ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠥᠷᠥᠯ ᠵᠦᠶᠯ ᠤᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
            ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠵᠦ᠂ ᠲᠡᠭᠦᠰᠦᠭᠡᠳ 3 ᠵᠢᠯ ᠪᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠯᠢᠨ ᠰᠣᠩᠭᠤᠵᠤ᠂ ᠦᠨᠳᠦᠰᠦᠨ ᠱᠠᠲᠤᠨ ᠳᠤ ᠬᠦᠷᠴᠦ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠢ ᠳᠡᠮᠵᠢᠬᠦ᠂ ᠡᠮᠨᠡᠯᠭᠡ ᠶᠢ ᠳᠡᠮᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠢ ᠬᠠᠪᠰᠤᠷᠤᠨ ᠲᠡᠳᠬᠦᠬᠦ ᠠᠵᠢᠯ ᠳᠤ ᠣᠷᠣᠯᠴᠠᠭᠤᠯᠤᠨ᠎ᠠ᠃ ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠲᠥᠷᠥᠯ ᠵᠦᠢᠯ ᠳᠤ ᠣᠷᠣᠯᠴᠠᠭᠰᠠᠨ ᠳᠡᠭᠡᠳᠦ ᠰᠤᠷᠭᠠᠭᠤᠯᠢ ᠶᠢᠨ ᠲᠡᠭᠦᠰᠬᠦ ᠰᠤᠷᠤᠭᠴᠢᠳ ᠦᠶᠯᠡᠴᠢᠯᠡᠬᠦ ᠬᠤᠭᠤᠴᠠᠭ᠎ᠠ ᠨᠢ ᠬᠤᠶᠠᠷ ᠵᠢᠯ ᠪᠣᠯᠤᠨ᠎ᠠ᠂ ᠬᠤᠰᠢᠭᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠡᠭᠦᠨ ᠳᠤ ᠬᠥᠮᠦᠨ ᠪᠦᠷᠢ ᠳᠤ ᠰᠠᠷ᠎ᠠ ᠳᠤ 3450 ᠲᠥᠭᠦᠷᠢᠭ ᠤᠨ ᠠᠮᠢᠳᠤᠷᠠᠯ ᠤᠨ ᠨᠥᠬᠦᠪᠥᠷᠢ ᠶᠢ ᠨᠢᠭᠡᠳᠦᠯᠲᠡᠶ ᠣᠯᠭᠤᠬᠤ ᠶᠢᠨ ᠬᠠᠮᠲᠤ ᠬᠥᠮᠦᠨ ᠪᠦᠷᠢ ᠳᠤ 3000 ᠲᠥᠭᠦᠷᠢᠭ ᠤᠨ ᠪᠠᠷᠢᠮᠵᠢᠶ᠎ᠠ ᠪᠠᠷ᠂ ᠰᠢᠨ᠎ᠡ ᠪᠠᠷ ᠡᠯᠰᠡᠭᠰᠡᠨ ᠪᠥᠭᠡᠳ ᠠᠵᠢᠯ ᠤᠨ ᠪᠠᠶᠢᠷᠢ ᠳᠠᠭᠠᠨ ᠦᠶᠯᠡᠴᠢᠯᠡᠭᠡᠳ ᠪᠦᠬᠦᠯᠢ 6 ᠰᠠᠷ᠎ᠠ ᠠᠴᠠ ᠳᠡᠭᠡᠭᠰᠢ ᠪᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠢᠭᠡ ᠤᠳᠠᠭ᠎ᠠ ᠶᠢᠨ ᠴᠢᠨᠠᠷᠲᠠᠶ ᠬᠡᠷ ᠪᠦᠯᠢ ᠪᠠᠨ ᠲᠥᠪᠬᠢᠨᠡᠭᠦᠯᠬᠦ ᠨᠥᠬᠦᠪᠥᠷᠢ ᠣᠯᠭᠤᠬᠤ ᠶᠢᠨ ᠬᠠᠮᠲᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ︵ᠨᠠᠰᠤᠵᠢᠯ ᠤᠨ ᠠᠰᠠᠷᠠᠮᠵᠢ᠂ ᠡᠮᠴᠢᠯᠡᠭᠡ᠂ ᠠᠵᠢᠯ ᠤᠨ ᠭᠡᠮᠲᠦᠯ᠂ ᠠᠵᠢᠯ ᠠᠯᠳᠠᠬᠤ᠂ ᠬᠡᠤᠬᠡᠳ ᠠᠪᠬᠤ᠂ ᠬᠦᠨᠳᠦ ᠡᠪᠡᠳᠴᠢᠨ ᠤ ᠡᠮᠴᠢᠯᠡᠭᠡ︶᠎ ᠢ ᠭᠦᠶᠴᠡᠳᠬᠡᠨ᠎ᠡ᠃ ᠦᠶᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠯᠪᠠᠲᠠᠨ ᠤ ᠰᠢᠯᠭᠠᠯᠲᠠ ᠳᠤ ᠣᠷᠣᠯᠴᠠᠭᠰᠠᠨ ᠪᠠ ᠠᠵᠢᠯ ᠦᠶᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠭᠰᠡᠨ ᠪᠠᠶᠢᠪᠠᠯ᠂ ᠨᠡᠷ᠎ᠡ ᠮᠡᠳᠡᠭᠦᠯᠦᠨ ᠰᠢᠯᠭᠠᠭᠤᠯᠬᠤ ᠦᠶᠯᠡᠴᠢᠯᠡᠭᠡᠨ ᠤ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠠᠵᠢᠯ ᠤᠨ ᠪᠠᠶᠢᠷᠢ ᠳᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠷᠦᠬᠡ ᠠᠮᠠ ᠶᠢᠨ ᠬᠠᠷᠢᠶ᠎ᠠ ᠳᠤ ᠬᠢᠵᠠᠭᠠᠷᠯᠠᠭᠳᠠᠬᠤ ᠥᠬᠡᠶ᠃ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷ᠎ᠠ ᠭᠥᠯᠢᠶᠡᠨ ᠠᠪᠬᠤ ᠨᠢᠭᠡᠴᠢ ᠶᠢ ᠨᠠᠶᠢᠳᠠᠪᠤᠷᠢᠵᠢᠭᠤᠯᠤᠭᠰᠠᠨ ᠪᠠᠶᠢᠪᠠᠯ᠂ ᠦᠶᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ᠦᠶᠯᠡᠴᠢᠯᠡᠭᠡᠨ ᠤ ᠬᠤᠭᠤᠴᠠᠭ᠎ᠠ ᠶᠢ ᠠᠵᠢᠯᠯᠠᠭᠰᠠᠨ ᠵᠢᠯ ᠢᠶᠠᠷ ᠪᠤᠳᠤᠨ᠎ᠠ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠰᠠᠭᠤᠷᠢ ᠮᠥᠩᠭᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠬᠠᠮᠵᠢᠯᠴᠠᠨ᠎ᠠ            ᠭᠠᠷᠲᠠᠨ ᠭᠦᠶᠴᠡᠳᠬᠡᠬᠦ ᠳᠤ᠄ ᠵᠢᠯ ᠪᠦᠷᠢ ᠶᠢᠨ 5 — 8 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠪᠠᠭᠤᠯᠭᠠᠭᠰᠠᠨ ︽ᠳᠡᠭᠡᠳᠦ ᠰᠤᠷᠭᠠᠭᠤᠯᠢ ᠲᠡᠭᠦᠰᠦᠭᠰᠡᠳ ᠤᠨ ︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠪᠠ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠣᠨ ᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠠᠵᠢᠯ ᠢ ᠥᠷᠨᠢᠭᠦᠯᠦᠨ᠎ᠡ᠃             ︵1︶ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠡᠯᠰᠡᠬᠦ ᠲᠥᠯᠥᠪᠯᠡᠭᠡ ᠪᠠ ᠰᠢᠯᠭᠠᠭᠤᠯᠤᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠰᠦᠯᠡᠨ ᠬᠤᠪᠢ ᠶᠢᠨ ᠥᠨᠳᠥᠷ ᠠᠴᠠ ᠳᠣᠤᠷ᠎ᠠ ᠬᠥᠷᠬᠦ ᠵᠠᠷᠴᠢᠮ ᠶᠣᠰᠣᠭᠠᠷ᠂ ᠠᠳᠠᠯᠢ ᠪᠤᠰᠤ ᠠᠵᠢᠯ ᠤᠨ ᠪᠠᠶᠢᠷᠢ ᠳᠤ ᠰᠣᠩᠭᠤᠭᠳᠠᠭᠰᠠᠳ ᠢ ᠲᠣᠭᠲᠠᠭᠠᠨ᠎ᠠ᠃ ᠠᠵᠢᠯᠲᠠᠨ ᠢ ᠬᠤᠪᠢᠶᠠᠷᠢᠯᠠᠬᠤ ᠳᠠᠭᠠᠨ ᠳᠠᠷᠠᠭᠠᠬᠢ ᠲᠠᠰ ᠳᠠᠷᠠᠭᠠᠯᠠᠯ ᠢ ᠵᠢᠷᠤᠮᠯᠠᠨ᠎ᠠ᠄ ᠰᠢᠯᠭᠠᠭᠤᠯᠤᠭᠴᠢ ᠶᠢᠨ ᠬᠤᠪᠢ ᠬᠥᠮᠦᠨ ᠪᠤᠶᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠠᠴᠠ ᠡᠮᠦᠨᠡᠬᠢ ᠡᠷᠦᠬᠡ ᠠᠮᠠ ᠶᠢᠨ ᠲᠠᠩᠰᠠ ᠪᠠᠶᠢᠭᠰᠠᠨ ᠭᠠᠵᠠᠷ ᠪᠠ ᠰᠢᠯᠭᠠᠭᠤᠯᠤᠭᠴᠢ ᠶᠢᠨ ᠰᠠᠨᠠᠮᠵᠢ ᠲᠠᠢ ᠤᠶᠠᠯᠳᠤᠭᠤᠯᠤᠨ ᠬᠤᠪᠢᠶᠠᠷᠢᠯᠠᠨ᠎ᠠ᠃ ᠰᠢᠯᠭᠠᠭᠤᠯᠤᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠬᠤᠪᠢ ᠠᠴᠠ ᠳᠣᠤᠷ᠎ᠠ ᠬᠤᠪᠢ ᠶᠢᠨ ᠲᠠᠰ ᠳᠠᠷᠠᠭᠠᠯᠠᠯ ᠢᠶᠠᠷ ᠬᠤᠪᠢᠶᠠᠷᠢᠯᠠᠨ᠎ᠠ᠃ ᠰᠢᠯᠭᠠᠭᠤᠯᠤᠭᠴᠢ ᠶᠢᠨ ᠦᠶᠯᠡᠴᠢᠯᠡᠬᠦ ᠰᠠᠨᠠᠮᠵᠢ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠰᠢᠭᠤ ᠲᠣᠭᠤᠷᠢᠭ ᠤᠨ ᠬᠤᠪᠢᠶᠠᠷᠢᠯᠠᠯᠲᠠ ᠶᠢᠨ ᠲᠥᠯᠥᠪᠯᠡᠭᠡ ᠠᠴᠠ ᠳᠠᠪᠠᠭ᠋ᠤ ᠳᠤ ᠬᠤᠪᠢ ᠬᠥᠮᠦᠨ ᠤ ᠬᠦᠰᠡᠯ ᠰᠠᠨᠠᠭ᠎ᠠ ᠪᠠᠷ ᠯᠠᠪᠯᠠᠯᠲᠠ ᠪᠣᠯᠭᠠᠭᠰᠠᠨ ᠤ ᠳᠠᠷᠠᠭ᠎ᠠ᠂ ᠬᠥᠮᠦᠨ ᠤ ᠲᠤᠭ᠎ᠠ ᠨᠢ ᠬᠦᠷᠦᠯᠴᠡᠬᠦ ᠥᠬᠡᠶ ᠬᠤᠰᠢᠭᠤ ᠲᠣᠭᠤᠷᠢᠭ ᠲᠤ ᠬᠤᠪᠢᠶᠠᠷᠢᠯᠠᠨ᠎ᠠ᠃ ᠬᠤᠭᠤᠰᠣᠨ ᠣᠷᠣᠨ ᠲᠤᠭ᠎ᠠ ᠲᠠᠢ ᠠᠵᠢᠯ ᠤᠨ ᠪᠠᠶᠢᠷᠢ ᠶᠢ ᠨᠥᠬᠦᠵᠦ ᠡᠯᠰᠡᠬᠦ ᠳᠤ᠂ ᠨᠥᠬᠦᠵᠦ ᠡᠯᠰᠡᠭᠰᠡᠨ ᠬᠥᠮᠦᠰ ᠲᠤ ᠡᠷᠦᠬᠡ ᠠᠮᠠ ᠶᠢᠨ ᠪᠠᠶᠢᠭ᠎ᠠ ᠭᠠᠵᠠᠷ ᠢ ᠤᠷᠢᠳᠠᠪᠠᠷ ᠬᠤᠪᠢᠶᠠᠷᠢᠯᠠᠨ᠎ᠠ᠃ ᠨᠥᠬᠦᠨ ᠡᠯᠰᠡᠬᠦ ᠬᠥᠮᠦᠰ ᠤᠨ ᠡᠷᠦᠬᠡ ᠠᠮᠠ ᠶᠢᠨ ᠪᠠᠶᠢᠭ᠎ᠠ ᠭᠠᠵᠠᠷ ᠲᠤ ᠬᠤᠭᠤᠰᠣᠨ ᠠᠵᠢᠯ ᠤᠨ ᠪᠠᠶᠢᠷᠢ ᠥᠬᠡᠶ ᠪᠣᠯ ᠨᠢᠭᠡᠳᠦᠯᠲᠡᠶ ᠬᠤᠪᠢᠶᠠᠷᠢᠯᠠᠯᠲᠠ ᠶᠢ ᠳᠠᠭᠠᠬᠤ ᠬᠡᠷᠡᠭᠲᠡᠶ᠃             ︵2︶ ᠬᠤᠭᠤᠰᠣᠨ ᠠᠵᠢᠯ ᠤᠨ ᠪᠠᠶᠢᠷᠢ ᠶᠢᠨ ᠪᠠᠶᠢᠳᠠᠯ ᠢ ᠦᠨᠳᠦᠰᠦᠯᠡᠨ᠂ ᠨᠥᠬᠦᠪᠥᠷᠢᠯᠡᠨ ᠡᠯᠰᠡᠬᠦ ᠠᠯᠪᠠᠨ ᠵᠠᠷ ᠨᠡᠶᠢᠲᠡᠯᠡᠵᠦ᠂ ᠨᠥᠬᠦᠪᠥᠷᠢᠯᠡᠨ ᠡᠯᠰᠡᠨ᠎ᠡ᠃ ᠨᠥᠬᠦᠵᠦ ᠡᠯᠰᠡᠬᠦ ᠴᠠᠭ ᠨᠢ ᠵᠢᠯ ᠪᠦᠷᠢ ᠶᠢᠨ 12 ᠰᠠᠷ᠎ᠠ ᠶᠢᠨ 31᠎ ᠤ ᠡᠳᠦᠷ ᠬᠦᠷᠦᠨ᠎ᠡ᠃             ︵3︶ ᠪᠡᠶ᠎ᠡ ᠶᠢᠨ ᠪᠠᠶᠢᠴᠠᠭᠠᠯᠲᠠ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ᠃             ︵4︶ ᠬᠤᠭᠤᠴᠠᠭ᠎ᠠ ᠨᠢ ᠳᠦᠭᠦᠷᠦᠭᠰᠡᠨ ᠤ ᠳᠠᠷᠠᠭᠠᠬᠢ ᠬᠢᠨᠠᠨ ᠰᠢᠯᠭᠠᠯᠲᠠ᠃        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号