| | | | ︵1︶ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | | ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠣᠯᠭᠤᠬᠤ ᠡᠲᠡᠭᠡᠳ ᠤᠨ | ᠬᠦᠷᠢᠶ᠎ᠡ ᠬᠡᠪᠴᠢᠶ᠎ᠡ ᠨᠢ᠄ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ | ᠬᠦᠴᠢᠷᠲᠡᠶ ᠬᠥᠮᠦᠰ ︵ᠬᠥᠭᠵᠢᠯ ᠤᠨ ᠪᠡᠷᠬᠡᠰᠢᠶᠡᠯ ᠲᠠᠢ ᠬᠥᠮᠥᠰ ᠪᠠᠭᠲᠠᠨ᠎ᠠ︶᠂ ᠴᠡᠷᠢᠭ ᠠᠴᠠ ᠬᠠᠯᠠᠭᠳᠠᠭᠰᠠᠨ | ᠴᠡᠷᠢᠭ ᠠᠴᠠ ᠬᠠᠯᠠᠭᠳᠠᠭᠰᠠᠨ ᠬᠥᠮᠦᠰ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ | ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ | ᠤᠯᠤᠰ ᠲᠠᠭᠠᠨ ᠪᠤᠴᠠᠭᠰᠠᠨ ᠰᠤᠷᠤᠭᠴᠢᠳ ᠪᠠᠭᠲᠠᠨ᠎ᠠ︶᠂ ᠦᠯᠡᠭᠦᠳᠡᠭᠰᠡᠨ ᠦᠶᠯᠡᠳᠪᠦᠷᠢᠯᠡᠬᠦ ᠴᠢᠳᠠᠪᠤᠷᠢ ᠶᠢ | ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ | ᠠᠳᠠᠯ ᠦᠶᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠥᠯᠥᠰᠦᠨ ᠤ ᠠᠵᠢᠯᠲᠠᠳ᠂ ᠰᠦᠯᠵᠢᠶᠡᠨ ᠤ | ᠬᠤᠳᠠᠯᠳᠤᠭᠠᠴᠢᠨ ᠡᠷᠦᠬᠡ᠂ ᠶᠠᠳᠠᠭᠤᠷᠠᠯ ᠠᠴᠠ ᠠᠩᠭᠢᠵᠢᠷᠠᠭᠰᠠᠨ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ | ᠪᠡᠶ᠎ᠡ ᠪᠠᠨ ᠳᠠᠭᠠᠭᠠᠵᠤ ᠠᠳᠠᠯ ᠦᠶᠯᠡᠰ ᠴᠣᠭᠴᠠᠯᠠᠭᠰᠠᠨ ᠮᠠᠯᠴᠢᠨ ᠲᠠᠷᠢᠶᠠᠴᠢᠨ ᠬᠥᠯᠥᠰᠦᠨ ᠤ ᠠᠵᠢᠯᠲᠠᠳ᠃ | | ᠵᠢᠭᠡᠯᠡᠯᠭᠡ ᠶᠢᠨ ᠬᠠᠮᠤᠭ ᠤᠨ ᠥᠨᠳᠥᠷ ᠲᠤᠭ᠎ᠠ ᠬᠡᠮᠵᠢᠶ᠎ᠡ᠄ ᠨᠥᠬᠦᠴᠡᠯ ᠳᠤ ᠨᠡᠶᠢᠴᠡᠬᠦ ᠬᠤᠪᠢ ᠬᠥᠮᠦᠨ ᠳᠤ | ᠣᠯᠭᠤᠬᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 15 ᠲᠦᠮᠡᠨ | ᠲᠥᠭᠦᠷᠢᠭ ᠪᠠᠶᠢᠭᠰᠠᠨ ᠠᠴᠠ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠨᠥᠬᠦᠴᠡᠯ ᠳᠤ ᠨᠡᠶᠢᠴᠡᠬᠦ | ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠵᠣᠭᠤᠰ ᠵᠢᠭᠡᠯᠡᠭᠴᠢ ᠳᠤ | ᠬᠤᠷᠰᠢᠨ ᠠᠳᠠᠯ ᠦᠶᠯᠡᠰ ᠴᠣᠭᠴᠠᠯᠠᠭᠰᠠᠨ ᠪᠠᠶᠢᠪᠠᠯ᠂ ᠬᠤᠷᠰᠢᠨ ᠠᠳᠠᠯ ᠦᠶᠯᠡᠰ ᠴᠣᠭᠴᠠᠯᠠᠬᠤ ᠬᠥᠮᠦᠨ ᠤ | ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠤᠨ᠎ᠠ᠂ | ᠬᠠᠮᠤᠭ ᠤᠨ ᠠᠷᠪᠢᠨ ᠳᠠᠭᠠᠨ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠵᠢᠭᠡᠯᠡᠯᠭᠡ ᠶᠢᠨ ᠶᠡᠷᠦᠩᠬᠡᠶ ᠲᠣᠭᠠᠨ ᠤ | 10% ᠠᠴᠠ ᠬᠡᠲᠦᠷᠡᠭᠦᠯᠵᠦ ᠪᠣᠯᠬᠤ ᠥᠬᠡᠶ᠃ | | ᠵᠢᠭᠡᠯᠡᠯᠭᠡ ᠶᠢᠨ ᠬᠤᠭᠤᠴᠠᠭ᠎ᠠ ᠬᠢᠵᠠᠭᠠᠷ᠄ ᠬᠤᠪᠢ ᠬᠥᠮᠦᠨ ᠳᠤ ᠣᠯᠭᠤᠬᠤ ᠠᠳᠠᠯ ᠦᠶᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 3 ᠵᠢᠯ ᠠᠴᠠ | ᠬᠡᠲᠦᠷᠡᠭᠦᠯᠵᠦ ᠪᠣᠯᠬᠤ ᠥᠬᠡᠶ᠂ ᠭᠠᠷᠲᠠᠨ ᠭᠦᠶᠴᠡᠳᠬᠡᠬᠦ ᠮᠥᠩᠭᠦᠨ ᠭᠦᠶᠯᠭᠡᠭᠡᠨ ᠤ ᠪᠠᠶᠢᠭᠤᠯᠤᠮᠵᠢ ᠪᠠᠷ | ᠵᠥᠪᠰᠢᠶᠡᠷᠡᠭᠦᠯᠦᠭᠡᠳ᠂ ᠬᠤᠭᠤᠴᠠᠭ᠎ᠠ ᠶᠢ ᠨᠢ ᠨᠢᠭᠡ ᠤᠳᠠᠭ᠎ᠠ ᠤᠷᠲᠤᠳᠬᠠᠵᠤ ᠪᠣᠯᠤᠨ᠎ᠠ᠂ ᠬᠤᠭᠤᠴᠠᠭ᠎ᠠ ᠶᠢ ᠨᠢ 1 | ᠵᠢᠯ ᠠᠴᠠ ᠬᠡᠲᠦᠷᠡᠭᠦᠯᠵᠦ ᠪᠣᠯᠬᠤ ᠥᠬᠡᠶ᠃ | | ᠬᠡᠳᠡᠷᠬᠦ ᠳᠠᠭᠠᠭᠠᠯᠲᠠ ᠶᠢ ᠬᠡᠯᠲᠦᠷᠢᠭᠦᠯᠬᠦ ᠪᠣᠳᠠᠲᠠᠶ ᠱᠠᠭᠠᠷᠳᠠᠯᠭ᠎ᠠ᠄ 10 ᠲᠦᠮᠡᠨ ᠲᠥᠭᠦᠷᠢᠭ ᠵᠢᠴᠢ 10 | ᠲᠦᠮᠡᠨ ᠲᠥᠭᠦᠷᠢᠭ ᠠᠴᠠ ᠳᠣᠷᠣᠭᠰᠢᠬᠢ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠶᠢᠨ ᠮᠥᠩᠭᠦ ᠵᠢᠴᠢ ᠪᠥᠬᠦ ᠤᠯᠤᠰ ᠤᠨ ᠠᠳᠠᠯ ᠦᠶᠯᠡᠰ ᠴᠣᠭᠴᠠᠯᠠᠬᠤ ᠶᠢᠨ ᠨᠡᠪᠴᠢᠭᠦᠯᠬᠦ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠤᠶᠤ ᠢᠲᠡᠭᠡᠮᠵᠢ ᠶᠢᠨ ᠨᠡᠶᠢᠭᠡᠮ ᠲᠣᠭᠤᠷᠢᠭ ︵ᠬᠥᠳᠡᠭᠡ ᠲᠣᠰᠬᠤᠨ︶ ᠤᠨ | ᠲᠠᠨᠢᠯᠴᠠᠭᠤᠯᠤᠭᠰᠠᠨ ᠠᠳᠠᠯ ᠦᠶᠯᠡᠰ ᠴᠣᠭᠴᠠᠯᠠᠬᠤ ᠲᠥᠷᠥᠯ ᠵᠦᠶᠯ᠂ ᠲᠣᠭᠤᠷᠢᠭ ᠪᠠᠶᠢᠭᠤᠯᠤᠭᠰᠠᠨ ᠬᠤᠲᠠ ᠶᠢᠨ | ᠲᠠᠰ ᠠᠴᠠ ᠳᠡᠭᠡᠭᠰᠢᠬᠢ ᠢᠷᠠᠭᠤ ᠠᠯᠳᠠᠷ ᠤᠨ ᠴᠣᠯᠠ ᠭᠥᠷᠳᠡᠭᠰᠡᠨ ᠠᠳᠠᠯ ᠦᠶᠯᠡᠰ ᠴᠣᠭᠴᠠᠯᠠᠭᠴᠢ᠂ ᠠᠳᠠᠯ ᠦᠶᠯᠡᠰ | ᠴᠣᠭᠴᠠᠯᠠᠬᠤ ᠲᠥᠷᠥᠯ ᠵᠦᠶᠯ᠂ ᠠᠳᠠᠯ ᠦᠶᠯᠡᠰ ᠴᠣᠭᠴᠠᠯᠠᠬᠤ ᠠᠵᠤ ᠠᠬᠤᠶᠢᠯᠠᠯ᠂ ᠮᠥᠩᠭᠦᠨ ᠭᠦᠶᠯᠭᠡᠭᠡᠨ ᠤ | ᠪᠠᠶᠢᠭᠤᠯᠤᠮᠵᠢ ᠶᠢᠨ ᠦᠨᠡᠯᠡᠨ ᠵᠢᠱᠢᠵᠦ ᠮᠠᠭᠠᠳᠯᠠᠨ ᠲᠣᠭᠲᠠᠭᠠᠭᠰᠠᠨ ᠢᠲᠡᠭᠡᠮᠵᠢ ᠶᠢᠨ ᠵᠢᠵᠢᠭ ᠪᠢᠴᠢᠯ ᠠᠵᠤ | ᠠᠬᠤᠶᠢᠯᠠᠯ᠂ ᠬᠤᠳᠠᠯᠳᠤᠭᠠᠨ ᠤ ᠡᠷᠦᠬᠡ᠂ ᠲᠠᠷᠢᠶᠠᠴᠢᠨ ᠡᠷᠦᠬᠡ᠂ ᠡᠵᠡᠩᠨᠡᠯᠲᠡ ᠨᠢ ᠲᠣᠭᠲᠠᠪᠤᠷᠢᠲᠠᠶ ᠪᠥᠭᠡᠳ | ᠢᠲᠡᠭᠡᠮᠵᠢ ᠲᠠᠢ ᠬᠤᠶᠠᠳᠠᠬᠢ ᠤᠳᠠᠭᠠᠨ ᠤ ᠠᠳᠠᠯ ᠦᠶᠯᠡᠰ ᠴᠣᠭᠴᠠᠯᠠᠭᠴᠢ ᠵᠡᠷᠭᠡ ᠣᠨᠴᠠ ᠲᠣᠭᠲᠠᠭᠰᠠᠨ | ᠬᠠᠮᠲᠤᠯᠢᠭ ᠲᠤ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠭᠡᠯᠳᠦᠷᠢᠭᠦᠯᠦᠨ᠎ᠡ᠃ | | ︵2︶ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | | ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠲᠡᠭᠡᠳ ᠤᠨ ᠬᠡᠪᠴᠢᠶ᠎ᠡ ᠨᠢ᠄ ᠵᠢᠵᠢᠭ ᠪᠢᠴᠢᠯ ᠠᠵᠤ | ᠠᠬᠤᠶᠢᠯᠠᠯ ᠤᠨ ᠲᠤᠬᠠᠶ ᠶᠢᠨ ᠵᠢᠯ ᠳᠤ ᠰᠢᠨ᠎ᠡ ᠪᠠᠷ ᠡᠯᠰᠡᠨ ᠬᠡᠷᠡᠭᠯᠡᠭᠰᠡᠨ ᠠᠳᠠᠯ ᠦᠶᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠬᠦᠰᠡᠯᠲᠡ ᠪᠠᠨ ᠳᠡᠪᠰᠢᠭᠦᠯᠬᠦ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ ᠶᠢ ᠠᠵᠤ | ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 15% ᠳᠤ ᠬᠦᠷᠦᠭᠦᠯᠦᠨ᠎ᠡ | ︵100 ᠬᠥᠮᠦᠨ ᠠᠴᠠ ᠳᠠᠪᠠᠭᠰᠠᠨ ᠠᠵᠤ ᠠᠬᠤᠶᠢᠯᠠᠯ 8% ᠳᠤ ᠬᠦᠷᠦᠭᠦᠯᠦᠨ᠎ᠡ︶᠃ ᠡᠭᠦᠨ ᠤ ᠬᠠᠮᠲᠤ | ᠲᠡᠭᠦᠨ ᠯᠦᠭᠡ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠬᠤ ᠳᠠᠭᠠᠨ ᠠᠵᠢᠯᠲᠠᠨ ᠠᠵᠢᠯᠴᠢᠨ ᠤ | ᠴᠠᠯᠢᠩ ᠢ ᠥᠷᠢᠲᠦᠭᠰᠡᠨ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠲᠤᠰᠢᠶᠠᠭᠰᠠᠨ ᠥᠬᠡᠶ ᠵᠡᠷᠭᠡ ᠬᠠᠤᠯᠢ | ᠲᠣᠭᠲᠠᠭᠠᠯ ᠢ ᠵᠥᠷᠢᠴᠡᠭᠰᠡᠨ ᠬᠦᠨᠳᠦ ᠨᠣᠴᠢᠲᠠᠶ ᠢᠲᠡᠭᠡᠮᠵᠢ ᠶᠢᠨ ᠲᠡᠮᠳᠡᠭᠯᠡᠯ ᠥᠬᠡᠶ ᠪᠠᠶᠢᠪᠠᠯ᠂ ᠬᠠᠮᠤᠭ | ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠬᠦ ᠥᠬᠡᠶ ᠠᠳᠠᠯ ᠦᠶᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢ ᠭᠤᠶᠤᠴᠢᠯᠠᠵᠤ ᠪᠣᠯᠤᠨ᠎ᠠ᠃ | | ᠵᠢᠭᠡᠯᠡᠯᠭᠡ ᠶᠢᠨ ᠬᠤᠭᠤᠴᠠᠭ᠎ᠠ ᠬᠢᠵᠠᠭᠠᠷ᠄ ᠵᠢᠵᠢᠭ ᠪᠢᠴᠢᠯ ᠠᠵᠤ ᠠᠬᠤᠶᠢᠯᠠᠯ ᠤᠨ ᠠᠳᠠᠯ ᠦᠶᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 2 ᠵᠢᠯ ᠠᠴᠠ | ᠬᠡᠲᠦᠷᠡᠭᠦᠯᠵᠦ ᠪᠣᠯᠬᠤ ᠥᠬᠡᠶ᠃ | | ᠠᠯᠠᠱᠠ ᠠᠶᠢᠮᠠᠭ ᠤᠨ ᠬᠢᠯᠢ ᠶᠢᠨ ᠳᠣᠲᠣᠷ᠎ᠠ ᠠᠳᠠᠯ ᠦᠶᠯᠡᠰ ᠴᠣᠭᠴᠠᠯᠠᠬᠤ ᠶᠢᠨ ᠬᠠᠮᠲᠤ ᠠᠳᠠᠯ ᠦᠶᠯᠡᠰ | ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠠᠳᠠᠯ ᠦᠶᠯᠡᠰ ᠴᠣᠭᠴᠠᠯᠠᠭᠰᠠᠳ ᠪᠦᠬᠦᠨ | ᠠᠳᠠᠯ ᠦᠶᠯᠡᠰ ᠴᠣᠭᠴᠠᠯᠠᠬᠤ ᠭᠠᠵᠠᠷ ᠣᠷᠣᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠠ | ᠳᠠᠮ ᠬᠦᠤ ᠶᠢᠨ ᠲᠥᠷᠥ ᠶᠢᠨ ᠪᠣᠳᠣᠯᠭ᠎ᠠ ᠶᠢ ᠭᠥᠷᠳᠡᠵᠦ᠂ ᠵᠢᠭᠡᠯᠡᠯᠭᠡ ᠬᠦᠰᠡᠯᠲᠡ ᠪᠠᠨ ᠳᠡᠪᠰᠢᠭᠦᠯᠬᠦ ᠳᠠᠭᠠᠨ ᠡᠷᠦᠬᠡ | ᠠᠮᠠ ᠶᠢᠨ ᠪᠠᠶᠢᠭ᠎ᠠ ᠭᠠᠵᠠᠷ ᠤᠨ ᠬᠢᠵᠠᠭᠠᠷᠯᠠᠯ ᠢ ᠬᠦᠯᠢᠶᠡᠬᠦ ᠥᠬᠡᠶ᠃ | | ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠠᠵᠢᠯ ᠣᠯᠭᠤᠬᠤ ᠦᠶᠯᠡᠴᠢᠯᠡᠭᠡᠨ ᠤ ᠲᠥᠪ | | ᠭᠠᠷᠲᠠᠨ ᠭᠦᠶᠴᠡᠳᠬᠡᠬᠦ ᠳᠤ᠄ ᠵᠣᠭᠤᠰ ᠵᠢᠭᠡᠯᠡᠭᠴᠢ ᠶᠢᠨ ᠲᠣᠭᠲᠠᠭᠠᠯ ᠶᠣᠰᠣᠭᠠᠷ ᠭᠤᠶᠤᠴᠢᠯᠠᠯ ᠭᠠᠷᠭᠠᠵᠤ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠲᠣᠭᠲᠠᠭᠠᠯ | ᠶᠣᠰᠣᠭᠠᠷ ᠵᠣᠭᠤᠰ ᠵᠢᠭᠡᠯᠡᠭᠴᠢ ᠶᠢᠨ ᠬᠢᠷᠢ ᠬᠡᠮ ᠢ ᠬᠢᠨᠠᠨ ᠬᠠᠷᠭᠤᠭᠤᠯᠵᠤ᠂ ᠳᠠᠭᠠᠭᠠᠯᠲᠠ ᠶᠢᠨ ᠰᠠᠭᠤᠷᠢ ᠮᠥᠩᠭᠦ ᠶᠢᠨ | ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠶᠢᠴᠠᠭᠠᠯᠲᠠ ᠬᠢᠵᠦ᠂ | ᠭᠠᠷᠲᠠᠨ ᠭᠦᠶᠴᠡᠳᠬᠡᠬᠦ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠢ ᠬᠢᠨᠠᠨ ᠬᠠᠷᠭᠤᠭᠤᠯᠵᠤ ᠵᠢᠭᠡᠯᠡᠯᠭᠡ ᠲᠠᠯᠪᠢᠵᠤ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠳᠠᠮ ᠬᠦᠤ ᠥᠭᠬᠦ ᠴᠤᠪᠤᠷᠠᠯ ᠢᠶᠠᠷ | ᠭᠦᠶᠴᠡᠳᠬᠡᠨ᠎ᠡ᠃ | | | | | | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ | | | | | | |