︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠣᠨᠴᠠᠯᠢᠭ  ᠲᠠᠢ ᠳᠤᠮᠳᠠ ᠵᠢᠵᠢᠭ ᠠᠵᠤ ᠠᠬᠤᠶᠢᠯᠠᠯ ᠤᠨ ᠲᠤᠬᠠᠢ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ
ᠨᠡᠶᠢᠲᠡᠯᠡᠭᠰᠡᠨ ᠴᠠᠭ᠄
2023/12/18
               ᠨᠢᠭᠡ᠂ ᠶᠠᠭᠤ ᠶᠢ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠳᠤᠮᠳᠠ ᠵᠢᠵᠢᠭ ᠠᠵᠤ ᠠᠬᠤᠶᠢᠯᠠᠯ ᠭᠡᠬᠦ ᠪᠤᠢ︖            ᠳᠤᠮᠳᠠ ᠵᠢᠵᠢᠭ ᠠᠵᠤ ᠠᠬᠤᠶᠢᠯᠠᠯ ᠭᠡᠬᠦ ᠡᠨᠡ ᠬᠦ ᠤᠬᠠᠭᠳᠠᠬᠤᠨ ᠨᠢ ︽ᠳᠤᠮᠳᠠᠳᠤ ᠤᠯᠤᠰ ᠤᠨ ᠠᠵᠤ ᠦᠢᠯᠡᠰ ᠤᠨ ᠬᠥᠭᠵᠢᠯᠲᠡ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ︵2011︶︾  ᠳᠤ ᠬᠠᠮᠤᠭ ᠤᠨ ᠡᠷᠲᠡ ᠢᠯᠡᠷᠡᠭᠰᠡᠨ ᠪᠥᠭᠡᠳ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠣᠨᠴᠠᠯᠢᠭ ᠲᠠᠢ ᠳᠤᠮᠳᠠ ᠵᠢᠵᠢᠭ ᠠᠵᠤ ᠠᠬᠤᠶᠢᠯᠠᠯ ᠢ ᠪᠠᠭᠲᠠᠭᠠᠨ᠎ᠠ᠂ ᠡᠨᠡ ᠪᠣᠯ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠣᠨᠴᠠᠯᠢᠭ ᠲᠠᠢ ᠳᠤᠮᠳᠠ ᠵᠢᠵᠢᠭ ᠠᠵᠤ ᠠᠬᠤᠶᠢᠯᠠᠯ ᠢ ᠵᠢᠭᠠᠵᠤ ᠪᠠᠶᠢᠭ᠎ᠠ ᠶᠤᠮ᠃ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾  ᠶᠢ ᠤᠯᠠᠮ ᠴᠢᠩᠭᠠᠳᠬᠠᠬᠤ ᠶᠢᠨ ᠲᠥᠯᠥᠭᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠥᠭᠵᠢᠯᠲᠡ ᠶᠢᠨ ᠵᠠᠭᠪᠤᠷ ᠤᠨ ᠠᠳᠠᠯᠢ ᠪᠤᠰᠤ ᠶᠢ ᠦᠨᠳᠦᠰᠦᠯᠡᠨ᠂ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠳᠤᠮᠳᠠ ᠵᠢᠵᠢᠭ ᠠᠵᠤ ᠠᠬᠤᠶᠢᠯᠠᠯ ᠤᠨ ᠰᠠᠭᠤᠷᠢᠨ ᠳᠡᠭᠡᠷ᠎ᠡ᠂ ᠦᠢᠯᠡᠳᠬᠦ ᠦᠢᠯᠡᠰ ᠤᠨ ᠳᠠᠩ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ᠂ ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ ︽ᠵᠢᠵᠢᠭ ᠠᠪᠤᠷᠭᠤ ᠬᠥᠮᠥᠨ︾  ᠤ ᠠᠵᠤ ᠠᠬᠤᠶᠢᠯᠠᠯ ᠢ ᠪᠣᠶᠢᠵᠢᠭᠤᠯᠬᠤ ᠪᠠᠷ ᠳᠤᠷᠠᠳᠤᠨ ᠭᠠᠷᠭᠠᠪᠠ᠃            ᠬᠤᠶᠠᠷ᠂ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ            2021 ᠣᠨ ᠤ ᠡᠴᠦᠰ ᠪᠣᠯᠲᠠᠯ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠡᠶᠢᠲᠡᠯᠡᠭᠰᠡᠨ ᠠᠵᠤ ᠠᠬᠤᠶᠢᠯᠠᠯ ᠤᠨ ᠨᠡᠷᠡᠰ ᠲᠤ ᠢᠯᠡᠷᠡᠭᠦᠯᠦᠭᠰᠡᠨ ᠢᠶᠠᠷ᠂ ᠤᠯᠤᠰ ᠤᠨ ᠲᠠᠰ ᠤᠨ ᠲᠤᠰᠬᠠᠢ ᠮᠡᠷᠭᠡᠵᠢᠯ ᠤᠨ ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ 3 ᠪᠦᠯᠦᠭ ᠨᠡᠶᠢᠲᠡ 4922᠂ ᠮᠤᠵᠢ ᠶᠢᠨ ᠲᠠᠰ ᠤᠨ ︽ᠲᠤᠰᠬᠠᠢ ᠮᠡᠷᠭᠡᠵᠢᠯ ᠤᠨ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 4 ᠲᠦᠮᠡ ᠭᠠᠷᠤᠢ ᠪᠣᠶᠢᠵᠢᠭᠤᠯᠵᠤ᠂ ᠨᠢᠭᠡ ᠪᠦᠯᠦᠭ ︽ᠳᠤᠲᠠᠭᠤᠳᠠᠯ ᠢ ᠨᠥᠬᠦᠪᠦᠷᠢᠯᠡᠬᠦ︾ ︽ᠬᠤᠭᠤᠰᠤᠨ ᠢ ᠪᠥᠭᠯᠡᠬᠦ︾ ︽ᠳᠠᠪᠲᠠᠯᠲᠠ ᠶᠢᠨ︾ ᠠᠵᠤ ᠠᠬᠤᠶᠢᠯᠠᠯ ᠴᠣᠯᠭᠤᠷᠠᠨ ᠭᠠᠷᠴᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠬᠤ ᠬᠦᠴᠦᠨ ᠪᠣᠯᠤᠭᠰᠠᠨ ᠪᠠᠶᠢᠨ᠎ᠠ᠃            2011 ᠣᠨ ᠳᠤ᠂ ︽ᠲᠤᠰᠬᠠᠢ ᠨᠠᠷᠢᠯᠢᠭ ᠣᠨᠴᠠᠭᠠᠶ ᠰᠢᠨ᠎ᠡ︾  ᠶᠢ ᠠᠩᠬ᠎ᠠ ᠤᠳᠠᠭ᠎ᠠ ᠳᠤᠷᠠᠳᠤᠨ ᠭᠠᠷᠭᠠᠵᠠᠢ᠃ ᠡᠭᠦᠨ ᠠᠴᠠ ᠰᠡᠭᠦᠯᠡᠷ᠂ ᠡᠯ᠎ᠡ ᠭᠠᠵᠠᠷ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠨᠡᠶᠢᠲᠡᠯᠡᠨ ᠬᠡᠷᠡᠭᠵᠢᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ ᠵᠠᠮ ᠢᠶᠠᠷ ᠵᠠᠮᠨᠠᠬᠤ ᠶᠢ ᠵᠣᠷᠢᠭᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠳᠠᠬᠢ ᠰᠢᠨ᠎ᠡ ᠬᠦᠴᠦᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠢᠨ᠎ᠡ ᠶᠢ ᠡᠭᠦᠳᠦᠨ ᠬᠥᠭᠵᠢᠬᠦ ᠶᠢ ᠪᠡᠶᠡᠯᠡᠭᠦᠯᠦᠨ᠎ᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠲᠥᠷᠥ ᠶᠢᠨ ᠪᠣᠳᠣᠯᠭ᠎ᠠ ᠶᠢᠨ ᠬᠠᠯᠠᠮᠰᠢᠯ ᠳᠡᠭᠡᠭᠰᠢᠯᠡᠵᠦ᠂ ᠤᠯᠤᠰ ᠤᠨ ᠳᠡᠮᠵᠢᠯᠭᠡ ᠶᠢᠨ ᠡᠷᠴᠢᠮ ᠴᠢᠩᠭᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠣᠷᠣᠬᠤ ᠬᠤᠭᠤᠴᠠᠭᠠᠨ ᠳᠤ ᠨᠠᠩ ᠴᠤ ᠰᠢᠨ᠎ᠡ ᠥᠨᠳᠥᠷᠴᠡ ᠳᠤ ᠬᠦᠷᠴᠦ᠂ ᠠᠯᠢ ᠣᠯᠠᠨ ᠲᠥᠷᠥ ᠶᠢᠨ ᠪᠣᠳᠣᠯᠭ᠎ᠠ᠂ ᠬᠤᠷᠠᠯ᠂ ᠪᠢᠴᠢᠭ ᠮᠠᠲ᠋ᠧᠷᠢᠶᠠᠯ ᠳᠤ ︽ᠲᠤᠰᠬᠠᠢ ᠨᠠᠷᠢᠯᠢᠭ ᠣᠨᠴᠠᠭᠠᠶ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠬᠥᠭᠵᠢᠭᠦᠯᠬᠦ ᠶᠢ ᠳᠠᠬᠢᠨ ᠳᠠᠪᠲᠠᠨ ᠴᠢᠬᠤᠯᠠᠴᠢᠯᠠᠭᠰᠠᠨ ᠪᠠᠶᠢᠨ᠎ᠠ᠃ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠲᠣᠪᠴᠢᠶ᠎ᠠ ᠠᠴᠠ᠂ 2025 ᠣᠨ ᠠᠴᠠ ᠡᠮᠦᠨ᠎ᠡ᠂ 10 ᠲᠦᠮᠡᠨ ᠮᠤᠵᠢ ᠶᠢᠨ ᠲᠡᠰ ᠤᠨ ᠲᠤᠰᠬᠠᠢ ᠮᠡᠷᠭᠡᠵᠢᠯ ᠤᠨ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ᠂ 1 ᠲᠦᠮᠡᠨ ︽ᠲᠤᠰᠬᠠᠢ ᠮᠡᠷᠭᠡᠵᠢᠯ ᠤᠨ ᠣᠨᠴᠠ ᠰᠢᠨ᠎ᠡ︾ ᠲᠣᠮᠣ ᠠᠵᠤ ᠠᠬᠤᠶᠢᠯᠠᠯ ᠪᠣᠯᠣᠨ 1000 ᠦᠢᠯᠡᠳᠬᠦ ᠦᠢᠯᠡᠰ ᠤᠨ ᠳᠠᠩ ᠲᠦᠷᠦᠯ ᠤᠨ ᠮᠠᠩᠯᠠᠢ ᠶᠢ ᠪᠣᠶᠢᠵᠢᠭᠤᠯᠬᠤ ᠪᠠᠷ ᠴᠢᠷᠮᠠᠶᠢᠨ᠎ᠠ ᠭᠡᠵᠦ ᠳᠤᠷᠠᠳᠴᠠᠢ᠃            ᠭᠤᠷᠪᠠ᠂ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠳᠤᠮᠳᠠ ᠵᠢᠵᠢᠭ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ            ᠨᠢᠭᠡ ᠳᠤ ᠤᠯᠤᠰ ᠠᠴᠠ ᠲᠡᠳᠬᠦᠨ ᠳᠡᠮᠵᠢᠵᠦ ᠱᠠᠩᠨᠠᠨ᠎ᠠ᠄ ᠤᠯᠤᠰ ᠤᠨ ᠲᠤᠰᠬᠠᠢ ᠮᠡᠷᠭᠡᠵᠢᠯ ᠤᠨ ᠣᠨᠴᠠ ᠰᠢᠨ᠎ᠡ ᠵᠢᠵᠢᠭ ᠠᠪᠤᠷᠭᠤ ᠬᠥᠮᠥᠨ ᠢᠶᠠᠷ ᠦᠨᠡᠯᠡᠭᠳᠡᠭᠰᠡᠨ ᠪᠠᠶᠢᠪᠠᠯ᠂ ᠨᠢᠭᠡ ᠯᠡ ᠤᠳᠠᠭ᠎ᠠ ᠳᠤ 600 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠵᠤ᠂ ᠵᠢᠯ ᠪᠦᠷᠢ 200 ᠲᠦᠮᠡᠨ ᠲᠥᠭᠦᠷᠢᠭ ᠢᠶᠠᠷ ᠱᠠᠩᠨᠠᠨ᠎ᠠ᠃            ᠬᠤᠶᠠᠷ ᠲᠤ ᠥᠪᠡᠷᠲᠡᠭᠡᠨ ᠵᠠᠰᠠᠬᠤ ᠣᠷᠣᠨ ᠠᠴᠠ ᠦᠷᠭᠦᠯᠵᠢᠯᠡᠨ ᠱᠠᠩᠨᠠᠨ᠎ᠠ᠄ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠵᠢᠱᠢᠶ᠎ᠡ ᠦᠵᠡᠭᠦᠯᠬᠦ ᠳᠤᠮᠳᠠ ᠵᠢᠵᠢᠭ ᠠᠵᠤ ᠠᠬᠤᠶᠢᠯᠠᠯ ᠪᠠ ᠨᠠᠷᠢᠨ ᠬᠤᠪᠢᠶᠠᠭᠰᠠᠨ ᠬᠦᠷᠢᠶ᠎ᠡ ᠴᠠᠷᠠᠭ᠎ᠠ ᠶᠢᠨ ᠲᠤᠰᠬᠠᠶᠢᠵᠢᠭᠰᠠᠨ ︽ᠵᠢᠵᠢᠭ ᠠᠪᠤᠷᠭᠤ ᠬᠥᠮᠥᠨ︾  ᠢᠶᠠᠷ ᠦᠨᠡᠮᠰᠢᠭᠳᠡᠭᠰᠡᠨ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠱᠠᠩᠨᠠᠨ ᠬᠥᠬᠢᠭᠦᠯᠬᠦ ᠶᠢᠨ ᠬᠠᠮᠲᠤ᠂ ︽ᠲᠤᠰᠬᠠᠶᠢᠵᠢᠭᠰᠠᠨ᠂ ᠨᠠᠷᠢᠯᠢᠭᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠠᠵᠤ ᠠᠬᠤᠶᠢᠯᠠᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠢ ᠵᠦᠢᠯ ᠤᠨ ᠪᠡᠯᠡ ᠮᠥᠩᠭᠦ ᠪᠠᠷ ᠲᠡᠳᠬᠦᠬᠦ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠬᠦ ᠶᠢ ᠤᠷᠢᠳᠠᠪᠠᠷ ᠪᠠᠲᠤᠯᠠᠨ ᠲᠠᠨᠢᠯᠴᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠷᠢᠳᠠᠪᠠᠷ ᠪᠠᠲᠤᠯᠠᠨ ᠬᠦᠷᠲᠡᠭᠡᠨ᠎ᠡ᠃                        ᠲᠠᠶᠢᠯᠤᠮᠵᠢ ᠬᠢᠭᠴᠢ᠄ ᠰᠢᠶᠠᠩ ᠨᠢᠩ ᠢᠦᠢ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ                        ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ ᠶᠠᠪᠤᠳᠠᠯ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ            111                    ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ                  ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠠᠴᠠ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠳᠣᠣᠷᠠᠬᠢ ᠮᠡᠲᠦ᠄            ᠨᠢᠭᠡ᠂ ᠭᠤᠣᠯ ᠠᠭᠤᠯᠭ᠎ᠠ             ︽ᠮᠡᠳᠡᠭᠳᠡᠯ︾  ᠳᠤ ᠳᠦᠷᠢᠮ ᠤᠨ ᠬᠠᠮᠤᠷᠬᠤ ᠬᠡᠪᠴᠢᠶ᠎ᠡ᠂ ᠲᠥᠯᠥᠬᠦ ᠬᠡᠪᠴᠢᠶ᠎ᠡ᠂ ᠲᠥᠯᠥᠬᠦ ᠲᠥᠷᠥ ᠶᠢᠨ ᠪᠣᠳᠣᠯᠭ᠎ᠠ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠢ ᠲᠣᠭᠲᠠᠭᠠᠵᠠᠢ ᠃ ᠨᠢᠭᠡ ᠳᠤ ᠬᠠᠮᠤᠷᠬᠤ ᠬᠡᠪᠴᠢᠶ᠎ᠡ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ᠃ ᠬᠤᠶᠠᠷ ᠲᠤ ᠥᠭᠬᠦ ᠬᠦᠷᠢᠶ᠎ᠡ ᠬᠡᠪᠴᠢᠶ᠎ᠡ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠃ ᠭᠤᠷᠪᠠ ᠳᠤ ᠵᠣᠭᠤᠰ ᠥᠭᠬᠦ ᠲᠦᠷᠦ ᠶᠢᠨ ᠪᠣᠳᠣᠯᠭ᠎ᠠ᠃ ᠡᠮ ᠡᠮᠨᠡᠯᠭᠡ ᠶᠢᠨ ᠳᠠᠭᠠᠳᠬᠠᠯ ᠤᠨ ︽ᠭᠤᠷᠪᠠᠨ ᠱᠤᠭᠤᠮ︾  ᠤᠨ ᠲᠥᠯᠥᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮ ᠡᠮᠨᠡᠯᠭᠡ ᠶᠢᠨ ᠵᠠᠷᠤᠳᠠᠯ ᠤᠨ ᠣᠨ ᠤ ᠡᠬᠢᠯᠡᠵᠦ ᠲᠥᠯᠥᠬᠦ ᠪᠠᠷᠢᠮᠵᠢᠶ᠎ᠠ ᠶᠢ 1000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠣᠨ ᠤ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠠᠵᠢᠯ ᠳᠤ ᠪᠠᠶᠢᠭ᠎ᠠ ᠠᠵᠢᠯᠲᠠᠨ ᠠᠵᠢᠯᠴᠢᠨ 4000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠠᠵᠢᠯ ᠠᠴᠠ ᠪᠠᠨ ᠠᠮᠠᠷᠠᠭᠰᠠᠳ 5000 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ ᠭᠡᠵᠡᠢ᠃ ᠡᠬᠢᠯᠡᠵᠦ ᠲᠥᠯᠥᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠳᠤ ᠠᠳᠠᠯᠢ ᠪᠤᠰᠤ ᠲᠠᠰ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠲᠥᠯᠥᠬᠦ ᠬᠠᠷᠢᠴᠠᠯ ᠤᠨ ᠵᠥᠷᠢᠶ᠎ᠡ ᠶᠢ ᠵᠣᠬᠢᠬᠤ ᠬᠡᠮᠵᠢᠶ᠎ᠡ ᠪᠠᠷ ᠶᠡᠬᠡᠰᠬᠡᠬᠦ ᠶᠢᠨ ᠬᠠᠮᠲᠤ ᠠᠵᠢᠯ  ᠠᠴᠠ ᠪᠠᠨ ᠪᠠᠭᠤᠵᠤ ᠠᠮᠠᠷᠠᠭᠰᠠᠳ ᠳᠠᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠬᠦ ᠬᠡᠷᠡᠭᠲᠡᠢ᠃ ᠣᠯᠭᠤᠬᠤ ᠬᠠᠷᠢᠴᠠᠯ ᠢ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢ 50% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢ 60% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠠᠵᠢᠯ ᠠᠴᠠ ᠪᠠᠨ ᠪᠠᠭᠤᠵᠤ ᠠᠮᠠᠷᠠᠭᠰᠠᠳ ᠢ 5ᠳᠥᠷᠪᠡ ᠳᠤ᠂ ᠡᠭᠦᠳᠡᠨ ᠡᠮᠨᠡᠯᠭᠡ ᠪᠣᠯᠣᠨ ᠡᠮᠨᠡᠯᠭᠡ ᠳᠤ ᠰᠠᠭᠤᠬᠤ ᠪᠠᠲᠤᠯᠠᠪᠤᠷᠢ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠵᠣᠯᠭᠠᠭᠤᠯᠬᠤ ᠬᠡᠷᠡᠭᠲᠡᠢ᠃ ᠡᠭᠦᠳᠡᠨ ᠡᠮᠨᠡᠯᠭᠡ ᠶᠢᠨ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠶᠢ ᠡᠮᠨᠡᠯᠭᠡ ᠳᠤ ᠰᠠᠭᠤᠬᠤ ᠶᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠣᠨ ᠤ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠳᠤ ᠣᠷᠣᠭᠤᠯᠬᠤ ᠶᠢ ᠪᠠᠲᠤᠯᠠᠬᠤ ᠶᠢᠨ ᠬᠠᠮᠲᠤ ᠡᠮᠨᠡᠯᠭᠡ ᠳᠤ ᠰᠠᠭᠤᠭᠰᠠᠨ ᠵᠠᠷᠤᠳᠠᠯ ᠢ ᠥᠭᠬᠦ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠶᠢ ᠰᠠᠶᠢᠲᠤᠷ ᠬᠢᠨ᠎ᠠ᠃            ᠬᠤᠶᠠᠷ᠂ ᠬᠠᠮᠢᠶ᠎ᠠ ᠪᠦᠬᠦᠢ ᠱᠠᠭᠠᠷᠳᠠᠯᠭ᠎ᠠ             ︽ᠮᠡᠳᠡᠭᠳᠡᠯ︾  ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠯᠠᠪᠳᠠᠭᠤᠨ ᠪᠣᠯᠭᠤᠮᠵᠢᠲᠠᠢ ᠠᠬᠢᠭᠤᠯᠬᠤ ᠶᠢ ᠦᠨᠡᠨ ᠬᠦ ᠪᠠᠲᠤᠯᠠᠬᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠲᠠᠯ᠎ᠠ ᠪᠠᠷ ᠪᠠᠰᠠ ᠡᠳᠦᠢ ᠲᠡᠳᠦᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠨᠢᠭᠡ ᠳᠤ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠣᠯᠭᠤᠮᠵᠢ ᠶᠢᠨ ᠪᠠᠷᠢᠮᠵᠢᠶ᠎ᠠ ᠶᠢ ᠲᠣᠭᠲᠠᠭᠠᠵᠤ᠂ ᠲᠥᠰᠥᠪ ᠤᠨ ᠬᠠᠮᠢᠶᠠᠷᠤᠯᠲᠠ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ᠂ ᠭᠠᠷᠲᠠᠨ ᠭᠦᠢᠴᠡᠳᠬᠡᠬᠦ ᠬᠠᠮᠢᠶᠠᠷᠤᠯᠲᠠ᠂ ᠲᠥᠯᠥᠬᠦ ᠠᠷᠭ᠎ᠠ ᠮᠠᠶ᠋ᠢᠭ ᠵᠡᠷᠭᠡ ᠳᠦᠷᠢᠮ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠠᠢ ᠬᠡᠷᠡᠭᠵᠢᠭᠦᠯᠬᠦ ᠠᠷᠭ᠎ᠠ ᠶᠢ ᠨᠡᠶᠢᠲᠡᠯᠡᠵᠦ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠬᠤᠶᠠᠷ ᠲᠤ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠵᠣᠯᠭᠠᠯᠳᠤᠯ ᠢ ᠦᠨᠡᠨ ᠬᠦ ᠪᠠᠲᠤᠯᠠᠵᠤ᠂ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢᠨ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ 2023 ᠣᠨ ᠤ ᠵᠢᠯ ᠤᠨ ᠡᠴᠦᠰ ᠠᠴᠠ ᠡᠮᠦᠨ᠎ᠡ᠂ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠤᠭᠤᠳ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠠᠰᠢᠭᠯᠠᠯᠲᠠ ᠶᠢᠨ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠣᠬᠢᠷᠠᠭᠤᠯᠤᠯᠲᠠ ᠬᠢᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ ᠤᠯᠠᠮ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ ᠥᠭᠡᠷᠡᠴᠢᠯᠡᠯᠲᠡ ᠶᠢᠨ ᠡᠮᠦᠨ᠎ᠡ ᠬᠤᠶᠢᠨᠠᠬᠢ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ᠂ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠣᠯᠭᠤᠮᠵᠢ ᠶᠢᠨ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠨ᠎ᠠ᠃ ᠳᠥᠷᠪᠡ ᠳᠤ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠵᠢᠱᠢᠯᠲᠡ ᠶᠢ ᠵᠣᠬᠢᠰᠲᠠᠢ ᠬᠥᠲᠥᠯᠥᠨ ᠤᠳᠤᠷᠢᠳᠤᠨ᠎ᠠ᠃                   ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠠᠮᠵᠢᠭᠤᠯᠤᠨ ᠨᠡᠶᠢᠲᠡᠯᠡᠭᠰᠡᠨ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾            ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠶᠢᠨ ᠡᠮᠦᠨ᠎ᠡ ᠲᠣᠭᠤᠷᠢᠯᠲᠠ ᠶᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ            
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号