ᠠᠵᠢᠯ ᠠᠯᠳᠠᠬᠤ ᠶᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠲᠣᠭᠲᠠᠴᠠ
ᠨᠡᠶᠢᠲᠡᠯᠡᠭᠰᠡᠨ ᠴᠠᠭ᠄
2023/12/20
           ᠠᠵᠢᠯ ᠠᠯᠳᠠᠯᠲᠠ ᠶᠢ ᠬᠥᠳᠡᠯᠦᠩᠭᠦᠶ ᠪᠠᠷ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠣᠯᠭᠤᠯᠲᠠ ᠠᠵᠢᠯ ᠠᠯᠳᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠡᠭᠦᠰᠴᠦ ᠮᠡᠳᠡᠬᠦ ᠬᠡᠪᠴᠢᠶᠡᠲᠦ ᠴᠢᠨᠠᠷᠲᠠᠶ ᠠᠵᠢᠯ ᠠᠯᠳᠠᠯᠲᠠ ᠶᠢ ᠤᠷᠢᠳᠴᠢᠯᠠᠨ ᠮᠠᠭᠠᠳᠯᠠᠨ᠎ᠠ᠃ ᠠᠵᠤ ᠠᠬᠤᠶᠢᠯᠠᠯ ᠤᠨ ᠬᠡᠪᠴᠢᠶ᠎ᠡ ᠪᠠᠷ ᠬᠥᠮᠦᠨ ᠬᠠᠰᠤᠬᠤ ᠪᠠ ᠬᠥᠮᠦᠨ ᠬᠠᠰᠤᠬᠤ ᠵᠢᠴᠢ ᠭᠡᠨᠡᠳᠲᠡ ᠶᠢᠨ ᠬᠡᠷᠡᠭ ᠢ ᠮᠡᠳᠡᠭᠦᠯᠬᠦ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠬᠥᠮᠦᠨ ᠬᠠᠰᠤᠬᠤ ᠠᠵᠢᠯᠯᠠᠭ᠎ᠠ ᠶᠢ ᠵᠢᠷᠤᠮᠵᠢᠭᠤᠯᠤᠨ᠂ ᠶᠡᠭᠡ ᠬᠡᠪᠴᠢᠶ᠎ᠡ ᠪᠠᠷ ᠠᠵᠢᠯ ᠠᠯᠳᠠᠬᠤ ᠪᠠᠶᠢᠳᠠᠯ ᠭᠠᠷᠬᠤ ᠠᠴᠠ ᠵᠠᠶᠢᠯᠠᠰᠬᠢᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ            ᠲᠥᠷᠥ ᠶᠢᠨ ᠪᠣᠳᠣᠯᠭ᠎ᠠ ᠶᠢ ᠭᠠᠷᠲᠠᠨ ᠭᠦᠶᠴᠡᠳᠬᠡᠬᠦ᠄ ᠠᠵᠢᠯ ᠠᠯᠳᠠᠯᠲᠠ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠨᠢ᠂ ᠤᠯᠤᠰ ᠤᠨ ᠠᠵᠢᠯ ᠠᠯᠳᠠᠯᠲᠠ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠲᠠᠪᠴᠠᠩ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠤᠪᠢᠷᠠᠯᠲᠠ ᠶᠢᠨ ᠪᠠᠶᠢᠳᠠᠯ ᠢ ᠰᠠᠷ᠎ᠠ ᠪᠠᠷ ᠳᠡᠭᠡᠭᠰᠢ ᠮᠡᠳᠡᠭᠦᠯᠵᠦ᠂ ᠠᠵᠤ ᠠᠬᠤᠶᠢᠯᠠᠯ ᠤᠨ ᠠᠵᠢᠯ ᠣᠯᠵᠤ ᠠᠵᠢᠯ ᠠᠯᠳᠠᠭᠰᠠᠨ ᠪᠠᠶᠢᠳᠠᠯ ᠢ ᠰᠤᠳᠤᠯᠤᠨ ᠮᠠᠭᠠᠳᠯᠠᠨ᠎ᠠ᠃             ︵ᠲᠦᠷᠪᠡ︶ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ᠎ᠠ        ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号