ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ
ᠨᠡᠶᠢᠲᠡᠯᠡᠭᠰᠡᠨ ᠴᠠᠭ᠄
2023/12/20
      ︽ᠥᠪᠡᠷᠲᠡᠭᠡᠨ ᠵᠠᠰᠠᠬᠤ ᠣᠷᠣᠨ ᠤ ︿ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ﹀᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠬᠡᠪᠯᠡᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠠᠵᠢᠯ ᠢᠶᠠᠨ ᠨᠢᠭᠡᠳᠦᠯᠲᠡᠶ ᠲᠥᠯᠥᠪᠯᠡᠬᠦ ᠶᠢ ᠰᠠᠶᠢᠲᠤᠷ ᠠᠳᠬᠤᠵᠤ᠂ ︽︿ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠬᠡᠷᠡᠭᠵᠢᠭᠦᠯᠬᠦ ᠲᠥᠰᠦᠯ﹀᠎ ᠢ ᠬᠡᠪᠯᠡᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠭᠦᠷᠭᠡᠯᠡᠵᠦ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠳᠠᠷᠠᠭᠠᠬᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃             ᠵᠢᠯᠣᠭᠤᠳᠬᠤ ᠦᠵᠡᠯ ᠰᠠᠨᠠᠭ᠎ᠠ            ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠬᠢᠵᠢᠭ ᠲᠠᠬᠤᠯ ᠤᠨ ᠬᠠᠯᠳᠠᠪᠤᠷᠢ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠴᠢᠬᠤᠯᠠ ᠱᠠᠭᠠᠷᠳᠠᠯᠭ᠎ᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ ᠪᠣᠳᠠᠲᠠᠶ ᠪᠠᠷ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃             ᠲᠥᠷᠥ ᠶᠢᠨ ᠪᠣᠳᠣᠯᠭ᠎ᠠ ᠶᠢᠨ ᠦᠨᠳᠦᠰᠦᠯᠡᠯ            ᠪᠦᠬᠦ ᠤᠯᠤᠰ ᠤᠨ ᠠᠵᠤ ᠠᠬᠤᠶ ᠶᠢᠨ ᠶᠡᠭᠡ ᠬᠡᠪᠴᠢᠶ᠎ᠡ ᠶᠢ ᠲᠣᠭᠲᠠᠭᠤᠨ ᠪᠠᠶᠢᠯᠭᠠᠬᠤ ᠲᠧᠯᠸᠢᠰ ᠤᠲᠠᠰᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠤ ᠠᠬᠤᠶ ᠶᠢᠨ ᠶᠡᠭᠡ ᠬᠡᠪᠴᠢᠶ᠎ᠡ ᠶᠢ ᠲᠣᠭᠲᠠᠭᠤᠨ ᠪᠠᠶᠢᠯᠭᠠᠬᠤ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠬᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ ᠠᠵᠢᠯ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2022﹈ 23 ᠳ᠋ᠤᠭᠠᠷ ᠲᠣᠭᠠᠲᠤ︶᠂ ︽ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠱᠠᠲᠤ ᠦᠶᠡᠴᠢ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠬᠦ ᠵᠡᠷᠭᠡ ᠠᠰᠠᠭᠤᠳᠠᠯ ᠤᠨ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2022﹈ 31 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2022﹈ 39 ᠳ᠋ᠦ᠋ᠭᠡᠷ ᠲᠣᠭᠠᠲᠤ︶᠂ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠶᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ︵ᠥᠪᠥᠷ ᠦᠨᠳᠦᠰᠦᠲᠡᠨ ᠤ ᠨᠡᠶᠢᠭᠡᠮ ᠠᠯᠪᠠᠨ ᠲᠠᠷᠬᠠᠭᠠᠭᠰᠠᠨ ﹇2022﹈ 52 ᠳ᠋ᠤᠭᠠᠷ ᠲᠣᠭᠠᠲᠤ︶᠂ ︽︿ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠶ ᠶᠢ ᠯᠠᠪᠳᠠᠭᠤᠨ ᠪᠠᠲᠤᠲᠠᠶ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠬᠡᠷᠡᠭᠵᠢᠭᠦᠯᠬᠦ ᠲᠥᠰᠦᠯ﹀᠎ ᠢ ᠬᠡᠪᠯᠡᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠮᠡᠳᠡᠭᠳᠡᠯ︾ ︵ᠥᠪᠥᠷ ᠦᠨᠳᠦᠰᠦᠲᠡᠨ ᠤ ᠨᠡᠶᠢᠭᠡᠮ ᠠᠯᠪᠠᠨ ᠲᠠᠷᠬᠠᠭᠠᠭᠰᠠᠨ ﹇2022﹈ 86 ᠳ᠋ᠤᠭᠠᠷ ᠲᠣᠭᠠᠲᠤ︶ ᠪᠣᠯᠤᠨ ᠠᠯᠠᠱᠠ ᠠᠶᠢᠮᠠᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠᠷ ᠦᠨᠳᠦᠰᠦᠯᠡᠯ ᠪᠣᠯᠭᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠭᠠᠷᠲᠠᠨ ᠭᠦᠶᠴᠡᠳᠬᠡᠬᠦ ᠶᠠᠪᠤᠴᠠ᠂ ᠬᠡᠷᠡᠭᠵᠢᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠦᠶᠯᠡᠳᠦᠯ ᠢ ᠦᠨᠡᠨᠬᠦ ᠪᠠᠳᠠᠷᠠᠭᠤᠯᠵᠤ᠂ ᠤᠯᠠᠮ ᠠᠵᠤ ᠠᠬᠤᠶ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠨ᠎ᠠ᠃                         ᠠᠵᠢᠯ ᠤᠨ ᠱᠠᠭᠠᠷᠳᠠᠯᠭ᠎ᠠ             ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠣᠷᠣᠨ ᠨᠤᠭᠤᠳ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠲᠠᠰᠤᠭ ᠨᠢᠭᠡᠴᠢ ᠶᠢ ᠲᠣᠳᠣᠷᠬᠠᠶᠢᠯᠠᠵᠤ᠂ ᠪᠣᠳᠠᠲᠠᠶ ᠡᠭᠦᠷᠭᠡ ᠶᠢ ᠬᠥᠮᠦᠨ ᠳᠤ ᠬᠦᠷᠲᠡᠯ᠎ᠡ ᠵᠠᠳᠠᠯᠬᠤ ᠶᠢᠨ ᠬᠠᠮᠲᠤ᠂ ᠭᠠᠷᠲᠠᠨ ᠭᠦᠶᠴᠡᠳᠬᠡᠬᠦ ᠶᠠᠪᠤᠴᠠ ᠪᠠ ᠬᠡᠷᠡᠭᠵᠢᠭᠦᠯᠬᠦ ᠨᠠᠷᠢᠨ ᠲᠦᠷᠢᠮ ᠢ ᠵᠦᠶᠯ ᠳᠠᠷᠠᠭᠠᠯᠠᠨ ᠲᠣᠳᠣᠷᠬᠠᠶᠢᠯᠠᠵᠤ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠰᠠᠶᠢᠲᠤᠷ ᠠᠳᠬᠤᠬᠤ ᠬᠡᠷᠡᠭᠲᠡᠶ᠃             ︵ᠬᠤᠶᠠᠷ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠡᠯ᠎ᠡ ᠲᠦᠷᠦᠭᠦᠯᠡᠬᠦ ᠰᠠᠯᠠᠭ᠎ᠠ ᠲᠠᠰᠤᠭ᠂ ᠨᠢᠭᠡᠴᠢ ᠨᠦᠭᠦᠳ ᠠᠵᠢᠯ ᠤᠨ ᠵᠢᠯᠣᠭᠤᠳᠣᠯᠭ᠎ᠠ ᠪᠠᠨ ᠴᠢᠩᠭᠠᠷᠠᠭᠤᠯᠵᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠲᠦᠷᠢᠮ ᠢ ᠪᠠᠶᠢᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠳᠤ ᠪᠠᠶᠢᠴᠠᠭᠠᠨ ᠰᠤᠳᠤᠯᠵᠤ ᠵᠢᠯᠣᠭᠤᠳᠬᠤ ᠶᠢ ᠭᠤᠤᠯᠳᠠᠯᠭ᠎ᠠ ᠲᠠᠢ ᠥᠷᠨᠢᠭᠦᠯᠵᠦ᠂ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠶᠳᠪᠦᠷᠢᠯᠡᠵᠦ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃             ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠣᠩᠬᠤᠪᠴᠢ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠪᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠥᠪᠡᠷ ᠤᠨ ᠵᠠᠭᠤᠴᠢᠯᠠᠭᠤᠷ ᠵᠡᠷᠭᠡ ᠳᠤ ᠲᠦᠰᠢᠭᠯᠡᠨ᠂ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠶᠡᠬᠡᠪᠡᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠲᠣᠬᠢᠲᠠᠢ ᠣᠷᠴᠢᠨ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ ᠡᠯ᠎ᠡ ᠬᠤᠰᠢᠭᠤ ᠣᠷᠣᠨ ᠤ ᠬᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠠᠯᠠᠱᠠ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃       1. ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠲᠤᠬᠠᠢ ᠭᠠᠷ ᠤᠨ ᠠᠪᠤᠯᠭ᠎ᠠ             2. ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠲᠤᠰᠢᠶᠠᠬᠤ             3. ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ                  4. ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠲᠤᠬᠠᠢ ᠭᠠᠷ ᠤᠨ ᠠᠪᠤᠯᠭ᠎ᠠ           5. ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ ᠤᠨ ᠲᠤᠬᠠᠢ ᠭᠠᠷ ᠤᠨ ᠠᠪᠤᠯᠭ᠎ᠠ          6. ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠤᠬᠠᠢ          7. ᠨᠢᠭᠡ ᠤᠳᠠᠭ᠎ᠠ ᠶᠢᠨ ᠴᠢᠨᠠᠷᠲᠠᠶ ᠠᠵᠢᠯ ᠦᠯᠡᠳᠡᠭᠡᠬᠦ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ            8. ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ           9. ᠠᠵᠢᠯ ᠣᠯᠭᠤᠯᠲᠠ ᠶᠢᠨ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ           10. ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠰᠤᠷᠭᠠᠯᠲᠠ ᠶᠢᠨ ᠨᠥᠬᠦᠪᠥᠷᠢ           11. ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ           12. ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠪᠠᠲᠤᠯᠠᠬᠤ ᠲᠤᠬᠠᠢ          13. ᠠᠵᠢᠯᠯᠠᠬᠤ ᠴᠠᠭ ᠢᠶᠠᠨ ᠠᠮᠢᠳᠤᠯᠢᠭ ᠢᠶᠠᠷ ᠲᠣᠬᠢᠷᠠᠭᠤᠯᠬᠤ ᠶᠢ ᠵᠣᠷᠢᠭᠵᠢᠭᠤᠯᠤᠨ᠎ᠠ             14. ᠠᠵᠢᠯ ᠠᠯᠳᠠᠬᠤ ᠶᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠲᠣᠭᠲᠠᠴᠠ             15. ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠲᠤᠬᠠᠢ ᠭᠠᠷ ᠤᠨ ᠠᠪᠤᠯᠭ᠎ᠠ             16. ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ             17. ᠠᠵᠢᠯ ᠠᠯᠳᠠᠭᠰᠠᠳ ᠤᠨ ᠨᠥᠬᠦᠪᠥᠷᠢ ᠮᠥᠩᠭᠦ ᠶᠢᠨ ᠲᠤᠬᠠᠢ ᠭᠠᠷ ᠤᠨ ᠠᠪᠤᠯᠭ᠎ᠠ             18. ᠲᠦᠷ ᠴᠠᠭ ᠤᠨ ᠠᠮᠢᠳᠤᠷᠠᠯ ᠤᠨ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ            19. ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠬᠠᠢ ᠭᠠᠷ ᠤᠨ ᠠᠪᠤᠯᠭ᠎ᠠ             20. ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠶᠯᠡᠰ ᠴᠣᠭᠴᠠᠯᠠᠬᠤ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ           21. ᠳᠡᠭᠡᠳᠦ ᠰᠤᠷᠭᠠᠭᠤᠯᠢ ᠠᠴᠠ ᠲᠡᠭᠦᠰᠦᠭᠰᠡᠨ ᠵᠠᠯᠠᠭᠤᠴᠤᠳ ᠤᠨ ᠳᠠᠳᠤᠯᠭ᠎ᠠ ᠶᠢᠨ ᠲᠤᠬᠠᠢ ᠭᠠᠷ ᠤᠨ ᠠᠪᠤᠯᠭ᠎ᠠ             22. ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ             23. ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠥᠷᠥᠯ ᠵᠦᠶᠯ ᠤᠨ ᠲᠤᠬᠠᠢ ᠭᠠᠷ ᠤᠨ ᠠᠪᠤᠯᠭ᠎ᠠ             24. ᠳᠡᠭᠡᠳᠦ ᠰᠤᠷᠭᠠᠭᠤᠯᠢ ᠲᠡᠭᠦᠰᠦᠭᠰᠡᠳ ᠲᠤ ᠴᠢᠳᠠᠪᠤᠷᠢᠲᠠᠨ ᠨᠥᠭᠡᠴᠡᠯᠡᠬᠦ ᠲᠥᠷᠥᠯ ᠵᠦᠶᠯ ᠤᠨ ᠲᠤᠬᠠᠢ ᠭᠠᠷ ᠤᠨ ᠠᠪᠤᠯᠭ᠎ᠠ             25. ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ           26. ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠭᠤᠯᠲᠠ ᠶᠢᠨ ᠲᠤᠬᠠᠢ ᠭᠠᠷ ᠤᠨ ᠠᠪᠤᠯᠭ᠎ᠠ                    ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号