| | | ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠪᠣᠯ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠠᠴᠠ ᠵᠥᠪᠰᠢᠶᠡᠷᠡᠭᠰᠡᠨ ︽ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠪᠠ ︽ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ ︽ᠪᠦᠬᠦ | ᠤᠯᠤᠰ ᠤᠨ ᠨᠢᠭᠡ ᠴᠣᠭᠴᠠᠵᠢᠭᠰᠠᠨ ᠴᠠᠬᠢᠮ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠵᠢᠯᠤᠭᠤᠳᠬᠤ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠴᠢᠮ ᠪᠠᠶᠢᠳᠠᠯ ᠢ | ᠠᠷᠭᠠᠴᠠᠬᠤ ᠶᠠᠮᠤᠨ ᠠᠴᠠ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ︵ᠤᠤᠯ ᠤᠨ ᠤᠯᠤᠰ ᠤᠨ ᠠᠶᠤᠯᠭᠦᠢ | ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 88 ᠳ᠋ᠤᠭᠠᠷ | ᠲᠣᠭᠠᠲᠤ᠂ ᠳᠣᠷᠣᠭᠰᠢ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠳᠤ | ᠵᠠᠰᠠᠪᠤᠷᠢ ᠣᠷᠣᠭᠤᠯᠪᠠ᠃ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠤᠭᠰᠠᠨ ᠠᠬᠤᠢ ᠪᠠᠶᠢᠳᠠᠯ ᠪᠠ ᠭᠤᠣᠯ ᠠᠭᠤᠯᠭ᠎ᠠ ᠨᠢ ᠶᠠᠭᠤ ᠪᠣᠶ︖ ᠦᠷᠭᠦᠯᠵᠢᠯᠡᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠬᠡᠷᠬᠢᠨ ᠰᠠᠶᠢᠲᠤᠷ ᠬᠢᠬᠦ ᠪᠤᠢ︖ ᠰᠤᠷᠪᠤᠯᠵᠢᠯᠠᠭᠴᠢ ᠡᠨᠡ ᠲᠤᠬᠠᠢ ᠪᠠᠴᠢᠮ | ᠪᠠᠶᠢᠳᠠᠯ ᠢ ᠠᠷᠭᠠᠴᠠᠬᠤ ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ ᠢ ᠰᠤᠷᠪᠤᠯᠵᠢᠯᠠᠪᠠ᠃ | | ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ | ᠭᠦᠢᠴᠡᠳ ᠰᠢᠩᠭᠡᠬᠡᠨ ᠠᠪᠤᠨ᠎ᠠ | | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠶᠠᠮᠤᠨ ᠬᠤᠯᠪᠣᠭᠳᠠᠯ | ᠪᠦᠬᠦᠢ ᠳᠦᠷᠢᠮ ᠲᠣᠭᠲᠠᠭᠠᠯ ᠢ ᠢᠯᠭᠠᠷᠠᠭᠤᠯᠤᠨ ᠳᠢᠭᠯᠡᠬᠦ ᠠᠵᠢᠯ ᠢ ᠲᠦᠷᠭᠡᠪᠴᠢᠯᠡᠨ ᠠᠬᠢᠭᠤᠯᠵᠤ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠬᠤ ᠳᠤ ᠭᠤᠣᠯᠳᠠᠭᠤ ᠭᠤᠷᠪᠠᠨ ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠵᠠᠢ᠄ ᠨᠢᠭᠡ ᠳᠤ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠬᠡᠷᠡᠭᠴᠡᠭᠡ ᠠᠴᠠ ᠪᠣᠯᠵᠠᠢ᠃ 2018 ᠣᠨ ᠤ 10 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠨᠢᠭᠡ ᠰᠦᠯᠵᠢᠶ᠎ᠡ ᠪᠠᠷ ᠰᠢᠢᠳᠪᠦᠷᠢᠯᠡᠬᠦ﹀ ᠲᠠᠢ ᠥᠯᠥ | ᠵᠣᠬᠢᠴᠠᠬᠤ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠵᠡᠷᠭᠡ ᠠᠵᠢᠯ ᠢ ᠲᠦᠷᠭᠡᠪᠴᠢᠯᠡᠨ | ᠠᠬᠢᠭᠤᠯᠬᠤ ᠲᠤᠬᠠᠢ ᠮᠡᠳᠡᠭᠳᠡᠯ︾ ᠢ ᠬᠡᠪᠯᠡᠨ ᠲᠠᠷᠬᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠨᠢᠭᠡ ᠰᠦᠯᠵᠢᠶ᠎ᠡ ᠪᠠᠷ | ᠰᠢᠢᠳᠪᠦᠷᠢᠯᠡᠬᠦ﹀ ᠲᠠᠢ ᠥᠯᠥ ᠵᠣᠬᠢᠴᠠᠬᠤ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ | ᠬᠡᠷᠡᠭᠲᠡᠢ᠂ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠶᠢ ᠵᠠᠰᠠᠪᠤᠷᠢ ᠣᠷᠣᠭᠤᠯᠬᠤ ᠶᠣᠰᠣᠲᠠᠢ | ᠬᠡᠪᠴᠢᠶᠡᠨ ᠳᠤ ᠣᠷᠣᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠬᠤᠶᠠᠷ ᠲᠤ ᠲᠦᠷᠦ ᠶᠢᠨ ᠶᠠᠪᠤᠳᠠᠯ ᠤᠨ | ᠬᠤᠷᠢᠶᠠᠨ ᠤ ︽ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠬᠡᠷᠡᠭᠴᠡᠭᠡ᠃ ︽ᠳᠦᠷᠢᠮ︾ ᠳᠤ ᠭᠤᠣᠯᠳᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠩᠰᠠᠯᠠᠬᠤ᠂ ᠰᠣᠷᠢᠯᠲᠠ ᠬᠢᠬᠦ ᠵᠡᠷᠭᠡ ᠲᠠᠯ᠎ᠠ ᠪᠠᠷ ᠰᠢᠨ᠎ᠡ | ᠱᠠᠭᠠᠷᠳᠠᠯᠭ᠎ᠠ ᠭᠠᠷᠭᠠᠵᠠᠢ᠂ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠶᠢ ᠡᠭᠦᠨ ᠲᠠᠢ ᠢᠵᠢ | ᠪᠦᠷᠢᠳᠦᠭᠦᠯᠦᠨ ᠵᠣᠯᠭᠠᠭᠤᠯᠬᠤ ᠴᠢᠬᠤᠯᠠᠲᠠᠢ ᠪᠠᠶᠢᠨ᠎ᠠ᠃ ᠭᠤᠷᠪᠠ ᠳᠤ ︽ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠭᠤᠯᠤᠮᠵᠢ ᠶᠢ ᠥᠭᠡᠷᠡᠴᠢᠯᠡᠬᠦ ᠲᠥᠰᠥᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠴᠡᠭᠡ᠃ | ᠪᠠᠶᠢᠭᠤᠯᠤᠮᠵᠢ ᠶᠢ ᠥᠭᠡᠷᠡᠴᠢᠯᠡᠭᠰᠡᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠨᠢ ᠰᠢᠨ᠎ᠡ ᠪᠠᠷ | ᠪᠠᠶᠢᠭᠤᠯᠤᠭᠰᠠᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠵᠤ | ᠬᠠᠮᠢᠶᠠᠷᠬᠤ ᠰᠠᠯᠠᠭ᠎ᠠ ᠮᠥᠴᠢᠷ︾ ᠭᠡᠵᠦ ᠪᠠᠶᠢᠭᠰᠠᠨ ᠢ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ︾ ᠭᠡᠵᠦ ᠵᠠᠰᠠᠬᠤ ᠬᠡᠷᠡᠭᠲᠡᠢ᠃ | | ᠪᠠᠴᠢᠮ ᠪᠠᠶᠢᠳᠠᠯ ᠢ ᠠᠷᠭᠠᠴᠠᠬᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ︽ᠪᠡᠯᠡᠳᠬᠡᠯ ᠲᠥᠰᠥᠯ ᠤᠨ | ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠸᠠᠩ ᠮᠢᠩ ᠱᠦᠵᠢ ᠤᠯᠠᠨ ᠤᠳᠠᠭ᠎ᠠ ᠴᠣᠬᠤᠯᠠᠪᠤᠷᠢ ᠵᠢᠭᠠᠪᠤᠷᠢ ᠥᠭᠴᠡᠢ᠃ ᠪᠠᠴᠢᠮ ᠪᠠᠶᠢᠳᠠᠯ ᠢ ᠠᠷᠭᠠᠴᠠᠬᠤ | ᠶᠠᠮᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ ᠬᠢᠨ ᠠᠪᠤᠷᠠᠨ ᠲᠤᠰᠠᠯᠠᠬᠤ ᠠᠵᠢᠯ ᠢ | ᠵᠣᠬᠢᠴᠠᠭᠤᠯᠬᠤ ᠪᠠ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠶᠤᠯᠭᠦᠢ | ᠦᠢᠯᠡᠳᠪᠦᠷᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠪ ᠵᠡᠷᠭᠡ ᠨᠢᠭᠡᠴᠢ ᠶᠢᠨ | ᠬᠦᠴᠦᠲᠡᠢ ᠬᠠᠮᠵᠢᠯᠴᠠᠭ᠎ᠠ ᠳᠣᠣᠷ᠎ᠠ᠂ ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠲᠥᠰᠥᠯ ᠤᠨ ᠬᠠᠮᠢᠶᠠᠷᠤᠯᠲᠠ ᠶᠢᠨ ᠣᠳᠣᠬᠢ ᠪᠠᠶᠢᠳᠠᠯ ᠢ ᠪᠣᠳᠠᠲᠠᠢ ᠵᠠᠰᠠᠪᠤᠷᠢ ᠣᠷᠣᠭᠤᠯᠬᠤ ᠵᠦᠢᠯ | ᠵᠤᠷᠪᠤᠰ ᠢ ᠳᠤᠷᠠᠳᠴᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ | ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ | ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ᠂ ᠠᠮᠢ ᠠᠬᠤᠢ ᠣᠷᠴᠢᠨ ᠲᠣᠭᠤᠷᠢᠨ ᠤ | ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠳᠪᠦᠷᠢ ᠶᠢᠨ ᠲᠣᠪᠴᠢᠶ᠎ᠠ ᠵᠡᠷᠭᠡ ᠲᠥᠷᠥ ᠶᠢᠨ ᠶᠠᠪᠤᠳᠠᠯ ᠤᠨ ᠬᠤᠷᠢᠶᠠᠨ ᠤ 15 | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ | ᠰᠢᠩᠭᠡᠬᠡᠨ ᠠᠪᠤᠭᠰᠠᠨ ᠰᠠᠭᠤᠷᠢᠨ ᠳᠡᠭᠡᠷ᠎ᠡ ᠤᠯᠠᠮ ᠲᠡᠭᠦᠯᠳᠡᠷᠵᠢᠭᠦᠯᠦᠭᠰᠡᠨ ᠤ ᠳᠠᠷᠠᠭ᠎ᠠ᠂ ᠪᠠᠴᠢᠮ ᠪᠠᠶᠢᠳᠠᠯ ᠢ | ᠠᠷᠭᠠᠴᠠᠬᠤ ᠶᠠᠮᠤᠨ ᠤ ᠶᠠᠮᠤᠨ ᠤ ᠶᠠᠪᠤᠳᠠᠯ ᠤᠨ ᠬᠤᠷᠠᠯ ᠳᠤ ᠮᠡᠳᠡᠭᠦᠯᠦᠨ ᠬᠢᠨᠠᠨ ᠵᠥᠪᠯᠡᠭᠦᠯᠵᠦ ᠪᠠᠲᠤᠯᠠᠭᠤᠯᠤᠨ᠎ᠠ᠃ | 2019 ᠣᠨ ᠤ 7 ᠰᠠᠷ᠎ᠠ ᠶᠢᠨ 11 ᠤ ᠡᠳᠦᠷ ᠪᠠᠴᠢᠮ ᠪᠠᠶᠢᠳᠠᠯ ᠢ ᠠᠷᠭᠠᠴᠠᠬᠤ ᠶᠠᠮᠤᠨ ᠶᠠᠮᠤᠨ ᠤ 2 ᠳ᠋ᠤᠭᠠᠷ | ᠵᠠᠷᠯᠢᠭ ᠢᠶᠠᠷ ︽︿ᠦᠢᠯᠡᠳᠪᠦᠷᠢᠯᠡᠬᠦ ᠠᠵᠢᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠢ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ︾ ᠢ ᠨᠡᠶᠢᠲᠡᠯᠡᠵᠦ᠂ 2019 ᠣᠨ ᠤ 9 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠬᠤᠶᠠᠷ᠂ ᠵᠥᠷᠢᠶ᠎ᠡ ᠪᠠᠨ ᠡᠷᠢᠵᠦ᠂ ᠵᠦᠢᠯᠡᠰ ᠢᠶᠠᠨ ᠴᠢᠩᠭ᠎ᠠ ᠪᠠᠭᠤᠷᠠᠭᠤᠯᠤᠨ᠂ ᠪᠡᠯᠡᠳᠬᠡᠯ ᠲᠥᠰᠥᠯ ᠤᠨ | ᠬᠠᠮᠢᠶᠠᠷᠤᠯᠲᠠ ᠶᠢᠨ ᠭᠢᠯᠠᠰ ᠴᠡᠭ ᠭᠤᠣᠯᠳᠠᠯᠭ᠎ᠠ ᠶᠢ ᠳᠣᠪᠤᠶᠢᠯᠭᠠᠨ᠎ᠠ | | ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠡᠯᠡᠳᠬᠡᠯ ᠲᠥᠰᠥᠯ ᠤᠨ ᠬᠠᠮᠢᠶᠠᠷᠤᠯᠲᠠ ᠨᠢ | ᠡᠯ᠎ᠡ ᠲᠠᠯ᠎ᠠ ᠳᠤ ᠬᠤᠯᠪᠣᠭᠳᠠᠵᠤ ᠪᠠᠶᠢᠳᠠᠭ᠃ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠳᠤ | ᠵᠠᠰᠠᠪᠤᠷᠢ ᠣᠷᠣᠭᠤᠯᠬᠤ ᠡᠭᠦᠷᠭᠡ ᠬᠦᠨᠳᠦ᠂ ᠴᠠᠭ ᠪᠠᠴᠢᠮ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠶᠠᠮᠤᠨ ᠤ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠠᠴᠠ ᠬᠤᠯᠪᠣᠭᠳᠠᠯ ᠪᠦᠬᠦᠢ ᠲᠠᠯ᠎ᠠ ᠲᠠᠢ ᠬᠠᠮᠲᠤᠷᠠᠨ | ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠰᠤᠳᠤᠯᠵᠤ᠂ | ᠠᠵᠢᠯ ᠤᠨ ᠶᠡᠷᠦᠩᠬᠡᠢ ᠰᠡᠳᠬᠢᠴᠡ ᠪᠠᠨ ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠪᠡᠯᠡᠳᠬᠡᠯ ᠲᠥᠰᠥᠯ ᠤᠨ | ᠬᠠᠮᠢᠶᠠᠷᠤᠯᠲᠠ ᠶᠢᠨ ᠭᠢᠯᠠᠰ ᠴᠡᠭ ᠢ ᠳᠣᠪᠤᠶᠢᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠠᠩᠰᠠᠯᠠᠬᠤ ᠬᠠᠮᠢᠶ᠎ᠠ ᠪᠦᠬᠦᠢ | ᠮᠠᠲ᠋ᠧᠷᠢᠶᠠᠯ ᠢ ᠤᠯᠠᠮ ᠴᠣᠮᠬᠠᠳᠬᠠᠵᠤ᠂ ᠦᠢᠯᠡᠳᠪᠦᠷᠢᠯᠡᠬᠦ ᠠᠵᠢᠯ ᠤᠨ ᠨᠢᠭᠡᠴᠢ ᠪᠣᠯᠣᠨ ᠠᠵᠤ ᠠᠬᠤᠶᠢᠯᠠᠯ ᠤᠨ | ᠳᠠᠩᠰᠠᠯᠠᠬᠤ ᠳᠤ ᠳᠦᠬᠦᠮ ᠦᠵᠡᠭᠦᠯᠬᠦ ᠶᠢᠨ ᠬᠠᠮᠲᠤ ᠪᠠᠰᠠ ︽ᠳᠦᠷᠢᠮ︾ ᠤᠨ ᠰᠢᠨ᠎ᠡ ᠱᠠᠭᠠᠷᠳᠠᠯᠭ᠎ᠠ ᠲᠠᠢ ᠴᠢᠩᠭ᠎ᠠ | ᠬᠠᠷᠢᠴᠠᠭᠤᠯᠵᠤ᠂ ᠵᠥᠷᠢᠶ᠎ᠡ ᠪᠠᠨ ᠡᠷᠢᠵᠦ᠂ ᠴᠢᠩᠭ᠎ᠠ ᠪᠠᠭᠤᠷᠠᠢ ᠵᠦᠢᠯ ᠢᠶᠠᠨ ᠪᠠᠭᠠᠰᠬᠠᠵᠤ᠂ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠤᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠲᠤᠪᠤᠶᠢᠯᠭᠠᠵᠤ᠂ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ | ᠠᠷᠭ᠎ᠠ︾ ᠳᠤ ᠵᠠᠰᠠᠪᠤᠷᠢ ᠣᠷᠣᠭᠤᠯᠬᠤ ᠪᠠ ︽ᠳᠦᠷᠢᠮ︾ ᠢ ᠭᠦᠢᠴᠡᠳ ᠵᠣᠯᠭᠠᠭᠤᠯᠬᠤ ᠶᠢ ᠦᠨᠡᠨ ᠬᠦ ᠪᠠᠲᠤᠯᠠᠵᠤ | ᠂ ᠪᠡᠯᠡᠳᠬᠡᠯ ᠲᠥᠰᠥᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠳᠠᠯᠳᠠ ᠭᠡᠮ ᠢ ᠵᠠᠰᠠᠬᠤ᠂ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠪᠠᠷ ᠬᠢ | ᠰᠠᠭᠤᠷᠢ ᠪᠠᠲᠤᠯᠠᠭ᠎ᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ᠂ ᠳᠦᠷᠢᠮ | ᠲᠣᠭᠲᠠᠭᠠᠯ ᠤᠨ ᠬᠠᠤᠯᠢ ᠲᠣᠭᠲᠠᠭᠠᠬᠤ ᠮᠡᠷᠭᠡᠵᠢᠯ ᠤᠨ ᠱᠠᠭᠠᠷᠳᠠᠯᠭ᠎ᠠ ᠶᠢ ᠵᠢᠷᠤᠮᠯᠠᠵᠤ᠂ ᠦᠢᠯᠡᠳᠪᠦᠷᠢᠯᠡᠬᠦ ᠠᠵᠢᠯ ᠤᠨ | ᠠᠶᠤᠯᠭᠦᠢ ᠶᠢᠨ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠶᠢ ︽ᠳᠦᠷᠢᠮ︾ ᠢ ᠴᠢᠩᠭ᠎ᠠ ᠵᠢᠷᠤᠮᠯᠠᠨ ᠰᠢᠢᠳᠬᠡᠬᠦ ᠬᠡᠷᠡᠭᠲᠡᠢ᠂ ᠳᠡᠭᠡᠳᠦ ᠪᠠᠶᠢᠷᠢ ᠶᠢᠨ ᠬᠠᠤᠯᠢ ᠶᠢ | ᠳᠠᠪᠠᠭᠤᠯᠵᠤ ᠪᠣᠯᠬᠤ ᠦᠭᠡᠢ᠂ ᠬᠠᠤᠯᠢ ᠲᠣᠭᠲᠠᠭᠠᠯ ᠠᠴᠠ ᠭᠠᠳᠠᠨᠠᠬᠢ ᠪᠤᠰᠤᠳ ᠡᠭᠦᠷᠭᠡ ᠶᠢ ᠲᠣᠭᠲᠠᠭᠠᠬᠤ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | | ᠲᠠᠨᠢᠯᠴᠠᠭᠤᠯᠤᠭᠰᠠᠨ ᠢᠶᠠᠷ᠂ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠤᠭᠰᠠᠨ ᠨᠢ 19 ᠵᠦᠢᠯ ᠤᠨ ᠠᠭᠤᠯᠭ᠎ᠠ ᠳᠤ ᠬᠤᠯᠪᠣᠭᠳᠠᠵᠤ᠂ ᠦᠢᠯᠡᠳᠪᠦᠷᠢᠯᠡᠬᠦ ᠠᠵᠢᠯ ᠤᠨ | ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ᠂ | ᠬᠢᠨᠠᠨ ᠲᠣᠭᠲᠠᠭᠠᠬᠤ᠂ ᠨᠡᠶᠢᠲᠡᠯᠡᠬᠦ᠂ ᠳᠠᠩᠰᠠᠯᠠᠬᠤ᠂ ᠬᠡᠷᠡᠭᠵᠢᠭᠦᠯᠬᠦ ᠵᠢᠴᠢ ᠬᠢᠨᠠᠨ ᠬᠠᠮᠢᠶᠠᠷᠬᠤ ᠠᠵᠢᠯ ᠢ ᠬᠠᠮᠤᠷᠴᠠᠢ᠃ | ᠵᠠᠰᠠᠪᠤᠷᠢ ᠣᠷᠣᠭᠤᠯᠬᠤ ᠭᠤᠣᠯ ᠠᠭᠤᠯᠭ᠎ᠠ ᠨᠢ᠄ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠶᠢᠨ | 27 ᠳ᠋ᠤᠭᠠᠷ ᠵᠦᠢᠯ ᠳᠤ ᠲᠣᠭᠲᠠᠭᠠᠭᠰᠠᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠢ ᠪᠦᠷᠢᠳᠬᠡᠭᠦᠯᠬᠦ ᠪᠠᠷ ᠮᠡᠳᠡᠭᠦᠯᠬᠦ ᠳᠡᠭᠡᠨ ︽ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠤᠨ ᠪᠢᠴᠢᠭ ᠬᠠᠷ᠎ᠠ ᠵᠢᠴᠢ ᠴᠠᠬᠢᠮ ᠪᠢᠴᠢᠭᠯᠡᠯ︾ ᠲᠤᠰᠢᠶᠠᠬᠤ ᠬᠡᠷᠡᠭᠲᠡᠢ ᠭᠡᠰᠡᠨ ᠢ ︽ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠴᠠᠬᠢᠮ ᠪᠢᠴᠢᠭᠯᠡᠯ︾ ᠭᠡᠵᠦ ᠵᠠᠰᠠᠵᠤ᠂ ᠠᠵᠤ ᠠᠬᠤᠶᠢᠯᠠᠯ ᠪᠠ | ᠤᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠡᠭᠡᠨ ︽ᠰᠦᠯᠵᠢᠶᠡᠨ ᠠᠴᠠ ᠳᠣᠷᠣᠭᠰᠢ ᠭᠦᠶᠦᠬᠦ︾ ᠶᠢ | ᠪᠠᠭᠠᠰᠬᠠᠵᠤ᠂ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠪᠠ ᠤᠯᠠᠨ ᠲᠦᠮᠡᠨ ᠢ ᠳᠤᠲᠠᠭᠤ | ᠭᠦᠶᠦᠯᠭᠡᠬᠦ︾ ᠶᠠᠪᠤᠳᠠᠯ ᠢ ᠤᠯᠠᠮ ᠨᠠᠶᠢᠳᠠᠪᠤᠷᠢᠵᠢᠭᠤᠯᠤᠨ᠎ᠠ᠃ ︽ᠳᠦᠷᠢᠮ︾ ᠤᠨ 7 ᠳ᠋ᠤᠭᠠᠷ ᠵᠦᠢᠯ ᠳᠠᠬᠢ | ᠭᠤᠣᠯᠳᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠳᠠᠩᠰᠠᠯᠠᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ︽ᠪᠡᠯᠡᠳᠬᠡᠯ | ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠶᠢᠨ 26 ᠳ᠋ᠤᠭᠠᠷ ᠵᠦᠢᠯ ᠳᠤ ᠵᠣᠬᠢᠴᠠᠩᠭᠤᠢ ᠵᠠᠰᠠᠪᠤᠷᠢ ᠣᠷᠣᠭᠤᠯᠵᠤ᠂ | ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ᠂ ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠪᠣᠳᠠᠰ ᠢ ᠦᠢᠯᠡᠳᠪᠦᠷᠢᠯᠡᠬᠦ | ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ ᠨᠢᠭᠡᠴᠢ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ᠂ ᠬᠤᠳᠠ ᠶᠢᠨ | ᠵᠢᠮᠳᠤ ᠵᠠᠮ ᠬᠠᠷᠢᠯᠴᠠᠭᠠᠨ ᠤ ᠡᠵᠡᠩᠨᠡᠯᠲᠡ᠂ ᠪᠠᠷᠢᠯᠭ᠎ᠠ ᠶᠢᠨ ᠠᠵᠢᠯ ᠬᠢᠬᠦ ᠨᠢᠭᠡᠴᠢ ᠵᠡᠷᠭᠡ ᠬᠤᠯᠪᠣᠭᠳᠠᠯ ᠪᠦᠬᠦᠢ | ᠭᠤᠣᠯᠳᠠᠯᠭ᠎ᠠ ᠲᠠᠢ ᠨᠢᠭᠡᠴᠢ ᠶᠢ ᠱᠠᠲᠤ ᠬᠤᠪᠢᠶᠠᠨ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ ᠶᠣᠰᠣᠭᠠᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠳᠠᠩᠰᠠᠯᠠᠭᠤᠯᠤᠨ᠎ᠠ ᠭᠡᠵᠦ ᠲᠣᠭᠲᠠᠭᠠᠵᠠᠢ᠃ ︽ᠳᠦᠷᠢᠮ︾ ᠤᠨ 8 ᠳ᠋ᠤᠭᠠᠷ ᠵᠦᠢᠯ ᠳᠠᠬᠢ ᠵᠠᠰᠠᠭ ᠤᠨ ᠣᠷᠳᠣᠨ ᠤ | ᠰᠠᠯᠠᠭ᠎ᠠ ᠮᠥᠴᠢᠷ ᠪᠣᠯᠣᠨ ᠭᠤᠣᠯᠳᠠᠯᠭ᠎ᠠ ᠲᠠᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ︽ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠶᠢᠨ 32 ᠳ᠋ᠤᠭᠠᠷ ᠵᠦᠢᠯ ᠪᠣᠯᠣᠨ | 33 ᠳ᠋ᠤᠭᠠᠷ ᠵᠦᠢᠯ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢᠨ ᠬᠠᠮᠢᠶ᠎ᠠ ᠪᠦᠬᠦᠢ | ᠠᠭᠤᠯᠭ᠎ᠠ ᠳᠤ ᠵᠣᠬᠢᠴᠠᠩᠭᠤᠢ ᠵᠠᠰᠠᠪᠤᠷᠢ ᠣᠷᠣᠭᠤᠯᠪᠠ᠃ ᠪᠤᠰᠤᠳ ᠬᠤᠯᠪᠣᠭᠳᠠᠯ ᠪᠦᠬᠦᠢ ᠨᠢᠭᠡᠴᠢ ᠶᠢᠨ ᠪᠡᠯᠡᠳᠬᠡᠯ | ᠲᠥᠰᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠣᠴᠣᠮᠠᠲᠠᠭᠠᠢ ᠳᠡᠯᠪᠡᠷᠡᠮᠡᠲᠡᠭᠡᠢ | ᠪᠣᠳᠠᠰ᠂ ᠠᠶᠤᠯᠲᠠᠢ ᠬᠢᠮᠢ ᠶᠢᠨ ᠪᠣᠳᠠᠰ ᠵᠡᠷᠭᠡ ᠠᠶᠤᠯᠲᠠᠢ ᠪᠣᠳᠠᠰ ᠢ ᠬᠠᠳᠠᠭᠠᠯᠠᠬᠤ ᠪᠠ ᠬᠡᠷᠡᠭᠯᠡᠬᠦ ᠰᠢᠨᠵᠢᠯᠡᠬᠦ | ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠨᠢᠭᠡᠴᠢ ᠶᠢᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢ ᠲᠣᠰ ᠠᠷᠭ᠎ᠠ ᠶᠢᠨ ᠬᠤᠯᠪᠣᠭᠳᠠᠯ ᠪᠦᠬᠦᠢ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠡᠭᠦᠨ ᠠᠴᠠ ᠭᠠᠳᠠᠨ᠎ᠠ᠂ ᠦᠢᠯᠡᠳᠪᠦᠷᠢᠯᠡᠬᠦ ᠠᠵᠢᠯ | ᠡᠵᠡᠩᠨᠡᠯᠲᠡ ᠶᠢᠨ ᠨᠢᠭᠡᠴᠢ ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢᠶᠠᠨ | ᠳᠠᠩᠰᠠᠯᠠᠭᠤᠯᠤᠭᠰᠠᠨ ᠦᠭᠡᠢ ᠪᠠᠶᠢᠪᠠᠯ᠂ ︽ᠳᠦᠷᠢᠮ︾ ᠤᠨ ᠱᠠᠭᠠᠷᠳᠠᠯᠭ᠎ᠠ ᠶᠢ ᠦᠨᠳᠦᠰᠦᠯᠡᠨ ᠵᠣᠬᠢᠴᠠᠩᠭᠤᠢ | ᠰᠢᠢᠳᠬᠡᠯ ᠥᠭᠭᠦᠨ᠎ᠡ᠃ | | ᠭᠤᠷᠪᠠ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ | | ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠤᠨ ᠬᠠᠮᠢᠶᠠᠷᠤᠯᠲᠠ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠦᠷ᠎ᠡ | ᠪᠦᠲᠦᠮᠵᠢ ᠲᠠᠢ ᠰᠢᠭᠤᠳ ᠬᠤᠯᠪᠣᠭᠳᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠲᠠᠢ ᠰᠢᠭᠤᠳ ᠬᠤᠯᠪᠣᠭᠳᠠᠵᠤ ᠪᠠᠶᠢᠳᠠᠭ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ ᠤ | ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠵᠠᠯᠭᠠᠪᠠᠷ᠂ ︽ᠤᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ | ᠲᠣᠬᠢᠶᠠᠯ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠠᠮᠤᠨ ᠤ ᠭᠤᠣᠯ ᠠᠵᠢᠯ ᠲᠠᠢ ᠨᠢᠭᠲᠠ | ᠤᠶᠠᠯᠳᠤᠭᠤᠯᠤᠨ᠂ ᠦᠢᠯᠡᠳᠪᠦᠷᠢᠯᠡᠬᠦ ᠠᠵᠢᠯ ᠤᠨ ᠠᠶᠦᠯᠭᠦᠢ ᠶᠢᠨ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ | ᠲᠥᠷᠥᠯ ᠪᠦᠷᠢ ᠶᠢᠨ ᠠᠵᠢᠯ ᠢ ᠤᠯᠠᠮ ᠴᠢᠩᠭᠠᠳᠬᠠᠵᠤ᠂ ᠦᠢᠯᠡᠳᠪᠦᠷᠢᠯᠡᠬᠦ ᠠᠵᠢᠯ ᠤᠨ ᠠᠶᠦᠯᠭᠦᠢ ᠶᠢᠨ ᠠᠳᠡᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠳᠬᠡᠭᠦᠯᠬᠦ ᠴᠠᠭᠠᠰᠤᠨ ᠱᠠᠭᠠᠷᠳᠠᠯᠭ᠎ᠠ ᠶᠢ ᠴᠢᠩᠭ᠎ᠠ | ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠤᠨ ᠲᠥᠬᠦᠮ ᠨᠥᠬᠦᠴᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ | ᠠᠶᠤᠯᠲᠠᠢ ᠪᠣᠳᠠᠰ ᠤᠨ ᠦᠢᠯᠡᠳᠪᠦᠷᠢᠯᠡᠬᠦ ᠠᠵᠢᠯ᠂ ᠡᠵᠡᠩᠨᠡᠯᠲᠡ᠂ ᠬᠠᠳᠠᠭᠠᠯᠠᠯᠲᠠ᠂ ᠲᠡᠭᠡᠭᠡᠪᠦᠷᠢ ᠶᠢᠨ ᠨᠢᠭᠡᠴᠢ ᠶᠢ | ᠴᠢᠩᠭᠠᠳᠬᠠᠵᠤ᠂ ᠠᠭᠤᠷᠬᠠᠢ ᠵᠡᠷᠭᠡ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ᠂ ᠵᠢᠴᠢ ᠵᠣᠴᠢᠳ ᠤᠨ ᠪᠠᠭᠤᠳᠠᠯ | ᠵᠡᠷᠭᠡ ᠭᠤᠣᠯᠳᠠᠯᠭ᠎ᠠ ᠲᠠᠢ ᠡᠵᠡᠩᠨᠡᠯᠲᠡ ᠶᠢᠨ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠲᠣᠭᠲᠠᠭᠠᠵᠤ ᠵᠠᠰᠠᠪᠤᠷᠢ ᠣᠷᠣᠭᠤᠯᠤᠭᠰᠠᠨ᠂ ᠰᠣᠷᠢᠯᠲᠠ ᠬᠢᠭᠰᠡᠨ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠯᠲᠠ ᠬᠢᠵᠦ᠂ ᠦᠢᠯᠡᠳᠪᠦᠷᠢᠯᠡᠬᠦ ᠠᠵᠢᠯ ᠤᠨ ᠠᠶᠦᠯᠭᠦᠢ ᠶᠢᠨ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠥᠯ ᠤᠨ ᠲᠥᠷᠥᠯ ᠪᠦᠷᠢ ᠶᠢᠨ ᠱᠠᠭᠠᠷᠳᠠᠯᠭ᠎ᠠ ᠶᠢ ᠤᠯᠠᠮ ᠨᠠᠷᠢᠯᠢᠭᠵᠢᠭᠤᠯᠤᠨ | ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠲᠦ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ | ᠬᠠᠮᠢᠶᠠᠷᠤᠯᠲᠠ ᠶᠢ ᠲᠦᠯᠬᠢᠨ ᠠᠬᠢᠭᠤᠯᠵᠤ ᠪᠠᠶᠢᠭᠠᠳ ᠲᠣᠮᠣ ᠤᠯᠤᠰ ᠤᠨ ᠪᠠᠴᠢᠮ ᠪᠠᠶᠢᠳᠠᠯ ᠢ ᠠᠷᠭᠠᠴᠠᠬᠤ | ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠳᠤ ᠨᠠᠩ ᠰᠠᠶᠢᠲᠤᠷ ᠦᠢᠯᠡᠴᠢᠯᠡᠭᠦᠯᠦᠨ᠎ᠡ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠦᠢᠯᠡᠳᠪᠦᠷᠢᠯᠡᠬᠦ ᠠᠵᠢᠯ ᠤᠨ ᠠᠮᠤᠷ | ᠲᠦᠪᠰᠢᠨ ᠤ ᠠᠳᠡᠯ ᠢ ᠪᠠᠴᠢᠮ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ | ᠣᠷᠣᠭᠤᠯᠬᠤ ᠲᠤᠬᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ | |