| | | ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠪᠠ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠤᠭᠰᠠᠨ ᠪᠠᠶᠢᠪᠠᠯ᠂ | ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠬᠦᠰᠡᠯᠲᠡ ᠪᠠᠨ ᠳᠡᠪᠰᠢᠭᠦᠯᠦᠨ ᠠᠪᠴᠤ ᠪᠣᠯᠤᠨ᠎ᠠ᠃ ᠠᠩᠬ᠎ᠠ | ᠵᠡᠷᠭᠡ ᠶᠢᠨ ︵ᠲᠠᠪᠤᠳᠤᠭᠠᠷ ᠲᠠᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠨᠥᠬᠦᠪᠥᠷᠢ ᠶᠢᠨ ᠪᠠᠷᠢᠮᠵᠢᠶ᠎ᠠ ᠨᠢ 1000 | ᠲᠥᠭᠦᠷᠢᠭ᠃ ᠳᠤᠮᠳᠠ ᠵᠡᠷᠭᠡ ᠶᠢᠨ ︵ᠳᠥᠷᠪᠡᠳᠦᠭᠡᠷ ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ | ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠨᠥᠬᠦᠪᠥᠷᠢ ᠶᠢᠨ ᠪᠠᠷᠢᠮᠵᠢᠶ᠎ᠠ ᠨᠢ | 1500 ᠲᠥᠭᠦᠷᠢᠭ᠃ ᠳᠡᠭᠡᠳᠦ ᠵᠡᠷᠭᠡ ᠶᠢᠨ ︵ᠭᠤᠷᠪᠠᠳᠤᠭᠠᠷ ᠳᠡᠰ︶ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠤᠨ ᠨᠥᠬᠦᠪᠥᠷᠢ ᠶᠢᠨ | ᠪᠠᠷᠢᠮᠵᠢᠶ᠎ᠠ ᠨᠢ 2000 ᠲᠥᠭᠦᠷᠢᠭ ᠪᠣᠯᠤᠨ᠎ᠠ᠃ ᠠᠳᠠᠯᠢ ᠨᠢᠭᠡ ᠠᠵᠢᠯ ᠮᠡᠷᠭᠡᠵᠢᠯ ︵ᠠᠵᠢᠯ ᠲᠥᠷᠥᠯ︶ ᠤᠨ ᠠᠳᠠᠯᠢ | ᠨᠢᠭᠡ ᠲᠠᠰ ᠨᠢ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠶᠢ ᠨᠢᠭᠡ ᠯᠡ ᠤᠳᠠᠭ᠎ᠠ ᠬᠦᠰᠡᠯᠲᠡ ᠪᠠᠨ | ᠳᠡᠪᠰᠢᠭᠦᠯᠬᠦ ᠶᠢᠨ ᠬᠠᠮᠲᠤ ᠭᠥᠷᠳᠡᠨ᠎ᠡ᠃ ᠬᠥᠮᠦᠨ ᠪᠦᠷᠢ ᠶᠢᠨ ᠵᠢᠯ ᠪᠦᠷᠢ ᠶᠢᠨ ᠤᠯᠬᠤ ᠨᠥᠬᠦᠪᠥᠷᠢ ᠮᠥᠩᠭᠦ ᠶᠢᠨ | ᠲᠤᠭ᠎ᠠ ᠶᠢ ᠭᠤᠷᠪᠠ ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ | | ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ | ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠠᠯᠠᠭ᠎ᠠ᠂ ᠠᠯᠠᠱᠠ | ᠠᠶᠢᠮᠠᠭ ᠤᠨ ᠨᠡᠶᠢᠭᠡᠮ ᠤᠨ ᠳᠠᠭᠠᠳᠬᠠᠯ ᠤᠨ | | ᠭᠠᠷᠲᠠᠨ ᠭᠦᠶᠴᠡᠳᠬᠡᠬᠦ ᠳᠤ᠄ | | ︵1︶ ᠬᠦᠰᠡᠯᠲᠡ ᠪᠠᠨ ᠳᠡᠪᠰᠢᠭᠦᠯᠦᠨ ᠠᠪᠤᠭᠴᠢ ᠪᠡᠶ᠎ᠡ ᠶᠢᠨ ᠦᠨᠡᠮᠯᠡᠯ ᠪᠤᠶᠤ ᠨᠡᠶᠢᠭᠡᠮ ᠤᠨ | ᠪᠠᠲᠤᠯᠠᠭ᠎ᠠ ᠶᠢᠨ ᠺᠠᠷᠲ ᠢᠶᠠᠨ ᠠᠪᠴᠤ ᠲᠣᠰ ᠬᠥᠮᠦᠨ ᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ | ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠣᠴᠢᠵᠤ | ᠬᠦᠰᠡᠯᠲᠡ ᠪᠠᠨ ᠳᠡᠪᠰᠢᠭᠦᠯᠦᠨ ᠠᠪᠤᠪᠠᠯ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ | ᠦᠨᠡᠮᠯᠡᠯ ᠢᠶᠠᠨ ᠠᠪᠴᠤ ᠶᠠᠪᠤᠬᠤ ᠳᠤ ᠣᠭ ᠮᠠᠲ᠋ᠧᠷᠢᠶᠠᠯ ᠢ ᠨᠢ ᠠᠪᠴᠤ ᠶᠠᠪᠤᠬᠤ ᠬᠡᠷᠡᠭᠲᠡᠶ᠃ | | ︵2︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶ᠎ᠡ ︵http://rst.nmg.gov.cn/︶ ᠶᠢᠨ | ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠤᠨ ᠬᠤᠪᠢ ᠬᠥᠮᠦᠨ ᠤ ᠬᠡᠷᠡᠭ ᠡᠷᠭᠢᠯᠡᠬᠦ ᠲᠤᠰᠬᠠᠶ ᠪᠤᠯᠤᠩ ᠳᠤ | ᠭᠠᠷᠴᠤ ᠭᠦᠢᠴᠡᠳᠬᠡᠨ᠎ᠡ᠃ | | ︵3︶ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠭᠠᠷ ᠤᠲᠠᠰᠤᠨ ᠤ APP ᠪᠠᠷ ᠳᠠᠮᠵᠢᠭᠤᠯᠤᠨ ᠭᠦᠢᠴᠡᠳᠬᠡᠨ᠎ᠡ᠃ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ | | | | |