ᠳᠡᠭᠡᠳᠦ ᠰᠤᠷᠭᠠᠭᠤᠯᠢ ᠠᠴᠠ ᠲᠡᠭᠦᠰᠦᠭᠰᠡᠨ ᠵᠠᠯᠠᠭᠤᠴᠤᠳ ᠤᠨ ᠳᠠᠳᠤᠯᠭ᠎ᠠ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
           ᠤᠯᠠᠨ ᠡᠰᠢᠴᠢᠯᠡᠨ ᠴᠤᠭᠯᠠᠭᠤᠯᠬᠤ᠂ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠴᠢᠬᠤᠯᠠᠴᠢᠯᠠᠬᠤ ᠵᠠᠷᠴᠢᠮ ᠶᠣᠰᠣᠭᠠᠷ᠂ ᠨᠢᠭᠡ ᠪᠦᠯᠦᠭ   ᠠᠵᠢᠯ ᠤᠨ ᠪᠠᠶᠢᠷᠢ ᠶᠢᠨ ᠶᠠᠰᠤ ᠴᠢᠨᠠᠷ ᠢᠶᠠᠷ ᠥᠨᠳᠥᠷ᠂ ᠬᠥᠮᠦᠨ ᠤᠯᠠᠨ᠂ ᠳᠠᠳᠤᠯᠭ᠎ᠠ ᠶᠢᠨ ᠦᠷ᠎ᠡ ᠪᠦᠲᠦᠮᠵᠢ ᠪᠠᠷ ᠰᠠᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠨᠢᠭᠡᠴᠢ ᠪᠠᠷ ᠮᠠᠭᠠᠳᠯᠠᠨ ᠲᠣᠭᠲᠠᠭᠠᠵᠤ᠂ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠢ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ 16 — 24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠤᠨ ᠳᠠᠳᠤᠯᠭ᠎ᠠ ᠶᠢ ᠡᠯᠰᠡᠨ᠎ᠡ᠃ ᠳᠠᠳᠤᠯᠭ᠎ᠠ ᠶᠢᠨ ᠬᠤᠭᠤᠴᠠᠭ᠎ᠠ ᠎ ᠨᠢ ᠳᠦᠭᠦᠷᠦᠭᠡᠳ 3 ᠰᠠᠷ᠎ᠠ ᠠᠴᠠ ᠳᠡᠭᠡᠭᠰᠢ ᠪᠣᠯᠤᠭᠰᠠᠨ ᠪᠠᠶᠢᠪᠠᠯ ᠵᠠᠯᠠᠭᠤᠴᠤᠳ ᠤᠨ ᠳᠠᠳᠤᠯᠭ᠎ᠠ ᠶᠢᠨ ᠨᠥᠬᠦᠪᠥᠷᠢ ᠶᠢ ᠬᠦᠷᠳᠡᠵᠤ ᠪᠣᠯᠤᠨ᠎ᠠ᠂ ᠳᠠᠳᠤᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠨᠢᠭᠡᠳᠦᠭᠡᠷ ᠲᠦᠷᠦᠯ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠣᠯᠤᠨ᠎ᠠ᠂ ᠳᠠᠳᠤᠯᠭ᠎ᠠ ᠶᠢᠨ ᠬᠥᠮᠦᠰ ᠤᠨ ᠳᠠᠳᠤᠯᠭ᠎ᠠ ᠶᠢᠨ ᠬᠤᠭᠤᠴᠠᠭ᠎ᠠ ᠳᠦᠭᠦᠷᠦᠭᠡᠳ 50%᠎ ᠠᠴᠠ ᠳᠡᠭᠡᠭᠰᠢ ᠦᠯᠡᠳᠡᠭᠡᠨ ᠬᠡᠷᠡᠭᠯᠡᠭᠰᠡᠨ ᠨᠢᠭᠡᠴᠢ ᠳᠤ ᠨᠥᠬᠦᠪᠥᠷᠢ ᠶᠢᠨ ᠪᠠᠷᠢᠮᠵᠢᠶ᠎ᠠ ᠶᠢ 60% ᠬᠦᠷᠲᠡᠯ᠎ᠡ ᠳᠡᠭᠡᠭᠰᠢᠯᠡᠭᠦᠯᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ᠂ ᠰᠠᠭᠤᠷᠢ ᠮᠥᠩᠭᠦ ᠶᠢᠨ ᠪᠠᠯᠠ ᠮᠥᠩᠭᠦ ᠶᠢᠨ ᠬᠢᠨᠠᠯᠲᠠ ᠶᠢᠨ ᠲᠠᠰᠤᠭ ᠬᠠᠮᠵᠢᠯᠴᠠᠨ ᠭᠦᠢᠴᠡᠳᠬᠡᠨ᠎ᠡ            ᠭᠠᠷᠲᠠᠨ ᠭᠦᠶᠴᠡᠳᠬᠡᠬᠦ ᠳᠤ᠄             ︵1︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ︵http://gx.nmrc.com.cn//trainneelogin︶᠎ ᠳᠤ᠂ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠨᠢᠭᠡᠴᠢ ᠶᠢ ᠭᠤᠶᠤᠴᠢᠯᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠬᠤ ᠶᠢᠨ ᠬᠠᠮᠲᠤ ᠲᠤᠰᠢᠶᠠᠨ᠎ᠠ᠃ ᠬᠤᠰᠢᠭᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷᠡᠬᠢ ᠠᠩᠬᠠᠨ ᠤ ᠬᠢᠨᠠᠯᠲᠠ ᠬᠢᠵᠦ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠳᠠᠬᠢᠨ ᠬᠢᠨᠠᠬᠤ             ︵2︶ ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠠᠪᠴᠠᠩ ︵http://gx.nmrc.com.cn//trainneelogin︶᠎ ᠲᠤ ᠵᠠᠯᠠᠭᠤᠴᠤᠳ ᠤᠨ ᠳᠠᠳᠤᠯᠭ᠎ᠠ ᠶᠢ ᠭᠤᠶᠤᠴᠢᠯᠠᠵᠤ᠂ ᠬᠤᠪᠢ ᠬᠥᠮᠦᠨ ᠤ ᠮᠡᠳᠡᠭᠡ ᠵᠠᠩᠭᠢ ᠪᠠᠨ ᠬᠠᠩᠭᠠᠬᠤ ᠶᠢᠨ ᠬᠠᠮᠲᠤ ᠲᠤᠰᠢᠶᠠᠨ᠎ᠠ᠃  

       ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ
ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号