ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠰᠤᠷᠭᠠᠯᠲᠠ ᠶᠢᠨ ᠨᠥᠬᠦᠪᠥᠷᠢ
ᠨᠡᠶᠢᠲᠡᠯᠡᠭᠰᠡᠨ ᠴᠠᠭ᠄
2023/12/20
           ᠲᠤᠰᠬᠠᠶ ᠳᠠᠩᠰᠠᠨ ᠤ ᠪᠡᠯᠡ ᠮᠥᠩᠭᠦ ᠶᠢᠨ ᠨᠥᠬᠦᠪᠥᠷᠢ ᠶᠢᠨ ᠪᠠᠷᠢᠮᠵᠢᠶ᠎ᠠ ᠪᠠ ᠬᠡᠷᠡᠭᠯᠡᠬᠦ ᠬᠡᠪᠴᠢᠶ᠎ᠡ ᠶᠢ ᠥᠪᠡᠷᠲᠡᠭᠡᠨ ᠵᠠᠰᠠᠬᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠶᠣᠰᠣᠭᠠᠷ ᠂ ᠡᠳ᠋ ᠤᠨ ᠵᠠᠰᠠᠭ ᠤᠨ ᠲᠢᠩᠬᠢᠮ ᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠ ᠶᠢᠨ ᠪᠠᠯᠠ ᠮᠥᠩᠭᠦ ᠶᠢᠨ ᠬᠡᠷᠡᠭᠯᠡᠯᠲᠡ ᠲᠣᠰ ᠲᠥᠷᠥ ᠶᠢᠨ ᠪᠣᠳᠣᠯᠭ᠎ᠠ ᠶᠢᠨ ᠭᠠᠷᠭᠠᠨ ᠠᠪᠬᠤ ᠬᠤᠭᠤᠴᠠᠭ᠎ᠠ ᠨᠢ 2022 ᠣᠨ ᠤ 12 ᠰᠠᠷ᠎ᠠ ᠶᠢᠨ 31᠎ ᠤ ᠡᠳᠦᠷ ᠪᠣᠯᠤᠨ᠎ᠠ᠃ ᠡᠯ᠎ᠡ ᠬᠤᠰᠢᠭᠤ ᠣᠷᠣᠨ ᠨᠤᠭᠤᠳ ︽ᠨᠥᠬᠦᠪᠥᠷᠢᠯᠡᠬᠦ ᠪᠦᠬᠦᠨ ᠢ ᠵᠠᠪᠠᠯ ᠣᠷᠣᠭᠤᠯᠬᠤ᠂ ᠣᠷᠣᠭᠤᠯᠬᠤ ᠥᠬᠡᠶ ᠪᠣᠯ ᠨᠥᠬᠦᠪᠥᠷᠢᠯᠡᠬᠦ ᠥᠬᠡᠶ︾ ᠪᠠᠶᠢᠬᠤ ᠵᠠᠷᠴᠢᠮ ᠢ ᠪᠠᠷᠢᠮᠲᠠᠯᠠᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠯᠲᠠ ᠶᠢᠨ ᠪᠠᠯᠠ ᠮᠥᠩᠭᠦ ᠶᠢ ᠰᠠᠶᠢᠲᠤᠷ ᠬᠠᠮᠢᠶᠠᠷᠴᠤ ᠴᠢᠩᠭ᠎ᠠ ᠬᠠᠮᠢᠶᠠᠷᠬᠤ ᠬᠡᠷᠡᠭᠲᠡᠶ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠠᠯᠠᠭ᠎ᠠ᠂ ᠰᠠᠭᠤᠷᠢ ᠮᠥᠩᠭᠦ ᠶᠢᠨ ᠪᠠᠯᠠ ᠮᠥᠩᠭᠦ ᠶᠢᠨ ᠬᠢᠨᠠᠯᠲᠠ ᠶᠢᠨ ᠲᠠᠰᠤᠭ ᠬᠠᠮᠵᠢᠯᠴᠠᠨ ᠭᠦᠢᠴᠡᠳᠬᠡᠨ᠎ᠡ            ᠭᠠᠷᠲᠠᠨ ᠭᠦᠶᠴᠡᠳᠬᠡᠬᠦ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠵᠦ ᠠᠵᠢᠯ ᠠᠯᠳᠠᠯᠲᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠬᠥᠮᠦᠨ ᠤ ᠳᠡᠭᠡᠷ᠎ᠡ ᠵᠢᠯ ᠤᠨ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠤᠷᠠᠮᠳᠤᠯ ᠦᠯᠡᠳᠡᠪᠦᠷᠢ ᠶᠢᠨ ᠪᠡᠯᠡᠳᠬᠡᠯ ᠬᠤᠭᠤᠴᠠᠭ᠎ᠠ ᠨᠢ 2 ᠵᠢᠯ ᠠᠴᠠ ᠳᠡᠭᠡᠭᠰᠢ ᠪᠠᠶᠢᠵᠤ᠂ ᠡᠭᠦᠨ ᠤ ᠬᠠᠮᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠᠨ ᠤ ᠪᠠᠯᠠ ᠮᠥᠩᠭᠦ ᠬᠦᠷᠦᠯᠴᠡᠬᠦ ᠥᠬᠡᠶ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ᠂ ᠡᠯ᠎ᠡ ᠵᠦᠶᠯ ᠤᠨ ᠠᠮᠢᠳᠤᠷᠠᠯ ᠢ ᠪᠠᠲᠤᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ᠂ ᠨᠡᠶᠢᠲᠡ ᠦᠯᠡᠳᠡᠪᠦᠷᠢ ᠶᠢᠨ 5%᠎ ᠠᠴᠠ ᠬᠡᠲᠦᠷᠡᠬᠦ ᠥᠬᠡᠶ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠭᠠᠷᠭᠠᠨ ᠠᠪᠴᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠶ ᠲᠠᠩᠰᠠᠨ ᠤ ᠪᠠᠯᠠ ᠮᠥᠩᠭᠦ ᠳᠤ ᠣᠷᠣᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ ᠪᠣᠯᠤᠨ᠎ᠠ᠃ ᠲᠤᠰᠬᠠᠶ ᠲᠠᠩᠰᠠ ᠶᠢᠨ ᠪᠠᠯᠠ ᠮᠥᠩᠭᠦ ᠬᠦᠷᠦᠯᠴᠡᠬᠦ ᠥᠬᠡᠶ ᠠᠶᠢᠮᠠᠭ ᠬᠤᠲᠠ ᠳᠤ ᠥᠪᠡᠷᠲᠡᠭᠡᠨ ᠵᠠᠰᠠᠬᠤ ᠣᠷᠣᠨ ᠠᠴᠠ ᠲᠣᠬᠢᠷᠠᠭᠤᠯᠤᠯᠲᠠ ᠬᠢᠨ᠎ᠠ᠃             ︵1︶ ᠠᠵᠤ ᠠᠬᠤᠶᠢᠯᠠᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠨᠢ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠵᠢᠯ ᠣᠯᠭᠤᠬᠤ ᠭᠤᠤᠯᠳᠠᠯᠭ᠎ᠠ ᠲᠠᠢ ᠬᠠᠮᠲᠤᠯᠢᠭ ᠂ ᠶᠠᠳᠠᠭᠤᠷᠠᠯ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠵᠡᠷᠭᠡ ᠨᠥᠬᠦᠪᠥᠷᠢ ᠶᠢᠨ ᠴᠢᠨᠠᠷᠲᠠᠶ ᠰᠤᠷᠭᠠᠯᠲᠠ ᠶᠢᠨ ᠨᠥᠬᠦᠴᠡᠯ ᠳᠤ ᠨᠡᠶᠢᠴᠡᠬᠦ ᠬᠥᠮᠦᠰ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠤᠯ ᠥᠷᠨᠢᠭᠦᠯᠬᠦ ᠠᠴᠠ ᠡᠮᠦᠨ᠎ᠡ᠂ ᠬᠠᠷᠢᠶ᠎ᠠ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠲᠤ ᠬᠦᠰᠡᠯᠲᠡ ᠪᠠᠨ ᠳᠡᠪᠰᠢᠭᠦᠯᠦᠨ᠎ᠡ᠃             ︵2︶ ᠠᠵᠤ ᠠᠬᠤᠶᠢᠯᠠᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠠᠴᠠ ᠠᠩᠭᠢ ᠡᠬᠢᠯᠡᠬᠦ ᠭᠤᠶᠤᠴᠢᠯᠠᠯ᠂ ᠰᠣᠷᠣᠭᠴᠢ ᠶᠢᠨ ᠮᠡᠳᠡᠭᠡ ᠵᠠᠩᠭᠢ᠂ ᠵᠢᠭᠠᠨ ᠰᠤᠷᠭᠠᠯᠲᠠ ᠶᠢᠨ ᠲᠥᠯᠥᠪᠯᠡᠭᠡ᠂ ᠠᠩᠭᠢ ᠶᠢᠨ ᠬᠤᠭᠤᠴᠠᠭᠠᠨ ᠤ ᠮᠡᠳᠡᠭᠡ ᠵᠠᠩᠭᠢ᠂ ᠪᠠᠭᠰᠢ ᠶᠢᠨ ᠮᠡᠳᠡᠭᠡ ᠵᠠᠩᠭᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠨ᠎ᠠ᠃             ︵3︶ ᠠᠵᠢᠯ ᠣᠯᠭᠤᠬᠤ ᠰᠠᠯᠠᠭ᠎ᠠ ᠮᠥᠴᠢᠷ ᠨᠢ ᠠᠵᠤ ᠠᠬᠤᠶᠢᠯᠠᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠶᠢᠨ ᠬᠦᠰᠡᠯᠲᠡ ᠶᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠪᠡᠯᠡᠳᠬᠡᠬᠦ ᠮᠠᠲ᠋ᠧᠷᠢᠶᠠᠯ ᠨᠢ ᠪᠦᠷᠢᠨ ᠪᠤᠰᠤ ᠪᠤᠶᠤ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠪᠥᠬᠦ ᠠᠭᠤᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃             ︵4︶ ᠪᠣᠯᠪᠠᠰᠤᠷᠠᠯ ᠳᠤ ᠣᠷᠣᠯᠴᠠᠭᠰᠠᠳ ᠪᠣᠯᠪᠠᠰᠤᠷᠠᠯ ᠳᠤ ᠣᠷᠣᠯᠴᠠᠭᠠᠳ ᠦᠨᠡᠮᠯᠡᠯ ︵ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ᠂ ᠲᠤᠰᠬᠠᠶ ᠵᠦᠢᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ᠂ ᠣᠨᠴᠠ ᠲᠦᠷᠦᠯ ᠤᠨ ᠠᠵᠢᠯ ᠬᠢᠬᠦ ᠦᠨᠡᠮᠯᠡᠯ ᠂ ᠪᠣᠯᠪᠠᠰᠤᠷᠠᠯ ᠳᠤ ᠬᠢᠷᠢ ᠲᠡᠩᠴᠡᠭᠰᠡᠨ ᠦᠨᠡᠮᠯᠡᠯ︶ ᠣᠯᠤᠭᠰᠠᠨ ᠤ ᠲᠠᠷᠠᠭ᠎ᠠ᠂ ᠲᠣᠭᠲᠠᠭᠠᠯ ᠶᠣᠰᠣᠭᠠᠷ ᠠᠵᠢᠯ ᠮᠡᠷᠭᠡᠵᠢᠯ ᠤᠨ ᠪᠣᠯᠪᠠᠰᠤᠷᠠᠯ ᠤᠨ ᠨᠥᠬᠦᠪᠥᠷᠢ ᠣᠯᠭᠤᠨ᠎ᠠ᠃             ︵5︶ ᠠᠵᠤ ᠠᠬᠤᠶᠢᠯᠠᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ᠂ ᠬᠤᠪᠢ ᠬᠥᠮᠦᠨ ᠬᠠᠷᠢᠶ᠎ᠠ ᠭᠠᠵᠠᠷ ᠤᠨ ᠠᠵᠢᠯ ᠣᠯᠭᠤᠬᠤ ᠰᠠᠯᠠᠭ᠎ᠠ ᠮᠥᠴᠢᠷ ᠲᠤ ᠨᠥᠬᠦᠪᠥᠷᠢ ᠬᠦᠰᠡᠯᠲᠡ ᠪᠠᠨ ᠳᠡᠪᠰᠢᠭᠦᠯᠬᠦ ᠭᠤᠶᠤᠴᠢᠯᠠᠯ ᠭᠠᠷᠭᠠᠵᠤ᠂ ᠠᠵᠢᠯ ᠣᠯᠭᠤᠬᠤ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠳᠠᠷᠠᠭ᠎ᠠ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠶᠢᠨ ᠬᠠᠮᠲᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠳᠤ ᠣᠨᠳᠣᠤ ᠰᠠᠨᠠᠯ ᠥᠬᠡᠶ ᠪᠣᠯ ᠲᠣᠭᠲᠠᠭᠠᠯ ᠶᠣᠰᠣᠭᠠᠷ ᠵᠣᠭᠤᠰ ᠥᠭᠭᠦᠨ᠎ᠡ᠃             ︵6︶ ᠠᠵᠤ ᠠᠬᠤᠶᠢᠯᠠᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠶᠢᠨ ᠣᠷᠣᠯᠠᠨ ᠬᠦᠰᠡᠯᠲᠡ ᠪᠠᠨ ᠳᠡᠪᠰᠢᠭᠦᠯᠬᠦ ᠪᠤᠶᠤ ᠰᠢᠭᠤᠳ ᠨᠥᠬᠦᠪᠥᠷᠢᠯᠡᠬᠦ ᠠᠵᠤ ᠠᠬᠤᠶᠢᠯᠠᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠶᠢᠨ ᠰᠤᠷᠭᠠᠯᠲᠠ ᠶᠢᠨ ᠨᠥᠬᠦᠪᠥᠷᠢ ᠮᠥᠩᠭᠦ ᠶᠢ ᠲᠣᠭᠲᠠᠭᠠᠯ ᠶᠣᠰᠣᠭᠠᠷ ᠠᠵᠤ ᠠᠬᠤᠶᠢᠯᠠᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠯᠲᠠ ᠶᠢᠨ ᠪᠠᠶᠢᠭᠤᠯᠤᠮᠵᠢ ᠶᠢᠨ ᠪᠠᠩᠬᠢ ᠶᠢᠨ ᠲᠠᠩᠰᠠᠨ ᠡᠷᠦᠬᠡ ᠳᠤ ᠥᠭᠭᠦᠨ᠎ᠡ᠃ ᠬᠤᠪᠢ ᠬᠥᠮᠦᠨ ᠤ ᠭᠤᠶᠤᠴᠢᠯᠠᠭᠰᠠᠨ ᠰᠤᠷᠭᠠᠯᠲᠠ ᠶᠢᠨ ᠨᠥᠬᠦᠪᠥᠷᠢ ᠪᠤᠶᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢᠨ ᠪᠠᠯᠠ ᠮᠥᠩᠭᠦ ᠶᠢ ᠲᠣᠭᠲᠠᠭᠠᠯ ᠶᠣᠰᠣᠭᠠᠷ ᠬᠦᠰᠡᠯᠲᠡ ᠭᠠᠷᠭᠠᠭᠰᠠᠨ ᠬᠥᠮᠥᠰ ᠶᠢᠨ ᠲᠣᠰ ᠬᠥᠮᠦᠨ ᠤ ᠪᠠᠩᠬᠢ ᠶᠢᠨ ᠲᠠᠩᠰᠠᠨ ᠡᠷᠦᠬᠡ ᠪᠤᠶᠤ ᠬᠤᠪᠢ ᠬᠥᠮᠦᠨ ᠤ ᠢᠲᠡᠭᠡᠮᠵᠢ ᠶᠢᠨ ᠲᠠᠩᠰᠠᠨ ᠡᠷᠦᠬᠡ ᠳᠤ ᠥᠭᠬᠦ ᠬᠡᠷᠡᠭᠲᠡᠶ᠃           ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号