︽ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠤᠬᠠᠭᠠᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠳᠦᠷᠢᠮ ᠵᠡᠷᠭᠡ 5 ᠵᠦᠢᠯ ᠤᠨ ᠵᠢᠷᠤᠮᠵᠢᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ  ᠲᠠᠶᠢᠯᠤᠮᠵᠢ
ᠨᠡᠶᠢᠲᠡᠯᠡᠭᠰᠡᠨ ᠴᠠᠭ᠄
2023/12/18
                     ᠣᠶᠢᠷ᠎ᠠ ᠶᠢᠨ ᠵᠢᠯ ᠤᠳ ᠲᠤ᠂ ᠠᠷᠠᠳ ᠣᠯᠠᠨ ᠤ ᠵᠦᠢ ᠵᠣᠬᠢᠰᠲᠠᠢ ᠪᠠᠷ ᠡᠮ ᠬᠡᠷᠡᠭᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ ᠪᠠᠶᠢᠬᠤ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠳᠠᠭᠠᠯᠳᠤᠨ᠂ ᠮᠠᠨ ᠤ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠦᠢᠯᠡᠴᠢᠯᠡᠭᠡ ᠲᠦᠷᠭᠡᠨ ᠬᠥᠭᠵᠢᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠤᠯᠠᠮ ᠢᠶᠠᠷ ᠥᠷᠭᠡᠵᠢᠨ᠂ ᠦᠢᠯᠡᠴᠢᠯᠡᠭᠡᠨ ᠤ ᠠᠭᠤᠯᠤᠭᠳᠠᠬᠤᠨ ᠨᠠᠩ ᠪᠠᠶᠠᠯᠢᠭ ᠪᠣᠯᠪᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠦᠢᠯᠡᠴᠢᠯᠡᠭᠡ ᠶᠢ ᠵᠢᠷᠤᠮᠵᠢᠭᠤᠯᠤᠨ ᠬᠠᠩᠭᠠᠬᠤ ᠶᠢ ᠵᠢᠯᠤᠭᠤᠳᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠷᠣᠨ ᠨᠤᠲᠤᠭ ᠤᠨ ᠲᠤᠷᠰᠢᠯᠭ᠎ᠠ ᠶᠢ ᠳ᠋ᠦᠩᠨᠡᠵᠦ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠳᠦᠷᠢᠮ ᠵᠡᠷᠭᠡ 5 ᠵᠦᠢᠯ ᠤᠨ ᠵᠢᠷᠤᠮᠵᠢᠯ ᠢ ᠬᠡᠪᠯᠡᠨ ᠲᠠᠷᠬᠠᠭᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ 5 ᠵᠦᠢᠯ ᠤᠨ ᠵᠢᠷᠤᠮᠵᠢᠯ ᠳᠤ᠄ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠳᠦᠷᠢᠮ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ ᠳᠠᠬᠢᠨ ᠴᠡᠭᠴᠡᠯᠡᠬᠦ ᠦᠢᠯᠡᠴᠢᠯᠡᠭᠡᠨ ᠤ ᠳᠦᠷᠢᠮ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠦᠷᠢᠮ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠬᠢᠨᠠᠨ ᠬᠠᠮᠠᠭᠠᠯᠠᠬᠤ ᠦᠢᠯᠡᠴᠢᠯᠡᠭᠡᠨ ᠤ ᠳᠦᠷᠢᠮ ᠪᠠ ᠭᠡᠷ ᠲᠡᠭᠡᠨ ᠰᠠᠭᠤᠵᠤ ᠪᠠᠶᠢᠭ᠎ᠠ ᠡᠮ ᠤᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃            ᠲᠣᠰ ︽ᠮᠡᠳᠡᠭᠳᠡᠯ︾ ᠨᠢ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠠᠲᠤᠯᠠᠬᠤ ᠳᠤ ᠰᠠᠭᠤᠷᠢᠯᠠᠨ᠂ ᠠᠳᠠᠯᠢ ᠪᠤᠰᠤ ᠡᠮ ᠤᠨ ᠰᠤᠳᠤᠯᠤᠯ ᠤᠨ ᠦᠢᠯᠡᠴᠢᠯᠡᠭᠡ ᠶᠢᠨ ᠲᠣᠮᠢᠶᠠᠯᠠᠯ ᠢ ᠲᠣᠰ ᠲᠣᠰ ᠥᠭᠴᠦ᠂ ᠬᠡᠷᠡᠭᠯᠡᠬᠦ ᠡᠮᠴᠢᠯᠡᠭᠡᠨ ᠤ ᠪᠠᠶᠢᠭᠤᠯᠤᠮᠵᠢ ᠶᠢᠨ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠵᠣᠬᠢᠴᠠᠩᠭᠤᠢ ᠡᠮ ᠤᠨ ᠰᠤᠳᠤᠯᠤᠯ ᠤᠨ ᠦᠢᠯᠡᠴᠢᠯᠡᠭᠡ ᠬᠠᠩᠭᠠᠬᠤ ᠳᠤ ᠨᠡᠶᠢᠴᠡᠪᠡᠰᠦ ᠵᠣᠬᠢᠬᠤ ᠦᠨᠳᠦᠰᠦᠨ ᠱᠠᠭᠠᠷᠳᠠᠯᠭ᠎ᠠ ᠵᠢᠴᠢ ᠦᠢᠯᠡᠴᠢᠯᠡᠬᠦ ᠡᠲᠡᠭᠡᠳ᠂ ᠠᠵᠢᠯ ᠤᠨ ᠠᠭᠤᠯᠭ᠎ᠠ᠂ ᠶᠠᠰᠤ ᠴᠢᠨᠠᠷ ᠤᠨ ᠬᠠᠮᠢᠶᠠᠷᠤᠯᠲᠠ ᠬᠢᠭᠡᠳ ᠦᠨᠡᠯᠡᠨ ᠰᠠᠶᠢᠵᠢᠷᠠᠭᠤᠯᠬᠤ ᠵᠡᠷᠭᠡ ᠶᠢ ᠲᠣᠭᠲᠠᠭᠠᠵᠠᠢ᠃            ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡ ᠭᠡᠳᠡᠭ ᠨᠢ ᠡᠮ ᠨᠠᠶᠢᠷᠠᠭᠴᠢ ᠶᠢᠨ ᠡᠭᠦᠳᠡᠨ ᠡᠮᠨᠡᠯᠭᠡ ᠳᠤ ᠡᠪᠡᠳᠴᠢᠲᠡᠨ ᠳᠤ ᠬᠠᠩᠭᠠᠭᠰᠠᠨ ᠠᠯᠢ ᠣᠯᠠᠨ ᠲᠤᠰᠬᠠᠶᠢᠵᠢᠭᠰᠠᠨ ᠦᠢᠯᠡᠴᠢᠯᠡᠭᠡ ᠶᠢ ᠵᠢᠭᠠᠵᠤ ᠪᠣᠶ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡ ᠬᠢᠵᠦ ᠪᠠᠶᠢᠭ᠎ᠠ ᠡᠮ ᠨᠠᠶᠢᠷᠠᠭᠴᠢ ᠶᠢᠨ ᠨᠥᠬᠦᠴᠡᠯ ᠤᠨ ᠱᠠᠭᠠᠷᠳᠠᠯᠭ᠎ᠠ ᠨᠢ ᠬᠠᠷᠢᠴᠠᠩᠭᠤᠢ ᠪᠠᠷ ᠨᠡᠯᠢᠶᠡᠳ ᠥᠨᠳᠥᠷ ᠪᠠᠶᠢᠵᠤ᠂ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠣᠷᠣᠭᠤᠯᠤᠨ ᠨᠢᠭᠡᠳᠦᠯᠲᠡᠢ ᠬᠠᠮᠢᠶᠠᠷᠤᠨ᠎ᠠ᠃ ᠡᠮ ᠬᠡᠷᠡᠭᠯᠡᠬᠦ ᠰᠤᠷᠭᠠᠨ ᠬᠥᠮᠦᠵᠢᠯ ᠤᠨ ᠦᠢᠯᠡᠴᠢᠯᠡᠭᠡ ᠪᠣᠯ ᠬᠠᠮᠤᠭ ᠤᠨ ᠪᠠᠶᠢᠩᠭᠤ ᠲᠣᠬᠢᠶᠠᠯᠳᠤᠳᠠᠭ ᠡᠮ ᠤᠨ ᠤᠬᠠᠭᠠᠨ ᠤ ᠦᠢᠯᠡᠴᠢᠯᠡᠭᠡ ᠮᠥᠨ᠂ ᠡᠮ ᠨᠠᠶᠢᠷᠠᠭᠴᠢ ᠠᠴᠠ ᠡᠪᠡᠳᠴᠢᠲᠡᠨ ᠳᠤ ᠵᠦᠢ ᠵᠣᠬᠢᠰᠲᠠᠢ ᠡᠮ ᠬᠡᠷᠡᠭᠯᠡᠬᠦ ᠵᠢᠯᠣᠭᠤᠳᠤᠯᠭ᠎ᠠ ᠬᠠᠩᠭᠠᠬᠤ᠂ ᠵᠦᠢ ᠵᠣᠬᠢᠰᠲᠠᠢ ᠡᠮ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠦᠢᠯᠡᠴᠢᠯᠡᠭᠡᠨ ᠤ ᠶᠠᠪᠤᠴᠠ ᠶᠢ ᠵᠢᠭᠠᠵᠤ ᠪᠣᠶ᠂ ᠦᠢᠯᠡᠴᠢᠯᠡᠭᠡᠨ ᠤ ᠬᠡᠯᠪᠡᠷᠢ ᠨᠢ ᠠᠮᠢᠳᠤᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠦᠢᠯᠡᠴᠢᠯᠡᠭᠡᠨ ᠤ ᠲᠠᠯᠠᠪᠤᠷ ᠨᠢ ᠬᠢᠵᠠᠭᠠᠷᠯᠠᠭᠳᠠᠬᠤ ᠦᠭᠡᠢ ᠪᠠᠶᠢᠳᠠᠭ᠃ ᠡᠮ ᠤᠨ ᠵᠦᠢᠯ ᠢ ᠳᠠᠬᠢᠨ ᠴᠡᠭᠴᠡᠯᠡᠬᠦ ᠦᠢᠯᠡᠴᠢᠯᠡᠭᠡ ᠪᠠ ᠡᠮ ᠤᠨ ᠤᠬᠠᠭᠠᠨ ᠤ ᠬᠢᠨᠠᠨ ᠬᠠᠮᠠᠭᠠᠯᠠᠬᠤ ᠦᠢᠯᠡᠴᠢᠯᠡᠭᠡ ᠶᠢ ᠴᠥᠮ ᠡᠮ ᠢᠶᠠᠷ ᠵᠠᠰᠠᠬᠤ ᠴᠢᠬᠤᠯᠠᠲᠠᠢ ᠡᠮᠨᠡᠯᠭᠡ ᠳᠤ ᠰᠠᠭᠤᠬᠤ ᠡᠪᠡᠳᠴᠢᠲᠡᠨ ᠳᠤ ᠬᠠᠨᠳᠤᠭᠤᠯᠵᠤ᠂ ᠡᠭᠦᠨ ᠳᠤ ᠡᠮ ᠤᠨ ᠵᠦᠢᠯ ᠢ ᠳᠠᠬᠢᠨ ᠴᠡᠭᠴᠡᠯᠡᠬᠦ ᠨᠢ ᠭᠤᠣᠯᠳᠠᠭᠤ ᠡᠪᠡᠳᠴᠢᠲᠡᠨ ᠤ ᠡᠮᠨᠡᠯᠭᠡ ᠳᠤ ᠣᠷᠣᠬᠤ᠂ ᠡᠮᠨᠡᠯᠭᠡ ᠰᠢᠯᠵᠢᠬᠦ ᠪᠤᠶᠤ ᠡᠮᠨᠡᠯᠭᠡ ᠠᠴᠠ ᠭᠠᠷᠬᠤ ᠵᠡᠷᠭᠡ ᠴᠢᠬᠤᠯᠠ ᠵᠠᠩᠭᠢᠯᠠᠭ᠎ᠠ ᠳᠤ ᠢᠯᠡᠷᠡᠵᠦ᠂ ᠡᠮ ᠨᠠᠶᠢᠷᠠᠭᠴᠢ ᠪᠠᠷ ᠦᠨᠡᠯᠡᠨ ᠬᠠᠷᠢᠴᠠᠭᠤᠯᠤᠭᠰᠠᠨ ᠤ ᠳᠠᠷᠠᠭ᠎ᠠ᠂ ᠡᠮ ᠬᠡᠷᠡᠭᠯᠡᠬᠦ ᠲᠥᠰᠥᠯ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠭᠠᠷᠭᠠᠬᠤ ᠵᠡᠷᠭᠡ ᠪᠣᠯᠣᠨ᠎ᠠ᠃ ᠡᠮ ᠤᠨ ᠤᠬᠠᠭᠠᠨ ᠤ ᠬᠢᠨᠠᠨ ᠬᠠᠮᠠᠭᠠᠯᠠᠯᠲᠠ ᠨᠢ ᠡᠮᠨᠡᠯᠭᠡ ᠳᠤ ᠰᠠᠭᠤᠭᠰᠠᠨ ᠡᠪᠡᠳᠴᠢᠲᠡᠨ ᠤ ᠡᠮ ᠢᠶᠠᠷ ᠡᠮᠨᠡᠨ ᠵᠠᠰᠠᠬᠤ ᠪᠥᠬᠦ ᠶᠠᠪᠤᠴᠠ ᠳᠤ ᠲᠤᠤᠱᠯᠠᠭᠳᠠᠵᠤ᠂ ᠬᠠᠩᠭᠠᠬᠤ ᠡᠮ ᠤᠨ ᠤᠬᠠᠭᠠᠨ ᠤ ᠦᠢᠯᠡᠴᠢᠯᠡᠭᠡ ᠨᠢ ᠨᠠᠩ ᠪᠥᠬᠦ ᠲᠠᠯ᠎ᠠ ᠶᠢᠨ ᠪᠥᠭᠡᠳ ᠠᠪᠴᠠᠯᠳᠤᠩᠭᠤᠢ ᠪᠣᠯᠤᠭᠰᠠᠨ ᠪᠠᠶᠢᠨ᠎ᠠ᠃ ᠭᠡᠷ ᠲᠡᠭᠡᠨ ᠰᠠᠭᠤᠵᠤ ᠪᠠᠶᠢᠭ᠎ᠠ ᠡᠮ ᠤᠨ ᠤᠬᠠᠭᠠᠨ ᠤ ᠦᠢᠯᠡᠴᠢᠯᠡᠭᠡ ᠨᠢ ᠭᠤᠣᠯᠳᠠᠭᠤ ᠡᠮ ᠨᠠᠶᠢᠷᠠᠭᠴᠢ ᠶᠢᠨ ᠬᠠᠩᠭᠠᠭᠰᠠᠨ ᠭᠡᠷ ᠲᠤᠨᠢ ᠬᠦᠷᠴᠦ ᠡᠮ ᠤᠨ ᠤᠬᠠᠭᠠᠨ ᠤ ᠦᠢᠯᠡᠴᠢᠯᠡᠭᠡ ᠨᠢ ᠭᠡᠷ ᠲᠡᠭᠡᠨ ᠰᠠᠭᠤᠵᠤ ᠪᠠᠶᠢᠭ᠎ᠠ ᠡᠮ ᠢᠶᠠᠷ ᠡᠮᠨᠡᠨ ᠵᠠᠰᠠᠬᠤ ᠡᠪᠡᠳᠴᠢᠲᠡᠨ ᠪᠣᠯᠣᠨ᠎ᠠ᠂ ᠡᠭᠦᠨ ᠳᠤ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠡᠮ ᠬᠡᠷᠡᠭᠯᠡᠬᠦ ᠶᠢ ᠦᠨᠡᠯᠡᠨ ᠵᠢᠱᠢᠬᠦ ᠬᠥᠮᠦᠵᠢᠯ ᠥᠷᠨᠢᠭᠦᠯᠬᠦ᠂ ᠭᠡᠷ ᠪᠦᠯᠢ ᠶᠢᠨ ᠡᠮ ᠤᠨ ᠬᠠᠶᠢᠷᠴᠠᠭ ᠢ ᠬᠠᠮᠢᠶᠠᠷᠬᠤ ᠵᠡᠷᠭᠡ ᠪᠠᠭᠲᠠᠨ᠎ᠠ᠃            ᠡᠮ ᠤᠨ ᠰᠤᠳᠤᠯᠤᠯ ᠤᠨ ᠦᠢᠯᠡᠴᠢᠯᠡᠭᠡ ᠪᠣᠯ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠠᠵᠢᠯᠯᠠᠭ᠎ᠠ ᠶᠢᠨ ᠪᠦᠷᠢᠯᠳᠦᠭᠦᠨ ᠬᠡᠰᠡᠭ ᠮᠥᠨ᠂ ᠵᠦᠢ ᠵᠣᠬᠢᠰᠲᠠᠢ ᠪᠠᠷ ᠡᠮ ᠬᠡᠷᠡᠭᠯᠡᠬᠦ ᠶᠢ ᠠᠬᠢᠭᠤᠯᠬᠤ᠂ ᠡᠮᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠡᠪᠡᠳᠴᠢᠲᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠳᠣᠬᠠᠨ ᠤ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠮ ᠨᠠᠶᠢᠷᠠᠭᠴᠢ ᠶᠢᠨ ᠦᠢᠯᠡᠴᠢᠯᠡᠭᠡᠨ ᠤ ᠴᠢᠳᠠᠪᠤᠷᠢ ᠵᠢᠴᠢ ᠪᠣᠳᠠᠲᠠᠢ ᠪᠠᠶᠢᠳᠠᠯ ᠵᠡᠷᠭᠡ ᠳᠤ ᠵᠣᠬᠢᠬᠤ ᠵᠥᠷᠢᠶ᠎ᠡ ᠲᠠᠢ ᠪᠠᠶᠢᠬᠤ ᠶᠢ ᠪᠣᠳᠣᠯᠬᠢᠯᠠᠵᠤ᠂ ᠵᠣᠬᠢᠬᠤ ᠨᠥᠬᠦᠴᠡᠯ ᠢ ᠪᠦᠷᠢᠯᠳᠦᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠦᠢᠯᠡᠴᠢᠯᠡᠭᠡ ᠶᠢ ᠢᠳᠡᠪᠬᠢᠲᠡᠢ ᠬᠠᠩᠭᠠᠬᠤ ᠶᠢ ᠵᠣᠷᠢᠭᠵᠢᠭᠤᠯᠵᠤ᠂ ᠦᠢᠯᠡᠴᠢᠯᠡᠬᠦ ᠶᠠᠪᠤᠴᠠ ᠳᠤ ᠵᠣᠬᠢᠬᠤ ᠦᠢᠯᠡᠴᠢᠯᠡᠭᠡᠨ ᠤ ᠳᠦᠷᠢᠮ ᠢ ᠵᠢᠷᠤᠮᠯᠠᠬᠤ ᠬᠡᠷᠡᠭᠲᠡᠢ᠃            ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠨᠡᠯᠭᠡ ᠶᠢᠨ ᠶᠠᠪᠤᠳᠠᠯ ᠡᠮ ᠤᠨ ᠶᠠᠪᠤᠳᠠᠯ ᠬᠢᠭᠡᠳ ᠡᠷᠡᠭᠦᠯᠵᠢᠯ ᠤᠨ ᠲᠠᠰᠤᠭ ᠤᠨ ᠡᠷᠬᠢᠯᠡᠭᠴᠢ ᠬᠦᠭᠡᠮᠠᠨᠳᠤᠹ             ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠮᠵᠢᠭᠤᠯᠤᠨ ᠨᠡᠶᠢᠲᠡᠯᠡᠭᠰᠡᠨ ︽ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠳᠠᠮᠵᠢᠭᠤᠯᠤᠨ ᠨᠡᠶᠢᠲᠡᠯᠡᠭᠰᠡᠨ᠄ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠰᠤᠳᠤᠯᠤᠯ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠳᠦᠷᠢᠮ ᠵᠡᠷᠭᠡ 5 ᠵᠦᠢᠯ ᠤᠨ ᠵᠢᠷᠤᠮᠵᠢᠯ ᠢ ᠬᠡᠪᠯᠡᠨ ᠲᠠᠷᠬᠠᠭᠠᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾            ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ          
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号