ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
        ︵1︶ ᠠᠵᠢᠯ ᠲᠥᠷᠥᠯ ᠤᠨ ᠬᠦᠴᠢᠷᠳᠡᠯ ᠲᠠᠢ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠨ᠎ᠠ᠃ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠶ ᠠᠵᠢᠯ ᠲᠥᠷᠥᠯ ᠳᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠱᠠᠲᠤ ᠦᠶ᠎ᠡ ᠶᠢᠨ ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠬᠡᠪᠴᠢᠶ᠎ᠡ ᠶᠢ ᠤᠯᠤᠰ ᠠᠴᠠ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠥᠷᠭᠡᠳᠬᠡᠨ ᠬᠡᠷᠡᠭᠵᠢᠭᠦᠯᠬᠦ ᠳᠤ ᠬᠦᠴᠢᠷᠲᠡᠶ ᠨᠡᠷᠡᠰ ᠲᠤ ᠵᠢᠭᠰᠠᠭᠠᠨ ᠣᠷᠣᠭᠤᠯᠤᠭᠰᠠᠨ 17 ᠠᠵᠢᠯ ᠲᠥᠷᠥᠯ ᠳᠤ ᠬᠠᠷᠢᠶᠠᠯᠠᠭᠳᠠᠬᠤ ᠬᠦᠴᠢᠷᠳᠡᠯᠲᠡᠶ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠨ᠎ᠡ᠃ ᠬᠦᠷᠢᠶ᠎ᠡ ᠬᠡᠪᠴᠢᠶ᠎ᠡ ᠶᠢ ᠥᠷᠭᠡᠳᠬᠡᠬᠦ ᠠᠵᠢᠯ ᠲᠥᠷᠥᠯ ᠳᠤ ᠬᠠᠷᠢᠶᠠᠯᠠᠭᠳᠠᠬᠤ ᠬᠦᠴᠢᠷᠳᠡᠯ ᠲᠠᠢ ᠠᠵᠤ ᠠᠬᠤᠶᠢᠯᠠᠯ ᠨᠢ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠬᠤ ᠨᠢᠭᠡᠴᠢ ᠶᠢᠨ ᠲᠤᠰᠢᠶᠠᠬᠤ ᠬᠡᠰᠡᠭ ᠢ 2022 ᠣᠨ ᠤ ᠵᠢᠯ ᠤᠨ ᠡᠴᠦᠰ ᠪᠣᠯᠲᠠᠯ᠎ᠠ ᠲᠤᠰᠢᠶᠠᠵᠤ ᠪᠣᠯᠤᠨ᠎ᠠ᠃ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠲᠡᠮᠦᠷ ᠵᠠᠮ ᠤᠰᠤᠨ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠶ ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠵᠣᠬᠢᠴᠠᠩᠭᠤᠶ ᠪᠠᠷ 2022 ᠣᠨ ᠤ ᠵᠢᠯ ᠤᠨ ᠡᠴᠦᠰ ᠪᠣᠯᠲᠠᠯ᠎ᠠ ᠤᠷᠲᠤᠳᠬᠠᠵᠤ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠥᠯᠥ ᠬᠤᠷᠢᠶᠠᠨ᠎ᠠ᠃             ︵2︶ ᠬᠢᠵᠢᠭ ᠲᠠᠬᠤᠯ ᠤᠨ ᠬᠠᠯᠳᠠᠪᠤᠷᠢ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠭᠠᠵᠠᠷ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠨ᠎ᠠ᠃ ᠬᠢᠵᠢᠭ ᠲᠠᠬᠤᠯ ᠤᠨ ᠬᠠᠯᠳᠠᠪᠤᠷᠢ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠭᠠᠵᠠᠷ ᠣᠷᠣᠨ ᠤ ᠦᠶᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠲᠠᠢ ᠪᠣᠯᠤᠭᠰᠠᠨ ᠪᠣᠶ ᠪᠥᠬᠦᠶ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠢᠭᠡᠴᠢ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠠᠵᠤ ᠦᠶᠯᠡᠳᠪᠦᠷᠢ ᠬᠤᠳᠠᠯᠳᠤᠭᠠᠨ ᠤ ᠡᠷᠦᠬᠡ ᠨᠢ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠨᠢᠭᠡᠴᠢ ᠶᠢᠨ ᠲᠤᠰᠢᠶᠠᠬᠤ ᠬᠡᠰᠡᠭ ᠢ ᠬᠤᠶᠢᠰᠢᠯᠠᠭᠤᠯᠤᠨ ᠲᠤᠰᠢᠶᠠᠬᠤ ᠪᠠᠷ ᠭᠤᠶᠤᠴᠢᠯᠠᠵᠤ ᠪᠣᠯᠤᠨ᠎ᠠ᠂ ᠬᠡᠷᠡᠭᠵᠢᠭᠦᠯᠬᠦ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠬᠤᠶᠢᠰᠢᠯᠠᠭᠤᠯᠤᠨ ᠲᠤᠰᠢᠶᠠᠵᠤ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠶᠢ ᠭᠡᠯᠳᠦᠷᠢᠭᠦᠯᠦᠨ᠎ᠡ᠃ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠠᠵᠢᠯ ᠦᠢᠯᠡᠰ ᠤᠨ ᠨᠢᠭᠡᠴᠢ ᠵᠢᠴᠢ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠦᠶᠯᠡᠰ ᠤᠨ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠠᠰᠤᠭ ᠬᠠᠮᠵᠢᠯᠴᠠᠨ ᠭᠦᠢᠴᠡᠳᠬᠡᠨ᠎ᠡ            ᠭᠠᠷᠲᠠᠨ ᠭᠦᠶᠴᠡᠳᠬᠡᠬᠦ ᠳᠤ᠄             ︵1︶ ᠤᠯᠤᠰ ᠠᠴᠠ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠥᠷᠭᠡᠳᠬᠡᠨ ᠬᠡᠷᠡᠭᠵᠢᠭᠦᠯᠬᠦ ᠳᠤ ᠬᠦᠴᠢᠷᠲᠡᠶ ᠨᠡᠷᠡᠰ ᠲᠤ ᠵᠢᠭᠰᠠᠭᠠᠭᠳᠠᠭᠰᠠᠨ 17 ᠠᠵᠢᠯ ᠲᠥᠷᠥᠯ ᠳᠤ ᠬᠠᠷᠢᠶᠠᠯᠠᠭᠳᠠᠬᠤ ᠬᠦᠴᠢᠷᠳᠡᠯᠲᠡᠶ ᠠᠵᠤ ᠠᠬᠤᠶᠢᠯᠠᠯ ᠤᠳ ᠳᠠᠷᠠᠭᠠᠬᠢ ᠲᠠᠰ ᠳᠠᠷᠠᠭᠠᠯᠠᠯ ᠢᠶᠠᠷ ᠬᠤᠶᠢᠰᠢᠯᠠᠭᠤᠯᠤᠨ ᠲᠤᠰᠢᠶᠠᠬᠤ ᠭᠠᠷᠳᠠᠮ ᠢ ᠭᠦᠶᠴᠡᠳᠬᠡᠨ᠎ᠡ᠄            ① ᠮᠡᠳᠡᠭᠦᠯᠬᠦ ᠨᠢᠭᠡᠴᠢ ᠠᠴᠠ ︽ᠬᠦᠷᠢᠶ᠎ᠡ ᠬᠡᠪᠴᠢᠶ᠎ᠡ ᠶᠢ ᠥᠷᠭᠡᠳᠬᠡᠬᠦ ᠠᠵᠢᠯ ᠲᠥᠷᠥᠯ ᠤᠨ ᠬᠢᠵᠢᠭ ᠲᠠᠬᠤᠯ ᠤᠨ ᠬᠠᠯᠳᠠᠪᠤᠷᠢ ᠶᠢᠨ ᠨᠥᠯᠥᠭᠡ ᠠᠴᠠ ᠪᠣᠯᠵᠣ ᠦᠶᠯᠡᠳᠪᠦᠷᠢᠯᠡᠯ ᠡᠵᠡᠩᠨᠡᠯᠲᠡ ᠨᠢ ᠬᠦᠨᠳᠦ ᠨᠣᠴᠢᠲᠠᠶ ᠬᠦᠴᠢᠷᠳᠡᠯ ᠲᠠᠢ ᠠᠵᠤ ᠠᠬᠤᠶᠢᠯᠠᠯ ︵ᠨᠢᠭᠡᠴᠢ︶᠎ ᠤᠨ ᠬᠤᠶᠢᠰᠢᠯᠠᠭᠤᠯᠤᠨ ᠲᠤᠰᠢᠶᠠᠬᠤ ᠶᠢ ᠬᠦᠰᠡᠯᠲᠡ ᠪᠠᠨ ᠳᠡᠪᠰᠢᠭᠦᠯᠦᠨ ᠮᠡᠳᠡᠭᠦᠯᠬᠦ ᠶᠢ ᠦᠨᠡᠮᠰᠢᠭᠦᠯᠬᠦ ᠬᠦᠰᠦᠨᠦᠭᠲᠦ︾᠎ ᠶᠢ ᠲᠠᠭᠯᠠᠨ ᠪᠢᠴᠢᠬᠦ ᠶᠢᠨ ᠬᠠᠮᠲᠤ ᠲᠣᠰ ᠰᠠᠷ᠎ᠠ ᠶᠢᠨ ᠪᠠᠩᠬᠢ ᠳᠤ ᠮᠡᠳᠡᠭᠦᠯᠦᠭᠰᠡᠨ ᠢᠶᠠᠨ ᠠᠪᠴᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ ᠳᠠᠭᠠᠳᠬᠠᠯ ᠢ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠮᠡᠳᠡᠭᠦᠯᠦᠨ᠎ᠡ᠃            ② ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠠᠴᠠ ᠮᠡᠳᠡᠭᠦᠯᠦᠭᠰᠡᠨ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠪᠠᠩᠬᠢ ᠶᠢᠨ ᠴᠤᠪᠤᠷᠠᠯ ᠪᠠ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠲᠠᠢ ᠬᠠᠷᠢᠴᠠᠭᠤᠯᠵᠤ᠂ ᠮᠡᠳᠡᠭᠦᠯᠦᠭᠰᠡᠨ ᠨᠢᠭᠡᠴᠢ ᠶᠢᠨ ᠪᠡᠯᠡ ᠮᠥᠩᠭᠦ ᠶᠢᠨ ᠪᠠᠶᠢᠳᠠᠯ ᠢ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ᠎ᠠ᠃            ③ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ ᠱᠠᠲᠤᠨ ᠤ ᠠᠵᠢᠯ ᠲᠥᠷᠥᠯ ᠤᠨ ᠬᠦᠴᠢᠷᠳᠡᠯ ᠲᠠᠢ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠠᠵᠢᠯ ᠤᠨ ᠳᠤᠭᠤᠶᠢᠯᠠᠩ ᠳᠤ ᠮᠡᠳᠡᠭᠦᠯᠦᠨ ᠨᠤᠲᠠᠯᠠᠭᠤᠯᠵᠤ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠳ᠋ᠦᠩᠨᠡᠯᠲᠡ ᠭᠠᠷᠭᠠᠵᠤ᠂ 7 ᠠᠵᠢᠯᠯᠠᠬᠤ ᠡᠳᠦᠷ ᠤᠨ ᠳᠣᠲᠣᠷ᠎ᠠ ᠮᠡᠳᠡᠭᠦᠯᠦᠭᠰᠡᠨ ᠨᠢᠭᠡᠴᠢ ᠳᠤ ᠬᠠᠷᠢᠭᠤ ᠮᠡᠳᠡᠭᠦᠯᠦᠨ᠎ᠡ᠃ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠠᠳᠠᠯᠢ ᠱᠠᠲᠤᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠵᠡᠷᠭᠡᠪᠡᠷ ᠬᠠᠭᠤᠯᠤᠨ ᠬᠦᠷᠭᠡᠬᠦ ᠬᠡᠷᠡᠭᠲᠡᠶ᠃            ④ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠣᠭᠲᠠᠭᠠᠯ ᠶᠣᠰᠣᠭᠠᠷ ᠬᠤᠶᠢᠰᠢᠯᠠᠭᠤᠯᠤᠨ ᠲᠤᠰᠢᠶᠠᠬᠤ ᠶᠢᠨ ᠬᠠᠮᠲᠤ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠠᠬᠢ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠥᠯᠥ ᠬᠤᠷᠢᠶᠠᠬᠤ ᠶᠢ ᠬᠠᠷᠢᠭᠤᠴᠠᠨ᠎ᠠ᠃             ︵2︶ ᠬᠢᠵᠢᠭ ᠲᠠᠬᠤᠯ ᠤᠨ ᠬᠠᠯᠳᠠᠪᠤᠷᠢ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠭᠠᠵᠠᠷ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠳᠠᠷᠠᠭᠠᠬᠢ ᠲᠠᠰ ᠳᠠᠷᠠᠭᠠᠯᠠᠯ ᠢᠶᠠᠷ ᠬᠤᠶᠢᠰᠢᠯᠠᠭᠤᠯᠤᠨ ᠲᠤᠰᠢᠶᠠᠬᠤ ᠭᠠᠷᠳᠠᠮ ᠢ ᠭᠦᠶᠴᠡᠳᠬᠡᠨ᠎ᠡ᠄            ① ᠬᠢᠵᠢᠭ ᠲᠠᠬᠤᠯ ᠤᠨ ᠬᠠᠯᠳᠠᠪᠤᠷᠢ ᠶᠢᠨ ᠨᠥᠯᠥᠭᠡᠯᠡᠯ ᠢᠶᠠᠷ ᠬᠦᠨᠳᠦ ᠨᠣᠴᠢᠲᠠᠶ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠨᠢ 2020 ᠣᠨ ᠳᠤ ᠬᠡᠷᠡᠭᠵᠢᠭᠦᠯᠬᠦ ᠨᠡᠶᠢᠭᠡᠮ ᠤᠨ ᠳᠠᠭᠠᠳᠬᠠᠯ ᠤᠨ ᠰᠦᠶᠳᠬᠡᠯ ᠢ ︽ᠬᠠᠰᠤᠵᠤ ᠭᠡᠯᠳᠦᠷᠢᠭᠦᠯᠬᠦ ᠪᠠ ᠬᠤᠶᠢᠰᠢᠯᠠᠭᠤᠯᠬᠤ︾ ᠲᠥᠷᠥ ᠶᠢᠨ ᠪᠣᠳᠣᠯᠭ᠎ᠠ ᠶᠢᠨ ᠬᠡᠯᠪᠡᠷᠢ ᠬᠤᠪᠢᠶᠠᠭᠰᠠᠨ ᠳ᠋ᠦᠩᠨᠡᠯᠲᠡ ᠶᠢ ᠦᠨᠳᠦᠰᠦᠯᠡᠨ᠂ ᠬᠠᠮᠢᠶ᠎ᠠ ᠪᠥᠬᠦᠶ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠮᠡᠳᠡᠭᠳᠡᠬᠦ ᠪᠢᠴᠢᠭ ᠭᠠᠷᠭᠠᠵᠤ᠂ ᠠᠵᠤ ᠠᠬᠤᠶᠢᠯᠠᠯ ᠳᠤ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠰᠠᠶᠢᠨ ᠳᠤᠷ᠎ᠠ ᠠᠴᠠ ᠪᠠᠨ ᠰᠣᠩᠭᠤᠬᠤ ᠶᠢ ᠮᠡᠳᠡᠭᠳᠡᠨ᠎ᠡ᠃ 2020 ᠣᠨ ᠳᠤ ᠬᠡᠷᠡᠭᠵᠢᠭᠦᠯᠦᠭᠰᠡᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ︽ᠬᠠᠰᠤᠵᠤ ᠬᠡᠯᠲᠦᠷᠢᠭᠦᠯᠬᠦ ᠪᠠ ᠬᠤᠶᠢᠰᠢᠯᠠᠭᠤᠯᠬᠤ︾ ᠲᠥᠷᠥ ᠶᠢᠨ ᠪᠣᠳᠣᠯᠭ᠎ᠠ ᠶᠢᠨ ᠬᠡᠯᠪᠡᠷᠢ ᠬᠤᠪᠢᠶᠠᠬᠤ ᠬᠡᠪᠴᠢᠶᠡᠨ ᠳᠤ ᠣᠷᠣᠭᠤᠯᠤᠭᠰᠠᠨ ᠦᠭᠡᠶ᠂ 2020 ᠣᠨ ᠠᠴᠠ ᠰᠡᠭᠦᠯᠡᠷ ᠪᠠᠶᠢᠭᠤᠯᠤᠭᠳᠠᠭᠰᠠᠨ ᠵᠢᠴᠢ ᠬᠡᠯᠪᠡᠷᠢ ᠬᠤᠪᠢᠶᠠᠬᠤ ᠳ᠋ᠦᠩᠨᠡᠯᠲᠡ ᠳᠤ ᠣᠨᠳᠣᠣ ᠰᠠᠨᠠᠯ ᠲᠠᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠠᠴᠠ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠬᠢᠨᠠᠨ ᠲᠣᠭᠲᠠᠭᠠᠬᠤ ᠪᠠᠶᠢᠭᠤᠯᠤᠮᠵᠢ ᠳᠤ 2021 ᠣᠨ ᠤ ᠲᠣᠰ ᠨᠢᠭᠡᠴᠢ ᠶᠢᠨ ᠬᠠᠷᠢᠶ᠎ᠠ ᠠᠵᠢᠯ ᠲᠥᠷᠥᠯ᠂ ᠡᠵᠡᠩᠨᠡᠯᠲᠡ ᠶᠢᠨ ᠣᠷᠣᠯᠭ᠎ᠠ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠪᠠ 2021 ᠣᠨ ᠤ 12 ᠳ᠋ᠤᠭᠠᠷ ᠰᠠᠷ᠎ᠠ ᠶᠢᠨ ᠪᠣᠳᠠᠲᠠᠶ ᠠᠵᠢᠯ ᠡᠷᠭᠢᠯᠡᠬᠦ ᠬᠥᠮᠦᠨ ᠤ ᠲᠤᠭ᠎ᠠ ᠪᠠᠨ ᠲᠤᠰᠢᠶᠠᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠨᠤᠲᠠᠯᠠᠭᠤᠯᠤᠨ᠎ᠠ᠃            ② ᠬᠢᠵᠢᠭ ᠲᠠᠬᠤᠯ ᠤᠨ ᠬᠠᠯᠳᠠᠪᠤᠷᠢ ᠶᠢᠨ ᠨᠥᠯᠥᠭᠡ ᠠᠴᠠ ᠪᠣᠯᠵᠣ ᠬᠦᠨᠳᠦ ᠨᠣᠴᠢᠲᠠᠶ ᠭᠠᠵᠠᠷ ᠣᠷᠣᠨ ᠤ ᠦᠶᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠲᠠᠢ ᠪᠣᠯᠤᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠬᠤᠶᠢᠰᠢᠯᠠᠭᠤᠯᠤᠨ ᠲᠤᠰᠢᠶᠠᠯᠭᠠᠬᠤ ᠬᠦᠰᠡᠯᠲᠡ ᠪᠠᠨ ᠳᠡᠪᠰᠢᠭᠦᠯᠦᠨ᠎ᠡ᠃ ᠬᠤᠶᠢᠰᠢᠯᠠᠭᠤᠯᠤᠨ ᠲᠤᠰᠢᠶᠠᠬᠤ ᠨᠥᠬᠦᠴᠡᠯ ᠳᠤ ᠨᠡᠶᠢᠴᠡᠪᠡᠯ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠠᠴᠠ ᠠᠳᠠᠯᠢ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠳᠡᠵᠦ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠬᠤᠶᠢᠰᠢᠯᠠᠭᠤᠯᠤᠨ ᠲᠤᠰᠢᠶᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠮᠡᠳᠡᠭᠦᠯᠦᠭᠰᠡᠨ ᠨᠢᠭᠡᠴᠢ ᠳᠤ ᠬᠤᠶᠢᠰᠢᠯᠠᠭᠤᠯᠤᠨ ᠲᠤᠰᠢᠶᠠᠬᠤ ᠥᠬᠡᠶ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃         ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号