| | | | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ﹀ ᠶᠢ ᠤᠯᠠᠮ ᠲᠤᠤᠱᠯᠠᠭᠤᠯᠤᠨ ᠬᠡᠷᠡᠭᠵᠢᠭᠦᠯᠬᠦ ᠲᠤᠬᠠᠢ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠪᠠ᠃ ᠬᠠᠤᠯᠢ ᠪᠠᠷᠢᠬᠤ | ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ︽ᠮᠡᠳᠡᠭᠳᠡᠯ︾ ᠤᠨ ᠬᠤᠯᠪᠣᠭᠳᠠᠯ ᠪᠦᠬᠦᠢ ᠠᠰᠠᠭᠤᠳᠠᠯ ᠤᠨ | ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠨᠢᠭᠡ᠂ ᠠᠰᠠᠭᠤᠯᠲᠠ᠄ ︽ᠮᠡᠳᠡᠭᠳᠡᠯ︾ ᠢ ᠨᠡᠶᠢᠲᠡᠯᠡᠭᠰᠡᠨ ᠬᠤᠯᠪᠣᠭᠳᠠᠯ ᠪᠦᠬᠦᠢ ᠠᠬᠤᠢ ᠪᠠᠶᠢᠳᠠᠯ ᠢ | ᠳᠥᠭᠦᠮᠬᠡᠨ ᠲᠠᠨᠢᠯᠴᠠᠭᠤᠯᠬᠤ ᠪᠣᠯᠪᠠᠤ᠃ | | ᠬᠠᠷᠢᠭᠤᠯᠲᠠ᠄ 2021 ᠣᠨ ᠤ 1 ᠰᠠᠷ᠎ᠠ ᠶᠢᠨ 22 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠳᠠᠯᠠᠳᠤᠭᠠᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ᠂ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠨ ᠲᠠᠪᠤᠳᠤᠭᠠᠷ ᠬᠤᠷᠠᠯᠳᠤᠭᠠᠨ ᠠᠴᠠ ᠵᠠᠰᠠᠪᠤᠷᠢ ᠣᠷᠣᠭᠤᠯᠵᠤ ᠪᠠᠲᠤᠯᠠᠭᠰᠠᠨ ᠵᠠᠰᠠᠭ ᠵᠠᠬᠢᠷᠭᠠᠨ ᠤ | ᠰᠢᠢᠳᠬᠡᠯ ᠤᠨ ᠬᠠᠤᠯᠢ ᠶᠢ ᠨᠡᠶᠢᠲᠡᠯᠡᠪᠡ᠂ ᠲᠣᠰ ᠬᠠᠤᠯᠢ ᠶᠢ 2021 ᠣᠨ ᠤ 7 ᠰᠠᠷ᠎ᠠ ᠶᠢᠨ 15 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠳᠤ ᠡᠨᠡ ᠤᠳᠠᠭ᠎ᠠ ᠨᠡᠯᠢᠶᠡᠳ ᠶᠡᠭᠡ | ᠬᠡᠮᠵᠢᠶ᠎ᠡ ᠪᠠᠷ ᠵᠠᠰᠠᠪᠤᠷᠢ ᠣᠷᠣᠭᠤᠯᠵᠤ᠂ 22 ᠵᠦᠢᠯ ᠢ ᠨᠡᠮᠡᠵᠦ᠂ 50 ᠭᠠᠷᠤᠢ ᠵᠦᠢᠯ ᠢ ᠵᠠᠰᠠᠵᠤ᠂ 1 ᠵᠦᠢᠯ ᠢ ᠨᠢ | ᠬᠠᠰᠤᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠨᠢ ᠣᠶᠢᠷ᠎ᠠ ᠶᠢᠨ | ᠵᠢᠯ ᠤᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠤ ᠣᠯᠣᠭᠰᠠᠨ ᠴᠢᠬᠤᠯᠠ ᠶᠡᠭᠡ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠢᠯᠡᠷᠡᠭᠦᠯᠦᠨ ᠪᠠᠬᠢᠵᠢᠭᠦᠯᠵᠦ᠂ ᠣᠳᠣᠬᠠᠨ ᠤ ᠬᠠᠤᠯᠢ ᠬᠡᠷᠡᠭᠵᠢᠭᠦᠯᠬᠦ | ᠦᠢᠯᠡᠳᠦᠯᠭᠡ ᠶᠢᠨ ᠬᠡᠷᠡᠭᠴᠡᠭᠡ ᠳᠤ ᠬᠠᠷᠢᠭᠤᠯᠲᠠ ᠥᠭᠴᠦ᠂ ᠵᠠᠰᠠᠭ ᠵᠠᠬᠢᠷᠭᠠᠨ ᠤ ᠰᠢᠢᠳᠬᠡᠯ ᠤᠨ ᠲᠣᠮᠢᠶᠠᠯᠠᠯ ᠢ | ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠲᠦᠷᠦᠯ ᠵᠦᠢᠯ ᠢ ᠥᠷᠭᠡᠳᠬᠡᠵᠦ᠂ ᠵᠠᠰᠠᠭ ᠵᠠᠬᠢᠷᠭᠠᠨ ᠤ | ᠰᠢᠢᠳᠬᠡᠯ ᠤᠨ ᠵᠢᠷᠤᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ | ᠴᠢᠩᠭᠠᠳᠬᠠᠪᠠ᠃ | | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠬᠦ ᠲᠠᠰᠢᠷᠠᠮ ᠢᠶᠠᠷ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠳᠤ ᠵᠠᠰᠠᠪᠤᠷᠢ ᠣᠷᠣᠭᠤᠯᠵᠤ | ᠪᠠᠲᠤᠯᠠᠭᠰᠠᠨ ᠨᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠠᠮ ᠳᠡᠭᠡᠷ᠎ᠡ ᠤᠯᠤᠰ ᠤᠨ ᠵᠠᠰᠠᠯᠲᠠ ᠶᠢᠨ ᠰᠢᠰᠲ᠋ᠧᠮ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ | ᠲᠦᠷᠦ ᠶᠢᠨ ᠶᠠᠪᠤᠳᠠᠯ ᠤᠨ ᠬᠤᠷᠢᠶ᠎ᠠ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠰᠠᠶᠢᠳ ᠯᠢ ᠺᠸ ᠴᠢᠶᠠᠩ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠲᠤᠬᠠᠢ | ᠤᠯᠠᠨ ᠤᠳᠠᠭ᠎ᠠ ᠴᠢᠬᠤᠯᠠ ᠴᠣᠬᠤᠯᠠᠪᠤᠷᠢ ᠥᠭᠴᠡᠢ᠃ ᠬᠠᠤᠯᠢ ᠴᠠᠭᠠᠵᠠ ᠶᠢᠨ ᠬᠡᠰᠡᠭ 4 ᠪᠦᠯᠦᠭ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠵᠢᠴᠢ ᠲᠥᠪ ᠤᠨ ᠣᠷᠣᠨ ᠲᠤᠭ᠎ᠠ ᠶᠢᠨ ᠠᠯᠪᠠᠨ ᠭᠡᠷ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠪᠦᠬᠦ | ᠤᠯᠤᠰ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ᠤᠨ ᠰᠠᠨᠠᠯ ᠢ ᠤᠯᠠᠨ ᠤᠳᠠᠭ᠎ᠠ ᠪᠢᠴᠢᠭ ᠢᠶᠠᠷ | ᠬᠤᠷᠢᠶᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠠᠤᠯᠢ ᠴᠠᠭᠠᠵᠠ ᠶᠢᠨ ᠠᠵᠢᠯ ᠤᠨ ᠺᠣᠮᠢᠰ ᠲᠠᠢ ᠲᠤᠰᠬᠠᠶᠢᠯᠠᠨ ᠶᠠᠷᠢᠯᠴᠠᠭᠰᠠᠨ ᠪᠥᠭᠡᠳ ᠡᠭᠦᠨ ᠤ ᠰᠠᠭᠤᠷᠢᠨ ᠳᠡᠭᠡᠷ᠎ᠡ | ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ﹀ ᠶᠢ | ᠤᠯᠠᠮ ᠲᠤᠤᠱᠯᠠᠭᠤᠯᠤᠨ ᠬᠡᠷᠡᠭᠵᠢᠭᠦᠯᠬᠦ ᠲᠤᠬᠠᠢ ᠮᠡᠳᠡᠭᠳᠡᠯ ︵ᠣᠷᠣᠯᠠᠨ ᠲᠤᠭᠤᠷᠪᠢᠭᠰᠠᠨ ᠨᠣᠣᠷᠠᠭ︶︾ ᠢ | ᠲᠤᠭᠤᠷᠪᠢᠨ ᠪᠢᠴᠢᠵᠡᠢ᠃ | | ᠬᠤᠶᠠᠷ᠂ ᠠᠰᠠᠭᠤᠯᠲᠠ᠄ ︽ᠮᠡᠳᠡᠭᠳᠡᠯ︾ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠲᠣᠭᠲᠠᠭᠠᠯᠲᠠ ᠶᠢ ᠬᠠᠤᠯᠢ ᠶᠣᠰᠣᠭᠠᠷ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠲᠣᠭᠲᠠᠭᠠᠯ ᠪᠠᠶᠢᠬᠤ ᠪᠣᠶ︖ | | | ᠬᠠᠷᠢᠭᠤᠯᠲᠠ᠄ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯᠲᠠ ᠶᠢ ᠬᠠᠤᠯᠢ ᠶᠣᠰᠣᠭᠠᠷ ᠵᠢᠷᠤᠮᠵᠢᠭᠤᠯᠬᠤ | ᠲᠠᠯ᠎ᠠ ᠪᠠᠷ᠂ ︽ᠮᠡᠳᠡᠭᠳᠡᠯ︾ ᠳᠤ 3 ᠲᠠᠯ᠎ᠠ ᠶᠢᠨ ᠲᠣᠭᠲᠠᠭᠠᠯ ᠲᠠᠢ᠃ | | ᠨᠢᠭᠡ ᠳᠤ ᠬᠠᠤᠯᠢ ᠲᠣᠭᠲᠠᠭᠠᠵᠤ ᠬᠠᠤᠯᠢ ᠴᠠᠭᠠᠵᠠ ᠶᠢ ᠲᠠᠶᠢᠯᠪᠤᠷᠢᠯᠠᠬᠤ ᠬᠤᠯᠪᠣᠭᠳᠠᠯ ᠪᠦᠬᠦᠢ ᠠᠵᠢᠯ ᠢ | ᠴᠢᠩᠭᠠᠳᠬᠠᠪᠠ᠃ ᠵᠠᠰᠠᠭ ᠵᠠᠬᠢᠷᠭᠠᠨ ᠤ ᠰᠢᠢᠳᠬᠡᠯ ᠢ ᠬᠠᠤᠯᠢ ᠶᠣᠰᠣᠭᠠᠷ ᠲᠣᠭᠲᠠᠭᠠᠬᠤ ᠬᠡᠷᠡᠭᠲᠡᠢ᠂ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠪᠤᠰᠤᠳ ᠠᠷᠭ᠎ᠠ ᠬᠡᠮᠵᠢᠶ᠎ᠡ ᠶᠢᠨ ᠨᠡᠷ᠎ᠡ ᠪᠠᠷ ᠬᠡᠯᠪᠡᠷᠢ ᠶᠢ ᠨᠢ ᠥᠭᠡᠷᠡᠲᠦᠭᠦᠯᠦᠨ | ᠲᠣᠭᠲᠠᠭᠠᠵᠤ ᠪᠣᠯᠬᠤ ᠦᠭᠡᠢ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠵᠢᠷᠤᠮ ᠢ ᠵᠥᠷᠢᠴᠡᠭᠰᠡᠨ ᠦᠢᠯᠡ | ᠠᠵᠢᠯᠯᠠᠭ᠎ᠠ ᠪᠠ ᠵᠠᠰᠠᠭ ᠵᠠᠬᠢᠷᠭᠠᠨ ᠤ ᠰᠢᠢᠳᠬᠡᠯ ᠤᠨ ᠲᠦᠷᠦᠯ ᠵᠦᠢᠯ ᠢ ᠨᠡᠮᠡᠵᠦ ᠬᠠᠰᠤᠬᠤ᠂ ᠬᠠᠤᠯᠢ ᠪᠠᠷ | ᠲᠣᠭᠲᠠᠭᠠᠭᠰᠠᠨ ᠬᠡᠪᠴᠢᠶᠡᠨ ᠠᠴᠠ ᠭᠠᠳᠠᠨ᠎ᠠ ᠲᠣᠷᠭᠠᠭᠤᠯᠢ ᠶᠢᠨ ᠵᠣᠭᠤᠰ ᠤᠨ ᠳᠡᠭᠡᠳᠦ ᠳᠣᠣᠷᠠᠳᠤ ᠬᠢᠵᠠᠭᠠᠷ ᠢ | ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠱᠠᠲᠤ ᠱᠠᠲᠤ ᠪᠠᠷ ᠲᠤᠭ᠎ᠠ ᠨᠡᠮᠡᠬᠦ ᠪᠤᠶᠤ ︽ᠬᠠᠤᠯᠢ ᠲᠣᠭᠲᠠᠭᠠᠵᠤ ᠤᠰᠤ | ᠲᠠᠯᠪᠢᠵᠤ︾ ᠪᠣᠯᠬᠤ ᠦᠭᠡᠢ ᠭᠡᠵᠦ ᠲᠣᠳᠣᠷᠬᠠᠶᠢᠯᠠᠪᠠ᠃ | | ᠬᠤᠶᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠪᠠ ᠬᠠᠤᠯᠢ ᠶᠣᠰᠣᠴᠢ ᠴᠢᠨᠠᠷ ᠢ ᠬᠢᠨᠠᠨ | ᠬᠠᠷᠭᠤᠭᠤᠯᠬᠤ ᠶᠢ ᠴᠢᠩᠭᠠᠷᠠᠭᠤᠯᠤᠨ᠎ᠠ᠃ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠯᠦᠪᠵᠢᠭᠦᠯᠭᠡ ᠲᠠᠢ | ᠤᠶᠠᠯᠳᠤᠭᠤᠯᠤᠨ 5 ᠵᠢᠯ ᠪᠦᠷᠢ ᠳᠤ ᠲᠦᠷᠦᠯ ᠬᠤᠪᠢᠶᠠᠬᠤ᠂ ᠪᠦᠯᠦᠭ ᠬᠤᠪᠢᠶᠠᠨ ᠨᠢᠭᠡ ᠤᠳᠠᠭ᠎ᠠ ᠦᠨᠡᠯᠡᠨ | ᠵᠢᠱᠢᠬᠦ ᠶᠢ ᠵᠣᠬᠢᠶᠠᠨ ᠪᠠᠶᠢᠭᠤᠯᠵᠤ᠂ ᠦᠨᠡᠯᠡᠨ ᠵᠢᠱᠢᠬᠦ ᠳᠤ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ | ᠨᠡᠶᠢᠴᠡᠬᠦ ᠦᠭᠡᠢ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ᠂ ᠢᠯᠡᠳᠲᠡ | ᠬᠡᠲᠦᠷᠡᠭᠦᠯᠦᠨ ᠲᠣᠷᠭᠠᠭᠰᠠᠨ ᠨᠢ ᠵᠣᠬᠢᠰ ᠦᠭᠡᠢ᠂ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠢᠶᠠᠷ ᠳᠤᠲᠠᠮᠠᠭ | ᠵᠡᠷᠭᠡ ᠪᠠᠶᠢᠳᠠᠯ ᠲᠠᠢ ᠪᠠᠶᠢᠬᠤ ᠶᠢ ᠢᠯᠡᠷᠡᠭᠦᠯᠦᠭᠰᠡᠨ ᠵᠠᠰᠠᠭ ᠵᠠᠬᠢᠷᠭᠠᠨ ᠤ ᠰᠢᠢᠳᠬᠡᠯ ᠤᠨ ᠲᠣᠭᠲᠠᠭᠠᠯ ᠢ ᠴᠠᠭ ᠲᠤᠬᠠᠢ | ᠳᠤᠨᠢ ᠬᠠᠤᠯᠢ ᠶᠣᠰᠣᠭᠠᠷ ᠵᠠᠰᠠᠵᠤ᠂ ᠬᠦᠴᠦᠨ ᠦᠭᠡᠢ ᠪᠣᠯᠭᠠᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠤ ᠵᠠᠰᠠᠭ ᠵᠠᠬᠢᠷᠭᠠᠨ ᠤ ᠰᠢᠢᠳᠬᠡᠯ ᠢ ᠲᠣᠭᠲᠠᠭᠠᠵᠤ ᠪᠣᠯᠬᠤ ᠦᠭᠡᠢ᠂ ᠬᠠᠤᠯᠢ ᠶᠢ | ᠵᠥᠷᠢᠴᠡᠭᠰᠡᠨ ᠲᠣᠭᠲᠠᠭᠠᠯ ᠢ ᠴᠥᠮ ᠬᠦᠴᠦᠨ ᠦᠭᠡᠢ ᠭᠡᠵᠦ ᠴᠢᠬᠤᠯᠠᠴᠢᠯᠠᠪᠠ᠃ | | ᠭᠤᠷᠪᠠ ᠳᠤ ᠲᠣᠷᠭᠠᠭᠤᠯᠢ ᠶᠢᠨ ᠵᠣᠭᠤᠰ ᠢ ᠬᠠᠤᠯᠢ ᠶᠣᠰᠣᠭᠠᠷ ᠵᠦᠢ ᠵᠣᠬᠢᠰᠲᠠᠢ ᠲᠣᠭᠲᠠᠭᠠᠨ᠎ᠠ᠃ ᠬᠡᠲᠦᠷᠬᠡᠢ | ᠲᠣᠷᠭᠠᠭᠤᠯᠢ ᠶᠢ ᠠᠳᠠᠯᠢ ᠪᠠᠶᠢᠯᠭᠠᠬᠤ᠂ ᠴᠢᠩᠭ᠎ᠠ ᠰᠢᠢᠳᠬᠡᠬᠦ ᠶᠣᠰᠣᠲᠠᠢ ᠶᠢ ᠨᠢ ᠴᠢᠩᠭ᠎ᠠ ᠪᠠᠶᠢᠯᠭᠠᠬᠤ᠂ ᠬᠥᠩᠭᠡᠨ | ᠰᠢᠢᠳᠬᠡᠬᠦ ᠶᠣᠰᠣᠲᠠᠢ ᠶᠢ ᠨᠢ ᠬᠥᠩᠭᠡᠨ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠂ ᠢᠯᠠᠩᠭᠤᠶ᠎ᠠ ᠰᠠᠯᠠᠭ᠎ᠠ ᠮᠥᠴᠢᠷ ᠤᠨ | ᠳᠦᠷᠢᠮ ᠲᠣᠭᠲᠠᠭᠠᠯ ᠳᠤ ᠲᠣᠭᠲᠠᠭᠠᠭᠰᠠᠨ ᠲᠣᠷᠭᠠᠭᠤᠯᠢ ᠶᠢᠨ ᠵᠣᠭᠤᠰ ᠢ ᠴᠢᠩᠭ᠎ᠠ ᠬᠢᠵᠠᠭᠠᠷᠯᠠᠭᠰᠠᠨ ᠪᠠᠶᠢᠨ᠎ᠠ᠃ | ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠥᠭᠬᠦ ᠤᠢᠢᠯᠠ ᠠᠵᠢᠯᠯᠠᠭ᠎ᠠ᠂ ᠲᠥᠷᠥᠯ ᠵᠦᠢᠯ ᠪᠠ | ᠬᠡᠪᠴᠢᠶ᠎ᠡ ᠬᠡᠪᠴᠢᠶᠡᠨ ᠤ ᠳᠣᠲᠣᠷ᠎ᠠ ᠲᠣᠭᠲᠠᠭᠠᠬᠤ ᠬᠡᠷᠡᠭᠲᠡᠢ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠢ ᠬᠠᠷᠠᠬᠠᠨ ᠲᠣᠭᠲᠠᠭᠠᠭᠠᠳᠤᠢ ᠪᠠᠶᠢᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠠᠴᠠ ᠪᠣᠯᠣᠭᠠᠳ ᠬᠠᠤᠯᠢ | ᠶᠣᠰᠣᠭᠠᠷ ᠤᠷᠢᠳᠠᠪᠠᠷ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢᠶᠠᠷ ᠲᠣᠷᠭᠠᠭᠤᠯᠢ ᠶᠢᠨ ᠵᠣᠭᠤᠰ | ᠲᠣᠭᠲᠠᠭᠠᠬᠤ ᠶᠢ ᠲᠤᠯᠭᠠᠮ᠎ᠠ ᠱᠠᠭᠠᠷᠳᠠᠵᠤ ᠪᠠᠶᠢᠪᠠᠯ᠂ ᠬᠠᠮᠤᠭ ᠤᠨ ᠥᠨᠳᠥᠷ ᠲᠡᠭᠡᠨ 10 ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠦᠭᠡᠢ ᠮᠥᠷᠲᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠬᠠᠤᠯᠢ ᠶᠢ ᠵᠥᠷᠢᠴᠡᠭᠰᠡᠨ ᠠᠳᠠᠯᠢᠪᠲᠤᠷ ᠠᠵᠢᠯᠯᠠᠭ᠎ᠠ ᠶᠢ ᠲᠣᠷᠭᠠᠭᠰᠠᠨ ᠵᠣᠭᠤᠰ ᠤᠨ ᠲᠤᠭ᠎ᠠ ᠠᠴᠠ ᠬᠡᠲᠦᠷᠡᠭᠦᠯᠵᠦ | ᠪᠣᠯᠬᠤ ᠦᠭᠡᠢ᠂ ᠠᠷᠠᠳ ᠢᠷᠭᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ | ᠠᠮᠤᠷ ᠲᠦᠪᠰᠢᠨ ᠳᠤ ᠬᠤᠯᠪᠣᠭᠳᠠᠭᠰᠠᠨ ᠮᠥᠷᠲᠡᠭᠡᠨ ᠬᠤᠣᠷ ᠬᠥᠨᠥᠭᠡᠯ ᠲᠠᠢ ᠦᠷ᠎ᠡ ᠤᠷᠰᠢᠭ ᠲᠠᠢ ᠪᠠᠶᠢᠪᠠᠯ᠂ | ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠳᠡᠭᠡᠷ᠎ᠡ | ᠳᠤᠷᠠᠳᠤᠭᠰᠠᠨ ᠬᠡᠮᠵᠢᠶ᠎ᠡ ᠠᠴᠠ ᠬᠡᠲᠦᠷᠡᠭᠰᠡᠨ ᠪᠠᠶᠢᠪᠠᠯ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ | ᠵᠥᠪᠰᠢᠶᠡᠷᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠳᠠᠭᠠᠨ | ᠪᠠᠭᠤᠷᠠᠭᠤᠯᠬᠤ ᠴᠢᠬᠤᠯᠠᠲᠠᠢ ᠶᠢ ᠨᠢ ᠪᠠᠭᠤᠷᠠᠭᠤᠯᠵᠤ᠂ ᠦᠨᠡᠬᠡᠷ ᠳᠡᠭᠡᠭᠰᠢᠯᠡᠭᠦᠯᠬᠦ ᠴᠢᠬᠤᠯᠠᠲᠠᠢ ᠶᠢ ᠨᠢ ᠬᠠᠤᠯᠢ ᠳᠤ | ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠬᠢᠵᠠᠭᠠᠷᠯᠠᠭᠰᠠᠨ ᠲᠣᠭᠠᠨ ᠤ ᠬᠡᠪᠴᠢᠶᠡᠨ ᠳᠣᠲᠣᠷ᠎ᠠ ᠳᠡᠭᠡᠭᠰᠢᠯᠡᠭᠦᠯᠬᠦ | ᠬᠡᠷᠡᠭᠲᠡᠢ᠃ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠠᠴᠠ ᠵᠥᠷᠢᠴᠡᠭᠰᠡᠨ ᠰᠠᠯᠠᠭ᠎ᠠ ᠮᠥᠴᠢᠷ ᠤᠨ ᠳᠦᠷᠢᠮ | ᠲᠣᠭᠲᠠᠭᠠᠯ ᠢ ᠲᠠᠩᠰᠠᠯᠠᠵᠤ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠶᠣᠰᠣᠭᠠᠷ | ᠵᠠᠯᠠᠷᠠᠭᠤᠯᠵᠤ ᠪᠣᠯᠣᠨ᠎ᠠ᠃ | | ᠭᠤᠷᠪᠠ᠂ ᠠᠰᠠᠭᠤᠯᠲᠠ᠄ ︽ᠮᠡᠳᠡᠭᠳᠡᠯ︾ ᠳᠤ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭᠵᠢᠭᠦᠯᠦᠯᠲᠡ ᠶᠢ | ᠤᠯᠠᠮ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ ᠬᠠᠨᠳᠤᠯᠭᠠᠲᠤ ᠴᠢᠨᠠᠷᠲᠠᠢ ᠱᠠᠭᠠᠷᠳᠠᠯᠭ᠎ᠠ ᠳᠤᠷᠠᠳᠤᠭᠰᠠᠨ ᠪᠤᠢ︖ | | ᠬᠠᠷᠢᠭᠤᠯᠲᠠ᠄ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭᠵᠢᠭᠦᠯᠦᠯᠲᠡ ᠶᠢ ᠤᠯᠠᠮ ᠵᠢᠷᠤᠮᠵᠢᠭᠤᠯᠬᠤ ᠶᠢᠨ | ᠲᠥᠯᠥᠭᠡ᠂ ︽ᠮᠡᠳᠡᠭᠳᠡᠯ︾ ᠳᠤ 5 ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠪᠠ᠃ | | ᠨᠢᠭᠡ ᠳᠤ ᠵᠠᠰᠠᠭ ᠵᠠᠬᠢᠷᠭᠠᠨ ᠤ ᠰᠢᠢᠳᠬᠡᠯ ᠤᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ | ᠵᠥᠪ ᠣᠨᠣᠪᠴᠢᠲᠠᠶ ᠭᠦᠢᠴᠡᠳᠬᠡᠬᠦ ᠲᠤᠬᠠᠢ ᠳᠠᠬᠢᠨᠲᠠ ᠴᠢᠬᠤᠯᠠᠴᠢᠯᠠᠭᠰᠠᠨ ᠪᠠᠶᠢᠨ᠎ᠠ᠃ ︽ᠮᠡᠳᠡᠭᠳᠡᠯ︾ ᠳᠤ ᠵᠠᠰᠠᠭ | ᠵᠠᠬᠢᠷᠭᠠᠨ ᠤ ᠰᠢᠢᠳᠬᠡᠯ ᠤᠨ ᠵᠣᠷᠢᠯᠭ᠎ᠠ ᠶᠢ ᠳᠠᠬᠢᠨᠲᠠ ᠳᠤᠷᠠᠳᠴᠤ᠂ ᠰᠢᠢᠳᠬᠡᠯ ᠤᠨ ᠵᠣᠷᠢᠯᠭ᠎ᠠ ᠶᠢ ᠣᠨᠳᠣᠣᠰᠢᠭᠤᠯᠵᠤ | ᠪᠣᠯᠬᠤ ᠦᠭᠡᠢ᠂ ᠡᠯ᠎ᠡ ᠱᠠᠲᠤᠨ ᠤ ᠪᠠᠶᠢᠭᠤᠯᠭ᠎ᠠ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠰᠢᠢᠳᠬᠡᠯ ᠢ | ᠬᠡᠷᠡᠭᠵᠢᠭᠦᠯᠵᠦ ᠪᠣᠯᠬᠤ ᠦᠭᠡᠢ᠂ ᠰᠢᠢᠳᠬᠡᠬᠦ ᠶᠢᠨ ᠲᠥᠯᠥᠭᠡ ᠰᠢᠢᠳᠭᠡᠵᠦ ᠪᠣᠯᠬᠤ ᠦᠭᠡᠢ᠂ ᠠᠰᠢᠭ ᠬᠥᠭᠡᠭᠡᠴᠡᠯᠳᠦᠬᠦ | ᠬᠠᠤᠯᠢ ᠬᠡᠷᠡᠭᠵᠢᠭᠦᠯᠬᠦ ᠶᠢ ᠡᠷᠡᠰ ᠬᠤᠷᠢᠭᠯᠠᠵᠤ᠂ ᠲᠣᠷᠭᠠᠵᠤ ᠬᠤᠷᠢᠶᠠᠬᠤ ᠭᠦᠢᠴᠡᠳᠬᠡᠯ ᠲᠤᠭ᠎ᠠ ᠪᠠᠭᠤᠯᠭᠠᠬᠤ ᠶᠢ | ᠴᠢᠩᠭ᠎ᠠ ᠴᠠᠭᠠᠵᠠᠯᠠᠵᠤ᠂ ᠬᠥᠳᠡᠯᠭᠡᠭᠡᠨ ᠤ ᠬᠡᠯᠪᠡᠷᠢ ᠪᠠᠷ ᠬᠠᠤᠯᠢ ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠦᠯᠲᠡ ᠶᠢᠨ | ᠰᠠᠮᠠᠭᠤᠨ ᠦᠵᠡᠭᠳᠡᠯ ᠠᠴᠠ ᠡᠷᠡᠰ ᠵᠠᠶᠢᠯᠠᠰᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | | ᠬᠤᠶᠠᠷ ᠲᠤ ᠵᠠᠰᠠᠭ ᠵᠠᠬᠢᠷᠭᠠᠨ ᠤ ᠰᠢᠢᠳᠬᠡᠯ ᠤᠨ ᠵᠢᠷᠤᠮ ᠤᠨ ᠳᠦᠷᠢᠮ ᠢ ᠨᠠᠷᠢᠯᠢᠭᠵᠢᠭᠤᠯᠬᠤ ᠲᠠᠯ᠎ᠠ ᠪᠠᠷ | ᠲᠠᠬᠢᠨ ᠱᠠᠭᠠᠷᠳᠠᠯᠭ᠎ᠠ ᠲᠠᠯᠪᠢᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ | ᠤᠶᠠᠯᠳᠤᠭᠤᠯᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠥᠬᠦᠷ ᠳᠦᠷᠢᠮ ᠢ ᠲᠣᠭᠲᠠᠭᠠᠬᠤ ᠪᠠ ᠵᠠᠰᠠᠪᠤᠷᠢ | ᠣᠷᠣᠭᠤᠯᠵᠤ᠂ ᠬᠤᠯᠪᠣᠭᠳᠠᠯ ᠪᠦᠬᠦᠢ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠭᠠᠵᠠᠷ ᠣᠷᠣᠨ ᠤ ᠬᠠᠷᠢᠶᠠᠯᠠᠯ᠂ ᠡᠭᠦᠷᠭᠡ ᠴᠢᠳᠠᠪᠤᠷᠢ ᠶᠢᠨ ᠬᠠᠷᠢᠶᠠᠯᠠᠯ ᠵᠡᠷᠭᠡ ᠶᠢᠨ | ᠲᠤᠬᠠᠢ ᠲᠣᠭᠲᠠᠭᠠᠯ ᠢ ᠤᠯᠠᠮ ᠲᠡᠭᠦᠯᠳᠡᠷᠵᠢᠭᠦᠯᠵᠦ᠂ ᠬᠡᠷᠡᠭ ᠪᠣᠯᠭᠠᠨ ᠳᠠᠩᠰᠠᠯᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ ᠲᠠᠰ ᠳᠠᠷᠠᠭᠠᠯᠠᠯ ᠤᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠭᠡᠷᠡᠴᠢᠯᠡᠭᠡ ᠰᠣᠨᠣᠰᠬᠤ ᠬᠡᠪᠴᠢᠶ᠎ᠡ ᠪᠠ ᠴᠤᠪᠤᠷᠠᠯ ᠢ ᠨᠠᠷᠢᠯᠢᠭᠵᠢᠭᠤᠯᠬᠤ ᠬᠡᠷᠡᠭᠲᠡᠢᠬᠦ᠋ᠷᠭᠡᠬᠦ | ᠬᠠᠶ᠋ᠢᠭ ᠢ ᠨᠤᠲᠠᠯᠠᠬᠤ ᠪᠢᠴᠢᠭ ᠤᠨ ᠠᠰᠢᠭᠯᠠᠯᠲᠠ ᠶᠢᠨ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ | ᠴᠠᠬᠢᠮ ᠬᠦᠷᠭᠡᠬᠦ ᠠᠵᠢᠯ ᠤᠨ ᠴᠤᠪᠤᠷᠠᠯ ᠢ ᠨᠠᠷᠢᠯᠢᠭᠵᠢᠭᠤᠯᠤᠨ᠂ ᠴᠠᠬᠢᠮ ᠲᠣᠭᠠᠴᠠᠭ᠎ᠠ ᠬᠢᠬᠦ ᠰᠢᠰᠲ᠋ᠧᠮ ᠢᠶᠠᠷ | ᠳᠠᠮᠵᠢᠭᠤᠯᠤᠨ ᠲᠣᠷᠭᠠᠭᠤᠯᠢ ᠶᠢᠨ ᠵᠣᠭᠤᠰ ᠲᠤᠰᠢᠶᠠᠬᠤ ᠶᠢ ᠶᠡᠬᠡᠪᠡᠷ ᠠᠬᠢᠭᠤᠯᠵᠤ᠂ ᠮᠡᠳᠡᠭᠡ ᠵᠠᠩᠭᠢ ᠶᠢᠨ | ᠠᠶᠦᠯᠭᠦᠢ ᠶᠢᠨ ᠪᠠᠲᠤᠯᠠᠭ᠎ᠠ ᠪᠠ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ | | ᠭᠤᠷᠪᠠ ᠳᠤ᠂ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠳᠠᠬᠢᠨ ᠳᠦᠷᠢᠮᠵᠢᠭᠦᠯᠪᠡ᠃ | ᠵᠠᠰᠠᠭ ᠵᠠᠬᠢᠷᠭᠠᠨ ᠤ ᠪᠠᠶᠢᠭᠤᠯᠭ᠎ᠠ ᠨᠢ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠳᠠᠭᠠᠨ | ᠪᠠᠷᠢᠮᠵᠢᠶ᠎ᠠ ᠳᠤ ᠨᠡᠶᠢᠴᠡᠭᠰᠡᠨ᠂ ᠵᠦᠢ ᠵᠣᠬᠢᠰᠲᠠᠢ᠂ ᠢᠯᠡ ᠲᠣᠳᠣ ᠲᠡᠮᠳᠡᠭ ᠲᠠᠢ ᠪᠠᠶᠢᠬᠤ ᠶᠢ ᠦᠨᠡᠨᠬᠦ ᠪᠠᠲᠤᠯᠠᠵᠤ᠂ | ᠬᠠᠤᠯᠢ ᠠᠴᠠ ᠵᠥᠷᠢᠴᠡᠨ ᠲᠤᠬᠠᠢ ᠶᠢᠨ ᠬᠥᠮᠥᠨ ᠢᠶᠠᠷ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ | ᠲᠣᠬᠢᠷᠠᠭᠤᠯᠤᠭᠰᠠᠨ ᠵᠠᠷᠤᠳᠠᠯ ᠢ ᠡᠭᠦᠷᠭᠡᠯᠡᠭᠦᠯᠬᠦ ᠪᠤᠶᠤ ᠬᠤᠪᠢᠶᠠᠨ ᠳᠠᠭᠠᠭᠠᠯᠭᠠᠬᠤ ᠪᠠᠷ ᠱᠠᠭᠠᠷᠳᠠᠬᠤ ᠶᠢ ᠴᠢᠩᠭ᠎ᠠ | ᠴᠠᠭᠠᠵᠠᠯᠠᠵᠤ᠂ ᠵᠠᠬ᠎ᠠ ᠳᠡᠯᠭᠡᠭᠦᠷ ᠤᠨ ᠡᠵᠡᠨ ᠤ ᠢᠷᠡᠯᠲᠡ ᠳᠤ ᠲᠤᠰᠢᠶᠠᠬᠤ ᠶᠢ ᠴᠢᠩᠭ᠎ᠠ ᠴᠠᠭᠠᠵᠠᠯᠠᠨ᠎ᠠ᠄ ᠴᠣᠭᠴᠠ ᠨᠢ | ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠭᠤᠣᠯ | ᠴᠣᠭᠴᠠ ᠠᠴᠠ ᠰᠢᠭᠤᠳ ᠪᠤᠶᠤ ᠳᠠᠮ ᠢᠶᠠᠷ ᠲᠣᠷᠭᠠᠭᠤᠯᠢ ᠶᠢᠨ ᠵᠣᠭᠤᠰ ᠬᠤᠷᠢᠶᠠᠬᠤ ᠶᠢ ᠴᠢᠩᠭ᠎ᠠ ᠴᠠᠭᠠᠵᠠᠯᠠᠨ᠎ᠠ᠃ | | ᠳᠥᠷᠪᠡ ᠳᠤ ᠵᠠᠰᠠᠭ ᠵᠠᠬᠢᠷᠭᠠᠨ ᠤ ᠰᠢᠢᠳᠬᠡᠯ ᠢ ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ | ᠤᠶᠠᠯᠳᠤᠭᠤᠯᠬᠤ ᠶᠢ ᠪᠠᠷᠢᠮᠲᠠᠯᠠᠬᠤ ᠶᠢ ᠲᠠᠬᠢᠨ ᠳᠠᠪᠲᠠᠨ ᠢᠯᠡᠷᠬᠡᠶᠢᠯᠡᠪᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠳ ᠵᠠᠰᠠᠭ ᠵᠠᠬᠢᠷᠭᠠᠨ ᠤ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠡᠲᠦ ᠬᠥᠩᠭᠡᠨ ᠬᠡᠲᠦ ᠬᠦᠨᠳᠦ ᠬᠥᠩᠭᠡᠳᠡᠬᠦ ᠶᠢ ᠰᠡᠷᠭᠡᠶᠢᠯᠡᠬᠦ ᠬᠡᠷᠡᠭᠲᠡᠢ᠃ ᠢᠳᠡᠭᠡᠨ ᠤ ᠵᠦᠢᠯ | ᠡᠮ ᠤᠨ ᠵᠦᠢᠯ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ | ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ | | ᠲᠠᠪᠤ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠬᠦ ᠲᠤᠬᠠᠢ | ᠲᠠᠬᠢᠨ ᠲᠣᠳᠣᠷᠬᠠᠶᠢᠯᠠᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠠᠤᠯᠢ ᠶᠢ ᠵᠥᠷᠢᠴᠡᠵᠦ | ᠣᠯᠣᠭᠰᠠᠨ ᠠᠰᠢᠭ ᠣᠯᠵᠠᠪᠤᠷᠢ ᠶᠢ ᠵᠠᠷᠯᠢᠭᠳᠠᠨ ᠪᠤᠴᠠᠭᠠᠨ ᠲᠥᠯᠥᠭᠦᠯᠬᠦ ᠳᠦᠷᠢᠮ ᠢ ᠨᠠᠷᠢᠯᠢᠭᠵᠢᠭᠤᠯᠵᠤ᠂ ᠠᠰᠢᠭ | ᠬᠤᠣᠷ ᠤᠨ ᠬᠠᠷᠢᠴᠠᠭ᠎ᠠ ᠲᠠᠢ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠵᠦᠢ ᠵᠣᠬᠢᠰᠲᠠᠢ | ᠬᠠᠮᠠᠭᠠᠯᠠᠬᠤ ᠬᠡᠷᠡᠭᠲᠡᠢ᠃ ᠲᠤᠬᠠᠢ ᠶᠢᠨ ᠬᠥᠮᠥᠨ ᠨᠢ ᠰᠠᠨᠠᠭᠠᠴᠢᠯᠠᠭ᠎ᠠ ᠠᠴᠠ ᠪᠠᠨ ᠪᠤᠴᠠᠭᠠᠨ ᠲᠥᠯᠥᠵᠦ᠂ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢᠨ ᠬᠤᠣᠷ ᠬᠥᠨᠥᠭᠡᠯ ᠤᠨ ᠦᠷ᠎ᠡ ᠤᠷᠰᠢᠭ ᠢ ᠠᠷᠢᠯᠭᠠᠭᠰᠠᠨ ᠪᠤᠶᠤ ᠬᠥᠩᠭᠡᠷᠡᠭᠦᠯᠦᠭᠰᠡᠨ | ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠢ ᠬᠥᠩᠭᠡᠨ ᠢᠶᠠᠷ ᠰᠢᠢᠳᠬᠡᠬᠦ ᠪᠤᠶᠤ ᠬᠥᠩᠭᠡᠷᠡᠭᠦᠯᠦᠨ᠎ᠡ᠃ | ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ | ᠰᠢᠯᠵᠢᠭᠦᠯᠦᠨ ᠬᠦᠷᠭᠡᠬᠦ ᠲᠣᠭᠲᠠᠭᠠᠯ︾ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ | ᠵᠠᠬᠢᠷᠭᠠᠨ ᠤ ᠪᠠᠶᠢᠭᠤᠯᠭ᠎ᠠ ᠪᠠ ᠬᠠᠤᠯᠢ ᠪᠠᠷᠢᠬᠤ ᠪᠠᠶᠢᠭᠤᠯᠭ᠎ᠠ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ | ᠲᠣᠭᠲᠠᠭᠠᠯ ᠶᠣᠰᠣᠭᠠᠷ ᠬᠡᠷᠡᠭ ᠢ ᠰᠢᠯᠵᠢᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ | | ᠳᠥᠷᠪᠡ᠂ ᠠᠰᠠᠭᠤᠯᠲᠠ᠄ ︽ᠮᠡᠳᠡᠭᠳᠡᠯ︾ ᠳᠤ ᠵᠠᠰᠠᠭ ᠵᠠᠬᠢᠷᠭᠠᠨ ᠤ ᠰᠢᠢᠳᠬᠡᠯ ᠤᠨ ᠪᠠᠶᠢᠭᠤᠯᠤᠯ | ᠲᠣᠭᠲᠠᠴᠠ ᠶᠢ ᠦᠷᠭᠦᠯᠵᠢᠯᠡᠨ ᠥᠭᠡᠷᠡᠴᠢᠯᠡᠬᠦ ᠲᠠᠯ᠎ᠠ ᠪᠠᠷ ᠶᠠᠮᠠᠷ ᠶᠠᠮᠠᠷ ᠰᠢᠨ᠎ᠡ ᠱᠠᠭᠠᠷᠳᠠᠯᠭ᠎ᠠ ᠲᠠᠢ ᠪᠣᠶ︖ | | ᠬᠠᠷᠢᠭᠤᠯᠲᠠ᠄ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠪᠠᠶᠢᠭᠤᠯᠤᠯ ᠲᠣᠭᠲᠠᠴᠠ ᠶᠢ ᠦᠷᠭᠦᠯᠵᠢᠯᠡᠨ | ᠥᠭᠡᠷᠡᠴᠢᠯᠡᠬᠦ ᠲᠠᠯ᠎ᠠ ᠪᠠᠷ᠂ ︽ᠮᠡᠳᠡᠭᠳᠡᠯ︾ ᠳᠤ 4 ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠪᠠ᠃ | | ᠨᠢᠭᠡ ᠳᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ ᠲᠦᠯᠬᠢᠨ ᠠᠬᠢᠭᠤᠯᠵᠤ᠂ ᠢᠵᠢ ᠪᠦᠷᠢᠳᠦᠭᠦᠯᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠵᠣᠬᠢᠬᠤ ᠰᠠᠭᠤᠷᠢᠨ ᠳᠡᠭᠡᠷ᠎ᠡ᠂ ᠨᠠᠩ ᠶᠡᠭᠡ | ᠬᠦᠷᠢᠶ᠎ᠡ ᠬᠡᠪᠴᠢᠶ᠎ᠡ᠂ ᠨᠠᠩ ᠣᠯᠠᠨ ᠬᠦᠷᠢᠶ᠎ᠡ ᠴᠠᠷᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠡᠷᠬᠡ ᠶᠢ ᠲᠥᠪᠯᠡᠷᠡᠭᠦᠯᠦᠨ ᠬᠡᠷᠡᠭᠵᠢᠭᠦᠯᠬᠦ ᠶᠢ ᠢᠳᠡᠪᠬᠢᠲᠡᠢ ᠯᠠᠪᠳᠠᠭᠤᠨ ᠢᠶᠠᠷ ᠰᠦᠪᠡᠭᠴᠢᠯᠡᠨ ᠥᠷᠨᠢᠭᠦᠯᠵᠦ ᠪᠣᠯᠣᠨ᠎ᠠ᠃ | | | ᠬᠤᠶᠠᠷ ᠲᠤ ᠢᠳᠡᠪᠬᠢᠲᠡᠢ ᠯᠠᠪᠳᠠᠭᠤᠨ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠡᠷᠬᠡ ᠣᠯᠭᠤᠭᠰᠠᠨ | ᠰᠢᠶᠠᠩ ᠪᠠᠯᠭᠠᠰᠤ ᠵᠡᠭᠡᠯᠢ ᠭᠤᠳᠤᠮᠵᠢ ᠳᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠦᠨ᠎ᠡ᠃ ᠡᠯ᠎ᠡ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠤᠭᠤᠳ ᠲᠤᠬᠠᠢ ᠶᠢᠨ ᠭᠠᠵᠠᠷ ᠤᠨ ᠢᠶᠠᠨ ᠪᠣᠳᠠᠲᠤ | ᠪᠠᠶᠢᠳᠠᠯ ᠢ ᠦᠨᠳᠦᠰᠦᠯᠡᠨ᠂ ᠤᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠪᠦᠲᠦᠮᠵᠢᠲᠡᠶ ᠪᠠᠷ ᠵᠠᠯᠭᠠᠨ | ᠠᠪᠴᠤ ᠳᠡᠶᠢᠯᠬᠦ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠲᠤ ᠡᠷᠬᠡ ᠣᠯᠭᠤᠵᠤ᠂ ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠳᠣᠷᠣᠭᠰᠢ | ᠪᠠᠭᠤᠯᠭᠠᠬᠤ ᠬᠡᠷᠡᠭᠲᠡᠢ᠃ | | ᠭᠤᠷᠪᠠ ᠳᠤ ᠨᠠᠶᠢᠳᠠᠭᠰᠠᠨ ᠵᠠᠰᠠᠭ ᠵᠠᠬᠢᠷᠭᠠᠨ ᠤ ᠰᠢᠢᠳᠬᠡᠯ ᠢ ᠵᠢᠷᠤᠮᠵᠢᠭᠤᠯᠤᠨ᠎ᠠ᠃ ᠨᠠᠶᠢᠳᠠᠯᠭ᠎ᠠ ᠶᠢᠨ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ | ᠦᠨᠳᠦᠰᠦᠯᠡᠯ ᠲᠠᠢ ᠪᠠᠶᠢᠵᠤ᠂ ᠨᠠᠶᠢᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠨᠠᠶᠢᠳᠠᠯᠭ᠎ᠠ ᠬᠦᠯᠢᠶᠡᠭᠰᠡᠨ | ᠵᠣᠬᠢᠶᠠᠨ ᠪᠠᠶᠢᠭᠤᠯᠤᠯᠲᠠ ᠨᠢ ᠬᠠᠤᠯᠢ ᠶᠣᠰᠣᠭᠠᠷ ᠪᠢᠴᠢᠭᠯᠡᠭᠰᠡᠨ ᠨᠠᠶᠢᠳᠠᠯᠭ᠎ᠠ ᠶᠢᠨ ᠪᠢᠴᠢᠭ ᠲᠤ ᠭᠠᠷ ᠤᠨ ᠥᠰᠥᠭ | ᠵᠢᠷᠤᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠵᠢᠷᠤᠮᠵᠢᠭᠤᠨ ᠪᠤᠰᠤ ᠨᠠᠶᠢᠳᠠᠯᠭ᠎ᠠ ᠶᠢᠨ ᠠᠵᠢᠯᠯᠠᠭ᠎ᠠ ᠶᠢ | ᠢᠯᠭᠠᠷᠠᠭᠤᠯᠤᠨ ᠲᠢᠭᠯᠡᠬᠦ ᠶᠣᠰᠣᠲᠠᠢ ᠶᠢ ᠨᠢ ᠢᠯᠭᠠᠷᠠᠭᠤᠯᠤᠨ ᠲᠢᠭᠯᠡᠵᠦ᠂ ᠵᠢᠷᠤᠮᠵᠢᠭᠤᠯᠬᠤ ᠶᠣᠰᠣᠲᠠᠢ ᠶᠢ ᠨᠢ | ᠵᠢᠷᠤᠮᠵᠢᠭᠤᠯᠤᠨ᠎ᠠ᠃ | | ᠳᠥᠷᠪᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠳᠡᠭᠡᠭᠰᠢᠯᠡᠭᠦᠯᠦᠨ᠎ᠡ᠃ | ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ︽ᠨᠢᠭᠡ ᠤᠳᠠᠭ᠎ᠠ | ᠶᠡᠷᠦᠩᠬᠡᠶᠢᠯᠡᠨ ᠪᠠᠶᠢᠴᠠᠭᠠᠬᠤ︾ ᠲᠤᠷᠰᠢᠯᠭ᠎ᠠ ᠶᠢ ᠲᠡᠷᠡ ᠬᠡᠪ ᠢᠶᠠᠷ ᠨᠢ ᠳᠡᠯᠭᠡᠷᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠶᠢᠨ ᠬᠠᠮᠵᠢᠯᠴᠠᠭ᠎ᠠ ᠶᠢᠨ ᠳᠦᠷᠢᠮ ᠢ ᠪᠦᠷᠢᠨᠰᠢᠭᠦᠯᠵᠦ᠂ ᠬᠠᠮᠵᠢᠯᠴᠠᠭ᠎ᠠ ᠶᠢᠨ ᠬᠡᠷᠡᠭᠵᠢᠭᠦᠯᠬᠦ | ᠭᠤᠣᠯ ᠴᠣᠭᠴᠠ᠂ ᠴᠠᠭ ᠤᠨ ᠬᠢᠵᠠᠭᠠᠷ ᠤᠨ ᠱᠠᠭᠠᠷᠳᠠᠯᠭ᠎ᠠ᠂ ᠠᠵᠢᠯ ᠤᠨ ᠲᠠᠰ ᠳᠠᠷᠠᠭᠠᠯᠠᠯ ᠵᠡᠷᠭᠡ ᠠᠭᠤᠯᠭ᠎ᠠ ᠶᠢ | ᠲᠣᠳᠣᠷᠬᠠᠶᠢᠯᠠᠬᠤ ᠬᠡᠷᠡᠭᠲᠡᠢ᠃ ᠣᠷᠣᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠶᠢ ᠨᠢᠭᠡ ᠴᠣᠭᠴᠠᠵᠢᠭᠤᠯᠤᠨ | ᠬᠠᠮᠲᠤᠷᠠᠯᠴᠠᠬᠤ ᠳᠦᠷᠢᠮ ᠪᠠ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ | | ᠲᠠᠪᠤ᠂ ᠠᠰᠠᠭᠤᠯᠲᠠ᠄ ︽ᠮᠡᠳᠡᠭᠳᠡᠯ︾ ᠳᠤ ᠵᠠᠰᠠᠭ ᠵᠠᠬᠢᠷᠭᠠᠨ ᠤ ᠰᠢᠢᠳᠬᠡᠯ ᠢ ᠬᠡᠷᠡᠭᠵᠢᠭᠦᠯᠬᠦ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠰᠢᠨ᠎ᠡ ᠲᠣᠭᠲᠠᠭᠠᠯ ᠪᠠᠶᠢᠬᠤ ᠪᠤᠢ︖ | | ᠬᠠᠷᠢᠭᠤᠯᠲᠠ᠄ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭᠵᠢᠭᠦᠯᠦᠯᠲᠡ ᠳᠤ ᠲᠠᠯᠪᠢᠬᠤ ᠬᠢᠨᠠᠯᠲᠠ ᠶᠢ ᠤᠯᠠᠮ | ᠴᠢᠩᠭᠠᠳᠬᠠᠬᠤ ᠶᠢᠨ ᠲᠥᠯᠥᠭᠡ᠂ ︽ᠮᠡᠳᠡᠭᠳᠡᠯ︾ ᠳᠤ 4 ᠲᠠᠯ᠎ᠠ ᠪᠠᠷ ᠰᠢᠨ᠎ᠡ ᠱᠠᠭᠠᠷᠳᠠᠯᠭ᠎ᠠ ᠭᠠᠷᠭᠠᠪᠠ᠃ | | ᠨᠢᠭᠡ ᠳᠤ ︽ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ | ︵2020 — 2025 ᠣᠨ︶︾ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠤᠵᠢ | ᠬᠤᠲᠠ ᠰᠢᠶᠠᠨ ᠰᠢᠶᠠᠩ ᠳᠥᠷᠪᠡᠨ ᠱᠠᠲᠤ ᠪᠠᠷ ᠪᠦᠬᠦᠨ ᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠠᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠬᠢᠨᠠᠯᠲᠠ | ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠬᠢᠨᠠᠯᠲᠠ ᠶᠢ | ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | | ᠬᠤᠶᠠᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠬᠦ | ᠦᠶᠯᠡ ᠠᠵᠢᠯᠯᠠᠭ᠎ᠠ ᠶᠢ ᠬᠥᠳᠡᠯᠦᠩᠭᠦᠢ ᠪᠠᠷ ᠬᠢᠨᠠᠨ ᠰᠢᠯᠭᠠᠬᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠴᠢᠬᠤᠯᠠ ᠶᠡᠭᠡ ᠠᠰᠠᠭᠤᠳᠠᠯ ᠢ ᠪᠠᠶᠢᠴᠠᠭᠠᠵᠤ ᠰᠢᠪᠠᠳᠠᠨ | ᠰᠢᠢᠳᠪᠦᠷᠢᠯᠡᠭᠦᠯᠬᠦ ᠵᠡᠷᠭᠡ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠱᠠᠲᠤ ᠲᠠᠰ ᠢᠶᠠᠷ ᠬᠢᠨᠠᠯᠲᠠ ᠲᠠᠯᠪᠢᠬᠤ | ᠡᠷᠴᠢᠮ ᠢᠶᠠᠨ ᠴᠢᠩᠭᠠᠷᠠᠭᠤᠯᠵᠤ᠂ ᠠᠷᠬᠠᠭ ᠬᠡᠮ ᠢ ᠦᠨᠡᠨ ᠬᠦ ᠴᠡᠭᠴᠡᠯᠡᠨ ᠵᠠᠰᠠᠵᠤ᠂ ᠠᠰᠠᠭᠤᠳᠠᠯ ᠢ ᠣᠯᠵᠤ ᠮᠡᠳᠡᠪᠡᠯ | ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠠᠳᠠᠯᠢ ᠲᠦᠷᠦᠯ ᠤᠨ ᠠᠰᠠᠭᠤᠳᠠᠯ ᠢ ᠴᠠᠭ ᠲᠤᠬᠠᠢ | ᠳᠤᠨᠢ ᠰᠤᠳᠤᠯᠵᠤ ᠵᠢᠷᠤᠮᠵᠢᠭᠤᠯᠤᠨ᠎ᠠ᠃ | | ᠭᠤᠷᠪᠠ ᠳᠤ ᠦᠨᠡᠯᠡᠨ ᠶᠠᠷᠢᠯᠴᠠᠵᠤ ᠬᠢᠨᠠᠨ ᠰᠢᠯᠭᠠᠬᠤ᠂ ᠪᠦᠷᠢᠳᠬᠡᠨ ᠵᠠᠳᠠᠯᠬᠤ ᠳᠦᠷᠢᠮ ᠢ ᠲᠡᠭᠦᠯᠳᠡᠷᠵᠢᠭᠦᠯᠵᠦ | ᠂ ᠲᠣᠷᠭᠠᠬᠤ ᠲᠤᠭ᠎ᠠ ᠬᠡᠮᠵᠢᠶ᠎ᠡ᠂ ᠲᠣᠷᠭᠠᠵᠤ ᠬᠤᠷᠢᠶᠠᠮᠵᠢᠯᠠᠭᠰᠠᠨ ᠲᠤᠭ᠎ᠠ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠪᠠᠷ | ᠬᠢᠨᠠᠨ ᠰᠢᠯᠭᠠᠬᠤ ᠭᠤᠣᠯ ᠦᠨᠳᠦᠰᠦᠯᠡᠯ ᠪᠣᠯᠭᠠᠵᠤ ᠪᠣᠯᠬᠤ ᠦᠭᠡᠢ᠃ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠠᠵᠤ ᠠᠬᠤᠢ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠬᠤ᠂ ᠠᠷᠠᠳ ᠢᠷᠭᠡᠳ᠂ ᠬᠠᠤᠯᠢ ᠶᠢᠨ | ᠡᠲᠡᠭᠡᠳ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ | ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠳᠤ ᠦᠵᠡᠭᠦᠯᠬᠦ ᠦᠢᠯᠡᠳᠦᠯ ᠢ | ᠶᠡᠷᠦᠩᠬᠡᠶᠢᠯᠡᠨ ᠦᠨᠡᠯᠡᠨ ᠵᠢᠱᠢᠬᠦ ᠬᠡᠷᠡᠭᠲᠡᠢ᠃ | | ᠳᠥᠷᠪᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠡᠩᠨᠡᠭᠡᠨ ᠤ | ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠬᠦᠴᠦᠨ ᠤ ᠲᠣᠬᠢᠷᠠᠭᠤᠯᠤᠯᠲᠠ᠂ ᠠᠵᠢᠯ ᠤᠨ ᠨᠥᠬᠦᠴᠡᠯ᠂ | ᠴᠢᠳᠠᠪᠤᠷᠢ ᠶᠢᠨ ᠬᠢᠷᠢ ᠲᠦᠪᠰᠢᠨ ᠪᠣᠯᠣᠨ ᠠᠵᠢᠯ ᠤᠨ ᠡᠭᠦᠷᠭᠡ ᠶᠢᠨ ᠬᠠᠷᠢᠯᠴᠠᠨ ᠵᠣᠬᠢᠴᠠᠯᠳᠤᠬᠤ ᠶᠢ ᠦᠨᠡᠨ ᠬᠦ | ᠪᠠᠲᠤᠯᠠᠬᠤ ᠬᠡᠷᠡᠭᠲᠡᠢ᠃ | | ᠵᠢᠷᠭᠤᠭ᠎ᠠ᠂ ᠠᠰᠠᠭᠤᠯᠲᠠ᠄ ︽ᠮᠡᠳᠡᠭᠳᠡᠯ︾ ᠳᠤ ᠵᠦᠢ ᠵᠣᠬᠢᠰ ᠦᠭᠡᠢ ᠲᠣᠷᠭᠠᠭᠤᠯᠢ ᠶᠢᠨ ᠵᠣᠭᠤᠰ ᠢ | ᠴᠡᠭᠴᠡᠯᠡᠨ ᠵᠠᠰᠠᠬᠤ ᠲᠤᠬᠠᠢ ᠶᠠᠮᠠᠷ ᠶᠠᠮᠠᠷ ᠬᠠᠨᠳᠤᠯᠭᠠᠲᠤ ᠴᠢᠨᠠᠷᠲᠠᠢ ᠲᠣᠭᠲᠠᠭᠠᠯ ᠭᠠᠷᠭᠠᠭᠰᠠᠨ ᠪᠤᠢ︖ | | ᠬᠠᠷᠢᠭᠤᠯᠲᠠ᠄ ᠵᠦᠢ ᠵᠣᠬᠢᠰ ᠦᠭᠡᠢ ᠲᠣᠷᠭᠠᠭᠤᠯᠢ ᠶᠢᠨ ᠵᠣᠭᠤᠰ ᠢ ᠤᠯᠠᠮ ᠴᠡᠭᠴᠡᠯᠡᠨ ᠵᠠᠰᠠᠬᠤ ᠶᠢᠨ | ᠲᠥᠯᠥᠭᠡ᠂ ︽ᠮᠡᠳᠡᠭᠳᠡᠯ︾ ᠳᠤ ᠵᠦᠢ ᠵᠣᠬᠢᠰ ᠦᠭᠡᠢ ᠲᠣᠷᠭᠠᠭᠤᠯᠢ ᠶᠢᠨ ᠵᠣᠭᠤᠰ ᠢ ᠴᠡᠭᠴᠡᠯᠡᠨ ᠵᠠᠰᠠᠬᠤ ᠲᠤᠬᠠᠢ | 5 ᠲᠠᠯ᠎ᠠ ᠪᠠᠷ ᠲᠣᠭᠲᠠᠭᠠᠯ ᠭᠠᠷᠭᠠᠵᠠᠢ᠃ | | ᠨᠢᠭᠡ ᠳᠤ ᠵᠠᠰᠠᠭ ᠵᠠᠬᠢᠷᠭᠠᠨ ᠤ ᠰᠢᠢᠳᠬᠡᠯ ᠦᠨᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠯᠪᠡᠷᠢ ᠶᠢ ᠨᠢ | ᠥᠭᠡᠷᠡᠲᠦᠭᠦᠯᠦᠨ ᠲᠣᠭᠲᠠᠭᠠᠵᠤ ᠪᠣᠯᠬᠤ ᠦᠭᠡᠢ᠂ ᠦᠨᠡᠯᠡᠨ ᠵᠢᠱᠢᠵᠦ ᠢᠯᠡᠷᠡᠭᠦᠯᠦᠭᠰᠡᠨ ᠵᠦᠢ ᠵᠣᠬᠢᠰ ᠦᠭᠡᠢ ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠲᠣᠭᠲᠠᠭᠠᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠠ | ᠲᠡᠭᠦᠨ ᠢ ᠬᠦᠴᠦᠨ ᠦᠭᠡᠢ ᠪᠣᠯᠭᠠᠬᠤ ᠬᠡᠷᠡᠭᠲᠡᠢ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠳᠤ ᠵᠠᠰᠠᠭ | | ᠬᠤᠶᠠᠷ ᠲᠤ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠎ᠠ᠃ ᠵᠠᠰᠠᠭ ᠵᠠᠬᠢᠷᠭᠠᠨ ᠤ | ᠪᠠᠶᠢᠭᠤᠯᠭ᠎ᠠ ᠶᠢ ᠬᠠᠤᠯᠢ ᠶᠢ ᠵᠥᠷᠢᠴᠡᠨ ᠰᠢᠢᠳᠬᠡᠯ ᠢ ᠬᠡᠷᠡᠭᠵᠢᠭᠦᠯᠵᠦ ᠪᠣᠯᠬᠤ ᠦᠭᠡᠢ᠂ ᠠᠰᠢᠭ ᠬᠥᠭᠡᠭᠡᠴᠡᠯᠳᠦᠬᠦ | ᠬᠠᠤᠯᠢ ᠬᠡᠷᠡᠭᠵᠢᠭᠦᠯᠬᠦ ᠶᠢ ᠲᠠᠰᠤ ᠵᠣᠭᠰᠣᠭᠠᠵᠤ᠂ ᠲᠣᠷᠭᠠᠵᠤ ᠬᠤᠷᠢᠶᠠᠮᠵᠢᠯᠠᠬᠤ ᠭᠦᠢᠴᠡᠳᠬᠡᠯ ᠲᠤᠭ᠎ᠠ ᠪᠠᠭᠤᠯᠭᠠᠬᠤ ᠶᠢ | ᠴᠢᠩᠭ᠎ᠠ ᠴᠠᠭᠠᠵᠠᠯᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠷᠭᠠᠬᠤ ᠪᠠ ᠲᠤᠰᠢᠶᠠᠬᠤ ᠶᠢ ᠰᠠᠯᠭᠠᠬᠤ᠂ | ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ ᠵᠡᠷᠭᠡ ᠳᠦᠷᠢᠮ ᠤᠨ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠪᠠᠨ ᠴᠢᠩᠭᠠᠳᠬᠠᠬᠤ ᠶᠢ ᠲᠣᠳᠣᠷᠬᠠᠢ ᠪᠣᠯᠭᠠᠬᠤ ᠬᠡᠷᠡᠭᠲᠡᠢ ᠭᠡᠵᠦ ᠱᠠᠭᠠᠷᠳᠠᠵᠠᠢ᠃ | | ᠭᠤᠷᠪᠠ ᠳᠤ ᠴᠠᠬᠢᠮ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠪᠠ | ᠬᠡᠷᠡᠭᠯᠡᠯᠲᠡ ᠶᠢ ᠵᠢᠷᠤᠮᠵᠢᠭᠤᠯᠤᠨ᠎ᠠ᠃ ᠲᠣᠨᠤᠭ ᠲᠥᠬᠦᠭᠡᠷᠦᠮᠵᠢ ᠶᠢᠨ ᠬᠡᠪ ᠤᠨ ᠪᠤᠰᠤ ᠠᠵᠢᠯᠯᠠᠭ᠎ᠠ ᠠᠴᠠ ᠪᠣᠯᠵᠤ | ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠨᠢ ᠬᠠᠤᠯᠢ ᠴᠠᠭᠠᠵᠠ ᠶᠢᠨ ᠲᠣᠭᠲᠠᠭᠠᠯ ᠳᠤ | ᠨᠡᠶᠢᠴᠡᠭᠰᠡᠨ ᠪᠠᠶᠢᠬᠤᠠᠳᠠᠯᠢ ᠨᠢᠭᠡᠨ ᠣᠷᠣᠨ ᠪᠦᠰᠡ ᠶᠢᠨ ᠳᠣᠲᠣᠷᠠᠬᠢ ᠬᠠᠤᠯᠢ ᠶᠢ ᠵᠥᠷᠢᠴᠡᠭᠰᠡᠨ ᠥᠨᠳᠥᠷ | ᠳᠠᠪᠲᠠᠮᠵᠢ ᠶᠢᠨ ᠦᠢᠯᠡ ᠠᠵᠢᠯᠯᠠᠭ᠎ᠠ ᠶᠢᠨ ᠰᠢᠯᠲᠠᠭᠠᠨ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠡᠬᠢ | ᠡᠭᠦᠰᠦᠯ ᠠᠴᠠ ᠨᠢ ᠵᠠᠰᠠᠬᠤ ᠶᠢ ᠲᠦᠯᠬᠢᠨ ᠠᠬᠢᠭᠤᠯᠬᠤ ᠬᠡᠷᠡᠭᠲᠡᠢ᠃ | | ᠳᠥᠷᠪᠡ ᠳᠤ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠎ᠠ᠃ ᠵᠠᠰᠠᠭ | ᠵᠠᠬᠢᠷᠭᠠᠨ ᠤ ᠪᠠᠶᠢᠭᠤᠯᠭ᠎ᠠ ᠶᠢ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠢ ᠪᠠᠶᠢᠴᠠᠭᠠᠨ ᠲᠣᠳᠣᠯᠠᠭᠰᠠᠨ ᠦᠭᠡᠢ | ᠪᠠᠶᠢᠳᠠᠯ ᠳᠣᠣᠷ᠎ᠠ᠂ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠠᠵᠢᠯ ᠠᠵᠢᠯ ᠢ ᠨᠢ ᠵᠣᠭᠰᠤᠭᠠᠬᠤ᠂ ᠵᠠᠷᠯᠢᠭᠳᠠᠵᠤ | ᠪᠠᠶᠢᠭᠠᠳ ᠡᠭᠦᠳᠡ ᠶᠢ ᠨᠢ ᠬᠠᠭᠠᠯᠭᠠᠬᠤ ᠵᠡᠷᠭᠡ ᠵᠠᠰᠠᠭ ᠵᠠᠬᠢᠷᠭᠠᠨ ᠤ ᠰᠢᠢᠳᠬᠡᠯ ᠢ ᠨᠢᠭᠡ ᠯᠡ ᠠᠳᠠᠯᠢ ᠪᠠᠷ ᠱᠠᠭᠠᠷᠳᠠᠵᠤ | ᠪᠣᠯᠬᠤ ᠦᠭᠡᠢ᠃ ᠠᠩᠬ᠎ᠠ ᠤᠳᠠᠭ᠎ᠠ ᠬᠠᠤᠯᠢ ᠶᠢ ᠵᠥᠷᠢᠴᠡᠪᠡᠯ ᠰᠢᠢᠳᠬᠡᠯ ᠠᠴᠠ ᠬᠡᠯᠲᠦᠷᠢᠭᠦᠯᠬᠦ ᠳᠦᠷᠢᠮ ᠢ | ᠬᠡᠷᠡᠭᠵᠢᠭᠦᠯᠪᠡ᠃ | | ᠲᠠᠪᠤ ᠳᠤ ᠦᠨᠡᠯᠡᠨ ᠶᠠᠷᠢᠯᠴᠠᠵᠤ ᠬᠢᠨᠠᠨ ᠰᠢᠯᠭᠠᠬᠤ ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ | ᠲᠡᠭᠦᠯᠳᠡᠷᠵᠢᠭᠦᠯᠦᠨ᠎ᠡ᠃ ᠲᠣᠷᠭᠠᠬᠤ ᠲᠤᠭ᠎ᠠ ᠬᠡᠮᠵᠢᠶ᠎ᠡ᠂ ᠲᠣᠷᠭᠠᠵᠤ ᠬᠤᠷᠢᠶᠠᠮᠵᠢᠯᠠᠭᠰᠠᠨ ᠲᠤᠭ᠎ᠠ ᠬᠡᠮᠵᠢᠶ᠎ᠡ ᠵᠡᠷᠭᠡ | ᠭᠦᠢᠴᠡᠳᠬᠡᠯ ᠲᠤᠭ᠎ᠠ ᠪᠠᠷ ᠰᠢᠯᠭᠠᠨ ᠬᠢᠨᠠᠬᠤ ᠭᠤᠣᠯ ᠦᠨᠳᠦᠰᠦᠯᠡᠯ ᠪᠣᠯᠭᠠᠵᠤ᠂ ᠬᠢᠨᠠᠯᠲᠠ ᠲᠠᠯᠪᠢᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ ᠪᠣᠯᠬᠤ ᠦᠭᠡᠢ ᠭᠡᠵᠦ ᠱᠠᠭᠠᠷᠳᠠᠪᠠ᠃ | | ᠲᠤᠯᠤᠭ᠎ᠠ᠂ ᠠᠰᠠᠭᠤᠯᠲᠠ᠄ ︽ᠮᠡᠳᠡᠭᠳᠡᠯ︾ ᠳᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ ᠶᠠᠮᠠᠷ | ᠶᠠᠮᠠᠷ ᠱᠠᠭᠠᠷᠳᠠᠯᠭ᠎ᠠ ᠳᠤᠷᠠᠳᠤᠭᠰᠠᠨ ᠪᠤᠢ︖ | | ᠬᠠᠷᠢᠭᠤᠯᠲᠠ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ | ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠶᠢᠨ ᠲᠥᠯᠥᠭᠡ᠂ ︽ᠮᠡᠳᠡᠭᠳᠡᠯ︾ ᠳᠤ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠠᠪᠤᠴᠠ ᠳᠠᠬᠢ ᠲᠥᠷᠥᠯ ᠪᠦᠷᠢ ᠶᠢᠨ ᠠᠷᠭ᠎ᠠ ᠬᠡᠮᠵᠢᠶ᠎ᠡ ᠶᠢ ᠤᠯᠠᠮ ᠴᠢᠩᠭᠠᠳᠬᠠᠪᠠ᠃ | | ᠨᠢᠭᠡ ᠳᠤ ᠰᠤᠷᠤᠯᠴᠠᠯᠭ᠎ᠠ᠂ ᠪᠣᠯᠪᠠᠰᠤᠷᠠᠭᠤᠯᠤᠯ ᠪᠠ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠡᠯ᠎ᠡ | ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ 2022 ᠣᠨ ᠤ 6 ᠰᠠᠷ᠎ᠠ ᠠᠴᠠ ᠡᠮᠦᠨ᠎ᠡ ᠣᠲᠣ ᠶᠢᠨ ᠪᠠᠶᠢᠭ᠎ᠠ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠰᠤᠷᠭᠠᠯᠲᠠ ᠶᠢ ᠪᠡᠶᠡᠯᠡᠭᠦᠯᠬᠦ ᠶᠢᠨ ᠬᠠᠮᠲᠤ | ᠰᠢᠨ᠎ᠡ ᠪᠠᠷ ᠠᠵᠢᠯ ᠤᠨ ᠪᠠᠶᠢᠷᠢ ᠳᠤ ᠭᠠᠷᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠰᠤᠷᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠬᠠᠤᠯᠢ ᠶᠢᠨ ᠤᠬᠠᠭᠤᠯᠭ᠎ᠠ ᠶᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠳᠤ ᠣᠷᠣᠭᠤᠯᠵᠤ᠂ ︽ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ | ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ | ᠰᠠᠯᠠᠭ᠎ᠠ ᠮᠥᠴᠢᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | | ᠬᠤᠶᠠᠷ ᠲᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ | ᠰᠠᠶᠢᠲᠤᠷ ᠲᠤᠤᠱᠯᠠᠭᠤᠯᠤᠨ ᠬᠡᠷᠡᠭᠵᠢᠭᠦᠯᠬᠦ ᠶᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠪᠴᠢᠯᠡᠨ | ᠪᠠᠶᠢᠭᠤᠯᠬᠤ ᠶᠢᠨ ᠴᠢᠬᠤᠯᠠ ᠭᠠᠷᠳᠠᠴᠠ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯᠲᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠶᠢ | ᠲᠤᠤᠱᠯᠠᠭᠤᠯᠤᠨ ᠬᠡᠷᠡᠭᠵᠢᠭᠦᠯᠦᠭᠰᠡᠨ ᠲᠤᠷᠰᠢᠯᠭ᠎ᠠ ᠠᠷᠭ᠎ᠠ ᠬᠢᠳᠡᠯ ᠢ ᠡᠮᠬᠢᠯᠡᠨ ᠳ᠋ᠦᠩᠨᠡᠵᠦ᠂ ᠴᠢᠬᠤᠯᠠ ᠪᠠᠶᠢᠳᠠᠯ ᠪᠠ | ᠠᠰᠠᠭᠤᠳᠠᠯ ᠢ ᠬᠠᠤᠯᠢ ᠴᠠᠭᠠᠵᠠ ᠶᠢᠨ ᠶᠠᠮᠤᠨ ᠳᠤ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ ᠭᠡᠵᠦ | ᠱᠠᠭᠠᠷᠳᠠᠪᠠ᠃ ᠬᠠᠤᠯᠢ ᠴᠠᠭᠠᠵᠠ ᠶᠢᠨ ᠶᠠᠮᠤᠨ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠲᠤᠤᠱᠯᠠᠭᠤᠯᠤᠨ ᠬᠡᠷᠡᠭᠵᠢᠭᠦᠯᠬᠦ ᠠᠵᠢᠯ ᠢ ᠵᠢᠯᠤᠭᠤᠳᠴᠤ᠂ ᠲᠤᠤᠱᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ | ᠪᠠᠶᠢᠳᠠᠯ ᠢ ᠴᠠᠭ ᠲᠤᠬᠠᠢ ᠳᠤᠨᠢ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ | | ᠭᠤᠷᠪᠠ ᠳᠤ ᠲᠤᠰᠬᠠᠢ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠰᠠᠯᠠᠭ᠎ᠠ ᠮᠥᠴᠢᠷ ᠢ ᠲᠣᠳᠣᠷᠬᠠᠢ | ᠪᠣᠯᠭᠠᠬᠤ ᠬᠡᠷᠡᠭᠲᠡᠢ᠃ ᠵᠢᠱᠢᠶᠡᠯᠡᠪᠡᠯ᠂ ᠲᠣᠷᠭᠠᠬᠤ ᠪᠠ ᠲᠤᠰᠢᠶᠠᠬᠤ ᠶᠢ ᠰᠠᠯᠭᠠᠬᠤ ᠳᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠢ ᠱᠠᠭᠠᠷᠳᠠᠵᠤ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠯ ᠶᠣᠰᠣᠭᠠᠷ ᠲᠤᠰᠬᠠᠢ | ᠵᠦᠢᠯ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃ ᠪᠠᠰᠠ ᠵᠢᠱᠢᠶᠡᠯᠡᠪᠡᠯ᠂ ᠬᠠᠷᠢᠶᠠᠯᠠᠯ ᠤᠨ ᠲᠤᠬᠠᠢ | ᠮᠠᠷᠭᠤᠯᠳᠤᠭᠠᠨ ᠢ ᠰᠢᠢᠳᠪᠦᠷᠢᠯᠡᠬᠦ ᠳᠤ᠂ ᠬᠤᠶᠠᠷ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠠᠳᠠᠯᠢ | ᠪᠤᠰᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ ᠭᠡᠵᠦ ᠲᠣᠭᠲᠠᠭᠠᠭᠠᠳ᠂ ᠵᠠᠰᠠᠭ ᠵᠠᠬᠢᠷᠭᠠᠨ ᠤ | ᠰᠢᠢᠳᠬᠡᠯ ᠤᠨ ᠬᠠᠷᠢᠶᠠᠯᠠᠯ ᠤᠨ ᠲᠤᠬᠠᠢ ᠮᠠᠷᠭᠤᠯᠳᠤᠭᠠᠨ ᠭᠠᠷᠤᠭᠠᠳ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ | ᠵᠣᠬᠢᠴᠠᠭᠤᠯᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ | ᠬᠠᠷᠢᠶᠠᠯᠠᠯ ᠢ ᠵᠢᠭᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠠᠮᠵᠢᠭᠤᠯᠤᠨ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ | |