ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠣᠯᠭᠤᠯᠲᠠ ᠶᠢᠨ ᠲᠤᠬᠠᠢ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/20
             ᠪᠠᠶᠢᠩᠭᠤ ᠰᠠᠭᠤᠭ᠎ᠠ ᠭᠠᠵᠠᠷ ᠤᠨ ᠨᠥᠬᠦᠴᠡᠯ ᠳᠤ ᠨᠡᠶᠢᠴᠡᠬᠦ ᠠᠵᠢᠯ ᠤᠯᠬᠤ ᠳᠤ ᠬᠦᠴᠢᠷᠲᠡᠶ ᠬᠥᠮᠦᠰ ᠨᠡᠶᠢᠭᠡᠮ ᠤᠨ ᠳᠠᠭᠠᠳᠬᠠᠯ ᠤᠨ ᠨᠥᠬᠦᠪᠥᠷᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠥᠪᠬᠢᠨᠡᠭᠦᠯᠦᠯᠲᠡ ᠶᠢ ᠭᠤᠶᠤᠴᠢᠯᠠᠵᠤ ᠪᠣᠯᠤᠨ᠎ᠠ᠃ ᠲᠤᠬᠠᠶ ᠶᠢᠨ ᠵᠢᠯ ᠳᠤ ᠠᠵᠢᠯ ᠤᠯᠬᠤ ᠳᠤ ᠬᠦᠴᠢᠷᠲᠡᠶ ᠬᠥᠮᠦᠰ ᠢ ᠣᠷᠣᠭᠤᠯᠵᠤ ᠲᠥᠪᠬᠢᠨᠡᠭᠦᠯᠦᠭᠰᠡᠨ ᠬᠥᠮᠦᠨ ᠬᠡᠷᠡᠭᠯᠡᠬᠦ ᠨᠢᠭᠡᠴᠢ ᠪᠠ ᠴᠢᠯᠦᠭᠡᠲᠡᠢ ᠠᠵᠢᠯ ᠣᠯᠤᠭᠰᠠᠨ ᠠᠵᠢᠯ ᠤᠯᠬᠤ ᠳᠤ ᠬᠦᠴᠢᠷᠲᠡᠶ ᠬᠥᠮᠦᠰ ᠲᠤ ᠴᠢᠭᠯᠡᠭᠦᠯᠦᠨ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠬᠦᠷᠳᠡᠨ᠎ᠠ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ            ᠭᠠᠷᠲᠠᠨ ᠭᠦᠶᠴᠡᠳᠬᠡᠬᠦ ᠳᠤ᠄             ︵1︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠳᠡᠮᠵᠢᠨ ᠠᠵᠢᠯ ᠤᠯᠬᠤ ᠳᠤ ᠬᠦᠴᠢᠷᠲᠡᠶ ᠬᠥᠮᠦᠰ ᠢ ᠲᠥᠪᠬᠢᠨᠡᠭᠦᠯᠵᠦ ᠠᠵᠢᠯ ᠣᠯᠭᠤᠭᠰᠠᠨ ᠬᠥᠮᠦᠨ ᠬᠡᠷᠡᠭᠯᠡᠬᠦ ᠨᠢᠭᠡᠴᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠬᠦᠰᠡᠯᠲᠡ ᠪᠠᠨ ᠳᠡᠪᠰᠢᠭᠦᠯᠬᠦ ᠬᠥᠮᠦᠰ ᠤᠨ ᠦᠨᠳᠦᠰᠦᠨ ᠪᠡᠶ᠎ᠡ ᠶᠢᠨ ᠬᠢᠷᠢ ᠬᠡᠮ ᠤᠨ ᠲᠥᠷᠥᠯ ᠤᠨ ᠭᠡᠷᠡᠴᠢ ︵ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ︽ᠠᠵᠢᠯ ᠣᠯᠵᠤ ᠠᠳᠠᠯ ᠦᠶᠯᠡᠰ ᠴᠣᠭᠴᠠᠯᠠᠬᠤ ᠦᠨᠡᠮᠯᠡᠯ︾᠎ ᠤᠨ ᠨᠢᠭᠡ ᠶᠢ ᠰᠣᠩᠭᠤᠨ᠎ᠠ︶᠂ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠬᠦᠰᠡᠯᠲᠡ ᠪᠠᠨ ᠳᠡᠪᠰᠢᠭᠦᠯᠬᠦ ᠬᠦᠰᠦᠨᠦᠭᠲᠦ︾᠂ ᠨᠢᠭᠡᠴᠢ ᠠᠴᠠ ᠴᠠᠯᠢᠩ ᠣᠯᠭᠤᠬᠤ ᠨᠠᠷᠢᠨ ᠲᠠᠩᠰᠠ ︵ᠬᠠᠭᠤᠳᠠᠰᠤ︶ ᠵᠡᠷᠭᠡ ᠶᠢ ᠠᠪᠴᠤ᠂ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠪᠠᠶᠢᠭᠤᠯᠤᠮᠵᠢ᠂ ᠦᠶᠯᠡᠴᠢᠯᠡᠭᠡᠨ ᠤ ᠴᠣᠩᠬᠤᠪᠴᠢ ᠳᠤ ᠬᠦᠷᠴᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠭᠦᠢᠴᠡᠳᠬᠡᠨ᠎ᠡ᠃             ︵2︶ ᠠᠵᠢᠯ ᠤᠯᠬᠤ ᠳᠤ ᠬᠦᠴᠢᠷᠲᠡᠶ ᠬᠥᠮᠦᠰ ᠦᠨᠳᠦᠰᠦᠨ ᠪᠡᠶ᠎ᠡ ᠬᠡᠮ ᠤᠨ ᠲᠥᠷᠥᠯ ᠤᠨ ᠭᠡᠷᠡᠴᠢ ︵ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ︽ᠠᠵᠢᠯ ᠣᠯᠵᠤ ᠠᠳᠠᠯ ᠦᠶᠯᠡᠰ ᠴᠣᠭᠴᠠᠯᠠᠬᠤ ᠦᠨᠡᠮᠯᠡᠯ︾᠎ ᠤᠨ ᠨᠢᠭᠡ ᠶᠢ ᠰᠣᠩᠭᠤᠨ᠎ᠠ︶᠂ ︽ᠠᠵᠢᠯ ᠤᠯᠬᠤ ᠳᠤ ᠬᠦᠴᠢᠷᠲᠡᠶ ᠬᠥᠮᠦᠰ ᠤᠨ ᠴᠢᠯᠦᠭᠡᠲᠡᠢ ᠠᠵᠢᠯ ᠤᠯᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠬᠦᠰᠡᠯᠲᠡ ᠪᠠᠨ ᠳᠡᠪᠰᠢᠭᠦᠯᠬᠦ ᠬᠦᠰᠦᠨᠦᠭᠲᠦ︾ ᠵᠡᠷᠭᠡ ᠪᠠᠨ ᠠᠪᠴᠤ᠂ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ ᠦᠶᠯᠡᠴᠢᠯᠡᠭᠡᠨ ᠤ ᠪᠠᠶᠢᠭᠤᠯᠤᠮᠵᠢ᠂ ᠦᠶᠯᠡᠴᠢᠯᠡᠭᠡᠨ ᠤ ᠴᠣᠩᠬᠤᠪᠴᠢ ᠳᠤ ᠬᠦᠷᠴᠦ ᠠᠵᠢᠯ ᠤᠯᠬᠤ ᠳᠤ ᠬᠦᠴᠢᠷᠲᠡᠶ ᠬᠥᠮᠦᠰ ᠤᠨ ᠴᠢᠯᠦᠭᠡᠲᠡᠢ ᠠᠵᠢᠯ ᠤᠯᠬᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠬᠦ ᠬᠡᠷᠡᠭᠲᠡᠶ᠃             ︵3︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵http://rst.nmg.gov.cn/᠎ ᠶᠢᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠬᠦ ᠶᠡᠭᠡ ᠲᠢᠩᠬᠢᠮ ᠤᠨ ᠨᠢᠭᠡᠴᠢ ᠶᠢᠨ ᠠᠵᠢᠯ ᠶᠠᠪᠤᠳᠠᠯ ᠭᠦᠶᠴᠡᠳᠬᠡᠬᠦ ᠲᠤᠰᠬᠠᠶ ᠪᠤᠯᠤᠩ ᠪᠠ ᠬᠤᠪᠢ ᠬᠥᠮᠦᠨ ᠤ ᠠᠵᠢᠯ ᠶᠠᠪᠤᠳᠠᠯ ᠭᠦᠶᠴᠡᠳᠬᠡᠬᠦ ᠲᠤᠰᠬᠠᠶ ᠪᠤᠯᠤᠩ ᠢᠶᠠᠷ ᠳᠠᠮᠵᠢᠭᠤᠯᠤᠨ ᠭᠦᠢᠴᠡᠳᠬᠡᠨ᠎ᠡ᠃            ᠳᠥᠷᠪᠡ᠂ ᠠᠵᠢᠯ ᠤᠨ ᠱᠠᠭᠠᠷᠳᠠᠯᠭ᠎ᠠ             ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠣᠷᠣᠨ ᠨᠤᠭᠤᠳ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠲᠣᠭᠲᠠᠭᠤᠨ ᠪᠠᠶᠢᠯᠭᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠲᠠᠰᠤᠭ ᠨᠢᠭᠡᠴᠢ ᠶᠢ ᠲᠣᠳᠣᠷᠬᠠᠶᠢᠯᠠᠵᠤ᠂ ᠪᠣᠳᠠᠲᠠᠶ ᠡᠭᠦᠷᠭᠡ ᠶᠢ ᠬᠥᠮᠦᠨ ᠳᠤ ᠬᠦᠷᠲᠡᠯ᠎ᠡ ᠵᠠᠳᠠᠯᠬᠤ ᠶᠢᠨ ᠬᠠᠮᠲᠤ᠂ ᠭᠠᠷᠲᠠᠨ ᠭᠦᠶᠴᠡᠳᠬᠡᠬᠦ ᠶᠠᠪᠤᠴᠠ ᠪᠠ ᠬᠡᠷᠡᠭᠵᠢᠭᠦᠯᠬᠦ ᠨᠠᠷᠢᠨ ᠲᠦᠷᠢᠮ ᠢ ᠵᠦᠶᠯ ᠳᠠᠷᠠᠭᠠᠯᠠᠨ ᠲᠣᠳᠣᠷᠬᠠᠶᠢᠯᠠᠵᠤ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠰᠠᠶᠢᠲᠤᠷ ᠠᠳᠬᠤᠬᠤ ᠬᠡᠷᠡᠭᠲᠡᠶ᠃             ︵ᠬᠤᠶᠠᠷ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠡᠯ᠎ᠡ ᠲᠦᠷᠦᠭᠦᠯᠡᠬᠦ ᠰᠠᠯᠠᠭ᠎ᠠ ᠲᠠᠰᠤᠭ᠂ ᠨᠢᠭᠡᠴᠢ ᠨᠦᠭᠦᠳ ᠠᠵᠢᠯ ᠤᠨ ᠵᠢᠯᠣᠭᠤᠳᠣᠯᠭ᠎ᠠ ᠪᠠᠨ ᠴᠢᠩᠭᠠᠷᠠᠭᠤᠯᠵᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠲᠦᠷᠢᠮ ᠢ ᠪᠠᠶᠢᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠳᠤ ᠪᠠᠶᠢᠴᠠᠭᠠᠨ ᠰᠤᠳᠤᠯᠵᠤ ᠵᠢᠯᠣᠭᠤᠳᠬᠤ ᠶᠢ ᠭᠤᠤᠯᠳᠠᠯᠭ᠎ᠠ ᠲᠠᠢ ᠥᠷᠨᠢᠭᠦᠯᠵᠦ᠂ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠶᠳᠪᠦᠷᠢᠯᠡᠵᠦ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃             ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠣᠩᠬᠤᠪᠴᠢ᠂ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠪᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠥᠪᠡᠷ ᠤᠨ ᠵᠠᠭᠤᠴᠢᠯᠠᠭᠤᠷ ᠵᠡᠷᠭᠡ ᠳᠤ ᠲᠦᠰᠢᠭᠯᠡᠨ᠂ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ ᠶᠢ ᠶᠡᠬᠡᠪᠡᠷ ᠤᠬᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠲᠣᠬᠢᠲᠠᠢ ᠣᠷᠴᠢᠨ ᠢ ᠪᠦᠷᠢᠯᠳᠦᠭᠦᠯᠦᠨ᠎ᠡ᠃ ᠡᠭᠦᠨ ᠤ ᠬᠠᠮᠲᠤ᠂ ᠡᠯ᠎ᠡ ᠬᠤᠰᠢᠭᠤ ᠣᠷᠣᠨ ᠤ ᠬᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠠᠯᠠᠱᠠ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号