ ᠤᠨ ᠣᠷᠣᠬᠤ ᠵᠥᠪᠰᠢᠶᠡᠷᠡᠯ ᠤᠨ | ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠪᠠ ᠠᠵᠤ ᠠᠬᠤᠶᠢᠯᠠᠯ ᠤᠨ ᠠᠮᠠᠯᠠᠯᠲᠠ ᠶᠢᠨ ᠵᠦᠢᠯᠡᠰ ᠤᠨ ᠲᠣᠳᠣᠷᠬᠠᠢ | ᠬᠠᠭᠤᠳᠠᠰᠤ ᠶᠢ ᠲᠣᠭᠲᠠᠭᠠᠵᠤ᠂ ᠬᠢᠨᠠᠨᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ᠂ ᠤᠴᠢᠷ ᠶᠠᠪᠤᠳᠠᠯ ᠤᠨ ᠡᠮᠦᠨ᠎ᠡ | ᠤᠴᠢᠷ ᠶᠠᠪᠤᠳᠠᠯ ᠤᠨ ᠳᠤᠮᠳᠠ ᠤᠴᠢᠷ ᠶᠠᠪᠤᠳᠠᠯ ᠤᠨ ᠳᠠᠷᠠᠭᠠᠬᠢ ᠪᠦᠬᠦ ᠬᠡᠯᠬᠢᠶ᠎ᠡ ᠪᠦᠬᠦ ᠬᠦᠷᠢᠶᠡᠨ ᠤ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ | | ᠬᠤᠶᠠᠷ ᠲᠤ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠲᠣᠣᠷ ᠲᠤ ᠵᠠᠯᠭᠠᠬᠤ ᠶᠠᠪᠤᠴᠠ ᠶᠢ | ᠰᠢᠯᠢᠳᠡᠭᠵᠢᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠦᠯᠵᠢᠶᠡᠨ ᠳᠤ ᠵᠠᠯᠭᠠᠵᠤ | ᠭᠤᠶᠤᠴᠢᠯᠠᠬᠤ ᠶᠢ ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ᠂ ᠨᠡᠭᠡᠭᠡᠯᠲᠡᠲᠡᠢ ᠢᠯᠡ ᠲᠣᠳᠣ ᠪᠠᠶᠢᠯᠭᠠᠬᠤ ᠶᠢ | ᠪᠡᠶᠡᠯᠡᠭᠦᠯᠬᠦ ᠬᠡᠷᠡᠭᠲᠡᠢ᠃ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠳ ᠰᠢᠨ᠎ᠡ ᠡᠨᠧᠷᠭᠢ ᠶᠢᠨ ᠲᠥᠷᠥᠯ | ᠵᠦᠢᠯ ᠤᠨ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠢᠨ᠎ᠡ ᠡᠨᠧᠷᠭᠢ ᠶᠢᠨ | ᠲᠥᠷᠥᠯ ᠵᠦᠢᠯ ᠤᠨ ᠬᠡᠷᠡᠭᠯᠡᠵᠦ ᠪᠣᠯᠬᠤ ᠵᠠᠯᠭᠠᠯᠲᠠ ᠶᠢᠨ ᠴᠡᠭ᠂ ᠵᠠᠯᠭᠠᠨ ᠣᠷᠣᠭᠤᠯᠵᠤ ᠪᠣᠯᠬᠤ ᠪᠠᠭᠲᠠᠭᠠᠮᠵᠢ᠂ | ᠮᠡᠷᠭᠡᠵᠢᠯ ᠤᠨ ᠵᠢᠷᠤᠮᠵᠢᠯ ᠵᠡᠷᠭᠡ ᠶᠢ ᠪᠠᠭᠲᠠᠭᠠᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ | ᠰᠢᠨᠡᠳᠬᠡᠬᠦ ᠶᠢᠨ ᠬᠠᠮᠲᠤ ᠬᠠᠩᠭᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠣᠷ ᠲᠤ ᠵᠠᠯᠭᠠᠬᠤ ᠪᠥᠬᠦ | ᠴᠤᠪᠤᠷᠠᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ | | ᠭᠤᠷᠪᠠ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠳᠤᠲᠠᠭᠤᠳᠠᠯ ᠢᠶᠠᠨ | ᠭᠦᠢᠴᠡᠳ ᠨᠥᠬᠦᠪᠦᠷᠢᠯᠡᠨ᠎ᠡ᠃ ᠪᠦᠬᠦ ᠤᠯᠤᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠬᠠᠶᠢᠨ | ᠪᠠᠶᠢᠴᠠᠭᠠᠬᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠪᠠᠶᠢᠴᠠᠭᠠᠨ ᠰᠢᠯᠭᠠᠵᠤ ᠭᠡᠷᠡᠴᠢᠯᠡᠬᠦ ᠵᠡᠷᠭᠡ ᠲᠠᠯ᠎ᠠ ᠪᠠᠷ | ᠰᠢᠨ᠎ᠡ ᠡᠨᠧᠷᠭᠢ ᠶᠢᠨ ᠰᠤᠷᠪᠤᠯᠵᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠨᠡᠶᠢᠭᠡᠮ ᠳᠠᠶᠠᠭᠠᠷ ᠢᠶᠠᠨ ᠰᠢᠨ᠎ᠡ ᠡᠨᠧᠷᠭᠢ ᠶᠢᠨ ᠰᠤᠷᠪᠤᠯᠵᠢ ᠶᠢ ᠬᠠᠮᠲᠤ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠬᠡᠷᠡᠭᠲᠡᠢ᠃ | | ᠲᠠᠪᠤ᠂ ︽ᠬᠡᠷᠡᠭᠵᠢᠭᠦᠯᠬᠦ ᠲᠥᠰᠥᠯ︾ ᠳᠤ ᠰᠢᠨ᠎ᠡ ᠡᠨᠧᠷᠭᠢ ᠶᠢᠨ ᠠᠵᠤ ᠦᠢᠯᠡᠰ ᠤᠨ ᠡᠷᠡᠭᠦᠯ ᠪᠥᠭᠡᠳ | ᠡᠮᠬᠢ ᠵᠢᠷᠤᠮ ᠲᠠᠢ ᠪᠠᠷ ᠬᠥᠭᠵᠢᠬᠦ ᠶᠢ ᠳᠡᠮᠵᠢᠵᠦ ᠬᠥᠲᠥᠯᠥᠨ ᠵᠢᠯᠣᠭᠤᠳᠤᠨ᠎ᠠ ᠭᠡᠵᠦ ᠳᠤᠷᠠᠳᠤᠨ ᠭᠠᠷᠭᠠᠪᠠ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠨᠢᠯᠴᠠᠭᠤᠯᠤᠭᠠᠷᠠᠢ᠃ | | ᠤᠯᠠᠨ ᠵᠢᠯ ᠤᠨ ᠬᠥᠭᠵᠢᠯᠲᠡ ᠪᠠᠷ ᠳᠠᠮᠵᠢᠭᠠᠳ᠂ ᠮᠠᠨ ᠤ ᠤᠯᠤᠰ ᠨᠢᠭᠡᠨᠲᠡ ᠨᠡᠯᠢᠶᠡᠳ ᠲᠡᠭᠦᠯᠳᠡᠷᠵᠢᠭᠰᠡᠨ | ᠪᠥᠭᠡᠳ ᠵᠣᠬᠢᠬᠤ ᠳᠠᠪᠠᠭᠤᠯᠢᠭ ᠲᠠᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢ | ᠪᠦᠷᠢᠯᠳᠦᠭᠦᠯᠵᠡᠢ᠃ ᠰᠢᠨ᠎ᠡ ᠪᠠᠶᠢᠳᠠᠯ ᠤᠨ ᠳᠣᠣᠷ᠎ᠠ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ | ᠠᠵᠤ ᠦᠢᠯᠡᠰ ᠡᠷᠬᠡᠪᠰᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠬᠥᠭᠵᠢᠯᠲᠡ ᠪᠣᠯᠣᠨ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ | ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ ᠢ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠡᠭᠦᠨ ᠤ | ᠲᠤᠯᠠᠳᠠ᠂ ︽ᠬᠡᠷᠡᠭᠵᠢᠭᠦᠯᠬᠦ ᠲᠥᠰᠥᠯ︾ ᠨᠢ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠬᠤ᠂ | ᠳᠡᠯᠡᠬᠡᠶᠢᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠢᠨ᠎ᠡ ᠡᠨᠧᠷᠭᠢ ᠶᠢᠨ ᠠᠵᠤ | ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠳᠡᠮᠵᠢᠵᠦ ᠬᠥᠲᠥᠯᠥᠨ ᠵᠢᠯᠣᠭᠤᠳᠤᠨ᠎ᠠ᠃ | | ᠨᠢᠭᠡ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠲᠡᠰᠮᠠᠨ ᠤ ᠤᠯᠤᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠬᠢᠷᠢ ᠲᠦᠪᠰᠢᠨ ᠢ ᠲᠦᠯᠬᠢᠨ ᠠᠬᠢᠭᠤᠯᠬᠤ ᠶᠢᠨ ᠲᠥᠯᠥᠭᠡ᠂ ︽ᠬᠡᠷᠡᠭᠵᠢᠭᠦᠯᠬᠦ ᠲᠥᠰᠥᠯ︾ ᠳᠤ | ᠬᠤᠰᠢᠭᠤᠷᠠᠯ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠨᠢᠭᠡ | ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠤᠯᠤᠰ ᠤᠨ ᠲᠡᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ | ᠲᠤᠷᠰᠢᠯᠲᠠ ᠶᠢᠨ ᠲᠠᠰᠤᠭ ᠪᠠ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠵᠤ᠂ ᠰᠠᠭᠤᠷᠢ ᠤᠨᠤᠯ ᠤᠨ ᠰᠤᠳᠤᠯᠭᠠᠨ ᠤ | ᠣᠷᠣᠭᠤᠯᠤᠯᠲᠠ ᠶᠢ ᠨᠡᠮᠡᠭᠳᠡᠭᠦᠯᠵᠦ᠂ ᠪᠠᠷᠠᠭᠠᠯᠬᠢᠯᠠᠯ ᠤᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ | ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠤᠳᠤᠯᠭᠠᠨ ᠢ ᠤᠷᠢᠳᠴᠢᠯᠠᠨ ᠪᠠᠶᠢᠷᠢᠯᠠᠭᠤᠯᠤᠨ᠎ᠠ ᠭᠡᠵᠦ ᠳᠤᠷᠠᠳᠴᠠᠢ᠃ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠪᠠ ᠮᠡᠷᠭᠡᠵᠢᠯ ᠤᠨ ᠳᠡᠰ ᠳᠡᠪᠰᠢᠬᠦ ᠶᠢ ᠲᠦᠯᠬᠢᠨ | ᠠᠬᠢᠭᠤᠯᠬᠤ ᠶᠢᠨ ᠲᠥᠯᠥᠭᠡ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠣᠶᠤᠨᠴᠢᠯᠠᠭᠰᠠᠨ᠂ | ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠶᠢᠨ ᠬᠠᠮᠲᠤ ᠵᠠᠩᠭᠢᠯᠠᠭ᠎ᠠ ᠶᠢᠨ | ᠮᠡᠷᠭᠡᠵᠢᠯ ᠤᠨ ᠰᠢᠪᠲᠤᠯᠤᠯᠲᠠ ᠪᠠ ᠳᠡᠰ ᠳᠡᠪᠰᠢᠬᠦ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠡᠨᠧᠷᠭᠢ ᠶᠢᠨ ᠠᠵᠤ | ᠦᠢᠯᠡᠰ ᠤᠨ ᠣᠶᠤᠨᠴᠢ ᠦᠢᠯᠡᠳᠬᠦ ᠪᠠ ᠲᠣᠭᠠᠴᠢᠯᠠᠯᠲᠠ ᠶᠢᠨ ᠲᠠᠰ ᠳᠡᠪᠰᠢᠬᠦ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠬᠢᠭᠡᠳ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ | ᠠᠭᠤᠰᠤᠯᠴᠠᠯ ᠢ ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠨ ᠰᠠᠯᠬᠢᠨ ᠬᠦᠴᠦᠨ ᠤ ᠴᠠᠬᠢᠯᠭᠠᠨ ᠤ | ᠮᠠᠰᠢᠨ ᠴᠣᠭᠴᠠᠯᠠᠪᠤᠷᠢ᠂ ᠬᠡᠷᠡᠯ ᠴᠡᠨᠡᠭ ᠤᠨ ᠲᠣᠨᠤᠭ ᠢ ᠬᠤᠷᠢᠶᠠᠨ ᠠᠪᠴᠤ ᠰᠢᠢᠳᠪᠦᠷᠢᠯᠡᠬᠦ ᠮᠡᠷᠭᠡᠵᠢᠯ ᠪᠠ ᠰᠢᠨ᠎ᠡ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠪᠢᠲᠡᠭᠦᠦ ᠴᠠᠭᠠᠷᠢᠭ ᠮᠠᠶ᠋ᠢᠭ ᠤᠨ ᠪᠣᠬᠢᠷᠲᠤᠯᠵᠠᠩᠭᠢᠯᠠᠭᠠ ᠶᠢᠨ ᠮᠡᠷᠭᠡᠵᠢᠯ ᠤᠨ | ᠰᠢᠪᠲᠤᠯᠤᠯᠲᠠ ᠶᠢ ᠲᠦᠯᠬᠢᠨ ᠠᠬᠢᠭᠤᠯᠵᠤ᠂ ᠵᠠᠩᠭᠢᠯᠠᠭ᠎ᠠ ᠶᠢᠨ ᠰᠠᠭᠤᠷᠢ ᠮᠠᠲ᠋ᠧᠷᠢᠶᠠᠯ᠂ ᠲᠥᠬᠦᠭᠡᠷᠦᠮᠵᠢ᠂ ᠰᠡᠯᠪᠢᠭ | ᠲᠤᠨᠤᠭ ᠵᠡᠷᠭᠡ ᠮᠡᠷᠭᠡᠵᠢᠯ ᠤᠨ ᠲᠡᠰ ᠳᠡᠪᠰᠢᠬᠦ ᠶᠢ ᠲᠦᠷᠭᠡᠪᠴᠢᠯᠡᠨ ᠠᠬᠢᠭᠤᠯᠤᠨ᠎ᠠ᠃ | | ᠬᠤᠶᠠᠷ ᠲᠤ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ | ᠬᠡᠯᠬᠢᠶ᠎ᠡ ᠵᠢᠨᠰᠢᠨ᠎ᠡ ᠡᠨᠧᠷᠭᠢ ᠶᠢᠨ ᠠᠵᠤ ᠦᠢᠯᠡᠰ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠵᠤ᠂ | ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢᠨ | ᠲᠥᠯᠥᠭᠡ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠳᠤ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠦᠨ ᠬᠠᠮᠢᠶᠠᠷᠬᠤ ᠵᠢᠰᠢᠨ᠎ᠡ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠬᠦ ᠠᠵᠢᠯ ᠢ ᠥᠷᠭᠡᠳᠬᠡᠬᠦ | ᠵᠦᠢᠯᠡᠰ ᠤᠨ ᠮᠡᠳᠡᠭᠡ ᠵᠠᠩᠭᠢ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠲᠥᠬᠦᠭᠡᠷᠦᠮᠵᠢ᠂ | ᠮᠠᠲ᠋ᠧᠷᠢᠶᠠᠯ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠳᠠᠭᠠᠬᠤ | ᠴᠢᠳᠠᠪᠤᠷᠢ ᠶᠢ ᠨᠡᠮᠡᠭᠳᠡᠭᠦᠯᠵᠦ᠂ ᠦᠨ᠎ᠡ ᠬᠠᠩᠰᠢ ᠶᠢᠨ ᠬᠡᠪ ᠤᠨ ᠪᠤᠰᠤ ᠬᠡᠯᠪᠡᠯᠵᠡᠯ ᠢ ᠰᠡᠷᠭᠡᠶᠢᠯᠡᠨ ᠬᠢᠵᠠᠭᠠᠷᠯᠠᠵᠤ᠂ | ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ | ᠬᠠᠳᠠᠨ ᠴᠢᠨᠠᠷ ᠢᠰᠢᠨᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ | ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠬᠦ ᠶᠢᠨ ᠲᠥᠯᠥᠭᠡ᠂ ᠠᠵᠤ | ᠦᠢᠯᠡᠰ ᠤᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠢ ᠵᠢᠯᠣᠭᠤᠳᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠯᠦᠪᠵᠢᠭᠦᠯᠭᠡ ᠶᠢ | ᠰᠠᠶᠢᠲᠤᠷ ᠬᠢᠵᠦ᠂ ᠭᠡᠷᠡᠯ ᠴᠡᠨᠡᠭ ᠤᠨ ᠠᠵᠤ ᠦᠢᠯᠡᠰ ᠤᠨ ᠵᠢᠷᠤᠮᠵᠢᠯ ᠤᠨ ᠨᠥᠬᠦᠴᠡᠯ ᠢ ᠨᠠᠶᠢᠳᠠᠪᠤᠷᠢᠵᠢᠭᠤᠯᠬᠤ | ᠬᠡᠷᠡᠭᠲᠡᠢ᠃ ᠳᠣᠣᠷ᠎ᠠ ᠲᠦᠪᠰᠢᠨ ᠤ ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠬᠤᠷᠢᠭᠯᠠᠵᠤ᠂ ᠭᠤᠣᠯᠴᠢ | ᠥᠷᠢᠰᠦᠯᠳᠦᠭᠡᠨ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠣᠷᠣᠨ ᠨᠤᠲᠤᠭ ᠤᠨ | ᠬᠠᠮᠠᠭᠠᠯᠠᠬᠤ ᠦᠵᠡᠯ ᠢ ᠠᠷᠢᠯᠭᠠᠬᠤ ᠬᠡᠷᠡᠭᠲᠡᠢ᠃ | | ᠭᠤᠷᠪᠠ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠳᠡᠯᠡᠬᠡᠶᠢᠴᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠪᠦᠬᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠠᠮᠲᠤᠷᠠᠯᠴᠠᠭ᠎ᠠ ᠪᠣᠯᠣᠨ | ᠥᠷᠢᠰᠦᠯᠳᠦᠭᠡᠨ ᠲᠠᠰᠤᠷᠠᠯᠲᠠ ᠦᠭᠡᠢ ᠭᠦᠨᠵᠡᠭᠡᠶᠢᠷᠡᠵᠦ᠂ ᠭᠡᠪᠡᠴᠦ ᠮᠠᠨ ᠤ ᠤᠯᠤᠰ ᠤᠨ ᠰᠢᠨ᠎ᠡ ᠡᠨᠧᠷᠭᠢ ᠶᠢᠨ ᠠᠵᠤ | ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠠᠷᠢᠮᠵᠢᠶ᠎ᠠ ᠪᠠ ᠭᠡᠷᠡᠴᠢᠯᠡᠯ ᠤᠨ ᠲᠠᠯ᠎ᠠ ᠪᠠᠷ ᠬᠢ | ᠣᠯᠠᠨ ᠤᠯᠤᠰ ᠤᠨ ᠵᠥᠪᠰᠢᠶᠡᠷᠡᠯ ᠤᠨ ᠬᠡᠮᠵᠢᠶ᠎ᠡ ᠮᠥᠨ ᠬᠦ ᠬᠦᠷᠦᠯᠴᠡᠬᠦ ᠦᠭᠡᠢ ᠡᠶᠢᠮᠦ ᠠᠴᠠ ︽ᠬᠡᠷᠡᠭᠵᠢᠭᠦᠯᠬᠦ | ᠲᠥᠰᠥᠯ︾ ᠳᠤ ᠳᠤᠷᠠᠳᠤᠭᠰᠠᠨ ᠨᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠦᠬᠦ | ᠪᠥᠮᠪᠥᠷᠴᠡᠭ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠡᠯᠡᠬᠡᠢ ᠶᠢᠨ ᠲᠡᠷᠢᠭᠦᠨ ᠤ ᠮᠡᠷᠭᠡᠵᠢᠯ ᠪᠠ ᠶᠠᠰᠤ | ᠴᠢᠨᠠᠷ ᠤᠨ ᠬᠠᠮᠢᠶᠠᠷᠤᠯᠲᠠ ᠶᠢᠨ ᠲᠦᠪᠰᠢᠨ ᠳᠤ ᠬᠦᠷᠦᠭᠰᠡᠨ ᠬᠡᠮᠵᠢᠬᠦ᠂ ᠰᠢᠯᠭᠠᠨ ᠬᠡᠮᠵᠢᠬᠦ ᠪᠠ ᠲᠤᠷᠰᠢᠯᠲᠠ ᠬᠢᠵᠦ | ᠰᠤᠳᠤᠯᠬᠤ ᠴᠢᠳᠠᠪᠤᠷᠢ ᠶᠢ ᠪᠦᠷᠢᠯᠳᠦᠭᠦᠯᠵᠦ᠂ ᠰᠢᠨ᠎ᠡ ᠡᠨᠧᠷᠭᠢ ᠶᠢᠨ ᠬᠦᠷᠢᠶᠡᠨ ᠤ ᠤᠯᠠᠨ ᠤᠯᠤᠰ ᠤᠨ ᠪᠠᠷᠢᠮᠵᠢᠶ᠎ᠠ ᠶᠢ | ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠢᠳᠡᠪᠬᠢᠲᠡᠢ ᠣᠷᠣᠯᠴᠠᠵᠤ᠂ ᠬᠡᠮᠵᠢᠯᠲᠡ ᠶᠢᠨ ᠪᠠ ᠬᠢᠷᠢ ᠲᠡᠩᠴᠡᠬᠦ ᠶᠢ | ᠦᠨᠡᠯᠡᠨ ᠲᠣᠭᠲᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠲᠦᠪᠰᠢᠨ ᠢ ᠳᠡᠭᠡᠭᠰᠢᠯᠡᠭᠦᠯᠵᠦ᠂ ᠮᠠᠨ ᠤ | ᠤᠯᠤᠰ ᠤᠨ ᠪᠠᠷᠢᠮᠵᠢᠶ᠎ᠠ ᠪᠠ ᠰᠢᠯᠭᠠᠨ ᠪᠠᠶᠢᠴᠠᠭᠠᠵᠤ ᠭᠡᠷᠡᠴᠢᠯᠡᠬᠦ ᠪᠠᠶᠢᠭᠤᠯᠤᠮᠵᠢ ᠶᠢᠨ ᠤᠯᠠᠨ ᠤᠯᠤᠰ ᠲᠤ ᠮᠡᠳᠡᠷᠡᠭᠳᠡᠬᠦ | ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | | ᠵᠢᠷᠭᠤᠭ᠎ᠠ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠭᠠᠵᠠᠷ ᠰᠢᠷᠣᠢ ᠪᠠ ᠲᠠᠯᠠᠢ ᠶᠢᠨ | ᠣᠷᠣᠨ ᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢᠨ ᠬᠠᠮᠲᠤ ᠰᠢᠨ᠎ᠡ ᠡᠨᠧᠷᠭᠢ ᠶᠢᠨ ᠰᠤᠷᠪᠤᠯᠵᠢ ᠬᠢᠭᠡᠳ ᠠᠮᠢ | ᠠᠬᠤᠢ ᠶᠢᠨ ᠣᠷᠴᠢᠨ ᠨᠥᠬᠦᠴᠡᠯ ᠤᠨ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠢᠷᠡᠭᠡᠳᠦᠢ ᠶᠢᠨ ᠰᠢᠨ᠎ᠡ | ᠡᠨᠧᠷᠭᠢ ᠶᠢᠨ ᠰᠤᠷᠪᠤᠯᠵᠢ ᠶᠢᠨ ᠶᠡᠭᠡ ᠬᠡᠪᠴᠢᠶ᠎ᠡ ᠪᠠᠷ ᠬᠥᠭᠵᠢᠬᠦ ᠶᠢᠨ ᠪᠡᠷᠬᠡ ᠠᠰᠠᠭᠤᠳᠠᠯ ᠮᠥᠨ᠂ ︽ᠬᠡᠷᠡᠭᠵᠢᠭᠦᠯᠬᠦ | ᠲᠥᠰᠥᠯ︾ ᠳᠤ ᠡᠨᠡ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ᠃ | | ︽ᠬᠡᠷᠡᠭᠵᠢᠭᠦᠯᠬᠦ ᠲᠥᠰᠥᠯ︾ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠳᠤ ᠬᠡᠷᠡᠭᠯᠡᠬᠦ | ᠭᠠᠵᠠᠷ ᠰᠢᠷᠣᠢ ᠲᠡᠯᠡᠶ ᠶᠢᠨ ᠬᠡᠷᠡᠭᠯᠡᠭᠡᠨ ᠤ ᠪᠠᠲᠤᠯᠠᠭ᠎ᠠ ᠶᠢ ᠤᠯᠠᠮ ᠴᠢᠩᠭᠠᠳᠬᠠᠵᠤ᠂ ᠭᠠᠵᠠᠷ ᠰᠢᠷᠣᠢ ᠬᠡᠷᠡᠭᠯᠡᠬᠦ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠢ ᠪᠣᠯᠭᠠᠬᠤ᠂ ᠭᠠᠶᠢᠯᠢ ᠰᠦᠢᠳᠬᠡᠯ ᠲᠠᠲᠠᠪᠤᠷᠢᠯᠠᠬᠤ ᠶᠢ | ᠵᠢᠷᠤᠮᠵᠢᠭᠤᠯᠬᠤ᠂ ᠣᠷᠣᠨ ᠵᠠᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠠᠮᠢ | ᠠᠬᠤᠢ ᠶᠢ ᠰᠡᠷᠭᠦᠭᠡᠬᠦ ᠲᠥᠷᠥᠯ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠳᠡᠯᠭᠡᠷᠡᠭᠦᠯᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠢᠯ ᠲᠥᠷᠥᠯ ᠤᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠭᠠᠵᠠᠷ ᠰᠢᠷᠣᠢ ᠬᠡᠷᠡᠭᠯᠡᠬᠦ ᠬᠦᠴᠢᠷᠳᠡᠯᠲᠦ ᠪᠠᠶᠢᠳᠠᠯ ᠢ ᠰᠢᠢᠳᠪᠦᠷᠢᠯᠡᠬᠦ ᠶᠢ ᠲᠦᠯᠬᠢᠨ | ᠠᠬᠢᠭᠤᠯᠪᠠ᠃ | | ᠨᠢᠭᠡ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠭᠠᠵᠠᠷ ᠬᠡᠷᠡᠭᠯᠡᠬᠦ ᠶᠢ ᠵᠠᠬᠢᠷᠤᠨ ᠬᠠᠮᠢᠶᠠᠷᠬᠤ | ᠳᠦᠷᠢᠮ ᠢ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢ ᠶᠡᠭᠡ ᠬᠡᠪᠴᠢᠶ᠎ᠡ ᠪᠠᠷ ᠨᠡᠭᠡᠭᠡᠨ ᠠᠰᠢᠭᠯᠠᠬᠤ | ᠵᠦᠢ ᠵᠣᠬᠢᠰᠲᠠᠢ ᠣᠷᠣᠨ ᠵᠠᠢ ᠶᠢᠨ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠣᠷᠣᠨ ᠵᠠᠢ ᠶᠢᠨ | ᠲᠥᠯᠦᠪᠵᠢᠭᠦᠯᠭᠡ ᠶᠢᠨ ᠬᠤᠭᠤᠷᠣᠨᠳᠣᠬᠢ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ | ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠬᠤ ᠴᠢᠬᠤᠯᠠᠲᠠᠢ᠃ ︽ᠬᠡᠷᠡᠭᠵᠢᠭᠦᠯᠬᠦ ᠲᠥᠰᠥᠯ︾ ᠳᠤ | ᠳᠤᠷᠠᠳᠤᠭᠰᠠᠨ ᠨᠢ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠡᠷᠡᠭᠯᠡᠬᠦ ᠭᠠᠵᠠᠷ᠂ ᠲᠡᠯᠡᠶ ᠬᠡᠷᠡᠭᠯᠡᠬᠦ ᠣᠷᠣᠨ ᠵᠠᠢ ᠶᠢᠨ | ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ᠂ ᠠᠮᠢ | ᠠᠬᠤᠢ ᠶᠢᠨ ᠣᠷᠴᠢᠨ ᠨᠥᠬᠦᠴᠡᠯ ᠬᠢᠭᠡᠳ ᠡᠨᠧᠷᠭᠢ ᠶᠢᠨ ᠰᠤᠷᠪᠤᠯᠵᠢ ᠶᠢᠨ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠬᠤᠭᠤᠷᠣᠨᠳᠣᠬᠢ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ | ᠲᠥᠷᠥᠯ ᠵᠦᠢᠯ ᠤᠨ ᠣᠷᠣᠨ ᠵᠠᠢ ᠶᠢᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠲᠤ ᠣᠷᠣᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠮᠣ | ᠬᠡᠯᠪᠡᠷᠢ ᠶᠢᠨ ᠥᠩᠭᠡ ᠦᠵᠡᠮᠵᠢ ᠶᠢᠨ ᠴᠠᠬᠢᠯᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ ᠬᠡᠷᠡᠭᠯᠡᠬᠦ ᠭᠠᠵᠠᠷ ᠰᠢᠷᠣᠢ ᠬᠡᠷᠡᠭᠯᠡᠬᠦ ᠣᠶ ᠰᠢᠭᠤᠢ ᠬᠡᠷᠡᠭᠯᠡᠬᠦ ᠡᠪᠡᠰᠦ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠤᠨ᠎ᠠ᠃ ᠪᠠᠰᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ | ᠬᠡᠷᠡᠭᠯᠡᠯᠲᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠰᠠᠭᠤᠷᠢᠨ ᠳᠡᠭᠡᠷ᠎ᠡ᠂ ᠡᠯᠡᠰᠦ ᠮᠠᠩᠬ᠎ᠠ᠂ ᠭᠤᠪᠢ | ᠂ ᠡᠯᠡᠰᠦᠨ ᠴᠥᠯ ᠵᠡᠷᠭᠡ ᠠᠰᠢᠭᠯᠠᠭᠠᠳᠤᠢ ᠭᠠᠵᠠᠷ ᠢ ᠭᠦᠢᠴᠡᠳ ᠠᠰᠢᠭᠯᠠᠵᠤ᠂ ᠲᠣᠮᠣ ᠬᠡᠯᠪᠡᠷᠢ ᠶᠢᠨ ᠥᠩᠭᠡ | ᠦᠵᠡᠮᠵᠢ ᠶᠢᠨ ᠴᠠᠬᠢᠯᠭᠠᠨ ᠤ ᠰᠠᠭᠤᠷᠢᠨ ᠭᠠᠵᠠᠷ ᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠳᠤᠷᠠᠳᠤᠨ ᠭᠠᠷᠭᠠᠵᠠᠢ᠃ ᠡᠭᠦᠨ ᠠᠴᠠ ᠭᠠᠳᠠᠨ᠎ᠠ᠂ ᠡᠯ᠎ᠡ ᠭᠠᠵᠠᠷ ᠤᠨ ᠭᠠᠵᠠᠷ ᠰᠢᠷᠣᠢ ᠶᠢᠨ ᠬᠡᠷᠡᠭᠯᠡᠯᠲᠡ ᠶᠢᠨ ᠭᠠᠶᠢᠯᠢ | ᠲᠠᠲᠠᠪᠤᠷᠢ ᠶᠢ ᠵᠢᠷᠤᠮᠵᠢᠭᠤᠯᠬᠤ ᠶᠢᠨ ᠲᠥᠯᠥᠭᠡ᠂ ︽ᠬᠡᠷᠡᠭᠵᠢᠭᠦᠯᠬᠦ ᠲᠥᠰᠥᠯ︾ ᠳᠤ᠂ ᠣᠷᠣᠨ ᠨᠤᠲᠤᠭ ᠤᠨ | ᠵᠠᠰᠠᠭ ᠤᠨ ᠣᠷᠳᠣᠨ ᠭᠠᠵᠠᠷ ᠰᠢᠷᠣᠢ ᠶᠢᠨ ᠬᠡᠷᠡᠭᠯᠡᠯᠲᠡ ᠶᠢᠨ ᠭᠠᠶᠢᠯᠢ ᠲᠠᠲᠠᠪᠤᠷᠢ ᠶᠢ ᠬᠠᠤᠯᠢ ᠶᠣᠰᠣᠭᠠᠷ ᠴᠢᠩᠭ᠎ᠠ | ᠲᠠᠲᠠᠪᠤᠷᠢᠯᠠᠵᠤ᠂ ᠬᠠᠤᠯᠢ ᠴᠠᠭᠠᠵᠠ ᠶᠢᠨ ᠲᠣᠭᠲᠠᠭᠠᠯ ᠠᠴᠠ ᠬᠡᠲᠦᠷᠡᠭᠦᠯᠦᠨ ᠪᠤᠰᠤᠳ ᠰᠦᠢᠳᠬᠡᠯ ᠲᠠᠲᠠᠪᠤᠷᠢᠯᠠᠵᠤ | ᠪᠣᠯᠬᠤ ᠦᠭᠡᠢ ᠭᠡᠵᠦ ᠲᠣᠳᠣᠷᠬᠠᠢ ᠳᠤᠷᠠᠳᠤᠨ ᠭᠠᠷᠭᠠᠵᠠᠢ᠃ | | ᠬᠤᠶᠠᠷ ᠲᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠮᠠᠨ ᠤ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠨᠡᠯᠢᠶᠡᠳ ᠪᠠᠴᠢᠮ | ᠪᠠᠶᠢᠨ᠎ᠠ᠂ ᠢᠯᠠᠩᠭᠤᠶ᠎ᠠ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ | ᠵᠦᠢᠯᠡᠰ ᠲᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ | ᠠᠰᠢᠭᠯᠠᠬᠤ ᠬᠡᠷᠡᠭᠲᠡᠢ᠃ ︽ᠬᠡᠷᠡᠭᠵᠢᠭᠦᠯᠬᠦ ᠲᠥᠰᠥᠯ︾ ᠳᠤ᠂ ᠭᠠᠵᠠᠷ ᠰᠢᠷᠣᠢ ᠬᠡᠷᠡᠭᠯᠡᠬᠦ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠬᠦ ᠬᠡᠷᠡᠭᠲᠡᠢ᠂ ᠪᠠᠷᠢᠮᠵᠢᠶ᠎ᠠ ᠶᠢᠨ ᠬᠢᠵᠠᠭᠠᠷᠯᠠᠯ ᠠᠴᠠ ᠬᠡᠲᠦᠷᠡᠭᠦᠯᠵᠦ ᠪᠣᠯᠬᠤ ᠦᠭᠡᠢ᠃ ᠡᠭᠦᠨ ᠤ | ᠵᠡᠷᠭᠡᠴᠡᠭᠡᠪᠡᠷ ᠲᠧᠭᠨᠢᠭ ᠮᠡᠷᠭᠡᠵᠢᠯ ᠤᠨ ᠲᠡᠪᠰᠢᠯᠳᠠ ᠪᠠᠷ ᠳᠠᠮᠵᠢᠭᠤᠯᠤᠨ ᠭᠠᠵᠠᠷ ᠰᠢᠷᠣᠢ ᠶᠢ ᠠᠷᠪᠢᠯᠠᠨ ᠭᠠᠮᠨᠠᠵᠤ᠂ | ᠭᠠᠵᠠᠷ ᠰᠢᠷᠣᠢ ᠶᠢ ᠠᠷᠪᠢᠯᠠᠨ ᠭᠠᠮᠨᠠᠬᠤ ᠮᠡᠷᠭᠡᠵᠢᠯ ᠪᠠ ᠭᠠᠵᠠᠷ ᠰᠢᠷᠣᠢ ᠶᠢ ᠠᠷᠪᠢᠯᠠᠨ ᠭᠠᠮᠨᠠᠬᠤ ᠵᠠᠭᠪᠤᠷ ᠢ | ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠬᠦ ᠬᠡᠮᠵᠢᠶ᠎ᠡ ᠶᠢ ᠡᠷᠬᠡᠪᠰᠢ | ᠤᠯᠤᠰ ᠤᠨ ᠳᠣᠲᠣᠭᠠᠳᠤ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠬᠢᠷᠢ ᠬᠡᠮᠵᠢᠶᠡᠨ ᠳᠤ ᠬᠦᠷᠭᠡᠬᠦ ᠬᠡᠷᠡᠭᠲᠡᠢ᠃ | ᠲᠡᠯᠡᠶ ᠶᠢᠨ ᠡᠷᠭᠢ ᠶᠢᠨ ᠱᠤᠭᠤᠮ ᠢ ᠡᠵᠡᠯᠡᠨ ᠬᠡᠷᠡᠭᠯᠡᠬᠦ ᠪᠠ ᠨᠥᠯᠥᠭᠡᠯᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠶᠢᠨ ᠲᠥᠯᠥᠭᠡ᠂ ︽ᠬᠡᠷᠡᠭᠵᠢᠭᠦᠯᠬᠦ ᠲᠥᠰᠥᠯ︾ ᠳᠤ ᠪᠠᠰᠠ᠂ ᠡᠷᠭᠢ ᠣᠶᠢᠷᠠᠯᠴᠠᠭ᠎ᠠ ᠰᠠᠯᠬᠢᠨ | ᠬᠦᠴᠦᠨ ᠤ ᠴᠠᠬᠢᠯᠭᠠᠨ ᠤ ᠲᠠᠯᠠᠪᠤᠷ ᠤᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠠᠯᠤᠰ ᠬᠡᠲᠦ ᠶᠢᠨ | ᠲᠡᠯᠡᠶ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ | ᠬᠠᠭᠤᠷᠠᠢ ᠳᠤ ᠭᠠᠷᠬᠤ ᠴᠠᠬᠢᠯᠭᠠᠨ ᠳᠡᠭᠡᠰᠦᠨ ᠤ ᠬᠤᠭᠤᠯᠠᠢ ᠶᠢᠨ ᠬᠤᠩᠭᠢᠯ ᠢ ᠵᠢᠷᠤᠮᠵᠢᠭᠤᠯᠤᠨ ᠪᠠᠶᠢᠷᠢᠯᠠᠭᠤᠯᠬᠤ | ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠲᠥᠷᠥᠯ ᠵᠦᠢᠯ ᠤᠨ | ᠲᠡᠯᠡᠶ ᠶᠢᠨ ᠣᠷᠣᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | | ᠭᠤᠷᠪᠠ ᠳᠤ ᠠᠮᠢ ᠠᠬᠤᠢ ᠶᠢ ᠰᠡᠷᠭᠦᠭᠡᠬᠦ ᠲᠦᠷᠦᠯ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ | ᠶᠡᠭᠡ ᠪᠠᠷ ᠳᠡᠯᠭᠡᠷᠡᠭᠦᠯᠦᠨ᠎ᠡ᠃ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠨᠢ ᠵᠣᠬᠢᠬᠤ ᠠᠮᠢ ᠠᠬᠤᠢ ᠶᠢᠨ | ᠰᠡᠷᠭᠦᠭᠡᠯᠲᠡ ᠶᠢᠨ ᠦᠷ᠎ᠡ ᠪᠦᠲᠦᠮᠵᠢ ᠲᠠᠢ ᠪᠠᠶᠢᠵᠤ᠂ ︽ᠬᠡᠷᠡᠯ ᠸᠣᠯᠲ +︾ ᠪᠠᠷ ᠡᠯᠡᠰᠦ ᠮᠠᠩᠬ᠎ᠠ᠂ ᠭᠤᠪᠢ᠂ | ᠠᠭᠯᠠᠭ ᠠᠭᠤᠯᠠ᠂ ᠰᠠᠭᠤᠭᠳᠠᠭᠰᠠᠨ ᠣᠷᠣᠨ ᠵᠡᠷᠭᠡ ᠭᠠᠵᠠᠷ ᠰᠢᠷᠣᠢ ᠶᠢ ᠵᠠᠰᠠᠵᠤ᠂ ᠰᠢᠨ᠎ᠡ ᠡᠨᠧᠷᠭᠢ ᠶᠢ ᠨᠡᠭᠡᠭᠡᠨ | ᠠᠰᠢᠭᠯᠠᠬᠤ ᠪᠠ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠭᠠᠵᠠᠷ | ᠰᠢᠷᠣᠢ ᠶᠢ ᠥᠨᠳᠥᠷ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠬᠦ ᠶᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃ ︽ | ᠬᠡᠷᠡᠭᠵᠢᠭᠦᠯᠬᠦ ᠲᠥᠰᠥᠯ︾ ᠳᠤ ᠡᠭᠦᠨ ᠤ ᠲᠤᠯᠠᠳᠠ ᠠᠮᠢ ᠠᠬᠤᠢ ᠶᠢᠨ ᠰᠡᠷᠭᠦᠭᠡᠯᠲᠡ ᠶᠢᠨ ᠲᠥᠷᠥᠯ ᠤᠨ ᠰᠢᠨ᠎ᠡ | ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠶᠡᠭᠡ ᠪᠠᠷ ᠳᠡᠯᠭᠡᠷᠡᠭᠦᠯᠵᠦ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ | ᠠᠮᠢ ᠠᠬᠤᠢ ᠶᠢᠨ ᠰᠡᠷᠭᠦᠭᠡᠯᠲᠡ ᠶᠢᠨ ᠲᠥᠷᠥᠯ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠵᠢᠷᠤᠵᠤ | ᠲᠥᠯᠥᠪᠯᠡᠬᠦ᠂ ᠪᠠᠷᠢᠯᠭ᠎ᠠ ᠪᠠᠷᠢᠬᠤ ᠵᠡᠷᠭᠡ ᠪᠠᠷᠢᠮᠵᠢᠶ᠎ᠠ ᠶᠢᠨ ᠵᠢᠷᠤᠮᠵᠢᠯ ᠢ ᠰᠤᠳᠤᠯᠤᠨ ᠨᠡᠶᠢᠲᠡᠯᠡᠬᠦ ᠶᠢᠨ ᠬᠠᠮᠲᠤ᠂ | ᠬᠠᠶᠢᠷᠬᠠᠭ ᠴᠦᠯᠵᠢᠯ᠂ ᠡᠯᠡᠰᠦᠷᠬᠡᠭᠵᠢᠯ ᠭᠠᠵᠠᠷ ᠰᠢᠷᠣᠢ ᠵᠢᠴᠢ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ | ᠰᠠᠭᠤᠭᠰᠠᠨ ᠣᠷᠣᠨ ᠵᠡᠷᠭᠡ ᠠᠭᠤᠷᠬᠠᠢ ᠶᠢᠨ ᠣᠷᠣᠨ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ | ᠪᠠ ᠰᠡᠷᠭᠦᠭᠡᠯᠲᠡ ᠶᠢᠨ ᠦᠷ᠎ᠡ ᠠᠰᠢᠭ ᠪᠦᠬᠦᠢ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠥᠷᠨᠢᠭᠦᠯᠬᠦ ᠶᠢ | ᠳᠡᠮᠵᠢᠬᠦ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠵᠠᠢ᠃ | | ᠳᠣᠯᠤᠭ᠎ᠠ᠂ ︽ᠬᠡᠷᠡᠭᠵᠢᠭᠦᠯᠬᠦ ᠲᠥᠰᠥᠯ︾ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠷᠭ᠎ᠠ | ᠪᠠᠷᠢᠯ ᠢᠶᠠᠷ ᠳᠠᠮᠵᠢᠭᠤᠯᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢ ᠳᠡᠮᠵᠢᠨ᠎ᠡ᠂ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠬᠢᠨ ᠬᠡᠷᠡᠭᠵᠢᠭᠦᠯᠬᠦ ᠪᠣᠶ︖ | | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠥᠩᠭᠡ ᠦᠵᠡᠮᠵᠢ ᠵᠡᠷᠭᠡ | ᠭᠤᠣᠯ ᠪᠣᠯᠬᠤ ᠰᠢᠨ᠎ᠡ ᠡᠨᠧᠷᠭᠢ ᠶᠢᠨ ᠰᠤᠷᠪᠤᠯᠵᠢ ᠨᠢ ᠡᠩ ᠤᠨ ᠦᠨ᠎ᠡ ᠶᠢᠨ ᠨᠥᠬᠦᠪᠦᠷᠢ ᠦᠭᠡᠢ ᠪᠠᠷ | ᠰᠦᠯᠵᠢᠶᠡᠨ ᠳᠤ ᠭᠠᠷᠬᠤ ᠶᠢ ᠨᠢᠭᠡᠨᠲᠡ ᠪᠡᠶᠡᠯᠡᠭᠦᠯᠵᠦ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠳᠡᠮᠵᠢᠬᠦ | ᠴᠢᠭᠯᠡᠯ ᠪᠠ ᠵᠠᠭᠪᠤᠷ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠬᠤ ᠴᠢᠬᠤᠯᠠᠲᠠᠢ ᠪᠠᠶᠢᠵᠤ᠂ ᠡᠳ᠋ ᠤᠨ ᠵᠠᠰᠠᠭ᠂ ᠮᠥᠩᠭᠦᠨ | ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠤᠯᠠᠮ ︽ᠬᠡᠷᠡᠭᠵᠢᠭᠦᠯᠬᠦ ᠲᠥᠰᠥᠯ︾ ᠳᠤ ᠭᠤᠷᠪᠠᠨ | ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠄ | | ᠨᠢᠭᠡ ᠳᠤ ᠡᠳ᠋ ᠤᠨ ᠵᠠᠰᠠᠭ ᠤᠨ ᠪᠡᠯᠡ ᠮᠥᠩᠭᠦ ᠵᠢᠨᠲ᠋ᠥ᠋ᠪ ᠪᠠ ᠣᠷᠣᠨ ᠨᠤᠲᠤᠭ ᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠵᠠᠷᠴᠢᠮ ᠶᠣᠰᠣᠭᠠᠷ ᠨᠡᠮᠡᠭᠳᠡᠯ ᠪᠡᠯᠡ | ᠮᠥᠩᠭᠦ ᠶᠢ ᠰᠠᠶᠢᠲᠤᠷ ᠬᠡᠷᠡᠭᠯᠡᠨ᠎ᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠠᠬᠢ ᠨᠥᠬᠦᠴᠡᠯ ᠳᠤ | ᠨᠡᠶᠢᠴᠡᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠣᠷᠣᠨ ᠨᠤᠲᠤᠭ ᠤᠨ | ᠵᠠᠰᠠᠭ ᠤᠨ ᠣᠷᠳᠣᠨ ᠤ ᠵᠢᠭᠡᠯᠡᠯᠭᠡ ᠶᠢᠨ | | ᠬᠤᠶᠠᠷ ᠲᠤ ᠮᠥᠩᠭᠦᠨ ᠭᠦᠢᠯᠭᠡᠭᠡᠨ ᠢᠶᠠᠷ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ | ᠪᠣᠯᠬᠤ ᠪᠠ ᠬᠤᠳᠠᠯᠳᠤᠭ᠎ᠠ ᠶᠢ ᠦᠷᠭᠦᠯᠵᠢᠯᠡᠭᠦᠯᠬᠦ ᠪᠠᠷ ᠤᠷᠢᠲᠠᠯ ᠪᠣᠯᠭᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠦᠯᠡᠳᠡᠭᠡᠯ ᠲᠥᠷᠥᠯ ᠵᠦᠢᠯ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠶᠢᠨ ᠡᠷᠬᠡ ᠶᠢ ᠨᠤᠲᠠᠯᠠᠨ | ᠲᠣᠭᠲᠠᠭᠠᠬᠤ ᠵᠢᠭᠡᠯᠡᠯᠭᠡ ᠲᠠᠯᠪᠢᠬᠤ ᠶᠢ ᠠᠬᠢᠭᠤᠯᠤᠨ᠎ᠠ᠃ ᠴᠠᠬᠢᠯᠭᠠᠨ ᠤ ᠲᠣᠣᠷ ᠤᠨ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠳᠠᠪᠠᠭᠤᠯᠢᠭ ᠢ ᠠᠰᠢᠭᠯᠠᠨ᠂ ᠪᠡᠯᠡ ᠮᠥᠩᠭᠦ ᠶᠢᠨ ᠢᠷᠡᠯᠲᠡ ᠶᠢ ᠥᠷᠭᠡᠳᠬᠡᠵᠦ᠂ ᠳᠠᠬᠢᠨ | ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠯᠲᠠ ᠶᠢ ᠦᠷᠭᠦᠯᠵᠢᠯᠡᠭᠦᠯᠬᠦ ᠨᠥᠬᠦᠪᠦᠷᠢ ᠶᠢᠨ | ᠪᠡᠯᠡ ᠮᠥᠩᠭᠦ ᠵᠢᠨᠮᠥ᠋ᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠬᠢᠷᠲᠤᠯ ᠦᠭᠡᠢ ᠡᠳ᠋ ᠬᠥᠷᠥᠩᠭᠡ ᠶᠢᠨ ᠳᠡᠮᠵᠢᠯᠭᠡ | ︵ᠬᠤᠳᠠᠯᠳᠤᠭ᠎ᠠ︶ ᠶᠢᠨ ᠫᠢᠶᠣᠣ ᠪᠠᠷᠢᠮᠲᠠ᠂ ᠪᠠᠲᠤᠯᠠᠨ ᠬᠠᠮᠢᠶᠠᠷᠬᠤ ᠵᠡᠷᠭᠡ ᠰᠢᠨ᠎ᠡ ᠶᠢ ᠡᠭᠦᠳᠬᠦ ᠲᠥᠰᠥᠯ | ᠬᠠᠩᠭᠠᠬᠤ ᠶᠢ ᠳᠡᠮᠵᠢᠵᠦ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ ᠬᠡᠷᠡᠭᠴᠡᠭᠡ | ᠱᠠᠭᠠᠷᠳᠠᠯᠭ᠎ᠠ ᠶᠢ ᠰᠢᠢᠳᠪᠦᠷᠢᠯᠡᠨ᠎ᠡ᠃ | | ᠭᠤᠷᠪᠠ ᠳᠤ ᠵᠦᠢ ᠶᠣᠰᠣᠨ ᠤ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠶᠢ | ᠪᠠᠶᠠᠯᠢᠭᠵᠢᠭᠤᠯᠤᠨ᠎ᠠ᠃ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂ ᠡᠵᠡᠩᠨᠡᠯᠲᠡ ᠪᠠ ᠬᠡᠷᠡᠭᠯᠡᠯᠲᠡ ᠳᠤ | ᠬᠤᠯᠪᠣᠭᠳᠠᠬᠤ ᠠᠵᠤ ᠠᠬᠤᠶᠢᠯᠠᠯ ᠤᠨ ᠬᠡᠮᠵᠢᠶ᠎ᠡ ᠶᠡᠭᠡ ᠬᠡᠪᠴᠢᠶ᠎ᠡ ᠥᠷᠭᠡᠨ᠂ ᠪᠡᠯᠡ ᠲᠣᠬᠢᠷᠠᠭᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠪᠠ ᠪᠡᠯᠡ ᠲᠣᠬᠢᠷᠠᠭᠤᠯᠭ᠎ᠠ ᠶᠢᠨ ᠬᠦᠴᠢᠷᠳᠡᠯ ᠠᠳᠠᠯᠢ ᠦᠭᠡᠢ ᠪᠣᠯᠬᠤᠷ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠦᠢᠯᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠴᠦ᠂ ᠲᠦᠭᠰᠢᠭᠦᠷᠢ ᠶᠢ ᠡᠵᠡᠮᠳᠡᠵᠦ | ᠪᠣᠯᠬᠤ ᠤᠷᠢᠲᠠᠯ ᠳᠣᠣᠷ᠎ᠠ ᠪᠣᠬᠢᠷᠲᠤᠯ ᠦᠭᠡᠢ ᠵᠢᠭᠡᠯᠡᠯᠭᠡ ᠶᠢᠨ ᠲᠡᠮᠳᠡᠭᠲᠦ᠂ ᠪᠣᠬᠢᠷᠲᠤᠯ ᠦᠭᠡᠢ ᠢᠲᠡᠭᠡᠮᠵᠢᠲᠦ | ᠵᠢᠭᠡᠯᠡᠯᠭᠡ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠤᠯᠤᠰ ᠠᠴᠠ ᠨᠢᠭᠡᠨᠲᠡ ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠢ ᠰᠠᠭᠤᠷᠢ ᠲᠥᠬᠦᠭᠡᠷᠦᠮᠵᠢ ᠶᠢᠨ ᠦᠯᠦ | ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵ | REITs︶ ᠶᠢᠨ ᠲᠤᠷᠰᠢᠯᠲᠠ ᠶᠢᠨ ᠴᠡᠭ ᠤᠨ ᠳᠡᠮᠵᠢᠬᠦ ᠬᠡᠪᠴᠢᠶᠡᠨ ᠳᠤ ᠣᠷᠣᠭᠤᠯᠤᠭᠰᠠᠨ ᠪᠣᠯᠬᠤᠷ ᠵᠦᠢᠯᠡᠰ ᠤᠨ | ᠵᠢᠷᠤᠮ ᠴᠤᠪᠤᠷᠠᠯ ᠪᠠ ᠵᠢᠷᠤᠮᠵᠢᠯ ᠢ ᠲᠦᠷᠭᠡᠬᠡᠨ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠶᠢᠨ | ᠵᠦᠢᠯᠡᠰ ᠤᠨ ᠫᠠᠶᠢᠰᠠ ᠡᠯᠭᠦᠬᠦ ᠶᠢ ᠢᠳᠡᠪᠬᠢᠲᠡᠢ ᠲᠦᠯᠬᠢᠨ ᠠᠬᠢᠭᠤᠯᠬᠤ ᠶᠢᠨ ᠬᠠᠮᠲᠤ ᠳᠡᠮᠵᠢᠬᠦ ᠬᠡᠪᠴᠢᠶ᠎ᠡ ᠶᠢ | ᠥᠷᠭᠡᠳᠬᠡᠬᠦ ᠬᠡᠷᠡᠭᠲᠡᠢ᠃ ᠪᠥᠬᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ | ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠠᠢ ᠤᠶᠠᠯᠳᠤᠭᠤᠯᠤᠨ᠂ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ | ᠲᠥᠷᠥᠯ ᠵᠦᠢᠯ ᠤᠨ ᠬᠦᠯᠡᠮᠵᠢ ᠶᠢᠨ ᠬᠡᠢ ᠪᠡᠶᠡᠲᠦ ᠶᠢᠨ ᠬᠠᠷᠭᠤᠭᠤᠯᠤᠨ ᠭᠡᠷᠡᠴᠢᠯᠡᠬᠦ ᠭᠠᠳᠠᠭᠰᠢᠯᠠᠭᠤᠯᠤᠯᠲᠠ ᠶᠢ | ᠪᠠᠭᠠᠰᠬᠠᠬᠤ ᠬᠡᠮᠵᠢᠶ᠎ᠡ ᠶᠢ ᠪᠥᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠲᠤ ᠣᠷᠣᠭᠤᠯᠤᠨ | ᠲᠦᠭᠡᠭᠡᠯ ᠲᠤᠭ᠎ᠠ ᠶᠢ ᠢᠯᠭᠠᠷᠠᠭᠤᠯᠤᠨ ᠲᠤᠰᠢᠶᠠᠵᠤ ᠲᠤᠯᠭᠠᠨ ᠬᠠᠰᠤᠬᠤ ᠶᠢ ᠳᠡᠮᠵᠢᠨ᠎ᠡ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ᠰᠢᠨ᠎ᠡ ᠴᠠᠭ ᠦᠶ᠎ᠡ ᠶᠢᠨ ᠰᠢᠨ᠎ᠡ ᠡᠨᠧᠷᠭᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ |