| | | ᠣᠶᠢᠷ᠎ᠠ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠬᠠᠤᠯᠢ ᠪᠠᠷᠢᠬᠤ ᠶᠠᠮᠤᠨ | ᠬᠠᠮᠲᠤᠷᠠᠨ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠲᠣᠭᠲᠠᠭᠠᠯ ︵ | ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠪᠠ᠃ ︽ | ᠲᠣᠭᠲᠠᠭᠠᠯ︾ ᠢ ᠨᠡᠶᠢᠲᠡᠯᠡᠭᠰᠡᠨ ᠠᠬᠤᠢ ᠪᠠᠶᠢᠳᠠᠯ᠂ ᠶᠡᠷᠦᠩᠬᠡᠢ ᠰᠡᠳᠬᠢᠴᠡ᠂ ᠭᠤᠣᠯ ᠠᠭᠤᠯᠭ᠎ᠠ ᠵᠡᠷᠭᠡ ᠲᠠᠯ᠎ᠠ ᠶᠢᠨ | ᠲᠣᠭᠤᠷᠢᠨ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠬᠠᠤᠯᠢ ᠴᠠᠭᠠᠵᠠ ᠶᠢᠨ ᠶᠠᠮᠤᠨ ᠤ | ᠬᠤᠯᠪᠣᠭᠳᠠᠯ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | | ᠠᠰᠠᠭᠤᠯᠲᠠ᠄ ︽ᠲᠣᠭᠲᠠᠭᠠᠯ︾ ᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | | ᠬᠠᠷᠢᠭᠤᠯᠲᠠ᠄ ᠠᠶᠤᠯᠭᠦᠢ ᠦᠢᠯᠡᠳᠪᠦᠷᠢᠯᠡᠬᠦ ᠠᠵᠢᠯ ᠪᠣᠯ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠪᠥᠭᠡᠳ | ᠡᠷᠡᠭᠦᠯ ᠢᠶᠠᠷ ᠬᠥᠭᠵᠢᠬᠦ ᠶᠢᠨ ᠪᠡᠯᠭᠡ ᠲᠡᠮᠳᠡᠭ ᠮᠥᠨ᠂ ᠨᠠᠮ ᠪᠠ ᠵᠠᠰᠠᠭ ᠤᠨ ᠣᠷᠳᠣᠨ ᠠᠴᠠ ᠠᠷᠠᠳ ᠲᠦᠮᠡᠨ ᠤ | ᠠᠰᠢᠭ ᠲᠤᠰᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠱᠠᠭᠠᠷᠳᠠᠯᠭ᠎ᠠ ᠮᠥᠨ᠃ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠡᠷᠦ ᠠᠴᠠ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠠᠯᠢ | ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠪᠦᠬᠦ ᠤᠯᠤᠰ ᠤᠨ ᠠᠶᠤᠯᠭᠦᠢ | ᠦᠢᠯᠡᠳᠪᠦᠷᠢᠯᠡᠬᠦ ᠠᠵᠢᠯ ᠤᠨ ᠠᠵᠢᠯ ᠤᠨ ᠢᠳᠡᠪᠬᠢᠲᠡᠢ ᠠᠬᠢᠴᠠ ᠲᠠᠢ ᠪᠣᠯᠬᠤ ᠶᠢ ᠠᠬᠢᠭᠤᠯᠵᠠᠢ᠃ 2019 ᠣᠨ ᠤ | 11 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠬᠠᠤᠯᠢ | ᠶᠣᠰᠣᠭᠠᠷ ᠵᠠᠰᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ | ᠤᠨᠢᠨ ᠳᠡᠭᠡᠷ᠎ᠡ ᠨᠢ ᠣᠨᠣᠪᠴᠢᠲᠠᠢ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 2020 ᠣᠨ ᠤ 9 ᠰᠠᠷ᠎ᠠ ᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠬᠡᠪᠯᠡᠨ ᠲᠠᠷᠬᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ ᠳᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠷᠢ ᠰᠠᠭᠤᠷᠢ ᠶᠢ ᠲᠣᠳᠣᠷᠬᠠᠶᠢᠯᠠᠬᠤ᠂ | ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠬᠤ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ᠂ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠲᠣᠭᠲᠠᠭᠠᠯ ᠭᠠᠷᠭᠠᠵᠠᠢ᠃ | | ᠣᠳᠣᠬᠠᠨ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ | ᠬᠡᠷᠡᠭᠵᠢᠭᠦᠯᠬᠦ ᠠᠵᠢᠯ ᠳᠤ ᠬᠤᠶᠠᠷ ᠲᠠᠯ᠎ᠠ ᠶᠢᠨ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠨ᠎ᠠ᠂ ᠨᠢᠭᠡ ᠳᠤ ᠬᠠᠤᠯᠢ | ᠬᠡᠷᠡᠭᠵᠢᠭᠦᠯᠬᠦ ᠲᠤᠰᠬᠠᠢ ᠮᠡᠷᠭᠡᠵᠢᠯ ᠤᠨ ᠬᠦᠴᠦᠨ ᠬᠦᠷᠦᠯᠴᠡᠬᠦ ᠦᠭᠡᠢ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠨᠢ ᠬᠡᠯᠪᠡᠷᠢ ᠶᠢᠨ ᠲᠡᠳᠦᠢ ᠯᠡ ᠪᠠᠶᠢᠳᠠᠭ᠃ ᠠᠭᠤᠷᠬᠠᠢ᠂ ᠬᠢᠮᠢ ᠶᠢᠨ ᠠᠵᠤ ᠦᠢᠯᠡᠳᠪᠦᠷᠢ ︵ᠠᠶᠤᠯᠲᠠᠢ | ᠬᠢᠮᠢ ᠶᠢᠨ ᠪᠣᠳᠠᠰ︶᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶᠡᠨ ᠳᠤ ᠠᠶᠤᠯᠭᠦᠢ ᠶᠢᠨ ᠳᠠᠯᠳᠠ ᠠᠶᠤᠯ ᠲᠦᠭᠰᠢᠭᠦᠷᠢ ᠶᠡᠭᠡ᠂ ᠡ᠊ᠨᠳᠡᠯ ᠠᠮᠠᠷᠬᠠᠨ ᠭᠠᠷᠴᠤ ᠤᠯᠠᠨ | ᠭᠠᠷᠳᠠᠭ᠂ ᠰᠢᠨ᠎ᠡ ᠤᠷᠠᠯᠠᠯ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠳᠠ ᠦᠭᠡᠢ | ᠢᠯᠡᠷᠡᠬᠦ ᠶᠢ ᠳᠠᠭᠠᠯᠳᠤᠨ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠤᠰᠬᠠᠶᠢᠵᠢᠯᠲᠠ ᠶᠢᠨ ᠱᠠᠭᠠᠷᠳᠠᠯᠭ᠎ᠠ | ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠲᠤᠰᠬᠠᠢ ᠮᠡᠷᠭᠡᠵᠢᠯ ᠤᠨ ᠴᠢᠳᠠᠪᠤᠷᠢ ᠬᠦᠷᠦᠯᠴᠡᠬᠦ ᠦᠭᠡᠢ᠂ ︽ᠠᠶᠤᠯᠭᠦᠢ ᠶᠢᠨ ᠪᠠᠶᠢᠴᠠᠭᠠᠯᠲᠠ ᠳᠤ ᠠᠰᠠᠭᠤᠳᠠᠯ ᠢ | ᠪᠠᠶᠢᠴᠠᠭᠠᠵᠤ ᠭᠠᠷᠬᠤ ᠦᠭᠡᠢ︾ ᠪᠠᠶᠢᠬᠤ ᠪᠠᠶᠢᠳᠠᠯ ᠲᠣᠪᠣᠶᠢᠮ᠎ᠠ ᠪᠠᠶᠢᠨ᠎ᠠ᠃ ᠬᠤᠶᠠᠷ ᠲᠤ ᠨᠡᠶᠢᠭᠡᠮ ᠤᠨ ᠬᠢᠨᠠᠯᠲᠠ | ᠲᠠᠯᠪᠢᠬᠤ ᠬᠦᠴᠦᠨ ᠬᠦᠷᠦᠯᠴᠡᠬᠦ ᠦᠭᠡᠢ ᠪᠠᠶᠢᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠪᠠᠶᠢᠭᠤᠯᠤᠯᠲᠠ ᠳᠤ ᠳᠤᠲᠠᠭᠤᠳᠠᠯ ᠣᠷᠣᠰᠢᠵᠤ ᠪᠠᠶᠢᠨ᠎ᠠ᠃ ᠣᠳᠣᠬᠠᠨ ᠳᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠳᠤ ᠴᠢᠩᠭ᠎ᠠ ᠬᠡᠷᠡᠭᠵᠢᠭᠦᠯᠬᠦ ᠶᠣᠰᠣᠲᠠᠢ | ᠪᠠᠶᠢᠲᠠᠯ᠎ᠠ ᠴᠢᠩᠭ᠎ᠠ ᠬᠡᠷᠡᠭᠵᠢᠭᠦᠯᠬᠦ ᠦᠭᠡᠢ᠂ ᠬᠦᠨᠳᠦ ᠪᠠᠷ ᠰᠢᠢᠳᠪᠦᠷᠢᠯᠡᠬᠦ ᠶᠣᠰᠣᠲᠠᠢ ᠪᠠᠶᠢᠲᠠᠯ᠎ᠠ ᠬᠦᠨᠳᠦ ᠦᠭᠡᠢ᠂ | ᠪᠠᠶᠢᠴᠠᠭᠠᠨ ᠰᠢᠢᠳᠪᠦᠷᠢᠯᠡᠭᠰᠡᠨ ᠨᠢ ᠬᠦᠴᠦᠨ ᠦᠭᠡᠢ᠂ ᠣᠯᠠᠨᠲᠠ ᠬᠤᠷᠢᠭᠯᠠᠭᠰᠠᠨ ᠴᠤ ᠵᠣᠭᠰᠣᠬᠤ ᠦᠭᠡᠢ | ᠠᠰᠠᠭᠤᠳᠠᠯ ᠣᠷᠣᠰᠢᠵᠤ ᠪᠠᠶᠢᠨ᠎ᠠ᠃ ᠪᠠᠰᠠ ᠬᠠᠤᠯᠢ ᠬᠡᠷᠡᠭᠵᠢᠭᠦᠯᠬᠦ ᠳᠡᠭᠡᠨ ᠵᠢᠷᠤᠮᠵᠢᠭᠤᠨ ᠪᠤᠰᠤ᠂ ᠳᠥᠭᠦᠮ | ᠪᠦᠳᠦᠭᠦᠯᠢᠭ᠂ ᠰᠣᠩᠭᠤᠯᠲᠠ ᠶᠢᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ᠂ ᠤᠯᠠᠨ ᠳᠠᠪᠬᠤᠷᠭ᠎ᠠ ᠪᠠᠷ | ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠣᠷᠣᠰᠢᠵᠤ᠂ ᠬᠠᠤᠯᠢ ᠬᠡᠷᠡᠭᠵᠢᠭᠦᠯᠬᠦ ᠠᠵᠢᠯ ᠳᠤ | ᠬᠢᠨᠠᠯᠲᠠ ᠲᠠᠯᠪᠢᠬᠤ ᠳᠠᠭᠠᠨ ᠭᠤᠣᠯᠳᠠᠭᠤ ᠰᠢᠰᠲ᠋ᠧᠮ ᠤᠨ ᠳᠣᠲᠣᠭᠠᠳᠤ ᠶᠢᠨ ᠱᠠᠲᠤ ᠳᠠᠪᠬᠤᠷᠭ᠎ᠠ ᠶᠢᠨ ᠬᠢᠨᠠᠯᠲᠠ ᠳᠤ | ᠲᠦᠰᠢᠭᠯᠡᠵᠦ᠂ ᠨᠡᠶᠢᠭᠡᠮ ᠤᠨ ᠬᠦᠴᠦᠨ ᠤ ᠬᠢᠨᠠᠯᠲᠠ ᠳᠤ ᠣᠷᠣᠯᠴᠠᠬᠤ ᠠᠷᠭ᠎ᠠ ᠵᠠᠮ ᠨᠢ ᠰᠠᠭᠠᠳ ᠦᠭᠡᠢ ᠪᠠᠶᠢᠵᠤ᠂ | ᠰᠢᠭᠦᠮᠵᠢᠯᠡᠯ᠂ ᠰᠠᠨᠠᠯ᠂ ᠰᠠᠨᠠᠭᠤᠯᠭ᠎ᠠ ᠶᠢ ᠴᠠᠭ ᠲᠤᠬᠠᠢ ᠳᠤᠨᠢ ᠳᠤᠷᠠᠳᠬᠤ ᠳᠤ ᠪᠡᠷᠬᠡᠲᠡᠢ ᠪᠠᠶᠢᠨ᠎ᠠ᠃ | | ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠢ | ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ︽ᠲᠣᠭᠲᠠᠭᠠᠯ︾ ᠢ | ᠲᠤᠭᠤᠷᠪᠢᠵᠤ᠂ ᠣᠯᠠᠨ ᠤᠳᠠᠭ᠎ᠠ ᠶᠠᠷᠢᠯᠴᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠭᠰᠠᠨ ᠤ ᠳᠠᠷᠠᠭ᠎ᠠ | ᠵᠢᠩᠬᠢᠨᠢ ᠪᠠᠷ ᠨᠡᠶᠢᠲᠡᠯᠡᠵᠦ ᠬᠡᠷᠡᠭᠵᠢᠭᠦᠯᠪᠡ᠃ | | ᠠᠰᠠᠭᠤᠯᠲᠠ᠄ ︽ᠲᠣᠭᠲᠠᠭᠠᠯ︾ ᠤᠨ ᠶᠡᠷᠦᠩᠬᠡᠢ ᠰᠡᠳᠬᠢᠮᠵᠢ ᠨᠢ ᠶᠠᠭᠤ ᠪᠣᠶ︖ | | ᠬᠠᠷᠢᠭᠤᠯᠲᠠ᠄ ︽ᠲᠣᠭᠲᠠᠭᠠᠯ︾ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠯᠠᠩᠭᠤᠶ᠎ᠠ | ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ | ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠢᠯᠡᠳᠪᠦᠷᠢᠯᠡᠬᠦ ᠠᠵᠢᠯ ᠤᠨ ᠠᠶᠦᠯᠭᠦᠢ ᠶᠢᠨ ᠠᠳᠡᠯ ᠭᠠᠷᠬᠤ ᠶᠢ | ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠣᠭᠤᠷᠢᠨ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠨᠢᠭᠡ | ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ︵ᠳᠣᠷᠣᠭᠰᠢ ᠮᠡᠷᠭᠡᠵᠢᠯ ᠤᠨ ᠪᠠᠶᠢᠴᠠᠭᠠᠭᠴᠢ ᠭᠡᠵᠦ ᠲᠣᠪᠴᠢᠯᠠᠨ᠎ᠠ︶ ᠶᠢ | ᠤᠷᠢᠨ ᠬᠡᠷᠡᠭᠯᠡᠬᠦ ᠪᠠᠷ ᠳᠠᠮᠵᠢᠭᠤᠯᠤᠨ᠂ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠳᠤ ᠲᠤᠰᠬᠠᠢ ᠮᠡᠷᠭᠡᠵᠢᠯ ᠤᠨ | ᠲᠤᠯᠭᠠᠭᠤᠷᠢᠯᠠᠯ ᠬᠠᠩᠭᠠᠵᠤ᠂ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ | ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠂ ᠠᠶᠤᠯᠭᠦᠢ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠠᠳᠡᠯ ᠤᠨ ᠳᠠᠯᠳᠠ ᠬᠡᠮ ᠢ ᠠᠷᠢᠯᠭᠠᠨ᠎ᠠ᠃ ᠨᠥᠭᠦᠭᠡ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠨᠡᠶᠢᠭᠡᠮ ᠤᠨ ᠬᠢᠨᠠᠯᠲᠠ | ᠲᠠᠯᠪᠢᠭᠴᠢ ︵ᠳᠣᠷᠣᠭᠰᠢ ᠨᠡᠶᠢᠭᠡᠮ ᠤᠨ ᠬᠢᠨᠠᠯᠲᠠ ᠲᠠᠯᠪᠢᠭᠴᠢ ᠭᠡᠵᠦ ᠲᠣᠪᠴᠢᠯᠠᠨ᠎ᠠ︶ ᠶᠢ ᠤᠷᠢᠨ ᠲᠣᠮᠢᠯᠠᠬᠤ ᠪᠠᠷ | ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠠᠨᠠᠯ ᠪᠠ | ᠰᠠᠨᠠᠭᠤᠯᠭ᠎ᠠ ᠪᠠᠨ ᠲᠤᠰᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠠᠰᠠᠭᠤᠳᠠᠯ ᠤᠨ ᠰᠦᠪᠡᠭᠴᠢ | ᠬᠠᠩᠭᠠᠵᠤ᠂ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠬᠠᠪᠰᠤᠷᠤᠨ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | | ᠠᠰᠠᠭᠤᠯᠲᠠ᠄ ︽ᠲᠣᠭᠲᠠᠭᠠᠯ︾ ᠳᠤ ᠮᠡᠷᠭᠡᠵᠢᠯ ᠤᠨ ᠪᠠᠶᠢᠴᠠᠭᠠᠭᠴᠢ ᠶᠢᠨ ᠣᠷᠣᠬᠤ ᠪᠣᠭᠤᠮᠲᠠ ᠶᠢ ᠬᠡᠷᠬᠢᠨ | ᠱᠠᠭᠠᠷᠳᠠᠭᠰᠠᠨ ᠪᠤᠢ︖ | | ᠬᠠᠷᠢᠭᠤᠯᠲᠠ᠄ ᠮᠡᠷᠭᠡᠵᠢᠯ ᠤᠨ ᠪᠠᠶᠢᠴᠠᠭᠠᠭᠴᠢ ᠶᠢ ᠤᠷᠢᠵᠤ ᠬᠡᠷᠡᠭᠯᠡᠬᠦ ᠠᠵᠢᠯ ᠤᠨ ᠰᠢᠨᠵᠢᠯᠡᠬᠦ ᠤᠬᠠᠭᠠᠨᠴᠢ᠂ | ᠵᠦᠢ ᠵᠣᠬᠢᠰᠲᠠᠢ᠂ ᠬᠡᠷᠡᠭᠵᠢᠭᠦᠯᠵᠦ ᠪᠣᠯᠬᠤ ᠶᠢ ᠡᠬᠢ ᠡᠭᠦᠰᠦᠯ ᠠᠴᠠ ᠨᠢ ᠪᠠᠲᠤᠯᠠᠬᠤ ᠶᠢᠨ ᠲᠥᠯᠥᠭᠡ᠂ ︽ᠲᠣᠭᠲᠠᠭᠠᠯ | ︾ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠂ ᠨᠢᠭᠡ ᠳᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠠᠢ ᠬᠡᠷᠡᠭᠴᠡᠭᠡ ᠶᠢ | ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠮᠡᠷᠭᠡᠵᠢᠯ ᠤᠨ ᠪᠠᠶᠢᠴᠠᠭᠠᠭᠴᠢ ᠶᠢ | ᠤᠷᠢᠨ ᠬᠡᠷᠡᠭᠯᠡᠬᠦ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠬᠤᠶᠠᠷ ᠲᠤ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠲᠥᠯᠥᠪᠯᠡᠭᠡ ᠳᠤ ᠲᠤᠰᠬᠠᠢ ᠲᠤᠰᠢᠶᠠᠯᠲᠤ᠂ | ᠲᠤᠰᠢᠶᠠᠯ ᠬᠠᠪᠰᠤᠷᠭᠠᠭᠰᠠᠨ ᠮᠡᠷᠭᠡᠵᠢᠯ ᠤᠨ ᠪᠠᠶᠢᠴᠠᠭᠠᠭᠴᠢ ᠶᠢᠨ ᠲᠤᠭ᠎ᠠ ᠬᠡᠮᠵᠢᠶ᠎ᠡ ᠵᠢᠴᠢ ᠲᠤᠰᠬᠠᠢ ᠮᠡᠷᠭᠡᠵᠢᠯ ᠤᠨ | ᠬᠡᠷᠡᠭᠴᠡᠭᠡ᠂ ᠤᠷᠢᠨ ᠬᠡᠷᠡᠭᠯᠡᠬᠦ ᠠᠷᠭ᠎ᠠ ᠮᠠᠶ᠋ᠢᠭ᠂ ᠪᠣᠯᠪᠠᠰᠤᠷᠠᠭᠤᠯᠵᠤ ᠬᠢᠨᠠᠨ ᠰᠢᠯᠭᠠᠬᠤ᠂ ᠵᠠᠷᠤᠳᠠᠯ ᠤᠨ ᠪᠠᠲᠤᠯᠠᠭ᠎ᠠ | ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠢ᠃ ᠭᠤᠷᠪᠠ ᠳᠤ᠂ ᠬᠠᠷᠢᠶ᠎ᠠ ᠣᠷᠣᠨ ᠤ ᠳᠣᠲᠣᠷᠠᠬᠢ ᠠᠵᠢᠯ ᠲᠦᠷᠦᠯ ᠤᠨ | ᠬᠦᠷᠢᠶᠡᠨ ᠤ ᠠᠶᠦᠯᠭᠦᠢ ᠶᠢᠨ ᠠᠶᠤᠯ ᠲᠦᠭᠰᠢᠭᠦᠷᠢ ᠶᠢᠨ ᠪᠠᠶᠢᠳᠠᠯ᠂ ᠬᠠᠤᠯᠢ ᠬᠡᠷᠡᠭᠵᠢᠭᠦᠯᠬᠦ ᠶᠢ ᠬᠠᠮᠢᠶᠠᠷᠴᠤ ᠪᠠᠶᠢᠭ᠎ᠠ | ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠦᠨᠳᠦᠰᠦᠯᠡᠵᠦ᠂ ᠠᠵᠤ ᠠᠬᠤᠶᠢᠯᠠᠯ ᠤᠨ ᠲᠦᠷᠦᠯ ᠬᠡᠯᠪᠡᠷᠢ᠂ ᠬᠠᠤᠯᠢ | ᠬᠡᠷᠡᠭᠵᠢᠭᠦᠯᠬᠦ ᠴᠢᠳᠠᠪᠤᠷᠢ ᠶᠢᠨ ᠲᠦᠪᠰᠢᠨ ᠵᠡᠷᠭᠡ ᠡᠯᠧᠮᠧᠨ᠋ᠲ ᠢ ᠭᠤᠣᠯᠳᠠᠯᠭ᠎ᠠ ᠲᠠᠢ ᠪᠠᠶᠢᠴᠠᠭᠠᠵᠤ᠂ ᠲᠤᠰ ᠭᠠᠵᠠᠷ | ᠣᠷᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠪᠣᠯᠣᠨ ᠡᠳ᠋ ᠤᠨ ᠵᠠᠰᠠᠭ ᠤᠨ ᠪᠠᠶᠢᠳᠠᠯ ᠲᠠᠢ | ᠤᠶᠠᠯᠳᠤᠭᠤᠯᠵᠤ᠂ ᠮᠡᠷᠭᠡᠵᠢᠯ ᠤᠨ ᠪᠠᠶᠢᠴᠠᠭᠠᠭᠴᠢ ᠶᠢᠨ ᠲᠤᠭ᠎ᠠ ᠬᠡᠮᠵᠢᠶ᠎ᠡ ᠶᠢ ᠵᠣᠬᠢᠰᠲᠠᠢ ᠲᠣᠭᠲᠠᠭᠠᠵᠤ᠂ ᠠᠵᠢᠯ ᠤᠨ | ᠪᠠᠶᠢᠷᠢ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ | | ᠠᠰᠠᠭᠤᠯᠲᠠ᠄ ᠮᠡᠷᠭᠡᠵᠢᠯ ᠤᠨ ᠪᠠᠶᠢᠴᠠᠭᠠᠭᠴᠢ ᠲᠤᠰᠬᠠᠢ ᠮᠡᠷᠭᠡᠵᠢᠯ ᠤᠨ ᠲᠠᠯ᠎ᠠ ᠪᠠᠷ ᠶᠠᠮᠠᠷ ᠶᠠᠮᠠᠷ ᠨᠥᠬᠦᠴᠡᠯ ᠢ | ᠪᠦᠷᠢᠯᠳᠦᠭᠦᠯᠬᠦ ᠴᠢᠬᠤᠯᠠᠲᠠᠢ ᠪᠣᠶ︖ | | ᠬᠠᠷᠢᠭᠤᠯᠲᠠ᠄ ᠮᠡᠷᠭᠡᠵᠢᠯ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠨᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠮᠵᠢᠨ ᠥᠷᠨᠢᠭᠦᠯᠵᠦ ᠪᠠᠶᠢᠬᠤ ᠶᠢ ᠪᠣᠳᠣᠯᠬᠢᠯᠠᠭᠠᠳ᠂ ᠮᠡᠷᠭᠡᠵᠢᠯ ᠤᠨ | ᠪᠠᠶᠢᠴᠠᠭᠠᠭᠴᠢ ᠶᠢᠨ ᠲᠤᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠨᠢ ᠲᠤᠶᠢᠯ ᠤᠨ ᠴᠢᠬᠤᠯᠠ ᠪᠠᠶᠢᠳᠠᠭ᠃ | ︽ᠲᠣᠭᠲᠠᠭᠠᠯ︾ ᠳᠤ᠂ ᠵᠠᠷᠴᠢᠮ ᠳᠡᠭᠡᠷ᠎ᠡ ᠪᠠᠨ ᠲᠤᠰᠬᠠᠢ ᠮᠡᠷᠭᠡᠵᠢᠯ ᠤᠨ ᠪᠠᠶᠢᠴᠠᠭᠠᠭᠴᠢ ᠨᠢ ᠠᠶᠤᠯᠭᠦᠢ | ᠦᠢᠯᠡᠳᠪᠦᠷᠢᠯᠡᠬᠦ ᠠᠵᠢᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠡᠷᠭᠡ | ᠬᠤᠯᠪᠣᠭᠳᠠᠯ ᠪᠦᠬᠦᠢ ᠠᠶᠦᠯᠭᠦᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠢ᠂ ᠡᠰᠡᠬᠦᠯ᠎ᠡ ᠬᠤᠯᠪᠣᠭᠳᠠᠯ ᠪᠦᠬᠦᠢ ᠠᠵᠢᠯ ᠲᠥᠷᠥᠯ ᠤᠨ | ᠬᠦᠷᠢᠶᠡᠨ ᠳᠠᠬᠢ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ᠂ ᠬᠤᠶᠠᠳᠤᠭᠠᠷ ᠳᠡᠰ ︵ | ᠮᠠᠰᠲ᠋ᠧᠷ︶ ᠠᠴᠠ ᠳᠡᠭᠡᠭᠰᠢᠬᠢ ᠠᠵᠢᠯ ᠮᠡᠷᠭᠡᠵᠢᠯ ᠤᠨ ᠬᠢᠷᠢ ᠬᠡᠮ ᠲᠠᠢ ᠪᠠᠶᠢᠬᠤ ᠬᠡᠷᠡᠭᠲᠡᠢ᠂ ᠡᠰᠡᠬᠦᠯ᠎ᠡ | ᠳᠠᠩᠰᠠᠯᠠᠭᠤᠯᠤᠭᠰᠠᠨ ᠠᠶᠦᠯᠭᠦᠢ ᠶᠢᠨ ᠢᠨᠵᠧᠨᠧᠷ ᠵᠡᠷᠭᠡ ᠠᠵᠢᠯ ᠮᠡᠷᠭᠡᠵᠢᠯ ᠤᠨ ᠬᠢᠷᠢ ᠬᠡᠮ ᠲᠠᠢ ᠪᠠᠶᠢᠬᠤ ᠬᠡᠷᠡᠭᠲᠡᠢ᠃ | ᠡᠭᠦᠨ ᠤ ᠬᠠᠮᠲᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠲᠣᠪᠣᠶᠢᠮ᠎ᠠ᠂ ᠰᠤᠷᠤᠯᠭ᠎ᠠ ᠶᠢᠨ ᠨᠠᠮᠲᠠᠷ᠂ ᠮᠡᠷᠭᠡᠵᠢᠯ ᠤᠨ | ᠴᠣᠯᠠ ᠵᠡᠷᠭᠡ ᠲᠠᠯ᠎ᠠ ᠪᠠᠷ ᠨᠥᠬᠦᠴᠡᠯ ᠳᠤ ᠬᠦᠷᠬᠦ ᠦᠭᠡᠢ ᠮᠡᠷᠭᠡᠵᠢᠯ ᠤᠨ ᠭᠤᠣᠯᠯᠠᠭᠴᠢ ᠬᠦᠴᠦᠨ ᠪᠠ ᠨᠢᠭᠡ ᠪᠦᠯᠦᠭ | ᠠᠬᠠᠮᠠᠳ ᠪᠠᠭᠰᠢ᠂ ᠠᠬᠠᠮᠠᠳ ᠠᠵᠢᠯᠴᠢᠨ ᠢ ᠡᠯᠰᠡᠨ ᠣᠷᠣᠭᠤᠯᠬᠤ ᠶᠢᠨ ᠲᠥᠯᠥᠭᠡ᠂ ᠠᠶᠤᠯᠭᠦᠢ ᠦᠢᠯᠡᠳᠪᠦᠷᠢᠯᠡᠬᠦ | ᠠᠵᠢᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠤᠯᠪᠣᠭᠳᠠᠯ ᠪᠦᠬᠦᠢ ᠠᠵᠢᠯ | ᠲᠥᠷᠥᠯ ᠤᠨ ᠬᠦᠷᠢᠶᠡᠨ ᠳᠤ ᠪᠦᠬᠦᠯᠢ 10 ᠵᠢᠯ ᠠᠵᠢᠯᠯᠠᠭᠰᠠᠨ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ | ᠲᠤᠰᠬᠠᠢ ᠮᠡᠷᠭᠡᠵᠢᠯ ᠤᠨ ᠠᠵᠢᠯᠲᠠᠨ ︵ᠠᠵᠢᠯ ᠠᠴᠠ ᠪᠠᠨ ᠠᠮᠠᠷᠠᠭᠰᠠᠳ ᠪᠠᠭᠲᠠᠨ᠎ᠠ︶ ᠳᠤ ᠳᠡᠭᠡᠷ᠎ᠡ ᠳᠤᠷᠠᠳᠤᠭᠰᠠᠨ | ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ ᠪᠣᠯᠣᠨ᠎ᠠ ᠭᠡᠵᠦ ᠲᠣᠳᠣᠷᠬᠠᠢ ᠲᠣᠭᠲᠠᠭᠠᠵᠠᠢ᠃ | | ᠠᠰᠠᠭᠤᠯᠲᠠ᠄ ᠮᠡᠷᠭᠡᠵᠢᠯ ᠤᠨ ᠪᠠᠶᠢᠴᠠᠭᠠᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠳᠤ ᠶᠠᠭᠤ ᠶᠠᠭᠤ | ᠪᠠᠶᠢᠬᠤ ᠪᠣᠶ︖ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠡᠷᠬᠢᠨ ᠬᠠᠮᠵᠢᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠬᠦ ᠪᠣᠶ︖ | | ᠬᠠᠷᠢᠭᠤᠯᠲᠠ᠄ ᠡᠮᠦᠨ᠎ᠡ ᠲᠠᠨᠢᠯᠴᠠᠭᠤᠯᠤᠭᠰᠠᠨ ᠲᠠᠢ ᠠᠳᠠᠯᠢ ᠪᠠᠷ᠂ ᠦᠨᠳᠦᠰᠦᠨ ᠱᠠᠲᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠦᠷᠦᠯᠴᠡᠬᠦ ᠦᠭᠡᠢ᠂ | ︽ᠠᠶᠦᠯᠭᠦᠢ ᠶᠢᠨ ᠪᠠᠶᠢᠴᠠᠭᠠᠯᠲᠠ ᠳᠤ ᠠᠰᠠᠭᠤᠳᠠᠯ ᠭᠠᠷᠬᠤ ᠦᠭᠡᠢ︾ ᠪᠠᠶᠢᠳᠠᠯ ᠲᠣᠪᠣᠶᠢᠮ᠎ᠠ ᠪᠠᠶᠢᠨ᠎ᠠ᠂ | ᠮᠡᠷᠭᠡᠵᠢᠯ ᠤᠨ ᠪᠠᠶᠢᠴᠠᠭᠠᠭᠴᠢ ᠶᠢ ᠤᠷᠢᠵᠤ ᠬᠡᠷᠡᠭᠯᠡᠬᠦ ᠳᠤ ᠲᠤᠰᠬᠠᠢ ᠮᠡᠷᠭᠡᠵᠢᠯ ᠤᠨ ᠳᠠᠪᠠᠭᠤᠯᠢᠭ ᠢ ᠨᠢ ᠭᠦᠢᠴᠡᠳ | ᠪᠠᠳᠠᠷᠠᠭᠤᠯᠬᠤ ᠬᠡᠷᠡᠭᠲᠡᠢ᠃ ᠡᠭᠦᠨ ᠤ ᠲᠤᠯᠠᠳᠠ᠂ ︽ᠲᠣᠭᠲᠠᠭᠠᠯ︾ ᠳᠤ᠂ ᠮᠡᠷᠭᠡᠵᠢᠯ ᠤᠨ ᠪᠠᠶᠢᠴᠠᠭᠠᠭᠴᠢ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠬᠢᠷᠠᠭᠤᠯᠤᠯᠲᠠ ᠶᠣᠰᠣᠭᠠᠷ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠠᠪᠰᠤᠷᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠶᠢ ᠨᠢ ᠭᠦᠢᠴᠡᠳᠬᠡᠨ᠎ᠡ᠂ ᠬᠠᠮᠵᠢᠯᠴᠠᠬᠤ ᠵᠦᠢᠯᠡᠰ ᠲᠤ ᠭᠤᠣᠯᠳᠠᠭᠤ ᠲᠤᠬᠠᠢ ᠶᠢᠨ ᠲᠠᠯᠠᠪᠤᠷ ᠤᠨ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠳᠠᠪᠲᠠᠨ ᠪᠠᠶᠢᠴᠠᠭᠠᠬᠤ ᠪᠠ ᠪᠠᠶᠢᠴᠠᠭᠠᠵᠤ ᠭᠡᠷᠡᠴᠢ ᠠᠪᠬᠤ ᠠᠵᠢᠯ ᠢ | ᠥᠷᠨᠢᠭᠦᠯᠬᠦ᠂ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠵᠠᠷᠯᠢᠭᠳᠠᠨ ᠵᠠᠯᠠᠷᠠᠭᠤᠯᠤᠭᠤᠯᠬᠤ᠂ ᠠᠶᠤᠯ | ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ᠂ ᠵᠠᠰᠠᠭ ᠵᠠᠬᠢᠷᠭᠠᠨ ᠤ ᠬᠡᠷᠡᠭ ᠢ ᠰᠤᠳᠤᠯᠤᠨ ᠶᠠᠷᠢᠯᠴᠠᠬᠤ ᠳᠤ | ᠣᠷᠣᠯᠴᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ ᠢ ᠭᠦᠢᠴᠡᠳᠬᠡᠬᠦ ᠵᠡᠷᠭᠡ ᠪᠠᠭᠲᠠᠨ᠎ᠠ ᠭᠡᠵᠦ | ᠲᠣᠳᠣᠷᠬᠠᠢ ᠲᠣᠭᠲᠠᠭᠠᠵᠠᠢ᠃ | | ᠮᠡᠷᠭᠡᠵᠢᠯ ᠤᠨ ᠪᠠᠶᠢᠴᠠᠭᠠᠭᠴᠢ ᠡᠮᠦᠨᠡᠬᠢ ᠪᠠᠳᠠᠭ ᠲᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠬᠦ ᠳᠡᠭᠡᠨ ᠬᠤᠯᠪᠣᠭᠳᠠᠯ ᠪᠦᠬᠦᠢ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ | ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠲᠡᠬᠢᠠ | ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠴᠠᠭᠠᠯᠲᠠ ᠬᠢᠵᠦ ᠭᠡᠷᠡᠴᠢ ᠠᠪᠬᠤ ᠶᠠᠪᠤᠴᠠ ᠳᠤ ᠲᠤᠰᠬᠠᠢ | ᠮᠡᠷᠭᠡᠵᠢᠯ ᠤᠨ ᠴᠢᠨᠠᠷᠲᠠᠢ ᠰᠠᠨᠠᠯ ᠬᠠᠩᠭᠠᠬᠤ ᠬᠡᠷᠡᠭᠲᠡᠢ᠃ | | ᠠᠰᠠᠭᠤᠯᠲᠠ᠄ ᠨᠡᠶᠢᠭᠡᠮ ᠤᠨ ᠬᠢᠨᠠᠯᠲᠠ ᠲᠠᠯᠪᠢᠭᠴᠢ ᠶᠠᠮᠠᠷ ᠶᠠᠮᠠᠷ ᠨᠥᠬᠦᠴᠡᠯ ᠢ ᠪᠦᠷᠢᠯᠳᠦᠭᠦᠯᠬᠦ ᠴᠢᠬᠤᠯᠠᠲᠠᠢ | ᠪᠣᠶ︖ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠨᠢ ᠶᠠᠭᠤ ᠪᠣᠶ︖ | | ᠬᠠᠷᠢᠭᠤᠯᠲᠠ᠄ ᠨᠡᠶᠢᠭᠡᠮ ᠤᠨ ᠬᠢᠨᠠᠯᠲᠠ ᠲᠠᠯᠪᠢᠭᠴᠢ ᠭᠤᠣᠯᠳᠠᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠳᠤ ᠨᠡᠶᠢᠭᠡᠮ ᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠤ᠂ ︽ᠲᠣᠭᠲᠠᠭᠠᠯ︾ ᠳᠤ ᠨᠡᠶᠢᠭᠡᠮ ᠤᠨ ᠬᠢᠨᠠᠯᠲᠠ | ᠲᠠᠯᠪᠢᠭᠴᠢ ᠨᠡᠯᠢᠶᠡᠳ ᠥᠨᠳᠥᠷ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ ᠪᠠ ᠨᠡᠯᠢᠶᠡᠳ ᠴᠢᠩᠭ᠎ᠠ ᠬᠠᠤᠯᠢ ᠪᠠᠷ | ᠵᠠᠰᠠᠬᠤ ᠤᠬᠠᠮᠰᠠᠷ ᠲᠠᠢ ᠪᠠᠶᠢᠬᠤ ᠬᠡᠷᠡᠭᠲᠡᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠬᠠᠯᠠᠭᠤᠨ ᠰᠡᠳᠬᠢᠯ ᠲᠠᠢ ᠪᠠᠶᠢᠬᠤ ᠬᠡᠷᠡᠭᠲᠡᠢ ᠪᠥᠭᠡᠳ ᠵᠣᠬᠢᠬᠤ | ᠨᠡᠶᠢᠭᠡᠮ ᠤᠨ ᠨᠥᠯᠥᠭᠡ ᠲᠠᠢ ᠪᠠᠶᠢᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ | | ᠨᠡᠶᠢᠭᠡᠮ ᠤᠨ ᠬᠢᠨᠠᠯᠲᠠ ᠲᠠᠯᠪᠢᠭᠴᠢ ᠶᠢᠨ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ ᠪᠣᠯ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ | ᠲᠤᠬᠠᠢ ᠨᠡᠶᠢᠭᠡᠮ ᠤᠨ ᠣᠯᠠᠨ ᠨᠡᠶᠢᠲᠡ ᠶᠢᠨ ᠰᠢᠭᠦᠮᠵᠢᠯᠡᠯ᠂ ᠰᠠᠨᠠᠯ᠂ ᠰᠠᠨᠠᠭᠤᠯᠭ᠎ᠠ ᠶᠢ ᠲᠤᠰᠬᠠᠵᠤ᠂ ᠬᠠᠤᠯᠢ ᠶᠢ | ᠵᠥᠷᠢᠴᠡᠭᠰᠡᠨ ᠦᠶᠯᠡ ᠠᠵᠢᠯᠯᠠᠭ᠎ᠠ ᠪᠠ ᠠᠶᠤᠯ ᠲᠦᠭᠰᠢᠭᠦᠷᠢ ᠶᠢᠨ ᠳᠠᠯᠳᠠ ᠬᠡᠮ ᠤᠨ ᠠᠰᠠᠭᠤᠳᠠᠯ ᠤᠨ ᠰᠦᠪᠡᠭᠴᠢ ᠶᠢ | ᠬᠠᠩᠭᠠᠵᠤ᠂ ᠡᠭᠦᠨ ᠢᠶᠠᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠩᠭ᠎ᠠ | ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ᠃ | | ᠠᠰᠠᠭᠤᠭᠰᠠᠨ ᠨᠢ᠄ ︽ᠲᠣᠭᠲᠠᠭᠠᠯ︾ ᠳᠤ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠬᠢᠨᠠᠯᠲᠠ ᠪᠠᠲᠤᠯᠠᠭ᠎ᠠ ᠶᠢᠨ ᠲᠤᠬᠠᠢ ᠲᠣᠳᠣᠷᠬᠠᠢ ᠲᠣᠭᠲᠠᠭᠠᠯ ᠭᠠᠷᠭᠠᠭᠰᠠᠨ ᠢ ᠪᠢᠳᠡ | ᠠᠩᠬᠠᠷᠤᠯ ᠳᠠᠭᠠᠨ ᠠᠪᠤᠪᠠ᠂ ᠡᠨᠡ ᠬᠡᠰᠡᠭ ᠪᠠᠶᠢᠳᠠᠯ ᠢ ᠲᠠᠨᠢᠯᠴᠠᠭᠤᠯᠵᠤ ᠪᠣᠯᠣᠨ᠎ᠠ ᠦᠦ ᠦᠭᠡᠢ ᠦᠦ︖ | | ᠬᠠᠷᠢᠭᠤᠯᠲᠠ᠄ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠳᠤ᠂ ᠪᠢᠳᠡ ᠴᠢᠩᠭ᠎ᠠ | ᠬᠠᠮᠢᠶᠠᠷᠴᠤ ᠵᠤᠵᠠᠭᠠᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠲᠣᠭᠲᠠᠭᠠᠯ︾ ᠳᠤ ᠬᠢᠨᠠᠯᠲᠠ | ᠬᠠᠮᠢᠶᠠᠷᠤᠯᠲᠠ ᠶᠢ ᠴᠢᠩᠳᠠᠯᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠲᠤᠯᠠᠭ᠎ᠠ ᠶᠢ ᠴᠢᠩᠭᠠᠳᠬᠠᠬᠤ | ᠬᠤᠶᠠᠷ ᠲᠠᠯ᠎ᠠ ᠪᠠᠷ ᠵᠢᠷᠤᠮᠵᠢᠭᠤᠯᠪᠠ᠃ | | ᠨᠢᠭᠡ ᠳᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠬᠤᠯᠪᠣᠭᠳᠠᠯ ᠪᠦᠬᠦᠢ ᠮᠡᠷᠭᠡᠵᠢᠯ ᠤᠨ ᠪᠠᠶᠢᠴᠠᠭᠠᠭᠴᠢ | ᠪᠠ ᠨᠡᠶᠢᠭᠡᠮ ᠤᠨ ᠬᠢᠨᠠᠯᠲᠠ ᠲᠠᠯᠪᠢᠭᠴᠢ ᠳᠤ ᠡᠷᠬᠡ ᠲᠤᠰᠢᠶᠠᠯ ᠠᠴᠠ ᠪᠠᠨ ᠳᠠᠪᠠᠭᠰᠠᠨ᠂ ᠲᠣᠭᠲᠠᠭᠠᠯ ᠢ ᠵᠥᠷᠢᠴᠡᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠦᠢᠯᠡ ᠪᠠᠶᠢᠳᠠᠯ ᠤᠨ | ᠬᠢᠨᠢ ᠬᠦᠨᠳᠦ ᠬᠥᠩᠭᠡᠨ ᠢ ᠦᠵᠡᠵᠦ ᠪᠠᠶᠢᠭᠠᠳ ᠰᠢᠭᠦᠮᠵᠢᠯᠡᠨ ᠰᠤᠷᠭᠠᠬᠤ ᠪᠤᠶᠤ ᠨᠠᠮ ᠤᠨ ᠰᠠᠬᠢᠯᠭ᠎ᠠ ᠪᠠᠲᠤ ᠵᠠᠰᠠᠭ ᠤᠨ | ᠶᠠᠪᠤᠳᠠᠯ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ | ᠬᠠᠤᠯᠢ ᠶᠣᠰᠣᠭᠠᠷ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠡᠷᠬᠡᠲᠦ ᠪᠠᠶᠢᠭᠤᠯᠭ᠎ᠠ ᠪᠠᠶᠢᠴᠠᠭᠠᠯᠲᠠ ᠳᠤ ᠣᠷᠣᠯᠴᠠᠭᠰᠠᠨ ᠪᠠᠶᠢᠪᠠᠯ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠱᠠᠭᠠᠷᠳᠠᠯᠭ᠎ᠠ ᠶᠣᠰᠣᠭᠠᠷ ᠬᠤᠯᠪᠣᠭᠳᠠᠯ | ᠪᠦᠬᠦᠢ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ᠂ ᠪᠤᠷᠤᠭᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ | ᠠᠰᠠᠭᠤᠳᠠᠯ ᠢ ᠰᠤᠳᠤᠯᠤᠨ ᠨᠤᠲᠠᠯᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠢᠴᠢᠭ ᠤᠨ ᠰᠠᠨᠠᠯ ᠭᠠᠷᠭᠠᠵᠤ᠂ | ᠡᠷᠬᠡᠲᠦ ᠪᠠᠶᠢᠭᠤᠯᠭ᠎ᠠ ᠶᠢᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠯᠠᠪᠯᠠᠯᠲᠠ ᠪᠣᠯᠭᠠᠵᠤ ᠪᠣᠯᠣᠨ᠎ᠠ᠃ | | ᠬᠤᠶᠠᠷ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠲᠤᠯᠠᠭ᠎ᠠ ᠶᠢ ᠴᠢᠩᠭᠠᠳᠬᠠᠨ᠎ᠠ᠃ ᠮᠡᠷᠭᠡᠵᠢᠯ ᠤᠨ | ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ | ᠪᠣᠯᠵᠤ ᠰᠦᠷᠳᠡᠭᠦᠯᠦᠯ ᠰᠦᠷᠳᠡᠭᠦᠯᠦᠯ ᠳᠤ ᠤᠴᠠᠷᠠᠭᠰᠠᠨ᠂ ᠬᠡᠷᠡᠭ ᠥᠳᠥᠭᠡᠵᠦ ᠲᠦᠢᠪᠡᠭᠡᠭᠰᠡᠨ᠂ ᠲᠠᠭᠠᠷᠢᠨ | ᠬᠠᠷᠢᠶᠠᠵᠤ ᠭᠤᠲᠤᠭᠠᠨ ᠬᠠᠷᠢᠶᠠᠭᠰᠠᠨ ᠪᠤᠶᠤ ᠬᠥᠮᠥᠨ ᠤ ᠪᠡᠶ᠎ᠡ᠂ ᠡᠳ᠋ ᠬᠥᠷᠥᠩᠭᠡ ᠳᠤ ᠬᠠᠯᠳᠠᠯᠭ᠎ᠠ ᠳᠤ ᠤᠴᠠᠷᠠᠭᠰᠠᠨ | ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠬᠠᠢ ᠶᠢᠨ ᠭᠠᠵᠠᠷ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠬᠠᠤᠯᠢ ᠶᠣᠰᠣᠭᠠᠷ | ᠬᠠᠮᠵᠢᠨ ᠰᠢᠢᠳᠪᠦᠷᠢᠯᠡᠬᠦ ᠬᠡᠷᠡᠭᠲᠡᠢ᠃ ᠮᠡᠷᠭᠡᠵᠢᠯ ᠤᠨ ᠪᠠᠶᠢᠴᠠᠭᠠᠭᠴᠢ ᠪᠠ ᠨᠡᠶᠢᠭᠡᠮ ᠤᠨ ᠬᠢᠨᠠᠯᠲᠠ ᠲᠠᠯᠪᠢᠭᠴᠢ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠵᠤ ᠦᠨᠡᠨ ᠪᠣᠳᠠᠲᠠᠢ ᠪᠤᠰᠤ ᠵᠠᠭᠠᠯᠳᠤᠯᠭ᠎ᠠ᠂ | ᠭᠦᠳᠬᠡᠯ ᠳᠤ ᠤᠴᠠᠷᠠᠭᠰᠠᠨ ᠵᠢᠴᠢ ᠭᠦᠳᠬᠡᠯ᠂ ᠳᠣᠷᠣᠮᠵᠢᠯᠠᠯ ᠳᠤ ᠤᠴᠠᠷᠠᠵᠤ᠂ ᠪᠠᠶᠢᠴᠠᠭᠠᠯᠲᠠ ᠪᠠᠷ ᠲᠠᠮᠵᠢᠨ | ᠬᠠᠷᠢᠭᠤᠴᠠᠯᠭ᠎ᠠ ᠨᠡᠬᠡᠮᠵᠢᠯᠡᠬᠦ ᠦᠭᠡᠢ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠣᠬᠢᠬᠤ ᠬᠡᠯᠪᠡᠷᠢ ᠪᠠᠷ ᠪᠣᠳᠠᠲᠤ ᠶᠠᠪᠤᠳᠠᠯ ᠢ ᠴᠠᠭ ᠲᠤᠬᠠᠢ ᠳᠤᠨᠢ | ᠲᠣᠳᠣᠷᠬᠠᠶᠢᠯᠠᠵᠤ᠂ ᠮᠠᠭᠤ ᠨᠥᠯᠥᠭᠡ ᠶᠢ ᠠᠷᠢᠯᠭᠠᠨ᠂ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠬᠤ ᠬᠡᠷᠡᠭᠲᠡᠢ | ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠷᠭᠡᠵᠢᠯ ᠤᠨ ᠪᠠᠶᠢᠴᠠᠭᠠᠭᠴᠢ ᠪᠠ | ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ |