ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠵᠠᠰᠠᠭ ᠵᠠᠬᠢᠷᠭᠠᠨ ᠤ ᠵᠠᠷᠭᠤ ᠶᠢᠨ ᠲᠠᠪᠤᠨ ᠬᠡᠷᠡᠭ︾
ᠨᠡᠶᠢᠲᠡᠯᠡᠭᠰᠡᠨ ᠴᠠᠭ᠄
2023/12/18
                 ᠨᠢᠭᠡ᠂ ᠬᠠᠷᠠᠮᠥ᠋ᠷᠡᠨ ᠮᠤᠵᠢ ᠶᠢᠨ ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠬᠡᠷᠡᠭ             ﹇ᠬᠡᠷᠡᠭ ᠤᠨ ᠦᠨᠳᠦᠰᠦᠨ ᠪᠠᠶᠢᠳᠠᠯ﹈            2018 ᠣᠨ ᠤ 4 ᠰᠠᠷ᠎ᠠ ᠶᠢᠨ 2 ᠤᠨ ᠡᠳᠦᠷ᠂ ᠬᠠᠷᠠᠮᠥ᠋ᠷᠡᠨ ᠮᠤᠵᠢ ᠶᠢᠨ ᠱᠤᠸᠠᠩ ᠶᠢᠨ ᠱᠠᠨ ᠬᠤᠲᠠ ᠶᠢᠨ ᠵᠢᠰᠢᠶᠠᠨ ᠰᠢᠶᠠᠨ ᠤ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ᠳᠠᠭᠠᠭᠠᠴᠢᠯᠠᠨ ᠡᠵᠡᠩᠨᠡᠭᠰᠡᠨ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠸᠧᠯᠦ ᠶᠢᠨ ᠭᠡᠷ ᠲᠤ ᠮᠠᠰᠢᠨ ᠮᠧᠬᠠᠨᠢᠭ ᠢᠶᠠᠷ ᠭᠡᠮᠲᠦᠭᠡᠭᠰᠡᠨ ᠠᠳᠡᠯ ᠭᠠᠷᠴᠤ᠂ ᠭᠦᠸᠧᠯᠦ ᠶᠢᠨ ᠠᠵᠢᠯᠴᠢᠨ ᠵᠣ ᠣᠪᠣᠭᠲᠤ ᠶᠢ ᠦᠬᠦᠭᠦᠯᠵᠡᠢ᠃ 4 ᠰᠠᠷ᠎ᠠ ᠶᠢᠨ 3 ᠤ ᠡᠳᠦᠷ᠂ ᠱᠤᠸᠠᠩ ᠶᠢᠨ ᠱᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ︽4 · 2︾  ᠤᠨ ᠡᠩ ᠤᠨ ᠮᠧᠬᠠᠨᠢᠭ ᠢᠶᠠᠷ ᠭᠡᠮᠲᠦᠭᠡᠭᠰᠡᠨ ᠠᠳᠡᠯ ᠤᠨ ᠪᠠᠶᠢᠴᠠᠭᠠᠯᠲᠠ ᠶᠢᠨ ᠳᠤᠭᠤᠶᠢᠯᠠᠩ ᠢ ᠪᠠᠶᠢᠭᠤᠯᠪᠠ᠃ 7 ᠰᠠᠷ᠎ᠠ ᠶᠢᠨ 10 ᠤ ᠡᠳᠦᠷ᠂ ᠡ᠊ᠨᠳᠡᠯ ᠢ ᠪᠠᠶᠢᠴᠠᠭᠠᠬᠤ ᠳᠤᠭᠤᠶᠢᠯᠠᠩ ︽ᠵᠢᠰᠢᠶᠠᠨ ᠰᠢᠶᠠᠨ ᠤ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ︾  ᠶᠢᠨ 4.2 ᠤᠨ ᠡᠩ ᠤᠨ ᠮᠧᠬᠠᠨᠢᠭ ᠢᠶᠠᠷ ᠭᠡᠮᠲᠦᠭᠡᠭᠰᠡᠨ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠭᠠᠷᠭᠠᠵᠠᠢ᠂ ᠲᠤᠰ ᠮᠡᠳᠡᠭᠦᠯᠦᠯᠲᠡ ᠳᠤ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠪᠣᠯ ᠡ᠊ᠨᠳᠡᠯ ᠤᠨ ᠬᠠᠷᠢᠭᠤᠴᠠᠯᠭ᠎ᠠ ᠶᠢᠨ ᠭᠤᠤᠯ ᠴᠤᠭᠴᠠ ᠮᠥᠨ ᠭᠡᠵᠦ ᠮᠠᠭᠠᠳᠯᠠᠨ ᠲᠣᠭᠲᠠᠭᠠᠪᠠ᠃ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠠᠷᠠᠳ ᠤᠨ ᠵᠣᠭᠤᠰ ᠢᠶᠠᠷ 20 ᠲᠦᠮᠡᠨ ᠲᠥᠭᠦᠷᠢᠭ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢᠶᠠᠷ ᠰᠢᠢᠳᠬᠡᠬᠦ ᠶᠢ ᠰᠠᠨᠠᠭᠤᠯᠪᠠ᠃            7 ᠰᠠᠷ᠎ᠠ ᠶᠢᠨ 25 ᠤ ᠡᠳᠦᠷ᠂ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠤᠤᠯ ᠤᠨ ᠱᠤᠸᠠᠩ ᠶᠢᠨ ᠱᠠᠨ ᠬᠤᠲᠠ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠬᠡᠷᠡᠭ ᠪᠣᠯᠭᠠᠨ ᠳᠡᠩᠰᠡᠯᠡᠪᠡ᠃ 8 ᠰᠠᠷ᠎ᠠ ᠶᠢᠨ 22 ᠤᠨ ᠡᠳᠦᠷ᠂ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠰᠢᠶᠠᠨ ᠰᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡ ᠳᠤ ᠨᠠᠶᠢᠳᠠᠵᠤ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠳᠤ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠯ ᠤᠨ ᠪᠢᠴᠢᠭ︾ ᠪᠠ ︽ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾  ᠢ ᠬᠦᠷᠭᠡᠭᠰᠡᠨ ᠪᠣᠯᠪᠠᠴᠤ ᠭᠥᠯᠢᠶᠡᠨ ᠠᠪᠤᠭᠰᠠᠨ ᠬᠥᠮᠥᠨ ᠦᠭᠡᠢ᠃ ᠵᠢᠰᠢᠶᠠᠨ ᠰᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠥᠷᠲᠡᠭᠡᠨ ᠤ ᠠᠵᠢᠯᠲᠠᠳ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠯ ᠤᠨ ᠪᠢᠴᠢᠭ︾ ᠪᠠ ︽ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾  ᠢ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠥᠸ᠋ᠯᠦ ᠶᠢᠨ ᠭᠡᠷ ᠤᠨ ᠭᠠᠳᠠᠨ᠎ᠠ ᠦᠯᠡᠳᠡᠭᠡᠵᠦ ᠲᠠᠯᠪᠢᠵᠠᠢ᠃ 8 ᠰᠠᠷ᠎ᠠ ᠶᠢᠨ 29 ᠤ ᠡᠳᠦᠷ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠵᠠᠰᠠᠭ ᠵᠠᠬᠢᠷᠭᠠᠨ ᠤ ᠰᠢᠢᠳᠬᠡᠯ ᠤᠨ 8 ᠰᠠᠷ᠎ᠠ ᠶᠢᠨ 30 ᠤ ᠡᠳᠦᠷ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠳ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠵᠤᠤᠬᠠᠨ ᠭᠡᠷ ᠤᠨ ᠭᠠᠳᠠᠨ᠎ᠠ ᠦᠯᠡᠳᠡᠭᠡᠵᠦ ᠪᠠᠶᠢᠭ᠎ᠠ ᠨᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ 2018 ᠣᠨ ᠤ 9 ᠰᠠᠷ᠎ᠠ ᠳᠤ ᠭᠦᠸᠧᠯᠦ ᠶᠢᠨ ᠭᠡᠷ ᠲᠤ ᠬᠦᠷᠦᠭᠰᠡᠨ ᠤ ᠳᠠᠷᠠᠭ᠎ᠠ᠂ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠠᠭᠤᠯᠭ᠎ᠠ ᠶᠢ ᠣᠯᠵᠤ ᠮᠠᠲᠠᠵᠠᠢ᠃ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠲᠤᠰ ᠵᠠᠰᠠᠭ ᠵᠠᠬᠢᠷᠭᠠᠨ ᠤ ᠰᠢᠢᠳᠬᠡᠯ ᠢ ᠬᠦᠯᠢᠶᠡᠬᠦ ᠦᠭᠡᠢ ᠪᠠᠶᠢᠵᠤ᠂ ᠱᠤᠸᠠᠩ ᠶᠢᠨ ᠱᠠᠨ ᠬᠤᠳᠠ ᠶᠢᠨ ᠵᠢᠶᠠᠨ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠠᠢ᠃            ᠡᠭᠦᠨ ᠠᠴᠠ ᠭᠠᠳᠠᠨ᠎ᠠ᠂ 2009 ᠣᠨ ᠤ 9 ᠰᠠᠷ᠎ᠠ ᠶᠢᠨ 18 ᠤ ᠡᠳᠦᠷ᠂ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠶᠠᠩ ᠣᠪᠣᠭᠲᠤ ᠴᠢᠶᠠᠩ ᠲᠠᠢ ︽ᠵᠢᠰᠢᠶᠠᠨ ᠪᠠᠯᠭᠠᠰᠤᠨ ᠤ ᠠᠳᠠᠯ ᠠᠬᠤᠢ ᠶᠢᠨ ᠳᠠᠭᠠᠭᠠᠴᠢᠯᠠᠯᠲᠠ ᠶᠢᠨ ᠭᠡᠷ᠎ᠡ︾ ᠲᠣᠭᠲᠠᠭᠠᠵᠤ᠂ ᠭᠡᠷ᠎ᠡ ᠳᠤ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠥᠸ᠋ᠯᠦ ᠶᠢᠨ ᠭᠡᠷ ᠢ ᠶᠠᠩ ᠣᠪᠣᠭᠲᠤ ᠴᠢᠶᠠᠩ ᠳᠤ ᠳᠠᠭᠠᠭᠠᠴᠢᠯᠠᠭᠤᠯᠵᠤ᠂ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠦᠥᠸ᠋ᠯᠦ ᠶᠢᠨ ᠭᠡᠷ ᠵᠢᠴᠢ ᠲᠤᠨᠤᠭ ᠲᠥᠬᠦᠭᠡᠷᠦᠮᠵᠢ᠂ ᠲᠠᠯᠠᠪᠤᠷ ᠬᠠᠩᠭᠠᠵᠤ᠂ ᠶᠠᠩ ᠣᠪᠣᠭᠲᠤ ᠴᠢᠶᠠᠩ ᠠᠴᠠ ᠡᠷᠬᠢᠮ ᠭᠦᠥᠸ᠋ᠯᠦ ᠶᠢᠨ ᠭᠡᠷ ᠤᠨ ᠬᠡᠷᠡᠭᠯᠡᠯᠲᠡ ᠶᠢ ᠡᠭᠦᠷᠭᠡᠯᠡᠵᠦ᠂ ᠵᠢᠰᠢᠶᠠᠨ ᠰᠢᠶᠠᠨ ᠤ ᠤᠯᠠᠨ ᠨᠢᠭᠡᠴᠢ ᠳᠤ ᠢᠯᠴᠢ ᠬᠠᠩᠭᠠᠨ᠎ᠠ ᠭᠡᠵᠦ ᠪᠣᠯᠵᠣᠨ ᠲᠣᠭᠲᠠᠵᠠᠢ᠃ ᠳᠠᠭᠠᠭᠠᠴᠢᠯᠠᠯᠲᠠ ᠶᠢᠨ ᠬᠤᠭᠤᠴᠠᠭ᠎ᠠ ᠨᠢ 2009 ᠣᠨ ᠤ 10 ᠰᠠᠷ᠎ᠠ ᠠᠴᠠ 2019 ᠣᠨ ᠤ 5 ᠰᠠᠷ᠎ᠠ ᠬᠦᠷᠲᠡᠯ᠎ᠡ᠃ 2015 ᠣᠨ ᠤ 6 ᠰᠠᠷ᠎ᠠ ᠶᠢᠨ 25 ᠤ ᠡᠳᠦᠷ᠂ ᠶᠠᠩ ᠣᠪᠣᠭᠲᠤ ᠴᠢᠶᠠᠩ ᠬᠢᠭᠡᠳ ᠯᠦ ᠣᠪᠣᠭᠲᠤ ᠰᠢᠶᠠᠩ᠂ ᠴᠧᠨ ᠣᠪᠣᠭᠲᠤ ᠯᠢ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ︵ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠱᠠᠩ ᠣᠪᠣᠭᠲᠤ ᠰᠢᠩ᠂ ᠯᠦ ᠣᠪᠣᠭᠲᠤ ᠰᠤᠮᠤᠨ ᠤ ᠨᠠᠭᠠᠴᠤ ᠡᠪᠦᠭᠡ︶ ᠶᠢᠨ ᠨᠡᠷ᠎ᠡ ᠪᠠᠷ ︽ᠰᠢᠯᠵᠢᠭᠦᠯᠦᠨ ᠳᠠᠭᠠᠭᠠᠴᠢᠯᠠᠭᠤᠯᠬᠤ ᠭᠡᠷ᠎ᠡ︾ ᠲᠣᠭᠲᠠᠭᠠᠵᠤ᠂ ᠶᠠᠩ ᠣᠪᠣᠭᠲᠤ ᠴᠢᠶᠠᠩ ᠬᠢᠭᠡᠳ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ︽ᠵᠢᠰᠢᠶᠠᠨ ᠪᠠᠯᠭᠠᠰᠤᠨ ᠤ ᠠᠳᠠᠯ ᠠᠬᠤᠢ ᠶᠢᠨ ᠳᠠᠭᠠᠭᠠᠴᠢᠯᠠᠯᠲᠠ ᠶᠢᠨ ᠭᠡᠷ᠎ᠡ︾  ᠶᠢ ᠴᠧᠨ ᠣᠪᠣᠭᠲᠤ ᠯᠢ᠂ ᠯᠦ ᠣᠪᠣᠭᠲᠤ ᠰᠢᠶᠠᠩ ᠬᠤᠶᠠᠷ ᠲᠤ ᠰᠢᠯᠵᠢᠭᠦᠯᠦᠨ ᠳᠠᠭᠠᠭᠠᠴᠢᠯᠠᠭᠤᠯᠪᠠ᠃ ᠲᠠᠯᠢᠶᠭᠴᠢ ᠵᠣ ᠣᠪᠣᠭᠲᠤ ᠪᠣᠯ ᠯᠦ ᠣᠪᠣᠭᠲᠤ ᠰᠢᠶᠠᠩ᠂ ᠴᠧᠨ ᠣᠪᠣᠭᠲᠤ ᠯᠢ ᠶᠢᠨ ᠬᠥᠯᠥᠰᠦᠯᠡᠭᠰᠡᠨ ᠠᠵᠢᠯᠴᠢᠨ ᠪᠣᠯᠣᠨ᠎ᠠ᠃            【ᠨᠢᠭᠡᠳᠦᠭᠡᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】             ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾  ᠶᠢᠨ ᠭᠤᠴᠢᠨ ᠨᠢᠭᠡᠳᠦᠭᠡᠷ ᠵᠦᠢᠯ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠭᠠᠷᠭᠠᠭᠰᠠᠨ ᠪᠣᠳᠠᠲᠤ ᠬᠡᠷᠡᠭ᠂ ᠤᠴᠢᠷ ᠰᠢᠯᠲᠠᠭᠠᠨ ᠵᠢᠴᠢ ᠦᠨᠳᠦᠰᠦ ᠪᠠᠷᠢᠮᠲᠠ ᠶᠢ ᠲᠤᠬᠠᠢ ᠶᠢᠨ ᠬᠥᠮᠥᠨ ᠳᠤ ᠬᠡᠯᠡᠵᠦ ᠥᠭᠬᠦ ᠬᠡᠷᠡᠭᠲᠡᠢ ᠪᠥᠭᠡᠳ ᠬᠠᠤᠯᠢ ᠶᠣᠰᠣᠭᠠᠷ ᠡᠳ᠋ᠯᠡᠬᠦ ᠡᠷᠬᠡ ᠶᠢ ᠨᠢ ᠲᠤᠬᠠᠢ ᠶᠢᠨ ᠬᠥᠮᠥᠨ ᠳᠤ ᠬᠡᠯᠡᠵᠦ ᠥᠭᠬᠦ ᠬᠡᠷᠡᠭᠲᠡᠢ ᠭᠡᠵᠦ ᠲᠣᠭᠲᠠᠭᠠᠵᠠᠢ᠃ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾  ᠶᠢᠨ ᠳᠥᠴᠢᠳᠦᠭᠡᠷ ᠵᠦᠢᠯ ᠤᠨ ᠲᠣᠭᠲᠠᠭᠠᠯ ᠵᠢᠴᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠠᠷᠭ᠎ᠠ︾  ᠶᠢᠨ ᠭᠤᠴᠢᠨ ᠨᠢᠭᠡᠳᠦᠭᠡᠷ ᠵᠦᠢᠯ ᠳᠤ᠂ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠢ ᠵᠠᠷᠯᠠᠭᠰᠠᠨ ᠤ ᠲᠠᠷᠠᠭ᠎ᠠ ᠲᠤᠬᠠᠢ ᠶᠢᠨ ᠲᠠᠯᠠᠪᠤᠷ ᠲᠤᠨᠢ ᠲᠤᠬᠠᠢ ᠶᠢᠨ ᠬᠥᠮᠥᠨ ᠳᠤ ᠲᠤᠰᠢᠶᠠᠬᠤ ᠬᠡᠷᠡᠭᠲᠡᠢ᠃ ᠲᠤᠬᠠᠢ ᠶᠢᠨ ᠬᠥᠮᠥᠨ ᠲᠤᠬᠠᠢ ᠶᠢᠨ ᠲᠠᠯᠠᠪᠤᠷ ᠲᠤ ᠪᠠᠶᠢᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠯᠤᠭᠠᠨ ᠡᠳᠦᠷ ᠤᠨ ᠳᠣᠲᠣᠷ᠎ᠠ ᠢᠷᠭᠡᠨ ᠤ ᠵᠠᠷᠭᠤ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠢ ᠲᠤᠬᠠᠢ ᠶᠢᠨ ᠬᠥᠮᠥᠨ ᠳᠤ ᠬᠦᠷᠭᠡᠵᠦ ᠥᠭᠬᠦ ᠬᠡᠷᠡᠭᠲᠡᠢ᠃ ︽ᠢᠷᠭᠡᠨ ᠤ ᠵᠠᠷᠭᠤ ᠶᠢᠨ ᠬᠠᠤᠯᠢ︾  ᠶᠢᠨ ᠨᠠᠶᠠᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠢᠶᠠᠷ᠂ ᠭᠥᠯᠢᠶᠡᠨ ᠠᠪᠤᠭᠴᠢ ᠪᠤᠶᠤ ᠲᠡᠭᠦᠨ ᠤ ᠬᠠᠮᠲᠤ ᠰᠠᠭᠤᠵᠤ ᠪᠠᠶᠢᠭ᠎ᠠ ᠭᠡᠷ ᠪᠦᠯᠢ ᠶᠢᠨ ᠨᠠᠰᠤᠨ ᠳᠤ ᠬᠦᠷᠦᠭᠰᠡᠦᠠ ᠨᠢ ᠵᠠᠷᠭᠤ ᠶᠢᠨ ᠪᠢᠴᠢᠭ ᠬᠠᠷ᠎ᠠ ᠶᠢ ᠭᠥᠯᠢᠶᠡᠨ ᠠᠪᠬᠤ ᠶᠢ ᠲᠡᠪᠴᠢᠭᠰᠡᠨ ᠬᠦᠷᠭᠡᠭᠴᠢ ᠨᠢ ᠬᠤᠯᠪᠣᠭᠳᠠᠯ ᠪᠦᠬᠦᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠤᠶᠤ ᠪᠠᠶᠢᠭ᠎ᠠ ᠨᠢᠭᠡᠴᠢ ᠶᠢᠨ ᠬᠢᠨᠢ ᠲᠥᠯᠥᠭᠡᠯᠡᠭᠴᠢ ᠶᠢ ᠤᠷᠢᠵᠤ ᠲᠤᠬᠠᠢ ᠶᠢᠨ ᠭᠠᠵᠠᠷ ᠲᠤ ᠢᠷᠡᠭᠦᠯᠵᠦ ᠪᠣᠯᠣᠨ᠎ᠠ᠃ ᠪᠠᠶᠢᠳᠠᠯ ᠢ ᠲᠣᠳᠣᠷᠬᠠᠶᠢᠯᠠᠵᠤ᠂ ᠬᠦᠷᠭᠡᠯᠲᠡ ᠶᠢᠨ ᠬᠠᠷᠢᠭᠤ ᠪᠠᠷᠢᠮᠲᠠ ᠶᠢᠨ ᠳᠡᠭᠡᠷ᠎ᠡ ᠦᠯᠦ ᠬᠦᠯᠢᠶᠡᠨ ᠠᠪᠤᠭᠰᠠᠨ ᠤᠴᠢᠷ ᠰᠢᠯᠲᠠᠭᠠᠨ ᠪᠠ ᠡᠳᠦᠷ ᠬᠤᠭᠤᠴᠠᠭ᠎ᠠ ᠶᠢ ᠲᠣᠳᠣᠷᠬᠠᠢ ᠪᠢᠴᠢᠵᠦ᠂ ᠬᠦᠷᠭᠡᠭᠴᠢ᠂ ᠦᠵᠡᠨ ᠭᠡᠷᠡᠴᠢᠯᠡᠭᠴᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠪᠠᠨ ᠳᠠᠷᠤᠵᠤ᠂ ᠵᠠᠷᠭᠤ ᠶᠢᠨ ᠪᠢᠴᠢᠭ ᠬᠠᠷ᠎ᠠ ᠶᠢ ᠬᠦᠷᠭᠡᠯᠲᠡ ᠬᠦᠯᠢᠶᠡᠭᠴᠢ ᠶᠢᠨ ᠣᠷᠣᠨ ᠰᠠᠭᠤᠴᠠ ᠳᠤ ᠦᠯᠡᠳᠡᠭᠡᠨ᠎ᠡ᠄ ᠵᠠᠷᠭᠤ ᠶᠢᠨ ᠪᠢᠴᠢᠭ ᠬᠠᠷ᠎ᠠ ᠶᠢ ᠬᠦᠷᠭᠡᠯᠲᠡ ᠬᠦᠯᠢᠶᠡᠭᠴᠢ ᠶᠢᠨ ᠣᠷᠣᠨ ᠰᠠᠭᠤᠴᠠ ᠳᠤ ᠦᠯᠡᠳᠡᠭᠡᠵᠦ ᠪᠣᠯᠬᠤ ᠪᠥᠭᠡᠳ ᠰᠡᠭᠦᠳᠡᠷᠯᠡᠬᠦ᠂ ᠳᠦᠷᠰᠦ ᠰᠢᠩᠭᠡᠭᠡᠬᠦ ᠵᠡᠷᠭᠡ ᠠᠷᠭ᠎ᠠ ᠮᠠᠶ᠋ᠢᠭ ᠢᠶᠠᠷ ᠬᠦᠷᠭᠡᠭᠰᠡᠨ ᠶᠠᠪᠤᠴᠠ ᠶᠢ ᠲᠡᠮᠳᠡᠭᠯᠡᠵᠦ ᠪᠣᠯᠣᠨ᠎ᠠ᠂ ᠡᠭᠦᠨ ᠢ ᠬᠦᠷᠭᠡᠭᠰᠡᠨ ᠢᠶᠠᠷ ᠪᠤᠳᠤᠨ᠎ᠠ᠃            ᠲᠤᠰ ᠬᠡᠷᠡᠭ ᠲᠤ᠂ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠳᠤ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ︽ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾ ᠵᠢᠴᠢ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠦᠷᠭᠡᠵᠦ ᠥᠭᠬᠦ ᠦᠶ᠎ᠡ ᠳᠤ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠲᠤᠬᠠᠢ ᠶᠢᠨ ᠲᠠᠯᠠᠪᠤᠷ ᠲᠤ ᠬᠦᠯᠢᠶᠡᠨ ᠠᠪᠤᠭᠰᠠᠨ ᠦᠭᠡᠢ ᠪᠠᠶᠢᠳᠠᠯ ᠳᠣᠣᠷ᠎ᠠ᠂ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ︽ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾ ᠵᠢᠴᠢ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠸᠧᠯᠦ ᠶᠢᠨ ᠭᠡᠷ ᠤᠨ ᠭᠠᠳᠠᠨ᠎ᠠ ᠦᠯᠡᠳᠡᠭᠡᠵᠦ ᠲᠠᠯᠪᠢᠬᠤ ᠳᠤ᠂ ᠲᠤᠰ ᠭᠦᠸᠧᠯᠦ ᠶᠢᠨ ᠭᠡᠷ ᠨᠢ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ᠣᠷᠣᠰᠢᠨ ᠰᠠᠭᠤᠵᠤ ᠪᠠᠶᠢᠭ᠎ᠠ ᠭᠠᠵᠠᠷ ᠪᠢᠰᠢ ᠮᠥᠷᠲᠡᠭᠡᠨ ᠳᠠᠭᠤ ᠰᠢᠩᠭᠡᠭᠡᠯᠲᠡ ᠳᠦᠷᠰᠦ ᠰᠢᠩᠭᠡᠭᠡᠯᠲᠡ ᠶᠢ ᠬᠦᠯᠢᠶᠡᠨ ᠠᠪᠬᠤ ᠦᠭᠡᠢ ᠪᠠᠶᠢᠳᠠᠯ ᠳᠣᠣᠷ᠎ᠠ᠂ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠶᠣᠰᠣᠭᠠᠷ ᠬᠦᠷᠭᠡᠭᠰᠡᠨ ᠪᠤᠰᠤᠳᠴᠢ ᠪᠣᠳᠠᠲᠤ ᠬᠡᠷᠡᠭ ᠢ ᠭᠦᠢᠴᠡᠳ ᠭᠡᠷᠡᠴᠢᠯᠡᠵᠦ ᠳᠡᠶᠢᠯᠬᠦ ᠦᠭᠡᠢ ᠶᠤᠮ᠃ ᠡᠶᠢᠮᠦ ᠠᠴᠠ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ︽ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾ ᠵᠢᠴᠢ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠳᠤ ᠬᠦᠷᠭᠡᠭᠰᠡᠨ ᠪᠣᠳᠠᠲᠤ ᠬᠡᠷᠡᠭ ᠨᠢ ᠪᠠᠶᠢᠭᠤᠯᠤᠭᠳᠠᠬᠤ ᠦᠭᠡᠢ᠃ ᠪᠤᠰᠤᠳ ᠬᠠᠤᠯᠢ ᠴᠠᠭᠠᠵᠠ ᠶᠢᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠵᠦ᠂ ᠵᠢᠶᠠᠨ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ ᠨᠢ᠄ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠭᠤᠣᠯ ᠭᠡᠷᠡᠴᠢ ᠪᠠᠷᠢᠮᠲᠠ ᠨᠢ ᠭᠦᠢᠴᠡᠳ ᠪᠤᠰᠤ ᠪᠠᠶᠢᠵᠤ᠂ ᠬᠠᠤᠯᠢ ᠳᠤ ᠲᠣᠭᠲᠠᠭᠠᠭᠰᠠᠨ ᠵᠢᠷᠤᠮ ᠢ ᠵᠥᠷᠢᠴᠡᠭᠰᠡᠨ ᠪᠣᠯᠬᠤᠷ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠦᠴᠦᠨ ᠦᠭᠡᠢ            ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠶᠠᠨ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠳᠡ ᠶᠢ ᠵᠥᠪᠰᠢᠶᠡᠷᠡᠬᠦ ᠦᠭᠡᠢ ᠪᠠᠶᠢᠵᠤ᠂ ᠱᠤᠸᠠᠩ ᠶᠢᠨ ᠱᠠᠨ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠳᠡᠭᠡᠭᠰᠢ            【ᠳᠡᠭᠡᠭᠰᠢ ᠵᠠᠭᠠᠯᠳᠤᠭᠴᠢ ᠶᠢᠨ ᠵᠠᠭᠠᠯᠳᠤᠯᠭ᠎ᠠ ᠶᠢᠨ ᠨᠡᠷᠡᠶᠢᠳᠦᠯ】            ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠯ ᠤᠨ ᠪᠢᠴᠢᠭ︾ ︽ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠵᠢᠰᠢᠶᠠᠨ ᠰᠢᠶᠠᠨ ᠤ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠸᠧᠯᠦ ᠶᠢᠨ ᠭᠡᠷ ᠲᠤ ᠦᠯᠡᠳᠡᠭᠡᠨ ᠲᠠᠯᠪᠢᠵᠤ᠂ ᠲᠤᠰ ᠭᠠᠵᠠᠷ ᠪᠣᠯ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ᠡᠵᠡᠩᠨᠡᠯᠲᠡ ᠶᠢᠨ ᠲᠠᠯᠠᠪᠤᠷ ᠭᠠᠵᠠᠷ ᠪᠣᠯᠣᠨ᠎ᠠ᠂ ᠲᠤᠰ ᠺᠣᠮᠫᠠᠨᠢ ᠶᠢᠨ ᠡᠵᠡᠩᠨᠡᠯᠲᠡ ᠶᠢᠨ ᠦᠨᠡᠮᠯᠡᠯ ᠳᠡᠭᠡᠷ᠎ᠡ ᠳᠠᠩᠰᠠᠯᠠᠭᠤᠯᠤᠭᠰᠠᠨ ᠣᠷᠣᠨ ᠰᠠᠭᠤᠴᠠ ᠨᠢ ᠮᠥᠨ ᠴᠦ ᠵᠢᠰᠢᠶᠠᠨ ᠰᠢᠶᠠᠨ ᠤ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠦᠷᠢᠶᠡᠨ ᠳᠤ ᠪᠠᠶᠢᠵᠤ᠂ ᠵᠢᠰᠢᠶᠠᠨ ᠰᠢᠶᠠᠨ ᠤ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠥᠸ᠋ᠯᠦ ᠶᠢᠨ ᠭᠡᠷ ᠲᠤ ᠲᠡᠭᠦᠨ ᠳᠤ ᠬᠦᠷᠭᠡᠬᠦ ᠪᠢᠴᠢᠭ ᠬᠠᠷ᠎ᠠ ᠦᠯᠡᠳᠡᠭᠡᠵᠦ ᠥᠭᠬᠦ ᠨᠢ ᠵᠣᠬᠢᠰ ᠦᠭᠡᠢ ᠶᠠᠪᠤᠳᠠᠯ ᠪᠢᠰᠢ ᠶᠤᠮ᠃            【ᠳᠡᠭᠡᠭᠰᠢ ᠵᠠᠭᠠᠯᠳᠤᠭᠳᠠᠭᠴᠢ ᠶᠢᠨ ᠮᠠᠷᠭᠤᠯᠳᠤᠭᠠᠨ】            ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ᠵᠠᠰᠠᠭ ᠵᠠᠬᠢᠷᠭᠠᠨ ‍ᠤ‌‍ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠢᠯ ᠪᠦᠷᠢ ᠶᠢᠨ ᠳᠤᠯᠠᠭᠠᠯᠠᠭ᠎ᠠ ᠶᠢᠨ ᠬᠤᠭᠤᠴᠠᠭ᠎ᠠ  ᠨᠢ 10 ᠰᠠᠷ᠎ᠠ ᠠᠴᠠ ᠳᠠᠷᠠᠭ᠎ᠠ ᠵᠢᠯ ᠤᠨ 4 ᠰᠠᠷ᠎ᠠ᠂ 8 ᠰᠠᠷ᠎ᠠ ᠨᠢ ᠳᠤᠯᠠᠭᠠᠯᠠᠭ᠎ᠠ ᠶᠢᠨ ᠬᠤᠭᠤᠴᠠᠭ᠎ᠠ ᠪᠢᠰᠢ᠂ ᠭᠦᠸᠧᠯᠦ ᠶᠢᠨ ᠭᠡᠷ ᠨᠢ ᠠᠵᠢᠯ ᠵᠣᠭᠰᠣᠭᠰᠠᠨ ᠪᠠᠶᠢᠳᠠᠯ ᠳᠤ ᠪᠠᠶᠢᠬᠤ ᠶᠢ ᠲᠣᠳᠣᠷᠬᠠᠢ ᠮᠡᠳᠡᠵᠦ᠂ ᠵᠠᠰᠠᠭ ᠵᠠᠬᠢᠷᠭᠠᠨ ᠤ ᠰᠢᠢᠳᠬᠡᠯ ᠤᠨ ᠪᠢᠴᠢᠭ ᠬᠠᠷ᠎ᠠ ᠶᠢ ᠬᠥᠮᠥᠨ ᠦᠭᠡᠢ ᠭᠦᠸᠧᠯᠦ ᠶᠢᠨ ᠭᠡᠷ ᠲᠤ ᠬᠦᠷᠭᠡᠭᠰᠡᠨ ᠪᠣᠯᠬᠤᠷ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠭᠥᠯᠢᠶᠡᠨ ᠠᠪᠬᠤ ᠶᠢᠨ ᠠᠷᠭ᠎ᠠ ᠦᠭᠡᠢ ᠪᠠᠶᠢᠪᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠨᠢ ᠡᠷᠦᠭᠡ ᠠᠮᠠ ᠶᠢᠨ ᠲᠠᠩᠰᠠ ᠶᠢᠨ ᠭᠠᠵᠠᠷ ᠲᠠᠭᠠᠨ ᠰᠠᠭᠤᠵᠤ ᠪᠠᠶᠢᠭᠰᠠᠨ ᠪᠣᠯᠬᠤᠷ ᠬᠦᠷᠭᠡᠬᠦ ᠳᠤ ᠬᠦᠴᠢᠷᠲᠡᠢ ᠪᠠᠶᠢᠳᠠᠯ ᠣᠷᠣᠰᠢᠬᠤ ᠦᠭᠡᠢ᠂ ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠠᠷᠢᠨ ᠵᠠᠰᠠᠭ ᠵᠠᠬᠢᠷᠭᠠᠨ ᠤ ᠰᠢᠢᠳᠬᠡᠯ ᠤᠨ ᠪᠢᠴᠢᠭ ᠬᠠᠷ᠎ᠠ ᠶᠢ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠷᠣᠨ ᠰᠠᠭᠤᠴᠠ ᠳᠤ ᠶᠡᠷᠦ ᠠᠴᠠ ᠬᠦᠷᠭᠡᠵᠦ ᠥᠭᠭᠦᠭᠰᠡᠨ ᠦᠭᠡᠢ ᠃ ᠡᠭᠦᠨ ᠤ ᠵᠡᠷᠭᠡᠴᠡᠭᠡᠪᠡᠷ᠂ ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠦᠷᠭᠡᠭᠰᠡᠨ ᠨᠢ ᠴᠦ ᠨᠠᠶᠢᠳᠠᠨ ᠬᠦᠷᠭᠡᠭᠦᠯᠬᠦ ᠨᠥᠬᠦᠴᠡᠯ ᠳᠤ ᠨᠡᠶᠢᠴᠡᠬᠦ ᠦᠭᠡᠢ᠂ ᠡᠶᠢᠮᠦ ᠠᠴᠠ ᠵᠢᠶᠠᠨ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠬᠦᠷᠭᠡᠭᠰᠡᠨ ᠨᠢ ᠲᠣᠭᠲᠠᠵᠤ ᠴᠢᠳᠠᠬᠤ ᠦᠭᠡᠢ ᠭᠡᠵᠦ ᠮᠠᠭᠠᠳᠯᠠᠨ ᠲᠣᠭᠲᠠᠭᠠᠭᠰᠠᠨ ᠨᠢ ᠵᠥᠪ ᠶᠤᠮ᠃            【ᠬᠤᠶᠠᠳᠤᠭᠠᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠳᠤ ᠵᠠᠰᠠᠭ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ᠪᠠ ︽ᠭᠡᠷᠡᠴᠢᠯᠡᠭᠡ ᠰᠣᠨᠣᠰᠬᠤ ᠶᠢᠨ ᠮᠡᠳᠡᠭᠳᠡᠬᠦ ᠪᠢᠴᠢᠭ︾  ᠢ ᠵᠣᠬᠢᠶᠠᠵᠤ᠂ ᠭᠡᠪᠡᠴᠦ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ᠳᠠᠭᠠᠭᠠᠴᠢᠯᠠᠭᠴᠢ ᠴᠧᠨ ᠣᠪᠣᠭᠲᠤ ᠯᠢ᠂ ᠯᠦ ᠣᠪᠣᠭᠲᠤ ᠰᠤᠮᠤᠨ ᠤ ᠨᠠᠷᠢᠨ ᠲᠣᠳᠣᠷᠬᠠᠢ ᠰᠠᠭᠤᠭ᠎ᠠ ᠭᠠᠵᠠᠷ ᠪᠠ ᠬᠠᠷᠢᠯᠴᠠᠬᠤ ᠠᠷᠭ᠎ᠠ ᠮᠠᠶ᠋ᠢᠭ ᠢ ᠪᠠᠶᠢᠴᠠᠭᠠᠨ ᠲᠣᠳᠣᠯᠠᠭᠰᠠᠨ ᠪᠠᠶᠢᠳᠠᠯ ᠳᠣᠣᠷ᠎ᠠ᠂ ᠬᠠᠷᠢᠨ ᠰᠢᠭᠤᠳ ᠬᠦᠷᠭᠡᠭᠰᠡᠨ ᠦᠭᠡᠢ ᠪᠤᠶᠤ ᠰᠢᠤᠳᠠᠨ ᠢᠶᠠᠷ ᠬᠦᠷᠭᠡᠭᠰᠡᠨ ᠦᠭᠡᠢ᠂ ᠬᠠᠷᠢᠨ 8 ᠰᠠᠷ᠎ᠠ ᠳᠤ ᠳᠤᠯᠠᠭᠠᠯᠭ᠎ᠠ ᠶᠢᠨ ᠬᠤᠭᠤᠴᠠᠭ᠎ᠠ ᠪᠢᠰᠢ᠂ ᠵᠤᠤᠬᠠᠨ ᠭᠡᠷ ᠲᠤ ᠠᠵᠢᠯᠯᠠᠬᠤ ᠬᠥᠮᠥᠨ ᠦᠭᠡᠢ ᠪᠤᠶᠤ ᠠᠵᠢᠯᠯᠠᠬᠤ ᠬᠥᠮᠥᠨ ᠦᠭᠡᠢ ᠪᠠᠶᠢᠵᠤ ᠮᠡᠳᠡᠬᠦ ᠪᠥᠭᠡᠳ ᠬᠦᠷᠭᠡᠵᠦ ᠥᠭᠬᠦ ᠨᠥᠬᠦᠴᠡᠯ ᠢ ᠪᠦᠷᠢᠳᠦᠭᠦᠯᠦᠭᠰᠡᠨ ᠦᠭᠡᠢ ᠪᠠᠶᠢᠳᠠᠯ ᠢ ᠲᠣᠳᠣᠷᠬᠠᠢ ᠮᠡᠳᠡᠵᠦ ᠪᠠᠶᠢᠬᠤ ᠪᠠᠶᠢᠳᠠᠯ ᠤᠨ ᠳᠣᠣᠷ᠎ᠠ᠂ ᠬᠠᠷᠢᠨ 8 ᠰᠠᠷ᠎ᠠ ᠳᠤ ᠳᠤᠯᠠᠭᠠᠯᠭ᠎ᠠ ᠶᠢᠨ ᠬᠤᠭᠤᠴᠠᠭ᠎ᠠ ᠲᠠᠢ᠂ ᠵᠤᠤᠬᠠᠨ ᠭᠡᠷ ᠲᠤ ᠠᠵᠢᠯᠯᠠᠬᠤ ᠬᠥᠮᠥᠨ ᠦᠭᠡᠢ ᠪᠤᠶᠤ ᠠᠵᠢᠯᠯᠠᠬᠤ ᠬᠥᠮᠥᠨ ᠦᠭᠡᠢ ᠪᠠᠶᠢᠵᠤ ᠮᠡᠳᠡᠬᠦ ᠪᠥᠭᠡᠳ ᠦᠯᠡᠳᠡᠭᠡᠨ ᠠᠪᠴᠤ ᠬᠦᠷᠭᠡᠬᠦ ᠨᠥᠬᠦᠴᠡᠯ ᠢ ᠪᠦᠷᠢᠳᠦᠭᠦᠯᠦᠭᠰᠡᠨ ᠦᠭᠡᠢ ᠪᠠᠶᠢᠳᠠᠯ ᠳᠣᠣᠷ᠎ᠠ᠂ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ᠵᠢᠴᠢ ᠴᠧᠨ ᠣᠪᠣᠭᠲᠤ ᠯᠢ᠂ ᠯᠦ ᠣᠪᠣᠭᠲᠤ ᠰᠢᠶᠠᠩ ᠳᠤ ᠮᠡᠳᠡᠭᠳᠡᠭᠰᠡᠨ ᠦᠭᠡᠢ ᠪᠠᠷ ᠰᠢᠭᠤᠳ ᠨᠠᠶᠢᠳᠠᠬᠤ ᠪᠠ ᠦᠯᠡᠳᠡᠭᠡᠨ ᠥᠭᠴᠦ ᠬᠦᠷᠭᠡᠬᠦ ᠠᠷᠭ᠎ᠠ ᠮᠠᠶ᠋ᠢᠭ ᠢᠶᠠᠷ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ᠪᠠ ︽ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾  ᠢ ᠬᠦᠷᠭᠡᠭᠰᠡᠨ ᠪᠠᠶᠢᠬᠤ ᠳᠤ ︽ᠢᠷᠭᠡᠨ ᠤ ᠵᠠᠷᠭᠤ ᠶᠢᠨ ᠬᠠᠤᠯᠢ︾  ᠳᠤ ᠦᠯᠡᠳᠡᠭᠡᠨ ᠥᠭᠴᠦ ᠬᠦᠷᠭᠡᠬᠦ ᠶᠢᠨ ᠤᠷᠢᠲᠠᠯ ᠪᠣᠯ ᠬᠦᠷᠭᠡᠯᠲᠡ ᠬᠦᠯᠢᠶᠡᠭᠴᠢ ᠪᠤᠶᠤ ᠲᠡᠭᠦᠨ ᠤ ᠬᠠᠮᠲᠤ ᠰᠠᠭᠤᠵᠤ ᠪᠠᠶᠢᠭ᠎ᠠ ᠨᠠᠰᠤᠨ ᠳᠤ ᠬᠦᠷᠦᠭᠰᠡᠨ ᠭᠡᠷ ᠪᠦᠯᠢ ᠶᠢᠨ  ᠬᠢᠨ ᠵᠠᠷᠭᠤ ᠶᠢᠨ ᠪᠢᠴᠢᠭ ᠬᠠᠷ᠎ᠠ ᠶᠢ ᠬᠦᠯᠢᠶᠡᠨ ᠠᠪᠬᠤ ᠶᠢ ᠲᠡᠪᠴᠢᠬᠦ ᠶᠠᠪᠤᠳᠠᠯ ᠪᠣᠯᠣᠨ᠎ᠠ ᠭᠡᠵᠦ ᠲᠣᠭᠲᠠᠭᠠᠵᠠᠢ᠃ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠨᠡ ᠬᠦ ᠤᠷᠢᠲᠠᠯ ᠨᠥᠬᠦᠴᠡᠯ ᠤᠨ ᠪᠠᠶᠢᠭᠤᠯᠤᠭᠳᠠᠬᠤ ᠶᠢ ᠭᠡᠷᠡᠴᠢᠯᠡᠬᠦ ᠭᠡᠷᠡᠴᠢ ᠪᠠᠷᠢᠮᠲᠠ ᠳᠤᠷᠠᠳᠤᠭᠰᠠᠨ ᠦᠭᠡᠢ᠂ ᠲᠡᠭᠦᠨ ᠤ ᠬᠦᠷᠭᠡᠭᠰᠡᠨ ᠵᠢᠷᠤᠮ ᠨᠢ ᠬᠠᠤᠯᠢ ᠶᠢ ᠵᠥᠷᠢᠴᠡᠭᠰᠡᠨ ᠳᠤ ᠲᠣᠭᠠᠴᠠᠭᠳᠠᠨ᠎ᠠ᠃ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠪᠢᠴᠢᠭ ᠬᠠᠷ᠎ᠠ ᠶᠢ ᠭᠦᠸᠧᠯᠦ ᠶᠢᠨ ᠭᠡᠷ ᠤᠨ ᠭᠠᠳᠠᠨ᠎ᠠ ᠦᠯᠡᠳᠡᠭᠡᠵᠦ ᠲᠠᠯᠪᠢᠪᠠᠯ ᠠᠳᠠᠯ ᠠᠬᠤᠢ ᠶᠢᠨ ᠬᠠᠮᠢᠶᠠᠷᠤᠯᠲᠠ ᠶᠢᠨ ᠨᠢᠭᠡᠨ ᠺᠣᠮᠫᠠᠨᠢ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠯ ᠤᠨ ᠪᠢᠴᠢᠭ︾ ᠪᠠ ︽ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾  ᠤᠨ ᠠᠭᠤᠯᠭ᠎ᠠ ᠶᠢ ᠰᠢᠭᠤᠳ ᠮᠡᠳᠡᠬᠦ ᠶᠢᠨ ᠠᠷᠭ᠎ᠠ ᠦᠭᠡᠢ ᠪᠣᠯᠬᠤ ᠪᠤᠶᠤ ᠬᠤᠶᠢᠰᠢᠯᠠᠭᠤᠯᠤᠨ ᠮᠡᠳᠡᠬᠦ ᠶᠢᠨ ᠤᠯᠠᠮ ᠠᠴᠠ ᠲᠡᠳᠡᠨ ᠤ ᠲᠣᠭᠠᠴᠢᠯᠲᠠ ᠬᠢᠬᠦ᠂ ᠵᠥᠪᠲᠥᠭᠡᠨ ᠲᠣᠳᠣᠷᠬᠠᠶᠢᠯᠠᠬᠤ ᠪᠠ ᠭᠡᠷᠡᠴᠢᠯᠡᠭᠡ ᠰᠣᠨᠣᠰᠬᠤ ᠪᠠᠷ ᠭᠤᠶᠤᠴᠢᠯᠠᠬᠤ ᠡᠷᠬᠡ ᠶᠢ ᠨᠥᠯᠥᠭᠡᠯᠡᠵᠦ ᠮᠡᠳᠡᠨ᠎ᠡ᠃ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠨᠢᠭᠡᠨᠲᠡ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠯ ᠤᠨ ᠪᠢᠴᠢᠭ︾ ᠪᠠ ︽ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾  ᠢ ᠣᠯᠵᠤ ᠠᠪᠤᠭᠰᠠᠨ ᠢ ᠨᠤᠲᠠᠯᠠᠬᠤ ᠶᠢᠨ ᠠᠷᠭ᠎ᠠ ᠦᠭᠡᠢ ᠪᠠᠶᠢᠳᠠᠯ ᠳᠣᠣᠷ᠎ᠠ᠂ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠᠰᠠ ᠨᠢᠭᠡᠨ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠵᠢᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠸᠧᠯᠦ ᠶᠢᠨ ᠭᠡᠷ ᠤᠨ ᠭᠠᠳᠠᠨ᠎ᠠ ᠦᠯᠡᠳᠡᠭᠡᠵᠦ᠂ ᠬᠦᠷᠭᠡᠭᠰᠡᠨ ᠨᠢ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾  ᠶᠢᠨ ᠳᠥᠴᠢᠳᠦᠭᠡᠷ ᠵᠦᠢᠯ᠂ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠠᠷᠭ᠎ᠠ︾  ᠶᠢᠨ ᠭᠤᠴᠢᠨ ᠨᠢᠭᠡᠳᠦᠭᠡᠷ ᠵᠦᠢᠯ ᠪᠠ ︽ᠢᠷᠭᠡᠨ ᠤ ᠵᠠᠷᠭᠤ ᠶᠢᠨ ᠬᠠᠤᠯᠢ︾  ᠶᠢᠨ ᠨᠠᠶᠠᠨ ᠵᠢᠷᠭᠤᠳᠤᠭᠠᠷ ᠵᠦᠢᠯ ᠳᠠᠬᠢ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠦᠷᠭᠡᠬᠦ ᠲᠤᠬᠠᠢ ᠲᠣᠭᠲᠠᠭᠠᠯ ᠲᠠᠢ ᠨᠡᠶᠢᠴᠡᠬᠦ ᠦᠭᠡᠢ ᠪᠠᠶᠢᠪᠠᠯ᠂ ᠮᠥᠨ ᠴᠦ ᠵᠢᠷᠤᠮ ᠤᠨ ᠲᠠᠯ᠎ᠠ ᠪᠠᠷ ᠬᠠᠤᠯᠢ ᠶᠢ ᠵᠥᠷᠢᠴᠡᠭᠰᠡᠨ ᠳᠤ ᠲᠣᠭᠠᠴᠠᠭᠳᠠᠨ᠎ᠠ᠃ ᠱᠤᠸᠠᠩ ᠶᠢᠨ ᠱᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠶᠠᠳᠤᠭᠠᠷ ᠰᠢᠭᠦᠯᠲᠡ ᠶᠢᠨ ᠦᠶ᠎ᠡ ᠳᠤ ᠬᠦᠷᠭᠡᠬᠦ ᠭᠠᠵᠠᠷ ᠨᠢ ᠵᠢᠢ ᠰᠢᠶᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠦᠸᠧᠯᠦ ᠶᠢᠨ ᠭᠡᠷ ᠲᠤ ᠪᠠᠶᠢᠨ᠎ᠠ ᠭᠡᠵᠦ ᠬᠡᠯᠡᠭᠰᠡᠨ ᠪᠣᠯᠪᠠᠴᠤ ᠭᠡᠷᠡᠴᠢᠯᠡᠬᠦ ᠭᠡᠷᠡᠴᠢ ᠪᠠᠷᠢᠮᠲᠠ ᠦᠭᠡᠢ᠃ ᠡᠶᠢᠮᠦ ᠠᠴᠠ ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠦᠷᠭᠡᠭᠰᠡᠨ ᠬᠠᠤᠯᠢ ᠶᠣᠰᠣᠨ ᠤ ᠲᠤᠬᠠᠢ ᠡᠰᠡᠷᠭᠦᠴᠡᠨ ᠮᠠᠷᠭᠤᠯᠳᠤᠬᠤ ᠰᠢᠯᠲᠠᠭᠠᠨ ᠨᠢ ᠲᠣᠭᠲᠠᠵᠤ ᠴᠢᠳᠠᠬᠤ ᠦᠭᠡᠢ ᠶᠤᠮ᠃ ᠪᠤᠰᠤᠳ ᠬᠠᠤᠯᠢ ᠴᠠᠭᠠᠵᠠ ᠶᠢᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠪᠡᠯ᠂ ᠱᠤᠸᠠᠩ ᠶᠢᠨ ᠱᠠᠨ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ ᠨᠢ᠄ ᠵᠢᠶᠠᠨ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠮᠠᠭᠠᠳᠯᠠᠨ ᠲᠣᠭᠲᠠᠭᠠᠭᠰᠠᠨ ᠦᠨᠳᠦᠰᠦᠨ ᠪᠣᠳᠠᠲᠤ ᠶᠠᠪᠤᠳᠠᠯ ᠨᠢ ᠲᠣᠳᠣᠷᠬᠠᠢ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠯᠡᠭᠰᠡᠨ ᠨᠢ ᠵᠥᠪ᠂ ᠲᠠᠰᠤᠯᠤᠨ ᠲᠣᠭᠲᠠᠭᠠᠭᠰᠠᠨ ᠦᠷ᠎ᠡ ᠳ᠋ᠦᠩ ᠨᠢ ᠵᠣᠬᠢᠰ ᠦᠭᠡᠢ ᠪᠢᠰᠢ᠂ ᠱᠤᠸᠠᠩ ᠶᠢᠨ ᠱᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠭᠡᠭᠰᠢ ᠵᠠᠭᠠᠯᠳᠤᠭᠰᠠᠨ ᠵᠠᠭᠠᠯᠳᠤᠯᠭ᠎ᠠ ᠶᠢ ᠨᠢᠴᠤᠭᠠᠵᠤ᠂ ᠤᠤᠯ ᠤᠨ ᠲᠠᠰᠤᠯᠤᠯᠳᠠ ᠶᠢ ᠪᠠᠷᠢᠮᠲᠠᠯᠠᠬᠤ ᠪᠠᠷ ᠰᠢᠭᠦᠨ ᠲᠠᠰᠤᠯᠪᠠ᠃            ᠬᠤᠶᠠᠷ᠂ ᠯᠢᠶᠣᠤᠨᠢᠩ ᠮᠤᠵᠢ ᠶᠢᠨ ᠹᠦᠰᠢᠨ ᠬᠤᠳᠠ ᠶᠢᠨ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠨᠢᠭᠡᠨ ᠷᠧ ᠯᠢ ᠬᠢᠵᠠᠭᠠᠷᠲᠤ ᠺᠣᠮᠫᠠᠨᠢ ᠶᠢᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ             ﹇ᠬᠡᠷᠡᠭ ᠤᠨ ᠦᠨᠳᠦᠰᠦᠨ ᠪᠠᠶᠢᠳᠠᠯ﹈            2020 ᠣᠨ ᠤ 1 ᠰᠠᠷ᠎ᠠ ᠶᠢᠨ 20 ᠤ ᠡᠳᠦᠷ ᠤᠨ 16 ᠴᠠᠭ ᠤᠨ ᠦᠶ᠎ᠡ ᠪᠠᠷ᠂ ᠹᠦᠰᠢᠨ ᠬᠤᠳᠠ ᠶᠢᠨ ᠴᠢᠩ ᠾᠧ ᠮᠥ᠋ᠨ ᠲᠣᠭᠤᠷᠢᠭ ᠤᠨ ᠴᠢᠩ ᠾᠧ ᠶᠤᠸᠠᠨ ᠪᠠᠭ᠎ᠠ ᠲᠣᠭᠤᠷᠢᠭ ᠤᠨ 6 ᠳ᠋ᠤᠭᠠᠷ ᠨᠣᠮᠧᠷᠲᠤ ᠠᠰᠠᠷ ᠤᠨ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ ᠰᠡᠯᠪᠢᠨ ᠵᠠᠰᠠᠬᠤ ᠶᠠᠪᠤᠴᠠ ᠳᠤ᠂ ᠡᠩ ᠤᠨ ᠥᠨᠳᠥᠷ ᠭᠠᠵᠠᠷ ᠲᠤ ᠤᠨᠠᠭᠰᠠᠨ ᠠᠳᠡᠯ ᠭᠠᠷᠴᠤ᠂ 1 ᠬᠥᠮᠥᠨ ᠠᠳᠡᠵᠡᠢ᠃ ᠠᠳᠡᠯ ᠭᠠᠷᠤᠭᠰᠠᠨ ᠤ ᠳᠠᠷᠠᠭ᠎ᠠ᠂ ᠹᠦᠰᠢᠨ ᠬᠤᠲᠠ ᠶᠢᠨ ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠢᠩ ᠾᠧ ᠮᠧᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠳᠣᠷᠣᠭᠰᠢ ᠴᠢᠩ ᠾᠧ ᠮᠧᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠡᠵᠦ ᠲᠣᠪᠴᠢᠯᠠᠨ᠎ᠠ︶ ᠵᠡᠷᠭᠡ ᠵᠢᠷᠭᠤᠭᠠᠨ ᠨᠢᠭᠡᠴᠢ ᠶᠢ ᠵᠣᠬᠢᠶᠠᠨ ᠪᠠᠶᠢᠭᠤᠯᠵᠤ ᠹᠦᠰᠢᠨ ᠬᠤᠲᠠ ᠶᠢᠨ ᠴᠢᠩ ᠾᠧ ᠮᠧᠨ ᠲᠣᠭᠤᠷᠢᠭ ᠤᠨ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ︽1 · 20︾  ᠤ ᠡᠩ ᠤᠨ ᠥᠨᠳᠥᠷ ᠭᠠᠵᠠᠷ ᠲᠤ ᠤᠨᠠᠭᠰᠠᠨ ᠠᠳᠡᠯ ᠢ ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠡᠢ᠃ 2 ᠰᠠᠷ᠎ᠠ ᠶᠢᠨ 24 ᠤ ᠡᠳᠦᠷ᠂ ᠪᠠᠶᠢᠴᠠᠭᠠᠯᠲᠠ ᠶᠢᠨ ᠳᠤᠭᠤᠶᠢᠯᠠᠩ ᠠᠴᠠ ︽ᠹᠦᠰᠢᠨ ᠬᠤᠲᠠ ᠶᠢᠨ ᠴᠢᠩ ᠾᠧ ᠮᠧᠨ ᠲᠣᠭᠤᠷᠢᠭ ᠤᠨ ᠨᠢᠭᠡᠨ ᠷᠧ ᠯᠢ ᠬᠢᠵᠠᠭᠠᠷᠲᠤ ᠺᠣᠮᠫᠠᠨᠢ ᠶᠢᠨ ︿1· 20﹀ ᠤ ᠡᠩ ᠤᠨ ᠥᠨᠳᠥᠷ ᠭᠠᠵᠠᠷ ᠠᠴᠠ ᠤᠨᠠᠭᠰᠠᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ︵ᠳᠣᠷᠣᠭᠰᠢ ︽1· 20︾  ᠤ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠭᠡᠵᠦ ᠲᠣᠪᠴᠢᠯᠠᠨ᠎ᠠ︶ ᠭᠠᠷᠭᠠᠭᠰᠠᠨ ᠪᠣᠯᠪᠠᠴᠤ ᠪᠠᠶᠢᠴᠠᠭᠠᠯᠲᠠ ᠶᠢᠨ ᠳᠤᠭᠤᠶᠢᠯᠠᠩ ᠤᠨ ᠪᠦᠷᠢᠯᠳᠦᠭᠦᠨ ᠲᠠᠮᠠᠭ᠎ᠠ ᠳᠠᠷᠤᠭᠰᠠᠨ ᠦᠭᠡᠢ ᠪᠤᠶᠤ ᠭᠠᠷ ᠤᠨ ᠥᠰᠥᠭ ᠵᠢᠷᠤᠭᠰᠠᠨ ᠦᠭᠡᠢ᠃            【 ︽1· 20︾  ᠤ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠳᠤ ᠨᠢᠭᠡᠨ ᠷᠧ ᠯᠢ ᠬᠢᠵᠠᠭᠠᠷᠲᠤ ᠺᠣᠮᠫᠠᠨᠢ ᠶᠢ ᠪᠠᠷᠢᠯᠭ᠎ᠠ ᠶᠢᠨ ᠨᠢᠭᠡᠴᠢ ᠪᠣᠯᠭᠠᠬᠤ ᠪᠠᠷ ᠮᠠᠭᠠᠳᠯᠠᠨ ᠲᠣᠭᠲᠠᠭᠠᠪᠠ᠃ ᠪᠠᠷᠢᠯᠭ᠎ᠠ ᠶᠢᠨ ᠠᠵᠢᠯ ᠢ ᠶᠠᠮᠠᠷ ᠴᠤ ᠬᠢᠷᠢ ᠬᠡᠮ ᠦᠭᠡᠢ ᠰᠦ ᠣᠪᠣᠭᠲᠤ ᠼᠠᠢ ᠪᠠᠷᠢᠯᠭ᠎ᠠ ᠶᠢᠨ ᠠᠩᠭᠢ ᠳᠤ ᠲᠤᠰᠢᠶᠠᠬᠤ ᠳᠠᠭᠠᠨ ᠮᠡᠷᠭᠡᠵᠢᠯ ᠤᠨ ᠪᠠᠶᠢᠳᠠᠯ ᠢᠶᠠᠨ ᠲᠤᠰᠢᠶᠠᠭᠰᠠᠨ ᠦᠭᠡᠢ᠂ ᠪᠠᠷᠢᠯᠭ᠎ᠠ ᠶᠢᠨ ᠭᠠᠵᠠᠷ ᠲᠤ ᠠᠶᠤᠯᠭᠦᠢ ᠶᠢᠨ ᠬᠠᠮᠢᠶᠠᠷᠤᠯᠲᠠ ᠬᠢᠭᠰᠡᠨ ᠦᠭᠡᠢ  ᠨᠢ ᠡ᠊ᠨᠳᠡᠯ ᠭᠠᠷᠤᠭᠰᠠᠨ ᠤ ᠴᠢᠬᠤᠯᠠ ᠰᠢᠯᠲᠠᠭᠠᠨ ᠪᠣᠯᠣᠨ᠎ᠠ᠃ ᠭᠡᠪᠡᠴᠦ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠴᠢᠩ ᠾᠧ ᠮᠧᠨ ᠲᠣᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠢᠭᠡᠳ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠭᠡᠷ᠎ᠡ ᠶᠢ ᠬᠠᠩᠭᠠᠭᠰᠠᠨ ᠦᠭᠡᠢ᠂ ᠪᠠᠰᠠ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠬᠢᠭᠡᠳ ᠪᠠᠷᠢᠯᠭ᠎ᠠ ᠶᠢᠨ ᠬᠥᠮᠥᠨ ᠰᠦ ᠣᠪᠣᠭᠲᠤ ᠼᠠᠢ ᠶᠢᠨ ᠪᠠᠷᠢᠯᠭ᠎ᠠ ᠶᠢᠨ ᠭᠡᠷ᠎ᠡ ᠶᠢ ᠬᠠᠩᠭᠠᠭᠰᠠᠨ ᠦᠭᠡᠢ᠃ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠡᠭᠦᠨ ᠢ ᠵᠥᠪᠰᠢᠶᠡᠷᠡᠭᠰᠡᠨ ᠦᠭᠡᠢ᠂ ᠪᠠᠷᠢᠯᠭ᠎ᠠ ᠶᠢᠨ ᠠᠵᠢᠯᠲᠠᠨ ᠰᠦ ᠣᠪᠣᠭᠲᠤ ᠼᠠᠢ ᠪᠠᠷᠢᠯᠭ᠎ᠠ ᠶᠢᠨ ᠠᠵᠢᠯ ᠢ ᠴᠢᠩ ᠾᠧ ᠮᠧᠨ ᠲᠣᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠳᠠᠭᠠᠭᠠᠴᠢᠯᠠᠵᠠᠢ᠂ ᠲᠡᠷᠡ ᠨᠢ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠲᠠᠢ ᠬᠤᠯᠪᠣᠭᠳᠠᠯ ᠦᠭᠡᠢ ᠭᠡᠵᠡᠢ᠃ ᠹᠦᠰᠢᠨ ᠬᠤᠲᠠ ᠶᠢᠨ ᠴᠢᠩ ᠾᠧ ᠮᠥ᠋ᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠴᠣᠬᠤᠯᠠᠪᠤᠷᠢᠯᠠᠭᠰᠠᠨ ᠬᠡᠯᠪᠡᠷᠢ ᠪᠠᠷ ᠲᠤᠰ ᠪᠠᠶᠢᠴᠠᠭᠠᠯᠲᠠ ᠶᠢᠨ ᠮᠡᠳᠡᠭᠦᠯᠦᠯᠲᠡ ᠶᠢ ᠵᠥᠪᠰᠢᠶᠡᠷᠡᠪᠡ᠃            3 ᠰᠠᠷ᠎ᠠ ᠶᠢᠨ 24 ᠤ ᠡᠳᠦᠷ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠢ ᠣᠪᠣᠭᠲᠤ ᠷᠧ ᠯᠢ ᠬᠢᠵᠠᠭᠠᠷᠲᠤ ᠺᠣᠮᠫᠠᠨᠢ ᠠᠶᠤᠯᠭᠦᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠭᠰᠡᠨ ᠦᠭᠡᠢ᠂ ᠳᠠᠭᠠᠭᠠᠴᠢᠯᠠᠭᠰᠠᠨ ᠨᠢᠭᠡᠴᠢ ᠲᠠᠢ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠶᠢᠨ ᠲᠤᠰᠬᠠᠢ ᠬᠡᠯᠡᠯᠴᠡᠭᠡᠷ ᠲᠣᠭᠲᠠᠭᠠᠭᠰᠠᠨ ᠦᠭᠡᠢ᠂ ᠡᠨᠡ ᠪᠣᠯ ︽1· 20︾  ᠤ ᠡ᠊ᠨᠳᠡᠯ ᠤᠨ ᠰᠢᠭᠤᠳ ᠬᠠᠷᠢᠭᠤᠴᠠᠯᠭ᠎ᠠ ᠲᠠᠢ ᠨᠢᠭᠡᠴᠢ ᠮᠥᠨ᠂ ᠷᠧ ᠯᠢ ᠬᠢᠵᠠᠭᠠᠷᠲᠤ ᠺᠣᠮᠫᠠᠨᠢ ᠳᠤ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠭᠠᠷᠭᠠᠵᠤ᠂ ᠠᠷᠠᠳ ᠤᠨ ᠵᠣᠭᠤᠰ ᠢᠶᠠᠷ 24 ᠲᠦᠮᠡᠨ ᠲᠥᠭᠦᠷᠢᠭ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠴᠡᠢ᠃ ᠷᠧ ᠯᠢ ᠬᠢᠵᠠᠭᠠᠷᠲᠤ ᠺᠣᠮᠫᠠᠨᠢ ᠲᠤᠰ ᠵᠠᠰᠠᠭ ᠵᠠᠬᠢᠷᠭᠠᠨ ᠤ ᠰᠢᠢᠳᠬᠡᠯ ᠢ ᠬᠦᠯᠢᠶᠡᠬᠦ ᠦᠭᠡᠢ ᠪᠠᠶᠢᠵᠤ᠂ 9 ᠰᠠᠷ᠎ᠠ ᠶᠢᠨ 1 ᠤ ᠡᠳᠦᠷ ᠴᠢᠩ ᠾᠧ ᠮᠧᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠪᠡ᠃            【ᠨᠢᠭᠡᠳᠦᠭᠡᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠪᠣᠯᠣᠨ ᠪᠠᠷᠢᠯᠭ᠎ᠠ ᠶᠢᠨ ᠠᠵᠢᠯᠴᠢᠨ ᠰᠦ ᠣᠪᠣᠭᠲᠤ ᠼᠠᠢ ᠪᠠᠷᠢᠯᠭ᠎ᠠ ᠶᠢᠨ ᠭᠡᠷ᠎ᠡ ᠲᠣᠭᠲᠠᠭᠠᠭᠰᠠᠨ ᠦᠭᠡᠢ᠂ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠨᠢ ᠪᠠᠷᠢᠯᠭ᠎ᠠ ᠶᠢᠨ ᠠᠵᠢᠯᠴᠢᠨ ᠰᠦ ᠣᠪᠣᠭᠲᠤ ᠼᠠᠢ ᠯᠤᠭ᠎ᠠ ᠶᠢᠨ ᠬᠤᠭᠤᠷᠣᠨᠳᠤ ᠳᠠᠭᠠᠭᠠᠴᠢᠯᠠᠭᠤᠯᠬᠤ ᠪᠠ ᠳᠠᠭᠠᠭᠠᠴᠢᠯᠠᠬᠤ ᠬᠠᠷᠢᠴᠠᠭ᠎ᠠ ᠣᠷᠣᠰᠢᠬᠤ ᠦᠭᠡᠢ ᠭᠡᠵᠦ ᠦᠵᠡᠪᠡ᠃ ᠪᠠᠷᠢᠯᠭ᠎ᠠ ᠶᠢᠨ ᠠᠵᠢᠯᠲᠠᠨ ᠰᠦ ᠣᠪᠣᠭᠲᠤ ᠼᠠᠢ ᠲᠤᠰ ᠪᠠᠷᠢᠯᠭ᠎ᠠ ᠶᠢ ᠴᠢᠩ ᠾᠧ ᠮᠧᠨ ᠲᠣᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠳᠠᠭᠠᠭᠠᠴᠢᠯᠠᠵᠠᠢ᠂ ᠯᠢ ᠯᠢ ᠬᠢᠵᠠᠭᠠᠷᠲᠤ ᠺᠣᠮᠫᠠᠨᠢ ᠲᠠᠢ ᠬᠤᠯᠪᠣᠭᠳᠠᠯ ᠦᠭᠡᠢ ᠭᠡᠵᠦ ᠬᠡᠯᠡᠵᠡᠢ᠃ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨ ᠷᠧ ᠯᠢ ᠬᠢᠵᠠᠭᠠᠷᠲᠤ ᠺᠣᠮᠫᠠᠨᠢ ᠠᠶᠤᠯᠭᠦᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠭᠰᠡᠨ ᠦᠭᠡᠢ᠂ ᠳᠠᠭᠠᠭᠠᠴᠢᠯᠠᠭᠰᠠᠨ ᠨᠢᠭᠡᠴᠢ ᠲᠠᠢ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠶᠢᠨ ᠲᠤᠰᠬᠠᠢ ᠬᠡᠯᠡᠯᠴᠡᠭᠡᠷ ᠲᠣᠭᠲᠠᠭᠠᠭᠰᠠᠨ ᠦᠭᠡᠢ᠂ ︽1· 20︾  ᠤ ᠡ᠊ᠨᠳᠡᠯ ᠤᠨ ᠰᠢᠭᠤᠳ ᠬᠠᠷᠢᠭᠤᠴᠠᠯᠭ᠎ᠠ ᠲᠠᠢ ᠨᠢᠭᠡᠴᠢ ᠮᠥᠨ ᠭᠡᠵᠦ ᠦᠵᠡᠭᠰᠡᠨ ᠪᠥᠭᠡᠳ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠭᠠᠷᠭᠠᠵᠠᠢ᠂ ᠪᠣᠳᠠᠲᠤ ᠬᠡᠷᠡᠭ ᠨᠢ ᠲᠣᠳᠣᠷᠬᠠᠢ ᠦᠭᠡᠢ᠂ ᠭᠡᠷᠡᠴᠢ ᠪᠠᠷᠢᠮᠲᠠ ᠨᠢ ᠭᠦᠢᠴᠡᠳ ᠦᠭᠡᠢ᠂ ᠨᠤᠲᠠᠯᠠᠨ ᠵᠥᠪᠰᠢᠶᠡᠷᠡᠬᠦ ᠦᠭᠡᠢ᠃ ᠪᠤᠰᠤᠳ ᠬᠠᠤᠯᠢ ᠴᠠᠭᠠᠵᠠ ᠶᠢᠨ ᠪᠣᠳᠠᠲᠤ ᠬᠡᠷᠡᠭ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠵᠦ᠂ ᠴᠢᠩ ᠾᠧ ᠮᠧᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠹᠦᠰᠢᠨ ᠬᠤᠲᠠ ᠶᠢᠨ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠨ ᠷᠧ ᠯᠢ ᠬᠢᠵᠠᠭᠠᠷᠲᠤ ᠺᠣᠮᠫᠠᠨᠢ ᠳᠤ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠦᠴᠦᠨ ᠦᠭᠡᠢ ᠪᠣᠯᠭᠠᠬᠤ ᠪᠠᠷ ᠬᠠᠤᠯᠢ ᠶᠣᠰᠣᠭᠠᠷ ᠲᠠᠰᠤᠯᠤᠯᠲᠠ ᠭᠠᠷᠭᠠᠪᠠ᠃            ᠴᠢᠩ ᠾᠧ ᠮᠥ᠋ᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠴᠢᠩ ᠾᠧ ᠮᠥ᠋ᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠶᠢ ᠵᠥᠪᠰᠢᠶᠡᠷᠡᠬᠦ ᠦᠭᠡᠢ ᠪᠠᠶᠢᠵᠤ᠂ ᠹᠦᠰᠢᠨ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠳᠤ ᠳᠡᠭᠡᠭᠰᠢ ᠵᠠᠭᠠᠯᠳᠤᠵᠠᠢ᠃            【ᠳᠡᠭᠡᠭᠰᠢ ᠵᠠᠭᠠᠯᠳᠤᠭᠴᠢ ᠶᠢᠨ ᠵᠠᠭᠠᠯᠳᠤᠯᠭ᠎ᠠ ᠶᠢᠨ ᠨᠡᠷᠡᠶᠢᠳᠦᠯ】            ᠨᠢᠭᠡ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠪᠣᠯ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ︽ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠡᠷᠬᠡ ᠲᠤᠰᠢᠶᠠᠯ ᠢᠶᠠᠨ ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠠᠪᠤᠳᠠᠯ ᠪᠣᠯᠣᠨ᠎ᠠ᠃            ᠬᠤᠶᠠᠷ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠡᠷᠡᠭᠵᠢᠭᠦᠯᠦᠭᠰᠡᠨ ᠦᠨᠳᠦᠰᠦ ᠪᠠᠷᠢᠮᠲᠠ ᠪᠣᠯ ᠹᠦᠰᠢᠨ ᠬᠤᠳᠠ ᠶᠢᠨ ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ︽ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠡᠷᠬᠢᠨ ︿ᠹᠦᠰᠢᠨ ᠬᠤᠳᠠ ᠶᠢᠨ ᠴᠢᠩ ᠾᠧ ᠮᠧᠨ ᠲᠣᠭᠤᠷᠢᠭ ᠤᠨ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ︿1·20﹀ ᠤ ᠡᠩ ᠤᠨ ᠥᠨᠳᠥᠷ ᠠᠴᠠ ᠤᠨᠠᠭᠰᠠᠨ ᠡ᠊ᠨᠳᠡᠯ ᠢ ᠪᠠᠶᠢᠴᠠᠭᠠᠭᠰᠠᠨ ᠮᠡᠳᠡᠭᠦᠯᠦᠯᠲᠡ︾  ᠶᠢᠨ ᠲᠤᠬᠠᠢ ᠴᠣᠬᠤᠯᠠᠪᠤᠷᠢ︾ ᠪᠣᠯᠣᠨ᠎ᠠ᠂ ᠪᠣᠳᠠᠲᠤ ᠬᠡᠷᠡᠭ ᠤᠨ ᠦᠨᠳᠦᠰᠦ ᠪᠠᠷᠢᠮᠲᠠ ᠨᠢ ᠬᠠᠤᠯᠢ ᠳᠤ ᠨᠡᠶᠢᠴᠡᠨ᠎ᠡ᠃ ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠴᠣᠬᠤᠯᠠᠪᠤᠷᠢ ᠨᠢ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠨ᠎ᠡ᠃ ︽ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾  ᠤᠨ ᠠᠷᠪᠠ ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ︾  ᠤᠨ ᠲᠣᠭᠲᠠᠭᠠᠯ ᠢ ᠦᠨᠳᠦᠰᠦᠯᠡᠪᠡᠯ᠂ ︽1·20︾ ᠤ ᠥᠨᠳᠥᠷ ᠭᠠᠵᠠᠷ ᠲᠤ ᠤᠨᠠᠭᠰᠠᠨ ᠠᠳᠡᠯ ᠭᠠᠷᠤᠭᠰᠠᠨ ᠤ ᠳᠠᠷᠠᠭ᠎ᠠ᠂ ᠴᠢᠩ ᠾᠧ ᠮᠥ᠋ᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ ᠴᠢᠩ ᠾᠧ ᠮᠥ᠋ᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠢᠩ ᠾᠧ ᠮᠥ᠋ᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠹᠦᠰᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠣᠲᠣᠭᠠᠳᠤ ᠬᠠᠮᠠᠭᠠᠯᠠᠯᠲᠠ ᠶᠢᠨ ᠬᠤᠪᠢᠶᠠᠷᠢ ᠲᠣᠪᠴᠢᠶ᠎ᠠ᠂ ᠴᠢᠩ ᠾᠧ ᠮᠥ᠋ᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠴᠢᠩ ᠾᠧ ᠮᠥ᠋ᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠴᠢᠩ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠬᠤᠯᠪᠣᠭᠳᠠᠯ ᠪᠦᠬᠦᠢ ᠨᠢᠭᠡᠴᠢ ᠪᠠᠷ ᠪᠦᠷᠢᠯᠳᠦᠭᠰᠡᠨ ᠠᠳᠡᠯ ᠢ ᠪᠠᠶᠢᠴᠠᠭᠠᠬᠤ ᠳᠤᠭᠤᠶᠢᠯᠠᠩ ᠢ ᠪᠠᠶᠢᠭᠤᠯᠵᠠᠢ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠠᠶ ᠶᠢᠨ ᠬᠠᠶᠢᠨ ᠪᠠᠶᠢᠴᠠᠭᠠᠯᠲᠠ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠬᠠᠮᠢᠶ᠎ᠠ ᠪᠦᠬᠦᠢ ᠬᠥᠮᠥᠰ ᠠᠴᠠ ᠯᠠᠪᠯᠠᠨ ᠠᠰᠠᠭᠤᠬᠤ ᠪᠠᠷ ᠳᠡᠮᠵᠢᠨ᠂ ᠠᠳᠡᠯ ᠭᠠᠷᠤᠭᠰᠠᠨ ᠥᠩᠭᠡᠷᠡᠯᠲᠡ᠂ ᠰᠢᠯᠲᠠᠭᠠᠨ ᠢ ᠪᠠᠶᠢᠴᠠᠭᠠᠨ ᠲᠣᠳᠣᠯᠠᠵᠤ᠂ ᠠᠳᠡᠯ ᠤᠨ ᠰᠢᠨᠵᠢ ᠴᠢᠨᠠᠷ ᠪᠠ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠵᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠨᠢᠭᠡᠴᠢ ᠵᠢᠴᠢ ᠬᠠᠷᠢᠭᠤᠴᠠᠯᠭ᠎ᠠ ᠲᠠᠢ ᠬᠥᠮᠥᠰ ᠢ ᠰᠢᠢᠳᠪᠦᠷᠢᠯᠡᠬᠦ ᠰᠠᠨᠠᠭᠤᠯᠭ᠎ᠠ ᠪᠠ ᠰᠡᠷᠭᠡᠶᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ︽︿1 ᡻ 20﹀ ᠤ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠶᠢ ᠪᠦᠷᠢᠯᠳᠦᠭᠦᠯᠵᠦ᠂ ᠪᠠᠰᠠ ︽ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾  ᠤᠨ ᠭᠤᠴᠢᠨ ᠬᠤᠶᠠᠳᠤᠭᠠᠷ ᠵᠦᠢᠯ︾  ᠤᠨ ᠲᠣᠭᠲᠠᠭᠠᠯ ᠢ ᠦᠨᠳᠦᠰᠦᠯᠡᠵᠦ᠂ ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ᠂ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ︽1· 20︾  ᠤ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠶᠢ ᠵᠥᠪᠰᠢᠶᠡᠷᠡᠬᠦ ᠲᠤᠬᠠᠢ ᠴᠣᠬᠤᠯᠠᠪᠤᠷᠢ ᠬᠢᠵᠦ᠂ ᠳᠣᠣᠷᠠᠬᠢ ᠮᠡᠲᠦ ᠴᠣᠬᠤᠯᠠᠪᠤᠷᠢ ᠬᠢᠪᠡ᠄ 1.ᠡ᠊ᠨᠳᠡᠯ ᠢ ᠪᠠᠶᠢᠴᠠᠭᠠᠬᠤ ᠠᠵᠢᠯ ᠨᠢ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾  ᠤᠨ ᠲᠣᠭᠲᠠᠭᠠᠯ ᠳᠤ ᠨᠡᠶᠢᠴᠡᠵᠦ᠂ ᠵᠢᠷᠤᠮ ᠨᠢ ᠬᠠᠤᠯᠢ ᠳᠤ ᠨᠡᠶᠢᠴᠡᠨ᠎ᠡ᠃ 2.ᠡ᠊ᠨᠳᠡᠯ ᠢ ᠪᠠᠶᠢᠴᠠᠭᠠᠬᠤ ᠳᠤᠭᠤᠶᠢᠯᠠᠩ ᠤᠨ ᠡ᠊ᠨᠳᠡᠯ ᠤᠨ ᠰᠢᠯᠲᠠᠭᠠᠨ ᠤ ᠲᠤᠬᠠᠢ ᠵᠠᠳᠠᠯᠤᠯᠲᠠ ᠶᠢ ᠵᠥᠪᠰᠢᠶᠡᠷᠡᠵᠦ᠂ ᠡ᠊ᠨᠳᠡᠯ ᠤᠨ ᠰᠢᠨᠵᠢ ᠴᠢᠨᠠᠷ ᠢ ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠬᠠᠷᠢᠭᠤᠴᠠᠯᠭ᠎ᠠ ᠶᠢᠨ ᠡ᠊ᠨᠳᠡᠯ ᠭᠡᠵᠦ ᠮᠠᠭᠠᠳᠯᠠᠨ ᠲᠣᠭᠲᠠᠭᠠᠨ᠎ᠠ᠃ 3. ᠠᠳᠡᠯ ᠢ ᠪᠠᠶᠢᠴᠠᠭᠠᠬᠤ ᠳᠤᠭᠤᠶᠢᠯᠠᠩ ᠤᠨ ᠲᠤᠰ ᠠᠳᠡᠯ ᠤᠨ ᠬᠠᠷᠢᠭᠤᠴᠠᠯᠭ᠎ᠠ ᠲᠠᠢ ᠨᠢᠭᠡᠴᠢ ᠪᠠ ᠬᠠᠷᠢᠭᠤᠴᠠᠯᠭ᠎ᠠ ᠲᠠᠢ ᠬᠥᠮᠥᠨ ᠤ ᠬᠠᠷᠢᠭᠤᠴᠠᠯᠭ᠎ᠠ ᠶᠢ ᠨᠤᠲᠠᠯᠠᠨ ᠲᠣᠭᠲᠠᠭᠠᠬᠤ ᠪᠠ ᠰᠢᠢᠳᠪᠦᠷᠢᠯᠡᠬᠦ ᠰᠠᠨᠠᠯ ᠢ ᠵᠥᠪᠰᠢᠶᠡᠷᠡᠨ᠎ᠡ ᠁ᠲᠤᠰ ᠴᠣᠬᠤᠯᠠᠪᠤᠷᠢ ᠨᠢ ᠬᠠᠤᠯᠢ ᠳᠤ ᠨᠡᠶᠢᠴᠡᠵᠦ᠂ ᠬᠦᠴᠦᠨ ᠲᠠᠢ᠃            ᠭᠤᠷᠪᠠ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠢ ᠦᠨᠳᠦᠰᠦᠯᠡᠨ ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠨᠢ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠨ᠎ᠡ᠃ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ ︾  ᠤᠨ ᠭᠤᠴᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠪᠡᠯ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠡᠷᠬᠡᠪᠰᠢ ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠴᠣᠬᠤᠯᠠᠪᠤᠷᠢ ᠶᠢ ᠦᠨᠳᠦᠰᠦᠯᠡᠬᠦ ᠬᠡᠷᠡᠭᠲᠡᠢ᠂ ᠲᠤᠰ ᠴᠣᠬᠤᠯᠠᠪᠤᠷᠢ ᠪᠣᠯ ᠳᠠᠷᠤᠢ ᠵᠠᠰᠠᠭ ᠵᠠᠬᠢᠷᠭᠠᠨ ᠤ ᠰᠢᠢᠳᠬᠡᠯ ᠢ ᠭᠠᠷᠭᠠᠬᠤ ᠶᠢᠨ ᠬᠠᠤᠯᠢ ᠪᠠᠷ ᠲᠣᠭᠲᠠᠭᠠᠭᠰᠠᠨ ᠪᠣᠳᠠᠲᠤ ᠬᠡᠷᠡᠭ ᠤᠨ ᠦᠨᠳᠦᠰᠦ ᠪᠠᠷᠢᠮᠲᠠ ᠮᠥᠨ᠃            【ᠳᠡᠭᠡᠭᠰᠢ ᠵᠠᠭᠠᠯᠳᠤᠭᠳᠠᠭᠴᠢ ᠶᠢᠨ ᠮᠠᠷᠭᠤᠯᠳᠤᠭᠠᠨ】            ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠳᠤ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠪᠠ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾  ᠢ ᠡᠰᠢ ᠲᠠᠲᠠᠭᠰᠠᠨ ᠦᠭᠡᠢ᠂ ᠬᠠᠤᠯᠢ ᠴᠠᠭᠠᠵᠠ ᠶᠢ ᠬᠡᠷᠡᠭᠯᠡᠭᠰᠡᠨ ᠨᠢ ᠵᠣᠬᠢᠰ ᠦᠭᠡᠢ ᠪᠠᠶᠢᠨ᠎ᠠ᠃ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠦᠨᠳᠦᠰᠦᠯᠡᠭᠰᠡᠨ ︽︿1·20﹀ ᠤ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠳᠤ ᠶᠠᠮᠠᠷ ᠴᠤ ᠬᠥᠮᠥᠨ ᠭᠠᠷ ᠤᠨ ᠦᠰᠦᠭ ᠵᠢᠷᠤᠭᠰᠠᠨ ᠦᠭᠡᠢ᠂ ᠶᠠᠮᠠᠷ ᠴᠤ ᠨᠢᠭᠡᠴᠢ ᠲᠠᠮᠠᠭ᠎ᠠ ᠳᠠᠷᠤᠭᠰᠠᠨ ᠦᠭᠡᠢ ᠨᠢ ᠲᠤᠰ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠲᠤᠰ ᠪᠡᠶ᠎ᠡ ᠨᠢ ᠬᠡᠯᠪᠡᠷᠢ ᠶᠢᠨ ᠲᠠᠯ᠎ᠠ ᠪᠠᠷ ᠶᠠᠮᠠᠷ ᠴᠤ ᠬᠦᠴᠦᠨ ᠦᠭᠡᠢ ᠪᠠᠶᠢᠬᠤ ᠶᠢ ᠬᠠᠷᠠᠭᠤᠯᠵᠤ ᠪᠠᠶᠢᠨ᠎ᠠ᠃            ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢᠭᠡᠳᠦᠭᠡᠷ ᠰᠢᠭᠦᠯᠲᠡ ᠶᠢᠨ ᠵᠠᠷᠭᠤ ᠶᠢᠨ ᠶᠠᠪᠤᠴᠠ ᠳᠤ ᠵᠥᠪᠬᠡᠨ ︽︿1 ᡻ 20﹀ ᠤ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠶᠢ ᠬᠠᠩᠭᠠᠭᠰᠠᠨ ᠪᠠᠶᠢᠨ᠎ᠠ᠃ ᠲᠤᠰ ᠪᠠᠶᠢᠴᠠᠭᠠᠯᠲᠠ ᠶᠢᠨ ᠮᠡᠳᠡᠭᠦᠯᠦᠯᠲᠡ ᠳᠤ ᠦᠨᠳᠦᠰᠦᠯᠡᠭᠰᠡᠨ ᠪᠠᠶᠢᠴᠠᠭᠠᠯᠲᠠ ᠶᠢᠨ ᠮᠠᠲ᠋ᠧᠷᠢᠶᠠᠯ ᠢ ᠬᠠᠩᠭᠠᠭᠰᠠᠨ ᠦᠭᠡᠢ᠂ ᠨᠢᠭᠡᠨ ᠷᠧ ᠯᠢ ᠬᠢᠵᠠᠭᠠᠷᠲᠤ ᠺᠣᠮᠫᠠᠨᠢ ᠶᠢᠨ ᠣᠷᠣᠯᠠᠭᠴᠢ ᠶᠢᠨ ᠣᠷᠣᠯᠠᠭᠰᠠᠨ ᠥᠭᠡᠷ᠎ᠡ ᠨᠢᠭᠡᠨ ᠡᠷᠡᠭᠦᠦ ᠶᠢᠨ ᠬᠡᠷᠡᠭ ᠤᠨ ᠶᠠᠪᠤᠴᠠ ᠳᠤ᠂ ᠰᠦ ᠣᠪᠣᠭᠲᠤ ᠼᠠᠢ ᠵᠡᠷᠭᠡ ᠬᠥᠮᠥᠰ ᠤᠨ ᠪᠠᠶᠢᠴᠠᠭᠠᠭᠰᠠᠨ ᠲᠡᠮᠳᠡᠭᠯᠡᠯ ᠢ ᠣᠯᠵᠤ ᠦᠵᠡᠵᠡᠢ᠂ ᠪᠠᠶᠢᠴᠠᠭᠠᠯᠲᠠ ᠶᠢᠨ ᠲᠡᠮᠳᠡᠭᠯᠡᠯ ᠳᠤ ᠭᠡᠷᠡᠴᠢᠯᠡᠵᠦ ᠳᠡᠶᠢᠯᠬᠦ ᠪᠣᠳᠠᠲᠤ ᠶᠠᠪᠤᠳᠠᠯ ᠨᠢ ︽1· 20︾  ᠤ ᠡ᠊ᠨᠳᠡᠯ ᠢ ᠪᠠᠶᠢᠴᠠᠭᠠᠭᠰᠠᠨ ᠮᠡᠳᠡᠭᠦᠯᠦᠯᠲᠡ︾  ᠳᠤ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠲᠠᠢ ᠴᠤ ᠪᠦᠷᠢᠮᠦᠰᠦᠨ ᠨᠡᠶᠢᠴᠡᠬᠦ ᠦᠭᠡᠢ ᠶᠤᠮ᠃            【ᠬᠤᠶᠠᠳᠤᠭᠠᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            ᠨᠢᠭᠡ᠂ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾  ᠤᠨ ᠭᠤᠴᠢᠳᠤᠭᠠᠷ ᠵᠦᠢᠯ ᠳᠤ᠂ ᠡ᠊ᠨᠳᠡᠯ ᠢ ᠪᠠᠶᠢᠴᠠᠭᠠᠭᠰᠠᠨ ᠮᠡᠳᠡᠭᠦᠯᠦᠯᠲᠡ ᠳᠤ ᠳᠠᠷᠠᠭᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ ᠭᠡᠵᠦ ᠲᠣᠭᠲᠠᠭᠠᠵᠠᠢ᠄ ︵ᠨᠢᠭᠡ︶ ᠡ᠊ᠨᠳᠡᠯ ᠭᠠᠷᠤᠭᠰᠠᠨ ᠨᠢᠭᠡᠴᠢ ᠶᠢᠨ ᠲᠣᠶᠢᠮᠣ ᠪᠠᠶᠢᠳᠠᠯ᠃ ︵ᠬᠤᠶᠠᠷ︶ ᠡ᠊ᠨᠳᠡᠯ ᠭᠠᠷᠤᠭᠰᠠᠨ ᠥᠩᠭᠡᠷᠡᠯᠲᠡ ᠪᠠ ᠡ᠊ᠨᠳᠡᠯ ᠠᠴᠠ ᠠᠪᠤᠷᠠᠨ ᠲᠤᠰᠠᠯᠠᠭᠰᠠᠨ ᠪᠠᠶᠢᠳᠠᠯ᠃ ︵ᠭᠤᠷᠪᠠ︶ ᠡ᠊ᠨᠳᠡᠯ ᠠᠴᠠ ᠪᠣᠯᠤᠭᠰᠠᠨ ᠬᠥᠮᠥᠨ ᠤ ᠦᠬᠦᠯ ᠰᠢᠷᠬᠠᠲᠤᠯ ᠪᠠ ᠠᠵᠤ ᠠᠬᠤᠢ ᠶᠢᠨ ᠰᠢᠭᠤᠳ ᠬᠤᠬᠢᠷᠠᠯ᠃ ︵ᠳᠥᠷᠪᠡ︶ ᠡ᠊ᠨᠳᠡᠯ ᠭᠠᠷᠤᠭᠰᠠᠨ ᠰᠢᠯᠲᠠᠭᠠᠨ ᠪᠠ ᠡ᠊ᠨᠳᠡᠯ ᠤᠨ ᠰᠢᠨᠵᠢ ᠴᠢᠨᠠᠷ᠃ ︵ᠲᠠᠪᠤ︶ ᠡ᠊ᠨᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠵᠢᠴᠢ ᠡ᠊ᠨᠳᠡᠯ ᠤᠨ ᠬᠠᠷᠢᠭᠤᠴᠠᠯᠭ᠎ᠠ ᠲᠠᠢ ᠬᠥᠮᠥᠨ ᠢ ᠰᠢᠢᠳᠪᠦᠷᠢᠯᠡᠬᠦ ᠰᠠᠨᠠᠭᠤᠯᠭ᠎ᠠ᠃ ︵ᠵᠢᠷᠭᠤᠭ᠎ᠠ︶ ᠡ᠊ᠨᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠃ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠳᠠᠭᠠᠯᠳᠤᠭᠤᠯᠤᠭᠰᠠᠨ ᠪᠠᠶᠢᠬᠤ ᠬᠡᠷᠡᠭᠲᠡᠢ᠃ ᠡ᠊ᠨᠳᠡᠯ ᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠡ᠊ᠨᠳᠡᠯ ᠢ ᠪᠠᠶᠢᠴᠠᠭᠠᠭᠰᠠᠨ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠬᠤ ᠬᠡᠷᠡᠭᠲᠡᠢ᠃ ᠲᠤᠰ ᠬᠡᠷᠡᠭ ᠤᠨ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠪᠰᠢᠭᠦᠯᠦᠭᠰᠡᠨ ︽1·20︾  ᠤ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠳᠤ᠂ ᠡ᠊ᠨᠳᠡᠯ ᠦᠭᠡᠢ ᠶᠢ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠡᠭᠡᠷ᠎ᠡ ᠭᠠᠷ ᠤᠨ ᠦᠰᠦᠭ ᠵᠢᠷᠤᠪᠠ᠃            ᠬᠤᠶᠠᠷ᠂ ︽ᠵᠠᠰᠠᠭ ᠵᠠᠬᠢᠷᠭᠠᠨ ᠤ ᠵᠠᠷᠭᠤ ᠶᠢᠨ ᠬᠠᠤᠯᠢ︾  ᠶᠢᠨ ᠭᠤᠴᠢᠨ ᠳᠥᠷᠪᠡᠳᠦᠭᠡᠷ ᠵᠦᠢᠯ ᠳᠤ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠢᠭᠰᠡᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠠᠭᠠᠨ ᠭᠡᠷᠡᠴᠢ ᠳᠤᠷᠠᠳᠬᠤ ᠬᠠᠷᠢᠭᠤᠴᠠᠯᠭ᠎ᠠ ᠲᠠᠢ᠂ ᠲᠤᠰ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠭᠡᠷᠡᠴᠢ ᠪᠠᠷᠢᠮᠲᠠ ᠪᠠ ᠦᠨᠳᠦᠰᠦ ᠪᠠᠷᠢᠮᠲᠠ ᠪᠣᠯᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃ ᠵᠠᠭᠠᠯᠳᠤᠭᠳᠠᠭᠴᠢ ᠨᠢ ᠭᠡᠷᠡᠴᠢ ᠪᠠᠷᠢᠮᠲᠠ ᠬᠠᠩᠭᠠᠭᠰᠠᠨ ᠦᠭᠡᠢ ᠪᠤᠶᠤ ᠵᠦᠢ ᠶᠣᠰᠣᠨ ᠤ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠭᠦᠯᠦᠨ ᠭᠡᠷᠡᠴᠢ ᠪᠠᠷᠢᠮᠲᠠ ᠬᠠᠩᠭᠠᠭᠰᠠᠨ ᠪᠠᠶᠢᠪᠠᠯ᠂ ᠵᠣᠬᠢᠴᠠᠩᠭᠤᠢ ᠭᠡᠷᠡᠴᠢ ᠪᠠᠷᠢᠮᠲᠠ ᠦᠭᠡᠢ ᠪᠠᠷ ᠦᠵᠡᠨ᠎ᠡ᠃ ᠭᠡᠪᠡᠴᠦ ᠵᠠᠭᠠᠯᠳᠤᠭᠳᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠭᠤᠷᠪᠠᠳᠠᠭᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠲᠤ ᠬᠤᠯᠪᠣᠭᠳᠠᠵᠤ᠂ ᠭᠤᠷᠪᠠᠳᠠᠭᠢ ᠬᠥᠮᠥᠨ ᠭᠡᠷᠡᠴᠢ ᠪᠠᠷᠢᠮᠲᠠ ᠬᠠᠩᠭᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ ᠲᠤᠰ ᠬᠡᠷᠡᠭ ᠲᠤ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ︽ᠴᠢᠩ ᠾᠧ ᠮᠧᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ︵ᠹᠦᠰᠢᠨ ᠬᠤᠲᠠ ᠶᠢᠨ ᠴᠢᠩ ᠾᠧ ᠮᠧᠨ ᠲᠣᠭᠤᠷᠢᠭ ᠤᠨ ᠨᠢᠭᠡᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ︿1 ᡻ 20﹀ ᠤ ᠡᠩ ᠤᠨ ᠥᠨᠳᠥᠷ ᠭᠠᠵᠠᠷ ᠠᠴᠠ ᠤᠨᠠᠭᠰᠠᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︶  ᠤᠨ ᠲᠤᠬᠠᠢ ᠴᠣᠬᠤᠯᠠᠪᠤᠷᠢ︾  ᠶᠢ ᠦᠨᠳᠦᠰᠦᠯᠡᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠭᠡᠷᠡᠴᠢ ᠪᠠᠷᠢᠮᠲᠠ ᠨᠢ ᠭᠦᠢᠴᠡᠳ ᠪᠤᠰᠤ᠂ ᠲᠡᠷᠡ ᠮᠥᠷᠲᠡᠭᠡᠨ ᠷᠧ ᠯᠢ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠰᠢᠭᠦᠯᠲᠡ ᠶᠢᠨ ᠵᠠᠷᠭᠤ ᠳᠤ ᠬᠠᠩᠭᠠᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦ ᠣᠪᠣᠭᠲᠤ ᠼᠠᠢ ᠶᠢ ᠪᠠᠶᠢᠴᠠᠭᠠᠨ ᠠᠰᠠᠭᠤᠭᠰᠠᠨ ᠲᠡᠮᠳᠡᠭᠯᠡᠯ ᠨᠢ ︽︿1·20﹀ ᠤ ᠡ᠊ᠨᠳᠡᠯ ᠢ ᠪᠠᠶᠢᠴᠠᠭᠠᠭᠰᠠᠨ ᠮᠡᠳᠡᠭᠦᠯᠦᠯᠲᠡ︾  ᠶᠢᠨ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠲᠠᠢ ᠴᠤ ᠠᠳᠠᠯᠢ ᠦᠭᠡᠢ ᠶᠤᠮ᠃ ᠪᠤᠰᠤᠳ ᠬᠠᠤᠯᠢ ᠴᠠᠭᠠᠵᠠ ᠶᠢᠨ ᠪᠣᠳᠠᠲᠤ ᠬᠡᠷᠡᠭ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠵᠦ᠂ ᠹᠦᠰᠢᠨ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ ᠨᠢ᠄ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠭᠡᠷᠡᠴᠢ ᠪᠠᠷᠢᠮᠲᠠ ᠨᠢ ᠭᠦᠢᠴᠡᠳ ᠪᠤᠰᠤ ᠪᠠᠶᠢᠵᠤ᠂ ᠴᠢᠩ ᠾᠧ ᠮᠧᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠭᠡᠭᠰᠢ ᠵᠠᠭᠠᠯᠳᠤᠭᠰᠠᠨ ᠵᠠᠭᠠᠯᠳᠤᠯᠭ᠎ᠠ ᠶᠢ ᠨᠢᠴᠤᠭᠠᠵᠤ᠂ ᠤᠤᠯ ᠤᠨ ᠲᠠᠰᠤᠯᠤᠯᠲᠠ ᠶᠢ ᠪᠠᠷᠢᠮᠲᠠᠯᠠᠬᠤ ᠪᠠᠷ ᠬᠠᠤᠯᠢ ᠶᠣᠰᠣᠭᠠᠷ            ᠭᠤᠷᠪᠠ᠂ ᠱᠠᠨ ᠰᠢ ᠮᠤᠵᠢ ᠶᠢᠨ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠯᠢᠦ ᠣᠪᠣᠭᠲᠤ ᠮᠢᠩ ᠤᠨ ᠵᠠᠰᠠᠭ ᠵᠠᠬᠢᠷᠭᠠᠨ ᠤ             ﹇ᠬᠡᠷᠡᠭ ᠤᠨ ᠦᠨᠳᠦᠰᠦᠨ ᠪᠠᠶᠢᠳᠠᠯ﹈            ᠯᠢᠦ ᠣᠪᠣᠭᠲᠤ ᠮᠢᠩ 2018 ᠣᠨ ᠤ ᠡᠬᠢᠨ ᠠᠴᠠ ᠡᠬᠢᠯᠡᠨ ᠴᠠᠶᠢᠶ᠋ᠢᠦ ᠲᠣᠰᠣ ᠬᠤᠳᠠᠯᠳᠤᠨ ᠠᠪᠴᠤ ᠥᠪᠡᠷ ᠤᠨ ᠮᠠᠰᠢᠨ ᠲᠡᠷᠭᠡ ᠪᠠᠨ ᠬᠡᠷᠡᠭᠯᠡᠭᠦᠯᠪᠡ᠃ 2018 ᠣᠨ ᠤ ᠰᠡᠭᠦᠯᠴᠢ ᠪᠠᠷ᠂ ᠯᠢᠦ ᠣᠪᠣᠭᠲᠤ ᠮᠢᠩ ᠮᠠᠰᠢᠨ ᠲᠡᠷᠭᠡ ᠪᠠᠨ ᠬᠤᠳᠠᠯᠳᠤᠭᠰᠠᠨ ᠤ ᠳᠠᠷᠠᠭ᠎ᠠ ᠦᠯᠡᠳᠡᠭᠰᠡᠨ ᠴᠠᠶᠢᠶ᠋ᠢᠦ ᠲᠣᠰᠣ ᠪᠠᠨ ᠸᠠᠩ ᠣᠪᠣᠭᠲᠤ ᠯᠢᠶᠠᠩ ᠳᠤ ᠬᠤᠳᠠᠯᠳᠤᠨ ᠥᠭᠴᠡᠢ᠂ ᠵᠣᠭᠤᠰ ᠤᠨ ᠲᠤᠭ᠎ᠠ ᠨᠢ 4000 ᠲᠥᠭᠦᠷᠢᠭ ᠪᠣᠯᠣᠨ᠎ᠠ᠃ 2019 ᠣᠨ ᠤ 1 ᠰᠠᠷ᠎ᠠ ᠶᠢᠨ 27 ᠤ ᠡᠳᠦᠷ ᠱᠠᠨ ᠰᠢ ᠮᠤᠵᠢ ᠶᠢᠨ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠪᠠᠷ ᠳᠡᠮᠵᠢᠨ᠂ ᠯᠢᠦ ᠣᠪᠣᠭᠲᠤ ᠮᠢᠩ ᠪᠣᠯᠣᠨ ᠸᠠᠩ ᠣᠪᠣᠭᠲᠤ ᠯᠢᠶᠠᠩ᠂ ᠰᠢᠯᠭᠠᠨ ᠲᠣᠭᠲᠠᠭᠠᠯᠲᠠ᠂ ᠭᠡᠷᠡᠴᠢᠯᠡᠭᠡ ᠰᠣᠨᠣᠰᠬᠤ ᠵᠡᠷᠭᠡ ᠠᠯᠬᠤᠮ ᠳᠠᠷᠠᠭ᠎ᠠ ᠶᠢ ᠯᠠᠪᠯᠠᠨ ᠠᠰᠠᠭᠤᠭᠰᠠᠨ ᠤ ᠳᠠᠷᠠᠭ᠎ᠠ᠂ ᠯᠢᠦ ᠣᠪᠣᠭᠲᠤ ᠮᠢᠩ ᠤᠨ ᠴᠠᠶᠢᠶ᠋ᠢᠦ ᠲᠣᠰᠣ ᠪᠠᠨ ᠸᠠᠩ ᠣᠪᠣᠭᠲᠤ ᠯᠢᠶᠠᠩ ᠳᠤ ᠰᠢᠯᠵᠢᠭᠦᠯᠦᠨ ᠥᠭᠭᠦᠭᠰᠡᠨ ᠠᠵᠢᠯᠯᠠᠭ᠎ᠠ ᠨᠢ ︽ᠠᠶᠤᠯᠲᠠᠢ ᠬᠢᠮᠢ ᠶᠢᠨ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾  ᠤᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ︾  ᠤᠨ ᠲᠣᠭᠲᠠᠭᠠᠯ ᠢ ᠵᠥᠷᠢᠴᠡᠭᠰᠡᠨ ᠢ ᠮᠠᠭᠠᠳᠯᠠᠨ ᠲᠣᠭᠲᠠᠭᠠᠵᠤ᠂ ︽ᠠᠶᠤᠯᠲᠠᠢ ᠬᠢᠮᠢ ᠶᠢᠨ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾  ᠤᠨ ᠲᠠᠯᠠᠨ ᠳᠣᠯᠣᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠡᠵᠡᠩᠨᠡᠯᠲᠡ ᠶᠢᠨ ᠠᠵᠢᠯᠯᠠᠭ᠎ᠠ ᠶᠢ ᠨᠢ ᠵᠠᠷᠯᠢᠭᠳᠠᠨ ᠵᠣᠭᠰᠤᠭᠠᠬᠤ᠂ ᠬᠠᠤᠯᠢ ᠶᠢ ᠵᠥᠷᠢᠴᠡᠵᠦ ᠣᠯᠣᠭᠰᠠᠨ 4000 ᠲᠥᠭᠦᠷᠢᠭ ᠢ ᠨᠢ ᠬᠤᠷᠢᠶᠠᠨ ᠠᠪᠬᠤ ᠶᠢᠨ ᠬᠠᠮᠲᠤ ᠠᠷᠠᠳ ᠤᠨ ᠵᠣᠭᠤᠰ ᠢᠶᠠᠷ 12 ᠲᠦᠮᠡᠨ ᠲᠥᠭᠦᠷᠢᠭ ᠲᠣᠷᠭᠠᠬᠤ ᠪᠠᠷ ᠰᠢᠢᠳᠬᠡᠬᠦ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠭᠠᠪᠠ᠃ ᠯᠢᠦ ᠣᠪᠣᠭᠲᠤ ᠮᠢᠩ ᠲᠤᠰ ᠵᠠᠰᠠᠭ ᠵᠠᠬᠢᠷᠭᠠᠨ ᠤ ᠰᠢᠢᠳᠬᠡᠯ ᠢ ᠵᠥᠪᠰᠢᠶᠡᠷᠡᠬᠦ ᠦᠭᠡᠢ ᠪᠠᠶᠢᠵᠤ᠂ ᠵᠢᠶ᠋ᠧ ᠰᠢᠦ ᠬᠤᠳᠠ ᠶᠢᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠠᠢ᠃            【ᠨᠢᠭᠡᠳᠦᠭᠡᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            ᠯᠢᠦ ᠣᠪᠣᠭᠲᠤ ᠮᠢᠩ ᠬᠡᠯᠡᠬᠦ ᠳᠡᠭᠡᠨ᠂ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ ᠦᠶ᠎ᠡ ᠳᠤ᠂ ᠲᠤᠬᠠᠢ ᠶᠢᠨ ᠲᠠᠯᠠᠪᠤᠷ ᠲᠤ ᠨᠢᠭᠡᠨᠲᠡ ᠴᠠᠶᠢᠶ᠋ᠢᠦ ᠲᠣᠰᠣ ᠦᠭᠡᠢ ᠪᠣᠯᠵᠤ᠂ ᠲᠣᠰᠣᠨ ᠰᠠᠪᠠ ᠶᠢ ᠨᠢᠭᠡᠨᠲᠡ ᠡᠯᠡᠰᠦ ᠰᠠᠪᠠᠯᠠᠵᠤ᠂ ᠤᠰᠤᠯᠠᠯᠲᠠ ᠶᠢ ᠨᠢ ᠬᠡᠷᠡᠭᠯᠡᠭᠡᠨ ᠠᠴᠠ ᠭᠠᠷᠭᠠᠭᠰᠠᠨ ᠪᠣᠯᠪᠠᠴᠤ 2018 ᠣᠨ ᠤ 12 ᠰᠠᠷ᠎ᠠ ᠶᠢᠨ ᠰᠡᠭᠦᠯᠴᠢ ᠪᠠᠷ ᠴᠠᠶᠢᠶ᠋ᠢᠦ ᠲᠣᠰᠣ ᠶᠢ ᠬᠢᠮᠳᠠ ᠦᠨ᠎ᠡ ᠪᠠᠷ ᠸᠠᠩ ᠣᠪᠣᠭᠲᠤ ᠯᠢᠶᠠᠩ ᠳᠤ ᠰᠢᠯᠵᠢᠭᠦᠯᠦᠨ ᠥᠭᠭᠦᠭᠰᠡᠨ ᠪᠣᠳᠠᠲᠤ ᠬᠡᠷᠡᠭ ᠢ ᠦᠭᠡᠶᠢᠰᠬᠡᠭᠰᠡᠨ ᠦᠭᠡᠢ ᠭᠡᠵᠡᠢ᠃ ᠯᠢᠦ ᠣᠪᠣᠭᠲᠤ ᠮᠢᠩ ᠤᠨ ᠴᠠᠶᠢᠶ᠋ᠢᠦ ᠲᠣᠰᠣ ᠪᠠᠨ ᠸᠠᠩ ᠣᠪᠣᠭᠲᠤ ᠯᠢᠶᠠᠩ ᠳᠤ ᠰᠢᠯᠵᠢᠭᠦᠯᠦᠨ ᠥᠭᠭᠦᠭᠰᠡᠨ ᠪᠣᠳᠠᠲᠤ ᠶᠠᠪᠤᠳᠠᠯ ᠨᠢ ᠲᠣᠳᠣᠷᠬᠠᠢ ᠪᠠᠶᠢᠵᠤ᠂ ᠯᠢᠦ ᠣᠪᠣᠭᠲᠤ ᠮᠢᠩ ᠤᠨ ᠬᠤᠪᠢ ᠶᠢᠨ ᠲᠣᠭᠠᠴᠢᠯᠲᠠ ᠪᠠ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠭᠠᠷᠭᠠᠭᠰᠠᠨ ᠯᠠᠪᠯᠠᠨ ᠠᠰᠠᠭᠤᠭᠰᠠᠨ ᠲᠡᠮᠳᠡᠭᠯᠡᠯ᠂ ᠰᠢᠯᠭᠠᠨ ᠲᠣᠭᠲᠠᠭᠠᠭᠰᠠᠨ ᠪᠢᠴᠢᠭ ᠬᠠᠷ᠎ᠠ ᠵᠡᠷᠭᠡ ᠭᠡᠷᠡᠴᠢ ᠪᠠᠷᠢᠮᠲᠠ ᠪᠠᠷ ᠭᠡᠷᠡᠴᠢᠯᠡᠭᠳᠡᠪᠡ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠪᠣᠯ ᠬᠡᠷᠡᠭ ᠭᠥᠯᠢᠶᠡᠨ ᠠᠪᠬᠤ ᠳᠠᠩᠰᠠᠯᠠᠯᠲᠠ᠂ ᠪᠠᠶᠢᠴᠠᠭᠠᠯᠲᠠ ᠬᠢᠵᠦ ᠭᠡᠷᠡᠴᠢ ᠠᠪᠬᠤ᠂ ᠡᠷᠬᠡ ᠡᠭᠦᠷᠭᠡ ᠪᠠᠨ ᠮᠡᠳᠡᠭᠳᠡᠬᠦ᠂ ᠬᠦᠷᠭᠡᠬᠦ ᠵᠡᠷᠭᠡ ᠭᠠᠷ ᠭᠦᠢᠴᠡᠳᠬᠡᠯ ᠢ ᠳᠠᠮᠵᠢᠭᠰᠠᠨ ᠶᠤᠮ᠃ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠠᠷᠭ᠎ᠠ︾ ︽ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾  ᠤᠨ ᠲᠣᠭᠲᠠᠭᠠᠯ ᠢ ᠦᠨᠳᠦᠰᠦᠯᠡᠨ ᠭᠠᠷᠭᠠᠭᠰᠠᠨ ᠪᠣᠯᠬᠤᠷ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠮᠠᠭᠠᠳ ᠪᠦᠷᠢᠨ ᠭᠦᠢᠴᠡᠳ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠯᠡᠭᠰᠡᠨ ᠨᠢ ᠵᠥᠪ ᠣᠨᠣᠪᠴᠢᠲᠠᠶ᠂ ᠬᠠᠤᠯᠢ ᠪᠠᠷ ᠲᠣᠭᠲᠠᠭᠠᠭᠰᠠᠨ ᠵᠢᠷᠤᠮ ᠳᠤ ᠨᠡᠶᠢᠴᠡᠵᠦ ᠪᠠᠶᠢᠬᠤ ᠤᠴᠢᠷ ᠠᠴᠠ ᠵᠢᠶ᠋ᠧ ᠰᠢᠸ ᠬᠤᠳᠠ ᠶᠢᠨ ᠠᠷᠠᠳ ᠤᠨ ᠰᠢᠭᠦᠬᠦ ᠬᠤᠷᠢᠶ᠎ᠠ ᠲᠡᠮᠵᠢᠪᠡ᠃ ᠯᠢᠦ ᠣᠪᠣᠭᠲᠤ ᠮᠢᠩ ᠤᠨ ᠭᠤᠶᠤᠴᠢᠯᠠᠯ ᠵᠢᠴᠢ ᠰᠠᠨᠠᠯ ᠨᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠪᠣᠯᠬᠤᠷ ᠯᠢᠦ ᠣᠪᠣᠭᠲᠤ ᠮᠢᠩ ᠤᠨ ᠵᠠᠷᠭᠤ ᠶᠢᠨ ᠭᠤᠶᠤᠴᠢᠯᠠᠯ ᠢ ᠨᠢᠴᠤᠭᠠᠬᠤ ᠪᠠᠷ ᠰᠢᠭᠦᠨ ᠲᠠᠰᠤᠯᠵᠠᠢ᠃            ᠯᠢᠦ ᠣᠪᠣᠭᠲᠤ ᠮᠢᠩ ᠵᠢᠶ᠋ᠧ ᠰᠢᠦ ᠬᠤᠳᠠ ᠶᠢᠨ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠳᠠ ᠶᠢ ᠵᠥᠪᠰᠢᠶᠡᠷᠡᠬᠦ ᠦᠭᠡᠢ ᠪᠠᠷ ᠵᠢᠨᠵᠦ᠋ᠩ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠳᠡᠭᠡᠭᠰᠢ ᠵᠠᠭᠠᠯᠳᠤᠵᠠᠢ᠃            【ᠳᠡᠭᠡᠭᠰᠢ ᠵᠠᠭᠠᠯᠳᠤᠭᠴᠢ ᠶᠢᠨ ᠵᠠᠭᠠᠯᠳᠤᠯᠭ᠎ᠠ ᠶᠢᠨ ᠨᠡᠷᠡᠶᠢᠳᠦᠯ】            ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠢ ᠰᠢᠢᠳᠬᠡᠬᠦ ᠪᠠᠷ ᠦᠨᠳᠦᠰᠦᠯᠡᠯ ᠪᠣᠯᠭᠠᠭᠰᠠᠨ ᠵᠠᠩᠭᠢᠯᠠᠭ᠎ᠠ ᠶᠢᠨ ᠭᠡᠷᠡᠴᠢ ᠪᠠᠷᠢᠮᠲᠠ ᠶᠢᠨ ᠮᠠᠲ᠋ᠧᠷᠢᠶᠠᠯ ᠨᠢ ᠭᠦᠢᠴᠡᠳ ᠪᠤᠰᠤ ᠮᠥᠷᠲᠡᠭᠡᠨ ᠬᠦᠨᠳᠦ ᠨᠣᠴᠢᠲᠠᠢ ᠦ ᠰᠡᠪ ᠲᠠᠢ ᠪᠠᠶᠢᠪᠠ᠃ ︽ᠠᠶᠤᠯᠲᠠᠢ ᠬᠢᠮᠢ ᠶᠢᠨ ᠵᠦᠢᠯ ᠤᠨ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ︾  ᠤᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠲᠤ᠄ ᠤᠯᠤᠰ ᠠᠴᠠ ᠠᠶᠤᠯᠲᠠᠢ ᠬᠢᠮᠢ ᠶᠢᠨ ᠵᠦᠢᠯ ᠢ ᠡᠵᠡᠩᠨᠡᠬᠦ ︵ᠬᠥᠮᠥᠷᠭᠡᠯᠡᠨ ᠬᠠᠳᠠᠭᠠᠯᠠᠬᠤ ᠡᠵᠡᠩᠨᠡᠯᠲᠡ ᠪᠠᠭᠲᠠᠨ᠎ᠠ︶ ᠳᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ ᠵᠥᠪᠰᠢᠶᠡᠷᠡᠭᠦᠯᠦᠭᠰᠡᠨ ᠦᠭᠡᠢ ᠪᠣᠯ ᠶᠠᠮᠠᠷᠪᠠ ᠨᠢᠭᠡᠴᠢ ᠪᠠ ᠬᠤᠪᠢ ᠬᠥᠮᠥᠨ ᠠᠶᠤᠯᠲᠠᠢ ᠬᠢᠮᠢ ᠶᠢᠨ ᠵᠦᠢᠯ ᠢ ᠡᠵᠡᠩᠨᠡᠵᠦ ᠪᠣᠯᠬᠤ ᠦᠭᠡᠢ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠢ ᠳᠡᠭᠡᠷ᠎ᠡ ᠳᠤᠷᠠᠳᠤᠭᠰᠠᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠭᠰᠡᠨ ᠭᠡᠵᠦ ᠮᠠᠭᠠᠳᠯᠠᠨ ᠲᠣᠭᠲᠠᠭᠠᠭᠰᠠᠨ ᠪᠣᠯᠬᠤᠷ ᠯᠢᠦ ᠣᠪᠣᠭᠲᠤ ᠮᠢᠩ ᠳᠤ ᠬᠥᠮᠥᠷᠭᠡᠯᠡᠨ ᠬᠠᠳᠠᠭᠠᠯᠠᠬᠤ ᠡᠵᠡᠩᠨᠡᠯᠲᠡ ᠶᠢᠨ ᠠᠵᠢᠯᠯᠠᠭ᠎ᠠ ᠲᠠᠢ ᠮᠥᠷᠲᠡᠭᠡᠨ ᠬᠥᠮᠥᠷᠭᠡᠯᠡᠨ ᠬᠠᠳᠠᠭᠠᠯᠠᠬᠤ ᠡᠵᠡᠩᠨᠡᠯᠲᠡ ᠶᠢᠨ ᠠᠶᠤᠯᠲᠠᠢ ᠪᠣᠳᠠᠰ ᠪᠣᠯᠬᠤ ᠶᠢ ᠭᠡᠷᠡᠴᠢ ᠳᠤᠷᠠᠳᠴᠤ ᠭᠡᠷᠡᠴᠢᠯᠡᠬᠦ ᠬᠡᠷᠡᠭᠲᠡᠢ᠃ ᠭᠡᠪᠡᠴᠦ ᠤᠳᠤ ᠶᠢᠨ ᠪᠠᠶᠢᠭ᠎ᠠ ᠭᠡᠷᠡᠴᠢ ᠪᠠᠷᠢᠮᠲᠠ ᠶᠢ ᠦᠨᠳᠦᠰᠦᠯᠡᠪᠡᠯ᠂ ᠯᠢᠦ ᠣᠪᠣᠭᠲᠤ ᠮᠢᠩ ᠤᠨ ᠬᠥᠮᠥᠷᠭᠡ ᠳᠤ ᠠᠶᠤᠯᠲᠠᠢ ᠬᠢᠮᠢ ᠶᠢᠨ ᠪᠣᠳᠠᠰ ᠢ ᠡᠵᠡᠩᠨᠡᠵᠦ ᠪᠠᠶᠢᠭᠰᠠᠨ ᠢ ᠭᠡᠷᠡᠴᠢᠯᠡᠬᠦ ᠶᠢᠨ ᠠᠷᠭ᠎ᠠ ᠦᠭᠡᠢ ᠶᠤᠮ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 2019 ᠣᠨ ᠤ 3 ᠰᠠᠷ᠎ᠠ ᠶᠢᠨ 21 ᠤ ᠡᠳᠦᠷ ᠵᠢᠨᠵᠦ᠋ᠩ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠭᠠᠵᠠᠷ ᠲᠤ ᠨᠠᠶᠢᠳᠠᠵᠤ ᠥᠯᠢᠭᠡᠷ ᠠᠪᠤᠭᠰᠠᠨ ᠴᠠᠶᠢᠶ᠋ᠢᠦ ᠲᠣᠰᠣᠨ ᠳᠤ ᠬᠢᠨᠠᠨ ᠲᠣᠭᠲᠠᠭᠠᠯᠲᠠ ᠬᠢᠯᠭᠡᠵᠡᠢ᠃ ᠲᠤᠰ ᠰᠢᠯᠭᠠᠨ ᠲᠣᠭᠲᠠᠭᠠᠯᠲᠠ ᠪᠠᠷ ᠳᠠᠮᠵᠢᠭᠤᠯᠤᠨ ᠯᠢᠦ ᠣᠪᠣᠭᠲᠤ ᠶᠢᠨ ᠮᠢᠩ ᠳᠠᠬᠢ ᠴᠠᠶᠢᠶ᠋ᠢᠦ ᠲᠣᠰᠣ ᠨᠢ ᠠᠶᠤᠯᠲᠠᠢ ᠬᠢᠮᠢ ᠶᠢᠨ ᠪᠣᠳᠠᠰ ᠤᠨ ᠲᠣᠭᠠᠨ ᠳᠤ ᠪᠠᠭᠲᠠᠬᠤ ᠶᠢ ᠭᠡᠷᠡᠴᠢᠯᠡᠬᠦ ᠪᠠᠷ ᠭᠤᠷᠢᠳᠠᠵᠠᠢ᠃ ᠭᠡᠪᠡᠴᠦ ᠲᠤᠰ ᠰᠢᠯᠭᠠᠨ ᠲᠣᠭᠲᠠᠭᠠᠬᠤ ᠵᠢᠷᠤᠮ ᠳᠤ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠨ᠎ᠠ᠂ ᠰᠢᠯᠭᠠᠨ ᠲᠣᠭᠲᠠᠭᠠᠭᠰᠠᠨ ᠰᠠᠨᠠᠯ ᠢ ᠭᠡᠷᠡᠴᠢ ᠪᠠᠷᠢᠮᠲᠠ ᠪᠣᠯᠭᠠᠨ ᠬᠡᠷᠡᠭᠯᠡᠵᠦ ᠪᠣᠯᠬᠤ ᠦᠭᠡᠢ᠃            ᠶᠠᠭᠤᠨ ᠤ ᠡᠮᠦᠨ᠎ᠡ᠂ ᠰᠢᠯᠭᠠᠨ ᠲᠣᠭᠲᠠᠭᠠᠭᠰᠠᠨ ︽ᠰᠢᠯᠭᠠᠨ ᠪᠠᠶᠢᠴᠠᠭᠠᠭᠰᠠᠨ ᠮᠠᠲ᠋ᠧᠷᠢᠶᠠᠯ︾ ᠨᠢ ᠯᠢᠦ ᠣᠪᠣᠭᠲᠤ ᠶᠢᠨ ᠲᠡᠨᠳᠡ ᠠᠴᠠ ᠢᠷᠡᠯᠲᠡ ᠲᠠᠢ ᠪᠢᠰᠢ᠂ ᠬᠠᠷᠢᠨ ᠫᠢᠩ ᠶᠣᠣ ᠶᠢᠨ ᠾᠧᠩ ᠬᠤᠸᠠ ᠴᠠᠬᠢᠯᠭᠠᠨ ᠮᠠᠰᠢᠨ ᠤ ᠦᠢᠯᠡᠳᠪᠦᠷᠢ ᠶᠢᠨ ᠬᠦᠷᠢᠶᠡᠨ ᠠᠴᠠ ᠦᠯᠢᠭᠡᠷ ᠠᠪᠤᠭᠰᠠᠨ ᠶᠤᠮ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠤᠰᠤᠳ ᠬᠥᠮᠥᠨ ᠤ ᠲᠡᠨᠳᠡ ᠠᠴᠠ ᠦᠯᠢᠭᠡᠷ ᠠᠪᠴᠤ ᠰᠢᠯᠭᠠᠨ ᠲᠣᠭᠲᠠᠭᠠᠯᠲᠠ ᠬᠢᠬᠦ ᠳᠤ ᠬᠠᠷᠢᠨ ᠰᠢᠯᠭᠠᠨ ᠲᠣᠭᠲᠠᠭᠠᠯᠲᠠ ᠶᠢᠨ ᠦᠷ᠎ᠡ ᠳ᠋ᠦᠩ ᠢ ᠯᠢᠦ ᠣᠪᠣᠭᠲᠤ ᠮᠢᠩ ᠡᠭᠦᠷᠭᠡᠯᠡᠨ᠎ᠡ᠂ ᠡᠨᠡ ᠬᠦ ᠰᠢᠯᠭᠠᠨ ᠲᠣᠭᠲᠠᠭᠠᠯᠲᠠ ᠶᠢᠨ ᠰᠠᠨᠠᠯ ᠢ ᠬᠦᠯᠢᠶᠡᠨ ᠠᠪᠴᠤ ᠪᠣᠯᠬᠤ ᠦᠭᠡᠢ ᠨᠢ ᠢᠯᠡᠷᠬᠡᠢ ᠪᠠᠶᠢᠨ᠎ᠠ᠃ ᠳᠠᠷᠠᠭ᠎ᠠ ᠨᠢ᠂ 2019 ᠣᠨ ᠤ 4 ᠰᠠᠷ᠎ᠠ ᠶᠢᠨ 2 ᠤᠨ ᠡᠳᠦᠷ ᠤᠨ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠳᠤ ᠢᠯᠡᠷᠡᠭᠦᠯᠦᠭᠰᠡᠨ ᠢᠶᠠᠷ᠂ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠭᠴᠢ ᠶᠢᠨ ᠲᠣᠭᠠᠴᠢᠯᠲᠠ ᠪᠠᠷ᠂ 2019 ᠣᠨ ᠤ 1 ᠰᠠᠷ᠎ᠠ ᠶᠢᠨ 23 ᠤ ᠡᠳᠦᠷ ᠠᠵᠢᠯᠲᠠᠨ ᠯᠢᠦ ᠣᠪᠣᠭᠲᠤ ᠮᠢᠩ ᠤᠨ ᠲᠡᠨᠳᠡ ᠪᠠᠶᠢᠴᠠᠭᠠᠯᠲᠠ ᠬᠢᠭᠰᠡᠨ ᠳᠤ᠂ ᠯᠢᠦ ᠣᠪᠣᠭᠲᠤ ᠮᠢᠩ ᠤᠨ ᠲᠡᠨᠳᠡ ᠨᠢᠭᠡ ᠯᠣᠩᠬᠤ ᠪᠤᠯᠠᠵᠤ᠂ ᠳᠣᠣᠷ᠎ᠠ ᠬᠡᠰᠡᠭ ᠲᠤᠨᠢ ᠮᠥᠨ ᠯᠡ ᠴᠠᠶᠢᠶ᠋ᠢᠦ ᠲᠣᠰᠣ ᠬᠠᠳᠠᠭᠠᠯᠠᠵᠤ ᠪᠠᠶᠢᠬᠤ ᠶᠢ ᠣᠯᠵᠤ ᠮᠠᠲᠠᠵᠠᠢ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠳᠠᠬᠢ ᠴᠠᠶᠢᠶ᠋ᠢᠦ ᠲᠣᠰᠣ ᠪᠠᠷ ᠦᠯᠢᠭᠡᠷ ᠠᠪᠴᠤ ᠬᠢᠨᠠᠨ ᠲᠣᠭᠲᠠᠭᠠᠯᠲᠠ ᠬᠢᠬᠦ ᠬᠡᠷᠡᠭᠲᠡᠢ᠃ ᠭᠤᠷᠪᠠᠳᠤᠭᠠᠷ ᠲᠤ᠂ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠤᠨ ᠰᠢᠯᠭᠠᠨ ᠪᠠᠶᠢᠴᠠᠭᠠᠭᠰᠠᠨ ᠮᠠᠲ᠋ᠧᠷᠢᠶᠠᠯ᠂ ᠦᠯᠢᠭᠡᠷ ᠳᠡᠪᠲᠡᠷ ᠵᠡᠷᠭᠡ ᠶᠢ ᠲᠤᠯᠭᠠᠨ ᠭᠡᠷᠡᠴᠢᠯᠡᠬᠦ ᠡᠷᠬᠡ ᠶᠢ ᠬᠠᠰᠤᠭᠰᠠᠨ ᠪᠠᠶᠢᠨ᠎ᠠ᠃ ᠲᠣᠰ ᠤᠳᠠᠭᠠᠨ ᠤ ᠬᠢᠨᠠᠨ ᠲᠣᠭᠲᠠᠭᠠᠯᠲᠠ ᠶᠢ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠭᠠᠭᠴᠠ ᠲᠠᠯ᠎ᠠ ᠠᠴᠠ ᠨᠠᠶᠢᠳᠠᠨ᠎ᠠ᠂ ᠬᠢᠨᠠᠨ ᠲᠣᠭᠲᠠᠭᠠᠯᠲᠠ ᠶᠢᠨ ᠥᠯᠢᠭᠡᠷ ᠵᠡᠷᠭᠡ ᠮᠠᠲ᠋ᠧᠷᠢᠶᠠᠯ ᠢ ᠴᠥᠮ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠭᠠᠭᠴᠠ ᠲᠠᠯ᠎ᠠ ᠠᠴᠠ ᠬᠠᠩᠭᠠᠨ᠎ᠠ᠂ ᠲᠣᠰ ᠤᠳᠠᠭᠠᠨ ᠤ ᠬᠢᠨᠠᠨ ᠲᠣᠭᠲᠠᠭᠠᠯᠲᠠ ᠳᠤ ᠬᠦᠨᠳᠦ ᠨᠣᠴᠢᠲᠠᠢ ᠠᠯᠳᠠᠭ᠎ᠠ ᠪᠠ ᠰᠡᠵᠢᠭ ᠲᠠᠢ ᠭᠠᠵᠠᠷ ᠣᠷᠣᠰᠢᠵᠤ ᠪᠠᠶᠢᠨ᠎ᠠ᠂ ᠡᠶᠢᠮᠦ ᠠᠴᠠ ᠲᠣᠰ ᠬᠢᠨᠠᠨ ᠲᠣᠭᠲᠠᠭᠠᠯᠲᠠ ᠶᠢᠨ ᠰᠠᠨᠠᠯ ᠢ ᠭᠡᠷᠡᠴᠢ ᠪᠠᠷᠢᠮᠲᠠ ᠪᠣᠯᠭᠠᠨ ᠭᠥᠯᠢᠶᠡᠨ ᠠᠪᠴᠤ ᠪᠣᠯᠬᠤ ᠦᠭᠡᠢ᠃ ᠬᠠᠮᠤᠭ ᠤᠨ ᠰᠡᠭᠦᠯ ᠳᠤ᠂ ︽ᠠᠶᠤᠯᠲᠠᠢ ᠬᠢᠮᠢ ᠶᠢᠨ ᠪᠣᠳᠠᠰ ᠤᠨ ᠨᠡᠷᠡᠰ ᠤᠨ ᠵᠢᠭᠰᠠᠭᠠᠯᠲᠠ︾ ︵2015 ᠣᠨ ᠤ ᠬᠡᠪᠯᠡᠯ︶ ᠶᠢ ᠦᠨᠳᠦᠰᠦᠯᠡᠪᠡᠯ᠂ ᠴᠠᠶᠢᠶ᠋ᠢᠦ ᠲᠣᠰᠣ ᠨᠢ ᠵᠥᠪᠬᠡᠨ ᠴᠣᠮᠣ ᠪᠠᠨ ᠬᠠᠭᠠᠵᠤ ᠭᠢᠯᠠᠰᠬᠤ ᠴᠡᠭ ︽60℃ ᠤᠨ ᠦᠶ᠎ᠡ ᠳᠤ ᠰᠠᠶ᠋ᠢ ᠠᠶᠤᠯᠲᠠᠢ ᠬᠢᠮᠢ ᠶᠢᠨ ᠪᠣᠳᠠᠰ ᠲᠤ ᠲᠣᠭᠠᠴᠠᠭᠳᠠᠨ᠎ᠠ᠃ ᠯᠢᠦ ᠣᠪᠣᠭᠲᠤ ᠮᠢᠩ ᠤᠨ ᠲᠡᠨᠳᠡ ᠪᠠᠶᠢᠭ᠎ᠠ ᠴᠠᠶᠢᠶ᠋ᠢᠦ ᠲᠣᠰᠣ ᠨᠢ ᠠᠶᠤᠯᠲᠠᠢ ᠬᠢᠮᠢ ᠶᠢᠨ ᠪᠣᠳᠠᠰ ᠲᠤ ᠲᠣᠭᠠᠴᠠᠭᠳᠠᠬᠤ ᠡᠰᠡᠬᠦ ᠶᠢ ᠳᠤᠰ ᠪᠠᠷᠢᠮᠵᠢᠶ᠎ᠠ ᠪᠠᠷ ᠬᠡᠮᠵᠢᠬᠦ ᠬᠡᠷᠡᠭᠲᠡᠢ᠂ ᠡᠶᠢᠮᠦ ᠠᠴᠠ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠤᠨ ᠲᠡᠨᠳᠡ ᠪᠠᠶᠢᠭ᠎ᠠ ᠴᠠᠶᠢᠶ᠋ᠢᠦ ᠳᠤᠰᠤᠨ ᠤ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠶᠢ ᠬᠠᠩᠭᠠᠵᠤ ᠥᠪᠡᠷ ᠤᠨ ᠵᠣᠷᠢᠭᠰᠠᠨ ᠪᠣᠳᠠᠲᠤ ᠶᠠᠪᠤᠳᠠᠯ ᠢᠶᠠᠨ ᠭᠡᠷᠡᠴᠢᠯᠡᠬᠦ ᠬᠡᠷᠡᠭᠲᠡᠢ᠂ ᠡᠰᠡ ᠲᠡᠭᠡᠪᠡᠯ ᠭᠡᠷᠡᠴᠢ ᠳᠤᠷᠠᠳᠬᠤ ᠳᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠬᠡᠷᠡᠭᠲᠡᠢ᠃            【ᠳᠡᠭᠡᠭᠰᠢ ᠵᠠᠭᠠᠯᠳᠤᠭᠳᠠᠭᠴᠢ ᠶᠢᠨ ᠮᠠᠷᠭᠤᠯᠳᠤᠭᠠᠨ】            ᠯᠢᠦ ᠣᠪᠣᠭᠲᠤ ᠮᠢᠩ 2018 ᠣᠨ ᠤ ᠡᠬᠢᠨ ᠠᠴᠠ ᠡᠬᠢᠯᠡᠨ ᠴᠢ ᠰᠢᠶᠠᠨ ᠤ ᠨᠢᠭᠡᠨ ᠴᠢᠯᠠᠭᠤᠨ ᠲᠣᠰᠣ ᠪᠣᠷᠣᠯᠠᠭᠤᠯᠬᠤ ᠺᠣᠮᠫᠠᠨᠢ ᠠᠴᠠ ᠴᠠᠶᠢᠶ᠋ᠢᠦ ᠲᠣᠰᠣ ᠬᠤᠳᠠᠯᠳᠤᠨ ᠠᠪᠴᠤ᠂ ᠥᠪᠡᠷ ᠤᠨ ᠮᠠᠰᠢᠨ ᠲᠡᠷᠭᠡ ᠪᠠᠨ ᠬᠡᠷᠡᠭᠯᠡᠭᠦᠯᠪᠡ᠃ 2018 ᠣᠨ ᠤ ᠰᠡᠭᠦᠯᠴᠢ ᠪᠠᠷ ᠲᠣᠰᠣᠨ ᠰᠠᠪᠠ ᠶᠢᠨ ᠦᠯᠡᠳᠡᠭᠰᠡᠨ 1 ᠲᠣᠨ ᠣᠷᠴᠢᠮ ᠤᠨ ᠴᠠᠶᠢᠶ᠋ᠢᠦ ᠲᠣᠰᠣ ᠶᠢ ᠪᠣᠷᠣᠯᠠᠭᠤᠯᠬᠤ ᠳᠤ᠂ ᠪᠣᠷᠣᠯᠠᠭᠤᠯᠤᠭᠰᠠᠨ ᠵᠣᠭᠤᠰ ᠤᠨ ᠲᠤᠭ᠎ᠠ ᠨᠢ 4000 ᠲᠥᠭᠦᠷᠢᠭ ᠣᠷᠴᠢᠮ ᠪᠣᠯᠣᠨ᠎ᠠ᠃ ᠳᠡᠭᠡᠷᠡᠬᠢ ᠪᠣᠳᠠᠲᠤ ᠶᠠᠪᠤᠳᠠᠯ ᠢ ᠯᠢᠦ ᠣᠪᠣᠭᠲᠤ ᠮᠢᠩ ᠤᠨ ᠲᠣᠭᠠᠴᠢᠯᠲᠠ ᠪᠠ ᠵᠥᠪᠲᠥᠭᠡᠨ ᠲᠣᠳᠣᠷᠬᠠᠶᠢᠯᠠᠯᠲᠠ᠂ ᠭᠡᠷᠡᠴᠢᠯᠡᠭᠴᠢ ᠶᠢᠨ ᠭᠡᠷᠡᠴᠢ ᠦᠭᠡ᠂ ᠲᠤᠬᠠᠢ ᠶᠢᠨ ᠲᠠᠯᠠᠪᠤᠷ ᠤᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠂ ᠦᠯᠢᠭᠡᠷ ᠠᠪᠴᠤ ᠪᠠᠶᠢᠴᠠᠭᠠᠭᠰᠠᠨ ᠪᠢᠴᠢᠭ ᠬᠠᠷ᠎ᠠ᠂ ᠰᠢᠯᠭᠠᠨ ᠲᠣᠭᠲᠠᠭᠠᠯᠲᠠ ᠶᠢᠨ ᠮᠡᠳᠡᠭᠦᠯᠦᠯᠲᠡ ᠵᠡᠷᠭᠡ ᠭᠡᠷᠡᠴᠢ ᠪᠠᠷᠢᠮᠲᠠ ᠪᠠᠷ ᠭᠡᠷᠡᠴᠢᠯᠡᠵᠦ ᠪᠠᠶᠢᠨ᠎ᠠ᠃ ᠪᠤᠰᠤᠳ ᠪᠣᠳᠠᠲᠤ ᠶᠠᠪᠤᠳᠠᠯ ᠢ ᠬᠤᠷᠢᠶᠠᠩᠭᠤᠶᠢᠯᠠᠪᠠᠯ᠂ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠲᠤ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠪᠠᠲᠤᠲᠠᠢ᠂ ᠬᠠᠤᠯᠢ ᠴᠠᠭᠠᠵᠠ ᠶᠢ ᠬᠡᠷᠡᠭᠯᠡᠭᠰᠡᠨ ᠨᠢ ᠵᠥᠪ ᠣᠨᠣᠪᠴᠢᠲᠠᠶ᠂ ᠬᠠᠤᠯᠢ ᠳᠤ ᠲᠣᠭᠲᠠᠭᠠᠭᠰᠠᠨ ᠵᠢᠷᠤᠮ ᠳᠤ ᠨᠡᠶᠢᠴᠡᠵᠦ ᠪᠠᠶᠢᠬᠤ ᠪᠣᠯᠬᠤᠷ ᠯᠢᠦ ᠣᠪᠣᠭᠲᠤ ᠮᠢᠩ ᠤᠨ ᠵᠠᠷᠭᠤ ᠶᠢᠨ ᠭᠤᠶᠤᠴᠢᠯᠠᠯ ᠢ ᠨᠢᠴᠤᠭᠠᠬᠤ ᠪᠠᠷ ᠭᠤᠶᠤᠴᠢᠯᠠᠵᠠᠢ᠃            【ᠬᠤᠶᠠᠳᠤᠭᠠᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠤᠨ ᠬᠠᠳᠠᠭᠠᠯᠠᠵᠤ ᠪᠠᠶᠢᠭ᠎ᠠ ᠴᠠᠶᠢᠶ᠋ᠢᠦ ᠲᠣᠰᠣ ᠪᠣᠯ ᠠᠶᠤᠯᠲᠠᠢ ᠬᠢᠮᠢ ᠶᠢᠨ ᠪᠣᠳᠠᠰ ᠤᠨ ᠦᠨᠳᠦᠰᠦ ᠪᠠᠷᠢᠮᠲᠠ ᠮᠥᠨ ᠭᠡᠵᠦ ᠮᠠᠭᠠᠳᠯᠠᠨ ᠲᠣᠭᠲᠠᠭᠠᠭᠰᠠᠨ ᠨᠢ ᠵᠢᠨᠵᠦ᠋ᠩ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠵᠤ ᠰᠢᠯᠭᠠᠨ ᠪᠠᠶᠢᠴᠠᠭᠠᠵᠤ ᠰᠢᠯᠭᠠᠨ ᠬᠡᠮᠵᠢᠭᠡᠳ ᠭᠠᠷᠭᠠᠭᠰᠠᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠮᠥᠨ᠂ ᠰᠢᠯᠭᠠᠨ ᠪᠠᠶᠢᠴᠠᠭᠠᠭᠰᠠᠨ ᠴᠠᠶᠢᠶ᠋ᠢᠦ ᠲᠣᠰᠣᠨ ᠤ ᠪᠢᠲᠡᠭᠦᠦ ᠴᠣᠮᠣ ᠶᠢᠨ ᠭᠢᠯᠪᠠᠭᠠᠨ ᠴᠡᠭ ᠨᠢ ︽ᠠᠶᠤᠯᠲᠠᠢ ᠬᠢᠮᠢ ᠶᠢᠨ ᠪᠣᠳᠠᠰ ᠤᠨ ᠭᠠᠷᠴᠠᠭ︾ ︵2015 ᠣᠨ ᠤ ᠬᠡᠪᠯᠡᠯ︶ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠵᠦ ᠪᠠᠶᠢᠨ᠎ᠠ᠃ 1.ᠮᠠᠲ᠋ᠧᠷᠢᠶᠠᠯ ᠪᠠᠶᠢᠴᠠᠭᠠᠬᠤ ᠠᠰᠠᠭᠤᠳᠠᠯ ᠤᠨ ᠲᠤᠬᠠᠢ᠃ 2019 ᠣᠨ ᠤ 4 ᠰᠠᠷ᠎ᠠ ᠶᠢᠨ 2 ᠤᠨ ᠡᠳᠦᠷ ᠤᠨ ᠭᠡᠷᠡᠴᠢᠯᠡᠭᠡ ᠰᠣᠨᠣᠰᠤᠭᠰᠠᠨ ᠲᠡᠮᠳᠡᠭᠯᠡᠯ ᠢ ᠦᠨᠳᠦᠰᠦᠯᠡᠪᠡᠯ᠂ ᠪᠠᠶᠢᠴᠠᠭᠠᠭᠴᠢ ᠶᠢᠨ ᠲᠣᠭᠠᠴᠢᠯᠲᠠ ᠨᠢ 2019 ᠣᠨ ᠤ 1 ᠰᠠᠷ᠎ᠠ ᠶᠢᠨ 23 ᠤ ᠡᠳᠦᠷ ᠬᠠᠮᠲᠤᠷᠠᠨ ᠬᠠᠤᠯᠢ ᠬᠡᠷᠡᠭᠵᠢᠭᠦᠯᠬᠦ ᠦᠶ᠎ᠡ ᠳᠤ ᠯᠢᠦ ᠣᠪᠣᠭᠲᠤ ᠮᠢᠩ ᠤᠨ ᠬᠠᠳᠠᠭᠠᠯᠠᠵᠤ ᠪᠠᠶᠢᠭ᠎ᠠ ᠴᠠᠶᠢᠶ᠋ᠢᠦ ᠲᠣᠰᠣᠨ ᠤ ᠪᠤᠯᠠᠭᠰᠠᠨ ᠰᠠᠪᠠᠨ ᠳᠤ ᠮᠥᠨ ᠯᠡ ᠴᠠᠶᠢᠶ᠋ᠢᠦ ᠲᠣᠰᠣ ᠬᠠᠳᠠᠭᠠᠯᠠᠵᠤ ᠪᠠᠶᠢᠬᠤ ᠶᠢ ᠣᠯᠵᠤ ᠮᠠᠲᠠᠵᠠᠢ᠂ ᠭᠡᠪᠡᠴᠦ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠠᠶᠢᠴᠠᠭᠠᠯᠲᠠ ᠶᠢᠨ ᠮᠠᠲ᠋ᠧᠷᠢᠶᠠᠯ ᠢ ᠰᠢᠭᠤᠳ ᠭᠠᠷᠭᠠᠵᠤ ᠠᠪᠤᠭᠰᠠᠨ ᠦᠭᠡᠢ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠭᠠᠴᠢᠯᠲᠠ ᠶᠢ ᠫᠢᠩ ᠶᠣᠣ ᠶᠢᠨ ᠾᠧᠩ ᠬᠤᠸᠠ ᠴᠠᠬᠢᠯᠭᠠᠨ ᠮᠠᠰᠢᠨ ᠤ ᠦᠢᠯᠡᠳᠪᠦᠷᠢ ᠶᠢᠨ ᠬᠦᠷᠢᠶᠡᠨ ᠳᠠᠬᠢ ᠸᠠᠩ ᠣᠪᠣᠭᠲᠤ ᠯᠢᠶᠠᠩ ᠤᠨ ᠬᠤᠳᠠᠯᠳᠤᠨ ᠠᠪᠤᠭᠰᠠᠨ ᠴᠠᠶᠢᠶ᠋ᠢᠦ ᠲᠣᠰᠣ ᠠᠴᠠ ᠦᠯᠢᠭᠡᠷ ᠠᠪᠴᠤ ᠭᠡᠷᠡᠴᠢ ᠠᠪᠤᠪᠠ᠃ ᠭᠡᠪᠡᠴᠦ ᠸᠠᠩ ᠣᠪᠣᠭᠲᠤ ᠯᠢᠶᠠᠩ ᠫᠢᠩ ᠶᠣᠣ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠪᠥᠸᠧ ᠢ ᠲᠣᠮᠢᠯᠠᠭᠰᠠᠨ ᠰᠠᠯᠪᠤᠷᠢ ᠳᠤ ᠬᠦᠷᠴᠦ ᠯᠠᠪᠯᠠᠨ ᠠᠰᠠᠭᠤᠬᠤ ᠳᠠᠭᠠᠨ ᠬᠤᠳᠠᠯᠳᠤᠨ ᠠᠪᠤᠭᠰᠠᠨ ᠴᠠᠶᠢᠶ᠋ᠢᠦ ᠲᠣᠰᠣ ᠪᠠᠨ ᠥᠭᠡᠷᠡᠴᠢᠯᠡᠨ ᠤᠭᠰᠠᠷᠠᠭᠰᠠᠨ ᠲᠣᠰᠣ ᠨᠡᠮᠡᠬᠦ ᠲᠡᠷᠭᠡᠨ ᠳᠡᠭᠡᠨ ᠬᠠᠳᠠᠭᠠᠯᠠᠵᠤ ᠪᠠᠶᠢᠨ᠎ᠠ ᠭᠡᠵᠦ ᠶᠠᠷᠢᠪᠠ᠃ ᠲᠤᠰ ᠲᠡᠷᠭᠡ ᠶᠢ ᠫᠢᠩ ᠶᠣᠣ ᠰᠢᠶᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠤᠨ ᠠᠵᠢᠯᠲᠠᠳ ᠪᠠᠶᠢᠴᠠᠭᠠᠨ ᠬᠤᠷᠢᠶᠠᠭᠰᠠᠨ ᠳᠤ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠳᠦᠭᠡᠷ ᠰᠢᠭᠦᠯᠲᠡ ᠳᠤ ᠬᠠᠩᠭᠠᠭᠰᠠᠨ ᠴᠠᠶᠢᠶ᠋ᠢᠦ ᠲᠣᠰᠣ ᠭᠠᠷᠭᠠᠨ ᠠᠪᠬᠤ ᠸᠢᠳᠢᠤ᠋ ᠶᠢᠨ ᠢᠯᠡᠷᠡᠭᠦᠯᠦᠭᠰᠡᠨ ᠢᠶᠠᠷ ᠲᠤᠰᠤᠨ ᠰᠠᠭᠤᠯᠠᠭ᠎ᠠ ᠠᠴᠠ ᠭᠠᠷᠭᠠᠨ ᠠᠪᠤᠭᠰᠠᠨ ᠪᠠᠶᠢᠨ᠎ᠠ᠃ ᠬᠡᠳᠦᠶᠢᠪᠡᠷ ᠸᠠᠩ ᠣᠪᠣᠭᠲᠤ ᠯᠢᠶᠠᠩ ᠫᠢᠩ ᠶᠣᠣ ᠰᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2019 ᠣᠨ ᠤ 4 ᠰᠠᠷ᠎ᠠ ᠶᠢᠨ 3 ᠤ ᠡᠳᠦᠷ ᠤᠨ ᠯᠠᠪᠯᠠᠨ ᠠᠰᠠᠭᠤᠭᠰᠠᠨ ᠲᠡᠮᠳᠡᠭᠯᠡᠯ ᠳᠤ ᠥᠯᠢᠭᠡᠷ ᠠᠪᠤᠭᠰᠠᠨ ᠴᠠᠶᠢᠶ᠋ᠢᠦ ᠲᠣᠰᠣ ᠪᠣᠯ ᠴᠢ ᠰᠢᠶᠠᠨ ᠠᠴᠠ ᠬᠤᠳᠠᠯᠳᠤᠨ ᠠᠪᠤᠭᠰᠠᠨ ᠴᠠᠶᠢᠶ᠋ᠢᠦ ᠲᠣᠰᠣ ᠪᠣᠯᠬᠤ ᠶᠢ ᠵᠥᠪᠰᠢᠶᠡᠷᠡᠭᠰᠡᠨ ᠪᠣᠯᠪᠠᠴᠤ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠪᠠᠶᠢᠴᠠᠭᠠᠯᠲᠠ ᠶᠢᠨ ᠮᠠᠲ᠋ᠧᠷᠢᠶᠠᠯ ᠢ ᠯᠢᠦ ᠣᠪᠣᠭᠲᠤ ᠮᠢᠩ ᠳᠤ ᠲᠤᠰᠢᠶᠠᠵᠤ ᠨᠤᠲᠠᠯᠠᠭᠤᠯᠤᠭᠰᠠᠨ ᠦᠭᠡᠢ᠂ ᠲᠣᠰ ᠲᠣᠪᠴᠢᠶ᠎ᠠ ᠶᠢᠨ ᠰᠢᠯᠭᠠᠨ ᠪᠠᠶᠢᠴᠠᠭᠠᠯᠭᠠᠬᠤ ᠪᠠᠷ ᠲᠤᠰᠢᠶᠠᠭᠰᠠᠨ ᠴᠠᠶᠢᠶ᠋ᠢᠦ ᠲᠣᠰᠣ ᠨᠢ ᠯᠢᠦ ᠣᠪᠣᠭᠲᠤ ᠮᠢᠩ ᠤᠨ ᠬᠠᠳᠠᠭᠠᠯᠠᠵᠤ ᠪᠠᠶᠢᠭ᠎ᠠ ᠴᠠᠶᠢᠶ᠋ᠢᠦ ᠲᠣᠰᠣ ᠮᠥᠨ ᠡᠰᠡᠬᠦ ᠳᠤ ᠰᠡᠵᠢᠭ ᠲᠠᠢ ᠪᠠᠶᠢᠨ᠎ᠠ᠃ 2.ᠰᠢᠯᠭᠠᠨ ᠪᠠᠶᠢᠴᠠᠭᠠᠬᠤ ᠵᠢᠷᠤᠮ ᠤᠨ ᠠᠰᠠᠭᠤᠳᠠᠯ ᠤᠨ ᠲᠤᠬᠠᠢ᠃ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠭᠠᠭᠴᠠ ᠲᠠᠯ᠎ᠠ ᠠᠴᠠ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠤ ᠰᠢᠯᠭᠠᠨ ᠪᠠᠶᠢᠴᠠᠭᠠᠯᠭᠠᠬᠤ ᠳᠠᠭᠠᠨ ᠯᠢᠦ ᠣᠪᠣᠭᠲᠤ ᠮᠢᠩ ᠤᠨ ᠰᠠᠨᠠᠯ ᠢ ᠠᠪᠤᠭᠰᠠᠨ ᠦᠭᠡᠢ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠴᠦ ᠯᠢᠦ ᠣᠪᠣᠭᠲᠤ ᠮᠢᠩ ᠳᠤ ᠬᠦᠷᠭᠡᠭᠰᠡᠨ ᠦᠭᠡᠢ ᠠᠴᠠ ᠯᠢᠦ ᠣᠪᠣᠭᠲᠤ ᠮᠢᠩ ᠤᠨ ᠵᠣᠬᠢᠴᠠᠩᠭᠤᠢ ᠡᠷᠬᠡ ᠶᠢ ᠬᠠᠰᠤᠭᠰᠠᠨ ᠪᠠᠶᠢᠨ᠎ᠠ᠃ ᠡᠶᠢᠮᠦ ᠠᠴᠠ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠤᠨ ᠬᠠᠳᠠᠭᠠᠯᠠᠵᠤ ᠪᠠᠶᠢᠭ᠎ᠠ ᠴᠠᠶᠢᠶ᠋ᠢᠦ ᠲᠣᠰᠣ ᠪᠣᠯ ᠠᠶᠤᠯᠲᠠᠢ ᠬᠢᠮᠢ ᠶᠢᠨ ᠪᠣᠳᠠᠰ ᠲᠤ ᠲᠣᠭᠠᠴᠠᠭᠳᠠᠨ᠎ᠠ᠂ ᠲᠡᠭᠦᠨ ᠤ ᠰᠢᠯᠭᠠᠨ ᠪᠠᠶᠢᠴᠠᠭᠠᠭᠰᠠᠨ ᠮᠠᠲ᠋ᠧᠷᠢᠶᠠᠯ ᠤᠨ ᠢᠷᠡᠯᠲᠡ ᠵᠢᠴᠢ ᠰᠢᠯᠭᠠᠨ ᠪᠠᠶᠢᠴᠠᠭᠠᠭᠰᠠᠨ ᠵᠢᠷᠤᠮ ᠨᠢ ᠴᠥᠮ ᠬᠠᠤᠯᠢ ᠳᠤ ᠨᠡᠶᠢᠴᠡᠬᠦ ᠦᠭᠡᠢ ᠭᠡᠵᠦ ᠮᠠᠭᠠᠳᠯᠠᠨ ᠲᠣᠭᠲᠠᠭᠠᠪᠠ᠃ ᠪᠤᠰᠤᠳ ᠬᠠᠤᠯᠢ ᠴᠠᠭᠠᠵᠠ ᠶᠢᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠬᠤᠷᠢᠶᠠᠩᠭᠤᠶᠢᠯᠠᠵᠤ᠂ ᠵᠢᠨᠵᠦ᠋ᠩ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ ᠨᠢ᠄ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠳᠤ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠭᠤᠣᠯ ᠭᠡᠷᠡᠴᠢ ᠪᠠᠷᠢᠮᠲᠠ ᠨᠢ ᠭᠦᠢᠴᠡᠳ ᠪᠤᠰᠤ ᠪᠣᠯᠬᠤᠷ ᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠯᠢᠦ ᠣᠪᠣᠭᠲᠤ ᠮᠢᠩ ᠳᠤ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠦᠴᠦᠨ ᠦᠭᠡᠢ ᠪᠣᠯᠭᠠᠬᠤ ᠪᠠᠷ ᠰᠢᠭᠦᠨ ᠲᠠᠰᠤᠯᠵᠠᠢ᠃            ᠳᠥᠷᠪᠡ᠂ ᠰᠧᠴᠤᠸᠠᠨ ᠮᠤᠵᠢ ᠶᠢᠨ ᠶᠢᠨ ᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠭᠡᠳ ᠵᠧᠩ ᠣᠪᠣᠭᠲᠤ ᠶᠣᠣ ᠶᠢᠨ ᠵᠠᠰᠠᠭ ᠵᠠᠬᠢᠷᠭᠠᠨ ᠤ ᠬᠡᠷᠡᠭ             ﹇ᠬᠡᠷᠡᠭ ᠤᠨ ᠦᠨᠳᠦᠰᠦᠨ ᠪᠠᠶᠢᠳᠠᠯ﹈            2009 ᠣᠨ ᠤ 10 ᠰᠠᠷ᠎ᠠ ᠶᠢᠨ 31 ᠤ ᠡᠳᠦᠷ᠂ ᠬᠠᠨ ᠶᠤᠸᠠᠨ ᠰᠢᠶᠠᠨ ᠤ ᠨᠢᠭᠡᠨ ᠲᠣᠰᠣ ᠨᠡᠮᠡᠬᠦ ᠦᠷᠳᠡᠭᠡ ᠶᠢᠨ ᠪᠡᠯᠡ ᠣᠷᠣᠭᠤᠯᠤᠭᠴᠢ ᠽᠧᠩ ᠣᠪᠣᠭᠲᠤ ᠶᠦᠨ ᠪᠣᠯᠣᠨ ᠵᠧᠩ ᠣᠪᠣᠭᠲᠤ ᠶᠣᠣ ︽ᠬᠠᠮᠲᠤᠷᠠᠨ ᠡᠵᠡᠩᠨᠡᠬᠦ ᠳᠠᠭᠠᠭᠠᠴᠢᠯᠠᠯᠲᠠ ᠶᠢᠨ ᠭᠡᠷ᠎ᠡ︾  ᠶᠢᠨ ᠬᠡᠯᠡᠯᠴᠡᠭᠡᠷ ᠲᠣᠭᠲᠠᠭᠠᠵᠤ᠂ ᠵᠧᠩ ᠣᠪᠣᠭᠲᠤ ᠶᠣᠣ ᠲᠣᠰᠣ ᠨᠡᠮᠡᠬᠦ ᠦᠷᠳᠡᠭᠡ ᠶᠢ ᠪᠠᠶᠢᠭᠤᠯᠵᠤ ᠪᠠᠷᠠᠭᠰᠠᠨ ᠤ ᠲᠠᠷᠠᠭ᠎ᠠ᠂ ᠬᠠᠨ ᠶᠤᠸᠠᠨ ᠰᠢᠶᠠᠨ ᠤ ᠨᠢᠭᠡᠨ ᠲᠣᠰᠣ ᠨᠡᠮᠡᠬᠦ ᠦᠷᠳᠡᠭᠡ ᠶᠢ ᠵᠧᠩ ᠣᠪᠣᠭᠲᠤ ᠶᠣᠣ ᠳᠤ ᠥᠭᠴᠦ ᠬᠤᠷᠢᠨ ᠵᠢᠯ ᠡᠵᠡᠩᠨᠡᠭᠦᠯᠪᠡ᠂ ᠡᠨᠡ ᠬᠤᠭᠤᠴᠠᠭᠠᠨ ᠳᠤ ᠵᠧᠩ ᠣᠪᠣᠭᠲᠤ ᠶᠣᠣ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠪᠠ᠃ 2019 ᠣᠨ ᠤ 3 ᠰᠠᠷ᠎ᠠ ᠶᠢᠨ 26 ᠤ ᠡᠳᠦᠷ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠪᠠᠶᠢᠴᠠᠭᠠᠯᠲᠠ ᠬᠢᠬᠦ ᠳᠡᠭᠡᠨ ᠂ ᠬᠠᠨ ᠶᠤᠸᠠᠨ ᠰᠢᠶᠠᠨ ᠤ ᠨᠢᠭᠡᠨ ᠲᠣᠰᠣ ᠨᠡᠮᠡᠬᠦ ᠥᠷᠲᠡᠭᠡᠨ ᠤ ᠪᠡᠯᠡ ᠣᠷᠣᠭᠤᠯᠤᠭᠴᠢ ᠽᠧᠩ ᠣᠪᠣᠭᠲᠤ ᠶᠦᠨ ᠬᠢᠭᠡᠳ ᠵᠧᠩ ᠣᠪᠣᠭᠲᠤ ᠶᠣᠣ ᠶᠢᠨ ᠲᠣᠭᠲᠠᠭᠠᠭᠰᠠᠨ ᠲᠤᠰ ︽ᠬᠠᠮᠲᠤᠷᠠᠨ ᠡᠵᠡᠩᠨᠡᠬᠦ ᠳᠠᠭᠠᠭᠠᠴᠢᠯᠠᠯᠲᠠ ᠶᠢᠨ ᠭᠡᠷ᠎ᠡ︾  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠵᠧᠩ ᠣᠪᠣᠭᠲᠤ ᠶᠣᠣ ᠪᠣᠯ ᠠᠶᠤᠯᠭᠦᠢ ᠦᠢᠯᠡᠳᠪᠦᠷᠢᠯᠡᠬᠦ ᠠᠵᠢᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠭᠠᠯᠢ ᠬᠥᠮᠥᠨ ᠮᠥᠨ᠂ ᠡᠶᠢᠮᠦ ᠠᠴᠠ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠢᠷᠠᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠨᠶᠤᠸᠠᠨ ᠰᠢᠶᠠᠨ ᠤ ᠨᠢᠭᠡᠨ ᠲᠣᠰᠣ ᠨᠡᠮᠡᠬᠦ ᠦᠷᠳᠡᠭᠡ ᠳᠤ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠲᠣᠭᠲᠠᠭᠠᠯ ᠭᠠᠷᠭᠠᠪᠠ᠄ ︽1.ᠲᠠᠨ ᠤ ᠨᠢᠭᠡᠴᠢ ᠶᠢ ᠵᠠᠷᠯᠢᠭᠳᠠᠵᠤ ᠪᠠᠶᠢᠭᠠᠳ ᠡᠵᠡᠩᠨᠡᠯᠲᠡ ᠶᠢ ᠨᠢ ᠵᠣᠭᠰᠣᠭᠠᠵᠤ᠂ ᠡᠵᠡᠩᠨᠡᠯᠲᠡ ᠶᠢ ᠨᠢ ᠵᠣᠭᠰᠤᠭᠠᠬᠤ ᠬᠤᠭᠤᠴᠠᠭᠠᠨ ᠳᠤ ᠵᠢᠵᠢᠭᠦᠷᠯᠡᠵᠦ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠶᠤᠯᠭᠦᠢ ᠶᠢᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ 2᠂ ᠲᠠᠨ ᠤ ᠨᠢᠭᠡᠴᠢ ᠶᠢᠨ ︽ᠠᠶᠤᠯᠲᠠᠢ ᠬᠢᠮᠢ ᠶᠢᠨ ᠪᠣᠳᠠᠰ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠲᠦᠷ ᠬᠠᠰᠤᠨ᠎ᠠ᠃ 3.ᠵᠧᠩ ᠣᠪᠣᠭᠲᠤ ᠶᠣᠣ ᠲᠠᠢ ᠳᠠᠭᠠᠭᠠᠴᠢᠯᠠᠯᠲᠠ ᠶᠢᠨ ᠭᠡᠷ᠎ᠡ ᠶᠢ ᠬᠦᠴᠦᠨ ᠦᠭᠡᠢ ᠪᠣᠯᠭᠠᠵᠤ ᠳᠠᠭᠠᠭᠠᠴᠢᠯᠠᠨ ᠡᠵᠡᠩᠨᠡᠬᠦ ᠡᠷᠬᠡ ᠶᠢ ᠨᠢ ᠬᠤᠷᠢᠶᠠᠨ ᠠᠪᠴᠤ᠂ ᠬᠠᠤᠯᠢ ᠶᠣᠰᠣᠭᠠᠷ ᠡᠵᠡᠩᠨᠡᠭᠦᠯᠬᠦ ᠪᠠᠷ ᠵᠠᠷᠯᠢᠭᠳᠠᠨ᠎ᠠ᠃ ᠴᠡᠭᠴᠡᠯᠡᠨ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ ᠰᠢᠯᠭᠠᠨ ᠠᠪᠤᠭᠤᠯᠵᠤ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠦᠢᠯᠡᠳᠪᠦᠷᠢᠯᠡᠬᠦ ᠠᠵᠢᠯ ᠡᠵᠡᠩᠨᠡᠯᠲᠡ ᠪᠠᠨ ᠰᠡᠷᠭᠦᠭᠡᠵᠦ ᠪᠣᠯᠣᠨ᠎ᠠ︾ 3 ᠰᠠᠷ᠎ᠠ ᠶᠢᠨ 27 ᠤ ᠡᠳᠦᠷ᠂ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷ ᠦᠯᠡᠳᠡᠭᠡᠵᠦ ᠠᠪᠤᠭᠰᠠᠨ ︽ᠠᠶᠤᠯᠲᠠᠢ ᠬᠢᠮᠢ ᠶᠢᠨ ᠪᠣᠳᠠᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾  ᠢ ᠵᠧᠩ ᠣᠪᠣᠭᠲᠤ ᠶᠣᠣ ᠳᠤ ᠪᠤᠴᠠᠭᠠᠵᠤ ᠥᠭᠪᠡ᠃ 5 ᠰᠠᠷ᠎ᠠ ᠶᠢᠨ 7 ᠤ ᠡᠳᠦᠷ᠂ ᠵᠧᠩ ᠣᠪᠣᠭᠲᠤ ᠶᠣᠣ ᠰᠧᠴᠤᠸᠠᠨ ᠮᠤᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠳᠤ᠂ ᠰᠧᠴᠤᠸᠠᠨ ᠮᠤᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ 5 ᠰᠠᠷ᠎ᠠ ᠶᠢᠨ 17 ᠤ ᠡᠳᠦᠷ ᠭᠥᠯᠢᠶᠡᠨ ᠠᠪᠴᠤ ᠰᠢᠢᠳᠪᠦᠷᠢᠯᠡᠵᠡᠢ᠂ 6 ᠰᠠᠷ᠎ᠠ ᠶᠢᠨ 3 ᠤ ᠡᠳᠦᠷ᠂ ᠵᠧᠩ ᠣᠪᠣᠭᠲᠤ ᠶᠣᠣ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠪᠤᠴᠠᠭᠠᠨ ᠠᠪᠴᠤ᠂ ᠰᠧᠴᠤᠸᠠᠨ ᠮᠤᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠵᠠᠰᠠᠭ9 ᠰᠠᠷ᠎ᠠ ᠶᠢᠨ 23 ᠤ ᠡᠳᠦᠷ᠂ ᠵᠧᠩ ᠣᠪᠣᠭᠲᠤ ᠶᠣᠣ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠲᠠᠭᠠᠯ ᠤᠨ ᠪᠢᠴᠢᠭ︾  ᠢ ᠮᠠᠭᠠᠳᠯᠠᠨ ᠲᠣᠭᠲᠠᠭᠠᠭᠰᠠᠨ ᠪᠣᠳᠠᠲᠤ ᠶᠠᠪᠤᠳᠠᠯ ᠨᠢ ᠲᠣᠳᠣᠷᠬᠠᠢ ᠦᠭᠡᠢ᠂ ᠵᠢᠷᠤᠮ ᠨᠢ ᠬᠠᠤᠯᠢ ᠶᠢ ᠵᠥᠷᠢᠴᠡᠭᠰᠡᠨ᠂ ᠬᠠᠤᠯᠢ ᠴᠠᠭᠠᠵᠠ ᠶᠢ ᠬᠡᠷᠡᠭᠯᠡᠭᠰᠡᠨ ᠨᠢ ᠪᠤᠷᠤᠭᠤ᠂ ᠵᠠᠰᠠᠭ ᠵᠠᠬᠢᠷᠭᠠᠨ ᠤ ᠡᠷᠬᠡ ᠲᠤᠰᠢᠶᠠᠯ ᠠᠴᠠ ᠪᠠᠨ ᠳᠠᠪᠠᠭᠰᠠᠨ ᠭᠡᠬᠦ ᠰᠢᠯᠲᠠᠭ ᠢᠶᠠᠷ ᠬᠠᠨ ᠶᠤᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠤ ᠵᠠᠭᠠᠯᠳᠤᠵᠤ᠂ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠲᠠᠭᠠᠯ ᠤᠨ ᠪᠢᠴᠢᠭ︾  ᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠪᠠ᠃             ︽ᠰᠢᠭᠦᠬᠦ ᠬᠤᠷᠢᠶᠠᠨ ᠤ ᠰᠢᠭᠦᠨ ᠳᠠᠰᠤᠯᠤᠯᠲᠠ ᠶᠢᠨ ᠭᠤᠣᠯ ᠵᠣᠷᠢᠯᠭ᠎ᠠ︾            ᠶᠠ ᠠᠨ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠲᠠᠭᠠᠯ ᠤᠨ ᠪᠢᠴᠢᠭ︾  ᠲᠤ ᠬᠡᠷᠡᠭᠯᠡᠭᠰᠡᠨ ᠬᠠᠤᠯᠢ ᠴᠠᠭᠠᠵᠠ ᠶᠢᠨ ᠦᠨᠳᠦᠰᠦ ᠪᠠᠷᠢᠮᠲᠠ ᠪᠣᠯ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠢᠷᠠᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠭᠤᠷᠪᠠᠳᠤᠭᠠᠷ ᠵᠤᠷᠪᠤᠰ ᠪᠣᠯᠣᠨ᠎ᠠ᠂ ᠲᠤᠰ ᠲᠣᠭᠲᠠᠭᠠᠯ ᠳᠤ ︽ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠡ᠊ᠨᠳᠡᠯ ᠤᠨ ᠲᠠᠯᠳᠠ ᠭᠡᠮ ᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠠᠷᠢᠯᠭᠠᠭᠤᠯᠬᠤ ᠬᠡᠷᠡᠭᠲᠡᠢ᠃ ᠬᠦᠨᠳᠦ ᠨᠣᠴᠢᠲᠠᠢ ᠡ᠊ᠨᠳᠡᠯ ᠤᠨ ᠲᠡᠯᠳᠠ ᠭᠡᠮ ᠢ ᠠᠷᠢᠯᠭᠠᠬᠤ ᠠᠴᠠ ᠡᠮᠦᠨ᠎ᠡ ᠪᠤᠶᠤ ᠠᠷᠢᠯᠭᠠᠬᠤ ᠶᠠᠪᠤᠴᠠ ᠳᠤ ᠠᠶᠤᠯᠭᠦᠢ ᠪᠠᠶᠢᠳᠠᠯ ᠢ ᠪᠠᠲᠤᠯᠠᠬᠤ ᠶᠢᠨ ᠠᠷᠭ᠎ᠠ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠶᠤᠯᠲᠠᠢ ᠣᠷᠣᠨ ᠠᠴᠠ ᠠᠵᠢᠯᠯᠠᠵᠤ ᠪᠠᠶᠢᠭ᠎ᠠ ᠬᠥᠮᠥᠰ ᠢ ᠵᠠᠶᠢᠯᠠᠭᠤᠯᠵᠤ᠂ ᠵᠠᠷᠯᠢᠭᠳᠠᠵᠤ ᠪᠠᠶᠢᠭᠠᠳ ᠲᠦᠷ ᠴᠠᠭ ᠠᠵᠢᠯ ᠦᠢᠯᠡᠳᠪᠦᠷᠢᠯᠡᠬᠦ ᠠᠵᠢᠯ ᠢ ᠨᠢ ᠵᠣᠭᠰᠤᠭᠠᠬᠤ ᠪᠤᠶᠤ ᠬᠤᠯᠪᠣᠭᠳᠠᠯ ᠪᠦᠬᠦᠢ ᠲᠥᠬᠦᠭᠡᠷᠦᠮᠵᠢ᠂ ᠲᠤᠨᠤᠬ ᠲᠥᠬᠦᠭᠡᠷᠦᠮᠵᠢ ᠶᠢ ᠬᠡᠷᠡᠭᠯᠡᠬᠦ ᠶᠢ ᠨᠢ ᠵᠣᠭᠰᠤᠭᠠᠬᠤ ᠬᠡᠷᠡᠭᠲᠡᠢ᠃ ᠬᠦᠨᠳᠦ ᠨᠣᠴᠢᠲᠠᠢ ᠡ᠊ᠨᠳᠡᠯ ᠤᠨ ᠲᠡᠯᠳᠠ ᠭᠡᠮ ᠢ ᠠᠷᠢᠯᠭᠠᠭᠰᠠᠨ ᠤ ᠲᠡᠷᠠᠭ᠎ᠠ᠂ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠲᠡᠷᠠᠭ᠎ᠠ ᠰᠠᠶ᠋ᠢ ᠦᠢᠯᠡᠳᠪᠦᠷᠢᠯᠡᠬᠦ ᠠᠵᠢᠯ ᠡᠵᠡᠩᠨᠡᠯᠲᠡ ᠪᠠ ᠬᠡᠷᠡᠭᠯᠡᠯᠲᠡ ᠶᠢ ᠰᠡᠷᠭᠦᠭᠡᠵᠦ ᠪᠣᠯᠣᠨ᠎ᠠ︾ ᠭᠡᠵᠦ ᠵᠠᠰᠠᠪᠠ᠃ ᠡᠩ ᠲᠡᠷᠢᠭᠦᠨ ᠳᠤ᠂ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠲᠠᠨ ᠤ ᠨᠢᠭᠡᠴᠢ ᠶᠢ ᠵᠠᠷᠯᠢᠭᠳᠠᠵᠤ ᠪᠠᠶᠢᠭᠠᠳ ᠡᠵᠡᠩᠨᠡᠯᠲᠡ ᠶᠢ ᠨᠢ ᠵᠣᠭᠰᠣᠭᠠᠨ᠎ᠠ︾᠂ ᠵᠢᠷᠠᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠭᠤᠷᠪᠠᠳᠤᠭᠠᠷ ᠵᠤᠷᠪᠤᠰ ᠲᠤ ᠵᠥᠪᠬᠡᠨ ︽ᠵᠠᠷᠯᠢᠭᠳᠠᠵᠤ ᠪᠠᠶᠢᠭᠠᠳ ᠲᠦᠷ ᠴᠠᠭ ᠠᠵᠢᠯ ᠦᠢᠯᠡᠳᠪᠦᠷᠢᠯᠡᠬᠦ ᠠᠵᠢᠯ ᠢ ᠨᠢ ᠵᠣᠭᠰᠣᠭᠠᠨ᠎ᠠ︾ ᠭᠡᠵᠦ ᠲᠣᠭᠲᠠᠭᠠᠵᠠᠢ᠂ ᠬᠢᠭᠰᠡᠨ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠨᠢ ᠲᠣᠰ ᠵᠦᠢᠯ ᠵᠤᠷᠪᠤᠰ ᠲᠤ ᠲᠣᠭᠲᠠᠭᠠᠭᠰᠠᠨ ᠬᠡᠪᠴᠢᠶ᠎ᠡ ᠠᠴᠠ ᠳᠠᠪᠠᠭᠰᠠᠨ ᠪᠠᠶᠢᠨ᠎ᠠ᠃ ᠳᠠᠷᠠᠭ᠎ᠠ ᠨᠢ᠂ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠡᠳᠦᠶᠢᠪᠡᠷ ︽ᠲᠠᠨ ᠤ ᠨᠢᠭᠡᠴᠢ ᠶᠢᠨ ︿ᠠᠶᠤᠯᠲᠠᠢ ᠬᠢᠮᠢ ᠶᠢᠨ ᠪᠣᠳᠠᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ﹀ ᠢ ᠲᠦᠷ ᠦᠯᠡᠳᠡᠭᠡᠨ ᠠᠪᠬᠤ︾ ᠰᠢᠢᠳᠬᠡᠯ ᠤᠨ ᠪᠤᠷᠤᠭᠤ ᠶᠢ ᠣᠯᠵᠤ ᠮᠡᠳᠡᠭᠰᠡᠨ ᠤ ᠳᠠᠷᠠᠭ᠎ᠠ᠂ ︽ᠠᠶᠤᠯᠲᠠᠢ ᠬᠢᠮᠢ ᠶᠢᠨ ᠪᠣᠳᠠᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾  ᠢ ᠴᠠᠭ ᠲᠤᠬᠠᠢ ᠳᠤᠨᠢ ᠬᠠᠨ ᠶᠤᠸᠠᠨ ᠰᠢᠶᠠᠨ ᠤ ᠨᠢᠭᠡᠨ ᠲᠣᠰᠣ ᠨᠡᠮᠡᠬᠦ ᠥᠷᠲᠡᠭᠡ ᠳᠤ ᠪᠤᠴᠠᠭᠠᠨ ᠥᠭᠴᠦ᠂ ᠭᠡᠪᠡᠴᠦ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠭᠠᠷᠭᠠᠭᠰᠠᠨ ︽ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠲᠠᠭᠠᠯ ᠤᠨ ᠪᠢᠴᠢᠭ︾  ᠢ ᠵᠠᠯᠠᠷᠠᠭᠤᠯᠤᠭᠰᠠᠨ ᠦᠭᠡᠢ᠄ ᠬᠠᠮᠤᠭ ᠰᠡᠭᠦᠯ ᠳᠤ᠂ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠣᠳᠣ ᠶᠢᠨ ᠬᠠᠨ ᠶᠤᠸᠠᠨ ᠰᠢᠶᠠᠨ ᠤ ᠨᠢᠭᠡᠨ ᠲᠣᠰᠣ ᠨᠡᠮᠡᠬᠦ ᠥᠷᠲᠡᠭᠡ ᠬᠢᠭᠡᠳ ᠵᠧᠩ ᠣᠪᠣᠭᠲᠤ ᠶᠣᠣ ᠶᠢ ᠳᠠᠭᠠᠭᠠᠴᠢᠯᠠᠯᠲᠠ ᠶᠢᠨ ᠭᠡᠷ᠎ᠡ ᠪᠠᠨ ᠬᠦᠴᠦᠨ ᠦᠭᠡᠢ ᠪᠣᠯᠭᠠᠵᠤ᠂ ᠳᠠᠭᠠᠭᠠᠴᠢᠯᠠᠨ ᠡᠵᠡᠩᠨᠡᠬᠦ ᠡᠷᠬᠡ ᠪᠠᠨ ᠬᠤᠷᠢᠶᠠᠨ ᠠᠪᠴᠤ᠂ ᠬᠠᠤᠯᠢ ᠶᠣᠰᠣᠭᠠᠷ ᠡᠵᠡᠩᠨᠡᠬᠦ ᠬᠡᠷᠡᠭᠲᠡᠢ︾᠂ ︽ᠬᠠᠮᠲᠤᠷᠠᠨ ᠡᠵᠡᠩᠨᠡᠬᠦ ᠳᠠᠭᠠᠭᠠᠴᠢᠯᠠᠯᠲᠠ ᠶᠢᠨ ᠭᠡᠷ᠎ᠡ︾  ᠶᠢᠨ ᠰᠢᠨᠵᠢ ᠴᠢᠨᠠᠷ ᠤᠨ ᠮᠠᠭᠠᠳᠯᠠᠯᠲᠠ ᠵᠢᠴᠢ ᠬᠠᠤᠯᠢ ᠶᠣᠰᠣᠨ ᠤ ᠴᠢᠨᠠᠷ ᠨᠢ ᠢᠷᠭᠡᠨ ᠤ ᠬᠡᠷᠡᠭ ᠤᠨ ᠬᠢᠨᠠᠨ ᠪᠠᠶᠢᠴᠠᠭᠠᠯᠲᠠ ᠶᠢᠨ ᠬᠡᠪᠴᠢᠶᠡᠨ ᠳᠤ ᠪᠠᠭᠲᠠᠵᠤ᠂ ᠭᠡᠷ᠎ᠡ ᠶᠢᠨ ᠬᠤᠶᠠᠷ ᠲᠠᠯ᠎ᠠ ᠪᠠᠷ ᠢᠶᠠᠨ ᠵᠥᠪᠳᠡᠯᠴᠡᠨ ᠰᠢᠢᠳᠪᠦᠷᠢᠯᠡᠬᠦ ᠪᠤᠶᠤ ᠬᠠᠤᠯᠢ ᠴᠠᠭᠠᠵᠠ ᠶᠢᠨ ᠵᠢᠷᠤᠮ ᠢᠶᠠᠷ ᠰᠢᠢᠳᠪᠦᠷᠢᠯᠡᠬᠦ ᠬᠡᠷᠡᠭᠲᠡᠢ᠃ ᠡᠶᠢᠮᠦ ᠠᠴᠠ᠂ ᠬᠠᠨ ᠶᠤᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠠᠴᠠ᠄ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠨ ᠶᠤᠸᠠᠨ ᠰᠢᠶᠠᠨ ᠤ ᠨᠢᠭᠡᠨ ᠲᠣᠰᠣ ᠨᠡᠮᠡᠬᠦ ᠥᠷᠲᠡᠭᠡ ᠳᠤ ᠭᠠᠷᠭᠠᠭᠰᠠᠨ ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠲᠠᠭᠠᠯ ᠤᠨ ᠪᠢᠴᠢᠭ ᠨᠢ ᠢᠯᠡᠳᠲᠡ ᠵᠣᠬᠢᠰ ᠦᠭᠡᠢ ᠪᠠᠶᠢᠵᠤ ᠂ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠳᠤ ᠲᠣᠭᠠᠴᠠᠭᠳᠠᠨ᠎ᠠ ᠭᠡᠵᠦ ᠮᠠᠭᠠᠳᠯᠠᠨ ᠲᠣᠭᠲᠠᠭᠠᠭᠰᠠᠨ ᠪᠣᠯᠬᠤᠷ᠂ ᠶᠢᠨ ᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠲᠤᠬᠠᠢ ᠶᠢᠨ ᠲᠠᠯᠠᠪᠤᠷ ᠤᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠲᠣᠭᠲᠠᠭᠠᠯ ᠤᠨ ᠪᠢᠴᠢᠭ︾  ᠢ ᠬᠦᠴᠦᠨ ᠦᠭᠡᠢ ᠪᠣᠯᠭᠠᠬᠤ ᠲᠠᠰᠤᠯᠤᠯᠲᠠ ᠭᠠᠷᠭᠠᠵᠠᠢ᠃            ᠲᠠᠪᠤ᠂ ᠶᠦᠨᠨᠠᠨ ᠮᠤᠵᠢ ᠶᠢᠨ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠵᠠᠰᠠᠭ ᠵᠠᠬᠢᠷᠭᠠᠨ ᠤ ᠵᠠᠷᠭᠤ ᠶᠢᠨ ᠬᠡᠷᠡᠭ             ﹇ᠬᠡᠷᠡᠭ ᠤᠨ ᠦᠨᠳᠦᠰᠦᠨ ᠪᠠᠶᠢᠳᠠᠯ﹈            2018 ᠣᠨ ᠤ 1 ᠰᠠᠷ᠎ᠠ ᠶᠢᠨ 13 ᠤ ᠡᠳᠦᠷ ᠤᠨ 13 ᠴᠠᠭ 01 ᠮᠢᠨᠦ᠋ᠲ ᠤᠨ ᠦᠶ᠎ᠡ ᠪᠠᠷ᠂ ᠴᠢᠦᠪᠸᠢ  ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠭᠠᠩᠨᠠᠨ ᠵᠠᠯᠭᠠᠬᠤ ᠠᠵᠢᠯ ᠤᠨ ᠳᠡᠯᠪᠡᠷᠡᠯᠲᠡ ᠶᠢᠨ ᠠᠳᠡᠯ ᠭᠠᠷᠴᠤ᠂ ᠨᠢᠭᠡ ᠬᠥᠮᠥᠨ ᠢ ᠰᠢᠷᠬᠠᠲᠤᠭᠤᠯᠵᠤ ᠠᠪᠤᠷᠠᠨ ᠵᠠᠰᠠᠭᠰᠠᠨ ᠪᠣᠯᠪᠠᠴᠤ ᠲᠤᠰᠠ ᠪᠣᠯᠤᠭᠰᠠᠨ ᠦᠭᠡᠢ ᠦᠬᠦᠵᠡᠢ᠃ 1 ᠰᠠᠷ᠎ᠠ ᠶᠢᠨ 15 ᠤ ᠡᠳᠦᠷ ᠴᠢᠦᠪᠸᠢ ᠰᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠺᠣᠮᠢᠰ ᠤᠨ ᠠᠯᠪᠠᠨ ᠭᠡᠷ ᠤᠯᠠᠨ ᠲᠦᠮᠡᠨ ᠤ ᠬᠡᠷᠡᠭ ᠤᠨ ᠮᠡᠳᠡᠭᠦᠯᠦᠯᠲᠡ ᠶᠢ ᠣᠯᠣᠮᠠᠭᠴᠠ ᠲᠡᠷᠡ ᠳᠠᠷᠤᠢ ᠳᠤᠨᠢ ᠠᠵᠢᠯᠲᠠᠨ ᠲᠣᠮᠢᠯᠠᠨ ᠪᠠᠶᠢᠴᠠᠭᠠᠯᠲᠠ ᠬᠢᠯᠭᠡᠬᠦ ᠶᠢᠨ ᠬᠠᠮᠲᠤ ᠴᠢᠦᠪᠸᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠴᠢᠦᠪᠸᠢ ᠰᠢᠶᠠᠨ ᠤ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ︽1· 13︾  ᠤ ᠴᠠᠬᠢᠯᠭᠠᠨ ᠭᠠᠩᠨᠠᠭᠤᠷ ᠤᠨ ᠠᠵᠢᠯ ᠤᠨ ᠡ᠊ᠨᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠬᠤ ᠶᠢ ᠪᠢᠴᠢᠭ ᠢᠶᠠᠷ ᠵᠢᠭᠠᠪᠤᠷᠢ ᠠᠪᠤᠪᠠ᠃ 1 ᠰᠠᠷ᠎ᠠ ᠶᠢᠨ 24 ᠤ ᠡᠳᠦᠷ᠂ ᠴᠢᠤᠪᠸᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ︽ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ︾  ᠶᠢᠨ 1·13 ᠤ ᠴᠠᠬᠢᠯᠭᠠᠨ ᠭᠠᠩᠨᠠᠭᠤᠷ ᠤᠨ ᠠᠵᠢᠯ ᠤᠨ ᠡ᠊ᠨᠳᠡᠯ ᠢ ᠪᠠᠶᠢᠴᠠᠭᠠᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ︾ ᠭᠠᠷᠭᠠᠪᠠ᠃ ᠠᠳᠡᠯ ᠢ ᠪᠠᠶᠢᠴᠠᠭᠠᠬᠤ ᠳᠤᠭᠤᠶᠢᠯᠠᠩ 3 ᠰᠠᠷ᠎ᠠ ᠶᠢᠨ 2 ᠤᠨ ᠡᠳᠦᠷ ︽ᠴᠢᠦᠪᠸᠢ ᠳᠤ ᠪᠠᠶᠢᠭ᠎ᠠ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ 1 ᡻ 13︾  ᠤ ᠳᠡᠯᠪᠡᠷᠡᠯᠲᠡ ᠶᠢᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ︵ᠳᠣᠷᠣᠭᠰᠢ ︽1 ᡻ 13︾  ᠤ ᠳᠡᠯᠪᠡᠷᠡᠯᠲᠡ ᠶᠢᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠭᠡᠵᠦ ᠲᠣᠪᠴᠢᠯᠠᠨ᠎ᠠ︶ ᠶᠢ ᠭᠠᠷᠭᠠᠵᠠᠢ᠃ 3 ᠰᠠᠷ᠎ᠠ ᠶᠢᠨ 15 ᠤ ᠡᠳᠦᠷ᠂ ᠴᠢᠦᠪᠸᠢ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ︽ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ︿1· 13﹀ ᠤ ᠳᠡᠯᠪᠡᠷᠡᠯᠲᠡ ᠶᠢᠨ ᠡ᠊ᠨᠳᠡᠯ ᠢ ᠪᠠᠶᠢᠴᠠᠭᠠᠭᠰᠠᠨ ᠮᠡᠳᠡᠭᠦᠯᠦᠯᠲᠡ ᠶᠢᠨ ᠲᠤᠬᠠᠢ ᠴᠣᠬᠤᠯᠠᠪᠤᠷᠢ︾ ᠭᠠᠷᠭᠠᠪᠠ᠃ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠤᠤᠯ ᠤᠨ ᠴᠢᠦᠪᠸᠢ ᠰᠢᠶᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶ ᠴᠢᠦᠪᠸᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠴᠣᠬᠤᠯᠠᠪᠤᠷᠢ ᠶᠣᠰᠣᠭᠠᠷ᠂ 3 ᠰᠠᠷ᠎ᠠ ᠶᠢᠨ 16 ᠤ ᠡᠳᠦᠷ ᠲᠣᠰ ᠠᠳᠡᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃ 3 ᠰᠠᠷ᠎ᠠ ᠶᠢᠨ 22 ᠤᠨ ᠡᠳᠦᠷ᠂ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ᠪᠠ ︽ᠵᠠᠰᠠᠭ ᠵᠠᠬᠢᠷᠭᠠᠨ ᠤ ᠰᠢᠢᠳᠬᠡᠯ ᠤᠨ ᠭᠡᠷᠡᠴᠢᠯᠡᠭᠡ ᠰᠣᠨᠣᠰᠬᠤ ᠶᠢ ᠮᠡᠳᠡᠭᠳᠡᠬᠦ ᠪᠢᠴᠢᠭ︾ ᠭᠠᠷᠭᠠᠭᠰᠠᠨ ᠪᠥᠭᠡᠳ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠬᠦᠷᠭᠡᠪᠡ᠃ 3 ᠰᠠᠷ᠎ᠠ ᠶᠢᠨ 23 ᠤ ᠡᠳᠦᠷ᠂ ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ︽ᠲᠣᠭᠠᠴᠢᠨ ᠲᠣᠳᠣᠷᠬᠠᠶᠢᠯᠠᠬᠤ ᠪᠢᠴᠢᠭ︾ ᠪᠠ ︽ᠭᠡᠷᠡᠴᠢᠯᠡᠭᠡ ᠰᠣᠨᠣᠰᠬᠤ ᠭᠤᠶᠤᠴᠢᠯᠠᠯ ᠤᠨ ᠪᠢᠴᠢᠭ︾  ᠢᠶᠠᠨ ᠳᠡᠪᠰᠢᠭᠦᠯᠵᠡᠢ᠃ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 4 ᠰᠠᠷ᠎ᠠ ᠶᠢᠨ 19 ᠤ ᠡᠳᠦᠷ ᠭᠡᠷᠡᠴᠢᠯᠡᠭᠡ ᠰᠣᠨᠣᠰᠬᠤ ᠬᠤᠷᠠᠯ ᠢ ᠡᠷᠭᠢᠯᠡᠭᠰᠡᠨ ᠪᠥᠭᠡᠳ ︽ᠭᠡᠷᠡᠴᠢᠯᠡᠭᠡ ᠰᠣᠨᠣᠰᠬᠤ ᠬᠤᠷᠠᠯ ᠤᠨ ᠮᠡᠳᠡᠭᠦᠯᠦᠯᠲᠡ ᠶᠢᠨ ᠪᠢᠴᠢᠭ︾ ᠭᠠᠷᠭᠠᠪᠠ᠃ 4 ᠰᠠᠷ᠎ᠠ ᠶᠢᠨ 28 ᠤ ᠡᠳᠦᠷ᠂ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠭᠠᠷᠭᠠᠭᠰᠠᠨ ᠪᠥᠭᠡᠳ ᠲᠤᠬᠠᠢ ᠶᠢᠨ ᠡᠳᠦᠷ ᠴᠢᠤᠪᠸᠢ  ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠬᠦᠷᠭᠡᠵᠦ᠂ ᠲᠡᠭᠦᠨ ᠢ 22 ᠲᠦᠮᠡᠨ ᠲᠥᠭᠦᠷᠢᠭ ᠤᠨ ᠠᠷᠠᠳ ᠤᠨ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠢᠶᠠᠷ ᠰᠢᠢᠳᠬᠡᠪᠡ᠃ 6 ᠰᠠᠷ᠎ᠠ ᠶᠢᠨ 13 ᠤ ᠡᠳᠦᠷ᠂ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠲᠤ ᠲᠣᠭᠲᠠᠭᠠᠭᠰᠠᠨ 22 ᠲᠦᠮᠡᠨ ᠲᠥᠭᠦᠷᠢᠭ ᠤᠨ ᠲᠣᠷᠭᠠᠭᠤᠯᠢ ᠶᠢᠨ ᠵᠣᠭᠤᠰ ᠢ ᠭᠦᠢᠴᠡᠳᠬᠡᠪᠡ᠃ 10 ᠰᠠᠷ᠎ᠠ ᠶᠢᠨ 26 ᠤ ᠡᠳᠦᠷ᠂ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠲᠤᠰ ᠵᠠᠰᠠᠭ ᠵᠠᠬᠢᠷᠭᠠᠨ ᠤ ᠰᠢᠢᠳᠬᠡᠯ ᠢ ᠬᠦᠯᠢᠶᠡᠬᠦ ᠦᠭᠡᠢ ᠪᠠᠶᠢᠵᠤ᠂ ᠴᠢᠤᠪᠸᠢ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ᠂ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠪᠠ᠃            【ᠨᠢᠭᠡᠳᠦᠭᠡᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠳᠤᠷᠠᠳᠤᠭᠰᠠᠨ ︽ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰ ᠰᠢᠢᠳᠬᠡᠯ ᠤᠨ ᠲᠣᠭᠲᠠᠭᠠᠯ ᠳᠤ ᠲᠣᠷᠭᠠᠭᠤᠯᠢ ᠣᠨᠣᠭᠳᠠᠭᠤᠯᠬᠤ ᠶᠢᠨ ᠦᠨᠳᠦᠰᠦᠯᠡᠯ ᠪᠣᠯ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠪᠣᠯᠣᠨ᠎ᠠ᠂ ᠡᠨᠡ ᠪᠣᠯ ᠢᠯᠡᠳᠲᠡ ᠪᠤᠷᠤᠭᠤ ᠶᠤᠮ︾ ᠭᠡᠰᠡᠨ ᠵᠣᠷᠢᠯᠲᠠ ᠶᠢ ᠳᠤᠷᠠᠳᠤᠨ ᠭᠠᠷᠭᠠᠵᠠᠢ᠃ ᠴᠢᠦᠪᠸᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠪᠥᠬᠦ ᠬᠡᠷᠡᠭ ᠤᠨ ᠵᠠᠰᠠᠭ ᠵᠠᠬᠢᠷᠭᠠᠨ ᠤ ᠰᠢᠢᠳᠬᠡᠯ ᠤᠨ ᠪᠣᠳᠠᠲᠠᠢ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠶᠡᠷᠦᠩᠬᠡᠶᠢᠯᠡᠵᠦ ᠦᠵᠡᠪᠡᠯ᠂ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠡᠷᠡᠭᠯᠡᠭᠰᠡᠨ ᠬᠠᠤᠯᠢ ᠴᠠᠭᠠᠵᠠ ᠨᠢ ᠦᠨᠡᠬᠡᠷ ︽ᠲᠠᠰᠢᠶᠠᠷᠠᠯ︾  ᠳᠤ ᠲᠣᠭᠠᠴᠠᠭᠳᠠᠵᠤ᠂ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠮᠠᠷᠭᠤᠨ ᠬᠡᠯᠡᠭᠰᠡᠨ ᠲᠠᠢ ᠠᠳᠠᠯᠢ ᠪᠠᠶᠢᠳᠠᠭ᠂ ᠭᠡᠪᠡᠴᠦ ᠲᠣᠰ ︽ᠲᠠᠰᠢᠶᠠᠷᠠᠯ︾ ᠨᠢ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠰ ᠰᠢᠢᠳᠬᠡᠯ ᠤᠨ ᠲᠣᠭᠲᠠᠭᠠᠯ ᠢ ᠭᠠᠷᠭᠠᠭᠰᠠᠨ ᠦᠷ᠎ᠡ ᠳ᠋ᠦᠩ ᠢ ᠨᠥᠯᠥᠭᠡᠯᠡᠬᠦ ᠦᠭᠡᠢ ᠶᠤᠮ᠃ ᠡᠶᠢᠮᠦ ᠠᠴᠠ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠲᠤᠰ ᠵᠣᠷᠢᠯᠲᠠ ᠶᠢ ᠴᠢᠤᠪᠸᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠳᠡᠮᠵᠢᠬᠦ ᠦᠭᠡᠢ᠃ ᠪᠤᠰᠤᠳ ᠬᠠᠤᠯᠢ ᠴᠠᠭᠠᠵᠠ ᠶᠢᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠶᠡᠷᠦᠩᠬᠡᠶᠢᠯᠡᠨ᠂ ᠴᠢᠤᠪᠸᠢ ᠰᠢᠶᠠᠨ ᠤ ᠠᠷᠠᠳ ᠤᠨ ᠰᠢᠭᠦᠬᠦ ᠬᠤᠷᠢᠶ᠎ᠠ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠵᠠᠷᠭᠤ ᠶᠢᠨ ᠭᠤᠶᠤᠴᠢᠯᠠᠯ ᠢ ᠨᠢᠴᠤᠭᠠᠬᠤ ᠪᠠᠷ ᠰᠢᠭᠦᠨ ᠲᠠᠰᠤᠯᠪᠠ᠃            ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠴᠢᠤᠪᠸᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠳᠡ ᠶᠢ ᠵᠥᠪᠰᠢᠶᠡᠷᠡᠬᠦ ᠦᠭᠡᠢ ᠪᠠᠶᠢᠵᠤ᠂ ᠸᠧᠨᠱᠠᠨ ᠤ ᠵᠤᠸᠠᠩ ᠦᠨᠳᠦᠰᠦᠲᠡᠨ ᠮᠢᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠳᠡᠭᠡᠭᠰᠢ ᠵᠠᠭᠠᠯᠳᠤᠵᠠᠢ᠃            【ᠳᠡᠭᠡᠭᠰᠢ ᠵᠠᠭᠠᠯᠳᠤᠭᠴᠢ ᠶᠢᠨ ᠵᠠᠭᠠᠯᠳᠤᠯᠭ᠎ᠠ ᠶᠢᠨ ᠨᠡᠷᠡᠶᠢᠳᠦᠯ】            ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠲᠤ ᠬᠠᠤᠯᠢ ᠴᠠᠭᠠᠵᠠ ᠵᠢ‌‍ᠲ᠋ᠤᠰ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠲᠠᠬᠢ ᠠᠭᠤᠯᠭ᠎ᠠ ᠨᠢ ︽ᠳᠡᠭᠡᠷᠡᠬᠢ ᠪᠣᠳᠠᠲᠤ ᠬᠡᠷᠡᠭ ᠨᠢ ︿ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ﹀ ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ ᠪᠣᠯᠬᠤᠷ᠂ ︿ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ﹀ ᠶᠢᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠠᠷᠠᠳ ᠤᠨ ᠵᠣᠭᠤᠰ ᠢᠶᠠᠷ ᠬᠤᠶᠠᠷ ᠲᠦᠮᠡᠨ ᠲᠥᠭᠦᠷᠢᠭ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠭᠠᠪᠠ᠃︾ ᠡ᠊ᠩ ᠲᠡᠷᠢᠭᠦᠨ ᠳᠤ᠂ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠭᠠᠷᠪᠠᠯ᠂ ᠬᠠᠷᠢᠭᠤᠴᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢ ᠵᠣᠬᠢᠴᠠᠩᠭᠤᠢ ᠲᠥᠯᠥᠪᠦᠷᠢ ᠶᠢᠨ ᠵᠡᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠬᠦ ᠪᠠᠷ ᠱᠠᠭᠠᠷᠳᠠᠬᠤ ᠠᠴᠠ ᠭᠠᠳᠠᠨ᠎ᠠ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠠᠴᠠ ᠳᠠᠷᠠᠭᠠᠬᠢ ᠲᠣᠭᠲᠠᠭᠠᠯ ᠶᠣᠰᠣᠭᠠᠷ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠨ᠎ᠡ︾ ᠭᠡᠵᠦ ᠲᠣᠭᠲᠠᠭᠠᠵᠠᠢ᠃ ᠲᠤᠰ ᠵᠦᠢᠯ ᠵᠤᠷᠪᠤᠰ ᠪᠣᠯ ᠪᠣᠳᠠᠲᠠᠢ ᠰᠢᠢᠳᠬᠡᠬᠦ ᠦᠨᠳᠦᠰᠦ ᠪᠠᠷᠢᠮᠲᠠ ᠮᠥᠨ ᠂ ᠬᠠᠷᠢᠨ ᠬᠡᠷᠡᠭ ᠳᠡᠭᠡᠷ᠎ᠡ ᠪᠠᠨ ᠬᠠᠤᠯᠢ ᠶᠢ ᠵᠥᠷᠢᠴᠡᠭᠰᠡᠨ ᠤ ᠦᠨᠳᠦᠰᠦ ᠪᠠᠷᠢᠮᠲᠠ ᠪᠢᠰᠢ᠃ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠪᠣᠯ ᠲᠤᠶᠢᠯ ᠤᠨ ᠲᠥᠪ ᠴᠢᠩᠭ᠎ᠠ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠮᠥᠨ᠂ ᠮᠡᠳᠡᠭᠳᠡᠬᠦ ᠡᠭᠦᠷᠭᠡ ᠪᠠᠨ ᠭᠦᠢᠴᠡᠳ ᠭᠦᠢᠴᠡᠳᠬᠡᠵᠦ᠂ ᠲᠤᠬᠠᠢ ᠶᠢᠨ ᠬᠥᠮᠥᠨ ᠳᠤ ᠥᠪᠡᠷ ᠤᠨ ᠬᠠᠮᠢᠭ᠎ᠠ ᠨᠢ ᠪᠤᠷᠤᠭᠤᠳᠠᠭᠰᠠᠨ᠂ ᠶᠠᠭᠤᠨ ᠳᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠭᠰᠡᠨ ᠢᠶᠠᠨ ᠮᠡᠳᠡᠭᠦᠯᠬᠦ ᠬᠡᠷᠡᠭᠲᠡᠢ᠃ ᠭᠡᠪᠡᠴᠦ ᠲᠤᠰ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾ ᠨᠢ ᠡᠶᠢᠮᠦ ᠦᠢᠯᠡᠳᠦᠯ ᠭᠠᠷᠭᠠᠭᠰᠠᠨ ᠦᠭᠡᠢ ᠨᠢ ᠢᠯᠡᠷᠬᠡᠢ ᠪᠠᠶᠢᠨ᠎ᠠ᠃ ᠳᠠᠷᠠᠭ᠎ᠠ ᠳᠤᠨᠢ᠂ ︽︿ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ﹀ ᠶᠢᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ︾  ᠢ ᠦᠨᠳᠦᠰᠦᠯᠡᠪᠡᠯ᠂ ᠲᠣᠷᠭᠠᠭᠤᠯᠢ ᠣᠨᠣᠭᠳᠠᠭᠤᠯᠬᠤ ᠲᠣᠭᠲᠠᠭᠠᠯ ᠨᠢ ᠠᠳᠠᠯᠢᠬᠠᠨ ᠢᠶᠠᠷ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠳᠤ ᠲᠣᠭᠠᠴᠠᠭᠳᠠᠨ᠎ᠠ᠂ ᠴᠢᠤᠪᠸᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠢᠭᠡᠳᠦᠭᠡᠷ ᠰᠢᠭᠦᠯᠲᠡ ᠶᠢᠨ ᠲᠠᠰᠤᠯᠤᠯᠲᠠ ᠳᠤ ᠬᠠᠷᠢᠨ ᠡᠭᠦᠨ ᠢ ᠵᠥᠪᠬᠡᠨ ︽ᠲᠠᠰᠢᠶᠠᠷᠠᠯ︾  ᠳᠤ ᠲᠣᠭᠠᠴᠠᠭᠳᠠᠬᠤ ᠪᠥᠭᠡᠳ ᠲᠤᠰ ᠲᠠᠰᠢᠶᠠᠷᠠᠯ ᠨᠢ ᠰᠢᠢᠳᠬᠡᠬᠦ ᠲᠣᠭᠲᠠᠭᠠᠯ ᠤᠨ ᠦᠷ᠎ᠡ ᠳ᠋ᠦᠩ ᠢ ᠭᠠᠷᠭᠠᠬᠤ ᠶᠢ ᠨᠥᠯᠥᠭᠡᠯᠡᠬᠦ ᠦᠭᠡᠢ ᠭᠡᠵᠦ ᠦᠵᠡᠭᠰᠡᠨ ᠪᠠᠶᠢᠨ᠎ᠠ᠃ ᠲᠤᠰ ᠰᠢᠢᠳᠬᠡᠯ ᠤᠨ ᠲᠣᠭᠲᠠᠭᠠᠯ ᠳᠤ ᠬᠠᠤᠯᠢ ᠴᠠᠭᠠᠵᠠ ᠶᠢᠨ ᠵᠦᠢᠯ ᠪᠠᠳᠠᠭ ᠢ ᠪᠦᠬᠦ ᠤᠳᠬ᠎ᠠ ᠪᠠᠷ ᠨᠢ ᠡᠰᠢᠯᠡᠨ ᠬᠡᠷᠡᠭᠯᠡᠭᠰᠡᠨ ᠦᠭᠡᠢ᠂ ᠬᠠᠷᠢᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠨᠢ ᠲᠤᠶᠢᠯ ᠤᠨ ᠪᠠᠯᠠᠷᠬᠠᠢ᠂ ᠲᠤᠶᠢᠯ ᠤᠨ ᠣᠨᠣᠪᠴᠢ ᠦᠭᠡᠢ ᠥᠭᠦᠯᠡᠯᠲᠡ ᠪᠣᠯᠣᠨ᠎ᠠ᠂ ᠡᠭᠦᠨ ᠢ ᠨᠢᠭᠡᠳᠦᠭᠡᠷ ᠰᠢᠭᠦᠯᠲᠡ ᠶᠢᠨ ︽ᠲᠠᠰᠢᠶᠠᠷᠠᠯ︾  ᠤᠨ ᠮᠠᠭᠠᠳᠯᠠᠨ ᠲᠣᠭᠲᠠᠭᠠᠯᠲᠠ ᠨᠢ ᠬᠥᠮᠥᠨ ᠢ ᠪᠢᠰᠢᠷᠡᠭᠦᠯᠵᠦ ᠴᠢᠳᠠᠬᠤ ᠦᠭᠡᠢ ᠭᠡᠵᠦ ᠬᠡᠯᠡᠵᠦ ᠪᠣᠯᠬᠤ ᠦᠭᠡᠢ ᠨᠢ ᠢᠯᠡᠷᠬᠡᠢ ᠶᠤᠮ᠃ ᠡᠴᠦᠰ ᠲᠤ᠂ ︽ᠳᠡᠭᠡᠷᠡᠬᠢ ᠪᠣᠳᠠᠲᠤ ᠬᠡᠷᠡᠭ ᠤᠳ ︿ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ﹀ ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠤᠨ ᠲᠣᠭᠲᠠᠭᠠᠯ ᠢ ᠵᠥᠷᠢᠴᠡᠵᠡᠢ︾ ᠭᠡᠬᠦ ᠮᠡᠲᠦ ᠶᠢᠨ ᠥᠭᠦᠯᠡᠯᠲᠡ ᠨᠢ ᠴᠦ ᠲᠤᠶᠢᠯ ᠤᠨ ᠴᠢᠩᠭ᠎ᠠ ᠨᠢᠮᠪᠠᠢ ᠪᠢᠰᠢ ᠶᠤᠮ᠂ ᠨᠢᠭᠡ ᠬᠤᠪᠢ ᠵᠠᠰᠠᠭ ᠵᠠᠬᠢᠷᠭᠠᠨ ᠤ ᠰᠢᠢᠳᠬᠡᠯ ᠤᠨ ᠪᠢᠴᠢᠭ ᠬᠠᠷ᠎ᠠ ᠳᠤ ᠢᠯᠡᠷᠡᠵᠦ ᠪᠣᠯᠬᠤ ᠦᠭᠡᠢ᠃            【ᠳᠡᠭᠡᠭᠰᠢ ᠵᠠᠭᠠᠯᠳᠤᠭᠳᠠᠭᠴᠢ ᠶᠢᠨ ᠮᠠᠷᠭᠤᠯᠳᠤᠭᠠᠨ】            ᠨᠢᠭᠡ᠂ ᠲᠤᠰ ᠬᠡᠷᠡᠭ ᠤᠨ ᠡ᠊ᠨᠳᠡᠯ ᠭᠠᠷᠤᠭᠰᠠᠨ ᠤ ᠲᠤᠬᠠᠢ᠂ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠲᠤᠰ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠪᠣᠳᠠᠲᠠᠢ ᠣᠷᠣᠰᠢᠵᠤ ᠪᠠᠶᠢᠬᠤ ᠪᠥᠭᠡᠳ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ ᠰᠢᠢᠳᠬᠡᠯ ᠣᠯᠬᠤ ᠬᠡᠷᠡᠭᠲᠡᠢ᠂ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ ᠳᠡᠭᠡᠭᠰᠢ ᠵᠠᠭᠠᠯᠳᠤᠭᠴᠢ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠳᠤ ᠬᠠᠤᠯᠢ ᠴᠠᠭᠠᠵᠠ ᠶᠢ ᠬᠡᠷᠡᠭᠯᠡᠭᠰᠡᠨ ᠨᠢ ᠵᠥᠪ ᠣᠨᠣᠪᠴᠢᠲᠠᠶ ᠶᠤᠮ᠃ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ︽ᠵᠠᠰᠠᠭ ᠵᠠᠬᠢᠷᠭᠠᠨ ᠤ ᠰᠢᠢᠳᠬᠡᠯ ᠢ ᠮᠡᠳᠡᠭᠳᠡᠬᠦ ᠪᠢᠴᠢᠭ︾ ᠪᠣᠯᠣᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠳᠣᠲᠣᠷᠠᠬᠢ ᠬᠠᠤᠯᠢ ᠴᠠᠭᠠᠵᠠ ᠶᠢᠨ ᠵᠦᠢᠯ ᠵᠤᠷᠪᠤᠰ ᠢ ᠡᠰᠢᠯᠡᠵᠦ ᠬᠡᠷᠡᠭᠯᠡᠭᠰᠡᠨ ᠬᠡᠰᠡᠭ ᠲᠤ ᠲᠠᠰᠢᠶᠠᠷᠠᠯ ᠭᠠᠷᠴᠠᠢ᠃            ᠬᠤᠶᠠᠷ᠂ ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠬᠢᠨ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠭᠡᠵᠦ ᠵᠠᠭᠠᠯᠳᠤᠪᠠ᠂ ᠭᠡᠪᠡᠴᠦ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠷᠢᠴᠠᠩᠭᠤᠢ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠦᠶ᠎ᠡ ᠳᠤ᠂ ᠬᠡᠷᠡᠭᠯᠡᠭᠰᠡᠨ ᠬᠠᠤᠯᠢ ᠴᠠᠭᠠᠵᠠ ᠶᠢᠨ ᠪᠤᠷᠤᠭᠤ ᠠᠴᠠ ᠪᠣᠯᠵᠤ ᠬᠠᠷᠢᠴᠠᠩᠭᠤᠢ ᠬᠥᠮᠥᠨ ᠤ ᠪᠣᠳᠠᠲᠤ ᠡᠷᠬᠡ ᠳᠤ ᠬᠤᠬᠢᠷᠠᠯ ᠤᠴᠠᠷᠠᠭᠤᠯᠵᠤ᠂ ᠡᠭᠦᠨ ᠤ ᠤᠯᠠᠮ ᠠᠴᠠ ᠲᠤᠰ ᠵᠠᠰᠠᠭ ᠵᠠᠬᠢᠷᠭᠠᠨ ᠤ ᠰᠢᠢᠳᠬᠡᠯ ᠢ ᠬᠠᠤᠯᠢ ᠠᠴᠠ ᠵᠥᠷᠢᠴᠡᠬᠦ ᠳᠤ ᠬᠦᠷᠦᠭᠦᠯᠦᠭᠰᠡᠨ ᠢ ᠪᠠᠭᠲᠠᠭᠠᠨ᠎ᠠ᠃ ᠭᠡᠪᠡᠴᠦ ᠲᠤᠰ ᠬᠡᠷᠡᠭ ᠲᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠬᠠᠤᠯᠢ  ᠶᠢ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠬᠡᠷᠡᠭᠲᠡᠢ᠂ ᠲᠤᠰ ᠬᠡᠷᠡᠭ ᠤᠨ ᠵᠠᠰᠠᠭ ᠵᠠᠬᠢᠷᠭᠠᠨ ᠤ ᠰᠢᠢᠳᠬᠡᠯ ᠤᠨ ᠨᠤᠲᠠᠯᠠᠭᠰᠠᠨ ᠪᠣᠳᠠᠲᠤ ᠶᠠᠪᠤᠳᠠᠯ᠂ ᠭᠡᠷᠡᠴᠢ ᠪᠠᠷᠢᠮᠲᠠ ᠲᠤᠰ ᠵᠠᠰᠠᠭ ᠵᠠᠬᠢᠷᠭᠠᠨ ᠤ ᠰᠢᠢᠳᠬᠡᠯ ᠢ ᠭᠠᠷᠭᠠᠭᠰᠠᠨ ᠵᠢᠷᠤᠮ ᠵᠢᠴᠢ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢ ᠰᠢᠢᠳᠬᠡᠬᠦ ᠳᠤ ᠬᠡᠷᠡᠭᠯᠡᠭᠰᠡᠨ ᠬᠠᠤᠯᠢ ᠴᠠᠭᠠᠵᠠ ᠨᠢ ᠪᠦᠷ ᠵᠥᠪ ᠣᠨᠣᠪᠴᠢᠲᠠᠶ ᠶᠤᠮ᠃ ᠲᠤᠰ ᠵᠠᠰᠠᠭ ᠵᠠᠬᠢᠷᠭᠠᠨ ᠤ ᠰᠢᠢᠳᠬᠡᠯ ᠤᠨ ᠦᠢᠯᠡ ᠠᠵᠢᠯᠯᠠᠭ᠎ᠠ ᠳᠤ ᠪᠤᠷᠤᠭᠤ ᠪᠠᠶᠢᠬᠤ ᠦᠭᠡᠢ᠂ ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠡᠷᠬᠡ ᠳᠤ ᠶᠠᠮᠠᠷ ᠴᠤ ᠬᠤᠬᠢᠷᠠᠯ ᠤᠴᠠᠷᠠᠭᠤᠯᠤᠭᠰᠠᠨ ᠦᠭᠡᠢ᠂ ᠵᠥᠪᠬᠡᠨ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠳᠡᠬᠦ ᠪᠢᠴᠢᠭ︾ ᠪᠠ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠵᠣᠬᠢᠶᠠᠬᠤ ᠦᠶ᠎ᠡ ᠳᠤ᠂ ᠬᠠᠤᠯᠢ ᠴᠠᠭᠠᠵᠠ ᠶᠢᠨ ᠵᠦᠢᠯ ᠵᠤᠷᠪᠤᠰ ᠤᠨ ᠡᠰᠢᠯᠡᠨ ᠬᠡᠷᠡᠭᠯᠡᠭᠰᠡᠨ ᠬᠡᠰᠡᠭ ᠲᠤ ᠲᠠᠰᠢᠶᠠᠷᠠᠯ ᠭᠠᠷᠴᠠᠢ᠂ ᠡᠨᠡ ᠨᠢ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠪᠠᠶᠢᠳᠠᠯ ᠳᠤ ᠲᠣᠭᠠᠴᠠᠭᠳᠠᠬᠤ ᠦᠭᠡᠢ᠃            ᠭᠤᠷᠪᠠ᠂ ᠲᠤᠰ ᠬᠡᠷᠡᠭ ᠤᠨ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠭᠦᠢᠴᠡᠳ᠂ ᠵᠢᠷᠤᠮ ᠨᠢ ᠬᠠᠤᠯᠢ ᠳᠤ ᠨᠡᠶᠢᠴᠡᠨ᠎ᠡ᠂ ᠲᠤᠰ ᠤᠳᠠᠭᠠᠨ ᠤ ᠬᠡᠷᠡᠭ ᠲᠤ ᠬᠤᠯᠪᠣᠭᠳᠠᠭᠰᠠᠨ ᠳᠡᠯᠪᠡᠷᠡᠯᠲᠡ ᠶᠢᠨ ᠡ᠊ᠨᠳᠡᠯ ᠠᠴᠠ ᠪᠣᠯᠵᠤ ᠨᠢᠭᠡ ᠬᠥᠮᠥᠨ ᠦᠬᠦᠭᠰᠡᠨ ᠪᠠᠶᠢᠪᠠᠯ᠂ ︽1·13︾  ᠤ ᠳᠡᠯᠪᠡᠷᠡᠯᠲᠡ ᠶᠢᠨ ᠡ᠊ᠨᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾  ᠪᠠᠷ ᠲᠤᠰ ᠡ᠊ᠨᠳᠡᠯ ᠢ ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠬᠠᠷᠢᠭᠤᠴᠠᠯᠭ᠎ᠠ ᠶᠢᠨ ᠡ᠊ᠨᠳᠡᠯ ᠢᠶᠠᠷ ᠮᠠᠭᠠᠳᠯᠠᠨ ᠲᠣᠭᠲᠠᠭᠠᠪᠠ᠃ ᠭᠡᠷᠡᠴᠢᠯᠡᠭᠡ ᠰᠣᠨᠣᠰᠬᠤ ᠶᠠᠪᠤᠴᠠ ᠳᠤ᠂ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠲᠤᠰ ᠤᠳᠠᠭᠠᠨ ᠤ ᠵᠠᠰᠠᠭ ᠵᠠᠬᠢᠷᠭᠠᠨ ᠤ ᠰᠢᠢᠳᠬᠡᠯ ᠤᠨ ᠪᠣᠳᠠᠲᠤ ᠬᠡᠷᠡᠭ᠂ ᠭᠡᠷᠡᠴᠢ ᠪᠠᠷᠢᠮᠲᠠ᠂ ᠵᠢᠷᠤᠮ ᠢ ᠴᠥᠮ ᠮᠡᠳᠡᠷᠡᠨ ᠵᠥᠪᠰᠢᠶᠡᠷᠡᠪᠡ᠂ ᠲᠡᠷᠡ ᠨᠢ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠳᠤ ᠣᠨᠳᠣᠣ ᠰᠠᠨᠠᠯ ᠲᠠᠢ ᠪᠢᠰᠢ᠂ ᠬᠠᠷᠢᠨ ᠵᠥᠪᠬᠡᠨ ᠰᠢᠢᠳᠬᠡᠭᠳᠡᠬᠦ ᠡᠲᠡᠭᠡᠳ ᠲᠤ ᠣᠨᠳᠣᠣ ᠰᠠᠨᠠᠯ ᠲᠠᠢ ᠪᠠᠶᠢᠪᠠ᠃ ︽ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾  ᠤᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠲᠣᠰ ᠤᠳᠠᠭᠠᠨ ᠤ ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠬᠠᠷᠢᠭᠤᠴᠠᠯᠭ᠎ᠠ ᠶᠢᠨ ᠡ᠊ᠨᠳᠡᠯ ᠨᠢ ᠡᠩ ᠤᠨ ᠡ᠊ᠨᠳᠡᠯ ᠤᠨ ᠬᠡᠪᠴᠢᠶᠡᠨ ᠳᠤ ᠪᠠᠭᠲᠠᠨ᠎ᠠ᠃ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠠᠵᠢᠯᠯᠠᠭ᠎ᠠ ᠨᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠠᠷᠪᠠᠨ ᠳᠣᠯᠣᠳᠤᠭᠠᠷ ᠵᠦᠢᠯ᠂ ᠬᠤᠷᠢᠨ ᠲᠠᠪᠤᠳᠤᠭᠠᠷ ᠵᠦᠢᠯ᠂ ᠬᠤᠷᠢᠨ ᠳᠣᠯᠣᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ᠂ ᠳᠥᠴᠢᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠡᠢ᠃ ᠡᠶᠢᠮᠦ ᠠᠴᠠ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢ ᠠᠷᠠᠳ ᠤᠨ ᠵᠣᠭᠤᠰ ᠢᠶᠠᠷ 22 ᠲᠦᠮᠡᠨ ᠲᠥᠭᠦᠷᠢᠭ ᠲᠣᠷᠭᠠᠭᠤᠯᠢ ᠣᠨᠣᠭᠳᠠᠭᠤᠯᠬᠤ ᠪᠠᠷ ᠰᠢᠢᠳᠬᠡᠵᠡᠶ᠃ ᠲᠤᠰ ᠰᠢᠢᠳᠬᠡᠯ ᠤᠨ ᠠᠵᠢᠯᠯᠠᠭ᠎ᠠ ᠵᠢᠴᠢ ᠲᠣᠷᠭᠠᠭᠤᠯᠢ ᠶᠢᠨ ᠵᠣᠭᠤᠰ ᠤᠨ ᠲᠤᠭ᠎ᠠ ᠬᠡᠮᠵᠢᠶ᠎ᠡ ᠨᠢ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠵᠦ᠂ ᠲᠤᠰ ᠰᠢᠢᠳᠬᠡᠯ ᠤᠨ ᠠᠵᠢᠯᠯᠠᠭ᠎ᠠ ᠨᠢ ᠬᠠᠤᠯᠢ ᠶᠣᠰᠣᠴᠢ ᠴᠢᠨᠠᠷ ᠪᠠ ᠵᠦᠢ ᠶᠣᠰᠣᠴᠢ ᠴᠢᠨᠠᠷ ᠢ ᠪᠦᠷᠢᠯᠳᠦᠭᠦᠯᠦᠭᠰᠡᠨ ᠪᠥᠭᠡᠳ ᠴᠢᠤᠪᠸᠢ ᠶᠢᠨ ᠨᠢᠭᠡᠨ ᠮᠠᠰᠢᠨ ᠲᠡᠷᠭᠡ ᠵᠠᠰᠠᠵᠤ ᠰᠡᠯᠪᠢᠬᠦ ᠦᠢᠯᠡᠳᠪᠦᠷᠢ ᠨᠢ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠣᠯᠣᠭᠰᠠᠨ ᠤ ᠲᠠᠷᠠᠭ᠎ᠠ ᠵᠣᠬᠢᠴᠠᠩᠭᠤᠢ ᠲᠣᠷᠭᠠᠭᠤᠯᠢ ᠶᠢᠨ ᠵᠣᠭᠤᠰ ᠢ ᠲᠤᠰᠢᠶᠠᠵᠠᠢ᠂ ᠡᠨᠡ ᠨᠢ ᠴᠢᠤᠪᠸᠢ ᠶᠢᠨ ᠨᠢᠭᠡᠨ ᠮᠠᠰᠢᠨ ᠲᠡᠷᠭᠡ ᠵᠠᠰᠠᠵᠤ ᠰᠡᠯᠪᠢᠬᠦ ᠦᠢᠯᠡᠳᠪᠦᠷᠢ ᠴᠦ ᠲᠤᠰ ᠰᠢᠢᠳᠬᠡᠯ ᠤᠨ ᠠᠵᠢᠯᠯᠠᠭ᠎ᠠ ᠶᠢ ᠵᠥᠪᠰᠢᠶᠡᠷᠡᠭᠰᠡᠨ ᠢ ᠭᠡᠷᠡᠴᠢᠯᠡᠵᠦ ᠪᠠᠶᠢᠨ᠎ᠠ᠃ ᠡᠶᠢᠮᠦ ᠠᠴᠠ᠂ ᠲᠤᠰ ᠬᠡᠷᠡᠭ ᠤᠨ ᠵᠠᠰᠠᠭ ᠵᠠᠬᠢᠷᠭᠠᠨ ᠤ ᠰᠢᠢᠳᠬᠡᠯ ᠢ ᠪᠣᠯ ᠵᠥᠪ ᠣᠨᠣᠪᠴᠢᠲᠠᠶ ᠬᠠᠤᠯᠢ ᠴᠠᠭᠠᠵᠠ ᠶᠢᠨ ᠲᠣᠭᠲᠠᠭᠠᠯ ᠢ ᠬᠡᠷᠡᠭᠯᠡᠨ ᠶᠠᠪᠤᠭᠤᠯᠳᠠᠭ ᠶᠤᠮ᠂ ᠰᠢᠢᠳᠬᠡᠯ ᠤᠨ ᠲᠤᠭ᠎ᠠ ᠬᠡᠮᠵᠢᠶ᠎ᠡ ᠨᠢ ᠵᠦᠢ ᠵᠣᠬᠢᠰᠲᠠᠢ᠂ ᠵᠥᠪᠬᠡᠨ ᠬᠤᠯᠪᠣᠭᠳᠠᠯ ᠪᠦᠬᠦᠢ ᠪᠢᠴᠢᠭ ᠬᠠᠷ᠎ᠠ ᠶᠢ ᠨᠠᠶᠢᠷᠠᠭᠤᠯᠬᠤ ᠦᠶ᠎ᠡ ᠳᠤ ᠲᠠᠰᠢᠶᠠᠷᠠᠯ ᠭᠠᠷᠤᠭᠰᠠᠨ ᠠᠴᠠ ᠪᠢᠰᠢ᠂ ᠬᠠᠤᠯᠢ ᠴᠠᠭᠠᠵᠠ ᠶᠢ ᠪᠤᠷᠤᠭᠤ ᠬᠡᠷᠡᠭᠯᠡᠭᠰᠡᠨ ᠪᠠᠶᠢᠳᠠᠯ ᠣᠷᠣᠰᠢᠬᠤ ᠦᠭᠡᠢ ᠶᠤᠮ᠃            【ᠬᠤᠶᠠᠳᠤᠭᠠᠷ ᠰᠢᠭᠦᠯᠲᠡ ᠶᠢᠨ ᠰᠢᠭᠦᠨ ᠳᠠᠰᠤᠯᠤᠯᠲᠠ ᠶᠢᠨ ᠭᠤᠣᠯ ᠵᠣᠷᠢᠯᠲᠠ】            2018 ᠣᠨ ᠤ 4 ᠰᠠᠷ᠎ᠠ ᠶᠢᠨ 28 ᠤ ᠡᠳᠦᠷ ᠴᠢᠦᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠴᠢᠦᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠤᠨ ᠠᠭᠤᠯᠭ᠎ᠠ ᠨᠢ᠄︾ ᠁᠁ ᠳᠡᠭᠡᠷᠡᠬᠢ ᠪᠣᠳᠠᠲᠤ ᠬᠡᠷᠡᠭ ᠨᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠵᠠᠭᠤ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠤᠨ ᠲᠣᠭᠲᠠᠭᠠᠯ ᠢ ᠵᠥᠷᠢᠴᠡᠵᠡᠢ᠃ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠠᠷᠠᠳ ᠤᠨ ᠵᠣᠭᠤᠰ ᠢᠶᠠᠷ ᠬᠤᠶᠠᠷ ᠲᠦᠮᠡᠨ ᠲᠥᠭᠦᠷᠢᠭ ᠤᠨ ᠲᠣᠷᠭᠠᠭᠤᠯᠢ ᠣᠨᠣᠭᠳᠠᠭᠤᠯᠬᠤ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠪᠠ ᠁︾ ᠲᠤᠰ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ︾  ᠲᠤ ᠳᠡᠭᠡᠭᠰᠢ ᠵᠠᠭᠠᠯᠳᠤᠭᠴᠢ ᠶᠢᠨ ᠬᠠᠤᠯᠢ ᠶᠢ ᠵᠥᠷᠢᠴᠡᠭᠰᠡᠨ ᠪᠣᠳᠠᠲᠠᠢ ᠪᠠᠶᠢᠳᠠᠯ ︵ᠳᠠᠷᠤᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠢ ᠵᠥᠷᠢᠴᠡᠭᠰᠡᠨ︶ ᠢ ᠲᠣᠳᠣᠷᠬᠠᠶᠢᠯᠠᠨ ᠥᠭᠦᠯᠡᠭᠰᠡᠨ ᠦᠭᠡᠢ᠂ ᠰᠢᠢᠳᠬᠡᠬᠦ ᠦᠨᠳᠦᠰᠦ ᠪᠠᠷᠢᠮᠲᠠ ︵ᠳᠠᠷᠤᠢ ᠬᠠᠤᠯᠢ ᠴᠠᠭᠠᠵᠠ ᠶᠢᠨ ᠬᠠᠷᠢᠭᠤᠴᠠᠯᠭ᠎ᠠ︶ ᠶᠢᠨ ᠲᠤᠬᠠᠢ ᠥᠭᠦᠯᠡᠯᠲᠡ ᠨᠢ ᠴᠦ ᠳᠤᠲᠠᠮᠠᠭ ᠪᠠᠶᠢᠵᠤ᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾  ᠶᠢᠨ ᠭᠤᠴᠢ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠭᠤᠷᠪᠠᠳᠤᠭᠠᠷ ᠵᠤᠷᠪᠤᠰ ᠤᠨ ︽ᠵᠠᠰᠠᠭ ᠵᠠᠬᠢᠷᠭᠠᠨ ᠤ ᠰᠢᠢᠳᠬᠡᠯ ᠤᠨ ᠲᠦᠷᠦᠯ ᠵᠦᠢᠯ ᠪᠠ ᠦᠨᠳᠦᠰᠦ ᠪᠠᠷᠢᠮᠲᠠ︾  ᠶᠢᠨ ᠬᠠᠤᠯᠢ ᠴᠠᠭᠠᠵᠠ ᠶᠢᠨ ᠠᠯᠪᠠᠳᠠᠯᠭ᠎ᠠ ᠶᠢᠨ ᠴᠢᠨᠠᠷᠲᠠᠢ ᠲᠣᠭᠲᠠᠭᠠᠯ ᠲᠠᠢ ᠨᠡᠶᠢᠴᠡᠬᠦ ᠦᠭᠡᠢ ᠪᠠᠶᠢᠵᠤ᠂ ︽ᠵᠠᠰᠠᠭ ᠵᠠᠬᠢᠷᠭᠠᠨ ᠤ ᠵᠠᠷᠭᠤ ᠶᠢᠨ ᠬᠠᠤᠯᠢ︾  ᠶᠢᠨ ᠳᠠᠯᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠣᠭᠲᠠᠭᠠᠭᠰᠠᠨ ︽ᠬᠠᠤᠯᠢ ᠴᠠᠭᠠᠵᠠ᠂ ᠬᠠᠤᠯᠢ ᠲᠣᠭᠲᠠᠭᠠᠯ ᠢ ᠪᠤᠷᠤᠭᠤ ᠬᠡᠷᠡᠭᠯᠡᠭᠰᠡᠨ︾ ᠪᠠᠶᠢᠳᠠᠯ ᠢ ᠬᠦᠴᠦᠨ ᠦᠭᠡᠢ ᠪᠣᠯᠭᠠᠬᠤ ᠪᠠᠷ ᠲᠠᠰᠤᠯᠵᠤ ᠪᠣᠯᠬᠤ ᠪᠠᠶᠢᠳᠠᠯ ᠳᠤ ᠢᠯᠡᠳᠲᠡ ᠲᠣᠭᠠᠴᠠᠭᠳᠠᠨ᠎ᠠ᠃ ᠲᠠᠰᠢᠶᠠᠷᠠᠯ ᠭᠡᠳᠡᠭ ᠨᠢ ᠪᠣᠯᠭᠤᠮᠵᠢ ᠦᠭᠡᠢ ᠠᠴᠠ ᠪᠣᠯᠵᠤ ᠪᠤᠷᠤᠭᠤ ᠦᠰᠦᠭ ᠪᠢᠴᠢᠭᠰᠡᠨ ᠢ ᠬᠡᠯᠡᠵᠦ ᠪᠠᠶᠢᠨ᠎ᠠ᠂ ᠪᠠᠰᠠ ᠪᠣᠯᠭᠤᠮᠵᠢ ᠦᠭᠡᠢ ᠠᠴᠠ ᠪᠣᠯᠵᠤ ᠪᠤᠷᠤᠭᠤ ᠦᠰᠦᠭ ᠪᠢᠴᠢᠭᠰᠡᠨ ᠢ ᠬᠡᠯᠡᠵᠦ ᠪᠠᠶᠢᠨ᠎ᠠ᠃ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ ᠨᠢ ᠲᠥᠪ ᠴᠢᠩᠭ᠎ᠠ ᠴᠢᠨᠠᠷᠲᠠᠢ ᠪᠠᠶᠢᠵᠤ᠂ ᠲᠡᠭᠦᠨ ᠢ ᠵᠣᠬᠢᠶᠠᠬᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠴᠢᠩᠭ᠎ᠠ ᠲᠣᠭᠲᠠᠭᠠᠯ ᠪᠠ ᠱᠠᠭᠠᠷᠳᠠᠯᠭ᠎ᠠ ᠲᠠᠢ ᠪᠠᠶᠢᠵᠤ᠂ ᠲᠡᠭᠦᠨ ᠤ ᠦᠭᠡ ᠥᠭᠦᠯᠡᠪᠦᠷᠢ᠂ ᠠᠭᠤᠯᠭ᠎ᠠ᠂ ᠬᠡᠪ ᠵᠠᠭᠪᠤᠷ ᠵᠡᠷᠭᠡ ᠳᠤ ᠴᠥᠮ ᠵᠣᠬᠢᠬᠤ ᠵᠢᠷᠤᠮᠵᠢᠭᠰᠠᠨ ᠱᠠᠭᠠᠷᠳᠠᠯᠭ᠎ᠠ ᠲᠠᠢ ᠪᠠᠶᠢᠳᠠᠭ᠃ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠥᠪᠲᠥᠭᠡᠬᠦ ᠳᠤ ᠬᠡᠷᠡᠭᠯᠡᠭᠰᠡᠨ ᠬᠠᠤᠯᠢ ᠴᠠᠭᠠᠵᠠ ᠨᠢ ︽ᠲᠠᠰᠢᠶᠠᠷᠠᠯ︾  ᠳᠤ ᠲᠣᠭᠠᠴᠠᠭᠳᠠᠵᠤ᠂ ᠲᠤᠰ ᠬᠡᠷᠡᠭ ᠤᠨ ᠪᠤᠰᠤᠳᠴᠢ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠶᠤᠮ᠃ ᠪᠤᠰᠤᠳ ᠬᠠᠤᠯᠢ ᠴᠠᠭᠠᠵᠠ ᠶᠢᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠬᠤᠷᠢᠶᠠᠩᠭᠤᠶᠢᠯᠠᠵᠤ᠂ ᠸᠧᠨ ᠱᠠᠨ ᠤ ᠵᠤᠸᠠᠩ ᠦᠨᠳᠦᠰᠦᠲᠡᠨ ᠮᠢᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠮᠠᠭᠠᠳᠯᠠᠨ ᠲᠣᠭᠲᠠᠭᠠᠭᠰᠠᠨ ᠨᠢ᠄ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠲᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠪᠤᠷᠤᠭᠤ ᠬᠡᠷᠡᠭᠯᠡᠭᠰᠡᠨ ᠠᠴᠠ ᠴᠢᠤᠪᠸᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠴᠢᠤᠪᠸᠢ ᠶᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠳᠤ ᠭᠠᠷᠭᠠᠭᠰᠠᠨ ︽ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠤᠨ ᠪᠢᠴᠢᠭ︾  ᠢ ᠬᠦᠴᠦᠨ ᠦᠭᠡᠢ ᠪᠣᠯᠭᠠᠬᠤ ᠪᠠᠷ ᠰᠢᠭᠦᠨ ᠲᠠᠰᠤᠯᠵᠠᠢ᠃                        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠢ ᠪᠠᠴᠢᠮ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾  ᠳᠤ ᠵᠠᠰᠠᠪᠤᠷᠢ ᠣᠷᠣᠭᠤᠯᠬᠤ ᠲᠤᠬᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ                    ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾      ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号