ᠠᠯᠠᠱᠠ ᠵᠡᠭᠦᠨ ᠬᠤᠰᠢᠭᠤᠨ ᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠬᠡᠷᠬᠢᠨ ᠬᠦᠰᠡᠯᠲᠡ ᠎ ᠪᠠᠨ ᠳᠡᠪᠰᠢᠭᠦᠯᠦᠨ ᠭᠦᠢᠴᠡᠳᠬᠡᠬᠦ  ᠶᠢ ᠭᠦᠢᠴᠡᠳᠬᠡᠬᠦ ᠦᠶᠯᠡᠴᠢᠯᠡᠭᠡᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/24
           
                  ︵ᠨᠢᠭᠡ︶ ᠲᠣᠭᠲᠠᠭᠠᠯ ᠶᠣᠰᠣᠭᠠᠷ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠠᠳ ᠪᠠᠶᠢᠭ᠎ᠠ ᠨᠢᠭᠡᠴᠢ ᠪᠠ ᠲᠤᠰ ᠬᠥᠮᠦᠨ ᠨᠢ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠡᠭᠦᠷᠭᠡ ᠪᠠᠨ ᠭᠦᠢᠴᠡᠳᠬᠡᠭᠡᠳ ᠪᠦᠬᠦᠯᠢ 1 ᠵᠢᠯ ᠪᠣᠯᠤᠭᠰᠠᠨ᠃            2.ᠲᠤᠰ ᠬᠥᠮᠦᠨ ᠤ ᠬᠦᠰᠡᠯ ᠰᠠᠨᠠᠭ᠎ᠠ ᠠᠴᠠ ᠪᠤᠰᠤ ᠰᠢᠯᠲᠠᠭᠠᠨ ᠢᠶᠠᠷ ᠠᠵᠢᠯ ᠣᠯᠭᠤᠯᠲᠠ ᠶᠢ ᠨᠢ ᠲᠠᠰᠤᠯᠳᠠᠭᠤᠯᠤᠭᠰᠠᠨ᠃            3.ᠨᠢᠭᠡᠨᠲᠡ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠪᠥᠭᠡᠳ ᠠᠵᠢᠯ ᠡᠷᠢᠬᠦ ᠱᠠᠭᠠᠷᠳᠠᠯᠭ᠎ᠠ ᠲᠠᠢ ᠪᠠᠶᠢᠪᠠᠯ ︵ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠦᠭᠡᠢ ᠪᠠᠶᠢᠪᠠᠯ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠬᠦᠰᠡᠯᠲᠡ ᠪᠠᠨ ᠳᠡᠪᠰᠢᠭᠦᠯᠦᠨ ᠭᠦᠢᠴᠡᠳᠬᠡᠬᠦ ᠦᠶ᠎ᠡ ᠳᠤ ᠵᠡᠷᠭᠡ ᠳᠤᠨᠢ ᠭᠦᠢᠴᠡᠳᠬᠡᠵᠦ ᠪᠣᠯᠤᠨ᠎ᠠ︶᠃                        ᠬᠦᠰᠡᠯᠲᠡ ᠪᠠᠨ ᠳᠡᠪᠰᠢᠭᠦᠯᠦᠨ ᠭᠦᠢᠴᠡᠳᠬᠡᠬᠦ ᠬᠡᠯᠪᠡᠷᠢ                                          1. ᠬᠦᠴᠦᠨ ᠪᠥᠬᠦᠶ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠠᠯᠠᠱᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠠᠷᠠᠳ ᠤᠨ ᠠᠮᠢᠳᠤᠷᠠᠯ ᠤᠨ ᠲᠣᠭᠤᠷᠢᠭ ᠤᠨ ᠶᠡᠷᠦᠩᠬᠡᠶᠢᠯᠡᠭᠰᠡᠨ ᠴᠣᠩᠬᠤᠪᠴᠢ ᠳᠤ ᠬᠦᠷᠴᠦ ᠬᠦᠰᠡᠯᠲᠡ ᠪᠠᠨ ᠳᠡᠪᠰᠢᠭᠦᠯᠦᠨ᠎ᠡ᠃            2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠰᠦᠯᠵᠢᠶᠡᠨ ᠥᠷᠲᠡᠭᠡ ︵http://rst.nmg.gov.cnᠴᠠᠬᠢᠮ ᠢᠶᠠᠷ ᠬᠡᠷᠡᠭ ᠡᠷᠭᠢᠯᠡᠬᠦ ᠲᠢᠩᠬᠢᠮ ᠤᠨ ᠬᠤᠪᠢ ᠬᠥᠮᠦᠨ ᠤ ᠬᠡᠷᠡᠭ ᠡᠷᠭᠢᠯᠡᠬᠦ ᠲᠤᠰᠬᠠᠶ ᠪᠤᠯᠤᠩ ᠢᠶᠠᠷ ᠳᠠᠮᠵᠢᠭᠤᠯᠤᠨ ᠭᠦᠢᠴᠡᠳᠬᠡᠨ᠎ᠡ᠃            3. ᠤᠯᠤᠰ ᠤᠨ ᠨᠡᠶᠢᠭᠡᠮ ᠤᠨ ᠳᠠᠭᠠᠳᠬᠠᠯ ᠤᠨ ᠦᠶᠯᠡᠴᠢᠯᠡᠭᠡᠨ ᠤ ᠲᠠᠪᠴᠠᠩ ᠢᠶᠠᠷ ᠳᠠᠮᠵᠢᠬᠤ᠄             ︵http://si.12333.gov.cn︶ ᠬᠠᠷᠠᠭᠠᠯᠵᠠᠯ ᠬᠦᠰᠡᠯᠲᠡ ᠪᠠᠨ ᠳᠡᠪᠰᠢᠭᠦᠯᠬᠦ ᠲᠤᠰᠬᠠᠶ ᠪᠤᠯᠤᠩ ᠳᠤ ᠬᠦᠰᠡᠯᠲᠡ ᠪᠠᠨ ᠳᠡᠪᠰᠢᠭᠦᠯᠦᠨ᠎ᠡ᠃            4. ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠭᠠᠷ ᠤᠲᠠᠰᠤᠨ ᠤ APP᠎ ᠪᠠᠷ ᠳᠠᠮᠵᠢᠭᠤᠯᠤᠨ ᠭᠦᠢᠴᠡᠳᠬᠡᠨ᠎ᠡ᠃            5. ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠶᠯᠡᠴᠢᠯᠡᠭᠡᠨ ᠤ ᠪᠤᠯᠤᠩ ᠢᠶᠠᠷ ᠳᠠᠮᠵᠢᠭᠤᠯᠤᠨ ᠭᠦᠢᠴᠡᠳᠬᠡᠨ᠎ᠡ᠃            6. ᠲᠣᠭᠠᠴᠠᠭ᠎ᠠ ᠡᠷᠳᠡᠨᠢ᠂ ᠸᠢᠴᠠᠲ ᠤᠨ ᠨᠡᠶᠢᠭᠡᠮ ᠤᠨ ᠪᠠᠲᠤᠯᠠᠭ᠎ᠠ ᠶᠢᠨ ᠴᠠᠬᠢᠮ ᠺᠠᠷᠲ ᠤᠨ ᠵᠢᠵᠢᠭ ᠫᠷᠤᠭ᠍ᠷᠠᠮ ᠢᠶᠠᠷ ᠳᠠᠮᠵᠢᠭᠤᠯᠤᠨ ᠭᠦᠢᠴᠡᠳᠬᠡᠨ᠎ᠡ᠃          
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号