ᠳᠡᠭᠡᠳᠦ ᠰᠤᠷᠭᠠᠭᠤᠯᠢ ᠲᠡᠭᠦᠰᠦᠭᠰᠡᠳ ᠲᠤ ᠴᠢᠳᠠᠪᠤᠷᠢᠲᠠᠨ ᠨᠥᠭᠡᠴᠡᠯᠡᠬᠦ ᠲᠥᠷᠥᠯ ᠵᠦᠶᠯ ᠤᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
           ᠳᠡᠭᠡᠳᠦ ᠰᠤᠷᠭᠠᠭᠤᠯᠢ ᠲᠡᠭᠦᠰᠦᠭᠰᠡᠳ ᠤᠨ ᠳᠤᠮᠳᠠ ᠪᠠᠭ᠎ᠠ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠣᠴᠢᠵᠤ ᠠᠵᠢᠯ ᠤᠯᠬᠤ᠂ ᠦᠢᠯᠡᠳᠪᠦᠷᠢᠯᠡᠯ ᠤᠨ ᠦᠢᠯᠡᠳᠦᠯᠭᠡ ᠶᠢᠨ ᠨᠢᠭᠡᠳᠦᠭᠡᠷ ᠹᠷᠣᠨᠲ ᠳᠤ ᠨᠥᠭᠡᠴᠡᠯᠡᠬᠦ᠂ ᠬᠥᠮᠦᠵᠢᠭᠦᠯᠬᠦ ᠪᠠ ᠳᠠᠪᠲᠠᠨ ᠪᠣᠯᠪᠠᠰᠤᠷᠠᠭᠤᠯᠬᠤ ᠶᠢ ᠵᠣᠷᠢᠭᠵᠢᠭᠤᠯᠤᠨ᠎ᠠ᠃ ᠲᠣᠮᠢᠯᠠᠬᠤ ᠬᠤᠭᠤᠴᠠᠭᠠᠨ ᠳᠤ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠴᠢᠳᠠᠪᠤᠷᠢᠲᠠᠨ ᠨᠥᠭᠡᠴᠡᠯᠡᠬᠦ ᠨᠥᠬᠦᠴᠡᠯ ᠳᠤ ᠨᠡᠶᠢᠴᠡᠪᠡᠯ ᠴᠢᠳᠠᠪᠤᠷᠢᠲᠠᠨ ᠨᠥᠭᠡᠴᠡᠯᠡᠬᠦ ᠲᠥᠯᠥᠪᠯᠡᠭᠡ ᠳᠤ ᠣᠷᠣᠭᠤᠯᠵᠤ ᠪᠣᠯᠤᠨ᠎ᠠ᠃ ᠨᠥᠭᠡᠴᠡᠯᠡᠬᠦ ᠴᠢᠳᠠᠪᠤᠷᠢᠲᠠᠨ ᠳᠤ ᠪᠠᠶᠢᠭ᠎ᠠ ᠨᠥᠭᠡᠴᠡᠯᠡᠵᠦ ᠪᠠᠶᠢᠭ᠎ᠠ ᠠᠵᠤ ᠠᠬᠤᠶᠢᠯᠠᠯ ᠤᠨ ᠠᠳᠠᠯᠢ ᠲᠥᠷᠥᠯ ᠤᠨ ᠬᠥᠮᠦᠰ ᠤᠨ ᠴᠠᠯᠢᠩ ᠳᠠᠭᠠᠳᠬᠠᠯ ᠠᠰᠠᠷᠠᠮᠵᠢ ᠶᠢᠨ ᠬᠠᠷᠠᠭᠠᠯᠵᠠᠯ ᠢ ᠡᠳ᠋ᠯᠡᠨ᠎ᠡ᠂ ᠠᠵᠤ ᠠᠬᠤᠶᠢᠯᠠᠯ ᠳᠤ ᠨᠥᠭᠡᠴᠡᠯᠡᠵᠦ ᠪᠠᠶᠢᠭ᠎ᠠ ᠴᠢᠳᠠᠪᠤᠷᠢᠲᠠᠨ ᠳᠤ ᠬᠥᠮᠦᠨ ᠪᠦᠷᠢ ᠳᠤ ᠰᠠᠷ᠎ᠠ ᠪᠦᠷᠢ 1500 ᠲᠥᠭᠦᠷᠢᠭ ᠤᠨ ᠨᠥᠬᠦᠪᠥᠷᠢ ᠥᠭᠭᠦᠨ᠎ᠡ᠂ ᠨᠥᠬᠦᠪᠥᠷᠢ ᠥᠭᠬᠦ ᠬᠤᠭᠤᠴᠠᠭ᠎ᠠ ᠨᠢ 2 ᠵᠢᠯ ᠪᠣᠯᠤᠨ᠎ᠠ᠃ ᠨᠥᠭᠡᠴᠡᠯᠡᠬᠦ ᠠᠵᠤ ᠠᠬᠤᠶᠢᠯᠠᠯ ᠨᠢ ᠨᠥᠭᠡᠴᠡᠯᠡᠬᠦ ᠴᠢᠳᠠᠪᠤᠷᠢᠲᠠᠨ ᠳᠤ ᠴᠠᠯᠢᠩ ᠣᠯᠭᠤᠬᠤ ᠶᠢ ᠬᠠᠷᠢᠭᠤᠴᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠢ ᠭᠦᠶᠴᠡᠳᠬᠡᠨ᠎ᠡ᠃ ᠨᠥᠭᠡᠴᠡᠯᠡᠬᠦ ᠬᠤᠭᠤᠴᠠᠭ᠎ᠠ ᠨᠢ ᠳᠦᠭᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠶᠯᠡᠰ ᠤᠨ ᠨᠢᠭᠡᠴᠢ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠤᠯᠵᠤ᠂ ᠲᠥᠷᠥᠯ ᠵᠦᠶᠯ ᠤᠨ ᠰᠣᠷᠣᠭᠴᠢ ᠶᠢᠨ ᠬᠢᠷᠢ ᠬᠡᠮ ᠢ ᠡᠳ᠋ᠯᠡᠭᠦᠯᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ᠂ ᠰᠠᠭᠤᠷᠢ ᠮᠥᠩᠭᠦ ᠶᠢᠨ ᠪᠠᠯᠠ ᠮᠥᠩᠭᠦ ᠶᠢᠨ ᠬᠢᠨᠠᠯᠲᠠ ᠶᠢᠨ ᠲᠠᠰᠤᠭ ᠬᠠᠮᠵᠢᠯᠴᠠᠨ ᠭᠦᠢᠴᠡᠳᠬᠡᠨ᠎ᠡ ᠬᠠᠮᠢᠶᠠᠷᠤᠯᠲᠠ ᠶᠢᠨ ᠰᠠᠯᠠᠭ᠎ᠠ᠂ ᠠᠵᠢᠯ ᠦᠶᠯᠡᠰ ᠤᠨ ᠨᠢᠭᠡᠴᠢ ᠶᠢᠨ            ᠭᠠᠷᠲᠠᠨ ᠭᠦᠶᠴᠡᠳᠬᠡᠬᠦ ᠳᠤ᠄ ᠡᠯ᠎ᠡ ᠬᠤᠰᠢᠭᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠣᠨ ᠤ ᠰᠢᠨ᠎ᠡ ᠪᠠᠷ ᠡᠯᠰᠡᠬᠦ ᠴᠢᠳᠠᠪᠤᠷᠢᠲᠠᠨ ᠢ ᠨᠥᠭᠡᠴᠡᠯᠡᠬᠦ ᠠᠵᠢᠯ ᠢ ᠥᠷᠨᠢᠭᠦᠯᠵᠦ᠂ ᠡᠯᠰᠡᠬᠦ ᠠᠯᠪᠠᠨ ᠵᠠᠷ ᠨᠡᠶᠢᠲᠡᠯᠡᠵᠦ᠂ ᠪᠡᠶ᠎ᠡ ᠶᠢᠨ ᠪᠠᠶᠢᠴᠠᠭᠠᠯᠲᠠ ᠪᠠ ᠬᠤᠭᠤᠴᠠᠭ᠎ᠠ ᠳᠦᠭᠦᠷᠦᠭᠰᠡᠨ ᠢ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ᠎ᠠ᠃        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号