ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
             ᠨᠢᠭᠡᠴᠢ ᠶᠢᠨ ᠡᠯᠰᠡᠨ ᠬᠡᠷᠡᠭᠯᠡᠭᠰᠡᠨ ᠮᠠᠯᠴᠢᠨ ᠲᠠᠷᠢᠶᠠᠴᠢᠨ ᠬᠥᠯᠥᠰᠦᠨ ᠤ ᠠᠵᠢᠯᠲᠠᠳ ᠦᠷᠭᠦᠯᠵᠢᠯᠡᠨ ᠪᠦᠬᠦᠯᠢ 1 ᠵᠢᠯ ᠠᠵᠢᠯᠯᠠᠭᠰᠠᠨ ᠪᠥᠭᠡᠳ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠨᠢᠭᠡᠨᠲᠡ ᠲᠤᠰᠢᠶᠠᠵᠤ᠂ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠳᠦᠭᠦᠷᠦᠭᠡᠳ ᠦᠷᠭᠦᠯᠵᠢᠯᠡᠨ ᠲᠣᠭᠲᠠᠭᠠᠭᠰᠠᠨ ᠥᠭᠡᠢ ᠪᠤᠶᠤ ᠬᠥᠳᠡᠯᠮᠦᠷᠢ ᠶᠢᠨ ᠭᠡᠷ᠎ᠡ ᠪᠠᠨ ᠤᠷᠢᠳᠴᠢᠯᠠᠨ ᠴᠤᠴᠠᠯᠤᠭᠰᠠᠨ ᠪᠠᠶᠢᠪᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠶᠠᠪᠤᠳᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠠᠴᠠ ᠲᠡᠭᠦᠨ ᠤ ᠠᠵᠢᠯᠯᠠᠬᠤ ᠴᠠᠭ ᠤᠨ ᠤᠷᠳᠤ ᠣᠬᠤᠷ ᠢ ᠦᠨᠳᠦᠰᠦᠯᠡᠨ᠂ ᠨᠢᠭᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠥᠭᠭᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ            ᠭᠠᠷᠲᠠᠨ ᠭᠦᠶᠴᠡᠳᠬᠡᠬᠦ ᠳᠤ᠄             ︵1︶ ᠠᠵᠢᠯ ᠠᠯᠳᠠᠭᠰᠠᠨ ᠮᠠᠯᠴᠢᠨ ᠲᠠᠷᠢᠶᠠᠴᠢᠨ ᠬᠥᠯᠥᠰᠦᠨ ᠤ ᠠᠵᠢᠯᠲᠠᠳ ᠪᠡᠶ᠎ᠡ ᠶᠢᠨ ᠦᠨᠡᠮᠯᠡᠯ ᠪᠤᠶᠤ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠳᠤ ᠣᠴᠢᠵᠤ ᠬᠦᠰᠡᠯᠲᠡ ᠪᠠᠨ ᠳᠡᠪᠰᠢᠭᠦᠯᠦᠨ ᠠᠪᠴᠤ ᠪᠣᠯᠤᠨ᠎ᠠ᠃             ︵2︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵http://rst.nmg.gov.cn/᠎ ᠶᠢᠨ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠤᠨ ᠬᠤᠪᠢ ᠬᠥᠮᠦᠨ ᠤ ᠬᠡᠷᠡᠭ ᠡᠷᠭᠢᠯᠡᠬᠦ ᠲᠤᠰᠬᠠᠶ ᠪᠤᠯᠤᠩ ᠢᠶᠠᠷ ᠳᠠᠮᠵᠢᠭᠤᠯᠤᠨ ᠭᠦᠢᠴᠡᠳᠬᠡᠨ᠎ᠡ᠃             ︵3︶ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠠᠷ ᠤᠲᠠᠰᠤᠨ ᠤ APP᠎ ᠪᠠᠷ ᠳᠠᠮᠵᠢᠭᠤᠯᠤᠨ ᠭᠦᠢᠴᠡᠳᠬᠡᠨ᠎ᠡ᠃             ︵4︶ ᠤᠯᠤᠰ ᠤᠨ ᠨᠡᠶᠢᠭᠡᠮ ᠤᠨ ᠳᠠᠭᠠᠳᠬᠠᠯ ᠤᠨ ᠦᠶᠯᠡᠴᠢᠯᠡᠭᠡᠨ ᠤ ᠲᠠᠪᠴᠠᠩ ︵http://si.12333.gov.cn/index︶᠎ ᠤᠨ ᠬᠠᠷᠠᠭᠠᠯᠵᠠᠯ ᠬᠦᠰᠡᠯᠲᠡ ᠪᠠᠨ ᠳᠡᠪᠰᠢᠭᠦᠯᠬᠦ ᠲᠤᠰᠬᠠᠶ ᠪᠤᠯᠤᠩ ᠢᠶᠠᠷ ᠳᠠᠮᠵᠢᠭᠤᠯᠤᠨ ᠭᠦᠢᠴᠡᠳᠬᠡᠨ᠎ᠡ᠃             ︵5︶ ᠲᠣᠭᠠᠴᠠᠭ᠎ᠠ ᠡᠷᠳᠡᠨᠢ᠂ ᠸᠢᠴᠠᠲ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠴᠠᠬᠢᠮ ᠦᠶᠯᠡᠴᠢᠯᠡᠭᠡ ᠪᠠᠷ ᠳᠠᠮᠵᠢᠭᠤᠯᠤᠨ ᠭᠦᠢᠴᠡᠳᠬᠡᠨ᠎ᠡ᠃        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号