| | ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠶᠠᠮᠤᠨ ︽ᠴᠡᠷᠢᠭ ᠤᠨ ᠠᠯᠪᠠᠨ ᠠᠴᠠ | ᠪᠠᠭᠤᠭᠰᠠᠳ᠂ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ | ᠠᠷᠭ᠎ᠠ︾ ᠭᠡᠵᠦ ᠲᠣᠪᠴᠢᠯᠠᠨ᠎ᠠ︶ ᠶᠢ ᠠᠯᠪᠠᠨ ᠶᠣᠰᠣ ᠪᠠᠷ ᠬᠡᠪᠯᠡᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠲᠠᠶᠢᠯᠤᠮᠵᠢ ᠬᠢᠶ᠎ᠡ᠃ | | ᠨᠢᠭᠡ᠂ ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ | ᠪᠠᠶᠢᠳᠠᠯ ᠤᠨ ᠲᠤᠬᠠᠢ | | 2020 ᠣᠨ ᠤ 1 ᠰᠠᠷ᠎ᠠ ᠳᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠶᠠᠮᠤᠨ ᠵᠡᠷᠭᠡ | 20 ᠰᠠᠯᠠᠭ᠎ᠠ ᠮᠥᠴᠢᠷ ᠬᠠᠮᠲᠤᠷᠠᠨ ︽ᠴᠡᠷᠢᠭ ᠤᠨ ᠬᠥᠮᠥᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠᠨ ᠠᠴᠠ | ᠪᠠᠭᠤᠭᠰᠠᠳ ᠪᠣᠯᠣᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠠᠵᠢᠯ ᠢ ᠴᠢᠩᠭᠠᠳᠬᠠᠬᠤ | ᠲᠤᠬᠠᠢ ᠰᠠᠨᠠᠯ︾ ᠢ ᠬᠡᠪᠯᠡᠨ ᠲᠠᠷᠬᠠᠭᠠᠵᠤ᠂ ︽ᠬᠠᠷᠠᠭᠠᠯᠵᠠᠯ ᠤᠨ ᠦᠨᠡᠮᠯᠡᠯ ᠤᠨ ᠳᠦᠷᠢᠮ ᠢ ᠪᠠᠶᠢᠭᠤᠯᠤᠨ᠎ᠠ︾ ᠭᠡᠵᠦ | ᠳᠤᠷᠠᠳᠴᠤ᠂ ᠴᠡᠷᠢᠭ ᠤᠨ ᠠᠯᠪᠠᠨ ᠠᠴᠠ ᠪᠠᠭᠤᠭᠰᠠᠳ ᠪᠣᠯᠣᠨ ︽ᠭᠤᠷᠪᠠᠨ ᠭᠡᠷ ᠪᠦᠯᠢ︾ ︵ᠦᠷᠡᠭᠳᠡᠭᠰᠡᠨ | ᠪᠠᠭᠠᠲᠤᠷ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ᠂ ᠡᠪᠡᠳᠴᠢᠨ ᠢᠶᠠᠷ | ᠨᠠᠰᠤ ᠪᠠᠷᠠᠭᠰᠠᠨ ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ᠂ | ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ︶ ᠳᠤ ᠬᠠᠷᠠᠭᠠᠯᠵᠠᠯ ᠤᠨ ᠦᠨᠡᠮᠯᠡᠯ ᠢ ᠨᠢᠭᠡᠳᠦᠯᠲᠡᠢ | ᠵᠣᠬᠢᠶᠠᠨ ᠣᠯᠭᠤᠵᠤ ᠥᠭᠴᠡᠢ᠃ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠭᠰᠡᠨ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ | ᠬᠠᠤᠯᠢ︾ ᠳᠤ ᠤᠯᠤᠰ ᠠᠴᠠ ᠣᠯᠭᠤᠭᠰᠠᠨ ᠬᠠᠷᠠᠭᠠᠯᠵᠠᠯ ᠤᠨ ᠦᠨᠡᠮᠯᠡᠯ ᠢ ᠬᠠᠤᠯᠢ ᠴᠠᠭᠠᠵᠠ ᠳᠤ ᠪᠢᠴᠢᠵᠦ | ᠣᠷᠣᠭᠤᠯᠪᠠ᠃ | | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠠᠷᠠᠭᠠᠯᠵᠠᠯ ᠤᠨ ᠦᠨᠡᠮᠯᠡᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ | ᠵᠢᠷᠤᠮᠵᠢᠭᠤᠯᠬᠤ ᠶᠢᠨ ᠲᠥᠯᠥᠭᠡ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠭᠦᠨᠵᠡᠭᠡᠢ ᠪᠠᠶᠢᠴᠠᠭᠠᠨ | ᠰᠤᠳᠤᠯᠤᠯᠲᠠ ᠬᠢᠵᠦ᠂ ᠳᠠᠬᠢᠨ ᠳᠠᠪᠲᠠᠨ ᠰᠤᠳᠤᠯᠤᠨ ᠨᠤᠲᠠᠯᠠᠵᠤ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ | ᠳᠡᠭᠡᠷ᠎ᠡ᠂ ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠨᠡᠶᠢᠲᠡᠯᠡᠪᠡ᠃ | | ᠬᠤᠶᠠᠷ᠂ ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠤ ᠠᠴᠢ | ᠬᠤᠯᠪᠣᠭᠳᠠᠯ ᠤᠨ ᠲᠤᠬᠠᠢ | | ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ | ᠭᠦᠨᠵᠡᠭᠡᠢ ᠲᠤᠤᠱᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ | ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠴᠠ | ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠪᠣᠳᠠᠲᠠᠢ ᠠᠷᠭ᠎ᠠ | ᠬᠡᠮᠵᠢᠶ᠎ᠡ ᠮᠥᠨ᠂ ᠨᠠᠮ ᠪᠠ ᠵᠠᠰᠠᠭ ᠤᠨ ᠣᠷᠳᠣᠨ ᠠᠴᠠ ᠥᠷᠭᠡᠨ ᠤᠯᠠᠨ ᠴᠡᠷᠢᠭ ᠤᠨ ᠠᠯᠪᠠᠨ ᠠᠴᠠ ᠪᠠᠭᠤᠭᠰᠠᠳ ᠪᠠ | ᠪᠤᠰᠤᠳ ᠠᠰᠠᠷᠠᠨ ᠬᠠᠷᠠᠭᠠᠯᠵᠠᠬᠤ ᠡᠲᠡᠭᠡᠳ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ | ᠥᠷᠭᠡᠨ ᠤᠯᠠᠨ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ | ᠢᠷᠠᠭᠤ ᠠᠯᠳᠠᠷ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠪᠦᠬᠦ | ᠨᠡᠶᠢᠭᠡᠮ ᠳᠤ ︽ᠴᠡᠷᠢᠭ ᠤᠨ ᠠᠯᠪᠠᠨ ᠠᠴᠠ ᠪᠠᠭᠤᠭᠰᠠᠳ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠬᠥᠮᠥᠨ | ᠪᠣᠯᠭᠠᠵᠤ᠂ ᠴᠡᠷᠢᠭ ᠤᠨ ᠬᠥᠮᠥᠨ ᠢ ᠪᠦᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠬᠤ︾ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠳᠤ ᠠᠰᠢᠭᠲᠠᠢ ᠶᠤᠮ᠃ | | ᠭᠤᠷᠪᠠ᠂ ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ ᠶᠢᠨ | ᠲᠤᠬᠠᠢ | | ︽ᠬᠠᠷᠠᠭᠠᠯᠵᠠᠯ ᠤᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 9 ᠪᠦᠯᠦᠭ᠂ 52 ᠵᠦᠢᠯ᠂ | 3 ᠬᠡᠰᠡᠭ ᠢᠶᠠᠷ ᠪᠦᠷᠢᠯᠳᠦᠵᠡᠢ᠃ | | ᠨᠢᠭᠡᠳᠦᠭᠡᠷ᠂ ᠬᠤᠶᠠᠳᠤᠭᠠᠷ ᠪᠦᠯᠦᠭ ᠢ ᠪᠠᠭᠲᠠᠭᠠᠭᠰᠠᠨ ᠶᠡᠷᠦᠩᠬᠡᠢ ᠱᠠᠭᠠᠷᠳᠠᠯᠭ᠎ᠠ ᠭᠡᠵᠦ ᠠᠩᠭᠢᠯᠠᠵᠤ᠂ ᠨᠡᠶᠢᠲᠡ | 16 ᠵᠦᠢᠯ ᠲᠠᠢ᠃ ᠬᠠᠷᠠᠭᠠᠯᠵᠠᠯ ᠤᠨ ᠦᠨᠡᠮᠯᠡᠯ ᠢ ᠦᠢᠯᠡᠳᠦᠨ ᠣᠯᠭᠤᠬᠤ ᠶᠢᠨ ᠵᠣᠷᠢᠯᠭ᠎ᠠ ᠶᠢᠨ ᠦᠨᠳᠦᠰᠦᠯᠡᠯ᠂ | ᠬᠠᠮᠢᠶ᠎ᠠ ᠪᠦᠬᠦᠢ ᠲᠣᠮᠢᠶᠠᠯᠠᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠮᠡᠳᠡᠭᠡ ᠵᠠᠩᠭᠢ ᠶᠢᠨ ᠳᠡᠮᠵᠢᠯᠭᠡ᠂ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠴᠢᠳᠠᠮᠵᠢ ᠵᠡᠷᠭᠡ ᠶᠢ ᠲᠣᠳᠣᠷᠬᠠᠶᠢᠯᠠᠪᠠ᠃ | | ᠬᠤᠶᠠᠳᠤᠭᠠᠷ ᠬᠡᠰᠡᠭ ᠬᠠᠷᠠᠭᠠᠯᠵᠠᠯ ᠤᠨ ᠦᠨᠡᠮᠯᠡᠯ ᠤᠨ ᠡᠯ᠎ᠡ ᠵᠠᠩᠭᠢᠯᠠᠭ᠎ᠠ ᠶᠢᠨ ᠠᠵᠢᠯ ᠤᠨ ᠱᠠᠭᠠᠷᠳᠠᠯᠭ᠎ᠠ | ᠪᠣᠯᠣᠨ᠎ᠠ᠂ ᠡᠭᠦᠨ ᠳᠤ ᠭᠤᠷᠪᠠ ᠠᠴᠠ ᠨᠠᠢᠮᠠᠨ ᠪᠦᠯᠦᠭ ᠪᠠᠭᠲᠠᠨ᠎ᠠ᠂ ᠨᠡᠶᠢᠲᠡ 32 ᠵᠦᠢᠯ ᠲᠠᠢ᠃ ᠭᠤᠶᠤᠴᠢᠯᠠᠬᠤ᠂ | ᠬᠢᠨᠠᠨ ᠬᠠᠷᠭᠤᠭᠤᠯᠬᠤ᠂ ᠦᠢᠯᠡᠳᠦᠨ ᠲᠠᠷᠬᠠᠭᠠᠬᠤ᠂ ᠨᠥᠬᠦᠪᠦᠷᠢᠯᠡᠨ ᠰᠣᠯᠢᠬᠤ᠂ ᠬᠤᠷᠢᠶᠠᠨ ᠠᠪᠬᠤ᠂ ᠬᠢᠨᠠᠯᠲᠠ | ᠲᠠᠯᠪᠢᠵᠤ ᠬᠠᠮᠢᠶᠠᠷᠬᠤ ᠵᠡᠷᠭᠡ ᠪᠥᠬᠦ ᠦᠶᠡᠯᠡᠯ ᠤᠨ ᠶᠠᠪᠤᠴᠠ ᠶᠢᠨ ᠱᠠᠭᠠᠷᠳᠠᠯᠭ᠎ᠠ ᠶᠢ ᠲᠣᠳᠣᠷᠬᠠᠢ ᠪᠣᠯᠭᠠᠪᠠ᠃ | | ᠭᠤᠷᠪᠠᠳᠤᠭᠠᠷ ᠪᠦᠯᠦᠭ ᠨᠢ ᠳᠠᠭᠠᠯᠳᠤᠭᠤᠯᠤᠭᠰᠠᠨ ᠳᠦᠷᠢᠮ᠂ ᠳᠠᠷᠤᠢ ᠶᠢᠰᠦᠳᠦᠭᠡᠷ ᠪᠦᠯᠦᠭ᠂ ᠨᠡᠶᠢᠲᠡ 4 | ᠵᠦᠢᠯ ᠪᠣᠯᠣᠨ᠎ᠠ᠃ ᠨᠥᠭᠴᠢᠭᠰᠡᠳ ᠤᠨ ᠭᠡᠷ ᠪᠦᠯᠢ ᠶᠢ ᠵᠠᠭᠠᠭᠯᠠᠨ ᠲᠣᠭᠲᠠᠭᠠᠬᠤ᠂ ᠬᠡᠷᠡᠭᠵᠢᠭᠦᠯᠬᠦ ᠴᠠᠭ ᠵᠡᠷᠭᠡ ᠶᠢ | ᠲᠣᠳᠣᠷᠬᠠᠢ ᠲᠣᠭᠲᠠᠭᠠᠪᠠ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠴᠡᠷᠢᠭ ᠤᠨ | ᠠᠯᠪᠠᠨ ᠠᠴᠠ ᠪᠠᠭᠤᠭᠰᠠᠳ᠂ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠠᠷᠠᠭᠠᠯᠵᠠᠯ ᠤᠨ ᠦᠨᠡᠮᠯᠡᠯ ᠤᠨ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ |