ᠠᠵᠢᠯᠯᠠᠬᠤ ᠴᠠᠭ ᠢᠶᠠᠨ ᠠᠮᠢᠳᠤᠯᠢᠭ ᠢᠶᠠᠷ ᠲᠣᠬᠢᠷᠠᠭᠤᠯᠬᠤ
ᠨᠡᠶᠢᠲᠡᠯᠡᠭᠰᠡᠨ ᠴᠠᠭ᠄
2023/12/20
           ᠬᠢᠵᠢᠭ ᠲᠠᠬᠤᠯ ᠤᠨ ᠬᠠᠯᠳᠠᠪᠤᠷᠢ ᠶᠢᠨ ᠨᠥᠯᠥᠭᠡ ᠠᠴᠠ ᠪᠣᠯᠵᠣ᠂ ᠠᠵᠢᠯᠲᠠᠨ ᠠᠵᠢᠯᠴᠢᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠤᠨ ᠪᠠᠶᠢᠷᠢ ᠳᠠᠭᠠᠨ ᠬᠦᠷᠴᠦ ᠠᠵᠢᠯᠯᠠᠵᠤ ᠳᠡᠶᠢᠯᠬᠦ ᠥᠬᠡᠶ ᠪᠤᠶᠤ ᠬᠡᠪ ᠤᠨ ᠪᠠᠶᠢᠳᠠᠯ ᠢᠶᠠᠷ ᠦᠶᠯᠡᠳᠪᠦᠷᠢᠯᠡᠵᠦ ᠡᠵᠡᠩᠨᠡᠵᠦ ᠳᠡᠶᠢᠯᠬᠦ ᠥᠬᠡᠶ ᠪᠠᠶᠢᠪᠠᠯ᠂ ᠠᠵᠤ ᠠᠬᠤᠶᠢᠯᠠᠯ ᠨᠢ ᠠᠵᠢᠯᠯᠠᠬᠤ ᠴᠠᠭ ᠢ ᠶᠡᠷᠦᠩᠬᠡᠶᠢᠯᠡᠨ ᠪᠤᠳᠤᠬᠤ ᠪᠠ ᠲᠣᠭᠲᠠᠮᠠᠯ ᠪᠤᠰᠤ ᠴᠠᠭ ᠤᠨ ᠠᠵᠢᠯ ᠤᠨ ᠲᠦᠷᠢᠮ ᠢ ᠬᠠᠤᠯᠢ ᠶᠣᠰᠣᠭᠠᠷ ᠭᠤᠶᠤᠴᠢᠯᠠᠵᠤ ᠂ ᠬᠠᠮᠲᠤᠪᠠᠷ ᠭᠥᠷᠳᠡᠬᠦ ᠬᠥᠳᠡᠯᠮᠦᠷᠢ᠂ ᠪᠦᠬᠦᠯᠢ ᠡᠳᠦᠷ ᠤᠨ ᠪᠤᠰᠤ ᠳᠦᠷᠢᠮᠲᠦ ᠠᠵᠢᠯᠴᠢᠨ ᠢ ᠬᠡᠷᠡᠭᠯᠡᠬᠦ᠂ ᠠᠯᠤᠰ ᠠᠴᠠ ᠠᠵᠢᠯᠯᠠᠬᠤ᠂ ᠡᠯ᠎ᠡ ᠲᠥᠷᠥᠯ ᠤᠨ ᠠᠮᠠᠷᠠᠯᠲᠠ ᠶᠢᠨ ᠬᠤᠭᠤᠴᠠᠭ᠎ᠠ ᠶᠢ ᠤᠷᠢᠳᠠᠪᠠᠷ ᠬᠡᠷᠡᠭᠯᠡᠬᠦ ᠵᠡᠷᠭᠡ ᠵᠣᠬᠢᠰᠲᠠᠶ ᠠᠵᠢᠯ ᠤᠨ ᠠᠷᠭ᠎ᠠ ᠮᠠᠶ᠋ᠢᠭ ᠢ ᠠᠪᠴᠤ᠂ ᠠᠵᠢᠯᠴᠢᠨ ᠬᠡᠷᠡᠭᠯᠡᠬᠦ ᠶᠢᠨ ᠠᠮᠢᠳᠤᠯᠢᠭ ᠴᠢᠨᠠᠷ ᠢ ᠨᠡᠮᠡᠭᠳᠡᠭᠦᠯᠦᠨ᠎ᠡ᠃            ᠬᠠᠷᠢᠭᠤᠴᠠᠯᠭᠠᠲᠤ ᠨᠢᠭᠡᠴᠢ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠬᠠᠷᠢᠴᠠᠭ᠎ᠠ ᠶᠢᠨ ᠰᠠᠯᠠᠭ᠎ᠠ ᠭᠤᠣᠯᠯᠠᠨ ᠬᠠᠷᠢᠭᠤᠴᠠᠵᠤ᠂ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠬᠠᠮᠵᠢᠯᠴᠠᠨ᠎ᠠ            ᠲᠥᠷᠥ ᠶᠢᠨ ᠪᠣᠳᠣᠯᠭ᠎ᠠ ᠶᠢ ᠭᠠᠷᠲᠠᠨ ᠭᠦᠶᠴᠡᠳᠬᠡᠬᠦ᠄ ᠠᠵᠤ ᠠᠬᠤᠶᠢᠯᠠᠯ ᠳᠤ ᠶᠡᠷᠦᠩᠬᠡᠶᠢᠯᠡᠭᠰᠡᠨ ᠪᠠ ᠠᠵᠢᠯ ᠤᠨ ᠴᠠᠭ ᠢ ᠪᠤᠳᠤᠬᠤ ᠲᠦᠷᠢᠮ ᠪᠤᠶᠤ ᠲᠣᠭᠲᠠᠮᠠᠯ ᠪᠤᠰᠤ ᠴᠠᠭ ᠤᠨ ᠠᠵᠢᠯ ᠤᠨ ᠲᠦᠷᠢᠮ ᠢ ᠬᠡᠷᠡᠭᠵᠢᠭᠦᠯᠵᠦ᠂ ᠠᠵᠢᠯᠴᠢᠨ ᠤ ᠡᠪᠯᠡᠯ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠪᠤᠶᠤ ᠠᠵᠢᠯᠲᠠᠨ ᠠᠵᠢᠯᠴᠢᠨ ᠤ ᠲᠥᠯᠥᠭᠡᠯᠡᠭᠴᠢ ᠲᠠᠢ ᠵᠥᠪᠳᠡᠯᠴᠡᠨ ᠲᠣᠭᠲᠠᠭᠠᠬᠤ ᠬᠡᠷᠡᠭᠲᠡᠶ᠃ ᠠᠵᠢᠯ ᠤᠨ ᠴᠠᠭ ᠢ ᠶᠡᠷᠦᠩᠬᠡᠶᠢᠯᠡᠨ ᠪᠤᠳᠤᠬᠤ ᠠᠵᠢᠯ ᠤᠨ ᠲᠦᠷᠢᠮ ᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠨᠢ ᠶᠡᠷᠦᠩᠬᠡᠶᠢᠯᠡᠨ ᠪᠤᠳᠤᠬᠤ ᠦᠶᠡᠯᠡᠯ ᠤᠨ ᠬᠤᠭᠤᠴᠠᠭᠠᠨ ᠳᠤ᠂ ᠠᠵᠢᠯᠲᠠᠨ ᠠᠵᠢᠯᠴᠢᠨ ᠤ ᠡᠳᠦᠷ ᠪᠦᠷᠢ ᠶᠢᠨ ᠦᠷᠭᠦᠯᠵᠢᠯᠡᠨ ᠠᠵᠢᠯᠯᠠᠬᠤ ᠴᠠᠭ ᠢ 11 ᠴᠠᠭ ᠠᠴᠠ ᠬᠡᠲᠦᠷᠡᠭᠦᠯᠵᠦ ᠪᠣᠯᠬᠤ ᠥᠬᠡᠶ᠂ ᠠᠵᠤ ᠠᠬᠤᠶᠢᠯᠠᠯ ᠤᠨ ᠭᠤᠶᠤᠴᠢᠯᠠᠭᠰᠠᠨ ᠲᠣᠭᠲᠠᠮᠠᠯ ᠪᠤᠰᠤ ᠴᠠᠭ ᠬᠢᠭᠡᠳ ᠶᠡᠷᠦᠩᠬᠡᠶᠢᠯᠡᠭᠰᠡᠨ ᠠᠵᠢᠯ ᠤᠨ ᠴᠠᠭ ᠤᠨ ᠠᠵᠢᠯ ᠤᠨ ᠪᠠᠶᠢᠷᠢ ᠨᠢ ᠬᠠᠤᠯᠢ ᠪᠠᠷ ᠲᠣᠭᠲᠠᠭᠠᠭᠰᠠᠨ ᠬᠦᠰᠡᠯᠲᠡ ᠎ ᠪᠠᠨ ᠳᠡᠪᠰᠢᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠃             ︵1︶ ᠠᠵᠤ ᠠᠬᠤᠶᠢᠯᠠᠯ ᠦᠢᠯᠡᠳᠪᠦᠷᠢᠯᠡᠯ ᠡᠵᠡᠩᠨᠡᠯᠲᠡ ᠶᠢᠨ ᠣᠨᠴᠠᠯᠢᠭ ᠢᠶᠠᠨ ᠦᠨᠳᠦᠰᠦᠯᠡᠨ ︽ᠠᠵᠢᠯ ᠤᠨ ᠴᠠᠭ ᠢ ᠶᠡᠷᠦᠩᠬᠡᠶᠢᠯᠡᠨ ᠪᠤᠳᠤᠬᠤ ᠲᠦᠷᠢᠮ︾᠎ ᠢ ᠬᠡᠷᠡᠭᠵᠢᠭᠦᠯᠬᠦ ᠪᠠᠷ ᠬᠦᠰᠡᠯᠲᠡ ᠪᠠᠨ ᠳᠡᠪᠰᠢᠭᠦᠯᠦᠨ᠎ᠡ᠃             ︵2︶ ᠠᠵᠤ ᠠᠬᠤᠶᠢᠯᠠᠯ ᠬᠦᠰᠡᠯᠲᠡ ᠪᠠᠨ ᠳᠡᠪᠰᠢᠭᠦᠯᠬᠦ ᠳᠠᠭᠠᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ᠂ ᠠᠵᠢᠯᠴᠢᠨ ᠤ ᠡᠪᠯᠡᠯ ᠤᠨ ᠨᠡᠶᠢᠭᠡᠮ ᠤᠨ ᠪᠦᠯᠬᠦᠮ ᠬᠠᠤᠯᠢ ᠶᠢᠨ ᠬᠥᠮᠦᠨ ᠤ ᠬᠢᠷᠢ ᠬᠡᠮ ᠤᠨ ᠦᠨᠡᠮᠯᠡᠯ ᠤᠨ ᠪᠠᠭᠤᠯᠭᠠᠪᠤᠷᠢ ᠶᠢ ᠬᠠᠩᠭᠠᠬᠤ ᠬᠡᠷᠡᠭᠲᠡᠶ᠃ ᠬᠥᠳᠡᠯᠮᠦᠷᠢ ᠶᠢᠨ ᠭᠡᠷ᠎ᠡ ᠶᠢᠨ ᠨᠡᠷ᠎ᠡ ᠶᠢᠨ ᠪᠦᠷᠢᠳᠬᠡᠯ᠂ ᠲᠤᠰ ᠬᠤᠭᠤᠴᠠᠭᠠᠨ ᠤ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠲᠡᠮᠳᠡᠭᠯᠡᠯ ᠤᠨ ᠬᠠᠭᠤᠯᠪᠤᠷᠢ ᠵᠢᠴᠢ ᠳᠡᠭᠡᠷ᠎ᠡ ᠰᠠᠷ᠎ᠠ ᠶᠢᠨ ᠴᠠᠯᠢᠩ ᠤᠨ ᠲᠦᠭᠡᠭᠡᠯᠲᠡ ᠶᠢᠨ ᠬᠦᠰᠦᠨᠦᠭᠲᠦ᠃ ︽ᠪᠠᠷᠢᠮᠵᠢᠶ᠎ᠠ ᠪᠤᠰᠤ ᠠᠵᠢᠯ ᠤᠨ ᠴᠠᠭ ᠤᠨ ᠲᠦᠷᠢᠮ︾᠎ ᠢ ᠬᠡᠷᠡᠭᠵᠢᠭᠦᠯᠬᠦ ᠲᠥᠰᠦᠯ᠃ ᠠᠵᠤ ᠠᠬᠤᠶᠢᠯᠠᠯ ᠤᠨ ᠠᠵᠢᠯᠳᠡᠨ ᠠᠵᠢᠯᠴᠢᠨ ᠤ ᠶᠡᠭᠡ ᠬᠤᠷᠠᠯ ᠪᠤᠶᠤ ᠠᠵᠢᠯᠳᠡᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ︽ᠠᠵᠢᠯ ᠤᠨ ᠴᠠᠭ ᠢ ᠶᠡᠷᠦᠩᠬᠡᠶᠢᠯᠡᠨ ᠪᠤᠳᠤᠬᠤ ᠲᠦᠷᠢᠮ︾᠎ ᠢ ᠬᠡᠷᠡᠭᠵᠢᠭᠦᠯᠬᠦ ᠲᠥᠰᠦᠯ ᠤᠨ ᠲᠤᠬᠠᠶ ᠬᠤᠷᠠᠯ ᠤᠨ ᠲᠡᠮᠳᠡᠭᠯᠡᠯ᠂ ᠰᠢᠶᠳᠪᠦᠷᠢ ᠶᠢ ᠶᠠᠷᠢᠯᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠩᠭᠠᠭᠰᠠᠨ ︽ᠠᠵᠢᠯ ᠤᠨ ᠴᠠᠭ ᠢ ᠶᠡᠷᠦᠩᠬᠡᠶᠢᠯᠡᠨ ᠪᠤᠳᠤᠬᠤ ᠲᠦᠷᠢᠮ ᠤᠨ ᠬᠢᠨᠠᠨ ᠵᠥᠪᠰᠢᠶᠡᠷᠡᠬᠦ ᠬᠦᠰᠦᠨᠦᠭᠲᠦ︾ ︵ᠨᠢᠭᠡ ᠬᠡᠯᠪᠡᠷᠢ ᠶᠢᠨ ᠬᠤᠶᠠᠷ ᠬᠤᠪᠢ︶᠎ ᠶᠢ ᠲᠠᠭᠯᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠴᠢᠬᠤᠯᠠᠲᠠᠶ ᠭᠡᠵᠦ ᠦᠵᠡᠭᠰᠡᠨ ᠪᠤᠰᠤᠳ ᠮᠠᠲ᠋ᠧᠷᠢᠶᠠᠯ ᠢ ᠪᠠᠭᠲᠠᠭᠠᠨ᠎ᠠ᠃             ︵3︶ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵http://rst.nmg᠎ ᠳᠤ ᠲᠡᠮᠳᠡᠭᠯᠡᠨ᠎ᠡ᠃            Gov.cn/︶ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠲᠢᠩᠬᠢᠮ ᠤᠨ ᠨᠢᠭᠡᠴᠢ ᠶᠢᠨ ᠬᠡᠷᠡᠭ ᠡᠷᠬᠢᠯᠡᠬᠦ ᠲᠤᠰᠬᠠᠢ ᠪᠤᠯᠤᠩ ᠠᠴᠠ ᠭᠦᠢᠴᠡᠳᠬᠡᠨ᠎ᠡ᠃         ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠮᠵᠢᠭᠤᠯᠤᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠠᠷᠢᠨ ᠳᠦᠷᠢᠮ︾
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号