ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
     ᠰᠤᠷᠤᠯᠭ᠎ᠠ ᠲᠡᠭᠦᠰᠦᠭᠰᠡᠨ ᠰᠤᠷᠤᠯᠭ᠎ᠠ ᠶᠢᠨ ᠵᠢᠯ ᠳᠤ ᠠᠵᠢᠯ ᠡᠷᠢᠵᠦ ᠠᠳᠠᠯ ᠦᠢᠯᠡᠰ ᠴᠣᠭᠴᠠᠯᠠᠬᠤ ᠬᠦᠰᠡᠯ ᠲᠠᠢ ᠪᠥᠭᠡᠳ ᠢᠳᠡᠪᠬᠢᠲᠡᠶ ᠪᠠᠷ ᠠᠵᠢᠯ ᠡᠷᠢᠵᠦ ᠠᠳᠠᠯ ᠦᠢᠯᠡᠰ ᠴᠣᠭᠴᠠᠯᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠶᠠᠳᠠᠭᠤ ᠬᠦᠴᠢᠷᠳᠡᠯᠲᠡᠶ ᠬᠥᠭᠵᠢᠯ ᠤᠨ ᠪᠡᠷᠬᠡᠰᠢᠶᠡᠯ ᠲᠠᠢ ᠬᠥᠮᠥᠰ ᠤᠨ ᠭᠡᠷ ᠪᠦᠯᠢ᠂ ᠣᠨᠴᠠ ᠬᠦᠴᠢᠷᠳᠡᠯᠲᠡᠶ ᠬᠥᠮᠦᠰ ᠪᠠ ᠶᠠᠳᠠᠭᠤᠷᠠᠯ ᠠᠴᠠ ᠠᠩᠭᠢᠵᠢᠷᠠᠭᠰᠠᠨ ᠭᠡᠷ ᠪᠦᠯᠢ ︵ᠤᠤᠯ ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ︶᠎ ᠶᠢᠨ ᠳᠣᠲᠣᠷᠠᠬᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ ᠪᠠᠭᠲᠠᠭᠠᠨ᠎ᠠ︶᠎ ᠶᠢᠨ ᠳᠣᠲᠣᠷᠠᠬᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ᠂ ᠵᠡᠮᠳᠡᠭ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠎ ᠨᠢ ᠰᠠᠶᠢᠨ ᠳᠤᠷ᠎ᠠ ᠠᠴᠠ ᠪᠠᠨ ᠭᠤᠶᠤᠴᠢᠯᠠᠵᠤ᠂ ᠪᠠᠶᠢᠭ᠎ᠠ ᠳᠡᠭᠡᠳᠦ ᠰᠤᠷᠭᠠᠭᠤᠯᠢ ᠨᠢ ᠬᠢᠨᠠᠨ ᠬᠠᠷᠭᠤᠭᠤᠯᠵᠤ ᠢᠯᠡ ᠨᠡᠶᠢᠲᠡᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠭᠰᠡᠨ ᠤ ᠲᠠᠷᠠᠭ᠎ᠠ ᠲᠡᠳᠡᠨ ᠳᠤ ᠠᠵᠢᠯ ᠡᠷᠢᠵᠦ ᠠᠳᠠᠯ ᠦᠢᠯᠡᠰ ᠪᠤᠰᠬᠠᠬᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠵᠤ᠂ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠪᠦᠷᠢ ᠳᠤ 1500 ᠲᠥᠭᠦᠷᠢᠭ ᠪᠣᠯᠤᠨ᠎ᠠ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭ᠎ᠠ ᠭᠤᠣᠯᠯᠠᠨ ᠬᠠᠷᠢᠭᠤᠴᠠᠵᠤ᠂ ᠰᠠᠭᠤᠷᠢ ᠮᠥᠩᠭᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠬᠠᠮᠵᠢᠯᠴᠠᠨ ᠭᠦᠢᠴᠡᠳᠬᠡᠨ᠎ᠡ᠃            ᠭᠠᠷᠲᠠᠨ ᠭᠦᠶᠴᠡᠳᠬᠡᠬᠦ ᠳᠤ᠄             ︵1︶ ᠳᠡᠭᠡᠳᠦ ᠰᠤᠷᠭᠠᠭᠤᠯᠢ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ ᠪᠠᠭᠲᠠᠭᠠᠨ᠎ᠠ︶᠎ ᠨᠢ ᠨᠥᠬᠦᠴᠡᠯ ᠳᠤ ᠨᠡᠶᠢᠴᠡᠬᠦ ᠲᠡᠭᠦᠰᠬᠦ ᠣᠨ ᠤ ᠰᠣᠷᠣᠭᠴᠢ ᠶᠢᠨ ᠠᠵᠢᠯ ᠡᠷᠢᠵᠦ ᠠᠳᠠᠯ ᠦᠶᠯᠡᠰ ᠴᠣᠭᠴᠠᠯᠠᠬᠤ ᠨᠥᠬᠦᠪᠥᠷᠢ ᠶᠢᠨ ᠭᠤᠶᠤᠴᠢᠯᠠᠯ ᠤᠨ ᠬᠦᠰᠦᠨᠦᠭᠲᠦ᠂ ᠬᠤᠪᠢ ᠬᠥᠮᠦᠨ ᠤ ᠪᠠᠩᠬᠢ ᠶᠢᠨ ᠲᠠᠩᠰᠠᠨ ᠡᠷᠦᠬᠡ ︵ᠲᠠᠩᠰᠠ ᠨᠡᠭᠡᠭᠡᠭᠰᠡᠨ ᠪᠠᠩᠬᠢ ᠪᠠ ᠲᠠᠩᠰᠠᠨ ᠡᠷᠦᠬᠡ︶ ᠵᠢᠴᠢ ᠲᠣᠰ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ᠵᠡᠷᠭᠡ ᠬᠠᠮᠢᠶ᠎ᠠ ᠪᠥᠬᠦᠶ ᠭᠡᠷᠡᠴᠢ ᠦᠨᠡᠮᠯᠡᠯ ᠤᠨ ᠣᠭ ᠮᠠᠲ᠋ᠧᠷᠢᠶᠠᠯ ᠪᠠ ᠬᠠᠭᠤᠯᠪᠤᠷᠢ ᠶᠢ ᠵᠣᠬᠢᠶᠠᠨ ᠪᠠᠶᠢᠭᠤᠯᠵᠤ ᠬᠦᠰᠡᠯᠲᠡ ᠪᠠᠨ ᠳᠡᠪᠰᠢᠭᠦᠯᠦᠨ ᠮᠡᠳᠡᠭᠦᠯᠦᠨ᠎ᠡ᠂ ᠬᠦᠰᠡᠯᠲᠡ ᠪᠠᠨ ᠳᠡᠪᠰᠢᠭᠦᠯᠦᠨ ᠮᠡᠳᠡᠭᠦᠯᠬᠦ ᠮᠠᠲ᠋ᠧᠷᠢᠶᠠᠯ ᠨᠢ ᠴᠥᠮ ᠠᠳᠠᠯᠢᠬᠠᠨ ᠬᠤᠶᠠᠷ ᠬᠤᠪᠢ ᠪᠠᠶᠢᠵᠤ᠂ ᠪᠠᠶᠢᠭ᠎ᠠ ᠳᠡᠭᠡᠳᠦ ᠰᠤᠷᠭᠠᠭᠤᠯᠢ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠣᠰ ᠪᠦᠷᠢ ᠨᠢᠭᠡ ᠬᠤᠪᠢ ᠪᠠᠶᠢᠬᠤ ᠬᠡᠷᠡᠭᠲᠡᠶ᠃             ︵2︶ ᠳᠡᠭᠡᠳᠦ ᠵᠡᠷᠭᠡ ᠶᠢᠨ ᠰᠤᠷᠭᠠᠭᠤᠯᠢ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠎ ᠶᠢᠨ ᠭᠤᠶᠤᠴᠢᠯᠠᠯ ᠤᠨ ᠮᠠᠲ᠋ᠧᠷᠢᠶᠠᠯ ᠢ ᠴᠢᠩᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠨᠥᠬᠦᠪᠥᠷᠢ ᠭᠤᠶᠤᠴᠢᠯᠠᠭᠰᠠᠳ ᠤᠨ ᠨᠡᠷᠡᠰ ᠢ ᠰᠤᠷᠭᠠᠭᠤᠯᠢ ᠶᠢᠨ ᠬᠦᠷᠢᠶᠡᠨ ᠳᠤ 5 ᠠᠵᠢᠯᠯᠠᠬᠤ ᠡᠳᠦᠷ ᠤᠨ ᠢᠯᠡ ᠨᠡᠶᠢᠲᠡᠯᠡᠬᠦ᠂ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠭᠤᠶᠤᠴᠢᠯᠠᠯ ᠤᠨ ᠮᠠᠲ᠋ᠧᠷᠢᠶᠠᠯ ᠵᠢᠴᠢ ᠠᠵᠢᠯ ᠡᠷᠢᠵᠦ ᠠᠳᠠᠯ ᠦᠶᠯᠡᠰ ᠴᠣᠭᠴᠠᠯᠠᠬᠤ ᠨᠥᠬᠦᠪᠥᠷᠢ ᠣᠯᠭᠤᠬᠤ ᠳᠤ ᠬᠡᠷᠡᠭᠰᠡᠬᠦ ᠮᠠᠲ᠋ᠧᠷᠢᠶᠠᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠳᠡᠭᠡᠳᠦ ᠰᠤᠷᠭᠠᠭᠤᠯᠢ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠎ ᠶᠢᠨ ᠬᠠᠷᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃             ︵3︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠭᠤᠶᠤᠴᠢᠯᠠᠯ ᠤᠨ ᠮᠠᠲ᠋ᠧᠷᠢᠶᠠᠯ ᠢ ᠬᠤᠷᠢᠶᠠᠩᠭᠤᠶᠢᠯᠠᠬᠤ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠮᠲᠤ ᠳᠤᠨᠢ ᠮᠡᠳᠡᠭᠦᠯᠦᠨ ᠬᠦᠷᠭᠡᠵᠦ᠂ ᠪᠠᠯᠠ ᠮᠥᠩᠭᠦ ᠶᠢ ᠬᠠᠮᠢᠶ᠎ᠠ ᠪᠥᠬᠦᠶ ᠲᠠᠰ ᠳᠠᠷᠠᠭᠠᠯᠠᠯ ᠢᠶᠠᠷ ᠰᠢᠯᠵᠢᠭᠦᠯᠦᠨ ᠥᠭᠭᠦᠭᠰᠡᠨ ᠤ ᠳᠠᠷᠠᠭ᠎ᠠ᠂ ᠡᠯ᠎ᠡ ᠳᠡᠭᠡᠳᠦ ᠰᠤᠷᠭᠠᠭᠤᠯᠢ ᠵᠢᠴᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶᠎ ᠨᠢ ᠨᠥᠬᠦᠪᠥᠷᠢ ᠶᠢ ᠴᠠᠭ ᠲᠤᠬᠠᠶ ᠳᠤᠨᠢ ᠰᠣᠷᠣᠭᠴᠢ ᠶᠢᠨ ᠬᠤᠪᠢ ᠬᠥᠮᠦᠨ ᠤ ᠲᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号