ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ  ᠶᠢ ᠭᠦᠢᠴᠡᠳᠬᠡᠬᠦ ᠦᠶᠯᠡᠴᠢᠯᠡᠭᠡᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/24
     01            ᠠᠳᠠᠯ ᠦᠢᠯᠡᠰ ᠴᠣᠭᠴᠠᠯᠠᠬᠤ ᠳᠠᠭᠠᠭᠠᠯᠳᠠᠳᠤ ᠵᠢᠭᠡᠯᠡᠯᠭᠡ ᠶᠢᠨ ᠳ᠋ᠦᠶᠰᠢᠶᠠᠩ            ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ︵ᠬᠤᠲᠠ ᠪᠠᠯᠭᠠᠰᠤᠨ ᠤ ᠡᠷᠦᠬᠡ ᠡᠵᠡᠩᠨᠡᠯᠲᠡ ᠶᠢᠨ ᠦᠨᠡᠮᠯᠡᠯ ᠢᠶᠠᠨ ᠭᠦᠢᠴᠡᠳᠬᠡᠬᠦ ᠠᠴᠠ ᠡᠮᠦᠨ᠎ᠡ ᠣᠷᠣᠰᠢᠵᠤ ᠪᠠᠶᠢᠭᠰᠠᠨ ᠪᠤᠶᠤ ᠳᠠᠩᠰᠠᠯᠠᠭᠤᠯᠤᠭᠰᠠᠨ ᠎ ᠨᠢ ᠬᠦᠴᠦᠨ ᠲᠠᠢ ᠠᠵᠢᠯ ᠠᠯᠳᠠᠭᠰᠠᠳ ᠤᠨ ᠲᠡᠮᠳᠡᠭᠯᠡᠯ ᠪᠠᠶᠢᠬᠤ ᠬᠡᠷᠡᠭᠲᠡᠶ︶᠂ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ ᠪᠠᠶᠢᠭᠤᠯᠤᠮᠵᠢ ᠶᠢᠨ ᠮᠠᠭᠠᠳᠯᠠᠨ ᠲᠣᠭᠲᠠᠭᠠᠭᠰᠠᠨ ᠠᠵᠢᠯ ᠤᠯᠬᠤ ᠳᠤ ᠬᠦᠴᠢᠷᠲᠡᠶ ᠬᠥᠮᠦᠰ᠂ ᠳᠡᠭᠡᠳᠦ ᠰᠤᠷᠭᠠᠭᠤᠯᠢ ᠲᠡᠭᠦᠰᠦᠭᠰᠡᠳ ︵ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠤᠶᠤ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠡᠳ ᠬᠤᠶᠠᠷ ᠵᠢᠯ ᠤᠨ ᠳᠣᠲᠣᠷ᠎ᠠ ᠪᠠᠶᠢᠬᠤ︶᠂ ᠴᠡᠷᠢᠭ ᠠᠴᠠ ᠬᠠᠯᠠᠭᠳᠠᠭᠰᠠᠳ ᠴᠡᠷᠢᠭ ᠠᠴᠠ ᠬᠠᠯᠠᠭᠳᠠᠭᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠦᠯᠡᠭᠦᠤ ᠦᠶᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠶᠯᠡᠰ ᠴᠣᠭᠴᠠᠯᠠᠭᠰᠠᠨ ᠬᠥᠯᠥᠰᠥᠨ ᠠᠵᠢᠯᠴᠢᠨ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤᠷᠠᠯ ᠠᠴᠠ ᠠᠩᠭᠢᠵᠢᠷᠠᠭᠰᠠᠨ ᠬᠥᠮᠦᠨ ᠠᠮᠠ᠂ ᠬᠥᠳᠡᠭᠡ ᠲᠣᠰᠬᠤᠨ ᠤ ᠪᠡᠶ᠎ᠡ ᠪᠠᠨ ᠳᠠᠭᠠᠭᠠᠵᠤ ᠠᠳᠠᠯ ᠦᠶᠯᠡᠰ ᠴᠣᠭᠴᠠᠯᠠᠭᠰᠠᠨ ᠲᠠᠷᠢᠶᠠᠴᠢᠨ᠃                        02            ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠬᠦᠰᠡᠯᠲᠡ ᠪᠠᠨ ᠳᠡᠪᠰᠢᠭᠦᠯᠬᠦ ᠨᠥᠬᠦᠴᠡᠯ            ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶᠎ ᠠᠴᠠ ᠭᠠᠳᠠᠨ᠎ᠠ᠂ ᠬᠦᠰᠡᠯᠲᠡ ᠭᠠᠷᠭᠠᠭᠰᠠᠨ ᠬᠥᠮᠥᠰ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠦᠨ ᠵᠢᠴᠢ ᠲᠡᠭᠦᠨ ᠤ ᠬᠤᠯᠪᠣᠰᠤ ᠨᠢ ᠪᠤᠰᠤᠳ ᠵᠢᠭᠡᠯᠡᠯᠭᠡ ᠥᠬᠡᠶ ᠪᠠᠶᠢᠬᠤ ᠬᠡᠷᠡᠭᠲᠡᠶ᠃ ᠲᠡᠷᠡᠴᠢᠯᠡᠨ ᠲᠤᠰ ᠬᠥᠮᠦᠨ ᠤ ᠵᠢᠭᠡᠯᠡᠯᠭᠡ ᠶᠢᠨ ᠪᠤᠰᠤ ᠡᠵᠡᠩᠨᠡᠯᠲᠡ ᠶᠢᠨ ᠦᠨᠡᠮᠯᠡᠯ ᠳᠣᠣᠷᠠᠬᠢ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠠᠭᠠᠳᠬᠠᠯ ᠳᠤ ᠣᠷᠣᠯᠴᠠᠵᠤ ᠪᠣᠯᠬᠤ ᠦᠭᠡᠢ᠃ ᠨᠠᠰᠤᠨ ᠤ ᠠᠮᠠᠷᠠᠯᠲᠠ ᠶᠢᠨ ᠬᠠᠷᠠᠭᠠᠯᠵᠠᠯ ᠢ ᠬᠦᠷᠳᠡᠵᠦ ᠪᠠᠶᠢᠭ᠎ᠠ ᠬᠥᠮᠦᠰ ᠢ ᠭᠤᠶᠤᠴᠢᠯᠠᠵᠤ ᠪᠣᠯᠬᠤ ᠦᠭᠡᠢ᠃                        03            ᠵᠢᠭᠡᠯᠡᠯᠭᠡ ᠶᠢᠨ ᠲᠤᠭ᠎ᠠ ᠬᠡᠮᠵᠢᠶ᠎ᠡ            ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠃ 10 ᠲᠦᠮᠡᠨ ᠲᠥᠭᠦᠷᠢᠭ ᠠᠴᠠ ᠳᠣᠭᠤᠭᠰᠢ ᠳᠠᠭᠠᠭᠠᠯᠲᠠ ᠬᠢᠬᠦ ᠠᠴᠠ ᠬᠡᠯᠲᠦᠷᠢᠭᠦᠯᠵᠦ᠂ 10 ᠲᠦᠮᠡᠨ ᠲᠥᠭᠦᠷᠢᠭ ᠠᠴᠠ ᠳᠡᠭᠡᠭᠰᠢ ᠲᠣᠭᠠᠨ ᠤ ᠬᠥᠮᠦᠨ ᠪᠤᠶᠤ ᠭᠡᠷ ᠪᠦᠯᠢ ᠪᠠᠷ ᠨᠢᠭᠡᠴᠢ ᠪᠣᠯᠭᠠᠭᠰᠠᠨ ᠭᠡᠷ ᠪᠠᠶᠢᠰᠢᠩ ᠤᠨ ᠬᠦᠷᠦᠩᠭᠡ ᠪᠠᠷ ᠪᠠᠷᠢᠴᠠᠭ᠎ᠠ ᠪᠣᠯᠭᠠᠬᠤ ᠬᠡᠷᠡᠭᠲᠡᠶ᠃                        04            ᠵᠢᠭᠡᠯᠡᠯᠭᠡ ᠶᠢᠨ ᠬᠤᠭᠤᠴᠠᠭᠠᠯᠠᠯ            ᠬᠤᠪᠢ ᠬᠥᠮᠦᠨ ᠳᠤ ᠬᠠᠨᠳᠤᠭᠤᠯᠤᠭᠰᠠᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠵᠣᠭᠤᠰ ᠢᠶᠠᠨ ᠤᠷᠢᠳᠴᠢᠯᠠᠨ ᠪᠤᠴᠠᠭᠠᠵᠤ ᠪᠣᠯᠤᠨ᠎ᠠ᠃ ᠨᠢᠭᠡ ᠬᠥᠮᠦᠨ ᠬᠠᠮᠤᠭ ᠠᠷᠪᠢᠨ ᠳᠠᠭᠠᠨ 3 ᠤᠳᠠᠭᠠᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠭᠤᠶᠤᠴᠢᠯᠠᠵᠤ ᠪᠣᠯᠤᠨ᠎ᠠ᠃                        05            ᠬᠦᠦ ᠶᠢᠨ ᠨᠤᠷᠮ᠎ᠠ ᠶᠢᠨ ᠲᠦᠪᠰᠢᠨ            ᠰᠢᠨ᠎ᠡ ᠪᠠᠷ ᠲᠠᠷᠬᠠᠭᠠᠭᠰᠠᠨ ᠬᠤᠪᠢ ᠬᠥᠮᠦᠨ ᠤ ᠠᠵᠤ ᠠᠬᠤᠶᠢᠯᠠᠯ ᠤᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠦᠤ ᠮᠥᠩᠭᠦ ᠨᠢ 2.2 ᠣᠷᠴᠢᠮ ᠪᠠᠶᠢᠵᠤ᠂ ᠪᠣᠳᠠᠲᠠᠶ ᠪᠠᠶᠢᠳᠠᠯ ᠢ ᠪᠠᠩᠬᠢ ᠪᠠᠷ ᠪᠠᠷᠢᠮᠵᠢᠶ᠎ᠠ ᠪᠣᠯᠭᠠᠨ᠎ᠠ᠃                        06            ᠪᠡᠯᠡᠳᠬᠡᠬᠦ ᠮᠠᠲ᠋ᠧᠷᠢᠶᠠᠯ            1 ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ︵ᠨᠢᠭᠡᠨᠲᠡ ᠤᠷᠤᠭᠯᠠᠭᠰᠠᠨ ᠡᠷ᠎ᠡ ᠡᠮ᠎ᠡ ᠬᠤᠶᠠᠷ ᠡᠲᠡᠭᠡᠳ ᠤᠨ ᠤᠷᠤᠭ ᠤᠨ ᠦᠨᠡᠮᠯᠡᠯ︶      1 ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ      1.ᠨᠢᠭᠡ ᠰᠠᠷ᠎ᠠ ᠶᠢᠨ ᠳᠣᠲᠣᠷ᠎ᠠ ᠢᠲᠡᠭᠡᠮᠵᠢ ᠶᠢᠨ ᠮᠡᠳᠡᠭᠦᠯᠦᠯᠲᠡ                  ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠬᠡᠷᠬᠢᠨ ᠬᠦᠰᠡᠯᠲᠡ ᠪᠠᠨ ᠳᠡᠪᠰᠢᠭᠦᠯᠬᠦ ᠵᠢᠴᠢ ᠶᠠᠮᠠᠷ ᠬᠥᠮᠦᠰ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠠᠮᠠᠷᠬᠠᠨ ᠭᠤᠶᠤᠴᠢᠯᠠᠵᠤ ᠤᠯᠬᠤ ᠲᠤᠬᠠᠶ ᠳᠡᠭᠡᠷᠡᠬᠢ ᠲᠠᠨᠢᠯᠴᠠᠭᠤᠯᠭ᠎ᠠ ᠪᠠᠷ ᠳᠠᠮᠵᠢᠭᠤᠯᠤᠨ᠂ ᠣᠯᠠᠨ ᠢᠶᠠᠷ ᠢᠶᠠᠨ ᠡᠨᠡ ᠬᠤᠶᠠᠷ ᠠᠰᠠᠭᠤᠳᠠᠯ ᠤᠨ ᠲᠤᠬᠠᠶ ᠵᠣᠬᠢᠬᠤ ᠣᠶᠢᠯᠠᠭᠠᠯᠲᠠ ᠲᠠᠢ ᠪᠣᠯᠵᠣ᠂ ᠠᠰᠠᠭᠤᠨ ᠯᠠᠪᠯᠠᠬᠤ ᠪᠠ ᠥᠪᠡᠷ ᠤᠨ ᠪᠠᠶᠢᠳᠠᠯ ᠢᠶᠠᠨ ᠬᠠᠷᠢᠴᠠᠭᠤᠯᠬᠤ ᠪᠠᠷ ᠳᠡᠮᠵᠢᠨ᠂ ᠲᠤᠬᠠᠶ ᠶᠢᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠪᠠᠶᠢᠭᠤᠯᠤᠮᠵᠢ ᠶᠢ ᠰᠣᠩᠭᠤᠵᠤ ᠬᠤᠪᠢ ᠬᠥᠮᠦᠨ ᠤ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠪᠠᠯ ᠰᠠᠶ᠋ᠢ ᠠᠮᠵᠢᠯᠲᠠ ᠤᠯᠬᠤ ᠨᠣᠷᠮ᠎ᠠ ᠨᠢ ᠥᠨᠳᠥᠷ ᠪᠣᠯᠤᠨ᠎ᠠ᠂ ᠬᠠᠮᠤᠭ ᠡᠴᠦᠰ ᠲᠤ ᠣᠯᠠᠨ ᠢᠶᠠᠷ ᠢᠶᠠᠨ ᠠᠳᠠᠯ ᠦᠶᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠬᠦᠰᠡᠯᠲᠡ ᠪᠠᠨ ᠳᠡᠪᠰᠢᠭᠦᠯᠬᠦ ᠶᠢ ᠬᠦᠰᠡᠵᠦ ᠪᠠᠶᠢᠨ᠎ᠠ᠃
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号