| | | — — ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠠᠶᠦᠯᠭᠦᠢ ᠶᠢᠨ ᠰᠠᠭᠤᠷᠢ | ᠵᠤᠷᠭᠠᠨ ᠤ ᠭᠤᠣᠯ ᠬᠠᠷᠢᠭᠤᠴᠠᠯᠭᠠᠲᠠᠨ ᠰᠢᠨ᠎ᠡ ᠬᠡᠪᠯᠡᠯ ᠤᠨ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ ᠣᠨᠴᠠ | ᠲᠥᠷᠥᠯ ᠤᠨ ᠠᠵᠢᠯ ᠬᠢᠬᠦ ᠦᠨᠡᠮᠯᠡᠯ ᠤᠨ ᠵᠠᠭᠪᠤᠷ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ | | ᠣᠶᠢᠷ᠎ᠠ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ︽ᠠᠶᠤᠯᠭᠦᠢ ᠦᠢᠯᠡᠳᠪᠦᠷᠢᠯᠡᠬᠦ | ᠠᠵᠢᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ᠂ | ᠣᠨᠴᠠ ᠲᠥᠷᠥᠯ ᠤᠨ ᠠᠵᠢᠯ ᠬᠢᠬᠦ ᠦᠨᠡᠮᠯᠡᠯ ᠤᠨ ᠬᠡᠪ ᠵᠠᠭᠪᠤᠷ ᠢ ᠰᠢᠨᠡᠳᠬᠡᠬᠦ ᠲᠤᠬᠠᠢ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠨ᠎ᠠ︶ ᠢ ᠬᠡᠪᠯᠡᠨ ᠲᠠᠷᠬᠠᠭᠠᠵᠤ᠂ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ | ᠣᠨᠴᠠ ᠲᠥᠷᠥᠯ ᠤᠨ ᠠᠵᠢᠯ ᠬᠢᠬᠦ ᠦᠨᠡᠮᠯᠡᠯ ᠤᠨ ᠬᠡᠪ ᠵᠠᠭᠪᠤᠷ ᠢ ᠰᠢᠨᠡᠳᠬᠡᠵᠦ᠂ ᠰᠢᠨ᠎ᠡ ᠬᠡᠪᠯᠡᠯ ᠤᠨ ᠦᠨᠡᠮᠯᠡᠯ ᠤᠨ | ᠬᠡᠪ ᠵᠠᠭᠪᠤᠷ ᠪᠠ ᠴᠠᠬᠢᠮ ᠦᠨᠡᠮᠯᠡᠯ ᠢ ᠡᠬᠢᠯᠡᠨ ᠬᠡᠷᠡᠭᠯᠡᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠶᠠᠮᠤᠨ ᠤ ᠠᠶᠦᠯᠭᠦᠢ ᠶᠢᠨ ᠰᠠᠭᠤᠷᠢ ᠵᠤᠷᠭᠠᠨ ᠤ ᠭᠤᠣᠯ ᠬᠠᠷᠢᠭᠤᠴᠠᠯᠭᠠᠲᠠᠨ ᠬᠤᠯᠪᠣᠭᠳᠠᠯ ᠪᠦᠬᠦᠢ ᠪᠠᠶᠢᠳᠠᠯ ᠤᠨ | ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | | ᠠᠰᠠᠭᠤᠯᠲᠠ᠄ ᠲᠣᠰ ᠤᠳᠠᠭᠠᠨ ᠤ ᠰᠢᠨᠡᠴᠢᠯᠡᠯᠲᠡ ᠶᠢᠨ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ | ᠣᠨᠴᠠ ᠲᠥᠷᠥᠯ ᠤᠨ ᠠᠵᠢᠯ ᠬᠢᠬᠦ ᠦᠨᠡᠮᠯᠡᠯ ᠤᠨ ᠶᠠᠩᠵᠤ ᠬᠡᠯᠪᠡᠷᠢ ᠶᠢᠨ ᠶᠡᠷᠦᠩᠬᠡᠢ ᠪᠣᠳᠣᠯᠬᠢᠯᠠᠯ ᠨᠢ ᠶᠠᠭᠤ | ᠪᠣᠯᠬᠤ ᠶᠢ ᠲᠠᠨᠢᠯᠴᠠᠭᠤᠯᠤᠭᠠᠳ ᠥᠭᠭᠦᠨ᠎ᠡ ᠦᠦ︖ | | ᠬᠠᠷᠢᠭᠤᠯᠲᠠ᠄ ᠠᠶᠤᠯ ᠶᠡᠬᠡᠲᠡᠢ ᠠᠵᠢᠯ ᠲᠥᠷᠥᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠪᠠ | ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠯᠭᠡ ᠪᠠ | ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠨᠡᠮᠯᠡᠯ ︵ᠠᠶᠦᠯᠭᠦᠢ ᠶᠢᠨ ᠬᠢᠷᠢ | ᠲᠡᠩᠴᠡᠭᠰᠡᠨ ᠦᠨᠡᠮᠯᠡᠯ ᠭᠡᠵᠦ ᠲᠣᠪᠴᠢᠯᠠᠨ᠎ᠠ︶᠂ ᠣᠨᠴᠠ ᠲᠥᠷᠥᠯ ᠤᠨ ᠠᠵᠢᠯ ᠤᠨ ᠠᠵᠢᠯᠯᠠᠭᠠᠨ ᠤ ᠦᠨᠡᠮᠯᠡᠯ ᠲᠠᠢ | ᠬᠥᠮᠥᠨ ᠤ ᠲᠤᠭ᠎ᠠ ᠨᠢ ᠣᠯᠠᠨ᠂ ᠬᠤᠯᠪᠣᠭᠳᠠᠬᠤ ᠬᠡᠪᠴᠢᠶ᠎ᠡ ᠨᠢ ᠥᠷᠭᠡᠨ᠃ ᠣᠳᠣᠬᠠᠨ ᠳᠤ᠂ ᠪᠦᠬᠦ ᠤᠯᠤᠰ ᠲᠤ | ᠠᠶᠤᠯᠭᠦᠢ ᠶᠢᠨ ᠬᠢᠷᠢ ᠲᠡᠩᠴᠡᠭᠰᠡᠨ ᠦᠨᠡᠮᠯᠡᠯ ᠲᠠᠢ ᠬᠥᠮᠥᠨ ᠤ ᠲᠤᠭ᠎ᠠ 150 ᠲᠦᠮᠡ ᠳᠤ ᠬᠦᠷᠴᠦ᠂ ᠣᠨᠴᠠ | ᠲᠦᠷᠦᠯ ᠤᠨ ᠠᠵᠢᠯᠯᠠᠭᠠᠨ ᠤ ᠦᠨᠡᠮᠯᠡᠯ ᠲᠠᠢ ᠬᠥᠮᠥᠨ ᠤ ᠲᠤᠭ᠎ᠠ 1350 ᠲᠦᠮᠡ ᠳᠤ ᠬᠦᠷᠴᠦ᠂ ᠬᠤᠶᠠᠷ | ᠲᠦᠷᠦᠯ ᠤᠨ ᠦᠨᠡᠮᠯᠡᠯ ᠨᠢ ᠨᠢᠭᠡᠨᠲᠡ ᠬᠤᠯᠪᠣᠭᠳᠠᠯ ᠪᠦᠬᠦᠢ ᠬᠥᠮᠥᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ | ᠬᠠᠮᠢᠶᠠᠷᠤᠯᠲᠠ ᠪᠠ ᠠᠵᠢᠯᠯᠠᠭᠠᠨ ᠤ ᠴᠢᠳᠠᠪᠤᠷᠢ ᠶᠢ ᠪᠦᠷᠢᠯᠳᠦᠭᠦᠯᠦᠭᠰᠡᠨ ᠴᠢᠬᠤᠯᠠ ᠭᠡᠷᠡᠴᠢ ᠪᠠᠷᠢᠮᠲᠠ ᠪᠠ | ᠠᠴᠢᠶᠠᠯᠠᠪᠤᠷᠢ ᠪᠣᠯᠤᠭᠰᠠᠨ ᠪᠠᠶᠢᠨ᠎ᠠ᠃ ᠦᠨᠡᠮᠯᠡᠯ ᠤᠨ ᠬᠡᠪ ᠵᠠᠭᠪᠤᠷ ᠢ ᠰᠢᠨᠡᠳᠬᠡᠬᠦ ᠨᠢ ᠭᠤᠣᠯᠳᠠᠭᠤ ᠭᠤᠷᠪᠠᠨ | ᠲᠠᠯ᠎ᠠ ᠶᠢᠨ ᠪᠣᠳᠣᠯᠬᠢᠯᠠᠯ ᠳᠤ ᠰᠠᠭᠤᠷᠢᠯᠠᠭᠰᠠᠨ ᠶᠤᠮ᠄ ᠨᠢᠭᠡ ᠳᠤ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠷᠡᠭᠴᠡᠭᠡ ᠳᠤ ᠵᠣᠬᠢᠴᠠᠭᠤᠯᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠢᠯᠠᠩᠭᠤᠶ᠎ᠠ ᠰᠢᠯᠵᠢᠮᠡᠯ | ᠢᠨᠲ᠋ᠧᠷ ᠰᠦᠯᠵᠢᠶᠡᠨ ᠤ ᠮᠡᠷᠭᠡᠵᠢᠯ ᠤᠨ ᠡᠳᠦᠷ ᠠᠴᠠ ᠡᠳᠦᠷ ᠰᠢᠨᠡᠳᠦᠨ ᠬᠥᠭᠵᠢᠬᠦ ᠶᠢ ᠳᠠᠭᠠᠯᠳᠤᠨ᠂ ᠥᠷᠭᠡᠨ ᠣᠯᠠᠨ | ᠦᠨᠡᠮᠯᠡᠯ ᠭᠠᠷᠳᠠᠭᠴᠢ᠂ ᠬᠥᠮᠥᠨ ᠬᠡᠷᠡᠭᠯᠡᠬᠦ ᠠᠵᠤ ᠠᠬᠤᠶᠢᠯᠠᠯ ᠪᠣᠯᠣᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠪᠣᠯᠣᠨ | ᠴᠢᠨᠠᠷ ᠴᠢᠨᠰᠠᠭ᠎ᠠ ᠳᠤ ᠨᠠᠩ ᠥᠨᠳᠥᠷ ᠬᠦᠰᠡᠯ ᠡᠷᠡᠮᠡᠯᠵᠡᠯ ᠲᠠᠢ ᠪᠣᠯᠵᠤ᠂ ᠢᠨᠲ᠋ᠧᠷ ᠰᠦᠯᠵᠢᠶᠡᠨ ᠳᠡᠭᠡᠷ᠎ᠡ ᠦᠨᠡᠮᠯᠡᠯ | ᠣᠯᠭᠤᠬᠤ ᠬᠠᠮᠢᠶᠠᠷᠤᠯᠲᠠ᠂ ᠪᠠᠶᠢᠴᠠᠭᠠᠨ ᠯᠠᠪᠯᠠᠬᠤ ᠵᠢᠴᠢ ᠬᠤᠯᠪᠣᠭᠳᠠᠯ ᠪᠦᠬᠦᠢ ᠦᠢᠯᠡᠴᠢᠯᠡᠭᠡ ᠶᠢ ᠲᠦᠷᠭᠡᠨ ᠪᠥᠭᠡᠳ | ᠳᠥᠭᠦᠮ ᠳᠥᠲᠡ ᠭᠥᠷᠳᠡᠬᠦ ᠬᠡᠷᠡᠭᠴᠡᠭᠡ ᠨᠠᠩ ᠲᠤᠯᠭᠠᠮ᠎ᠠ ᠪᠣᠯᠵᠤ ᠪᠠᠶᠢᠨ᠎ᠠ᠃ ᠬᠤᠶᠠᠷ ᠲᠤ ᠲᠠᠯᠪᠢᠬᠤ ᠬᠠᠮᠢᠶᠠᠷᠬᠤ | ᠦᠢᠯᠡᠴᠢᠯᠡᠬᠦ ᠥᠭᠡᠷᠡᠴᠢᠯᠡᠯᠲᠡ ᠳᠤ ᠵᠣᠬᠢᠴᠠᠭᠤᠯᠵᠤ᠂ ᠥᠨᠳᠥᠷ ᠪᠦᠲᠦᠮᠵᠢᠲᠡᠶ ᠪᠠᠷ ᠠᠷᠠᠳ ᠲᠤ ᠲᠦᠬᠦᠮ ᠦᠵᠡᠭᠦᠯᠬᠦ | ᠬᠡᠷᠡᠭᠴᠡᠭᠡ ᠶᠢ ᠲᠦᠯᠬᠢᠨ ᠠᠬᠢᠭᠤᠯᠤᠨ᠎ᠠ᠃ ᠬᠠᠭᠤᠴᠢᠨ ᠬᠡᠪᠯᠡᠯ ᠤᠨ ᠦᠨᠡᠮᠯᠡᠯ ᠨᠢ ᠪᠣᠳᠠᠲᠤ ᠴᠣᠭᠴᠠ ᠶᠢᠨ | ᠦᠨᠡᠮᠯᠡᠯ ᠳᠤ ᠬᠦᠨᠳᠦ ᠨᠣᠴᠢᠲᠠᠢ ᠲᠦᠰᠢᠭᠯᠡᠵᠦ᠂ ᠬᠡᠷᠡᠭᠯᠡᠭᠰᠡᠨ IC ᠺᠠᠷᠲ ᠤᠨ ᠬᠠᠭᠤᠷᠮᠠᠭ ᠢ ᠰᠡᠷᠭᠡᠶᠢᠯᠡᠬᠦ | ᠮᠡᠷᠭᠡᠵᠢᠯ ᠤᠨ ᠬᠥᠯᠥᠰᠦ ᠥᠷᠲᠡᠭ ᠤᠨ ᠵᠠᠷᠤᠳᠠᠯ ᠨᠢ ᠥᠨᠳᠥᠷ᠂ ᠦᠢᠯᠡᠳᠬᠦ ᠦᠶᠡᠯᠡᠯ ᠤᠨ ᠬᠤᠭᠤᠴᠠᠭ᠎ᠠ ᠨᠢ ᠣᠷᠳᠣ | ᠂ ᠮᠤᠵᠢ ᠠᠯᠤᠰᠯᠠᠨ ᠪᠠᠭᠲᠠᠭᠠᠬᠤ ᠳᠤ ᠬᠦᠴᠢᠷ ᠮᠥᠷᠲᠡᠭᠡᠨ ᠪᠠᠶᠢᠴᠠᠭᠠᠨ ᠯᠠᠪᠯᠠᠵᠤ ᠬᠢᠨᠠᠨ ᠬᠠᠷᠭᠤᠭᠤᠯᠬᠤ ᠳᠤ ᠳᠥᠭᠦᠮ | ᠦᠭᠡᠢ᠂ ᠡᠪᠳᠡᠷᠡᠵᠦ ᠰᠦᠢᠳᠦᠭᠰᠡᠨ ᠪᠤᠶᠤ ᠭᠡᠭᠡᠭᠰᠡᠨ ᠤ ᠳᠠᠷᠠᠭ᠎ᠠ ᠨᠥᠬᠦᠵᠦ ᠭᠦᠢᠴᠡᠳᠬᠡᠬᠦ ᠳᠤ ᠪᠤᠳᠤᠯᠢᠶᠠᠨᠲᠠᠢ | ᠪᠠᠶᠢᠳᠠᠭ᠃ ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠭᠰᠠᠨ ᠤᠷᠢᠲᠠᠯ ᠳᠣᠣᠷ᠎ᠠ᠂ ᠥᠷᠭᠡᠨ ᠣᠯᠠᠨ ᠠᠵᠤ ᠠᠬᠤᠶᠢᠯᠠᠯ ᠪᠠ ᠦᠨᠡᠮᠯᠡᠯ ᠠᠪᠴᠤ | ᠪᠠᠶᠢᠭ᠎ᠠ ᠬᠥᠮᠥᠰ ᠲᠤ ᠨᠠᠩ ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠢ᠃ | ᠭᠤᠷᠪᠠ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠎ᠠ᠃ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠢ ᠪᠠᠶᠢᠭᠤᠯᠤᠭᠰᠠᠨ ᠤ ᠳᠠᠷᠠᠭ᠎ᠠ᠂ ᠠᠶᠦᠯᠭᠦᠢ ᠶᠢᠨ ᠬᠢᠷᠢ | ᠲᠡᠩᠴᠡᠭᠰᠡᠨ ᠦᠨᠡᠮᠯᠡᠯ ᠪᠠ ᠣᠨᠴᠠ ᠲᠥᠷᠥᠯ ᠤᠨ ᠠᠵᠢᠯ ᠤᠨ ᠠᠵᠢᠯᠯᠠᠭᠠᠨ ᠤ ᠦᠨᠡᠮᠯᠡᠯ ᠳᠤ ᠲᠡᠮᠳᠡᠭᠯᠡᠭᠰᠡᠨ | ᠤᠤᠯ ᠤᠨ ᠠᠶᠦᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠲᠡᠮᠳᠡᠭ | ᠪᠠ ᠨᠡᠷᠡᠶᠢᠳᠦᠯ ᠨᠢ ᠨᠢᠭᠡᠨᠲᠡ ᠥᠭᠡᠷᠡᠴᠢᠯᠡᠯᠲᠡ ᠶᠢᠨ ᠬᠡᠷᠡᠭᠴᠡᠭᠡ ᠳᠤ ᠲᠣᠬᠢᠷᠠᠬᠤ ᠦᠭᠡᠢ ᠪᠣᠯᠤᠭᠰᠠᠨ ᠪᠥᠭᠡᠳ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢᠨ ᠰᠢᠯᠢᠳᠡᠭᠵᠢᠬᠦ ᠶᠢ ᠳᠠᠭᠠᠯᠳᠤᠨ᠂ ᠦᠨᠡᠮᠯᠡᠯ ᠤᠨ | ᠵᠠᠭᠪᠤᠷ ᠪᠠ ᠬᠠᠮᠢᠶ᠎ᠠ ᠪᠦᠬᠦᠢ ᠠᠭᠤᠯᠭ᠎ᠠ ᠳᠤ ᠴᠢᠬᠤᠯᠠ ᠪᠦᠬᠦᠢ ᠲᠣᠬᠢᠷᠠᠭᠤᠯᠤᠯᠲᠠ ᠬᠢᠬᠦ ᠴᠢᠬᠤᠯᠠᠲᠠᠢ ᠪᠣᠯᠵᠠᠢ᠃ | ᠡᠭᠦᠨ ᠤ ᠲᠤᠯᠠᠳᠠ᠂ ᠪᠢᠳᠡ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ ᠣᠨᠴᠠ ᠲᠥᠷᠥᠯ ᠤᠨ ᠠᠵᠢᠯ ᠤᠨ | ᠠᠵᠢᠯᠯᠠᠭᠠᠨ ᠤ ᠦᠨᠡᠮᠯᠡᠯ ᠤᠨ ᠵᠠᠭᠪᠤᠷ ᠢ ᠰᠢᠨ᠎ᠡ ᠪᠠᠷ ᠲᠥᠯᠥᠪᠯᠡᠵᠦ᠂ ᠪᠣᠳᠠᠲᠤ ᠴᠣᠭᠴᠠ ᠶᠢᠨ ᠦᠨᠡᠮᠯᠡᠯ ᠢ ᠭᠠᠷ | ᠤᠲᠠᠰᠤ᠂ ᠢᠨᠲ᠋ᠧᠷ ᠰᠦᠯᠵᠢᠶ᠎ᠡ ᠲᠠᠢ ᠤᠶᠠᠯᠳᠤᠭᠤᠯᠤᠨ ᠬᠡᠷᠡᠭᠯᠡᠵᠦ ᠪᠣᠯᠬᠤ ᠴᠠᠬᠢᠮ ᠦᠨᠡᠮᠯᠡᠯ ᠪᠣᠯᠭᠠᠨ | ᠬᠤᠪᠢᠷᠠᠭᠤᠯᠪᠠᠯ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠬᠠᠮᠢᠶᠠᠷᠤᠯᠲᠠ᠂ ᠵᠠᠰᠠᠭ ᠤᠨ ᠣᠷᠳᠣᠨ ᠤ ᠬᠢᠨᠠᠯᠲᠠ | ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠂ ᠦᠨᠡᠮᠯᠡᠯ ᠭᠠᠷᠳᠠᠭᠴᠢ ᠶᠢᠨ ᠰᠢᠯᠵᠢᠵᠦ ᠠᠵᠢᠯ ᠣᠯᠬᠤ ᠳᠤ ᠲᠤᠶᠢᠯ ᠤᠨ | ᠶᠡᠭᠡ ᠲᠥᠬᠦᠮ ᠦᠵᠡᠭᠦᠯᠬᠦ ᠪᠣᠯᠣᠨ᠎ᠠ᠃ | | ᠠᠰᠠᠭᠤᠯᠲᠠ᠄ ᠰᠢᠨ᠎ᠡ ᠬᠡᠪᠯᠡᠯ ᠤᠨ ᠦᠨᠡᠮᠯᠡᠯ ᠤᠨ ᠶᠠᠩᠵᠤ ᠬᠡᠯᠪᠡᠷᠢ ᠨᠢ ᠶᠠᠮᠠᠷ ᠢᠯᠡᠷᠬᠡᠢ ᠬᠤᠪᠢᠷᠠᠯᠲᠠ ᠲᠠᠢ | ᠪᠣᠶ︖ | | ᠬᠠᠷᠢᠭᠤᠯᠲᠠ᠄ ᠨᠢᠭᠡ ᠳᠤ᠂ ᠨᠣᠭᠤᠭᠠᠨ ᠥᠩᠭᠡ ᠪᠠ ᠬᠥᠬᠡ ᠥᠩᠭᠡ ᠵᠡᠷᠭᠡ ᠠᠶᠦᠯᠭᠦᠢ ᠶᠢᠨ ᠥᠩᠭᠡ ᠶᠢᠨ | ᠲᠤᠰᠠᠯᠠᠮᠵᠢ ᠶᠢ ᠬᠡᠷᠡᠭᠯᠡᠨ ᠬᠤᠶᠠᠷ ᠲᠥᠷᠥᠯ ᠤᠨ ᠦᠨᠡᠮᠯᠡᠯ ᠤᠨ ᠣᠨᠴᠠᠯᠢᠭ ᠢ ᠢᠯᠡᠷᠡᠭᠦᠯᠵᠦ᠂ ᠠᠶᠦᠯᠭᠦᠢ ᠶᠢᠨ ᠬᠢᠷᠢ | ᠲᠡᠩᠴᠡᠭᠰᠡᠨ ᠦᠨᠡᠮᠯᠡᠯ ᠢ ᠬᠡᠷᠡᠭᠯᠡᠬᠦ ᠨᠢ ᠠᠭᠠᠵᠢᠮ ᠢᠶᠠᠷ ᠨᠣᠭᠤᠭᠠᠨ ᠥᠩᠭᠡ ᠲᠠᠢ ᠪᠣᠯᠵᠤ᠂ ᠣᠨᠴᠠ ᠲᠥᠷᠥᠯ ᠤᠨ | ᠠᠵᠢᠯᠯᠠᠭᠠᠨ ᠤ ᠦᠨᠡᠮᠯᠡᠯ ᠢ ᠬᠡᠷᠡᠭᠯᠡᠬᠦ ᠨᠢ ᠠᠭᠠᠵᠢᠮ ᠢᠶᠠᠷ ᠬᠥᠬᠡ ᠥᠩᠭᠡ ᠲᠠᠢ ᠪᠣᠯᠵᠤ ᠬᠤᠪᠢᠷᠠᠨ᠎ᠠ᠃ ᠬᠤᠶᠠᠷ ᠲᠤ᠂ | ᠠᠳᠠᠯᠢ ᠪᠤᠰᠤ ᠭᠧᠣᠮᠧᠲᠷᠢ ᠶᠢᠨ ᠵᠢᠷᠤᠭ ᠳᠦᠷᠰᠦ ᠶᠢᠨ ᠢᠷᠤᠭᠠᠷ ᠤᠨ ᠵᠢᠷᠤᠭᠠᠰᠤ ᠪᠠᠷ ᠦᠨᠡᠮᠯᠡᠯ ᠭᠠᠷᠳᠠᠭᠴᠢ ᠶᠢᠨ | ᠠᠵᠢᠯ ᠤᠨ ᠪᠠᠶᠢᠷᠢ ᠶᠢᠨ ᠣᠨᠴᠠᠯᠢᠭ ᠢ ᠢᠯᠡᠷᠡᠭᠦᠯᠵᠦ᠂ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠢ ᠲᠣᠭᠤᠷᠢᠭ | ᠬᠡᠯᠪᠡᠷᠢ ᠲᠠᠢ᠂ ᠤᠷᠳᠤ ᠳᠥᠷᠪᠡᠯᠵᠢᠨ ᠢᠶᠠᠷ ᠢᠷᠤᠭᠠᠷ ᠤᠨ ᠵᠢᠷᠤᠭᠠᠰᠤ ᠪᠣᠯᠭᠠᠵᠤ᠂ ᠣᠨᠴᠠ ᠲᠦᠷᠦᠯ ᠤᠨ ᠠᠵᠢᠯ ᠬᠢᠬᠦ | ᠦᠨᠡᠮᠯᠡᠯ ᠢ ᠭᠤᠷᠪᠠᠯᠵᠢᠨ ᠢᠶᠠᠷ ᠢᠷᠤᠭᠠᠷ ᠤᠨ ᠵᠢᠷᠤᠭᠠᠰᠤ ᠪᠣᠯᠭᠠᠨ᠎ᠠ᠃ ᠭᠤᠷᠪᠠ ᠳᠤ ᠦᠨᠡᠮᠯᠡᠯ ᠤᠨ ᠨᠢᠭᠤᠷ ᠲᠠᠯ᠎ᠠ ᠳᠤ | ᠴᠥᠮ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠠᠩᠭ᠍ᠯᠢ ᠨᠡᠷ᠎ᠡ ᠶᠢᠨ ᠲᠣᠪᠴᠢᠯᠠᠭᠰᠠᠨ ᠪᠢᠴᠢᠯᠭᠡ | ︽MEM︾ ︵Ministry of Emergency Management︶ ᠶᠢᠨ ᠵᠢᠷᠤᠭ ᠢ ᠳᠠᠷᠤᠮᠠᠯᠯᠠᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠦᠨᠡᠮᠯᠡᠯ ᠤᠨ ᠵᠠᠭᠪᠤᠷ ᠢ ᠨᠢᠭᠡᠳᠦᠯᠲᠡᠢ | ᠬᠠᠮᠢᠶᠠᠷᠬᠤ ᠶᠢ ᠴᠢᠬᠤᠯᠠᠴᠢᠯᠠᠪᠠ᠃ ᠳᠥᠷᠪᠡ ᠳᠤ᠂ ᠦᠨᠡᠮᠯᠡᠯ ᠤᠨ ᠠᠷᠤ ᠲᠠᠯ᠎ᠠ ᠳᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶ᠎ᠡ ︽www.mem.gov.cn︾ ᠢ | ᠨᠢᠭᠡᠳᠦᠯᠲᠡᠢ ᠳᠠᠷᠤᠮᠠᠯᠯᠠᠵᠤ᠂ ᠦᠨᠡᠮᠯᠡᠯ ᠢ ᠪᠥᠬᠦ ᠤᠯᠤᠰ ᠲᠤ ᠨᠢᠭᠡᠳᠦᠯᠲᠡᠢ ᠪᠠᠶᠢᠴᠠᠭᠠᠨ ᠯᠠᠪᠯᠠᠬᠤ ᠵᠢᠴᠢ ᠠᠷᠭ᠎ᠠ | ᠵᠠᠮ ᠢ ᠴᠢᠬᠤᠯᠠᠴᠢᠯᠠᠵᠤ᠂ ᠦᠨᠡᠮᠯᠡᠯ ᠠᠪᠴᠤ ᠪᠠᠶᠢᠭ᠎ᠠ ᠬᠥᠮᠥᠨ ᠪᠤᠶᠤ ᠬᠥᠮᠥᠨ ᠬᠡᠷᠡᠭᠯᠡᠬᠦ ᠨᠢᠭᠡᠴᠢ ᠶᠢᠨ ᠦᠨᠡᠮᠯᠡᠯ ᠤᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠦᠨ᠎ᠡ᠃ ᠲᠠᠪᠤ ᠳᠤ ᠴᠠᠬᠢᠮ ᠭᠠᠷ ᠤᠨ ᠦᠰᠦᠭ | ᠲᠠᠮᠠᠭ᠎ᠠ ᠶᠢ ᠬᠦᠴᠦᠨ ᠦᠭᠡᠢ ᠪᠣᠯᠭᠠᠵᠤ᠂ ︽ᠭᠠᠷ ᠤᠨ ᠦᠰᠦᠭ ᠵᠢᠷᠤᠵᠤ ᠶᠠᠪᠤᠭᠤᠯᠬᠤ ᠪᠠᠶᠢᠭᠤᠯᠭ᠎ᠠ︾ ᠶᠢ ᠨᠡᠮᠡᠪᠡ | ᠃ ᠵᠢᠷᠭᠤᠭ᠎ᠠ ᠳᠤ᠂ ᠦᠨᠡᠮᠯᠡᠯ ᠤᠨ ᠨᠢᠭᠤᠷ ᠲᠠᠯ᠎ᠠ ᠳᠤ ᠭᠠᠷ ᠤᠲᠠᠰᠤ ᠪᠠᠷ ᠦᠨᠡᠮᠯᠡᠯ ᠤᠨ ᠮᠡᠳᠡᠭᠡ ᠵᠠᠩᠭᠢ ᠶᠢ | ᠰᠢᠷᠪᠢᠵᠦ ᠪᠠᠶᠢᠴᠠᠭᠠᠨ ᠯᠠᠪᠯᠠᠵᠤ ᠪᠣᠯᠬᠤ ᠬᠤᠶᠠᠷ ᠬᠡᠮᠵᠢᠯᠲᠦ ᠺᠣᠳ᠋ ᠢ ᠨᠡᠮᠡᠵᠦ᠂ ᠠᠯᠪᠠᠨ ᠤ ᠸᠢᠴᠠᠲ ᠤᠨ ᠴᠠᠬᠢᠮ | ᠲᠠᠪᠴᠠᠩ ᠤᠨ ᠰᠢᠷᠪᠢᠯᠲᠡ ᠪᠠᠷ ᠳᠠᠮᠵᠢᠭᠤᠯᠤᠨ ᠦᠨᠡᠨ ᠬᠤᠳᠠᠯ ᠢ ᠲᠦᠷᠭᠡᠨ ᠪᠠᠶᠢᠴᠠᠭᠠᠨ ᠯᠠᠪᠯᠠᠬᠤ ᠪᠠ ᠢᠯᠭᠠᠨ | ᠲᠠᠨᠢᠵᠤ ᠪᠣᠯᠣᠨ᠎ᠠ᠃ ᠡᠭᠦᠨ ᠠᠴᠠ ᠭᠠᠳᠠᠨ᠎ᠠ᠂ ᠦᠨᠡᠮᠯᠡᠯ ᠳᠤ ᠲᠡᠮᠳᠡᠭᠯᠡᠭᠰᠡᠨ ᠮᠡᠳᠡᠭᠡ ᠵᠠᠩᠭᠢ ᠶᠢᠨ ᠵᠦᠢᠯᠡᠰ ᠲᠤ | ᠪᠠᠰᠠ ᠪᠢᠴᠢᠯ ᠲᠣᠬᠢᠷᠠᠭᠤᠯᠤᠯᠲᠠ ᠬᠢᠵᠡᠢ᠃ | | ᠠᠰᠠᠭᠤᠯᠲᠠ᠄ ᠴᠠᠬᠢᠮ ᠦᠨᠡᠮᠯᠡᠯ ᠢ ᠲᠥᠬᠦᠮ ᠢᠶᠠᠷ ᠲᠠᠨᠢᠯᠴᠠᠭᠤᠯᠤᠶ᠎ᠠ᠂ ᠲᠡᠷᠡ ᠨᠢ ᠪᠣᠳᠠᠲᠤ ᠴᠣᠭᠴᠠ ᠶᠢᠨ | ᠦᠨᠡᠮᠯᠡᠯ ᠲᠠᠢ ᠶᠠᠮᠠᠷ ᠬᠠᠷᠢᠴᠠᠭ᠎ᠠ ᠲᠠᠢ ᠪᠤᠢ︖ | | ᠬᠠᠷᠢᠭᠤᠯᠲᠠ᠄ ᠲᠣᠰ ᠤᠳᠠᠭᠠᠨ ᠤ ᠬᠡᠪ ᠵᠠᠭᠪᠤᠷ ᠤᠨ ᠰᠢᠨᠡᠴᠢᠯᠡᠯᠲᠡ ᠶᠢᠨ ᠬᠠᠮᠤᠭ ᠤᠨ ᠶᠡᠭᠡ ᠬᠤᠪᠢᠷᠠᠯᠲᠠ | ᠪᠣᠯ ᠴᠠᠬᠢᠮ ᠦᠨᠡᠮᠯᠡᠯ ᠢ ᠬᠡᠷᠡᠭᠵᠢᠭᠦᠯᠬᠦ ᠶᠠᠪᠤᠳᠠᠯ ᠪᠣᠯᠣᠨ᠎ᠠ᠂ ᠴᠠᠬᠢᠮ ᠦᠨᠡᠮᠯᠡᠯ ᠢ ᠪᠥᠬᠦ ᠤᠯᠤᠰ ᠤᠨ ᠨᠢᠭᠡᠳᠦᠯᠲᠡᠢ | ᠪᠠᠷᠢᠮᠵᠢᠶ᠎ᠠ ᠶᠢ ᠵᠢᠷᠤᠮᠯᠠᠨ᠂ ᠪᠥᠬᠦ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠪᠣᠯᠪᠠᠰᠤᠷᠠᠭᠤᠯᠤᠯ | ᠰᠢᠯᠭᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠠᠴᠠ ᠨᠢᠭᠡᠳᠦᠯᠲᠡᠢ ᠭᠠᠷ ᠤᠨ ᠥᠰᠥᠭ ᠵᠢᠷᠤᠵᠤ | ᠂ ᠨᠢᠭᠡᠳᠦᠯᠲᠡᠢ ᠬᠠᠮᠢᠶᠠᠷᠴᠤ᠂ ᠨᠢᠭᠡᠳᠦᠯᠲᠡᠢ ᠰᠢᠯᠭᠠᠨ ᠨᠤᠲᠠᠯᠠᠵᠤ᠂ ᠪᠣᠳᠠᠲᠤ ᠴᠣᠭᠴᠠ ᠶᠢᠨ ᠦᠨᠡᠮᠯᠡᠯ ᠲᠠᠢ ᠨᠢᠭᠡ | ᠨᠢᠭᠡ ᠪᠠᠷ ᠬᠠᠷᠠᠭᠠᠯᠵᠠᠵᠤ᠂ ᠪᠠᠶᠢᠳᠠᠯ ᠨᠢ ᠠᠳᠠᠯᠢ᠂ ᠴᠢᠳᠠᠮᠵᠢ ᠨᠢ ᠬᠠᠷᠢᠯᠴᠠᠨ ᠨᠡᠪᠲᠡᠷᠡᠯᠴᠡᠨ᠎ᠡ᠃ ᠬᠤᠶᠢᠰᠢᠳᠠ᠂ | ᠦᠨᠡᠮᠯᠡᠯ ᠠᠪᠴᠤ ᠪᠠᠶᠢᠭ᠎ᠠ ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠳᠤ PVC ᠺᠠᠷᠲ ᠤᠨ ᠪᠣᠳᠠᠲᠤ | ᠴᠣᠭᠴᠠ ᠶᠢᠨ ᠦᠨᠡᠮᠯᠡᠯ᠂ ᠴᠠᠬᠢᠮ ᠦᠨᠡᠮᠯᠡᠯ ᠪᠠ ᠴᠠᠭᠠᠰᠤᠨ ᠳᠠᠷᠤᠮᠠᠯᠯᠠᠯ ᠤᠨ ᠦᠨᠡᠮᠯᠡᠯ ᠪᠠᠭᠲᠠᠨ᠎ᠠ᠂ PVC | ᠺᠠᠷᠲ ᠤᠨ ᠪᠣᠳᠠᠲᠤ ᠴᠣᠭᠴᠠ ᠶᠢᠨ ᠦᠨᠡᠮᠯᠡᠯ ᠢ ᠭᠤᠶᠤᠴᠢᠯᠠᠭᠴᠢ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ | ᠣᠯᠭᠤᠨ᠎ᠠ᠂ ᠴᠠᠬᠢᠮ ᠦᠨᠡᠮᠯᠡᠯ ᠪᠣᠯ ᠪᠣᠳᠠᠲᠤ ᠴᠣᠭᠴᠠ ᠶᠢᠨ ᠦᠨᠡᠮᠯᠡᠯ ᠤᠨ ᠴᠠᠬᠢᠮ ᠢᠶᠠᠷ ᠬᠡᠯᠪᠡᠷᠢ ᠮᠥᠨ᠂ ᠪᠣᠳᠠᠲᠤ | ᠴᠣᠭᠴᠠ ᠶᠢᠨ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠶᠤᠮ᠃ ᠦᠨᠡᠮᠯᠡᠯ ᠠᠪᠴᠤ ᠪᠠᠶᠢᠭ᠎ᠠ | ᠬᠥᠮᠥᠨ ᠤ ᠦᠨᠡᠮᠯᠡᠯ ᠢᠶᠠᠨ ᠭᠡᠭᠡᠬᠦ ᠪᠤᠶᠤ ᠡᠪᠳᠡᠷᠡᠵᠦ ᠰᠦᠢᠳᠦᠭᠰᠡᠨ ᠪᠠᠶᠢᠪᠠᠯ᠂ ᠦᠨᠡᠮᠯᠡᠯ ᠣᠯᠭᠤᠭᠰᠠᠨ | ᠪᠠᠶᠢᠭᠤᠯᠭ᠎ᠠ ᠳᠤ ᠣᠴᠢᠵᠤ ᠪᠣᠳᠠᠲᠤ ᠴᠣᠭᠴᠠ ᠶᠢᠨ ᠦᠨᠡᠮᠯᠡᠯ ᠢ ᠨᠥᠬᠦᠨ ᠣᠯᠭᠤᠬᠤ ᠬᠡᠷᠡᠭ ᠦᠭᠡᠢ᠂ ᠺᠣᠮᠫᠢᠦ᠋ᠲ᠋ᠧᠷ᠂ | ᠭᠠᠷ ᠤᠲᠠᠰᠤᠨ ᠳᠡᠭᠡᠷ᠎ᠡ ᠬᠠᠳᠠᠭᠠᠯᠠᠭᠰᠠᠨ ᠴᠠᠬᠢᠮ ᠦᠨᠡᠮᠯᠡᠯ ᠢ ᠰᠢᠭᠤᠳ ᠬᠡᠷᠡᠭᠯᠡᠬᠦ ᠪᠤᠶᠤ ᠳᠠᠷᠤᠮᠠᠯᠯᠠᠭᠰᠠᠨ ᠴᠠᠭᠠᠰᠤᠨ | ᠦᠨᠡᠮᠯᠡᠯ ᠢ ᠪᠠᠭᠤᠯᠭᠠᠨ ᠠᠪᠴᠤ ᠭᠡᠷᠡᠴᠢ ᠪᠠᠷᠢᠮᠲᠠ ᠪᠣᠯᠭᠠᠵᠤ ᠪᠣᠯᠣᠨ᠎ᠠ᠃ | | ᠠᠰᠠᠭᠤᠯᠲᠠ᠄ ᠰᠢᠨ᠎ᠡ ᠬᠡᠪᠯᠡᠯ ᠤᠨ ᠴᠠᠬᠢᠮ ᠦᠨᠡᠮᠯᠡᠯ ᠢ ᠬᠡᠷᠬᠢᠨ ᠣᠯᠬᠤ ᠳᠤ ᠶᠠᠮᠠᠷ ᠶᠠᠮᠠᠷ ᠠᠷᠭ᠎ᠠ ᠵᠠᠮ | ᠪᠠᠶᠢᠬᠤ ᠪᠤᠢ︖ | | ᠬᠠᠷᠢᠭᠤᠯᠲᠠ᠄ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠡᠷᠡᠭᠴᠡᠭᠡ ᠶᠢ ᠪᠣᠳᠣᠯᠬᠢᠯᠠᠭᠠᠳ᠂ | ᠣᠳᠣᠬᠠᠨ ᠳᠤ ᠵᠥᠪᠬᠡᠨ ᠦᠨᠡᠮᠯᠡᠯ ᠭᠠᠷᠳᠠᠭᠴᠢ ᠶᠢ ᠬᠥᠮᠥᠨ ᠤ ᠵᠢᠰᠦ ᠶᠢ ᠢᠯᠭᠠᠨ ᠲᠠᠨᠢᠬᠤ ᠪᠡᠶ᠎ᠡ ᠶᠢᠨ ᠬᠢᠷᠢ ᠬᠡᠮ ᠤᠨ | ᠭᠡᠷᠡᠴᠢᠯᠡᠯ ᠢ ᠥᠩᠭᠡᠷᠡᠭᠦᠯᠦᠭᠰᠡᠨ ᠤ ᠳᠠᠷᠠᠭ᠎ᠠ ᠰᠠᠶ᠋ᠢ ᠲᠣᠰ ᠬᠥᠮᠥᠨ ᠤ ᠴᠠᠬᠢᠮ ᠦᠨᠡᠮᠯᠡᠯ ᠢ ᠪᠠᠶᠢᠴᠠᠭᠠᠨ ᠦᠵᠡᠬᠦ ᠪᠤᠶᠤ | ᠪᠠᠭᠤᠯᠭᠠᠨ ᠠᠪᠴᠤ ᠪᠣᠯᠣᠨ᠎ᠠ᠃ ᠪᠣᠳᠠᠲᠠᠢ ᠬᠤᠶᠠᠷ ᠠᠷᠭ᠎ᠠ ᠵᠠᠮ ᠪᠣᠶ᠄ ᠨᠢᠭᠡ ᠳᠤ᠂ ᠦᠨᠡᠮᠯᠡᠯ ᠠᠪᠴᠤ ᠪᠠᠶᠢᠭ᠎ᠠ | ᠬᠥᠮᠥᠨ ᠭᠠᠷ ᠤᠲᠠᠰᠤ ᠪᠠᠷ ᠢᠶᠠᠨ ᠠᠯᠪᠠᠨ ᠤ ᠸᠢᠴᠠᠲ ᠤᠨ ᠴᠠᠬᠢᠮ ᠲᠠᠪᠴᠠᠩ ︵ᠤᠯᠤᠰ ᠤᠨ ᠠᠶᠤᠯᠭᠦᠢ | ᠦᠢᠯᠡᠳᠪᠦᠷᠢᠯᠡᠬᠦ ᠠᠵᠢᠯ ᠤᠨ ᠰᠢᠯᠭᠠᠯᠲᠠ︶ ᠢ ᠠᠩᠬᠠᠷᠴᠤ᠂ ᠱᠠᠭᠠᠷᠳᠠᠯᠭ᠎ᠠ ᠶᠣᠰᠣᠭᠠᠷ ᠪᠦᠷᠢᠳᠬᠡᠭᠦᠯᠬᠦ ᠶᠢᠨ ᠬᠠᠮᠲᠤ | ᠪᠡᠶ᠎ᠡ ᠶᠢᠨ ᠭᠠᠷᠤᠯ ᠤᠨ ᠭᠡᠷᠡᠴᠢᠯᠡᠯ ᠬᠢᠭᠰᠡᠨ ᠤ ᠳᠠᠷᠠᠭ᠎ᠠ᠂ ︽ᠮᠢᠨᠤ ᠦᠨᠡᠮᠯᠡᠯ︾ ᠤᠨ ᠴᠢᠳᠠᠮᠵᠢ ᠪᠠᠷ ᠴᠠᠬᠢᠮ | ᠦᠨᠡᠮᠯᠡᠯ ᠣᠯᠣᠨ᠎ᠠ᠃ ᠬᠤᠶᠠᠷ ᠲᠤ᠂ ᠦᠨᠡᠮᠯᠡᠯ ᠠᠪᠴᠤ ᠪᠠᠶᠢᠭ᠎ᠠ ᠬᠥᠮᠥᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶ᠎ᠡ ︵http᠄ //www.mem.gov.cn︶ | ᠳᠤ ᠭᠠᠷᠴᠤ᠂ ︽ᠪᠠᠶᠢᠴᠠᠭᠠᠨ ᠯᠠᠪᠯᠠᠬᠤ ᠦᠢᠯᠡᠴᠢᠯᠡᠭᠡ︾ ᠶᠢᠨ ᠪᠤᠯᠤᠩ ᠠᠴᠠ ︽ᠣᠨᠴᠠ ᠲᠥᠷᠥᠯ ᠤᠨ ᠠᠵᠢᠯ | ᠬᠢᠬᠦ ᠦᠨᠡᠮᠯᠡᠯ ᠵᠢᠴᠢ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ | ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠰᠢᠰᠲ᠋ᠧᠮ ᠳᠤ ᠣᠷᠣᠵᠤ᠂ | ᠳᠠᠩᠰᠠᠯᠠᠭᠤᠯᠤᠭᠰᠠᠨ ᠪᠥᠭᠡᠳ ᠭᠡᠷᠡᠴᠢᠯᠡᠵᠦ ᠥᠩᠭᠡᠷᠡᠭᠰᠡᠨ ᠭᠠᠷ ᠤᠲᠠᠰᠤᠨ ᠤ ᠨᠣᠮᠧᠷ ᠢᠶᠠᠷ ᠬᠠᠭᠤᠷᠠᠢ ᠳᠤ ᠭᠠᠷᠬᠤ | ᠰᠢᠰᠲ᠋ᠧᠮ ᠢ ᠬᠡᠷᠡᠭᠯᠡᠭᠰᠡᠨ ᠤ ᠳᠠᠷᠠᠭ᠎ᠠ᠂ ᠴᠠᠬᠢᠮ ᠦᠨᠡᠮᠯᠡᠯ ᠢ ᠪᠠᠭᠤᠯᠭᠠᠨ ᠠᠪᠴᠤ ᠳᠠᠷᠤᠮᠠᠯᠯᠠᠭᠰᠠᠨ ᠴᠤ ᠪᠣᠯᠣᠨ᠎ᠠ᠃ | | ᠠᠰᠠᠭᠤᠯᠲᠠ᠄ ᠰᠢᠨ᠎ᠡ ᠬᠡᠪᠯᠡᠯ ᠤᠨ ᠦᠨᠡᠮᠯᠡᠯ ᠢ ᠭᠠᠷᠭᠠᠭᠰᠠᠨ ᠤ ᠳᠠᠷᠠᠭ᠎ᠠ᠂ ᠬᠤᠳᠠᠯ ᠬᠠᠭᠤᠷᠮᠠᠭ ᠦᠨᠡᠮᠯᠡᠯ ᠢ | ᠦᠢᠯᠡᠳᠴᠦ ᠪᠣᠷᠣᠯᠠᠭᠤᠯᠬᠤ ᠶᠢ ᠬᠡᠷᠬᠢᠨ ᠰᠡᠷᠭᠡᠶᠢᠯᠡᠬᠦ ᠪᠣᠶ︖ | | ᠬᠠᠷᠢᠭᠤᠯᠲᠠ᠄ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠬᠤ ᠶᠢ ᠰᠡᠷᠭᠡᠶᠢᠯᠡᠬᠦ ᠪᠣᠯ ᠶᠡᠷᠦ ᠠᠴᠠ ᠦᠨᠡᠮᠯᠡᠯ | ᠣᠯᠭᠤᠬᠤ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠪᠠ ᠬᠦᠴᠢᠷ ᠠᠰᠠᠭᠤᠳᠠᠯ ᠪᠣᠯᠣᠭᠰᠠᠭᠠᠷ ᠢᠷᠡᠭᠰᠡᠨ ᠶᠤᠮ᠂ | ᠲᠣᠰ ᠤᠳᠠᠭ᠎ᠠ ᠮᠡᠷᠭᠡᠵᠢᠯ ᠪᠠ ᠬᠠᠮᠢᠶᠠᠷᠤᠯᠲᠠ ᠶᠢᠨ ᠲᠠᠯ᠎ᠠ ᠪᠠᠷ ᠭᠤᠷᠪᠠᠨ ᠲᠠᠯ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠭᠠᠷᠭᠠᠵᠠᠢ᠄ ᠨᠢᠭᠡ ᠳᠤ ᠴᠠᠬᠢᠮ ᠦᠨᠡᠮᠯᠡᠯ ᠤᠨ ᠪᠣᠶ ᠪᠣᠯᠬᠤ ᠠᠷᠭ᠎ᠠ ᠵᠠᠮ ᠴᠣᠷ ᠤᠨ ᠭᠠᠭᠴᠠ ᠪᠠᠶᠢᠬᠤ ᠶᠢ ᠦᠨᠡᠨ ᠬᠦ | ᠪᠠᠲᠤᠯᠠᠵᠤ᠂ ᠪᠣᠶ ᠪᠦᠬᠦᠢ ᠴᠠᠬᠢᠮ ᠦᠨᠡᠮᠯᠡᠯ ᠢ ᠴᠥᠮ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ | ᠪᠥᠬᠦ ᠤᠯᠤᠰ ᠤᠨ ᠠᠶᠤᠯᠭᠦᠢ ᠦᠢᠯᠡᠳᠪᠦᠷᠢᠯᠡᠬᠦ ᠠᠵᠢᠯ ᠤᠨ ᠪᠣᠯᠪᠠᠰᠤᠷᠠᠭᠤᠯᠤᠯ ᠰᠢᠯᠭᠠᠯᠲᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠠᠴᠠ ᠨᠢᠭᠡᠳᠦᠯᠲᠡᠢ ᠪᠣᠶ ᠪᠣᠯᠭᠠᠵᠤ᠂ ᠨᠢᠭᠡᠳᠦᠯᠲᠡᠢ ᠬᠠᠮᠢᠶᠠᠷᠴᠤ᠂ ᠨᠢᠭᠡᠳᠦᠯᠲᠡᠢ | ᠰᠢᠯᠭᠠᠨ ᠪᠠᠲᠤᠯᠠᠨ᠎ᠠ᠃ ᠬᠤᠶᠠᠷ ᠲᠤ ᠦᠨᠡᠮᠯᠡᠯ ᠢ ᠪᠠᠶᠢᠴᠠᠭᠠᠨ ᠯᠠᠪᠯᠠᠬᠤ ᠲᠠᠪᠴᠠᠩ ᠤᠨ ᠴᠣᠷ ᠤᠨ ᠭᠠᠭᠴᠠ | ᠲᠠᠪᠴᠠᠩ ᠢ ᠦᠨᠡᠨ ᠬᠦ ᠪᠠᠲᠤᠯᠠᠨ᠎ᠠ᠂ ᠪᠣᠶ ᠪᠦᠬᠦᠢ ᠦᠨᠡᠮᠯᠡᠯ ᠢ ᠵᠥᠪᠬᠡᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ ︽ᠣᠨᠴᠠ ᠲᠥᠷᠥᠯ ᠤᠨ | ᠠᠵᠢᠯ ᠬᠢᠬᠦ ᠦᠨᠡᠮᠯᠡᠯ ᠵᠢᠴᠢ ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠯᠭᠡ ᠪᠠ ᠬᠠᠮᠢᠶᠠᠷᠤᠯᠲᠠ ᠶᠢᠨ | ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ | ᠰᠢᠰᠲ᠋ᠧᠮ ᠳᠤ ᠣᠷᠣᠭᠤᠯᠬᠤ ᠪᠤᠶᠤ ᠠᠯᠪᠠᠨ ᠤ ᠸᠢᠴᠠᠲ ᠤᠨ ᠴᠠᠬᠢᠮ ᠲᠠᠪᠴᠠᠩ ︵ᠤᠯᠤᠰ ᠤᠨ ᠠᠶᠤᠯᠭᠦᠢ | ᠦᠢᠯᠡᠳᠪᠦᠷᠢᠯᠡᠬᠦ ᠠᠵᠢᠯ ᠤᠨ ᠰᠢᠯᠭᠠᠯᠲᠠ︶ ᠳᠤ ᠭᠠᠷᠴᠤ ᠦᠨᠡᠨ ᠬᠤᠳᠠᠯ ᠢ ᠪᠠᠶᠢᠴᠠᠭᠠᠨ ᠰᠢᠯᠭᠠᠨ᠎ᠠ᠃ ᠡᠯ᠎ᠡ | ᠭᠠᠵᠠᠷ ᠤᠨ ᠬᠢᠨ ᠪᠠᠶᠢᠴᠠᠭᠠᠨ ᠯᠠᠪᠯᠠᠵᠤ ᠪᠣᠯᠣᠨ᠎ᠠ᠂ ᠭᠡᠪᠡᠴᠦ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ | ᠬᠥᠮᠥᠨ ᠤ ᠥᠪᠡᠰᠦᠪᠡᠨ ᠦᠨᠡᠮᠯᠡᠯ ᠪᠠᠶᠢᠴᠠᠭᠠᠨ ᠯᠠᠪᠯᠠᠬᠤ ᠲᠠᠪᠴᠠᠩ ᠪᠤᠶᠤ ᠰᠢᠰᠲ᠋ᠧᠮ ᠪᠠᠶᠢᠭᠤᠯᠬᠤ ᠶᠢ ᠴᠠᠭᠠᠵᠠᠯᠠᠨ᠎ᠠ᠃ | ᠭᠤᠷᠪᠠ ᠳᠤ ᠬᠤᠳᠠᠯ ᠬᠠᠭᠤᠷᠮᠠᠭ ᠦᠨᠡᠮᠯᠡᠯ ᠳᠤ ᠦᠷᠭᠦᠯᠵᠢᠯᠡᠨ ᠴᠣᠬᠢᠯᠲᠠ ᠥᠭᠬᠦ ᠶᠢ ᠪᠠᠷᠢᠮᠲᠠᠯᠠᠵᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠪᠠ᠃ | | ᠠᠰᠠᠭᠤᠯᠲᠠ᠄ ᠴᠠᠬᠢᠮ ᠦᠨᠡᠮᠯᠡᠯ ᠢ ᠬᠡᠷᠡᠭᠵᠢᠭᠦᠯᠬᠦ ᠨᠢ ᠦᠨᠡᠮᠯᠡᠯ ᠭᠠᠷᠳᠠᠭᠴᠢ᠂ ᠬᠥᠮᠥᠨ ᠬᠡᠷᠡᠭᠯᠡᠬᠦ ᠠᠵᠤ | ᠠᠬᠤᠶᠢᠯᠠᠯ ᠪᠠ ᠬᠢᠨᠠᠯᠲᠠ ᠪᠠᠶᠢᠴᠠᠭᠠᠯᠲᠠ ᠳᠤ ᠶᠠᠮᠠᠷ ᠰᠢᠨ᠎ᠡ ᠣᠶᠢᠯᠠᠭᠠᠯᠲᠠ ᠠᠪᠴᠢᠷᠠᠬᠤ ᠪᠣᠶ︖ | | ᠬᠠᠷᠢᠭᠤᠯᠲᠠ᠄ ᠠᠳᠠᠯᠢ ᠪᠤᠰᠤ ᠲᠥᠷᠥᠯ ᠢᠯᠭᠠᠯ ᠤᠨ ᠬᠥᠮᠥᠰ᠂ ᠠᠳᠠᠯᠢ ᠪᠤᠰᠤ ᠲᠤᠬᠠᠶᠢᠯᠠᠭᠰᠠᠨ ᠠᠵᠢᠯ ᠤᠨ | ᠲᠠᠯᠠᠪᠤᠷ ᠤᠨ ᠣᠯᠠᠨ ᠡᠰᠢᠲᠦ ᠦᠨᠡᠮᠯᠡᠯ ᠬᠡᠷᠡᠭᠯᠡᠬᠦ ᠬᠡᠷᠡᠭᠴᠡᠭᠡ ᠪᠠ ᠳᠠᠳᠬᠠᠯ ᠢ ᠦᠨᠳᠦᠰᠦᠯᠡᠨ᠂ ᠪᠢᠳᠡ | ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ ᠣᠨᠴᠠ ᠲᠥᠷᠥᠯ ᠤᠨ ᠠᠵᠢᠯᠯᠠᠭᠠᠨ ᠤ ᠦᠨᠡᠮᠯᠡᠯ ᠢ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠬᠠᠮᠢᠶᠠᠷᠬᠤ ᠶᠢ ᠶᠡᠭᠡ ᠪᠠᠷ ᠠᠬᠢᠭᠤᠯᠤᠨ᠎ᠠ᠃ ᠦᠨᠡᠮᠯᠡᠯ | ᠠᠪᠴᠤ ᠪᠠᠶᠢᠭ᠎ᠠ ᠬᠥᠮᠥᠨ ᠳᠠᠳᠬᠠᠯ ᠢᠶᠠᠨ ᠦᠨᠳᠦᠰᠦᠯᠡᠵᠦ᠂ ᠠᠳᠠᠯᠢ ᠪᠤᠰᠤ ᠦᠨᠡᠮᠯᠡᠯ ᠢ ᠬᠡᠷᠡᠭᠯᠡᠬᠦ ᠪᠠᠶᠢᠳᠠᠯ ᠳᠣᠣᠷ᠎ᠠ᠂ | ᠪᠣᠳᠠᠲᠤ ᠴᠣᠭᠴᠠ ᠶᠢᠨ ᠦᠨᠡᠮᠯᠡᠯ ᠪᠤᠶᠤ ᠴᠠᠬᠢᠮ ᠦᠨᠡᠮᠯᠡᠯ ᠢ ᠴᠢᠯᠦᠭᠡᠲᠡᠢ ᠪᠠᠷ ᠰᠣᠩᠭᠤᠨ ᠬᠡᠷᠡᠭᠯᠡᠵᠦ ᠪᠣᠯᠣᠨ᠎ᠠ᠂ | ᠪᠣᠳᠠᠲᠤ ᠴᠣᠭᠴᠠ ᠶᠢᠨ ᠦᠨᠡᠮᠯᠡᠯ ᠢᠶᠠᠨ ᠮᠠᠷᠲᠠᠭᠰᠠᠨ ᠦᠶ᠎ᠡ ᠳᠤ ᠭᠠᠷ ᠤᠲᠠᠰᠤᠨ ᠳᠠᠬᠢ ᠴᠠᠬᠢᠮ ᠦᠨᠡᠮᠯᠡᠯ ᠪᠤᠶᠤ | ᠴᠠᠭᠠᠰᠤᠨ ᠳᠠᠷᠤᠮᠠᠯᠯᠠᠯ ᠤᠨ ᠦᠨᠡᠮᠯᠡᠯ ᠢ ᠴᠦ ᠠᠳᠠᠯᠢᠬᠠᠨ ᠬᠡᠷᠡᠭᠯᠡᠵᠦ ᠪᠣᠯᠣᠨ᠎ᠠ᠃ ᠬᠥᠮᠥᠨ ᠬᠡᠷᠡᠭᠯᠡᠬᠦ ᠨᠢᠭᠡᠴᠢ ᠰᠢᠨ᠎ᠡ | ᠠᠵᠢᠯᠲᠠᠨ ᠪᠠ ᠠᠶᠤᠯᠭᠦᠢ ᠦᠢᠯᠡᠳᠪᠦᠷᠢᠯᠡᠬᠦ ᠠᠵᠢᠯ ᠤᠨ ᠬᠢᠨᠠᠨ ᠬᠠᠮᠢᠶᠠᠷᠬᠤ ᠠᠵᠢᠯᠲᠠᠨ ᠢ ᠡᠯᠰᠡᠵᠦ ᠠᠵᠤ | ᠠᠬᠤᠶᠢᠯᠠᠯ ᠳᠤ ᠣᠴᠢᠭᠤᠯᠤᠨ ᠪᠠᠶᠢᠴᠠᠭᠠᠯᠭᠠᠵᠤ᠂ ᠠᠯᠪᠠᠨ ᠤ ᠸᠢᠴᠠᠲ ᠤᠨ ᠴᠠᠬᠢᠮ ᠲᠠᠪᠴᠠᠩ ︵ᠤᠯᠤᠰ ᠤᠨ | ᠠᠶᠤᠯᠭᠦᠢ ᠦᠢᠯᠡᠳᠪᠦᠷᠢᠯᠡᠬᠦ ᠠᠵᠢᠯ ᠤᠨ ᠰᠢᠯᠭᠠᠯᠲᠠ︶ ᠢ ᠠᠩᠬᠠᠷᠤᠭᠰᠠᠨ ᠤ ᠳᠠᠷᠠᠭ᠎ᠠ᠂ ᠭᠠᠷ ᠤᠲᠠᠰᠤ ᠪᠠᠷ ᠢᠶᠠᠨ | ᠰᠢᠷᠪᠢᠪᠡᠯ ᠦᠨᠡᠮᠯᠡᠯ ᠤᠨ ᠦᠨᠡᠨ ᠬᠤᠳᠠᠯ ᠢ ᠢᠯᠭᠠᠨ ᠲᠣᠳᠣᠯᠠᠵᠤ᠂ ᠠᠵᠢᠯ ᠤᠨ ᠦᠷ᠎ᠡ ᠪᠦᠲᠦᠮᠵᠢ ᠶᠢ ᠲᠤᠶᠢᠯ ᠤᠨ | ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠲᠤᠰᠬᠠᠢ ᠦᠨᠡᠮᠯᠡᠯ ᠤᠨ | ᠴᠠᠬᠢᠮ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ APP ᠶᠢ ᠨᠡᠭᠡᠭᠡᠨ ᠬᠥᠭᠵᠢᠭᠦᠯᠬᠦ ᠶᠢᠨ ᠬᠠᠮᠲᠤ᠂ ᠬᠤᠪᠢ | ᠬᠥᠮᠥᠨ ᠤ ᠬᠡᠷᠡᠭᠴᠡᠭᠡ ᠪᠠᠨ ᠦᠨᠳᠦᠰᠦᠯᠡᠨ᠂ ᠳᠠᠬᠢᠨ ᠬᠢᠨᠠᠵᠤ ᠦᠨᠡᠮᠯᠡᠯ ᠰᠣᠯᠢᠬᠤ ᠰᠠᠨᠠᠭᠤᠯᠤᠮᠵᠢ᠂ ᠠᠶᠤᠯᠭᠦᠢ | ᠦᠢᠯᠡᠳᠪᠦᠷᠢᠯᠡᠬᠦ ᠠᠵᠢᠯ ᠤᠨ ᠮᠡᠳᠡᠯᠭᠡ ᠶᠢ ᠬᠦᠷᠭᠡᠬᠦ ᠵᠡᠷᠭᠡ ᠨᠠᠩ ᠪᠠᠶᠠᠯᠢᠭ᠂ ᠨᠠᠩ ᠳᠥᠭᠦᠮ ᠳᠥᠲᠡ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠨ᠎ᠠ᠃ | | ᠠᠰᠠᠭᠤᠯᠲᠠ᠄ ᠰᠢᠨ᠎ᠡ ᠬᠠᠭᠤᠴᠢᠨ ᠬᠡᠪᠯᠡᠯ ᠤᠨ ᠦᠨᠡᠮᠯᠡᠯ ᠢ ᠬᠡᠷᠬᠢᠨ ᠪᠦᠲᠦᠮᠵᠢᠲᠡᠶ ᠵᠣᠯᠭᠠᠭᠤᠯᠬᠤ ᠪᠣᠶ︖ | | ᠬᠠᠷᠢᠭᠤᠯᠲᠠ᠄ ᠬᠡᠳᠦᠨ ᠲᠠᠯ᠎ᠠ ᠶᠢ ᠣᠨᠴᠠᠭᠠᠶᠢᠯᠠᠨ ᠲᠣᠳᠣᠷᠬᠠᠶᠢᠯᠠᠬᠤ ᠪᠠ ᠴᠢᠬᠤᠯᠠᠴᠢᠯᠠᠬᠤ ᠴᠢᠬᠤᠯᠠᠲᠠᠢ | ᠪᠠᠶᠢᠨ᠎ᠠ᠄ ᠨᠢᠭᠡ ᠳᠤ ᠰᠢᠨ᠎ᠡ ᠬᠡᠪᠯᠡᠯ ᠤᠨ ᠦᠨᠡᠮᠯᠡᠯ ᠢ ︽ᠮᠡᠳᠡᠭᠳᠡᠯ︾ ᠢ ᠬᠡᠪᠯᠡᠨ ᠲᠠᠷᠬᠠᠭᠠᠭᠰᠠᠨ ᠡᠳᠦᠷ ᠠᠴᠠ | ᠡᠬᠢᠯᠡᠵᠦ ᠬᠡᠷᠡᠭᠯᠡᠨ᠎ᠡ᠂ ᠬᠠᠭᠤᠴᠢᠨ ᠬᠡᠪᠯᠡᠯ ᠤᠨ ᠠᠶᠦᠯᠭᠦᠢ ᠶᠢᠨ ᠬᠢᠷᠢ ᠲᠡᠩᠴᠡᠭᠰᠡᠨ ᠦᠨᠡᠮᠯᠡᠯ ᠪᠠ ᠣᠨᠴᠠ | ᠲᠥᠷᠥᠯ ᠤᠨ ᠠᠵᠢᠯ ᠬᠢᠬᠦ ᠦᠨᠡᠮᠯᠡᠯ ᠢ ᠲᠣᠰ ᠡᠳᠦᠷ ᠠᠴᠠ ᠡᠬᠢᠯᠡᠨ ᠬᠢᠨᠠᠨ ᠣᠯᠭᠤᠬᠤ ᠶᠢ ᠵᠣᠭᠰᠣᠭᠠᠨ᠎ᠠ᠃ | ᠬᠤᠶᠠᠷ ᠲᠤ ︽ᠮᠡᠳᠡᠭᠳᠡᠯ︾ ᠢ ᠬᠡᠪᠯᠡᠨ ᠲᠠᠷᠬᠠᠭᠠᠭᠰᠠᠨ ᠤ ᠳᠠᠷᠠᠭ᠎ᠠ ᠰᠢᠨ᠎ᠡ ᠪᠠᠷ ᠬᠢᠨᠠᠨ ᠣᠯᠭᠤᠭᠰᠠᠨ ᠦᠨᠡᠮᠯᠡᠯ᠂ | ᠮᠡᠳᠡᠭᠡ ᠵᠠᠩᠭᠢ ᠶᠢᠨ ᠰᠢᠰᠲ᠋ᠧᠮ ᠳᠤ ᠴᠠᠬᠢᠮ ᠦᠨᠡᠮᠯᠡᠯ ᠠᠶᠠᠨᠳᠠᠭᠠᠨ ᠪᠣᠶ ᠪᠣᠯᠣᠨ᠎ᠠ᠃ ᠬᠠᠭᠤᠴᠢᠨ ᠬᠡᠪᠯᠡᠯ ᠤᠨ | ᠦᠨᠡᠮᠯᠡᠯ ᠨᠢ ᠴᠠᠬᠢᠮ ᠬᠡᠷᠡᠯ ᠵᠢᠷᠤᠭ ᠵᠡᠷᠭᠡ ᠮᠡᠳᠡᠭᠡ ᠵᠠᠩᠭᠢ ᠪᠠᠷ ᠳᠤᠲᠠᠮᠠᠭ ᠤᠴᠢᠷ ᠠᠴᠠ ᠮᠡᠳᠡᠭᠡ ᠵᠠᠩᠭᠢ ᠶᠢᠨ | ᠰᠢᠰᠲ᠋ᠧᠮ ᠨᠢ ᠬᠠᠭᠤᠴᠢᠨ ᠬᠡᠪᠯᠡᠯ ᠤᠨ ᠦᠨᠡᠮᠯᠡᠯ ᠢ ᠠᠶᠠᠨᠳᠠᠭᠠᠨ ᠴᠠᠬᠢᠮ ᠦᠨᠡᠮᠯᠡᠯ ᠪᠣᠯᠭᠠᠵᠤ ᠴᠢᠳᠠᠬᠤ ᠦᠭᠡᠢ | ᠪᠠᠶᠢᠳᠠᠭ᠃ ᠭᠤᠷᠪᠠ ᠳᠤ ᠨᠢᠭᠡᠨᠲᠡ ᠬᠢᠨᠠᠨ ᠣᠯᠭᠤᠭᠰᠠᠨ ᠬᠠᠭᠤᠴᠢᠨ ᠬᠡᠪᠯᠡᠯ ᠤᠨ ᠦᠨᠡᠮᠯᠡᠯ ᠢ ᠬᠦᠴᠦᠨ ᠲᠠᠢ | ᠬᠤᠭᠤᠴᠠᠭᠠᠨ ᠳᠤ ᠦᠷᠭᠦᠯᠵᠢᠯᠡᠨ ᠬᠡᠷᠡᠭᠯᠡᠵᠦ᠂ ᠲᠠᠬᠢᠨ ᠬᠢᠨᠠᠭᠠᠳ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ᠂ | ᠰᠢᠨ᠎ᠡ ᠬᠡᠪᠯᠡᠯ ᠤᠨ ᠦᠨᠡᠮᠯᠡᠯ ᠢ ᠨᠢᠭᠡᠳᠦᠯᠲᠡᠢ ᠬᠢᠨᠠᠨ ᠣᠯᠭᠤᠨ᠎ᠠ᠃ ᠬᠠᠭᠤᠴᠢᠨ ᠬᠡᠪᠯᠡᠯ ᠤᠨ ᠦᠨᠡᠮᠯᠡᠯ ᠨᠢ ᠡᠪᠳᠡᠷᠡᠵᠦ | ᠰᠦᠢᠳᠦᠭᠰᠡᠨ ᠪᠤᠶᠤ ᠭᠡᠭᠡᠭᠳᠡᠭᠰᠡᠨ ᠪᠠᠶᠢᠪᠠᠯ᠂ ᠦᠨᠡᠮᠯᠡᠯ ᠠᠪᠴᠤ ᠪᠠᠶᠢᠭ᠎ᠠ ᠬᠥᠮᠥᠨ ᠨᠢ ᠲᠣᠭᠲᠠᠭᠠᠯ ᠶᠣᠰᠣᠭᠠᠷ | ᠤᠤᠯ ᠤᠨ ᠦᠨᠡᠮᠯᠡᠯ ᠣᠯᠭᠤᠭᠰᠠᠨ ᠨᠢᠭᠡᠴᠢ ᠳᠤ ᠨᠥᠬᠦᠪᠦᠷᠢᠯᠡᠨ ᠬᠢᠯᠭᠡᠬᠦ ᠪᠠᠷ ᠭᠤᠶᠤᠴᠢᠯᠠᠵᠤ᠂ ᠤᠤᠯ ᠤᠨ ᠦᠨᠡᠮᠯᠡᠯ | ᠣᠯᠭᠤᠭᠰᠠᠨ ᠨᠢᠭᠡᠴᠢ ᠪᠠᠷ ᠳᠠᠮᠵᠢᠭᠤᠯᠤᠨ ᠨᠥᠬᠦᠪᠦᠷᠢᠯᠡᠨ ᠭᠦᠢᠴᠡᠳᠬᠡᠬᠦ ᠭᠠᠷ ᠭᠦᠢᠴᠡᠳᠬᠡᠯ ᠢ ᠭᠦᠢᠴᠡᠳᠬᠡᠭᠰᠡᠨ ᠤ | ᠲᠠᠷᠠᠭ᠎ᠠ᠂ ᠵᠢᠷᠤᠮ ᠶᠣᠰᠣᠭᠠᠷ ᠦᠨᠡᠮᠯᠡᠯ ᠠᠪᠴᠤ ᠪᠠᠶᠢᠭ᠎ᠠ ᠬᠥᠮᠥᠨ ᠳᠤ ᠰᠢᠨ᠎ᠡ ᠬᠡᠪᠯᠡᠯ ᠤᠨ ᠦᠨᠡᠮᠯᠡᠯ ᠣᠯᠭᠤᠨ᠎ᠠ᠃ | ᠦᠨᠡᠮᠯᠡᠯ ᠤᠨ ᠬᠡᠯᠪᠡᠷᠢ ᠮᠠᠶ᠋ᠢᠭ ᠢ ᠰᠢᠨᠡᠳᠬᠡᠬᠦ ᠶᠢᠨ ᠡᠬᠢᠨ ᠤ ᠦᠶ᠎ᠡ ᠳᠤ᠂ ᠠᠵᠢᠯ ᠤᠨ ᠡᠮᠬᠢ ᠵᠠᠮᠪᠠᠷᠠᠭ᠎ᠠ ᠦᠭᠡᠢ | ᠪᠠᠶᠢᠳᠠᠯ ᠠᠴᠠ ᠵᠠᠶᠢᠯᠠᠰᠬᠢᠵᠦ᠂ ᠡᠮᠬᠢ ᠵᠢᠷᠤᠮ ᠲᠠᠢ ᠵᠣᠯᠭᠠᠯᠳᠤᠭᠤᠯᠬᠤ ᠶᠢ ᠪᠠᠲᠤᠯᠠᠬᠤ ᠶᠢᠨ ᠲᠥᠯᠥᠭᠡ᠂ ᠪᠢᠳᠡ ᠪᠠᠰᠠ | ᠬᠠᠭᠤᠴᠢᠨ ᠬᠡᠪᠯᠡᠯ ᠤᠨ ᠦᠨᠡᠮᠯᠡᠯ ᠲᠠᠢ ᠬᠥᠮᠥᠰ ᠢ ᠬᠠᠭᠤᠴᠢᠨ ᠬᠡᠪᠯᠡᠯ ᠤᠨ ᠦᠨᠡᠮᠯᠡᠯ ᠢᠶᠠᠨ ᠦᠷᠭᠦᠯᠵᠢᠯᠡᠨ | ᠬᠡᠷᠡᠭᠯᠡᠬᠦ ᠶᠢ ᠤᠷᠢᠶᠠᠯᠠᠵᠤ᠂ ᠪᠢᠲᠡᠭᠡᠢ ᠨᠠᠷᠭᠢᠶᠠᠨ ᠲᠠᠲᠠᠵᠤ᠂ ᠰᠢᠨ᠎ᠡ ᠬᠡᠪᠯᠡᠯ ᠤᠨ ᠦᠨᠡᠮᠯᠡᠯ ᠢᠶᠠᠨ ᠰᠣᠯᠢᠬᠤ ᠶᠢ | ᠬᠦᠰᠡᠵᠦ ᠪᠠᠶᠢᠨ᠎ᠠ᠃ | | ᠠᠰᠠᠭᠤᠯᠲᠠ᠄ ᠦᠨᠡᠮᠯᠡᠯ ᠤᠨ ᠵᠠᠭᠪᠤᠷ ᠶᠠᠩᠵᠤ ᠶᠢ ᠰᠢᠨᠡᠳᠬᠡᠬᠦ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ | ᠶᠠᠮᠠᠷ ᠲᠣᠬᠢᠷᠠᠭᠤᠯᠤᠯᠲᠠ ᠲᠠᠢ ᠪᠣᠶ︖ | | ᠬᠠᠷᠢᠭᠤᠯᠲᠠ᠄ ᠨᠢᠭᠡ ᠳᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠨᠡᠮᠯᠡᠯ ᠤᠨ | ᠬᠡᠪ ᠵᠠᠭᠪᠤᠷ ᠢ ᠰᠢᠨᠡᠳᠬᠡᠬᠦ ᠠᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠬᠥᠮᠥᠨ ᠣᠯᠠᠨ᠂ ᠠᠵᠢᠯ ᠣᠯᠵᠤ | ᠠᠳᠠᠯ ᠦᠢᠯᠡᠰ ᠴᠣᠭᠴᠠᠯᠠᠬᠤ ᠳᠤ ᠬᠤᠯᠪᠣᠭᠳᠠᠬᠤ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠠᠶᠢᠬᠤ ᠶᠢ | ᠪᠣᠳᠣᠯᠬᠢᠯᠠᠨ᠂ ︽ᠮᠡᠳᠡᠭᠳᠡᠯ︾ ᠢ ᠬᠡᠪᠯᠡᠨ ᠲᠠᠷᠬᠠᠭᠠᠭᠰᠠᠨ ᠤ ᠳᠠᠷᠠᠭ᠎ᠠ᠂ ᠪᠢᠳᠡ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠪᠠ ᠲᠠᠶᠢᠯᠤᠮᠵᠢ ᠬᠢᠬᠦ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠦᠨᠡᠮᠯᠡᠯ ᠠᠪᠴᠤ ᠪᠠᠶᠢᠭ᠎ᠠ | ᠬᠥᠮᠥᠨ᠂ ᠭᠡᠷᠡᠴᠢ ᠠᠪᠤᠭᠴᠢ ᠪᠠ ᠬᠥᠮᠥᠨ ᠬᠡᠷᠡᠭᠯᠡᠬᠦ ᠠᠵᠤ ᠠᠬᠤᠶᠢᠯᠠᠯ ᠤᠨ ᠰᠡᠵᠢᠭ ᠢ ᠲᠠᠶᠢᠯᠤᠨ᠎ᠠ᠃ ᠬᠤᠶᠠᠷ ᠲᠤ | ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠨᠢᠭᠡᠨᠲᠡ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠶᠠᠮᠤᠨ ᠤ ᠰᠤᠷᠭᠠᠯᠲᠠ ᠶᠢᠨ ᠲᠥᠪ ᠲᠤ ᠨᠠᠶᠢᠳᠠᠨ ᠠᠵᠢᠯ ᠤᠨ ᠲᠤᠰᠬᠠᠢ ᠠᠩᠭᠢ ᠪᠠᠶᠢᠭᠤᠯᠵᠤ᠂ | ᠰᠢᠨ᠎ᠡ ᠬᠡᠪᠯᠡᠯ ᠤᠨ ᠦᠨᠡᠮᠯᠡᠯ ᠢ ᠬᠠᠷᠭᠤᠭᠤᠯᠤᠨ ᠣᠯᠭᠤᠬᠤ ᠮᠡᠷᠭᠡᠵᠢᠯ ᠤᠨ ᠵᠢᠯᠣᠭᠤᠳᠤᠯᠭ᠎ᠠ ᠵᠡᠷᠭᠡ ᠠᠵᠢᠯ ᠢ | ᠴᠢᠩᠭᠠᠷᠠᠭᠤᠯᠤᠨ᠂ ᠰᠢᠰᠲ᠋ᠧᠮ ᠤᠨ ᠲᠠᠰ ᠳᠠᠪᠰᠢᠵᠤ ᠬᠠᠮᠠᠭᠠᠯᠠᠬᠤ ᠵᠡᠷᠭᠡ ᠠᠵᠢᠯ ᠢ ᠲᠦᠷᠭᠡᠳᠬᠡᠨ ᠠᠬᠢᠭᠤᠯᠪᠠ᠃ | ᠭᠤᠷᠪᠠ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠶᠢ ᠴᠢᠩᠭᠠᠳᠬᠠᠵᠤ᠂ ᠲᠥᠷᠥᠯ | ᠪᠦᠷᠢ ᠶᠢᠨ ᠠᠷᠭ᠎ᠠ ᠵᠠᠮ ᠢᠶᠠᠷ ᠳᠠᠮᠵᠢᠭᠤᠯᠤᠨ᠂ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ | ᠰᠤᠷᠭᠠᠯᠲᠠ ᠶᠢᠨ ᠲᠥᠪ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠤᠲᠠᠰᠤ ᠶᠢ ᠨᠡᠶᠢᠲᠡᠯᠡᠵᠦ᠂ ᠡᠯ᠎ᠡ | ᠭᠠᠵᠠᠷ ᠪᠣᠯᠣᠨ ᠦᠨᠡᠮᠯᠡᠯ ᠠᠪᠴᠤ ᠪᠠᠶᠢᠭ᠎ᠠ ᠬᠥᠮᠥᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ᠂ ᠦᠨᠡᠮᠯᠡᠯ | ᠪᠣᠶ ᠪᠣᠯᠭᠠᠬᠤ ᠪᠠ ᠪᠠᠶᠢᠴᠠᠭᠠᠨ ᠯᠠᠪᠯᠠᠬᠤ᠂ ᠰᠢᠨ᠎ᠡ ᠬᠠᠭᠤᠴᠢᠨ ᠬᠡᠪᠯᠡᠯ ᠤᠨ ᠦᠨᠡᠮᠯᠡᠯ ᠢ ᠵᠣᠯᠭᠠᠭᠤᠯᠬᠤ ᠵᠡᠷᠭᠡ | ᠲᠠᠯ᠎ᠠ ᠪᠠᠷ ᠲᠥᠷᠥᠯ ᠪᠦᠷᠢ ᠶᠢᠨ ᠠᠰᠠᠭᠤᠳᠠᠯ ᠳᠤ ᠲᠤᠯᠭᠠᠷᠠᠪᠠᠯ᠂ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠶᠢᠨ | ᠬᠠᠪᠰᠤᠷᠤᠯᠭ᠎ᠠ ᠡᠷᠢᠵᠦ ᠪᠣᠯᠣᠨ᠎ᠠ᠃ ᠬᠤᠯᠪᠣᠭᠳᠠᠬᠤ ᠬᠥᠮᠥᠨ ᠨᠡᠯᠢᠶᠡᠳ ᠤᠯᠠᠨ ᠪᠣᠯᠬᠤᠷ᠂ ᠵᠠᠷᠢᠮ ᠲᠦᠷᠦ ᠶᠢᠨ | ᠪᠣᠳᠣᠯᠭ᠎ᠠ ᠶᠢᠨ ᠬᠠᠷᠢᠭᠤᠯᠲᠠ ᠪᠠ ᠮᠡᠷᠭᠡᠵᠢᠯ ᠤᠨ ᠬᠠᠮᠢᠶᠠᠷᠤᠯᠲᠠ ᠳᠤ ᠵᠣᠬᠢᠬᠤ ᠴᠠᠭ ᠬᠤᠭᠤᠴᠠᠭ᠎ᠠ ᠬᠡᠷᠡᠭᠰᠡᠨ᠎ᠡ᠂ | ᠪᠠᠰᠠ ᠡᠯ᠎ᠡ ᠵᠠᠭᠤᠴᠢᠯᠠᠭᠤᠷ ᠤᠨ ᠬᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠬᠤᠯᠪᠣᠭᠳᠠᠯ | ᠪᠦᠬᠦᠢ ᠲᠠᠯ᠎ᠠ ᠶᠢᠨ ᠬᠢᠨ ᠤ ᠣᠶᠢᠯᠠᠭᠠᠯᠲᠠ ᠪᠠ ᠮᠡᠳᠡᠷᠡᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭᠲᠠᠢ | ᠠᠷᠠᠳ ᠲᠤ ᠲᠦᠬᠦᠮ ᠦᠵᠡᠭᠦᠯᠬᠦ ᠰᠠᠶᠢᠨ ᠶᠠᠪᠤᠳᠠᠯ ᠢ ᠦᠨᠡᠨᠬᠦ ᠰᠠᠶᠢᠲᠤᠷ ᠬᠢᠬᠦ ᠶᠢ ᠬᠦᠰᠡᠵᠦ ᠪᠠᠶᠢᠨ᠎ᠠ᠃ | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠠᠶᠤᠯ ᠶᠡᠬᠡᠲᠡᠢ ᠠᠵᠢᠯ | ᠲᠥᠷᠥᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ ᠤ | ᠠᠶᠤᠯᠭᠦᠢ ᠦᠢᠯᠡᠳᠪᠦᠷᠢᠯᠡᠬᠦ ᠠᠵᠢᠯ ᠤᠨ ᠮᠡᠳᠡᠯᠭᠡ ᠪᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠨᠠᠨ ᠰᠢᠯᠭᠠᠯᠲᠠ ᠳᠤ | ᠬᠢᠷᠢ ᠲᠡᠩᠴᠡᠭᠰᠡᠨ ᠦᠨᠡᠮᠯᠡᠯ᠂ ᠣᠨᠴᠠ ᠲᠥᠷᠥᠯ ᠤᠨ ᠠᠵᠢᠯᠯᠠᠭᠠᠨ ᠤ ᠦᠨᠡᠮᠯᠡᠯ ᠤᠨ ᠶᠠᠩᠵᠤ ᠮᠠᠶ᠋ᠢᠭ︾ ᠤᠨ ᠲᠤᠬᠠᠢ | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ |