| | | | | | ᠨᠢᠭᠡ᠂ ᠲᠣᠭᠲᠠᠭᠠᠭᠰᠠᠨ ᠠᠬᠤᠢ ᠪᠠᠶᠢᠳᠠᠯ | | ︽ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠲᠣᠭᠲᠠᠭᠠᠯ︾ ︵ᠤᠤᠯ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠵᠠᠷᠯᠢᠭ 12 ᠳ᠋ᠤᠭᠠᠷ ᠲᠣᠭᠠᠲᠤ︶᠂ ︽ᠠᠶᠤᠯᠭᠦᠢ ᠦᠢᠯᠡᠳᠪᠦᠷᠢᠯᠡᠬᠦ ᠠᠵᠢᠯ ᠤᠨ ᠦᠨᠡᠯᠡᠯᠲᠡ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠤᠤᠯ ᠤᠨ ᠠᠶᠤᠯᠭᠦᠢ ᠦᠢᠯᠡᠳᠪᠦᠷᠢᠯᠡᠬᠦ ᠠᠵᠢᠯ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠵᠠᠷᠯᠢᠭ 22 ᠳ᠋ᠤᠭᠠᠷ ᠲᠣᠭᠠᠲᠤ︶ ᠢ | ᠬᠡᠷᠡᠭᠵᠢᠭᠦᠯᠦᠭᠰᠡᠨ ᠠᠴᠠ ᠨᠠᠰᠢ᠂ ᠠᠶᠤᠯᠭᠦᠢ ᠶᠢᠨ ᠦᠨᠡᠯᠡᠯᠲᠡ ᠶᠢᠨ ᠪᠠᠶᠢᠭᠤᠯᠤᠮᠵᠢ᠂ ᠠᠶᠤᠯᠭᠦᠢ ᠦᠢᠯᠡᠳᠪᠦᠷᠢᠯᠡᠬᠦ | ᠠᠵᠢᠯ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ︵ᠳᠣᠷᠣᠭᠰᠢ ᠦᠨᠡᠯᠡᠨ ᠰᠢᠯᠭᠠᠬᠤ ᠪᠠᠶᠢᠭᠤᠯᠤᠮᠵᠢ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠶᠢᠨ ᠠᠵᠢᠯ ᠡᠷᠬᠢᠯᠡᠬᠦ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠵᠤ᠂ ᠦᠨᠡᠯᠡᠨ | ᠰᠢᠯᠭᠠᠬᠤ ᠪᠠᠶᠢᠭᠤᠯᠤᠮᠵᠢ ᠶᠢᠨ ᠡ᠊ᠨᠳᠡᠯ ᠢ ᠰᠡᠷᠭᠡᠶᠢᠯᠡᠬᠦ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠪᠠ᠃ | ᠳᠡᠭᠡᠷ᠎ᠡ ᠳᠤᠷᠠᠳᠤᠭᠰᠠᠨ ᠬᠤᠶᠠᠷ ᠳᠦᠷᠢᠮ ᠲᠣᠭᠲᠠᠭᠠᠯ ᠢ ᠬᠡᠷᠡᠭᠵᠢᠭᠦᠯᠦᠭᠡᠳ ᠨᠢᠭᠡᠨᠲᠡ ᠠᠷᠪᠠᠨ ᠵᠢᠯ ᠰᠢᠬᠠᠮ ᠪᠣᠯᠵᠠᠢ | ᠂ ᠵᠠᠷᠢᠮ ᠠᠭᠤᠯᠭ᠎ᠠ ᠨᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ᠂ ᠲᠦᠷᠤ ᠶᠢᠨ ᠶᠠᠪᠤᠳᠠᠯ ᠤᠨ ᠬᠤᠷᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠱᠠᠭᠠᠷᠳᠠᠯᠭ᠎ᠠ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠣᠳᠠᠲᠠᠢ ᠬᠡᠷᠡᠭᠴᠡᠭᠡ ᠲᠠᠢ ᠵᠣᠬᠢᠴᠠᠬᠤ | ᠦᠭᠡᠢ ᠪᠠᠶᠢᠵᠤ᠂ ᠤᠤᠯ ᠤᠨ ᠳᠦᠷᠢᠮ ᠲᠣᠭᠲᠠᠭᠠᠯ ᠢ ᠬᠡᠷᠡᠭᠵᠢᠭᠦᠯᠦᠭᠰᠡᠨ ᠲᠤᠷᠰᠢᠯᠭ᠎ᠠ ᠪᠠ ᠣᠷᠣᠰᠢᠵᠤ ᠪᠠᠶᠢᠭ᠎ᠠ | ᠠᠰᠠᠭᠤᠳᠠᠯ ᠢ ᠳ᠋ᠦᠩᠨᠡᠵᠦ᠂ ᠰᠢᠨ᠎ᠡ ᠪᠠᠷ ︽ᠠᠶᠤᠯᠭᠦᠢ ᠶᠢ ᠦᠨᠡᠯᠡᠬᠦ ᠰᠢᠯᠭᠠᠨ ᠬᠡᠮᠵᠢᠬᠦ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ | ᠲᠣᠪᠴᠢᠯᠠᠨ᠎ᠠ︶ ᠶᠢ ᠨᠡᠶᠢᠲᠡᠯᠡᠬᠦ ᠨᠢ ᠨᠢᠭᠡᠨᠲᠡ ᠮᠠᠰᠢ ᠴᠢᠬᠤᠯᠠᠲᠠᠢ ᠪᠣᠯᠵᠠᠢ᠃ | | ︵ᠨᠢᠭᠡ︶ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠪᠣᠯ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ | ᠂ ᠠᠶᠦᠯᠭᠦᠢ ᠶᠢᠨ ᠬᠢᠨᠠᠨ ᠲᠣᠭᠲᠠᠭᠠᠬᠤ ᠳᠦᠷᠢᠮ ᠢ ᠥᠭᠡᠷᠡᠴᠢᠯᠡᠬᠦ ᠶᠢᠨ ᠡᠭᠦᠷᠭᠡ ᠱᠠᠭᠠᠷᠳᠠᠯᠭ᠎ᠠ ᠮᠥᠨ᠃ ︽ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠦᠪᠵᠢᠭᠦᠯᠭᠡ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠰᠠᠨᠠᠭᠤᠯᠭ᠎ᠠ︾ ᠳᠤ ︽ᠠᠶᠦᠯᠭᠦᠢ ᠶᠢᠨ ᠬᠢᠨᠠᠨ ᠲᠣᠭᠲᠠᠭᠠᠬᠤ ᠳᠦᠷᠢᠮ ᠳᠤ ᠥᠭᠡᠷᠡᠴᠢᠯᠡᠯᠲᠡ ᠬᠢᠵᠦ᠂ ᠤᠷᠢᠳᠴᠢᠯᠠᠨ | ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠬᠦ︾ ᠡᠭᠦᠷᠭᠡ ᠱᠠᠭᠠᠷᠳᠠᠯᠭ᠎ᠠ ᠶᠢ | ᠳᠤᠷᠠᠳᠤᠨ ᠭᠠᠷᠭᠠᠪᠠ᠃ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠦᠷᠢᠶᠡᠨ ᠳᠠᠬᠢ ᠥᠭᠡᠷᠡᠴᠢᠯᠡᠯᠲᠡ | ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ︽ᠠᠶᠤᠯᠭᠦᠢ ᠦᠢᠯᠡᠳᠪᠦᠷᠢᠯᠡᠬᠦ ᠠᠵᠢᠯ ᠪᠠ ᠠᠵᠢᠯ | ᠮᠡᠷᠭᠡᠵᠢᠯ ᠤᠨ ᠡᠷᠡᠭᠦᠯ ᠮᠡᠨᠳᠦ ᠶᠢᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ ᠬᠡᠮ ᠤᠨ | ᠬᠠᠮᠢᠶᠠᠷᠤᠯᠲᠠ ᠶᠢᠨ ᠠᠷᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ︾ ︽ᠠᠶᠤᠯᠭᠦᠢ ᠦᠢᠯᠡᠳᠪᠦᠷᠢᠯᠡᠬᠦ | ᠠᠵᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠪᠠ ᠭᠦᠢᠴᠡᠳᠬᠡᠬᠦ ᠵᠢᠷᠤᠮ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠬᠡᠷᠡᠭᠲᠡᠢ︾ ᠭᠡᠵᠦ ︽ᠬᠠᠮᠢᠶᠠᠷᠤᠯᠲᠠ ᠶᠢᠨ ᠠᠷᠭ᠎ᠠ︾ ᠨᠢ ᠠᠶᠤᠯᠭᠦᠢ ᠦᠢᠯᠡᠳᠪᠦᠷᠢᠯᠡᠬᠦ ᠠᠵᠢᠯ ᠤᠨ | ᠪᠣᠳᠠᠲᠤ ᠬᠡᠷᠡᠭᠴᠡᠭᠡ ᠳᠤ ᠵᠣᠬᠢᠴᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠭᠡ | ᠲᠠᠯ᠎ᠠ ᠶᠢ ᠪᠠᠷᠢᠮᠵᠢᠶᠠᠯᠠᠵᠤ᠂ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠮᠡᠳᠡᠷᠡᠬᠦ᠂ ᠬᠢᠨᠠᠯᠲᠠ ᠲᠠᠯᠪᠢᠵᠤ | ᠬᠠᠮᠢᠶᠠᠷᠬᠤ᠂ ᠪᠠᠶᠢᠴᠠᠭᠠᠵᠤ ᠬᠢᠨᠠᠨ ᠰᠢᠯᠭᠠᠬᠤ ᠵᠡᠷᠭᠡ ᠳᠤ ᠰᠢᠰᠲ᠋ᠧᠮ ᠤᠨ ᠴᠢᠨᠠᠷᠲᠠᠢ ᠥᠭᠡᠷᠡᠴᠢᠯᠡᠯᠲᠡ ᠬᠢᠵᠡᠢ᠃ ︽ | ᠬᠠᠮᠢᠶᠠᠷᠤᠯᠲᠠ ᠶᠢᠨ ᠠᠷᠭ᠎ᠠ︾ ᠨᠢ ᠪᠠᠶᠢᠭᠤᠯᠤᠮᠵᠢ ᠶᠢᠨ ᠠᠵᠢᠯ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠬᠤ᠂ | ᠪᠠᠶᠢᠭᠤᠯᠤᠮᠵᠢ ᠶᠢᠨ ᠮᠡᠷᠭᠡᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠲᠥᠷᠥᠯ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠥᠨ ᠵᠢᠯᠤᠭᠤᠳᠬᠤ ᠳᠤ ᠨᠡᠯᠢᠶᠡᠳ ᠴᠢᠩᠭ᠎ᠠ ᠵᠢᠯᠤᠭᠤᠳᠬᠤ | ᠠᠴᠢ ᠬᠤᠯᠪᠣᠭᠳᠠᠯ ᠪᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ | | ︵ᠬᠤᠶᠠᠷ︶ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠪᠣᠯ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠠᠬᠢᠭᠤᠯᠤᠨ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠲᠥᠷᠥ ᠶᠢᠨ ᠶᠠᠪᠤᠳᠠᠯ ᠤᠨ ᠬᠤᠷᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠠᠯᠢ ᠣᠯᠠᠨ ᠴᠢᠬᠤᠯᠠ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ | ᠨᠡᠶᠢᠲᠡᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠢᠴᠢ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ | ᠥᠭᠡᠷᠡᠴᠢᠯᠡᠯᠲᠡ ᠶᠢ ᠵᠠᠯᠭᠠᠭ᠎ᠠ ᠪᠠᠷ ᠭᠦᠨᠵᠡᠭᠡᠶᠢᠷᠡᠭᠦᠯᠪᠡ᠃ 2019 ᠣᠨ ᠤ 2 ᠰᠠᠷ᠎ᠠ ᠶᠢᠨ 27 ᠤ ᠡᠳᠦᠷ᠂ | ᠲᠥᠷᠥ ᠶᠢᠨ ᠶᠠᠪᠤᠳᠠᠯ ᠤᠨ ᠬᠤᠷᠢᠶ᠎ᠠ ︽ᠨᠢᠭᠡ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ | ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠬᠤ ᠲᠤᠬᠠᠢ ᠲᠣᠭᠲᠠᠭᠠᠯ︾ ︵ᠲᠥᠷᠥ ᠲᠠᠷᠬᠠᠭᠠᠭᠰᠠᠨ ﹇ | 2019﹈ 6 ᠳ᠋ᠤᠭᠠᠷ ᠲᠣᠭᠠᠲᠤ︶ ᠢ ᠨᠡᠶᠢᠲᠡᠯᠡᠵᠦ᠂ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠤᠨ | ᠵᠥᠪᠰᠢᠶᠡᠷᠡᠯ ᠢ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠮᠤᠵᠢ ᠶᠢᠨ ᠱᠠᠲᠤᠨ ᠤ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ᠬᠢᠷᠢ ᠬᠡᠮ ᠤᠨ ᠵᠥᠪᠰᠢᠶᠡᠷᠡᠯ ᠤᠨ ᠪᠠᠶᠢᠭᠤᠯᠭ᠎ᠠ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠲᠤ ᠲᠤᠰᠢᠶᠠᠨ ᠥᠭᠴᠦ ᠬᠡᠷᠡᠭᠵᠢᠭᠦᠯᠬᠦ ᠶᠢᠨ ᠬᠠᠮᠲᠤ ᠦᠨᠡᠯᠡᠨ ᠰᠢᠯᠭᠠᠬᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠨᠠᠩ ᠥᠨᠳᠥᠷ ᠰᠢᠨ᠎ᠡ | ᠱᠠᠭᠠᠷᠳᠠᠯᠭ᠎ᠠ ᠳᠤᠷᠠᠳᠪᠠ᠃ ︽ᠬᠠᠮᠢᠶᠠᠷᠤᠯᠲᠠ ᠶᠢᠨ ᠠᠷᠭ᠎ᠠ︾ ᠨᠢ ᠤᠤᠯ ᠤᠨ ᠬᠠᠮᠢᠶᠠᠷᠤᠯᠲᠠ ᠶᠢᠨ | ᠲᠣᠭᠲᠠᠭᠠᠯ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠲᠠᠢ ᠵᠣᠬᠢᠴᠠᠬᠤ | ᠦᠭᠡᠢ ᠠᠭᠤᠯᠭ᠎ᠠ ᠳᠤ ᠵᠠᠰᠠᠪᠤᠷᠢ ᠣᠷᠣᠭᠤᠯᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠲᠠᠢ ᠵᠣᠬᠢᠴᠠᠬᠤ ᠦᠭᠡᠢ ᠭᠤᠭᠴᠤᠭ᠎ᠠ ᠶᠢ ᠰᠢᠯᠤᠭᠤᠳᠬᠠᠵᠤ᠂ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠷᠢᠶ᠎ᠠ ᠣᠷᠣᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠠᠬᠢᠭᠤᠯᠬᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠬᠠᠤᠯᠢ ᠳᠦᠷᠢᠮ ᠤᠨ ᠪᠠᠲᠤᠯᠠᠭ᠎ᠠ | ᠪᠠ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠠᠢ᠃ | | ︵ᠭᠤᠷᠪᠠ︶ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠬᠦ ᠪᠣᠯ ᠲᠤᠰᠬᠠᠢ ᠪᠠᠶᠢᠭᠤᠯᠤᠮᠵᠢ ᠶᠢᠨ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠳᠠᠬᠢᠨ ᠪᠠᠶᠢᠭᠤᠯᠵᠤ᠂ ᠠᠵᠢᠯ ᠲᠥᠷᠥᠯ ᠤᠨ ᠵᠢᠷᠤᠮᠵᠢᠭᠰᠠᠨ | ᠬᠥᠭᠵᠢᠯᠲᠡ ᠶᠢ ᠬᠥᠲᠥᠯᠥᠨ ᠵᠢᠯᠤᠭᠤᠳᠬᠤ ᠶᠢᠨ ᠪᠣᠳᠠᠲᠤ ᠬᠡᠷᠡᠭᠴᠡᠭᠡ ᠪᠣᠯᠣᠨ᠎ᠠ᠃ ᠣᠲᠣ ᠶᠢᠨ ᠬᠡᠷᠡᠭᠵᠢᠭᠦᠯᠵᠦ | ᠪᠠᠶᠢᠭ᠎ᠠ ᠦᠨᠡᠯᠡᠨ ᠰᠢᠯᠭᠠᠬᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠨᠡᠯᠢᠶᠡᠳ ᠳᠣᠣᠷ᠎ᠠ ᠪᠠᠶᠢᠵᠤ | ᠂ ᠨᠢᠭᠡᠨᠲᠡ ᠮᠡᠷᠭᠡᠵᠢᠯ ᠤᠨ ᠲᠤᠯᠭᠠᠭᠤᠷᠢᠯᠠᠯ ᠤᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠦᠭᠡᠢ ᠪᠣᠯᠪᠠ᠃ | ᠦᠨᠡᠯᠡᠵᠦ ᠰᠢᠯᠭᠠᠨ ᠬᠡᠮᠵᠢᠬᠦ ᠪᠠᠶᠢᠭᠤᠯᠤᠮᠵᠢ ᠶᠢᠨ ᠣᠷᠣᠨ ᠪᠦᠰᠡ ᠠᠯᠤᠰᠯᠠᠨ ᠠᠵᠢᠯ ᠡᠷᠬᠢᠯᠡᠬᠦ ᠳᠤ ᠪᠠᠰᠠ ᠠᠳᠠᠯᠢ | ᠪᠤᠰᠤ ᠬᠡᠮᠵᠢᠶᠡᠨ ᠤ ᠵᠠᠰᠠᠭ ᠵᠠᠬᠢᠷᠭᠠᠨ ᠤ ᠪᠠᠬᠢᠯᠡᠯᠲᠡ ᠪᠠ ᠬᠠᠷᠰᠢ ᠰᠠᠭᠠᠳ ᠣᠷᠣᠰᠢᠵᠤ ᠪᠠᠶᠢᠨ᠎ᠠ᠃ ᠬᠠᠷᠢᠶ᠎ᠠ | ᠭᠠᠵᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ | ᠪᠠᠶᠢᠭᠤᠯᠤᠮᠵᠢ ᠵᠢᠴᠢ ᠲᠡᠭᠦᠨ ᠤ ᠠᠵᠢᠯᠯᠠᠭᠰᠠᠳ ᠲᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠦᠨᠳᠦᠰᠦᠯᠡᠯᠲ᠋ᠡᠭᠡᠷᠡ ᠳᠤᠷᠠᠳᠤᠭᠰᠠᠨ ᠠᠰᠠᠭᠤᠳᠠᠯ ᠤᠳ ᠨᠢ ᠠᠵᠢᠯ ᠲᠦᠷᠦᠯ ᠤᠨ ᠵᠢᠷᠤᠮᠵᠢᠯ ᠲᠠᠢ ᠪᠠᠷ ᠠᠵᠢᠯ | ᠡᠷᠬᠢᠯᠡᠬᠦ᠂ ᠭᠤᠣᠯᠴᠢ ᠪᠠᠷ ᠥᠷᠢᠰᠦᠯᠳᠦᠬᠦ᠂ ᠡᠷᠡᠭᠦᠯ ᠢᠶᠠᠷ ᠬᠥᠭᠵᠢᠬᠦ ᠪᠠ ᠪᠦᠲᠦᠮᠵᠢᠲᠡᠶ ᠪᠠᠷ ᠬᠢᠨᠠᠨ ᠬᠠᠮᠢᠶᠠᠷᠬᠤ ᠶᠢ | ᠨᠥᠯᠥᠭᠡᠯᠡᠵᠦ ᠪᠠᠶᠢᠨ᠎ᠠ᠃ ︽ᠬᠠᠮᠢᠶᠠᠷᠤᠯᠲᠠ ᠶᠢᠨ ᠠᠷᠭ᠎ᠠ︾ ᠨᠢ ᠬᠢᠷᠢ ᠬᠡᠮ ᠤᠨ ᠵᠡᠷᠭᠡ ᠳᠡᠰ ᠢ ᠨᠡᠶᠢᠯᠡᠭᠦᠯᠬᠦ᠂ ᠬᠢᠨᠠᠨ | ᠵᠥᠪᠰᠢᠶᠡᠷᠡᠬᠦ ᠲᠠᠰ ᠳᠠᠪᠬᠤᠷᠭ᠎ᠠ ᠶᠢ ᠪᠠᠭᠠᠰᠬᠠᠬᠤ᠂ ᠵᠥᠪᠰᠢᠶᠡᠷᠡᠯ ᠤᠨ ᠬᠡᠪᠴᠢᠶ᠎ᠡ ᠶᠢ ᠴᠣᠮᠬᠠᠳᠬᠠᠬᠤ᠂ ᠠᠵᠢᠯ | ᠡᠷᠭᠢᠯᠡᠬᠦ ᠭᠠᠵᠠᠷ ᠣᠷᠣᠨ ᠤ ᠬᠢᠵᠠᠭᠠᠷᠯᠠᠯ ᠢ ᠬᠦᠴᠦᠨ ᠦᠭᠡᠢ ᠪᠣᠯᠭᠠᠬᠤ᠂ ᠨᠢᠭᠡ ᠵᠥᠪᠰᠢᠶᠡᠷᠡᠯ ᠤᠨ ᠪᠠᠷᠢᠮᠵᠢᠶ᠎ᠠ ᠶᠢᠨ | ᠵᠥᠪᠰᠢᠶᠡᠷᠡᠯ᠂ ᠨᠢᠭᠡ ᠦᠨᠡᠮᠯᠡᠯ ᠤᠨ ᠪᠥᠬᠦ ᠤᠯᠤᠰ ᠲᠤ ᠠᠵᠢᠯ ᠡᠷᠭᠢᠯᠡᠬᠦ᠂ ᠨᠢᠭᠡ ᠮᠡᠳᠡᠭᠡ ᠵᠠᠩᠭᠢ ᠶᠢᠨ | ᠲᠠᠪᠴᠠᠩ ᠢᠶᠠᠷ ᠪᠠᠶᠢᠴᠠᠭᠠᠨ ᠯᠠᠪᠯᠠᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠶᠢᠭᠤᠯᠤᠮᠵᠢ ᠶᠢᠨ ᠠᠵᠢᠯ ᠡᠷᠭᠢᠯᠡᠬᠦ᠂ | ᠠᠵᠢᠯ ᠲᠥᠷᠥᠯ ᠤᠨ ᠬᠥᠭᠵᠢᠯᠲᠡ ᠪᠠ ᠬᠢᠨᠠᠯᠲᠠ ᠪᠠᠶᠢᠴᠠᠭᠠᠯᠲᠠ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ | ᠳᠦᠷᠢᠮ ᠤᠨ ᠵᠢᠷᠤᠭ ᠲᠥᠯᠥᠪᠯᠡᠭᠡ ᠶᠢ ᠬᠠᠩᠭᠠᠭᠰᠠᠨ ᠪᠠᠶᠢᠨ᠎ᠠ᠃ | | ᠬᠤᠶᠠᠷ᠂ ᠲᠤᠭᠤᠷᠪᠢᠨ ᠪᠢᠴᠢᠭᠰᠡᠨ ᠶᠠᠪᠤᠴᠠ | | ︵ᠨᠢᠭᠡ︶ ᠲᠤᠭᠤᠷᠪᠢᠨ ᠪᠢᠴᠢᠬᠦ ᠳᠤᠭᠤᠶᠢᠯᠠᠩ ᠪᠠᠶᠢᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ | ᠬᠠᠮᠢᠶᠠᠷᠤᠯᠲᠠ ᠶᠢᠨ ᠰᠢᠰᠲ᠋ᠧᠮᠵᠢ ᠶᠢ ᠦᠨᠡᠯᠡᠨ ᠵᠢᠱᠢᠨ᠎ᠡ᠃ 2017 ᠣᠨ ᠤ ᠡᠬᠢ ᠪᠠᠷ᠂ ᠬᠤᠯᠪᠣᠭᠳᠠᠯ ᠪᠦᠬᠦᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠠᠵᠢᠯ ᠲᠥᠷᠥᠯ ᠤᠨ ᠨᠡᠶᠢᠭᠡᠮᠯᠢᠭ ᠪᠠ ᠬᠡᠰᠡᠭ ᠲᠤᠰᠬᠠᠢ ᠪᠠᠶᠢᠭᠤᠯᠤᠮᠵᠢ ᠶᠢᠨ ᠲᠥᠯᠥᠭᠡᠯᠡᠭᠴᠢᠳ ᠢ ᠵᠣᠬᠢᠶᠠᠨ | ᠪᠠᠶᠢᠭᠤᠯᠵᠤ ︽ᠬᠠᠮᠢᠶᠠᠷᠤᠯᠲᠠ ᠶᠢᠨ ᠠᠷᠭ᠎ᠠ︾ ᠶᠢ ᠲᠤᠭᠤᠷᠪᠢᠨ ᠪᠢᠴᠢᠬᠦ ᠳᠤᠭᠤᠶᠢᠯᠠᠩ ᠢ ᠪᠠᠶᠢᠭᠤᠯᠪᠠ᠃ 2017 | ᠣᠨ ᠤ 1 ᠰᠠᠷ᠎ᠠ ᠠᠴᠠ 6 ᠰᠠᠷ᠎ᠠ ᠪᠣᠯᠲᠠᠯ᠎ᠠ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠦᠯᠭᠦᠢ ᠶᠢᠨ ᠬᠢᠨᠠᠨ ᠲᠣᠭᠲᠠᠭᠠᠬᠤ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠣᠰᠣᠭᠠᠷ᠂ ᠪᠠᠶᠢᠴᠠᠭᠠᠯᠲᠠ ᠶᠢᠨ | ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ | ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠤᠤᠯ ᠤᠨ ︽ᠠᠶᠤᠯᠭᠦᠢ ᠦᠢᠯᠡᠳᠪᠦᠷᠢᠯᠡᠬᠦ ᠠᠵᠢᠯ ᠤᠨ | ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ︽ | ᠠᠶᠤᠯᠭᠦᠢ ᠶᠢᠨ ᠦᠨᠡᠯᠡᠯᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠢ ᠬᠡᠷᠡᠭᠵᠢᠭᠦᠯᠦᠭᠰᠡᠨ | ᠲᠤᠷᠰᠢᠯᠭ᠎ᠠ ᠪᠠ ᠬᠦᠷᠦᠯᠴᠡᠬᠦ ᠦᠭᠡᠢ ᠲᠠᠯ᠎ᠠ ᠶᠢ ᠰᠢᠰᠲ᠋ᠧᠮ ᠲᠠᠢ ᠦᠨᠡᠯᠡᠨ ᠵᠢᠱᠢᠵᠦ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠡᠭᠦᠨ ᠤ ᠰᠠᠭᠤᠷᠢᠨ ᠳᠡᠭᠡᠷ᠎ᠡ ᠲᠤᠭᠤᠷᠪᠢᠨ ᠪᠢᠴᠢᠬᠦ | ᠳᠤᠭᠤᠶᠢᠯᠠᠩ ᠤᠨ ᠬᠢᠨ ︽ᠬᠠᠮᠢᠶᠠᠷᠤᠯᠲᠠ ᠶᠢᠨ ᠠᠷᠭ᠎ᠠ︾ ︵ᠰᠠᠨᠠᠯ ᠬᠤᠷᠢᠶᠠᠬᠤ ᠨᠣᠣᠷᠠᠭ︶ ᠶᠢ ᠪᠣᠶ ᠪᠣᠯᠭᠠᠪᠠ᠃ | | ︵ᠬᠤᠶᠠᠷ︶ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠡᠭᠦᠳᠡ ᠪᠠᠨ ᠨᠡᠭᠡᠭᠡᠨ ᠲᠣᠭᠲᠠᠭᠠᠵᠤ᠂ | ᠨᠡᠶᠢᠭᠡᠮ ᠤᠨ ᠰᠠᠨᠠᠯ ᠢ ᠥᠷᠭᠡᠨ ᠢᠶᠠᠷ ᠬᠤᠷᠢᠶᠠᠬᠤ ᠬᠡᠷᠡᠭᠲᠡᠢ᠃ ︽ᠬᠠᠮᠢᠶᠠᠷᠤᠯᠲᠠ ᠶᠢᠨ ᠠᠷᠭ᠎ᠠ︾ ︵ᠰᠠᠨᠠᠯ | ᠬᠤᠷᠢᠶᠠᠬᠤ ᠨᠣᠣᠷᠠᠭ︶ ᠨᠢ ᠲᠣᠰ ᠲᠣᠰ 2017 ᠣᠨ ᠤ 10 ᠰᠠᠷ᠎ᠠ ᠠᠴᠠ 11 ᠰᠠᠷ᠎ᠠ ᠪᠣᠯᠲᠠᠯ᠎ᠠ ᠤᠤᠯ ᠤᠨ | ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠰᠦᠯᠵᠢᠶᠡᠨ ᠥᠷᠲᠡᠭᠡ᠂ 2017 | ᠣᠨ ᠤ 12 ᠰᠠᠷ᠎ᠠ ᠠᠴᠠ 2018 ᠣᠨ ᠤ 1 ᠰᠠᠷ᠎ᠠ ᠪᠣᠯᠲᠠᠯ᠎ᠠ ᠤᠤᠯ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠬᠠᠤᠯᠢ ᠳᠦᠷᠢᠮ ᠤᠨ ᠠᠯᠪᠠᠨ ᠭᠡᠷ ᠤᠨ ᠰᠦᠯᠵᠢᠶᠡᠨ ᠥᠷᠲᠡᠭᠡ ᠳᠤ ᠨᠡᠶᠢᠭᠡᠮ ᠨᠡᠶᠢᠲᠡ ᠠᠴᠠ ᠰᠠᠨᠠᠯ | ᠰᠠᠨᠠᠭᠤᠯᠭ᠎ᠠ ᠪᠠᠨ ᠢᠯᠡ ᠪᠠᠷ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠨᠡᠶᠢᠲᠡ 311 | ᠵᠤᠷᠪᠤᠰ ᠬᠤᠷᠢᠶᠠᠨ ᠣᠯᠵᠠᠢ᠃ | | ︵ᠭᠤᠷᠪᠠ︶ ᠲᠤᠰᠬᠠᠢ ᠮᠡᠷᠭᠡᠵᠢᠯ ᠤᠨ ᠰᠤᠳᠤᠯᠤᠨ ᠶᠠᠷᠢᠯᠴᠠᠵᠤ ᠵᠠᠳᠠᠯᠤᠯᠲᠠ ᠬᠢᠬᠦ ᠶᠢ ᠵᠣᠬᠢᠶᠠᠨ ᠪᠠᠶᠢᠭᠤᠯᠵᠤ | ᠂ ᠵᠦᠢᠯ ᠵᠤᠷᠪᠤᠰ ᠤᠨ ᠲᠣᠭᠠᠴᠢᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ 2017 ᠣᠨ ᠤ 12 | ᠰᠠᠷ᠎ᠠ ᠠᠴᠠ 2018 ᠣᠨ ᠤ 5 ᠰᠠᠷ᠎ᠠ ᠪᠣᠯᠲᠠᠯ᠎ᠠ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠲᠣᠰ ᠲᠣᠰ ᠪᠡᠭᠡᠵᠢᠩ᠂ ᠭᠤᠸᠠᠩᠳᠦ᠋ᠩ᠂ ᠵᠧᠵᠢᠶᠠᠩ ᠳᠤ ᠭᠤᠷᠪᠠ ᠤᠳᠠᠭ᠎ᠠ ᠲᠤᠰᠬᠠᠢ ᠮᠡᠷᠭᠡᠵᠢᠯ ᠤᠨ | ᠨᠤᠲᠠᠯᠠᠯᠲᠠ ᠶᠢᠨ ᠬᠤᠷᠠᠯ ᠬᠤᠷᠠᠯᠳᠤᠭᠤᠯᠵᠤ᠂ ᠵᠦᠢᠯ ᠵᠤᠷᠪᠤᠰ ᠤᠨ ᠠᠭᠤᠯᠭ᠎ᠠ ᠶᠢ ᠵᠤᠷᠪᠤᠰ ᠳᠠᠷᠠᠭᠠᠯᠠᠨ | ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ︽ᠬᠠᠮᠢᠶᠠᠷᠤᠯᠲᠠ ᠶᠢᠨ ᠠᠷᠭ᠎ᠠ︾ ︵ᠬᠢᠨᠠᠭᠤᠯᠬᠤ ᠪᠠᠷ ᠬᠦᠷᠭᠡᠬᠦ ᠨᠣᠣᠷᠠᠭ︶ | ᠶᠢ ᠪᠣᠶ ᠪᠣᠯᠭᠠᠪᠠ᠃ | | ︵ᠳᠥᠷᠪᠡ︶ ᠵᠣᠬᠢᠴᠠᠭᠤᠯᠤᠨ ᠨᠡᠪᠲᠡᠷᠡᠯᠴᠡᠵᠦ ᠨᠤᠲᠠᠯᠠᠯᠲᠠ ᠬᠢᠵᠦ᠂ ᠲᠠᠰ ᠳᠠᠷᠠᠭᠠᠯᠠᠯ ᠶᠣᠰᠣᠭᠠᠷ ᠬᠢᠨᠠᠨ | ᠵᠥᠪᠯᠡᠵᠦ ᠮᠡᠳᠡᠭᠦᠯᠦᠨ ᠵᠥᠪᠰᠢᠶᠡᠷᠡᠭᠦᠯᠦᠨ᠎ᠡ᠃ 2018 ᠣᠨ ᠤ 5 ᠰᠠᠷ᠎ᠠ ᠳᠤ᠂ ᠬᠤᠯᠪᠣᠭᠳᠠᠯ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠳ ︽ᠬᠠᠮᠢᠶᠠᠷᠤᠯᠲᠠ ᠶᠢᠨ ᠠᠷᠭ᠎ᠠ︾ ︵ᠬᠦᠷᠭᠡᠨ ᠬᠢᠨᠠᠭᠤᠯᠬᠤ ᠨᠣᠣᠷᠠᠭ︶ ᠶᠢᠨ | ᠲᠤᠬᠠᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠵᠤᠷᠭᠠᠨ ᠲᠣᠪᠴᠢᠶ᠎ᠠ ᠲᠠᠢ ᠰᠠᠨᠠᠭᠠᠴᠢᠯᠠᠭ᠎ᠠ ᠠᠴᠠ ᠪᠠᠨ | ᠨᠡᠪᠲᠡᠷᠡᠯᠴᠡᠵᠦ᠂ ᠰᠠᠨᠠᠯ ᠨᠢᠭᠡᠲᠡᠢ ᠪᠣᠯᠪᠠ᠃ ᠡᠭᠦᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠡᠰᠡᠭ ᠬᠠᠮᠢᠶᠠᠷᠤᠯᠲᠠ ᠶᠢᠨ ᠤᠳᠤᠷᠢᠳᠤᠯᠭ᠎ᠠ ᠳᠤ ᠲᠤᠭᠤᠷᠪᠢᠭᠰᠠᠨ ᠠᠬᠤᠢ ᠪᠠᠶᠢᠳᠠᠯ᠂ ᠵᠠᠰᠠᠪᠤᠷᠢ | ᠣᠷᠣᠭᠤᠯᠤᠭᠰᠠᠨ ᠰᠢᠯᠲᠠᠭᠠᠨ᠂ ᠭᠤᠣᠯ ᠥᠩᠭᠡᠷᠡᠯᠲᠡ ᠪᠠ ᠭᠤᠣᠯᠳᠠᠯᠭ᠎ᠠ ᠲᠠᠢ ᠠᠭᠤᠯᠭ᠎ᠠ ᠶᠢ ᠮᠡᠳᠡᠭᠦᠯᠵᠦ᠂ ᠰᠠᠶᠢᠳ | ᠨᠠᠷ ᠤᠨ ᠠᠯᠪᠠᠨ ᠠᠵᠢᠯ ᠤᠨ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠰᠠᠨᠠᠭᠤᠯᠭ᠎ᠠ ᠳᠤᠷᠠᠳᠪᠠ᠃ | 2018 ᠣᠨ ᠤ 6 ᠰᠠᠷ᠎ᠠ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ 8 ᠳ᠋ᠤᠭᠠᠷ | ᠤᠳᠠᠭᠠᠨ ᠤ ᠰᠠᠶᠢᠳ ᠨᠠᠷ ᠤᠨ ᠠᠯᠪᠠᠨ ᠠᠵᠢᠯ ᠤᠨ ᠬᠤᠷᠠᠯ ᠠᠴᠠ ︽ᠬᠠᠮᠢᠶᠠᠷᠤᠯᠲᠠ ᠶᠢᠨ ᠠᠷᠭ᠎ᠠ︾ ᠶᠢᠨ ᠬᠦᠷᠭᠡᠨ | ᠬᠢᠨᠠᠭᠤᠯᠬᠤ ᠨᠣᠣᠷᠠᠭ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ ᠬᠤᠯᠪᠣᠭᠳᠠᠯ ᠪᠦᠬᠦᠢ | ᠶᠠᠮᠤᠨ ᠵᠥᠪᠯᠡᠯ ᠤᠨ ᠰᠠᠨᠠᠯ ᠢ ᠤᠯᠠᠮ ᠬᠤᠷᠢᠶᠠᠭᠰᠠᠨ ᠤ ᠳᠠᠷᠠᠭ᠎ᠠ᠂ ᠲᠠᠰ ᠳᠠᠷᠠᠭᠠᠯᠠᠯ ᠶᠣᠰᠣᠭᠠᠷ ᠨᠡᠶᠢᠲᠡᠯᠡᠨ | ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | | ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢ ᠨᠠᠶᠢᠳᠠᠪᠤᠷᠢᠵᠢᠭᠤᠯᠵᠤ᠂ ᠴᠠᠭ ᠲᠤᠬᠠᠢ | ᠳᠤᠨᠢ ᠨᠡᠶᠢᠲᠡᠯᠡᠨ ᠬᠡᠷᠡᠭᠵᠢᠭᠦᠯᠦᠨ᠎ᠡ᠃ ᠰᠠᠶᠢᠳ ᠨᠠᠷ ᠤᠨ ᠠᠯᠪᠠᠨ ᠠᠵᠢᠯ ᠤᠨ ᠬᠤᠷᠠᠯ ᠤᠨ ᠰᠠᠨᠠᠯ ᠶᠣᠰᠣᠭᠠᠷ᠂ | ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠠᠨᠠᠯ ᠢ ᠳᠠᠬᠢᠨᠲᠠ ᠬᠤᠷᠢᠶᠠᠭᠰᠠᠨ ᠤ ᠳᠠᠷᠠᠭ᠎ᠠ | ᠲᠡᠭᠦᠯᠳᠡᠷᠵᠢᠭᠦᠯᠪᠡ᠃ 2019 ᠣᠨ ᠤ 2 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠨᠢᠭᠡ ᠪᠦᠯᠦᠭ | ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠣᠯᠭᠠᠬᠤ ᠪᠠ ᠡᠷᠬᠡ ᠶᠢ ᠳᠣᠷᠣᠭᠰᠢ ᠪᠠᠭᠤᠯᠭᠠᠬᠤ | ᠲᠤᠬᠠᠢ ᠲᠣᠭᠲᠠᠭᠠᠯ︾ ︵ᠲᠥᠷᠥ ᠲᠠᠷᠬᠠᠭᠠᠭᠰᠠᠨ ﹇2019﹈ 6 ᠳ᠋ᠤᠭᠠᠷ ᠲᠣᠭᠠᠲᠤ︶ ᠢ ᠨᠡᠶᠢᠲᠡᠯᠡᠭᠰᠡᠨ ᠤ | ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ 3 ᠰᠠᠷ᠎ᠠ ᠶᠢᠨ 20 ᠤ ᠡᠳᠦᠷ ︽ | ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ 2019 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | ᠭᠤᠷᠪᠠ᠂ ᠥᠭᠡᠷᠡᠴᠢᠯᠡᠯᠲᠡ ᠶᠢᠨ ᠭᠤᠣᠯ ᠠᠭᠤᠯᠭ᠎ᠠ | | ︵ᠨᠢᠭᠡ︶ ᠤᠤᠯ ᠤᠨ ᠬᠤᠶᠠᠷ ᠳᠦᠷᠢᠮ ᠲᠣᠭᠲᠠᠭᠠᠯ ᠢ ᠬᠤᠶᠠᠷ ᠢ ᠨᠢᠭᠡᠳᠬᠡᠭᠰᠡᠨ ᠪᠠᠶᠢᠬᠤ᠃ ᠬᠡᠳᠦᠶᠢᠪᠡᠷ | ᠠᠶᠦᠯᠭᠦᠢ ᠶᠢᠨ ᠦᠨᠡᠯᠡᠯᠲᠡ᠂ ᠠᠶᠤᠯᠭᠦᠢ ᠦᠢᠯᠡᠳᠪᠦᠷᠢᠯᠡᠬᠦ ᠠᠵᠢᠯ ᠤᠨ ᠰᠢᠯᠭᠠᠨ ᠪᠠᠶᠢᠴᠠᠭᠠᠯᠲᠠ ᠨᠢ ᠮᠡᠷᠭᠡᠵᠢᠯ ᠤᠨ | ᠠᠷᠭ᠎ᠠ᠂ ᠠᠵᠢᠯ ᠡᠷᠭᠢᠯᠡᠬᠦ ᠱᠠᠭᠠᠷᠳᠠᠯᠭ᠎ᠠ᠂ ᠶᠠᠪᠤᠴᠠ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ | ᠪᠥᠭᠡᠳ ᠠᠳᠠᠯᠢ ᠪᠤᠰᠤ ᠲᠠᠯ᠎ᠠ ᠲᠠᠢ ᠪᠠᠶᠢᠳᠠᠭ ᠪᠣᠯᠪᠠᠴᠤ ᠭᠡᠪᠡᠴᠦ ᠬᠢᠷᠢ ᠬᠡᠮ ᠤᠨ ᠨᠥᠬᠦᠴᠡᠯ ᠢ ᠲᠣᠭᠲᠠᠭᠠᠬᠤ᠂ | ᠵᠥᠪᠰᠢᠶᠡᠷᠡᠬᠦ ᠵᠢᠷᠤᠮ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠲᠠᠯ᠎ᠠ ᠪᠠᠷ ᠨᠡᠯᠢᠶᠡᠳ ᠠᠳᠠᠯᠢᠪᠲᠤᠷ ᠪᠠᠶᠢᠳᠠᠭ ᠪᠥᠭᠡᠳ ᠲᠦᠷᠦ ᠶᠢᠨ ᠶᠠᠪᠤᠳᠠᠯ ᠤᠨ | ᠬᠤᠷᠢᠶᠠᠨ ᠤ ᠨᠡᠶᠢᠲᠡᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠳᠣᠷᠬᠠᠢ ᠬᠠᠭᠤᠳᠠᠰᠤᠨ ᠳᠤ ᠠᠶᠤᠯᠭᠦᠢ ᠶᠢᠨ | ᠦᠨᠡᠯᠡᠯᠲᠡ ᠶᠢᠨ ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ᠂ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠬᠢᠷᠢ ᠬᠡᠮ ᠤᠨ ᠵᠥᠪᠰᠢᠶᠡᠷᠡᠯ ᠢ ᠨᠢᠭᠡ ᠵᠦᠢᠯ ᠤᠨ ᠵᠥᠪᠰᠢᠶᠡᠷᠡᠯ ᠪᠣᠯᠭᠠᠨ ᠨᠡᠶᠢᠯᠡᠭᠦᠯᠪᠡ᠃ | ᠡᠶᠢᠮᠦ ᠠᠴᠠ ᠰᠢᠨ᠎ᠡ ︽ᠬᠠᠮᠢᠶᠠᠷᠤᠯᠲᠠ ᠶᠢᠨ ᠠᠷᠭ᠎ᠠ︾ ᠳᠤ ᠤᠤᠯ ᠤᠨ ︽ᠠᠶᠤᠯᠭᠦᠢ ᠦᠢᠯᠡᠳᠪᠦᠷᠢᠯᠡᠬᠦ ᠠᠵᠢᠯ ᠤᠨ | ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾᠂ ︽ | ᠠᠶᠤᠯᠭᠦᠢ ᠶᠢᠨ ᠦᠨᠡᠯᠡᠯᠲᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ | ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠨᠢᠭᠡ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠪᠣᠯᠭᠠᠨ ᠨᠡᠶᠢᠯᠡᠭᠦᠯᠦᠨ | ᠲᠣᠭᠲᠠᠭᠠᠪᠠ᠃ | | ︵ᠬᠤᠶᠠᠷ︶ ᠵᠥᠪᠰᠢᠶᠡᠷᠡᠯ ᠤᠨ ᠵᠦᠢᠯᠡᠰ ᠢ ᠶᠡᠭᠡ ᠬᠡᠮᠵᠢᠶ᠎ᠡ ᠪᠠᠷ ᠨᠡᠶᠢᠯᠡᠭᠦᠯᠦᠨ ᠴᠣᠮᠬᠠᠳᠬᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ | ᠱᠠᠭᠠᠷᠳᠠᠯᠭ᠎ᠠ ᠶᠣᠰᠣᠭᠠᠷ᠂ ᠭᠤᠣᠯᠳᠠᠭᠤ ᠳᠣᠣᠷᠠᠬᠢ ᠵᠦᠢᠯᠡᠰ ᠢ ᠨᠡᠶᠢᠯᠡᠭᠦᠯᠦᠨ ᠴᠣᠮᠬᠠᠳᠬᠠᠪᠠ᠄ ᠨᠢᠭᠡ ᠳᠤ ᠦᠨᠡᠯᠡᠨ | ᠰᠢᠯᠭᠠᠬᠤ ᠪᠠᠶᠢᠭᠤᠯᠤᠮᠵᠢ ᠶᠢᠨ ᠬᠥᠬᠡ ᠲᠠᠰ᠂ ᠬᠥᠬᠡᠭᠴᠢᠨ ᠲᠠᠰ ᠤᠨ ᠲᠠᠰ ᠬᠤᠪᠢᠶᠠᠭᠰᠠᠨ ᠪᠠᠶᠢᠷᠢᠯᠠᠭᠤᠯᠤᠯᠲᠠ ᠶᠢ | ᠬᠦᠴᠦᠨ ᠦᠭᠡᠢ ᠪᠣᠯᠭᠠᠵᠤ᠂ ᠲᠣᠰ ᠲᠣᠰ ᠠᠶᠦᠯᠭᠦᠢ ᠶᠢᠨ ᠦᠨᠡᠯᠡᠯᠲᠡ ᠶᠢᠨ ᠬᠢᠷᠢ ᠬᠡᠮ᠂ ᠠᠶᠤᠯᠭᠦᠢ | ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠬᠤ ᠬᠢᠷᠢ ᠬᠡᠮ ᠪᠣᠯᠭᠠᠨ ᠡᠮᠬᠢᠯᠡᠨ | ᠨᠡᠶᠢᠯᠡᠭᠦᠯᠪᠡ᠃ ᠬᠤᠶᠠᠷ ᠲᠤ᠂ ᠬᠥᠬᠡ ᠲᠠᠰ ᠤᠨ ᠬᠢᠷᠢ ᠬᠡᠮ ᠢ ᠬᠦᠴᠦᠨ ᠦᠭᠡᠢ ᠪᠣᠯᠭᠠᠵᠤ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ ᠢᠶᠠᠷ ᠬᠢᠨᠠᠨ ᠵᠥᠪᠰᠢᠶᠡᠷᠡᠭᠦᠯᠬᠦ ︵ᠪᠠᠶᠢᠭᠤᠯᠤᠮᠵᠢ ᠶᠢ ᠥᠭᠡᠷᠡᠴᠢᠯᠡᠬᠦ ᠠᠴᠠ | ᠡᠮᠦᠨ᠎ᠡ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠠᠷ ᠬᠢᠨᠠᠨ | ᠵᠥᠪᠰᠢᠶᠡᠷᠡᠭᠦᠯᠬᠦ︶᠂ ᠬᠥᠬᠡᠭᠴᠢᠨ ᠲᠠᠰ ᠤᠨ ᠬᠢᠷᠢ ᠬᠡᠮ ᠢ ᠮᠤᠵᠢ ᠶᠢᠨ ᠱᠠᠲᠤᠨ ᠤ ᠠᠶᠤᠯᠭᠦᠢ ᠦᠢᠯᠡᠳᠪᠦᠷᠢᠯᠡᠬᠦ | ᠠᠵᠢᠯ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ | ᠱᠠᠲᠤ ᠬᠤᠪᠢᠶᠠᠨ ᠬᠢᠨᠠᠨ ᠵᠥᠪᠰᠢᠶᠡᠷᠡᠭᠦᠯᠬᠦ ᠲᠣᠭᠲᠠᠭᠠᠯ ᠢ ᠬᠦᠴᠦᠨ ᠦᠭᠡᠢ ᠪᠣᠯᠭᠠᠵᠤ᠂ ᠠᠶᠤᠯᠭᠦᠢ ᠶᠢᠨ | ᠦᠨᠡᠯᠡᠯᠲᠡ ᠶᠢᠨ ᠬᠢᠷᠢ ᠬᠡᠮ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠶᠢᠴᠠᠭᠠᠨ ᠰᠢᠯᠭᠠᠬᠤ ᠬᠢᠷᠢ ᠬᠡᠮ ᠢ | ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠤᠵᠢ ᠶᠢᠨ | ᠱᠠᠲᠤᠨ ᠤ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠨᠢᠭᠡᠳᠦᠯᠲᠡᠢᠭᠤᠷᠪᠠ ᠳᠤ᠂ ᠦᠨᠡᠯᠡᠬᠦ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯ | ᠡᠷᠬᠢᠯᠡᠬᠦ ᠭᠠᠵᠠᠷ ᠣᠷᠣᠨ ᠤ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠠᠶᠦᠯᠭᠦᠢ ᠶᠢᠨ ᠦᠨᠡᠯᠡᠯᠲᠡ ᠶᠢᠨ ᠰᠠᠭᠤᠷᠢ | ᠬᠢᠷᠢ ᠬᠡᠮ᠂ ᠰᠢᠯᠭᠠᠨ ᠪᠠᠶᠢᠴᠠᠭᠠᠬᠤ ᠰᠠᠭᠤᠷᠢ ᠬᠢᠷᠢ ᠬᠡᠮ ᠢ ᠣᠯᠣᠭᠰᠠᠨ ᠪᠠᠶᠢᠭᠤᠯᠤᠮᠵᠢ ᠪᠦᠬᠦ ᠤᠯᠤᠰ ᠤᠨ | ᠬᠡᠪᠴᠢᠶᠡᠨ ᠳᠤ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ ᠪᠣᠯᠣᠨ᠎ᠠ᠃ ᠳᠥᠷᠪᠡ ᠳᠤ᠂ ᠦᠨᠡᠯᠡᠵᠦ ᠰᠢᠯᠭᠠᠨ | ᠬᠡᠮᠵᠢᠬᠦ ᠪᠠᠶᠢᠭᠤᠯᠤᠮᠵᠢ ᠶᠢᠨ ᠲᠥᠯᠥᠪᠯᠡᠭᠡ ᠶᠢᠨ ᠴᠢᠨᠠᠷᠲᠠᠢ ᠲᠤᠭ᠎ᠠ ᠬᠡᠮᠵᠢᠶᠡᠨ ᠤ ᠬᠢᠵᠠᠭᠠᠷᠯᠠᠯ ᠢ ᠬᠦᠴᠦᠨ ᠦᠭᠡᠢ | ᠪᠣᠯᠭᠠᠵᠤ᠂ ᠲᠤᠭ᠎ᠠ ᠬᠡᠮᠵᠢᠶ᠎ᠡ ᠪᠠ ᠣᠷᠣᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠳᠠᠬᠢᠵᠤ | ᠲᠣᠭᠲᠠᠭᠠᠬᠤ ᠦᠭᠡᠢ᠃ ᠲᠠᠪᠤ ᠳᠤ ᠬᠠᠤᠯᠢ ᠶᠣᠰᠣᠭᠠᠷ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾ ᠶᠢᠨ | ᠬᠤᠷᠢ ᠶᠢᠰᠦᠳᠦᠭᠡᠷ ᠵᠦᠢᠯ᠂ ᠭᠤᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠠᠵᠢᠯ ᠲᠥᠷᠥᠯ ᠤᠨ ᠬᠦᠷᠢᠶ᠎ᠡ | ᠬᠡᠪᠴᠢᠶ᠎ᠡ ᠪᠣᠯᠣᠨ ᠬᠦᠷᠢᠶ᠎ᠡ ᠬᠡᠪᠴᠢᠶ᠎ᠡ ︵ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠪᠦᠲᠦᠭᠡᠨ | ᠪᠠᠶᠢᠭᠤᠯᠤᠯᠲᠠ ᠶᠢᠨ ᠵᠦᠢᠯᠡᠰ ᠪᠣᠯᠣᠨ ᠠᠶᠤᠯᠲᠠᠢ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ | ᠪᠠᠭᠤᠯᠭᠠᠬᠤ ᠳᠤ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠵᠦᠢᠯᠡᠰ᠃ ᠠᠭᠤᠷᠬᠠᠢ ᠶᠢᠨ ᠬᠤᠳᠳᠤᠭ ᠳᠣᠲᠣᠷᠠᠬᠢ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ︶ ᠨᠢ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠶᠢ | ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠨᠢ ᠭᠦᠢᠴᠡᠳ ᠪᠤᠰᠤ ᠪᠤᠰᠤᠳ | ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠬᠢᠷᠢ ᠴᠢᠳᠠᠮᠵᠢ ᠶᠢ ᠮᠡᠳᠡᠷᠡᠨ ᠵᠥᠪᠰᠢᠶᠡᠷᠡᠬᠦ ᠬᠠᠮᠢᠶᠠᠷᠤᠯᠲᠠ ᠶᠢ ᠳᠠᠭᠢᠵᠤ | ᠬᠡᠷᠡᠭᠵᠢᠭᠦᠯᠬᠦ ᠦᠭᠡᠢ᠃ ᠵᠢᠷᠭᠤᠭ᠎ᠠ ᠳᠤ ᠠᠯᠬᠤᠮ ᠳᠠᠷᠠᠭ᠎ᠠ ᠶᠢ ᠤᠯᠠᠮ ᠳᠥᠭᠦᠮᠴᠢᠯᠡᠵᠦ᠂ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠵᠤ᠂ ᠬᠢᠷᠢ ᠬᠡᠮ ᠤᠨ ᠬᠦᠴᠦᠨ ᠲᠠᠢ ᠬᠤᠭᠤᠴᠠᠭ᠎ᠠ ᠶᠢ ᠭᠤᠷᠪᠠᠨ ᠵᠢᠯ ᠪᠠᠶᠢᠭᠰᠠᠨ ᠠᠴᠠ | ᠲᠠᠪᠤᠨ ᠵᠢᠯ ᠪᠣᠯᠭᠠᠨ ᠤᠷᠲᠤᠳᠬᠠᠨ᠎ᠠ᠃ | | ︵ᠭᠤᠷᠪᠠ︶ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠬᠦ ᠠᠵᠢᠯ ᠤᠨ ᠪᠣᠳᠠᠲᠤ ᠬᠡᠷᠡᠭᠴᠡᠭᠡ ᠶᠢ ᠬᠠᠩᠭᠠᠬᠤ ᠮᠥᠷᠲᠡᠭᠡᠨ | ᠪᠠᠰᠠ ᠪᠠᠶᠢᠭᠤᠯᠤᠮᠵᠢ ᠶᠢ ᠶᠡᠷᠦᠩᠬᠡᠶᠢᠯᠡᠨ ᠬᠥᠭᠵᠢᠭᠦᠯᠬᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠵᠣᠷᠢᠭᠵᠢᠭᠤᠯᠬᠤ ᠵᠠᠷᠴᠢᠮ ᠤᠨ ᠶᠣᠰᠣᠭᠠᠷ᠂ ︽ᠬᠠᠮᠢᠶᠠᠷᠤᠯᠲᠠ ᠶᠢᠨ ᠠᠷᠭ᠎ᠠ︾ ᠳᠤ ᠠᠶᠤᠯᠭᠦᠢ ᠶᠢᠨ ᠦᠨᠡᠯᠡᠯᠲᠡ ᠶᠢᠨ | ᠪᠠᠶᠢᠭᠤᠯᠤᠮᠵᠢ ᠶᠢᠨ ᠣᠷᠣᠬᠤ ᠵᠥᠪᠰᠢᠶᠡᠷᠡᠯ ᠤᠨ ᠨᠥᠬᠦᠴᠡᠯ ᠪᠣᠯ᠄ ᠲᠣᠭᠲᠠᠮᠠᠯ ᠬᠥᠷᠥᠩᠭᠡ ᠶᠢ 800 ᠲᠦᠮᠡᠨ | ᠲᠥᠭᠦᠷᠢᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠠᠵᠢᠯᠯᠠᠬᠤ ᠲᠠᠯᠠᠪᠤᠷ ᠤᠨ ᠲᠠᠯᠠᠪᠠᠢ ᠶᠢ 1000 ᠲᠡᠭᠰᠢ | ᠳᠥᠷᠪᠡᠯᠵᠢᠨ ᠮᠧᠲᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠲᠤᠰᠬᠠᠢ ᠲᠤᠰᠢᠶᠠᠯᠲᠤ ᠠᠶᠤᠯᠭᠦᠢ ᠶᠢᠨ | ᠦᠨᠡᠯᠡᠭᠴᠢ ᠶᠢᠨ ᠲᠣᠬᠢᠷᠠᠭᠤᠯᠤᠯᠲᠠ ᠶᠢ 25 ᠬᠥᠮᠥᠨ ᠠᠴᠠ ᠳᠤᠲᠠᠭᠤ ᠪᠠᠶᠢᠯᠭᠠᠵᠤ ᠪᠣᠯᠬᠤ ᠦᠭᠡᠢ ᠭᠡᠵᠦ | ᠲᠣᠭᠲᠠᠭᠠᠵᠠᠢ᠃ ︽ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠬᠦ ᠠᠵᠢᠯ ᠤᠨ | ᠪᠠᠶᠢᠴᠠᠭᠠᠨ ᠰᠢᠯᠭᠠᠵᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠨᠥᠬᠦᠴᠡᠯ ᠪᠣᠯ᠄ | ᠲᠣᠭᠲᠠᠮᠠᠯ ᠬᠥᠷᠥᠩᠭᠡ ᠶᠢ 1000 ᠲᠦᠮᠡᠨ ᠲᠥᠭᠦᠷᠢᠭ ᠠᠴᠠ ᠳᠤᠲᠠᠭᠤ ᠦᠭᠡᠢ ᠪᠠᠶᠢᠯᠭᠠᠵᠤ᠂ ᠠᠵᠢᠯᠯᠠᠬᠤ | ᠲᠠᠯᠠᠪᠤᠷ ᠤᠨ ᠲᠠᠯᠠᠪᠠᠢ ︵ᠲᠤᠷᠰᠢᠯᠲᠠ ᠶᠢᠨ ᠲᠠᠰᠤᠭ ᠪᠠᠭᠲᠠᠨ᠎ᠠ︶ ᠶᠢ 1000 ᠲᠡᠭᠰᠢ ᠳᠥᠷᠪᠡᠯᠵᠢᠨ ᠮᠧ⌲ᠷ᠊ ᠠᠴᠠ | ᠳᠤᠲᠠᠭᠤ ᠦᠭᠡᠢ ᠪᠠᠶᠢᠯᠭᠠᠵᠤ᠂ ᠲᠤᠰᠬᠠᠢ ᠮᠡᠷᠭᠡᠵᠢᠯ ᠤᠨ ᠠᠵᠢᠯᠲᠠᠨ ᠢ 25 ᠬᠥᠮᠥᠨ ᠠᠴᠠ ᠳᠤᠲᠠᠭᠤ ᠦᠭᠡᠢ | ᠪᠠᠶᠢᠯᠭᠠᠨ᠎ᠠ᠃ ᠡᠭᠦᠨ ᠤ ᠬᠠᠮᠲᠤ ᠲᠡᠭᠦᠨ ᠤ ᠭᠤᠶᠤᠴᠢᠯᠠᠭᠰᠠᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢᠨ | ᠣᠯᠠᠨ ᠴᠥᠭᠡᠨ ᠢᠶᠠᠷ ᠨᠢᠭᠡ ᠲᠤᠬᠠᠶᠢᠯᠠᠭᠰᠠᠨ ᠠᠵᠢᠯ ᠤᠨ ᠬᠦᠷᠢᠶ᠎ᠡ ︵ᠠᠵᠢᠯ ᠲᠥᠷᠥᠯ ᠤᠨ ᠬᠦᠷᠢᠶ᠎ᠡ︶ ᠨᠡᠮᠡᠬᠦ ᠪᠦᠷᠢ᠂ | ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢᠨ ᠬᠠᠷᠢᠴᠠᠯ ᠢᠶᠠᠷ 5 ᠲᠤᠰᠬᠠᠢ ᠲᠤᠰᠢᠶᠠᠯᠲᠤ ᠠᠶᠦᠯᠭᠦᠢ ᠶᠢᠨ | ᠦᠨᠡᠯᠡᠭᠴᠢ ︵ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ 5 ᠲᠤᠰᠬᠠᠢ ᠮᠡᠷᠭᠡᠵᠢᠯ ᠤᠨ | ᠠᠵᠢᠯᠲᠠᠨ ᠨᠡᠮᠡᠨ᠎ᠡ︶ ᠨᠡᠮᠡᠨ᠎ᠡ᠃ | | ︵ᠳᠥᠷᠪᠡ︶ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠨᠢᠭᠡ ᠳᠤ᠂ ᠬᠢᠷᠢ ᠬᠡᠮ ᠢ ᠪᠠᠲᠤᠯᠠᠬᠤ ᠶᠢ ᠴᠢᠩᠭᠠᠳᠬᠠᠵᠤ᠂ ︽ | ᠬᠠᠮᠢᠶᠠᠷᠤᠯᠲᠠ ᠶᠢᠨ ᠠᠷᠭ᠎ᠠ︾ ᠳᠤ᠂ ᠬᠢᠷᠢ ᠬᠡᠮ ᠢ ᠵᠥᠪᠰᠢᠶᠡᠷᠡᠬᠦ ᠪᠠᠶᠢᠭᠤᠯᠤᠯᠭ᠎ᠠ ᠣᠨ ᠤ ᠬᠢᠨᠠᠯᠲᠠ | ᠪᠠᠶᠢᠴᠠᠭᠠᠯᠲᠠ ᠶᠢᠨ ᠲᠥᠯᠥᠪᠯᠡᠭᠡ ᠲᠣᠭᠲᠠᠭᠠᠬᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ | ︾ ᠬᠢᠨᠠᠯᠲᠠ ᠬᠠᠮᠢᠶᠠᠷᠤᠯᠲᠠ ᠵᠡᠷᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠤᠷᠪᠠᠨ ᠵᠢᠯ ᠳᠤ ᠲᠣᠰ ᠰᠠᠯᠠᠭ᠎ᠠ | ᠮᠥᠴᠢᠷ ᠲᠤ ᠬᠢᠷᠢ ᠬᠡᠮ ᠤᠨ ᠦᠨᠡᠮᠯᠡᠯ ᠣᠯᠭᠤᠭᠰᠠᠨ ᠦᠨᠡᠯᠡᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ | ᠪᠠᠶᠢᠴᠠᠭᠠᠯᠲᠠ ᠶᠢ ᠨᠢᠭᠡ ᠤᠳᠠᠭ᠎ᠠ ᠬᠠᠮᠤᠷᠬᠤ ᠶᠢ ᠦᠨᠡᠨ ᠬᠦ ᠪᠠᠲᠤᠯᠠᠨ᠎ᠠ ᠭᠡᠵᠦ ᠲᠣᠭᠲᠠᠭᠠᠵᠠᠢ᠃ ᠬᠤᠶᠠᠷ ᠲᠤ | ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢ ᠲᠤᠬᠠᠢ ᠶᠢᠨ ᠲᠠᠯᠠᠪᠤᠷ ᠤᠨ | ᠮᠡᠷᠭᠡᠵᠢᠯ ᠤᠨ ᠦᠢᠯᠡᠴᠢᠯᠡᠭᠡ ᠶᠢ ᠥᠷᠨᠢᠭᠦᠯᠬᠦ ᠠᠴᠠ ᠡᠮᠦᠨ᠎ᠡ ᠲᠤᠯᠤᠭᠠᠨ ᠠᠵᠢᠯ ᠤᠨ ᠡᠳᠦᠷ ᠤᠨ ᠳᠣᠲᠣᠷ᠎ᠠ ᠲᠥᠷᠥᠯ | ᠵᠦᠢᠯ ᠢ ᠬᠡᠷᠡᠭᠵᠢᠭᠦᠯᠬᠦ ᠭᠠᠵᠠᠷ ᠤᠨ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠵᠦ | ᠂ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠵᠢᠴᠢ ᠲᠡᠭᠦᠨ ᠤ ᠳᠣᠣᠷᠠᠳᠤ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠶᠢ ᠱᠠᠭᠠᠷᠳᠠᠨ᠎ᠠ᠃ ᠭᠤᠷᠪᠠ ᠳᠤ ᠡᠳᠦᠷ ᠲᠤᠲᠤᠮ ᠤᠨ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ | ᠪᠠᠶᠢᠭᠤᠯᠤᠮᠵᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠵᠤ ᠮᠡᠳᠡᠪᠡᠯ᠂ ᠬᠠᠤᠯᠢ | ᠶᠣᠰᠣᠭᠠᠷ ᠰᠢᠢᠳᠬᠡᠨ ᠲᠣᠷᠭᠠᠬᠤ ᠶᠢᠨ ᠬᠠᠮᠲᠤ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠳᠡᠨ᠎ᠡ᠃ | ᠳᠥᠷᠪᠡ ᠳᠤ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠶᠢ ᠰᠢᠢᠳᠬᠡᠬᠦ ᠡᠷᠴᠢᠮ ᠢ ᠴᠢᠩᠭᠠᠷᠠᠭᠤᠯᠵᠤ᠂ ᠢᠲᠡᠭᠡᠯ ᠠᠯᠳᠠᠭᠰᠠᠨ ᠪᠠᠶᠢᠭᠤᠯᠤᠮᠵᠢ ᠪᠣᠯᠣᠨ | ᠬᠥᠮᠥᠰ ᠲᠤ ᠠᠵᠢᠯ ᠲᠦᠷᠦᠯ ᠳᠤ ᠣᠷᠣᠬᠤ ᠶᠢ ᠬᠤᠷᠢᠭᠯᠠᠬᠤ ᠪᠠ ᠠᠶᠤᠯᠭᠦᠢ ᠦᠢᠯᠡᠳᠪᠦᠷᠢᠯᠡᠬᠦ ᠠᠵᠢᠯ ᠤᠨ ᠡᠷᠡᠭᠦᠯ | ᠪᠤᠰᠤ ᠲᠡᠮᠳᠡᠭᠯᠡᠯ ᠳᠤ ᠣᠷᠣᠭᠤᠯᠬᠤ ︽ᠬᠠᠷ᠎ᠠ ᠳᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ | ᠬᠠᠤᠯᠢ ᠶᠣᠰᠣᠭᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠦᠨ᠎ᠡ᠃ ᠲᠠᠪᠤ ᠳᠤ᠂ ᠮᠡᠳᠡᠭᠡ ᠵᠠᠩᠭᠢ ᠶᠢ ᠬᠠᠮᠲᠤᠪᠠᠷ | ᠡᠳ᠋ᠯᠡᠬᠦ ᠶᠢ ᠬᠡᠷᠡᠭᠵᠢᠭᠦᠯᠵᠦ᠂ ᠠᠶᠦᠯᠭᠦᠢ ᠶᠢᠨ ᠦᠨᠡᠯᠡᠯᠲᠡ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠮᠡᠳᠡᠭᠡ | ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠰᠢᠰᠲ᠋ᠧᠮ᠂ ᠪᠦᠬᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ | ᠲᠠᠪᠴᠠᠩ᠂ ᠠᠶᠦᠯᠭᠦᠢ ᠶᠢᠨ ᠦᠨᠡᠯᠡᠭᠴᠢ ᠶᠢᠨ ᠪᠠᠶᠢᠴᠠᠭᠠᠨ ᠯᠠᠪᠯᠠᠬᠤ ᠲᠠᠪᠴᠠᠩ᠂ ᠳᠠᠩᠰᠠᠯᠠᠭᠤᠯᠤᠭᠰᠠᠨ | ᠠᠶᠦᠯᠭᠦᠢ ᠶᠢᠨ ᠢᠨᠵᠧᠨᠧᠷ ᠤᠨ ᠪᠠᠶᠢᠴᠠᠭᠠᠨ ᠯᠠᠪᠯᠠᠬᠤ ᠰᠢᠰᠲ᠋ᠧᠮ ᠵᠡᠷᠭᠡ ᠪᠠᠷ ᠲᠦᠰᠢᠭ ᠪᠣᠯᠭᠠᠵᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠵᠠᠰᠠᠭ ᠵᠠᠬᠢᠷᠭᠠᠨ ᠤ ᠰᠢᠢᠳᠬᠡᠯ᠂ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠪᠠᠶᠢᠴᠠᠭᠠᠨ ᠯᠠᠪᠯᠠᠵᠤ᠂ ᠨᠡᠶᠢᠲᠡᠯᠡᠬᠦ ᠪᠠ ᠬᠠᠮᠲᠤᠪᠠᠷ | ᠡᠳ᠋ᠯᠡᠨ᠎ᠡ᠃ ᠵᠢᠷᠭᠤᠭ᠎ᠠ ᠳᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠤᠭᠤᠳᠴᠤ᠂ ᠠᠵᠢᠯ | ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠂ | ᠢᠲᠡᠭᠡᠮᠵᠢ ᠶᠢ ᠦᠨᠡᠯᠡᠨ ᠵᠢᠱᠢᠬᠦ᠂ ᠶᠡᠷᠦᠩᠬᠡᠶᠢᠯᠡᠭᠰᠡᠨ ᠴᠢᠳᠠᠪᠤᠷᠢ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ | ᠦᠨᠡᠯᠡᠨ ᠲᠣᠭᠲᠠᠭᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠪᠠ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠦᠢᠯᠡᠴᠢᠯᠡᠭᠡᠨ ᠤ ᠴᠢᠳᠠᠪᠤᠷᠢ᠂ ᠶᠠᠰᠤ ᠴᠢᠨᠠᠷ | ᠪᠠ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠬᠥᠨᠳᠡᠯᠡᠨ ᠠᠴᠠ ᠲᠠᠰᠤᠯᠬᠤ ᠠᠵᠢᠯ ᠢ ᠬᠠᠮᠵᠢᠨ | ᠥᠷᠨᠢᠭᠦᠯᠵᠦ᠂ ᠭᠤᠣᠯᠴᠢ ᠪᠠᠷ ᠥᠷᠢᠰᠦᠯᠳᠦᠬᠦ ᠶᠢ ᠠᠬᠢᠭᠤᠯᠵᠤ᠂ ᠠᠵᠢᠯ ᠡᠷᠬᠢᠯᠡᠬᠦ ᠡᠮᠬᠢ ᠵᠢᠷᠤᠮ ᠢ ᠬᠠᠮᠠᠭᠠᠯᠠᠨ᠎ᠠ᠃ | | ︵ᠲᠠᠪᠤ︶ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠨᠢᠭᠡ ᠳᠤ | ᠵᠠᠰᠠᠭ ᠵᠠᠬᠢᠷᠭᠠᠨ ᠤ ᠭᠠᠷ ᠲᠦᠷᠦᠭᠦ ᠶᠢ ᠲᠠᠰᠤ ᠵᠣᠭᠰᠣᠭᠠᠵᠤ᠂ ᠬᠢᠷᠢ ᠬᠡᠮ ᠢ ᠮᠡᠳᠡᠷᠡᠨ ᠵᠥᠪᠰᠢᠶᠡᠷᠡᠬᠦ ᠪᠠᠶᠢᠭᠤᠯᠭ᠎ᠠ | ᠵᠢᠴᠢ ᠲᠡᠭᠦᠨ ᠤ ᠳᠣᠣᠷᠠᠳᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠢᠯᠲᠠᠨ ᠢ | ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠳᠤ ᠭᠠᠷ ᠳᠦᠷᠦᠵᠦ ᠪᠣᠯᠬᠤ ᠦᠭᠡᠢ᠂ ᠪᠠᠶᠢᠭᠤᠯᠤᠮᠵᠢ ᠶᠢᠨ ᠠᠵᠢᠯ ᠡᠷᠭᠢᠯᠡᠬᠦ | ᠵᠥᠪᠰᠢᠶᠡᠷᠡᠯ ᠤᠨ ᠬᠠᠷᠰᠢ ᠰᠠᠭᠠᠳ ᠢ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠵᠤ ᠪᠣᠯᠬᠤ | ᠦᠭᠡᠢ ᠭᠡᠵᠦ ᠱᠠᠭᠠᠷᠳᠠᠪᠠ᠃ ᠬᠤᠶᠠᠷ ᠲᠤ ︽ᠤᠯᠠᠭᠠᠨ ᠣᠷᠣᠢ ᠶᠢᠨ ᠵᠠᠭᠤᠴᠢᠯᠠᠭᠤᠷ︾ ᠶᠢ ᠲᠠᠰᠤ ᠵᠣᠭᠰᠣᠭᠠᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ᠂ ᠡᠯ᠎ᠡ ᠱᠠᠲᠤᠨ ᠤ ᠨᠡᠭᠦᠷᠡᠰᠦᠨ ᠠᠭᠤᠷᠬᠠᠢ ᠶᠢᠨ | ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠬᠠᠷᠢᠶ᠎ᠠ ᠠᠵᠢᠯ | ᠦᠢᠯᠡᠰ ᠤᠨ ᠨᠢᠭᠡᠴᠢ᠂ ᠬᠠᠮᠢᠶᠠᠷᠤᠯᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠡᠷᠭᠢᠯᠡᠭᠰᠡᠨ | ᠠᠵᠤ ᠠᠬᠤᠶᠢᠯᠠᠯ ᠤᠳ ᠰᠢᠯᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠦᠨᠡᠯᠡᠬᠦ ᠪᠠᠷ ᠭᠤᠶᠤᠴᠢᠯᠠᠵᠤ ᠪᠣᠯᠬᠤ | ᠦᠭᠡᠢ ᠭᠡᠵᠦ ᠱᠠᠭᠠᠷᠳᠠᠪᠠ᠃ ᠭᠤᠷᠪᠠ ᠳᠤ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠦᠨᠡᠯᠡᠵᠦ ᠰᠢᠯᠭᠠᠨ ᠬᠡᠮᠵᠢᠬᠦ ᠪᠠᠶᠢᠭᠤᠯᠤᠮᠵᠢ ᠨᠢ ᠲᠡᠭᠦᠨ ᠤ ᠭᠠᠷᠭᠠᠭᠰᠠᠨ ᠮᠡᠷᠭᠡᠵᠢᠯ ᠤᠨ ᠦᠢᠯᠡᠴᠢᠯᠡᠭᠡᠨ ᠤ | ᠮᠡᠳᠡᠭᠦᠯᠦᠯᠲᠡ ᠳᠤ ᠬᠠᠷᠢᠭᠤᠴᠠᠨ᠎ᠠ᠃ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠦᠨᠡᠯᠡᠨ ᠰᠢᠯᠭᠠᠬᠤ | ᠪᠠᠶᠢᠭᠤᠯᠤᠮᠵᠢ ᠳᠤ ᠨᠠᠶᠢᠳᠠᠵᠤ ᠲᠡᠭᠦᠨ ᠳᠤ ᠮᠡᠷᠭᠡᠵᠢᠯ ᠤᠨ ᠦᠢᠯᠡᠴᠢᠯᠡᠭᠡ ᠬᠠᠩᠭᠠᠯᠭᠠᠭᠰᠠᠨ ᠪᠠᠶᠢᠪᠠᠯ᠂ ᠠᠶᠤᠯᠭᠦᠢ | ᠦᠢᠯᠡᠳᠪᠦᠷᠢᠯᠡᠬᠦ ᠠᠵᠢᠯ ᠢ ᠪᠠᠲᠤᠯᠠᠬᠤ ᠬᠠᠷᠢᠭᠤᠴᠠᠯᠭ᠎ᠠ ᠶᠢ ᠮᠥᠨ ᠲᠤᠰ ᠨᠢᠭᠡᠴᠢ ᠨᠢ ᠬᠠᠷᠢᠭᠤᠴᠠᠨ᠎ᠠ᠃ ᠬᠤᠯᠪᠣᠭᠳᠠᠯ | ᠪᠦᠬᠦᠢ ᠲᠠᠯ᠎ᠠ ᠶᠢᠨ ᠬᠢᠨ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠦᠯᠦᠯᠲᠡ ᠶᠢᠨ ᠠᠭᠤᠯᠭ᠎ᠠ ᠳᠤ ᠵᠥᠪᠰᠢᠶᠡᠷᠡᠯ ᠪᠤᠶᠤ | ᠰᠢᠢᠳᠬᠡᠯ ᠥᠭᠬᠦ ᠲᠣᠭᠲᠠᠭᠠᠯ ᠭᠠᠷᠭᠠᠭᠰᠠᠨ ᠪᠠᠶᠢᠪᠠᠯ᠂ ᠲᠡᠭᠦᠨ ᠤ ᠲᠣᠭᠲᠠᠭᠠᠭᠰᠠᠨ ᠵᠦᠢᠯᠡᠰ ᠲᠤ ᠵᠣᠬᠢᠴᠠᠩᠭᠤᠢ | ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ ᠶᠢᠨ ᠲᠤᠬᠠᠢ ︽ | ᠠᠶᠦᠯᠭᠦᠢ ᠶᠢᠨ ᠦᠨᠡᠯᠡᠯᠲᠡ ᠶᠢᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ |