| | | | ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ — ᠬᠤᠪᠢ ᠬᠥᠮᠥᠨ ᠪᠤᠰᠤᠳ ᠤᠨ ᠬᠠᠤᠯᠢ ᠶᠣᠰᠣᠭᠠᠷ | ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ | ᠬᠡᠪᠴᠢᠶᠡᠨ ᠳᠤ ᠣᠷᠣᠵᠤ ᠠᠭᠤᠷᠬᠠᠢ ᠮᠠᠯᠲᠠᠭᠰᠠᠨ ᠬᠡᠷᠡᠭ | | | | | | ﹇ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ﹈ | | ᠵᠡᠭᠦᠨ ᠪᠡᠯ ᠪᠠᠯᠭᠠᠰᠤ ᠪᠣᠯ ᠮᠠᠨ ᠤ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠭᠳᠠᠴᠠ ᠪᠠᠷ | ᠡᠯᠪᠡᠭ ᠭᠠᠵᠠᠷ ᠣᠷᠣᠨ ᠪᠣᠯᠬᠤ ᠪᠥᠭᠡᠳ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠤᠯᠢ ᠬᠡᠷᠡᠭᠵᠢᠭᠦᠯᠦᠯᠲᠡ ᠳᠤ | ᠭᠤᠣᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠬᠤ ᠣᠷᠣᠨ ᠪᠣᠯᠣᠨ᠎ᠠ᠃ 2022 ᠣᠨ ᠤ 4 ᠰᠠᠷ᠎ᠠ ᠶᠢᠨ 20 ᠤ | ᠡᠳᠦᠷ᠂ ᠬᠤᠰᠢᠭᠤᠨ ᠤ ᠲᠠᠷᠢᠶᠠᠯᠠᠩ ᠤᠨ ᠭᠦᠢᠴᠡᠳᠬᠡᠬᠦ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ | ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠬᠦᠯᠢᠶᠡᠵᠦ᠂ ᠵᠠᠷᠢᠮ ᠬᠥᠮᠥᠨ ᠪᠤᠰᠤᠳ ᠤᠨ ᠠᠭᠤᠷᠬᠠᠢ ᠮᠠᠯᠲᠠᠬᠤ | ᠡᠷᠬᠡ ᠶᠢᠨ ᠬᠡᠪᠴᠢᠶᠡᠨ ᠳᠤ ᠣᠷᠣᠵᠤ ᠬᠠᠤᠯᠢ ᠪᠤᠰᠤ ᠪᠠᠷ ᠨᠡᠭᠦᠷᠡᠰᠦ ᠮᠠᠯᠲᠠᠭᠰᠠᠨ ᠰᠡᠵᠢᠭᠯᠡᠯᠲᠡᠢ ᠪᠠᠶᠢᠨ᠎ᠠ᠃ | | ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠠᠷᠤᠢ ᠳᠤᠨᠢ ᠭᠡᠷᠡᠴᠢᠯᠡᠭᠴᠢ ᠶᠢ ᠤᠷᠢᠵᠤ ᠲᠤᠬᠠᠢ ᠶᠢᠨ ᠲᠠᠯᠠᠪᠠᠢ ᠳᠤ | ᠭᠡᠷᠡᠴᠢᠯᠡᠭᠦᠯᠵᠦ᠂ ᠲᠤᠬᠠᠢ ᠶᠢᠨ ᠬᠥᠮᠥᠨ ᠢᠶᠠᠷ ᠲᠤᠬᠠᠢ ᠶᠢᠨ ᠲᠠᠯᠠᠪᠠᠢ ᠳᠤ ᠲᠠᠨᠢᠭᠤᠯᠵᠤ᠂ ᠲᠦᠷ ᠴᠠᠭ ᠤᠨ ᠨᠡᠭᠦᠷᠡᠰᠦ | ᠬᠠᠳᠠᠭᠠᠯᠠᠬᠤ ᠲᠠᠯᠠᠪᠠᠢ ᠪᠠ ᠮᠠᠯᠲᠠᠵᠤ ᠮᠠᠯᠲᠠᠬᠤ ᠲᠤᠬᠠᠢ ᠶᠢᠨ ᠲᠠᠯᠠᠪᠠᠢ ᠳᠤ ᠲᠤᠬᠠᠢ ᠶᠢᠨ ᠲᠠᠯᠠᠪᠠᠢ ᠶᠢᠨ ᠬᠠᠶᠢᠨ | ᠰᠢᠯᠭᠠᠯᠲᠠ᠂ ᠬᠡᠮᠵᠢᠯᠲᠡ᠂ ᠦᠯᠢᠭᠡᠷ ᠠᠪᠬᠤ ᠶᠢᠨ ᠬᠠᠮᠲᠤ ᠪᠦᠬᠦ ᠶᠠᠪᠤᠴᠠ ᠳᠤ ᠬᠠᠤᠯᠢ ᠬᠡᠷᠡᠭᠵᠢᠭᠦᠯᠬᠦ ᠲᠡᠮᠳᠡᠭᠯᠡᠯ ᠤᠨ | ᠬᠡᠮᠵᠢᠭᠦᠷᠯᠢᠭ ᠢᠶᠠᠷ ᠳᠦᠷᠰᠦ ᠰᠢᠩᠭᠡᠭᠡᠯᠲᠡ ᠪᠠᠷ ᠭᠡᠷᠡᠴᠢ ᠠᠪᠴᠤ᠂ ᠮᠠᠯᠲᠠᠵᠤ ᠭᠠᠷᠭᠠᠭᠰᠠᠨ ᠤᠲᠤᠭᠠᠲᠤ ᠨᠡᠭᠦᠷᠡᠰᠦ ᠶᠢ | ᠵᠢᠩᠯᠡᠵᠦ ᠵᠢᠩᠯᠡᠭᠰᠡᠨ ᠤ ᠵᠢᠩ ᠢ ᠨᠡᠶᠢᠳᠡ 528.04 ᠲᠣᠨ ᠬᠡᠮᠵᠢᠵᠡᠢ᠃ ᠬᠤᠪᠢ ᠬᠥᠮᠥᠨ ᠪᠤᠰᠤᠳ ᠤᠨ ᠬᠠᠤᠯᠢ | ᠶᠣᠰᠣᠭᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ | ᠣᠷᠣᠨ ᠤ ᠬᠡᠪᠴᠢᠶᠡᠨ ᠳᠤ ᠣᠷᠣᠵᠤ ᠠᠭᠤᠷᠬᠠᠢ ᠮᠠᠯᠲᠠᠭᠰᠠᠨ ᠳᠤ ᠲᠣᠭᠠᠴᠠᠭᠳᠠᠪᠠᠯ᠂ 4 ᠰᠠᠷ᠎ᠠ ᠶᠢᠨ 22 ᠤᠨ ᠡᠳᠦᠷ | ᠬᠡᠷᠡᠭ ᠪᠣᠯᠭᠠᠨ ᠳᠡᠩᠰᠡᠯᠡᠵᠦ ᠪᠠᠶᠢᠴᠠᠭᠠᠨ᠎ᠠ᠃ | | 【ᠰᠢᠢᠳᠬᠡᠬᠦ ᠦᠨᠳᠦᠰᠦ ᠪᠠᠷᠢᠮᠲᠠ】 | | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ︽ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ | ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ | ᠤᠯᠤᠰ ᠤᠨ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠳᠤ ᠳᠤᠷ᠎ᠠ ᠪᠠᠷ ᠢᠶᠠᠨ ᠣᠷᠣᠭᠰᠠᠨ᠂ ᠤᠯᠤᠰ | ᠠᠷᠠᠳ ᠤᠨ ᠠᠵᠤ ᠠᠬᠤᠢ ᠳᠤ ᠴᠢᠬᠤᠯᠠ ᠦᠨ᠎ᠡ ᠦᠷᠳᠡᠭ ᠲᠠᠢ ᠠᠭᠤᠷᠬᠠᠢ ᠶᠢᠨ ᠣᠷᠣᠨ ᠤ ᠬᠡᠪᠴᠢᠶᠡᠨ ᠳᠤ | ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠶᠢ | ᠬᠡᠷᠡᠭᠵᠢᠭᠦᠯᠬᠦ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠦᠷᠦᠯ ᠢ ᠳᠤᠷ᠎ᠠ ᠪᠠᠷ ᠢᠶᠠᠨ ᠨᠡᠭᠡᠭᠡᠨ | ᠮᠠᠯᠲᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠮᠠᠯᠲᠠᠬᠤ ᠶᠢ ᠨᠢ ᠵᠣᠭᠰᠣᠭᠠᠵᠤ᠂ ᠬᠤᠬᠢᠷᠠᠯ ᠢ ᠨᠢ ᠲᠥᠯᠥᠭᠦᠯᠵᠦ᠂ | ᠮᠠᠯᠲᠠᠵᠤ ᠭᠠᠷᠭᠠᠭᠰᠠᠨ ᠠᠭᠤᠷᠬᠠᠢ ᠶᠢᠨ ᠭᠠᠷᠤᠯᠲᠠ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ | ᠬᠤᠷᠢᠶᠠᠨ ᠠᠪᠬᠤ ᠪᠥᠭᠡᠳ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠮᠠᠯᠲᠠᠬᠤ ᠪᠠᠨ | ᠵᠣᠭᠰᠣᠬᠤ ᠶᠢ ᠲᠡᠪᠴᠢᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠠᠶᠢᠪᠠᠯ᠂ ᠡᠷᠡᠭᠦᠦ ᠶᠢᠨ | ᠬᠠᠤᠯᠢ ᠶᠢᠨ ᠵᠠᠭᠤ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠭᠤᠳ ᠬᠠᠷᠢᠭᠤᠴᠠᠯᠭ᠎ᠠ ᠲᠠᠢ | ᠬᠥᠮᠥᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠨᠢᠭᠡᠴᠢ ᠪᠣᠯᠣᠨ ᠬᠤᠪᠢ ᠬᠥᠮᠥᠨ ᠪᠤᠰᠤᠳ ᠤᠨ | ᠬᠠᠤᠯᠢ ᠶᠣᠰᠣᠭᠠᠷ ᠪᠠᠶᠢᠭᠤᠯᠤᠭᠰᠠᠨ ᠤᠯᠤᠰ ᠤᠨ ᠥᠮᠴᠢᠯᠡᠯ ᠤᠨ ᠠᠭᠤᠷᠬᠠᠢ ᠶᠢᠨ ᠠᠵᠤ ᠠᠬᠤᠶᠢᠯᠠᠯ ᠪᠣᠯᠣᠨ ᠪᠤᠰᠤᠳ | ᠠᠭᠤᠷᠬᠠᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠣᠷᠣᠨ ᠤ ᠬᠡᠪᠴᠢᠶᠡᠨ ᠳᠤ ᠣᠷᠣᠵᠤ ᠠᠭᠤᠷᠬᠠᠢ ᠮᠠᠯᠲᠠᠭᠰᠠᠨ | ᠪᠠᠶᠢᠪᠠᠯ᠂ ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠬᠡᠨ᠎ᠡ︾ ᠭᠡᠵᠦ ᠵᠠᠰᠠᠪᠠ᠃ | | ︽ᠬᠠᠤᠯᠢ ᠪᠤᠰᠤ ᠪᠠᠷ ᠠᠭᠤᠷᠬᠠᠢ ᠮᠠᠯᠲᠠᠭᠰᠠᠨ᠂ ᠡᠪᠳᠡᠯᠡᠭᠡ ᠶᠢᠨ ᠴᠢᠨᠠᠷᠲᠠᠢ ᠪᠠᠷ ᠠᠭᠤᠷᠬᠠᠢ ᠮᠠᠯᠲᠠᠭᠰᠠᠨ | ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠠᠷᠠᠳ ᠤᠨ | ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠯᠲᠠ︾ ︵ᠰᠢᠭᠦᠬᠦ | ᠲᠠᠶᠢᠯᠪᠤᠷᠢᠯᠠᠯᠲᠠ ﹇2016﹈ 25 ᠳ᠋ᠤᠭᠠᠷ ᠲᠣᠭᠠᠲᠤ︶ ᠶᠢᠨ ᠭᠤᠷᠪᠠᠳᠤᠭᠠᠷ ᠵᠦᠢᠯ ᠳᠤ ᠬᠠᠤᠯᠢ ᠪᠤᠰᠤ ᠪᠠᠷ | ᠠᠭᠤᠷᠬᠠᠢ ᠮᠠᠯᠲᠠᠭᠰᠠᠨ ᠦᠢᠯᠡ ᠠᠵᠢᠯᠯᠠᠭ᠎ᠠ ᠶᠢ ᠬᠡᠷᠡᠭᠵᠢᠭᠦᠯᠪᠡ᠃ ᠳᠠᠷᠠᠭᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ | ᠂ ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠳᠥᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠲᠤ | ᠲᠣᠭᠲᠠᠭᠠᠭᠰᠠᠨ ︽ᠦᠢᠯᠡ ᠪᠠᠶᠢᠳᠠᠯ ᠨᠢ ᠬᠦᠨᠳᠦ ᠨᠣᠴᠢᠲᠠᠢ︾ ᠭᠡᠳᠡᠭ ᠤᠨ ᠨᠢᠭᠡᠳᠦᠭᠡᠷ ᠵᠤᠷᠪᠤᠰ ᠤᠨ ︵ᠨᠢᠭᠡ︶ | ᠨᠡᠭᠡᠭᠡᠨ ᠮᠠᠯᠲᠠᠭᠰᠠᠨ ᠠᠭᠤᠷᠬᠠᠢ ᠶᠢᠨ ᠭᠠᠷᠤᠯᠲᠠ ᠶᠢᠨ ᠦᠷᠳᠡᠭ ᠪᠤᠶᠤ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠡᠪᠳᠡᠭᠰᠡᠨ ᠦᠷᠳᠡᠭ ᠨᠢ ᠠᠷᠪᠠᠨ ᠲᠦᠮᠡᠨ ᠲᠥᠭᠦᠷᠢᠭ ᠠᠴᠠ ᠭᠤᠴᠢᠨ ᠲᠦᠮᠡᠨ ᠲᠥᠭᠦᠷᠢᠭ ᠠᠴᠠ | ᠳᠡᠭᠡᠭᠰᠢ ᠪᠠᠶᠢᠬᠤ ᠪᠠᠷ ᠮᠠᠭᠠᠳᠯᠠᠨ ᠲᠣᠭᠲᠠᠭᠠᠬᠤ ᠬᠡᠷᠡᠭᠲᠡᠢ᠃ | | ︽ᠡᠷᠡᠭᠦᠦ ᠶᠢᠨ ᠬᠠᠤᠯᠢ︾ ᠶᠢᠨ ᠭᠤᠷᠪᠠᠨ ᠵᠠᠭᠤ ᠳᠥᠴᠢᠨ ᠭᠤᠷᠪᠠᠳᠤᠭᠠᠷ ᠵᠦᠢᠯ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠶᠢᠨ ᠲᠣᠭᠲᠠᠭᠠᠯ ᠢ ᠵᠥᠷᠢᠴᠡᠵᠦ᠂ ᠠᠭᠤᠷᠬᠠᠢ ᠮᠠᠯᠲᠠᠬᠤ | ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ ᠠᠭᠤᠷᠬᠠᠢ ᠮᠠᠯᠲᠠᠭᠰᠠᠨ᠂ ᠤᠯᠤᠰ ᠤᠨ | ᠲᠥᠯᠥᠪᠵᠢᠭᠦᠯᠦᠭᠰᠡᠨ ᠠᠭᠤᠷᠬᠠᠢ ᠶᠢᠨ ᠣᠷᠣᠨ᠂ ᠤᠯᠤᠰ ᠠᠷᠠᠳ ᠤᠨ ᠠᠵᠤ ᠠᠬᠤᠢ ᠳᠤ ᠴᠢᠬᠤᠯᠠ ᠦᠨ᠎ᠡ | ᠥᠷᠲᠡᠭ ᠲᠠᠢ ᠠᠭᠤᠷᠬᠠᠢ ᠶᠢᠨ ᠣᠷᠣᠨ ᠪᠠ ᠪᠤᠰᠤᠳ ᠬᠥᠮᠥᠨ ᠤ ᠠᠭᠤᠷᠬᠠᠢ ᠶᠢᠨ ᠣᠷᠣᠨ ᠤ ᠬᠡᠪᠴᠢᠶᠡᠨ ᠳᠤ | ᠳᠤᠷ᠎ᠠ ᠪᠠᠷ ᠢᠶᠠᠨ ᠣᠷᠣᠵᠤ ᠠᠭᠤᠷᠬᠠᠢ ᠮᠠᠯᠲᠠᠭᠰᠠᠨ᠂ ᠡᠰᠡᠬᠦᠯ᠎ᠡ ᠤᠯᠤᠰ ᠠᠴᠠ ᠬᠠᠮᠠᠭᠠᠯᠠᠯᠲᠠ ᠶᠢᠨ ᠴᠢᠨᠠᠷᠲᠠᠢ | ᠨᠡᠭᠡᠭᠡᠨ ᠮᠠᠯᠲᠠᠬᠤ ᠶᠢ ᠬᠡᠷᠡᠭᠵᠢᠭᠦᠯᠬᠦ ᠪᠠᠷ ᠲᠣᠭᠲᠠᠭᠠᠭᠰᠠᠨ ᠣᠨᠴᠠ ᠲᠣᠭᠲᠠᠭᠰᠠᠨ ᠠᠭᠤᠷᠬᠠᠢ ᠶᠢᠨ ᠲᠥᠷᠥᠯ ᠢ | ᠳᠤᠷ᠎ᠠ ᠪᠠᠷ ᠢᠶᠠᠨ ᠨᠡᠭᠡᠭᠡᠨ ᠮᠠᠯᠲᠠᠭᠠᠳ᠂ ᠤᠢᠢᠯᠠ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ | ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ ᠪᠤᠶᠤ ᠵᠠᠬᠢᠷᠤᠨ ᠬᠠᠮᠢᠶᠠᠷᠬᠤ ᠪᠠᠷ | ᠰᠢᠢᠳᠭᠡᠵᠦ᠂ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠬᠦ ᠪᠤᠶᠤ ᠲᠡᠩ ᠢᠶᠠᠷ ᠰᠢᠢᠳᠬᠡᠨ᠎ᠡ᠃ ᠤᠢᠢᠯᠠ | ᠪᠠᠶᠢᠳᠠᠯ ᠨᠢ ᠣᠨᠴᠠᠭᠠᠶ ᠬᠦᠨᠳᠦ ᠨᠣᠴᠢᠲᠠᠢ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠲᠤᠯᠦᠭᠠᠠ ᠵᠢᠯ ᠠᠴᠠ | ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠢᠳᠭᠡᠵᠦ᠂ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ | ᠰᠢᠢᠳᠬᠡᠨ᠎ᠡ᠃ | | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ᠶᠢᠨ ᠲᠣᠭᠲᠠᠭᠠᠯ ᠢ ᠵᠥᠷᠢᠴᠡᠵᠦ᠂ | ᠡᠪᠳᠡᠯᠡᠭᠡ ᠶᠢᠨ ᠴᠢᠨᠠᠷᠲᠠᠢ ᠮᠠᠯᠲᠠᠬᠤ ᠠᠷᠭ᠎ᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠯᠲᠠᠭᠠᠳ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠦᠨᠳᠦ ᠨᠣᠴᠢᠲᠠᠢ ᠡᠪᠳᠡᠭᠰᠡᠨ ᠪᠠᠶᠢᠪᠠᠯ᠂ ᠲᠠᠪᠤᠨ ᠵᠢᠯ ᠠᠴᠠ | ᠳᠣᠭᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠭᠡᠵᠦ᠂ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ | | ﹇ᠰᠢᠢᠳᠪᠦᠷᠢᠯᠡᠭᠰᠡᠨ ᠦᠷ᠎ᠡ ᠳ᠋ᠦᠩ﹈ | | ᠬᠤᠰᠢᠭᠤᠨ ᠤ ᠲᠠᠷᠢᠶᠠᠯᠠᠩ ᠤᠨ ᠬᠠᠮᠢᠶᠠᠷᠤᠯᠲᠠ ᠶᠢᠨ ᠶᠡᠭᠡ ᠪᠠᠷᠢᠭᠠᠳᠠ ᠶᠢᠨ ᠮᠠᠯᠲᠠᠵᠤ ᠭᠠᠷᠭᠠᠭᠰᠠᠨ 528. | 04 ᠲᠣᠨ ᠤᠲᠤᠭᠠᠲᠤ ᠨᠡᠭᠦᠷᠡᠰᠦ ᠶᠢᠨ ᠭᠡᠷᠡᠴᠢ ᠪᠠᠷᠢᠮᠲᠠ ᠶᠢ ᠤᠷᠢᠳᠠᠪᠠᠷ ᠳᠠᠩᠰᠠᠯᠠᠨ ᠬᠠᠳᠠᠭᠠᠯᠠᠵᠤ᠂ ᠭᠤᠷᠪᠠᠳᠠᠭᠢ | ᠡᠲᠡᠭᠡᠳ ᠲᠤ ᠨᠠᠶᠢᠳᠠᠵᠤ ᠰᠢᠯᠭᠠᠨ ᠪᠠᠶᠢᠴᠠᠭᠠᠯᠭᠠᠪᠠ᠂ ᠰᠢᠯᠭᠠᠨ ᠪᠠᠶᠢᠴᠠᠭᠠᠯᠲᠠ ᠪᠠᠷ ᠳᠠᠮᠵᠢᠭᠠᠳ 22.99 ᠲᠦᠮᠡᠨ | ᠲᠥᠭᠦᠷᠢᠭ ᠤᠨ ᠦᠨ᠎ᠡ ᠲᠣᠭᠲᠠᠭᠠᠵᠤ᠂ ᠨᠢᠭᠡᠨᠲᠡ ᠬᠠᠤᠯᠢ ᠪᠤᠰᠤ ᠪᠠᠷ ᠠᠭᠤᠷᠬᠠᠢ ᠮᠠᠯᠲᠠᠭᠰᠠᠨ ᠶᠠᠯ᠎ᠠ ᠳᠤ | ᠬᠤᠯᠪᠣᠭᠳᠠᠭᠰᠠᠨ ᠪᠠᠶᠢᠨ᠎ᠠ᠃ ᠣᠳᠣᠬᠠᠨ ᠳᠤ᠂ ᠲᠣᠰ ᠬᠡᠷᠡᠭ ᠢ ᠨᠢᠭᠡᠨᠲᠡ ᠠᠯᠠᠱᠠ ᠵᠡᠭᠦᠨ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠰᠢᠯᠵᠢᠭᠦᠯᠦᠨ ᠬᠦᠷᠭᠡᠪᠡ᠃ | | | | ᠲᠠᠶᠢᠯᠤᠮᠵᠢ ᠬᠢᠭᠴᠢ᠄ ᠵᠠᠩ ᠵᠢᠶᠠᠨ ᠵᠢᠶᠦ᠋ᠨ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠤᠯᠤᠰ ᠤᠨ ᠨᠤᠲᠤᠭ | ᠳᠡᠪᠢᠰᠬᠡᠷ ᠤᠨ ᠠᠯᠪᠠᠨ ᠭᠡᠷ ᠤᠨ ᠡᠷᠬᠢᠯᠡᠭᠴᠢ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠮᠵᠢᠭᠤᠯᠤᠨ | ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠤᠯᠢ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ |