ᠴᠠᠬᠢᠮ ᠡᠮ ᠡᠮᠨᠡᠯᠭᠡ ᠶᠢᠨ ᠳᠠᠭᠠᠳᠬᠠᠯ ᠤᠨ ᠺᠠᠷᠲ ᠢ ᠬᠤᠯᠪᠣᠬᠤ ᠲᠤᠬᠠᠢ ᠦᠢᠯᠡᠴᠢᠯᠡᠭᠡᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/24
                         ᠲᠥᠷᠥᠯ ᠰᠠᠳᠤᠨ ᠤ ᠳᠠᠩᠰᠠᠨ ᠡᠷᠦᠬᠡ ᠪᠣᠯ ᠲᠠᠨ ᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠᠨ ᠡᠷᠦᠬᠡ ᠲᠠᠢ ᠬᠤᠯᠪᠣᠭᠰᠠᠨ ᠭᠡᠷ ᠪᠦᠯᠢ ᠶᠢᠨ ᠪᠦᠷᠢᠯᠳᠦᠬᠦᠨ ᠤ ᠳᠠᠩᠰᠠᠨ ᠡᠷᠦᠬᠡ ᠪᠣᠯᠤᠨ᠎ᠠ᠃ ᠳᠠᠭᠠᠳᠬᠠᠯ ᠳᠤ ᠣᠷᠣᠯᠴᠠᠭᠴᠢ ᠣᠶᠢᠷ᠎ᠠ ᠲᠥᠷᠥᠯ ᠰᠠᠳᠤᠨ ᠤ ᠺᠠᠷᠲ ᠢᠶᠠᠨ ᠤᠶᠠᠭᠰᠠᠨ ᠤ ᠳᠠᠷᠠᠭ᠎ᠠ᠂ ᠣᠶᠢᠷ᠎ᠠ ᠲᠥᠷᠥᠯ ᠰᠠᠳᠤᠨ ᠨᠢ ᠲᠣᠰ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠴᠠᠬᠢᠮ ᠭᠡᠷᠡᠴᠢ ᠪᠠᠷᠢᠮᠲᠠ ᠪᠤᠶᠤ ᠪᠣᠳᠠᠲᠤ ᠴᠣᠭᠴᠠ ᠶᠢᠨ ᠺᠠᠷᠲ ᠢᠶᠠᠷ ᠢᠶᠠᠨ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠪᠠ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠦᠯᠵᠦ ᠡᠮ ᠬᠤᠳᠠᠯᠳᠤᠨ ᠠᠪᠤᠭᠰᠠᠨ ᠵᠠᠷᠤᠳᠠᠯ ᠢ ᠳ᠋ᠦᠩᠨᠡᠨ ᠪᠤᠳᠤᠵᠤ᠂ ᠬᠤᠪᠢ ᠬᠥᠮᠦᠨ ᠤ ᠥᠪᠡᠰᠦᠪᠡᠨ ᠳᠥᠯᠥᠬᠦ ᠬᠡᠰᠡᠭ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠨᠢ ᠬᠦᠷᠦᠯᠴᠡᠬᠦ ᠥᠬᠡᠶ ᠦᠶ᠎ᠡ ᠳᠤ ᠰᠠᠶ᠋ᠢ ᠲᠥᠷᠥᠯ ᠰᠠᠳᠤᠨ ᠤ ᠳᠠᠩᠰᠠᠨ ᠡᠷᠦᠬᠡ ᠶᠢ ᠰᠢᠭᠤᠳ ᠰᠢᠯᠵᠢᠭᠦᠯᠦᠨ ᠬᠡᠷᠡᠭᠯᠡᠵᠦ ᠳᠥᠯᠥᠵᠦ ᠪᠣᠯᠤᠨ᠎ᠠ᠃                  ᠣᠳᠣᠬᠠᠨ ᠳᠤ᠂ ᠡᠮ ᠡᠮᠨᠡᠯᠭᠡ ᠶᠢᠨ ᠳᠠᠭᠠᠳᠬᠠᠯ ᠤᠨ ᠴᠠᠬᠢᠮ ᠭᠡᠷᠡᠴᠢ ᠪᠠᠷᠢᠮᠲᠠ ᠶᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ APP ᠳᠡᠭᠡᠷ᠎ᠡ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠬᠠᠷᠠᠭᠠᠯᠵᠠᠬᠤ ᠲᠤᠬᠠᠶᠢᠯᠠᠭᠰᠠᠨ ᠠᠵᠢᠯ ᠢ ᠬᠦᠰᠡᠯᠲᠡ ᠪᠠᠨ ᠳᠡᠪᠰᠢᠭᠦᠯᠦᠨ ᠭᠦᠶᠴᠡᠳᠬᠡᠵᠦ ᠪᠣᠯᠤᠨ᠎ᠠ᠃        
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号