︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ  ︿ᠠᠷᠪᠠᠨ ᠳᠥᠷᠪᠡᠳᠦᠭᠡᠷ ᠲᠠᠪᠤᠨ ᠵᠢᠯ  ﹀  ᠤᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠲᠥᠯᠦᠪᠵᠢᠭᠦᠯᠭᠡ ᠶᠢᠨ ᠲᠥᠰᠥᠯ︾ ᠤᠨ ᠲᠤᠬᠠᠢ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ  ᠲᠠᠶᠢᠯᠤᠮᠵᠢ
ᠨᠡᠶᠢᠲᠡᠯᠡᠭᠰᠡᠨ ᠴᠠᠭ᠄
2023/12/18
             ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ᠂ ᠲᠣᠰᠣ ᠬᠡᠢ ᠪᠣᠯᠣᠨ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠢ ᠵᠢᠯᠣᠭᠤᠳᠤᠨ ᠰᠠᠶᠢᠲᠤᠷ ᠬᠢᠵᠦ᠂ ᠬᠦᠨᠳᠦ ᠨᠣᠴᠢᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠬᠦᠨᠳᠦ ᠨᠣᠴᠢᠲᠠᠢ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠣᠶᠢᠷ᠎ᠠ ᠳᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠲᠥᠯᠦᠪᠵᠢᠭᠦᠯᠭᠡ ᠶᠢᠨ ᠲᠥᠰᠥᠯ︾ ︵ᠳᠣᠷᠣᠭᠰᠢ ︽ᠲᠥᠯᠦᠪᠵᠢᠭᠦᠯᠭᠡ ᠶᠢᠨ ᠲᠥᠰᠥᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠪᠠ᠃ ︽ᠲᠥᠯᠦᠪᠵᠢᠭᠦᠯᠭᠡ ᠶᠢᠨ ᠲᠥᠰᠥᠯ︾  ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠭᠤᠣᠯ ᠬᠠᠷᠠᠯᠲᠠ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠵᠤ᠂ ᠪᠥᠬᠦ ᠤᠯᠤᠰ ᠤᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠳᠤ ᠰᠢᠰᠲ᠋ᠧᠮ ᠲᠠᠢ ᠠᠷᠭ᠎ᠠ ᠪᠣᠳᠣᠯᠭ᠎ᠠ ᠪᠠᠶᠢᠷᠢᠯᠠᠭᠤᠯᠤᠯᠲᠠ ᠬᠢᠪᠡ᠃                   ︽ᠲᠥᠯᠦᠪᠵᠢᠭᠦᠯᠭᠡ ᠶᠢᠨ ᠲᠥᠰᠥᠯ︾  ᠳᠤ ᠵᠢᠭᠠᠵᠤ ᠭᠠᠷᠭᠠᠭᠰᠠᠨ ᠨᠢ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠠᠴᠠ ᠨᠠᠰᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠬᠠᠮᠲᠤ ᠶᠢᠨ ᠴᠢᠷᠮᠠᠶᠢᠯᠭ᠎ᠠ ᠪᠠᠷ᠂ ᠠᠶᠤᠯᠲᠠᠢ ᠬᠢᠮᠢ ᠶᠢᠨ ᠪᠣᠳᠠᠰ ᠤᠨ ᠠᠶᠦᠯᠭᠦᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠠᠬᠢᠴᠠ ᠲᠠᠢ ᠪᠣᠯᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠮᠥᠨ ᠯᠡ ᠳᠠᠪᠠᠭ᠎ᠠ ᠶᠢ ᠳᠠᠪᠠᠵᠤ ᠪᠡᠷᠬᠡ ᠶᠢ ᠲᠤᠭᠤᠯᠤᠨ ᠪᠡᠷᠬᠡ ᠶᠢ ᠳᠠᠪᠠᠭ᠋ᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠠᠰᠢᠭᠲᠠᠢ ᠨᠥᠬᠦᠴᠡᠯ ᠪᠠᠶᠢᠬᠤ ᠮᠥᠷᠲᠡᠭᠡᠨ ᠪᠠᠰᠠ ᠰᠢᠨ᠎ᠡ ᠬᠠᠭᠤᠴᠢᠨ ᠠᠶᠤᠯ ᠲᠦᠭᠰᠢᠭᠦᠷᠢ ᠳᠠᠪᠬᠤᠴᠠᠭᠰᠠᠨ ᠬᠦᠨᠳᠦ ᠬᠡᠴᠡᠭᠦᠦ ᠰᠢᠯᠭᠠᠯᠲᠠ ᠳᠤ ᠲᠤᠯᠭᠠᠷᠠᠵᠤ ᠪᠠᠶᠢᠨ᠎ᠠ᠃       ︽ᠲᠥᠯᠦᠪᠵᠢᠭᠦᠯᠭᠡ ᠶᠢᠨ ᠲᠥᠰᠥᠯ︾  ᠳᠤ ᠴᠢᠬᠤᠯᠠᠴᠢᠯᠠᠭᠰᠠᠨ ᠨᠢ᠂ ᠠᠶᠤᠯᠲᠠᠢ ᠬᠢᠮᠢ ᠶᠢᠨ ᠪᠣᠳᠠᠰ ᠤᠨ ᠠᠶᠦᠯᠭᠦᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠠᠪᠤᠳᠠᠯ ᠢ ᠢᠮᠠᠭᠲᠠ ᠬᠦᠨᠳᠦ ᠨᠣᠴᠢᠲᠠᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠪᠣᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠠᠨᠠᠯ︾  ᠤᠨ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠦᠨᠳᠦ ᠣᠨᠴᠠ ᠶᠡᠭᠡ ᠠᠳᠡᠯ ᠢ ᠪᠦᠲᠦᠮᠵᠢᠲᠡᠶ ᠬᠤᠷᠢᠭᠯᠠᠬᠤ ᠪᠠᠷ ᠭᠤᠣᠯ ᠬᠠᠷᠠᠯᠲᠠ ᠪᠣᠯᠭᠠᠵᠤ᠂ ᠠᠶᠤᠯᠲᠠᠢ ᠬᠢᠮᠢ ᠶᠢᠨ ᠪᠣᠳᠠᠰ ᠤᠨ ᠠᠶᠦᠯᠭᠦᠢ ᠶᠢᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠭᠤᠣᠯᠳᠠᠯᠭ᠎ᠠ ᠶᠢ ᠠᠳᠬᠤᠬᠤ᠂ ᠰᠠᠭᠤᠷᠢ ᠶᠢ ᠴᠢᠩᠭᠠᠳᠬᠠᠬᠤ᠂ ᠠᠯᠳᠠᠰᠢ ᠭᠠᠷᠬᠤ ᠶᠢ ᠬᠤᠷᠢᠭᠯᠠᠬᠤ᠂ ᠳᠤᠲᠠᠭᠤᠳᠠᠯ ᠢ ᠨᠥᠬᠦᠪᠦᠷᠢᠯᠡᠬᠦ ᠳᠡᠭᠡᠷ᠎ᠡ ᠬᠦᠴᠦ ᠲᠠᠯᠪᠢᠵᠤ᠂ ᠠᠶᠦᠯᠭᠦᠢ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠨᠡᠩ ᠴᠢᠬᠤᠯᠠᠴᠢᠯᠠᠵᠤ᠂ ᠮᠥᠨ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠬᠠᠮᠢᠶᠠᠷᠤᠯᠲᠠ ᠶᠢᠨ ᠠᠷᠭ᠎ᠠ ᠪᠠᠷᠢᠯ ᠢ ᠲᠣᠭᠠᠴᠢᠯᠠᠨ ᠬᠤᠪᠢᠷᠠᠭᠤᠯᠬᠤ ᠶᠢ ᠨᠡᠩ ᠴᠢᠬᠤᠯᠠᠴᠢᠯᠠᠵᠤ᠂ ᠡᠬᠢ ᠡᠭᠦᠰᠦᠯ ᠠᠴᠠ ᠨᠢ ᠵᠠᠰᠠᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠰᠢᠰᠲ᠋ᠧᠮ ᠲᠠᠢ ᠠᠬᠢᠭᠤᠯᠬᠤ ᠠᠵᠢᠯ ᠢ ᠴᠢᠩᠭᠠᠳᠬᠠᠵᠤ᠂ ᠠᠶᠦᠯᠭᠦᠢ ᠶᠢᠨ ᠬᠠᠮᠢᠶᠠᠷᠤᠯᠲᠠ ᠶᠢ ᠰᠢᠰᠲ᠋ᠧᠮᠵᠢᠭᠦᠯᠬᠦ᠂ ᠣᠨᠣᠪᠴᠢᠵᠢᠭᠤᠯᠬᠤ᠂ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃       ︽ᠲᠥᠯᠦᠪᠵᠢᠭᠦᠯᠭᠡ ᠶᠢᠨ ᠲᠥᠰᠥᠯ︾  ᠳᠤ᠂ ᠠᠶᠤᠯᠲᠠᠢ ᠬᠢᠮᠢ ᠶᠢᠨ ᠪᠣᠳᠠᠰ ᠤᠨ ᠰᠢᠰᠲ᠋ᠧᠮ ᠤᠨ ᠴᠢᠨᠠᠷᠲᠠᠢ ᠠᠶᠦᠯᠭᠦᠢ ᠶᠢᠨ ᠲᠦᠭᠰᠢᠭᠦᠷᠢ ᠶᠢ ᠰᠡᠷᠭᠡᠶᠢᠯᠡᠬᠦ ᠪᠠᠷ ᠭᠤᠣᠯᠯᠠᠭᠤᠯᠤᠨ᠂ ᠠᠰᠠᠭᠤᠳᠠᠯ᠂ ᠬᠠᠷᠠᠯᠲᠠ ᠬᠢᠭᠡᠳ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ᠂ ᠳᠦᠷᠢᠮ ᠤᠨ ᠴᠢᠨᠠᠷᠲᠠᠢ ᠠᠷᠭ᠎ᠠ ᠬᠡᠮᠵᠢᠶ᠎ᠡ ᠬᠢᠭᠡᠳ ᠢᠨᠵᠧᠨᠧᠷᠢᠩ ᠤᠨ ᠴᠢᠨᠠᠷᠲᠠᠢ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠨᠢᠭᠡ ᠪᠦᠯᠦᠭ ᠳᠦᠷᠢᠮ ᠤᠨ ᠠᠷᠭ᠎ᠠ ᠬᠡᠮᠵᠢᠶ᠎ᠡ ᠪᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠠᠶᠤᠯᠲᠠᠢ ᠬᠢᠮᠢ ᠶᠢᠨ ᠪᠣᠳᠠᠰ ᠤᠨ ᠠᠶᠦᠯᠭᠦᠢ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠳᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ᠂ ᠭᠡᠮ ᠰᠣᠭᠤᠭ ᠢ ᠪᠠᠶᠢᠴᠠᠭᠠᠨ ᠵᠠᠰᠠᠬᠤ ᠰᠢᠰᠲ᠋ᠧᠮ᠂ ᠠᠶᠦᠯᠭᠦᠢ ᠶᠢᠨ ᠤᠷᠢᠳᠴᠢᠯᠠᠨ ᠰᠡᠷᠭᠡᠶᠢᠯᠡᠵᠦ ᠡᠵᠡᠮᠳᠡᠬᠦ ᠰᠢᠰᠲ᠋ᠧᠮ᠂ ᠮᠥᠨ ᠴᠢᠨᠠᠷ ᠤᠨ ᠠᠶᠦᠯᠭᠦᠢ ᠶᠢᠨ ᠬᠥᠭᠵᠢᠯᠲᠡ ᠶᠢᠨ ᠰᠢᠰᠲ᠋ᠧᠮ᠂ ᠠᠵᠢᠯᠯᠠᠵᠤ ᠪᠠᠶᠢᠭ᠎ᠠ ᠬᠥᠮᠥᠰ ᠤᠨ ᠪᠣᠯᠪᠠᠰᠤᠷᠠᠯ ᠤᠨ ᠰᠢᠰᠲ᠋ᠧᠮ᠂ ᠰᠠᠭᠤᠷᠢ ᠲᠤᠯᠭᠠᠭᠤᠷᠢᠯᠠᠯ ᠤᠨ ᠪᠠᠲᠤᠯᠠᠪᠤᠷᠢ ᠶᠢᠨ ᠰᠢᠰᠲ᠋ᠧᠮ ᠵᠡᠷᠭᠡ ᠵᠢᠷᠭᠤᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠮᠥᠨ ᠴᠢᠨᠠᠷ ᠤᠨ ᠠᠶᠦᠯᠭᠦᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠠᠴᠠ ᠪᠣᠳᠣᠯᠬᠢᠯᠠᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠶᠦᠯᠭᠦᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠲᠣᠮᠣ ᠬᠡᠯᠪᠡᠷᠢ ᠶᠢᠨ ᠲᠣᠰᠣ ᠬᠡᠢ ᠬᠠᠳᠠᠭᠠᠯᠠᠬᠤ ᠰᠠᠭᠤᠷᠢᠨ ᠭᠠᠵᠠᠷ ᠤᠨ ᠠᠶᠦᠯᠭᠦᠢ ᠶᠢᠨ ᠰᠡᠷᠭᠡᠶᠢᠯᠡᠨ ᠡᠵᠡᠮᠳᠡᠬᠦ᠂ ᠠᠵᠤ ᠠᠬᠤᠶᠢᠯᠠᠯ ᠤᠨ ᠠᠶᠦᠯᠭᠦᠢ ᠶᠢᠨ ᠥᠭᠡᠷᠡᠴᠢᠯᠡᠯᠲᠡ᠂ ᠠᠶᠦᠯᠭᠦᠢ ᠶᠢᠨ ᠪᠣᠯᠪᠠᠰᠤᠷᠠᠯ ᠤᠨ ᠰᠦᠯᠵᠢᠶᠡᠨ ᠤ ᠪᠠᠶᠢᠭᠤᠯᠤᠯᠲᠠ᠂ ︽ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ + ᠠᠶᠤᠯᠲᠠᠢ ᠬᠢᠮᠢ ᠶᠢᠨ ᠠᠶᠤᠯᠭᠦᠢ ᠦᠢᠯᠡᠳᠪᠦᠷᠢᠯᠡᠬᠦ ᠠᠵᠢᠯ︾ ᠵᠡᠷᠭᠡ ︽ᠲᠠᠪᠤᠨ ᠶᠡᠭᠡ ᠢᠨᠵᠧᠨᠧᠷᠢᠩ︾  ᠢ ᠬᠡᠷᠡᠭᠵᠢᠭᠦᠯᠦᠨ᠎ᠡ᠃ ᠳᠦᠷᠦ ᠶᠢᠨ ᠪᠣᠳᠣᠯᠭ᠎ᠠ ᠶᠢ ᠳᠦᠷᠦᠯ ᠬᠤᠪᠢᠶᠠᠨ ᠬᠡᠷᠡᠭᠵᠢᠭᠦᠯᠬᠦ ᠶᠢ ᠴᠢᠩᠭᠠᠳᠬᠠᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠳᠦᠷᠦᠯ᠂ ᠡᠮ ᠡᠮᠨᠡᠯᠭᠡ ᠶᠢᠨ ᠠᠵᠢᠯ ᠳᠦᠷᠦᠯ᠂ ᠠᠶᠤᠯᠲᠠᠢ ᠬᠢᠮᠢ ᠶᠢᠨ ᠪᠣᠳᠠᠰ ᠤᠨ ᠡᠵᠡᠩᠨᠡᠯᠲᠡ ᠶᠢᠨ ᠭᠤᠭᠴᠤᠭ᠎ᠠ᠂ ᠲᠣᠰᠣ ᠬᠡᠢ ᠶᠢᠨ ᠠᠵᠢᠯ ᠳᠦᠷᠦᠯ᠂ ᠬᠤᠸᠠᠷ ᠫᠤᠤᠵᠢᠩ ᠤᠨ ᠠᠵᠢᠯ ᠳᠦᠷᠦᠯ ᠤᠨ ᠠᠶᠦᠯᠭᠦᠢ ᠶᠢᠨ ᠠᠶᠤᠯ ᠲᠦᠭᠰᠢᠭᠦᠷᠢ ᠶᠢ ᠣᠨᠣᠪᠴᠢᠲᠠᠢ ᠬᠠᠮᠢᠶᠠᠷᠤᠨ ᠡᠵᠡᠮᠳᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠳᠡᠮᠵᠢᠵᠦ᠂ ᠠᠶᠤᠯᠲᠠᠢ ᠬᠢᠮᠢ ᠶᠢᠨ ᠪᠣᠳᠠᠰ ᠤᠨ ᠬᠠᠶᠠᠭᠳᠠᠯ ᠢ ᠰᠢᠢᠳᠪᠦᠷᠢᠯᠡᠬᠦ᠂ ᠲᠡᠭᠡᠭᠡᠪᠦᠷᠢᠯᠡᠬᠦ ᠪᠠ ᠬᠡᠷᠡᠭᠯᠡᠬᠦ ᠭᠤᠭᠴᠤᠭ᠎ᠠ ᠶᠢᠨ ᠠᠶᠦᠯᠭᠦᠢ ᠶᠢᠨ ᠬᠠᠮᠢᠶᠠᠷᠤᠯᠲᠠ ᠶᠢ ᠴᠢᠩᠭᠠᠳᠬᠠᠵᠤ ᠂ ᠠᠶᠦᠯᠭᠦᠢ ᠶᠢᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃       ︽ᠲᠥᠯᠦᠪᠵᠢᠭᠦᠯᠭᠡ ᠶᠢᠨ ᠲᠥᠰᠥᠯ︾  ᠳᠤ᠂ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠴᠢᠩᠭᠠᠷᠠᠭᠤᠯᠵᠤ᠂ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠶᠢ ᠢᠳᠡᠪᠬᠢᠲᠡᠢ ᠥᠷᠨᠢᠭᠦᠯᠵᠦ᠂ ᠲᠥᠯᠦᠪᠵᠢᠭᠦᠯᠭᠡ ᠶᠢᠨ ᠦᠨᠡᠯᠡᠨ ᠵᠢᠱᠢᠯᠲᠡ ᠶᠢ ᠴᠢᠩᠭ᠎ᠠ ᠬᠡᠷᠡᠭᠵᠢᠭᠦᠯᠦᠨ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃          ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠲᠥᠯᠦᠪᠵᠢᠭᠦᠯᠭᠡ ᠶᠢᠨ ᠲᠥᠰᠥᠯ︾          ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号