︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠲᠤᠬᠠᠢ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ᠲᠠᠶᠢᠯᠤᠮᠵᠢ
ᠨᠡᠶᠢᠲᠡᠯᠡᠭᠰᠡᠨ ᠴᠠᠭ᠄
2023/12/18
                 2021 ᠣᠨ ᠤ 6 ᠰᠠᠷ᠎ᠠ ᠶᠢᠨ 10 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ ᠠᠴᠠ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ ᠪᠠᠲᠤᠯᠠᠪᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢ 2021 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠡᠭᠡᠪᠡᠯ ᠤᠳᠤ ᠶᠢᠨ ᠬᠡᠷᠡᠭᠵᠢᠭᠦᠯᠵᠦ ᠪᠠᠶᠢᠭ᠎ᠠ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠲᠠᠢ ᠬᠠᠷᠢᠴᠠᠭᠤᠯᠪᠠᠯ᠂ ᠰᠢᠨ᠎ᠡ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠳᠤ ᠶᠠᠮᠠᠷ ᠶᠠᠮᠠᠷ ᠵᠠᠰᠠᠪᠤᠷᠢ ᠣᠷᠣᠭᠤᠯᠤᠭᠰᠠᠨ ᠪᠤᠢ︖ ᠬᠤᠶᠢᠰᠢᠳᠠ ᠶᠢᠨ ᠬᠡᠳᠦᠨ ᠬᠤᠭᠤᠴᠠᠭᠠᠨ ᠤ ᠵᠣᠬᠢᠶᠠᠯ ᠳᠤ ᠪᠢᠳᠡ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ᠂ ᠭᠤᠣᠯ ᠬᠠᠷᠢᠭᠤᠴᠠᠯᠭᠠᠲᠠᠨ᠂ ᠠᠮᠤᠷ ᠢ ᠬᠠᠮᠠᠭᠠᠯᠠᠬᠤ ᠶᠠᠮᠤᠨ ᠤ ᠬᠠᠷᠢᠭᠤᠴᠠᠯᠭᠠᠲᠠᠨ ᠵᠢᠴᠢ ᠪᠤᠰᠤᠳ ᠬᠠᠷᠢᠭᠤᠴᠠᠯᠭᠠᠲᠠᠨ ᠵᠡᠷᠭᠡ ᠭᠤᠷᠪᠠᠨ ᠲᠠᠯ᠎ᠠ ᠠᠴᠠ ᠭᠦᠨᠵᠡᠭᠡᠢ ᠲᠠᠶᠢᠯᠪᠤᠷᠢᠯᠠᠯᠲᠠ ᠬᠢᠨ᠎ᠡ᠃            ᠨᠢᠭᠡ᠂ ᠵᠦᠢᠯ ᠵᠤᠷᠪᠤᠰ ᠤᠨ ᠲᠠᠶᠢᠯᠤᠮᠵᠢ — ᠳᠥᠷᠪᠡᠳᠦᠭᠡᠷ ᠵᠦᠢᠯ            ᠤᠤᠯ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠡᠷᠬᠡᠪᠰᠢ ᠲᠤᠰ ᠬᠠᠤᠯᠢ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠤᠨ ᠲᠤᠬᠠᠢ ᠬᠤᠯᠪᠣᠭᠳᠠᠯ ᠪᠦᠬᠦᠢ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠬᠦ ᠠᠵᠢᠯ ᠤᠨ ᠨᠥᠬᠦᠴᠡᠯ ᠢ ᠰᠠᠶᠢᠵᠢᠷᠠᠭᠤᠯᠤᠨ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠤᠶᠢᠯᠬᠢᠠ ᠠᠬᠢᠭᠤᠯᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠬᠦ ᠠᠵᠢᠯ ᠢ ᠦᠨᠡᠨ ᠬᠦ ᠪᠠᠲᠤᠯᠠᠬᠤ ᠬᠡᠷᠡᠭᠲᠡᠢ᠃            ᠰᠢᠨ᠎ᠡ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠡᠷᠬᠡᠪᠰᠢ ᠲᠤᠰ ᠬᠠᠤᠯᠢ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠤᠯᠪᠣᠭᠳᠠᠯ ᠪᠦᠬᠦᠢ ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠢ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠵᠢᠯᠲᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠣᠯᠣᠨ ᠠᠶᠤᠯᠭᠦᠢ ᠦᠢᠯᠡᠳᠪᠦᠷᠢᠯᠡᠬᠦ ᠠᠵᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠡᠯᠡ ᠮᠥᠩᠭᠦ᠂ ᠡᠳ᠋ ᠪᠠᠷᠠᠭ᠎ᠠ᠂ ᠮᠡᠷᠭᠡᠵᠢᠯ᠂ ᠠᠵᠢᠯᠲᠠᠨ ᠤ ᠣᠷᠣᠭᠤᠯᠤᠯᠲᠠ ᠶᠢ ᠪᠠᠲᠤᠯᠠᠬᠤ ᠡᠷᠴᠢᠮ ᠢ ᠨᠡᠮᠡᠭᠳᠡᠭᠦᠯᠦᠨ᠂ ᠠᠶᠤᠯᠭᠦᠢ ᠦᠢᠯᠡᠳᠪᠦᠷᠢᠯᠡᠬᠦ ᠠᠵᠢᠯ ᠤᠨ ᠨᠥᠬᠦᠴᠡᠯ ᠢ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠠᠶᠤᠯᠭᠦᠢ ᠶᠢᠨ ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠬᠦ ᠠᠵᠢᠯ ᠢ ᠦᠨᠡᠨᠬᠦ ᠪᠠᠲᠤᠯᠠᠨ᠎ᠠ᠃            ᠲᠠᠶᠢᠯᠪᠤᠷᠢᠯᠠᠬᠤ ᠲᠣᠳᠣᠷᠬᠠᠶᠢᠯᠠᠯᠲᠠ            1.ᠣᠷᠣᠭᠤᠯᠤᠯᠲᠠ ᠶᠢ ᠴᠢᠩᠭᠠᠳᠬᠠᠬᠤ ᠬᠡᠷᠡᠭᠲᠡᠢ᠄ ᠰᠢᠨ᠎ᠡ ᠵᠦᠢᠯ ᠵᠤᠷᠪᠤᠰ ᠲᠤ ︽ᠠᠶᠤᠯᠭᠦᠢ ᠦᠢᠯᠡᠳᠪᠦᠷᠢᠯᠡᠬᠦ ᠠᠵᠢᠯ ᠤᠨ ᠪᠡᠯᠡ ᠮᠥᠩᠭᠦ᠂ ᠡᠳ᠋ ᠪᠣᠳᠠᠰ᠂ ᠲᠧᠭᠨᠢᠭ ᠮᠡᠷᠭᠡᠵᠢᠯ᠂ ᠠᠵᠢᠯᠲᠠᠨ ᠤ ᠣᠷᠣᠭᠤᠯᠤᠯᠲᠠ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ︾ ᠭᠡᠵᠦ ᠲᠣᠳᠣᠷᠬᠠᠢ ᠲᠣᠭᠲᠠᠭᠠᠵᠠᠢ᠂ ᠢᠩᠭᠢᠭᠡᠳ ᠠᠶᠤᠯᠭᠦᠢ ᠦᠢᠯᠡᠳᠪᠦᠷᠢᠯᠡᠬᠦ ᠠᠵᠢᠯ ᠨᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠴᠢᠬᠤᠯᠠ ᠠᠵᠢᠯ ᠤᠨ ᠨᠢᠭᠡ ᠪᠣᠯᠬᠤ ᠲᠤᠯᠠ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠦᠭᠦᠳ ᠡᠷᠬᠡᠪᠰᠢ ᠭᠦᠢᠴᠡᠳ ᠴᠢᠬᠤᠯᠠᠴᠢᠯᠠᠵᠤ ᠳᠡᠮᠵᠢᠬᠦ ᠬᠡᠷᠡᠭᠲᠡᠢ᠃            2.ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠄ ᠰᠢᠨ᠎ᠡ ᠵᠦᠢᠯ ᠵᠤᠷᠪᠤᠰ ᠢ ᠣᠨᠴᠠᠭᠠᠶᠢᠯᠠᠨ ︽ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ︾  ᠶᠢᠨ ᠱᠠᠭᠠᠷᠳᠠᠯᠭ᠎ᠠ ᠳᠤ ᠣᠷᠣᠭᠤᠯᠵᠠᠢ᠂ ᠡᠭᠦᠨ ᠠᠴᠠ ᠦᠵᠡᠬᠦ ᠳᠤ᠂ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠳᠤ ᠠᠪᠴᠤ ᠬᠡᠯᠡᠪᠡᠯ᠂ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠠᠪᠠᠯ ᠬᠢᠬᠦ ᠬᠡᠷᠡᠭᠲᠡᠢ ᠪᠠᠶᠢᠨ᠎ᠠ᠃ ᠾᠥ᠋ᠪᠸᠢ ᠶᠢᠨ ᠠᠨ ᠴᠤᠸᠠᠩ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ︽ᠣᠶᠤᠨᠲᠤ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ︾ ᠨᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠪᠠᠷᠢᠮᠵᠢᠶ᠎ᠠ ᠵᠢᠷᠤᠮᠵᠢᠭᠰᠠᠨ ᠠᠵᠢᠯ ᠤᠨ ᠶᠠᠪᠤᠴᠠ ᠪᠣᠯᠣᠨ ᠠᠷᠭ᠎ᠠ ᠶᠢ ᠥᠪᠡᠷ ᠢ ᠪᠠᠨ ᠲᠣᠮᠢᠶᠠᠯᠠᠵᠤ ᠲᠣᠬᠢᠷᠠᠭᠤᠯᠬᠤ᠂ ᠤᠶᠤᠨ ᠢᠶᠠᠷ ᠰᠠᠨᠠᠭᠤᠯᠬᠤ᠂ ᠠᠦ᠋ᠲ᠋ᠣ᠋ ᠬᠦᠷᠭᠡᠬᠦ᠂ ᠤᠯᠠᠨ ᠲᠠᠯ᠎ᠠ ᠠᠴᠠ ᠪᠦᠷᠢᠳᠬᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠤᠨ ᠶᠠᠪᠤᠴᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠳᠡᠯ ᠤᠨ ᠲᠦᠭᠰᠢᠭᠦᠷᠢ ᠶᠢ ᠪᠠᠭᠤᠷᠠᠭᠤᠯᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠣᠶᠢᠯᠠᠭᠠᠭᠳᠠᠬᠤᠨ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠬᠦ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠮᠥᠨ ᠴᠢᠨᠠᠷ ᠤᠨ ᠠᠮᠤᠷ ᠲᠦᠪᠰᠢᠨ ᠢ ᠪᠡᠶᠡᠯᠡᠭᠦᠯᠦᠨ᠎ᠡ᠃            3. ᠡᠷᠬᠡᠪᠰᠢ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠰᠠᠨᠠᠭᠤᠯᠬᠤ ᠬᠡᠷᠡᠭᠲᠡᠢ᠄ ᠰᠢᠨ᠎ᠡ ᠵᠦᠢᠯ ᠵᠤᠷᠪᠤᠰ ᠲᠤ ︽ᠠᠶᠦᠯᠭᠦᠢ ᠶᠢᠨ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠬᠤ︾ ᠱᠠᠭᠠᠷᠳᠠᠯᠭ᠎ᠠ ᠶᠢ ᠨᠡᠮᠡᠵᠦ ᠣᠷᠣᠭᠤᠯᠪᠠᠯ᠂ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠨᠢ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠬᠠᠲᠠᠭᠤ ᠱᠠᠭᠠᠷᠳᠠᠯᠭ᠎ᠠ ᠪᠣᠯᠣᠨ᠎ᠠ᠃            4. ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ᠎ᠡ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠣᠭᠲᠠᠴᠠ ᠶᠢ ᠪᠦᠷᠢᠨᠰᠢᠭᠦᠯᠬᠦ ᠪᠠᠷ ᠳᠡᠮᠵᠢᠨ ᠂ ᠬᠦᠨᠳᠦ ᠨᠣᠴᠢᠲᠠᠢ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠱᠠᠲᠤᠨ ᠳᠤᠨᠢ ᠤᠰᠠᠳᠬᠠᠵᠤ᠂ ᠲᠦᠭᠰᠢᠭᠦᠷᠢ ᠶᠢ ᠭᠠᠮᠰᠢᠭ ᠪᠣᠯᠬᠤ ᠠᠴᠠ ᠡᠮᠦᠨ᠎ᠡ ᠲᠠᠰᠤᠯᠵᠤ᠂ ᠮᠥᠨ ᠴᠢᠨᠠᠷ ᠤᠨ ᠠᠶᠦᠯᠭᠦᠢ ᠶᠢᠨ ᠵᠠᠷᠴᠢᠮ ᠶᠣᠰᠣᠭᠠᠷ ᠠᠶᠦᠯᠭᠦᠢ ᠶᠢᠨ ᠵᠠᠰᠠᠯᠲᠠ ᠶᠢᠨ ᠠᠮᠢ ᠠᠬᠤᠢ ᠶᠢ ᠪᠠᠶᠢᠭᠤᠯᠤᠨ᠎ᠠ            ᠬᠤᠶᠠᠷ᠂ ᠭᠤᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ            ᠭᠤᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ ᠢ ᠰᠢᠨ᠎ᠡ ᠪᠠᠷ ᠨᠡᠮᠡᠪᠡ            ᠤᠤᠯ ᠵᠦᠢᠯ ᠵᠤᠷᠪᠤᠰ᠄ ᠦᠭᠡᠢ            ᠰᠢᠨ᠎ᠡ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠦᠢᠯᠡᠳᠪᠦᠷᠢᠯᠡᠬᠦ ᠠᠵᠢᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠤᠨᠤᠬ ᠲᠥᠬᠦᠭᠡᠷᠦᠮᠵᠢ᠂ ᠲᠥᠬᠦᠭᠡᠷᠦᠮᠵᠢ ᠶᠢ ᠬᠠᠭᠠᠵᠤ᠂ ᠡᠪᠳᠡᠵᠦ ᠪᠣᠯᠬᠤ ᠦᠭᠡᠢ᠂ ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠵᠦ᠂ ᠨᠢᠭᠤᠨ ᠳᠠᠯᠳᠠᠯᠠᠵᠤ ᠂ ᠤᠰᠠᠳᠬᠠᠵᠤ ᠪᠣᠯᠬᠤ ᠦᠭᠡᠢ᠃            ᠢᠳᠡᠭᠡᠨ ᠤᠮᠳᠠᠭᠠᠨ ᠵᠡᠷᠭᠡ ᠠᠵᠢᠯ ᠲᠦᠷᠦᠯ ᠤᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠰᠢᠲᠠᠮᠠᠬᠠᠢ ᠬᠡᠢ ᠬᠡᠷᠡᠭᠯᠡᠬᠦ ᠳᠤ ᠬᠦᠷᠪᠡᠯ᠂ ᠰᠢᠲᠠᠮᠠᠬᠠᠢ ᠬᠡᠢ ᠪᠡᠶᠡᠲᠦ ᠶᠢᠨ ᠲᠦᠭᠰᠢᠭᠦᠷᠢ ᠮᠡᠳᠡᠭᠡᠯᠡᠬᠦ ᠲᠣᠨᠣᠭᠯᠠᠯ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠬᠡᠷᠡᠭᠯᠡᠯᠲᠡ ᠶᠢ ᠪᠠᠲᠤᠯᠠᠬᠤ ᠬᠡᠷᠡᠭᠲᠡᠢ︾ ᠭᠡᠵᠦ ᠵᠠᠰᠠᠪᠠ᠃            ᠲᠠᠶᠢᠯᠤᠮᠵᠢ ᠲᠣᠳᠣᠷᠬᠠᠶᠢᠯᠠᠯᠲᠠ᠄ ᠲᠣᠰ ᠵᠦᠢᠯ ᠵᠤᠷᠪᠤᠰ ᠪᠣᠯ ᠰᠢᠨ᠎ᠡ ᠪᠠᠷ ᠨᠡᠮᠡᠭᠳᠡᠭᠰᠡᠨ ᠵᠦᠢᠯ ᠵᠤᠷᠪᠤᠰ ᠪᠣᠯᠣᠨ᠎ᠠ᠂ ᠤᠤᠯ ᠤᠨ ᠵᠦᠢᠯ ᠵᠤᠷᠪᠤᠰ ᠤᠨ ᠰᠠᠭᠤᠷᠢᠨ ᠳᠡᠭᠡᠷ᠎ᠡ ᠬᠠᠤᠯᠢ ᠶᠢ ᠵᠥᠷᠢᠴᠡᠭᠰᠡᠨ ᠵᠦᠢᠯᠡᠰ ᠢ ᠰᠢᠨ᠎ᠡ ᠪᠠᠷ ᠨᠡᠮᠡᠪᠡ᠃ ᠶᠡᠷᠦ ᠠᠴᠠ ᠮᠠᠰᠢ ᠤᠯᠠᠨ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠶᠢᠨ ᠠᠵᠢᠯ ᠨᠢ ᠬᠡᠯᠪᠡᠷᠢ ᠶᠢᠨ ᠲᠡᠳᠦᠢ ᠪᠠᠶᠢᠵᠤ᠂ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠯᠳᠠ ᠶᠢᠨ ᠲᠥᠬᠦᠭᠡᠷᠦᠮᠵᠢ ᠲᠥᠬᠦᠭᠡᠷᠦᠮᠵᠢ ᠵᠡᠷᠭᠡ ᠶᠢ ᠴᠦ ᠵᠥᠪᠬᠡᠨ ᠪᠠᠶᠢᠴᠠᠭᠠᠯᠲᠠ ᠶᠢ ᠠᠷᠭᠠᠴᠠᠬᠤ ᠳᠤ ᠬᠡᠷᠡᠭᠯᠡᠳᠡᠭ᠃ ᠲᠤᠰ ᠵᠦᠢᠯ ᠵᠤᠷᠪᠤᠰ ᠲᠤ ︽ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠦᠢᠯᠡᠳᠪᠦᠷᠢᠯᠡᠬᠦ ᠠᠵᠢᠯ ᠤᠨ ᠠᠶᠤᠯᠭᠦᠢ ᠳᠤ ᠰᠢᠭᠤᠳ ᠬᠤᠯᠪᠣᠭᠳᠠᠬᠤ ᠬᠢᠨᠠᠨ ᠡᠵᠡᠮᠳᠡᠬᠦ᠂ ᠲᠦᠭᠰᠢᠭᠦᠷᠢ ᠮᠡᠳᠡᠭᠦᠯᠬᠦ᠂ ᠰᠡᠷᠭᠡᠶᠢᠯᠡᠨ ᠬᠠᠮᠠᠭᠠᠯᠠᠬᠤ᠂ ᠠᠪᠤᠷᠠᠬᠤ ᠲᠤᠨᠤᠬ ᠲᠥᠬᠦᠭᠡᠷᠦᠮᠵᠢ᠂ ᠲᠥᠬᠦᠭᠡᠷᠦᠮᠵᠢ ᠶᠢ ᠬᠠᠭᠠᠵᠤ᠂ ᠡᠪᠳᠡᠵᠦ ᠪᠣᠯᠬᠤ ᠦᠭᠡᠢ᠂ ᠡᠰᠡᠬᠦᠯ᠎ᠡ ᠬᠤᠯᠪᠣᠭᠳᠠᠯ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠶᠢ ᠨᠢ ᠥᠭᠡᠷᠡᠲᠦᠭᠦᠯᠵᠦ᠂ ᠨᠢᠭᠤᠨ ᠳᠠᠯᠳᠠᠯᠠᠵᠤ᠂ ᠤᠰᠠᠳᠬᠠᠵᠤ ᠪᠣᠯᠬᠤ ᠦᠭᠡᠢ︾ ᠭᠡᠵᠦ ᠲᠣᠳᠣᠷᠬᠠᠢ ᠳᠤᠷᠠᠳᠤᠨ ᠭᠠᠷᠭᠠᠵᠠᠢ᠂ ᠡᠨᠡ ᠨᠢ ᠵᠠᠷᠢᠮ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠶᠢᠨ ᠠᠶᠤᠯᠭᠦᠢ ᠦᠢᠯᠡᠳᠪᠦᠷᠢᠯᠡᠬᠦ ᠠᠵᠢᠯ ᠤᠨ ᠬᠠᠮᠢᠶᠠᠷᠤᠯᠲᠠ ᠶᠢᠨ ᠠᠵᠢᠯ ᠤᠨ ᠬᠡᠯᠪᠡᠷᠢ ᠶᠢᠨ ᠲᠡᠳᠦᠢ ᠪᠠᠶᠢᠬᠤ ᠣᠳᠣᠬᠢ ᠪᠠᠶᠢᠳᠠᠯ ᠢ ᠶᠡᠬᠡᠬᠡᠨ ᠬᠡᠮᠵᠢᠶᠡᠨ᠎ᠡ ᠬᠤᠷᠢᠭᠯᠠᠭᠰᠠᠨ ᠪᠠᠶᠢᠨ᠎ᠠ᠃            ᠭᠤᠷᠪᠠ᠂ ᠵᠦᠢᠯ ᠵᠤᠷᠪᠤᠰ ᠤᠨ ᠲᠠᠶᠢᠯᠤᠮᠵᠢ — ᠳᠥᠴᠢᠨ ᠨᠢᠭᠡᠳᠦᠭᠡᠷ ᠵᠦᠢᠯ            ᠤᠤᠯ ᠤᠨ ᠳᠥᠴᠢᠨ ᠨᠢᠭᠡᠳᠦᠭᠡᠷ ᠵᠦᠢᠯ ᠢ ᠳᠥᠴᠢᠨ ᠳᠥᠷᠪᠡᠳᠦᠭᠡᠷ ᠵᠦᠢᠯ ᠪᠣᠯᠭᠠᠪᠠ            ᠤᠤᠯ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠵᠢᠯᠯᠠᠵᠤ ᠪᠠᠶᠢᠭ᠎ᠠ ᠬᠥᠮᠥᠰ ᠢᠶᠠᠨ ᠬᠥᠮᠥᠵᠢᠭᠦᠯᠦᠨ ᠰᠢᠪᠠᠳᠠᠵᠤ ᠪᠠᠶᠢᠭᠠᠳ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠬᠦ ᠠᠵᠢᠯ ᠤᠨ ᠳᠦᠷᠢᠮ ᠲᠣᠭᠲᠠᠭᠠᠯ ᠪᠠ ᠠᠶᠤᠯᠭᠦᠢ ᠠᠵᠢᠯᠯᠠᠬᠤ ᠳᠦᠷᠢᠮᠵᠢᠯ ᠢ ᠴᠢᠩᠭ᠎ᠠ ᠬᠡᠷᠡᠭᠵᠢᠭᠦᠯᠦᠭᠦᠯᠬᠦ ᠬᠡᠷᠡᠭᠲᠡᠢ᠃ ᠲᠡᠷᠡᠴᠢᠯᠡᠨ ᠠᠵᠢᠯᠯᠠᠵᠤ ᠪᠠᠶᠢᠭ᠎ᠠ ᠬᠥᠮᠥᠰ ᠲᠡᠭᠡᠨ ᠠᠵᠢᠯ ᠤᠨ ᠲᠠᠯᠠᠪᠤᠷ ᠭᠠᠵᠠᠷ ᠪᠠ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠠᠶᠤᠯᠲᠠᠢ ᠡᠯᠧᠮᠧᠨ᠋ᠲ᠂ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠦᠨᠡᠨ ᠮᠥᠨ ᠢᠶᠠᠷ ᠨᠢ ᠬᠡᠯᠡᠵᠦ ᠥᠭᠬᠦ ᠬᠡᠷᠡᠭᠲᠡᠢ᠃            ᠰᠢᠨ᠎ᠡ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠮᠡᠷᠭᠡᠵᠢᠯ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠡ᠊ᠨᠳᠡᠯ ᠤᠨ ᠲᠡᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠬᠤ ᠬᠡᠷᠡᠭᠲᠡᠢ᠃ ᠡ᠊ᠨᠳᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠬᠦ ᠶᠢᠨ ᠬᠠᠮᠲᠤ ᠠᠵᠢᠯᠲᠠᠨ ᠠᠵᠢᠯᠴᠢᠨ ᠤ ᠶᠡᠭᠡ ᠬᠤᠷᠠᠯ ᠪᠤᠶᠤ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ᠂ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠪᠤᠯᠤᠩ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠯᠠᠵᠤ ᠪᠠᠶᠢᠭ᠎ᠠ ᠬᠥᠮᠥᠰ ᠲᠤ ᠮᠡᠳᠡᠭᠳᠡᠬᠦ ᠬᠡᠷᠡᠭᠲᠡᠢ᠃ ᠡᠭᠦᠨ ᠳᠤ ᠬᠦᠨᠳᠦ ᠨᠣᠴᠢᠲᠠᠢ ᠡ᠊ᠨᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠭᠰᠠᠨ ᠪᠠᠶᠢᠳᠠᠯ ᠢᠶᠠᠨ ᠠᠶᠤᠯᠭᠦᠢ ᠦᠢᠯᠡᠳᠪᠦᠷᠢᠯᠡᠬᠦ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠪᠣᠯᠣᠨ ᠠᠵᠢᠯᠲᠠᠨ ᠠᠵᠢᠯᠴᠢᠨ ᠤ ᠶᠡᠭᠡ ᠬᠤᠷᠠᠯ ᠪᠤᠶᠤ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃            ᠲᠠᠶᠢᠯᠤᠮᠵᠢ ᠲᠣᠳᠣᠷᠬᠠᠶᠢᠯᠠᠯᠲᠠ᠄ 2021 ᠣᠨ ᠤ ᠰᠢᠨ᠎ᠡ ︽ᠠᠶᠤᠯᠭᠦᠢ ᠦᠢᠯᠡᠳᠪᠦᠷᠢᠯᠡᠬᠦ ᠠᠵᠢᠯ ᠤᠨ ᠬᠠᠤᠯᠢ︾  ᠶᠢᠨ ᠳᠥᠷᠪᠡᠳᠦᠭᠡᠷ ᠵᠦᠢᠯ ᠳᠤ ᠨᠢᠭᠡᠨᠲᠡ ︽ᠠᠶᠦᠯᠭᠦᠢ ᠶᠢᠨ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠨᠠᠷᠢᠪᠴᠢᠯᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ ᠳᠥᠴᠢᠨ ᠨᠢᠭᠡᠳᠦᠭᠡᠷ ᠵᠦᠢᠯ ᠳᠤ ᠪᠠᠰᠠ ︽ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠠ ᠨᠠᠶᠢᠳᠠᠪᠤᠷᠢᠵᠢᠭᠤᠯᠬᠤ︾ ᠱᠠᠭᠠᠷᠳᠠᠯᠭ᠎ᠠ ᠶᠢ ᠴᠢᠬᠤᠯᠠᠴᠢᠯᠠᠵᠠᠢ᠂ ᠡᠭᠦᠨ ᠠᠴᠠ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠠᠵᠢᠯ ᠤᠨ ᠪᠦᠬᠦᠶᠢᠯᠡ ᠠᠶᠤᠯᠭᠦᠢ ᠦᠢᠯᠡᠳᠪᠦᠷᠢᠯᠡᠬᠦ ᠠᠵᠢᠯ ᠤᠨ ᠠᠵᠢᠯ ᠳᠠᠬᠢ ᠴᠢᠬᠤᠯᠠ ᠴᠢᠨᠠᠷ ᠢ ᠮᠡᠳᠡᠵᠦ ᠪᠣᠯᠣᠨ᠎ᠠ᠃ ᠡᠶᠢᠮᠦ ᠠᠴᠠ ᠡᠯ᠎ᠡ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠡᠷᠬᠡᠪᠰᠢ ᠱᠠᠭᠠᠷᠳᠠᠯᠭ᠎ᠠ ᠶᠣᠰᠣᠭᠠᠷ ᠦᠢᠯᠡᠳᠪᠦᠷᠢᠯᠡᠬᠦ ᠠᠵᠢᠯ ᠤᠨ ᠠᠮᠤᠷ ᠲᠦᠪᠰᠢᠨ ᠤ ᠠᠳᠡᠯ ᠤᠨ ᠲᠡᠯᠳᠠ ᠭᠡᠮ ᠢ ᠳᠠᠷᠠᠭᠠᠯᠠᠨ ᠪᠠᠶᠢᠴᠠᠭᠠᠵᠤ ᠵᠠᠰᠠᠬᠤ ᠳᠦᠷᠢᠮ ᠢ ᠦᠨᠡᠨ ᠬᠦ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠮᠡᠷᠭᠡᠵᠢᠯ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠡ᠊ᠨᠳᠡᠯ ᠤᠨ ᠲᠡᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠬᠤ ᠬᠡᠷᠡᠭᠲᠡᠢ᠃            ᠳᠥᠷᠪᠡ᠂ ᠵᠦᠢᠯ ᠵᠤᠷᠪᠤᠰ ᠤᠨ ᠲᠠᠶᠢᠯᠤᠮᠵᠢ — ᠳᠥᠴᠢᠨ ᠳᠥᠷᠪᠡᠳᠦᠭᠡᠷ ᠵᠦᠢᠯ            ᠳᠥᠴᠢᠨ ᠨᠢᠭᠡᠳᠦᠭᠡᠷ ᠵᠦᠢᠯ ᠢ ᠳᠥᠴᠢᠨ ᠳᠥᠷᠪᠡᠳᠦᠭᠡᠷ ᠵᠦᠢᠯ ᠪᠣᠯᠭᠠᠵᠤ᠂ ᠨᠢᠭᠡ ᠪᠠᠳᠠᠭ ᠨᠡᠮᠡᠵᠦ ᠬᠤᠶᠠᠳᠤᠭᠠᠷ ᠪᠠᠳᠠᠭ ᠪᠣᠯᠭᠠᠨ᠎ᠠ            ᠤᠤᠯ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠵᠢᠯᠯᠠᠵᠤ ᠪᠠᠶᠢᠭ᠎ᠠ ᠬᠥᠮᠥᠰ ᠢᠶᠠᠨ ᠬᠥᠮᠥᠵᠢᠭᠦᠯᠦᠨ ᠰᠢᠪᠠᠳᠠᠵᠤ ᠪᠠᠶᠢᠭᠠᠳ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠬᠦ ᠠᠵᠢᠯ ᠤᠨ ᠳᠦᠷᠢᠮ ᠲᠣᠭᠲᠠᠭᠠᠯ ᠪᠠ ᠠᠶᠤᠯᠭᠦᠢ ᠠᠵᠢᠯᠯᠠᠬᠤ ᠳᠦᠷᠢᠮᠵᠢᠯ ᠢ ᠴᠢᠩᠭ᠎ᠠ ᠬᠡᠷᠡᠭᠵᠢᠭᠦᠯᠦᠭᠦᠯᠬᠦ ᠬᠡᠷᠡᠭᠲᠡᠢ᠃ ᠲᠡᠷᠡᠴᠢᠯᠡᠨ ᠠᠵᠢᠯᠯᠠᠵᠤ ᠪᠠᠶᠢᠭ᠎ᠠ ᠬᠥᠮᠥᠰ ᠲᠡᠭᠡᠨ ᠠᠵᠢᠯ ᠤᠨ ᠲᠠᠯᠠᠪᠤᠷ ᠭᠠᠵᠠᠷ ᠪᠠ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠠᠶᠤᠯᠲᠠᠢ ᠡᠯᠧᠮᠧᠨ᠋ᠲ᠂ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠦᠨᠡᠨ ᠮᠥᠨ ᠢᠶᠠᠷ ᠨᠢ ᠬᠡᠯᠡᠵᠦ ᠥᠭᠬᠦ ᠬᠡᠷᠡᠭᠲᠡᠢ᠃            ᠰᠢᠨ᠎ᠡ ᠵᠦᠢᠯ ᠵᠤᠷᠪᠤᠰ᠄ ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠵᠢᠯᠯᠠᠵᠤ ᠪᠠᠶᠢᠭ᠎ᠠ ᠬᠥᠮᠥᠰ ᠢᠶᠠᠨ ᠬᠥᠮᠥᠵᠢᠭᠦᠯᠦᠨ ᠰᠢᠪᠠᠳᠠᠵᠤ ᠪᠠᠶᠢᠭᠠᠳ ᠲᠤᠰ ᠨᠢᠭᠡᠴᠢ ᠶᠢᠨ ᠢᠶᠠᠨ ᠠᠶᠤᠯᠭᠦᠢ ᠦᠢᠯᠡᠳᠪᠦᠷᠢᠯᠡᠬᠦ ᠠᠵᠢᠯ ᠤᠨ ᠳᠦᠷᠢᠮ ᠲᠣᠭᠲᠠᠭᠠᠯ ᠪᠠ ᠠᠶᠤᠯᠭᠦᠢ ᠠᠵᠢᠯᠯᠠᠬᠤ ᠳᠦᠷᠢᠮᠵᠢᠯ ᠢ ᠴᠢᠩᠭ᠎ᠠ ᠬᠡᠷᠡᠭᠵᠢᠭᠦᠯᠦᠭᠦᠯᠬᠦ ᠬᠡᠷᠡᠭᠲᠡᠢ᠃ ᠲᠡᠷᠡᠴᠢᠯᠡᠨ ᠠᠵᠢᠯᠯᠠᠵᠤ ᠪᠠᠶᠢᠭ᠎ᠠ ᠬᠥᠮᠥᠰ ᠲᠡᠭᠡᠨ ᠠᠵᠢᠯ ᠤᠨ ᠲᠠᠯᠠᠪᠤᠷ ᠭᠠᠵᠠᠷ ᠪᠠ ᠠᠵᠢᠯ ᠤᠨ ᠪᠠᠶᠢᠷᠢ ᠳᠤ ᠣᠷᠣᠰᠢᠵᠤ ᠪᠠᠶᠢᠭ᠎ᠠ ᠠᠶᠤᠯᠲᠠᠢ ᠡᠯᠧᠮᠧᠨ᠋ᠲ᠂ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠦᠨᠡᠨ ᠮᠥᠨ ᠢᠶᠠᠷ ᠨᠢ ᠬᠡᠯᠡᠵᠦ ᠥᠭᠬᠦ ᠬᠡᠷᠡᠭᠲᠡᠢ᠃            ᠦᠢᠯᠡᠳᠪᠦᠷᠢᠯᠡᠬᠦ ᠠᠵᠢᠯ ᠡᠵᠡᠩᠨᠡᠯᠲᠡ ᠶᠢᠨ ᠨᠢᠭᠡᠴᠢ ᠨᠢ ᠠᠵᠢᠯᠯᠠᠵᠤ ᠪᠠᠶᠢᠭ᠎ᠠ ᠬᠥᠮᠥᠰ ᠤᠨ ᠪᠡᠶ᠎ᠡ ᠮᠠᠬᠠᠪᠤᠳ᠂ ᠰᠡᠳᠬᠢᠴᠡ ᠶᠢᠨ ᠪᠠᠶᠢᠳᠠᠯ ᠪᠠ ᠤᠢᠢᠯᠠ ᠠᠵᠢᠯᠯᠠᠭᠠᠨ ᠤ ᠳᠠᠳᠬᠠᠯ ᠢ ᠠᠩᠬᠠᠷᠴᠤ᠂ ᠠᠵᠢᠯᠯᠠᠵᠤ ᠪᠠᠶᠢᠭ᠎ᠠ ᠬᠥᠮᠥᠰ ᠤᠨ ᠰᠡᠳᠬᠢᠴᠡ ᠶᠢᠨ ᠲᠠᠯ᠎ᠠ ᠪᠠᠷ ᠵᠢᠭᠠᠨ ᠵᠢᠯᠤᠭᠤᠳᠬᠤ ᠠᠵᠢᠯ ᠢ ᠴᠢᠩᠭᠠᠳᠬᠠᠬᠤ ᠬᠡᠷᠡᠭᠲᠡᠢ᠃                    ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号