ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠶᠯᠡᠰ ᠴᠣᠭᠴᠠᠯᠠᠬᠤ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
           ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠶᠠᠳᠠᠭᠤᠷᠠᠯ ᠠᠴᠠ ᠠᠩᠭᠢᠵᠢᠷᠠᠭᠰᠠᠨ ᠬᠥᠮᠦᠨ ᠠᠮᠠ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠡᠷᠭᠢᠯᠡᠭᠰᠡᠨ ᠪᠤᠶᠤ ᠬᠤᠪᠢ ᠶᠢᠨ ᠡᠵᠡᠩᠨᠡᠯᠲᠡ ᠶᠢ ᠡᠷᠭᠢᠯᠡᠭᠰᠡᠨ ᠪᠥᠭᠡᠳ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ ᠪᠠᠶᠢᠪᠠᠯ 5000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠳᠠᠯ ᠦᠶᠯᠡᠰ ᠴᠣᠭᠴᠠᠯᠠᠬᠤ ᠨᠥᠬᠦᠪᠥᠷᠢ ᠣᠯᠭᠤᠨ᠎ᠠ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ            ᠭᠠᠷᠲᠠᠨ ᠭᠦᠶᠴᠡᠳᠬᠡᠬᠦ ᠳᠤ᠄ ᠬᠦᠰᠡᠯᠲᠡ ᠭᠠᠷᠭᠠᠭᠰᠠᠨ ᠬᠥᠮᠥᠰ ᠶᠢᠨ ᠲᠣᠭᠲᠠᠭᠠᠯ ᠶᠣᠰᠣᠭᠠᠷ ᠬᠦᠰᠡᠯᠲᠡ ᠪᠠᠨ ᠳᠡᠪᠰᠢᠭᠦᠯᠬᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠬᠦᠰᠡᠯᠲᠡ ᠭᠠᠷᠭᠠᠭᠰᠠᠨ ᠬᠥᠮᠥᠰ ᠶᠢᠨ ᠬᠢᠷᠢ ᠬᠡᠮ ᠢ ᠬᠢᠨᠠᠨ ᠬᠠᠷᠭᠤᠭᠤᠯᠬᠤ᠂ ᠲᠤᠬᠠᠶ ᠶᠢᠨ ᠲᠠᠯᠠᠪᠤᠷ ᠲᠤᠨᠢ ᠡᠵᠡᠩᠨᠡᠯᠲᠡ ᠶᠢᠨ ᠪᠠᠶᠢᠳᠠᠯ ᠢ ᠬᠢᠨᠠᠨ ᠬᠠᠷᠭᠤᠭᠤᠯᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠨᠥᠬᠦᠪᠥᠷᠢ ᠰᠠᠯᠭᠠᠨ ᠥᠭᠬᠦ ᠴᠤᠪᠤᠷᠠᠯ ᠤᠨ ᠶᠣᠰᠣᠭᠠᠷ ᠭᠦᠶᠴᠡᠳᠬᠡᠨ᠎ᠡ᠃              ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号