| | | | ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠠᠷᠠᠳ ᠤᠨ ᠪᠠᠩᠬᠢ ᠵᠡᠷᠭᠡ ᠳᠥᠷᠪᠡᠨ ᠰᠠᠯᠠᠭ᠎ᠠ | ᠮᠥᠴᠢᠷ ᠬᠠᠮᠲᠤᠷᠠᠨ ︽2022 ᠣᠨ ᠤ ᠥᠪᠡᠷ ᠤᠨ ᠥᠷᠲᠡᠭ ᠢ ᠪᠠᠭᠤᠷᠠᠭᠤᠯᠬᠤ ᠭᠤᠣᠯᠳᠠᠯᠭ᠎ᠠ ᠲᠠᠢ ᠠᠵᠢᠯ ᠢ | ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠪᠠ᠃ | ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ᠂ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠪᠠᠭᠤᠷᠠᠭᠤᠯᠬᠤ᠂ ᠳᠦᠷᠢᠮ ᠤᠨ ᠴᠢᠨᠠᠷᠲᠠᠢ | ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ 2022 ᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ | ᠦᠷᠳᠡᠭ ᠢ ᠪᠠᠭᠤᠷᠠᠭᠤᠯᠬᠤ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠠᠴᠠ ᠭᠤᠣᠯᠳᠠᠯᠭ᠎ᠠ ᠲᠠᠢ | ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ 8 ᠲᠠᠯ᠎ᠠ ᠶᠢᠨ 26 ᠵᠦᠢᠯ ᠤᠨ ᠡᠭᠦᠷᠭᠡ ᠶᠢ ᠲᠣᠳᠣᠷᠬᠠᠶᠢᠯᠠᠪᠠ᠃ | | ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠨᠢ ᠴᠢᠬᠤᠯᠠ ᠠᠴᠢ ᠬᠤᠯᠪᠣᠭᠳᠠᠯ ᠲᠠᠢ ᠶᠤᠮ | | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠥᠪᠡᠷ ᠤᠨ ᠥᠷᠲᠡᠭ ᠢ ᠪᠠᠭᠤᠷᠠᠭᠤᠯᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2017 ᠣᠨ ᠠᠴᠠ ᠨᠠᠰᠢ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠵᠢᠯ ᠪᠦᠷᠢ ᠥᠪᠡᠷ ᠤᠨ | ᠥᠷᠲᠡᠭ ᠢ ᠪᠠᠭᠤᠷᠠᠭᠤᠯᠬᠤ ᠭᠤᠣᠯᠳᠠᠯᠭ᠎ᠠ ᠲᠠᠢ ᠠᠵᠢᠯ ᠤᠨ ᠮᠡᠳᠡᠭᠳᠡᠯ ᠢ ᠬᠡᠪᠯᠡᠨ ᠲᠠᠷᠬᠠᠭᠠᠵᠤ᠂ ᠲᠣᠰ ᠵᠢᠯ ᠤᠨ | ᠥᠪᠡᠷ ᠤᠨ ᠥᠷᠲᠡᠭ ᠢ ᠪᠠᠭᠤᠷᠠᠭᠤᠯᠬᠤ ᠲᠥᠷᠥᠯ ᠪᠦᠷᠢ ᠶᠢᠨ ᠭᠤᠣᠯᠳᠠᠯᠭ᠎ᠠ ᠲᠠᠢ ᠡᠨᠡ ᠵᠢᠯ ᠤᠨ ︽ᠮᠡᠳᠡᠭᠳᠡᠯ︾ ᠨᠢ | ᠲᠥᠷᠥ ᠶᠢᠨ ᠶᠠᠪᠤᠳᠠᠯ ᠤᠨ ᠬᠤᠷᠢᠶᠠᠨ ᠤ ︽ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ | ᠥᠪᠡᠷ ᠤᠨ ᠥᠷᠲᠡᠭ ᠢ ᠪᠠᠭᠤᠷᠠᠭᠤᠯᠬᠤ ᠠᠵᠢᠯ ᠤᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ | ᠢ ᠦᠷᠭᠦᠯᠵᠢᠯᠡᠭᠦᠯᠵᠦ᠂ ᠣᠳᠣᠬᠠᠨ ᠤ ᠵᠠᠭᠤᠨ ᠵᠢᠯ ᠤᠨ ᠬᠤᠪᠢᠷᠠᠯᠲᠠ ᠪᠣᠯᠣᠨ ᠡᠷᠢᠨ ᠵᠠᠭᠤᠨ ᠤ ᠬᠢᠵᠢᠭ ᠤᠨ ᠪᠠᠶᠢᠳᠠᠯ | ᠳᠠᠪᠬᠤᠴᠠᠵᠤ ᠪᠠᠶᠢᠭ᠎ᠠ ᠪᠤᠳᠤᠯᠢᠶᠠᠨᠲᠠᠢ ᠪᠠᠶᠢᠳᠠᠯ ᠤᠨ ᠳᠣᠣᠷ᠎ᠠ ᠨᠡᠩ ᠴᠢᠬᠤᠯᠠ ᠠᠴᠢ ᠬᠤᠯᠪᠣᠭᠳᠠᠯ ᠲᠠᠢ ᠪᠣᠯᠵᠠᠢ᠃ | | ᠨᠢᠭᠡ ᠲᠠᠯ᠎ᠠ ᠪᠠᠷ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠪᠠᠲᠤᠯᠠᠵᠤ᠂ ᠠᠵᠤ ᠠᠬᠤᠢ ᠶᠢᠨ | ᠦᠷᠭᠦᠯᠵᠢᠯᠡᠨ ᠲᠣᠭᠲᠠᠭᠤᠨ ᠢᠶᠠᠷ ᠰᠡᠷᠭᠦᠬᠦ ᠶᠢ ᠠᠬᠢᠭᠤᠯᠬᠤ ᠳᠤ ᠠᠰᠢᠭᠲᠠᠢ ᠶᠤᠮ᠃ ᠡᠨᠡ ᠵᠢᠯ ᠠᠴᠠ ᠨᠠᠰᠢ᠂ | ᠠᠭᠤᠰᠬᠢᠨ ᠦᠷᠪᠢᠰᠦᠯ ᠤᠨ ᠰᠢᠨ᠎ᠡ ᠬᠢᠵᠢᠭ ᠪᠣᠯᠣᠨ ᠦᠺᠷᠠᠶᠢᠨ ᠤ ᠬᠢᠮᠤᠷᠠᠯ ᠨᠢ ᠮᠠᠨ ᠤ ᠤᠯᠤᠰ ᠤᠨ ᠠᠵᠤ ᠠᠬᠤᠢ | ᠶᠢᠨ ᠬᠥᠭᠵᠢᠯᠲᠡ ᠶᠢᠨ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠲᠣᠭᠲᠠᠭᠠᠯᠲᠤ | ᠪᠤᠰᠤ ᠴᠢᠨᠠᠷ ᠢ ᠪᠤᠶ ᠪᠣᠯᠭᠠᠵᠠᠢ᠃ 4 ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠬᠤᠷᠠᠯ ᠠᠴᠠ ᠲᠣᠳᠣᠷᠬᠠᠢ ᠵᠢᠭᠠᠵᠤ ᠭᠠᠷᠭᠠᠭᠰᠠᠨ ᠨᠢ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢ | ᠲᠣᠭᠲᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠲᠠ ᠳᠤ ᠤᠴᠠᠷᠠᠭᠰᠠᠨ ᠠᠵᠢᠯ | ᠲᠥᠷᠥᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ | ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠷᠡᠭᠲᠡᠢ᠃ ᠥᠪᠡᠷ ᠤᠨ ᠥᠷᠲᠡᠭ ᠢ ᠪᠠᠭᠤᠷᠠᠭᠤᠯᠬᠤ 8 ᠲᠠᠯ᠎ᠠ ᠶᠢᠨ 26 ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠪᠴᠢᠯᠡᠨ ᠠᠬᠢᠭᠤᠯᠬᠤ ᠨᠢ ᠠᠵᠤ ᠠᠬᠤᠶᠢᠯᠠᠯ ᠤᠨ | ᠦᠢᠯᠡᠳᠪᠦᠷᠢᠯᠡᠬᠦ ᠠᠵᠢᠯ ᠡᠵᠡᠩᠨᠡᠯᠲᠡ ᠳᠤ ᠢᠳᠡᠪᠬᠢᠲᠡᠢ ᠨᠥᠯᠥᠭᠡ ᠦᠵᠡᠭᠦᠯᠵᠦ᠂ ᠠᠵᠤ ᠠᠬᠤᠶᠢᠯᠠᠯ ᠢ ᠬᠠᠪᠰᠤᠷᠤᠨ | ᠪᠡᠷᠬᠡ ᠪᠣᠭᠤᠮᠲᠠ ᠶᠢ ᠳᠤᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠬᠦᠴᠦᠲᠡᠢ ᠨᠡᠮᠡᠭᠳᠡᠭᠦᠯᠦᠨ᠂ ᠠᠵᠤ ᠠᠬᠤᠢ | ᠶᠢᠨ ᠠᠵᠢᠯᠯᠠᠭᠠᠨ ᠢ ᠲᠣᠭᠲᠠᠭᠤᠨ ᠪᠣᠯᠭᠠᠬᠤ ᠨᠢ ᠯᠠᠪᠲᠠᠢ ᠶᠤᠮ᠃ | | ᠨᠥᠭᠦᠭᠡ ᠲᠠᠯ᠎ᠠ ᠪᠠᠷ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ ᠰᠢᠨ᠎ᠡ ᠶᠢ ᠡᠭᠦᠳᠬᠦ ᠪᠣᠯ ᠬᠥᠭᠵᠢᠯᠲᠡ ᠶᠢ | ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ | ᠵᠠᠩᠭᠢᠯᠠᠭ᠎ᠠ ᠪᠣᠯᠣᠨ᠎ᠠ᠃ ︽ᠮᠡᠳᠡᠭᠳᠡᠯ︾ ᠳᠤ ᠱᠠᠭᠠᠷᠳᠠᠭᠰᠠᠨ ᠨᠢ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ | ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ | ᠠᠬᠤᠶᠢᠯᠠᠯ ᠤᠨ ᠣᠷᠣᠭᠤᠯᠤᠯᠲᠠ ᠶᠢᠨ ᠰᠠᠭᠤᠷᠢ ᠰᠤᠳᠤᠯᠭᠠᠨ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ | ᠲᠥᠬᠦᠭᠡᠷᠦᠮᠵᠢ ᠪᠠᠭᠠᠵᠢ ᠬᠡᠷᠡᠭᠰᠡᠯ ᠤᠨ ᠡᠯᠡᠭᠳᠡᠯ ᠢ ᠲᠦᠷᠭᠡᠨ ᠪᠤᠳᠤᠬᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ ︽ᠮᠡᠳᠡᠭᠳᠡᠯ︾ ᠳᠤ ᠪᠠᠰᠠ ᠬᠥᠮᠥᠨ ᠤ ᠬᠦᠴᠦᠨ ᠤ ᠡᠬᠢ ᠪᠠᠶᠠᠯᠢᠭ ᠤᠨ ᠬᠢᠷᠢ | ᠲᠦᠪᠰᠢᠨ ᠢ ᠳᠡᠭᠡᠭᠰᠢᠯᠡᠭᠦᠯᠬᠦ ᠪᠠᠷ ᠭᠤᠣᠯᠯᠠᠭᠤᠯᠤᠨ᠂ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠤᠷᠭᠠᠯᠲᠠ ᠶᠢ ᠦᠷᠭᠦᠯᠵᠢᠯᠡᠨ ᠥᠷᠨᠢᠭᠦᠯᠵᠦ᠂ ᠦᠢᠯᠡᠳᠬᠦ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠪᠠᠴᠢᠮ ᠬᠡᠷᠡᠭᠰᠡᠬᠦ ᠴᠢᠳᠠᠪᠤᠷᠢᠲᠠᠨ ᠢ ᠲᠦᠷᠭᠡᠨ ᠬᠥᠮᠥᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠡᠲᠡᠭᠡᠷ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠬᠤ ᠶᠢ ᠳᠠᠭᠠᠯᠳᠤᠨ᠂ ᠴᠢᠨᠠᠷ ᠰᠠᠶᠢᠲᠠᠢ | ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠤᠯᠠᠮ ᠬᠥᠭᠵᠢᠭᠡᠬᠦ ᠪᠣᠯᠣᠨ᠎ᠠ᠃ | | ᠬᠤᠶᠠᠷ᠂ ︽ᠮᠡᠳᠡᠭᠳᠡᠯ︾ ᠳᠠᠬᠢ ᠲᠦᠷᠦ ᠶᠢᠨ ᠪᠣᠳᠣᠯᠭ᠎ᠠ ᠶᠢᠨ ᠰᠢᠰᠲ᠋ᠧᠮ ᠨᠢ ᠪᠦᠬᠦ ᠲᠠᠯ᠎ᠠ ᠶᠢᠨ ᠪᠠᠶᠢᠵᠤ᠂ | ᠠᠵᠤ ᠠᠬᠤᠶᠢᠯᠠᠯ ᠢ ᠪᠦᠲᠦᠮᠵᠢᠲᠡᠶ ᠪᠠᠷ ᠬᠠᠪᠰᠤᠷᠤᠨ ᠬᠦᠴᠢᠷᠳᠡᠯ ᠢ ᠰᠢᠢᠳᠪᠦᠷᠢᠯᠡᠵᠦ ᠪᠡᠷᠬᠡ ᠪᠣᠭᠤᠮᠲᠠ ᠶᠢ | ᠳᠤᠭᠤᠯᠬᠤ ᠪᠣᠯᠣᠨ᠎ᠠ | | ︽ᠮᠡᠳᠡᠭᠳᠡᠯ︾ ᠳᠤ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠠᠷᠭ᠎ᠠ | ᠤᠬᠠᠭᠠᠨ ᠰᠦᠪᠡᠭᠴᠢᠯᠡᠬᠦ ᠶᠢ ᠴᠢᠬᠤᠯᠠᠴᠢᠯᠠᠵᠤ᠂ ᠱᠠᠲᠤ ᠦᠶ᠎ᠡ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠣᠨ | ᠳᠦᠷᠢᠮ ᠤᠨ ᠴᠢᠨᠠᠷᠲᠠᠢ ᠲᠣᠬᠢᠷᠠᠭᠤᠯᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠢᠯᠡ ᠥᠪᠡᠷ ᠤᠨ | ᠥᠷᠲᠡᠭ ᠢ ᠪᠠᠭᠤᠷᠠᠭᠤᠯᠬᠤ ᠪᠠ ᠳᠠᠯᠳᠠ ᠥᠪᠡᠷ ᠤᠨ ᠥᠷᠲᠡᠭ ᠢ ᠪᠠᠭᠤᠷᠠᠭᠤᠯᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠦᠵᠡᠭᠦᠯᠵᠦ ᠭᠤᠣᠯᠴᠢ ᠪᠠᠶᠢᠯᠭᠠᠬᠤ ᠪᠠ ᠨᠠᠷᠢᠯᠢᠭ ᠣᠨᠣᠴᠠᠲᠠᠢ ᠪᠠᠷ ᠳᠡᠮᠵᠢᠬᠦ | ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠬᠠᠪᠰᠤᠷᠤᠨ ᠲᠡᠳᠬᠦᠬᠦ ᠪᠠ ᠠᠵᠤ | ᠠᠬᠤᠶᠢᠯᠠᠯ ᠤᠨ ᠳᠠᠯᠳᠠ ᠬᠦᠴᠦᠨ ᠢ ᠠᠭᠤᠳᠠᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ 8 ᠲᠠᠯ᠎ᠠ ᠪᠠᠷ ᠲᠥᠷᠥ | ᠶᠢᠨ ᠶᠠᠪᠤᠳᠠᠯ ᠤᠨ ᠬᠤᠷᠢᠶᠠᠨ ᠤ ︽ᠪᠣᠳᠠᠲᠤ ᠴᠣᠭᠴᠠ ᠶᠢᠨ ᠠᠵᠤ ᠠᠬᠤᠢ ᠶᠢᠨ ᠠᠵᠤ ᠠᠬᠤᠶᠢᠯᠠᠯ ᠤᠨ ᠥᠪᠡᠷ ᠤᠨ | ᠥᠷᠲᠡᠭ ᠢ ᠪᠠᠭᠤᠷᠠᠭᠤᠯᠬᠤ ᠠᠵᠢᠯ ᠤᠨ ᠲᠥᠰᠥᠯ︾ ᠲᠠᠢ ᠤᠯᠠᠮᠵᠢᠯᠠᠯ ᠨᠢᠭᠡᠲᠡᠢ ᠪᠠᠶᠢᠵᠤ᠂ ᠠᠵᠤ ᠠᠬᠤᠶᠢᠯᠠᠯ ᠤᠨ | ᠥᠪᠡᠷ ᠤᠨ ᠥᠷᠲᠡᠭ ᠤᠨ ᠳᠠᠷᠤᠭᠠᠰᠤ ᠶᠢ ᠣᠯᠠᠨ ᠲᠠᠯ᠎ᠠ ᠠᠴᠠ᠂ ᠪᠦᠬᠦ ᠲᠠᠯ᠎ᠠ ᠪᠠᠷ ᠬᠥᠩᠭᠡᠷᠡᠭᠦᠯᠦᠨ᠎ᠡ᠃ | | ᠨᠢᠭᠡ ᠳᠤ ᠭᠠᠶᠢᠯᠢ ᠶᠢ ᠬᠥᠩᠭᠡᠯᠡᠬᠦ ᠪᠠ ᠭᠠᠶᠢᠯᠢ ᠶᠢ ᠪᠤᠴᠠᠭᠠᠬᠤ ᠶᠢ ᠵᠡᠷᠭᠡᠪᠡᠷ ᠴᠢᠬᠤᠯᠠᠴᠢᠯᠠᠵᠤ᠂ ᠵᠠᠬ᠎ᠠ | ᠳᠡᠯᠭᠡᠭᠦᠷ ᠤᠨ ᠭᠤᠤᠯ ᠴᠤᠭᠴᠠ ᠶᠢᠨ ᠠᠮᠢᠳᠤᠯᠢᠭ ᠬᠦᠴᠦᠨ ᠢ ᠴᠢᠩᠭᠠᠷᠠᠭᠤᠯᠤᠨ᠎ᠠ᠃ ᠨᠢᠭᠡ ᠲᠠᠯ᠎ᠠ ᠪᠠᠷ᠂ ᠦᠢᠯᠡᠳᠬᠦ | ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠲᠡᠳᠬᠦᠨ ᠳᠡᠮᠵᠢᠬᠦ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠬᠠᠰᠤᠵᠤ ᠬᠡᠯᠲᠦᠷᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠯᠡᠬᠦ | ᠬᠡᠪᠴᠢᠶ᠎ᠡ ᠶᠢ ᠥᠷᠭᠡᠳᠬᠡᠨ᠎ᠡ᠃ ᠠᠵᠤ ᠦᠢᠯᠡᠳᠪᠦᠷᠢ ᠶᠢᠨ ᠨᠡᠮᠡᠭᠳᠡᠯ ᠪᠠ ᠦᠢᠯᠡᠴᠢᠯᠡᠭᠡᠨ ᠤ ᠦᠢᠯᠡᠰ ᠤᠨ | ᠬᠦᠷᠢᠶᠡᠨ ᠳᠠᠬᠢ ᠬᠦᠴᠢᠷᠳᠡᠯ ᠲᠠᠢ ᠠᠵᠢᠯ ᠲᠦᠷᠦᠯ ᠢ ᠰᠡᠷᠭᠦᠭᠡᠨ ᠬᠥᠭᠵᠢᠭᠦᠯᠬᠦ ᠭᠠᠶᠢᠯᠢ ᠰᠦᠢᠳᠬᠡᠯ ᠤᠨ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠨᠦᠬᠦᠭᠡ ᠲᠠᠯ᠎ᠠ ᠪᠠᠷ᠂ ᠦᠷᠳᠡᠭ ᠨᠡᠮᠡᠭᠳᠡᠯ ᠤᠨ ᠭᠠᠶᠢᠯᠢ ᠶᠢᠨ | ᠦᠯᠡᠳᠡᠭᠡᠬᠦ ᠪᠠ ᠲᠤᠯᠭᠠᠨ ᠬᠠᠰᠤᠬᠤ ᠭᠠᠶᠢᠯᠢ ᠶᠢ ᠪᠤᠴᠠᠭᠠᠬᠤ ᠳᠦᠷᠢᠮ ᠢ ᠶᠡᠭᠡ ᠪᠠᠷ ᠰᠠᠶᠢᠵᠢᠷᠠᠭᠤᠯᠵᠤ᠂ ᠦᠯᠡᠳᠡᠭᠡᠬᠦ | ᠪᠠ ᠲᠤᠯᠭᠠᠨ ᠬᠠᠰᠤᠬᠤ ᠭᠠᠶᠢᠯᠢ ᠶᠢᠨ ᠲᠤᠭ᠎ᠠ ᠳᠤ ᠶᠡᠭᠡ ᠬᠡᠪᠴᠢᠶ᠎ᠡ ᠪᠠᠷ ᠭᠠᠶᠢᠯᠢ ᠶᠢ ᠪᠤᠴᠠᠭᠠᠬᠤ ᠶᠢ ᠤᠷᠢᠳᠴᠢᠯᠠᠨ | ᠬᠡᠷᠡᠭᠵᠢᠭᠦᠯᠪᠡ᠃ ᠵᠢᠵᠢᠭ ᠪᠢᠴᠢᠯ ᠠᠵᠤ ᠠᠬᠤᠶᠢᠯᠠᠯ ᠢ ᠤᠷᠢᠳᠠᠪᠠᠷ ᠲᠣᠬᠢᠷᠠᠭᠤᠯᠵᠤ᠂ ᠦᠢᠯᠡᠳᠬᠦ ᠦᠢᠯᠡᠰ ᠢ | ᠭᠤᠣᠯᠳᠠᠯᠭ᠎ᠠ ᠲᠠᠢ ᠲᠡᠮᠵᠢᠨ᠎ᠡ᠃ | | ᠬᠤᠶᠠᠷ ᠲᠤ ᠶᠡᠷᠦᠩᠬᠡᠢ ᠬᠡᠮᠵᠢᠶ᠎ᠡ ᠪᠣᠯᠣᠨ ᠪᠦᠲᠦᠴᠡ ᠶᠢ ᠵᠡᠷᠭᠡ ᠪᠠᠷ ᠴᠢᠬᠤᠯᠠᠴᠢᠯᠠᠵᠤ᠂ ᠪᠣᠳᠠᠲᠤ | ᠴᠣᠭᠴᠠ ᠶᠢᠨ ᠠᠵᠤ ᠠᠬᠤᠢ ᠳᠤ ᠦᠵᠡᠭᠦᠯᠬᠦ ᠮᠥᠩᠭᠦᠨ ᠭᠦᠢᠯᠭᠡᠭᠡᠨ ᠤ ᠪᠦᠲᠦᠮᠵᠢᠲᠡᠶ ᠳᠡᠮᠵᠢᠯᠭᠡ ᠶᠢ ᠴᠢᠩᠭᠠᠳᠬᠠᠨ᠎ᠠ | ᠃ ᠨᠢᠭᠡ ᠲᠠᠯ᠎ᠠ ᠪᠠᠷ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ | ᠬᠡᠪᠴᠢᠶᠡᠨ ᠤ ᠨᠡᠮᠡᠭᠳᠡᠯ ᠤᠨ ᠬᠤᠷᠳᠤᠴᠠ ᠬᠢᠭᠡᠳ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ | ᠦᠨᠳᠦᠰᠦᠨ ᠳᠡᠭᠡᠨ ᠵᠣᠬᠢᠴᠠᠭᠤᠯᠬᠤ ᠶᠢ ᠪᠠᠲᠤᠯᠠᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ | ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ | ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠤᠨ | ᠲᠣᠭᠲᠠᠭᠤᠨᠨᠥ᠋ᠭᠦᠭᠡ ᠲᠠᠯ᠎ᠠ ᠪᠠᠷ᠂ ᠲᠠᠷᠢᠶᠠᠯᠠᠩ ᠳᠤ ᠬᠤᠯᠪᠣᠭᠳᠠᠬᠤ᠂ ᠵᠢᠵᠢᠭ ᠪᠢᠴᠢᠯ ᠠᠵᠤ ᠠᠬᠤᠶᠢᠯᠠᠯ᠂ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠭᠦᠯᠵᠢᠯᠡᠨ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠷᠭᠦᠯᠵᠢᠯᠡᠭᠰᠡᠨ | ᠴᠢᠨᠠᠷᠲᠠᠢ ᠪᠡᠯᠡ ᠮᠥᠩᠭᠦᠨ ᠤ ᠳᠡᠮᠵᠢᠯᠭᠡ ᠬᠠᠩᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠬᠢᠵᠢᠭ ᠤᠨ ᠪᠠᠶᠢᠳᠠᠯ ᠳᠤ ᠬᠦᠨᠳᠦ ᠨᠣᠴᠢᠲᠠᠢ ᠨᠥᠯᠥᠭᠡᠯᠡᠭᠳᠡᠭᠰᠡᠨ ᠠᠵᠢᠯ ᠲᠥᠷᠥᠯ ᠤᠨ | ᠠᠵᠤ ᠠᠬᠤᠶᠢᠯᠠᠯ ᠳᠤ ᠦᠷᠭᠦᠯᠵᠢᠯᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠵᠦ᠂ ᠠᠵᠢᠯ ᠲᠥᠷᠥᠯ ᠤᠨ | ᠴᠢᠨᠠᠷᠲᠠᠢ ᠵᠢᠭᠡᠯᠡᠯᠭᠡ ᠶᠢ ᠬᠢᠵᠠᠭᠠᠷᠯᠠᠬᠤ᠂ ᠵᠢᠭᠡᠯᠡᠯᠭᠡ ᠰᠤᠭᠤᠯᠬᠤ᠂ ᠵᠢᠭᠡᠯᠡᠯᠭᠡ ᠶᠢ ᠲᠠᠰᠤᠯᠳᠠᠭᠤᠯᠬᠤ ᠪᠠᠶᠢᠳᠠᠯ ᠭᠠᠷᠬᠤ | ᠠᠴᠠ ᠵᠠᠶᠢᠯᠠᠰᠬᠢᠨ᠎ᠡ᠃ | | ᠭᠤᠷᠪᠠ ᠳᠤ ᠣᠳᠣᠬᠠᠨ ᠤ ᠪᠠ ᠠᠯᠤᠰ ᠢᠷᠡᠭᠡᠳᠦᠢ ᠶᠢ ᠵᠡᠷᠭᠡᠪᠡᠷ ᠬᠠᠷᠠᠭᠠᠯᠵᠠᠵᠤ᠂ ᠪᠣᠳᠠᠲᠤ ᠴᠣᠭᠴᠠ ᠶᠢᠨ | ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠢᠭᠡ ᠲᠠᠯ᠎ᠠ ᠪᠠᠷ᠂ | ᠭᠠᠶᠢᠯᠢ ᠰᠦᠢᠳᠬᠡᠯ᠂ ᠪᠡᠯᠡ ᠲᠣᠬᠢᠷᠠᠭᠤᠯᠭ᠎ᠠ᠂ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ ᠡᠳ᠋ ᠪᠠᠷᠠᠭᠠᠨ ᠤ | ᠭᠦᠢᠯᠭᠡᠭᠡ ᠵᠡᠷᠭᠡ ᠢᠯᠡ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ | ᠬᠦᠴᠦᠯᠡᠨ ᠠᠬᠢᠭᠤᠯᠤᠨ᠎ᠠ᠃ ᠨᠥᠭᠦᠭᠡ ᠲᠠᠯ᠎ᠠ ᠪᠠᠷ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ | ᠦᠷᠭᠦᠯᠵᠢᠯᠡᠨ ᠲᠦᠯᠬᠢᠨ ᠠᠬᠢᠭᠤᠯᠬᠤ᠂ ᠭᠤᠥᠯᠴᠢ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠭᠦᠨᠵᠡᠭᠡᠢ ᠲᠦᠯᠬᠢᠨ ᠠᠬᠢᠭᠤᠯᠬᠤ᠂ ᠮᠣᠨᠣᠫᠣᠯᠢᠴᠢᠯᠠᠯ ᠢ ᠡᠰᠡᠷᠭᠦᠴᠡᠬᠦ ᠪᠠ ᠵᠦᠢ ᠪᠤᠰᠤ | ᠥᠷᠢᠰᠦᠯᠳᠦᠭᠡᠨ ᠢ ᠴᠢᠩᠭᠠᠳᠬᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ | ᠬᠡᠷᠡᠭᠯᠡᠯᠲᠡ ᠶᠢ ᠴᠢᠩᠭᠠᠳᠬᠠᠬᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ | ᠬᠡᠪᠴᠢᠶ᠎ᠡ ᠶᠢ ᠥᠷᠭᠡᠳᠬᠡᠬᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠳᠤ | ᠠᠷᠠᠳ ᠢᠷᠭᠡᠨ ᠤ ᠬᠠᠷᠠᠭᠠᠯᠵᠠᠯ ᠦᠵᠡᠭᠦᠯᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠲᠥᠷᠥ ᠶᠢᠨ ᠪᠣᠳᠣᠯᠭ᠎ᠠ ᠶᠢ ᠦᠨᠡᠨ ᠬᠦ ᠵᠢᠷᠤᠮᠵᠢᠭᠤᠯᠬᠤ ᠪᠠᠷ | ᠳᠠᠮᠵᠢᠭᠤᠯᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ᠃ | | ᠳᠥᠷᠪᠡ ᠳᠤ ᠭᠠᠳᠠᠭᠠᠳᠤ ᠪᠠ ᠳᠣᠲᠣᠭᠠᠳᠤ ᠶᠢ ᠵᠡᠷᠭᠡᠴᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ | ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠵᠣᠷᠢᠭᠵᠢᠭᠤᠯᠤᠨ᠎ᠠ᠃ ᠠᠵᠤ | ᠠᠬᠤᠶᠢᠯᠠᠯ ᠤᠨ ᠭᠠᠳᠠᠨᠠᠬᠢ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠶᠢᠨ ᠬᠠᠮᠲᠤ᠂ 5G ᠶᠢᠨ | ᠬᠡᠪᠴᠢᠶᠡᠵᠢᠭᠰᠡᠨ ᠬᠡᠷᠡᠭᠯᠡᠯᠲᠡ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠬᠥᠭᠵᠢᠯᠲᠡ ᠶᠢ ᠲᠦᠷᠭᠡᠳᠬᠡᠨ᠂ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ | ᠠᠬᠢᠭᠤᠯᠤᠨ᠎ᠠ᠃ ᠠᠵᠤ ᠠᠬᠤᠶᠢᠯᠠᠯ ᠤᠨ ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠭᠦᠢᠴᠡᠳ | ᠠᠰᠢᠭᠯᠠᠬᠤ ᠶᠢ ᠵᠣᠷᠢᠭᠵᠢᠭᠤᠯᠵᠤ᠂ ᠥᠪᠡᠷᠮᠢᠴᠡᠵᠢᠭᠦᠯᠦᠨ ᠲᠣᠭᠲᠠᠭᠠᠬᠤ᠂ ᠵᠥᠭᠡᠯᠡᠵᠢᠭᠦᠯᠦᠨ ᠦᠢᠯᠡᠳᠪᠦᠷᠢᠯᠡᠬᠦ᠂ | ᠣᠶᠤᠨᠴᠢᠯᠠᠨ ᠦᠢᠯᠡᠳᠬᠦ᠂ ᠨᠠᠷᠢᠯᠢᠭᠵᠢᠭᠤᠯᠤᠨ ᠬᠠᠮᠢᠶᠠᠷᠬᠤ ᠶᠢ ᠬᠥᠭᠵᠢᠭᠦᠯᠵᠦ᠂ ᠡᠨᠧᠷᠭᠢ ᠠᠷᠪᠢᠯᠠᠨ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠥᠭᠡᠷᠡᠴᠢᠯᠡᠯᠲᠡ ᠶᠢ ᠲᠦᠷᠭᠡᠳᠬᠡᠨ᠂ ᠥᠪᠡᠷ ᠤᠨ ᠥᠷᠲᠡᠭ ᠢ | ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽2022 ᠣᠨ ᠤ ᠥᠪᠡᠷ ᠤᠨ ᠥᠷᠲᠡᠭ ᠢ | ᠪᠠᠭᠤᠷᠠᠭᠤᠯᠬᠤ ᠭᠤᠣᠯᠳᠠᠯᠭ᠎ᠠ ᠲᠠᠢ ᠠᠵᠢᠯ ᠤᠨ ᠲᠤᠬᠠᠢ ᠮᠡᠳᠡᠭᠳᠡᠯ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ |