ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
           ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠨ ᠠᠪᠴᠤ᠂ ᠡᠭᠦᠨ ᠲᠠᠢ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ ᠳᠠᠭᠠᠳᠬᠠᠯ ᠤᠨ ᠰᠦᠶᠳᠬᠡᠯ ᠲᠤᠰᠢᠶᠠᠵᠤ ᠥᠭᠭᠦᠭᠰᠡᠨ ᠵᠢᠵᠢᠭ ᠪᠢᠴᠢᠯ ᠠᠵᠤ ᠠᠬᠤᠶᠢᠯᠠᠯ ᠳᠤ ᠬᠠᠮᠤᠭ ᠤᠨ ᠣᠷᠳᠣ ᠳᠠᠭᠠᠨ 1 ᠵᠢᠯ ᠠᠴᠠ ᠥᠯᠥ ᠬᠡᠲᠦᠷᠡᠬᠦ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠂ ᠪᠠᠷᠢᠮᠵᠢᠶ᠎ᠠ ᠨᠢ ᠨᠢᠭᠡᠴᠢ ᠠᠴᠠ ᠳᠡᠭᠡᠳᠦ ᠰᠤᠷᠭᠠᠭᠤᠯᠢ ᠲᠡᠭᠦᠰᠦᠭᠰᠡᠳ ᠲᠤ ᠪᠣᠳᠠᠲᠠᠶ ᠲᠤᠰᠢᠶᠠᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠶᠳᠬᠡᠯ ᠪᠣᠯᠤᠨ᠎ᠠ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠪᠠ ᠠᠵᠢᠯ ᠠᠯᠳᠠᠯᠲᠠ ᠶᠢᠨ ᠳᠠᠭᠠᠳᠬᠠᠯ ᠤᠨ ᠰᠦᠶᠳᠬᠡᠯ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ ᠬᠥᠮᠦᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠥᠬᠡᠶ᠃ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠴᠢᠯᠦᠭᠡᠲᠡᠢ ᠠᠵᠢᠯ ᠣᠯᠤᠭᠰᠠᠨ ᠤ ᠳᠠᠷᠠᠭ᠎ᠠ ᠨᠡᠶᠢᠭᠡᠮ ᠤᠨ ᠳᠠᠭᠠᠳᠬᠠᠯ ᠤᠨ ᠰᠦᠶᠳᠬᠡᠯ ᠲᠤᠰᠢᠶᠠᠭᠰᠠᠨ ᠪᠠᠶᠢᠪᠠᠯ᠂ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠵᠤ᠂ ᠨᠥᠬᠦᠪᠥᠷᠢ ᠶᠢᠨ ᠪᠠᠷᠢᠮᠵᠢᠶ᠎ᠠ ᠶᠢ ᠠᠵᠢᠯ ᠤᠯᠬᠤ ᠳᠤ ᠬᠦᠴᠢᠷᠲᠡᠶ ᠬᠥᠮᠦᠰ ᠤᠨ ᠴᠢᠯᠦᠭᠡᠲᠡᠢ ᠠᠵᠢᠯ ᠤᠯᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠨᠥᠬᠦᠪᠥᠷᠢ ᠶᠢᠨ ᠬᠤᠭᠤᠴᠠᠭ᠎ᠠ ᠶᠢ ᠬᠠᠮᠤᠭ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠥᠬᠡᠶ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ            ᠭᠠᠷᠲᠠᠨ ᠭᠦᠶᠴᠡᠳᠬᠡᠬᠦ ᠳᠤ᠄             ︵1︶ ᠠᠵᠤ ᠠᠬᠤᠶᠢᠯᠠᠯ ᠬᠦᠰᠡᠯᠲᠡ ᠭᠠᠷᠭᠠᠭᠰᠠᠨ ᠬᠥᠮᠥᠰ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ᠂ ᠬᠠᠤᠯᠢ ᠶᠢᠨ ᠬᠥᠮᠦᠨ ᠤ ᠳᠠᠩᠰᠠᠯᠠᠭᠤᠯᠤᠭᠰᠠᠨ ᠦᠨᠡᠮᠯᠡᠯ ᠤᠨ ᠪᠠᠭᠤᠯᠭᠠᠪᠤᠷᠢ᠂ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠷ᠎ᠡ ᠶᠢᠨ ᠪᠦᠷᠢᠳᠬᠡᠯ᠂ ᠬᠥᠳᠡᠯᠮᠦᠷᠢ ᠶᠢᠨ ᠭᠡᠷ᠎ᠡ ᠶᠢᠨ ᠪᠠᠭᠤᠯᠭᠠᠪᠤᠷᠢ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠲᠡᠭᠦᠰᠦᠭᠰᠡᠨ ᠦᠨᠡᠮᠯᠡᠯ ᠤᠨ ᠪᠠᠭᠤᠯᠭᠠᠪᠤᠷᠢ᠂ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠶᠢ ᠰᠢᠩᠭᠡᠭᠡᠨ ᠠᠪᠤᠨ᠎ᠠ᠃ ︽ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠬᠤ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠵᠤ ᠪᠠᠶᠢᠭ᠎ᠠ ᠬᠤᠰᠢᠭᠤ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠪᠠᠶᠢᠭᠤᠯᠤᠮᠵᠢ᠂ ᠦᠶᠯᠡᠴᠢᠯᠡᠭᠡᠨ ᠤ ᠴᠣᠩᠬᠤᠪᠴᠢ ᠠᠴᠠ ᠬᠦᠰᠡᠯᠲᠡ ᠪᠠᠨ ᠳᠡᠪᠰᠢᠭᠦᠯᠦᠨ᠎ᠡ᠃             ︵2︶ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠪᠠᠶᠢᠭᠤᠯᠤᠮᠵᠢ ᠶᠢᠨ ᠴᠣᠩᠬᠤᠪᠴᠢ ᠪᠠᠷ ᠭᠥᠯᠢᠶᠡᠨ ᠠᠪᠤᠭᠰᠠᠨ ᠤ ᠳᠠᠷᠠᠭ᠎ᠠ᠂ ᠠᠩᠬᠠᠨ ᠤ ᠬᠢᠨᠠᠯᠲᠠ᠂ ᠳᠠᠬᠢᠨ ᠬᠢᠨᠠᠯᠲᠠ᠂ ᠢᠯᠡ ᠨᠡᠶᠢᠲᠡᠯᠡᠨ᠎ᠡ᠃ 5 ᠠᠵᠢᠯ ᠤᠨ ᠡᠳᠦᠷ ᠢ ᠵᠠᠷᠯᠠᠨ ᠨᠡᠶᠢᠲᠡᠯᠡᠨ᠎ᠡ᠃             ︵3︶ ᠬᠤᠰᠢᠭᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠵᠦ ᠲᠠᠷᠬᠠᠭᠠᠨ᠎ᠠ᠃        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号