ᠠᠵᠤ ᠠᠬᠤᠶᠢᠯᠠᠯ ᠢ ᠪᠦᠷᠢᠳᠬᠡᠭᠦᠯᠬᠦ ᠲᠤᠬᠠᠢ ᠦᠢᠯᠡᠴᠢᠯᠡᠭᠡᠨ ᠤ ᠭᠠᠷ ᠤᠨ ᠠᠪᠤᠯᠭ᠎ᠠ
ᠨᠡᠶᠢᠲᠡᠯᠡᠭᠰᠡᠨ ᠴᠠᠭ᠄
2023/12/24
                 1. ᠴᠠᠬᠢᠮ ᠢᠶᠠᠷ ᠨᠡᠷᠡᠶᠢᠳᠦᠯ ᠢ ᠪᠡᠶ᠎ᠡ ᠪᠠᠨ ᠳᠠᠭᠠᠭᠠᠵᠤ ᠮᠡᠳᠡᠭᠦᠯᠬᠦ ᠪᠠ ᠪᠠᠶᠢᠭᠤᠯᠵᠤ ᠳᠠᠩᠰᠠᠯᠠᠭᠤᠯᠬᠤ             ︽ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠬᠦᠰᠡᠯᠲᠡ ᠪᠠᠨ ᠳᠡᠪᠰᠢᠭᠦᠯᠦᠨ ᠭᠦᠶᠴᠡᠳᠬᠡᠬᠦ ᠲᠠᠪᠴᠠᠩ︾᠎ ᠳᠤ ᠣᠷᠣᠵᠤ᠂ ᠬᠤᠪᠢ ᠬᠥᠮᠦᠨ ᠤ ᠲᠠᠩᠰᠠᠨ ᠨᠣᠮᠧᠷ ᠲᠤ ᠣᠷᠣᠵᠤ᠂ ᠲᠡᠮᠳᠡᠭᠯᠡᠭᠰᠡᠨ ᠤ ᠳᠠᠷᠠᠭ᠎ᠠ ︽ᠪᠢ ᠬᠦᠰᠡᠯᠲᠡ ᠪᠠᠨ ᠳᠡᠪᠰᠢᠭᠦᠯᠦᠨ᠎ᠡ︾ ᠭᠡᠵᠦ ᠲᠣᠪᠴᠢᠳᠠᠨ᠂ ᠣᠷᠣᠵᠤ ᠢᠷᠡᠭᠰᠡᠨ ᠤ ᠳᠠᠷᠠᠭ᠎ᠠ ︽ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠶᠢᠭᠤᠯᠵᠤ ᠳᠠᠩᠰᠠᠯᠠᠭᠤᠯᠬᠤ︾᠎ ᠶᠢ ᠰᠣᠩᠭᠤᠵᠤ᠂ ᠳᠠᠷᠠᠭ᠎ᠠ ᠨᠢ ᠰᠠᠨᠠᠭᠤᠯᠤᠮᠵᠢ ᠶᠢᠨ ᠶᠣᠰᠣᠭᠠᠷ ᠲᠠᠭᠯᠠᠨ ᠮᠡᠳᠡᠭᠦᠯᠪᠡᠯ ᠪᠣᠯᠴᠢᠬᠠᠨ᠎ᠠ᠃             ︽ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠡᠷᠭᠢᠯᠡᠬᠦ ᠪᠠᠷ ᠬᠦᠰᠡᠯᠲᠡ ᠪᠠᠨ ᠳᠡᠪᠰᠢᠭᠦᠯᠬᠦ ᠲᠠᠪᠴᠠᠩ︾᠎ ᠳᠤ ᠭᠦᠢᠴᠡᠳᠬᠡᠨ᠎ᠡ᠃            ᠲᠠᠶᠢᠯᠪᠤᠷᠢ᠄            ① ᠳᠠᠩᠰᠠᠯᠠᠭᠤᠯᠤᠭᠰᠠᠨ ᠥᠬᠡᠶ ᠬᠤᠪᠢ ᠬᠥᠮᠦᠨ ᠤ ᠬᠡᠷᠡᠭᠯᠡᠭᠴᠢ ᠶᠢ ᠤᠷᠢᠳ ᠢᠶᠠᠷ ᠳᠠᠩᠰᠠᠯᠠᠭᠤᠯᠤᠭᠰᠠᠨ ᠤ ᠳᠠᠷᠠᠭ᠎ᠠ ︽ᠨᠡᠭᠦᠳᠡᠯ ᠮᠡᠳᠡᠭᠦᠯᠦᠯᠲᠡ ᠶᠢᠨ APP︾᠎ ᠶᠢ ᠪᠠᠭᠤᠯᠭᠠᠨ ᠠᠪᠴᠤ ᠦᠨᠡᠨ ᠨᠡᠷ᠎ᠡ ᠪᠠᠷ ᠭᠡᠷᠡᠴᠢᠯᠡᠭᠦᠯᠦᠨ᠎ᠡ᠃ ᠳᠠᠩᠰᠠᠯᠠᠭᠤᠯᠤᠨ ᠭᠡᠷᠡᠴᠢᠯᠡᠭᠦᠯᠵᠦ ᠪᠠᠷᠠᠭᠰᠠᠨ ᠤ ᠳᠠᠷᠠᠭ᠎ᠠ ᠰᠢᠭᠤᠳ ᠳᠠᠩᠰᠠᠯᠠᠭᠤᠯᠵᠤ ᠪᠣᠯᠤᠨ᠎ᠠ᠃            ᠬᠤᠶᠠᠷ᠂ ᠰᠢᠰᠲ᠋ᠧᠮ ᠤᠨ ᠰᠠᠨᠠᠭᠤᠯᠤᠮᠵᠢ ᠶᠢᠨ ᠨᠡᠷᠡᠶᠢᠳᠦᠯ ᠪᠠᠲᠤᠯᠠᠭᠳᠠᠭᠰᠠᠨ ᠤ ᠳᠠᠷᠠᠭ᠎ᠠ ᠳᠠᠷᠤᠶ ᠠᠵᠤ ᠠᠬᠤᠶᠢᠯᠠᠯ ᠪᠠᠶᠢᠭᠤᠯᠬᠤ ᠳᠡᠩᠰᠡᠯᠡᠯᠲᠡ ᠬᠢᠵᠦ ᠪᠣᠯᠤᠨ᠎ᠠ᠃            ③ ᠬᠤᠪᠢᠶᠠᠷᠢ ᠺᠣᠮᠫᠠᠨᠢ ᠨᠢ ᠨᠡᠷᠡᠶᠢᠳᠦᠯ ᠢᠶᠠᠨ ᠤᠷᠢᠳ ᠢᠶᠠᠷ ᠬᠢᠨᠠᠨ ᠵᠥᠪᠰᠢᠶᠡᠷᠡᠭᠦᠯᠬᠦ ᠴᠢᠬᠤᠯᠠ ᠦᠭᠡᠢ᠂ ᠰᠢᠭᠤᠳ  ᠳᠠᠷᠠᠭᠠᠴᠢ ᠶᠢᠨ ᠭᠦᠢᠴᠡᠳᠬᠡᠯ ᠢᠶᠠᠨ ᠬᠢᠨ᠎ᠡ᠃            2. ᠲᠤᠬᠠᠶ ᠶᠢᠨ ᠲᠠᠯᠠᠪᠠᠶ ᠳᠤ ᠭᠠᠶᠢᠯᠢ ᠲᠤᠰᠢᠶᠠᠬᠤ ᠪᠠ ᠪᠢᠴᠢᠭ ᠮᠠᠲ᠋ᠧᠷᠢᠶᠠᠯ ᠢ ᠭᠠᠷᠭᠠᠵᠤ ᠠᠪᠬᠤ                  ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠨᠢ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP︾᠎ ᠳᠤ ᠦᠨᠡᠨ ᠨᠡᠷ᠎ᠡ ᠪᠠᠷ ᠢᠶᠠᠨ ᠭᠡᠷᠡᠴᠢᠯᠡᠯ ᠬᠢᠵᠦ᠂ ᠭᠡᠷᠡᠴᠢᠯᠡᠯ ᠢ ᠪᠠᠲᠤᠯᠠᠭᠰᠠᠨ ᠤ ᠳᠠᠷᠠᠭ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠮ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠬᠦ ᠪᠠ ᠪᠠᠷᠢᠮᠲᠠ ᠭᠤᠶᠤᠴᠢᠯᠠᠨᠠᠵᠤ ᠠᠬᠤᠶᠢᠯᠠᠯ ᠪᠠᠶᠢᠭᠤᠯᠬᠤ ᠳᠠᠩᠰᠠᠯᠠᠯ ᠢ ᠬᠢᠵᠦ ᠳᠠᠭᠤᠰᠤᠭᠰᠠᠨ ᠤ ᠲᠠᠷᠠᠭ᠎ᠠ᠂ ᠶᠡᠷᠦᠩᠬᠡᠶᠢᠯᠡᠭᠰᠡᠨ ᠴᠣᠩᠬᠤᠪᠴᠢ ᠠᠴᠠ ᠭᠠᠷᠳᠠᠨ ᠭᠦᠢᠴᠡᠳᠬᠡᠭᠴᠢ ᠳᠤ ᠡᠵᠡᠩᠨᠡᠯᠲᠡ ᠶᠢᠨ ᠦᠨᠡᠮᠯᠡᠯ ᠣᠯᠭᠤᠭᠰᠠᠨ ᠤ ᠲᠠᠷᠠᠭ᠎ᠠ ᠳᠠᠷᠤᠶ ᠭᠠᠶᠢᠯᠢ ᠶᠢᠨ ᠶᠠᠪᠤᠳᠠᠯ ᠤᠨ ᠲᠠᠩᠰᠠᠯᠠᠯᠳᠡ ᠬᠢᠯᠭᠡᠨ᠎ᠡ᠃            ᠲᠠᠶᠢᠯᠪᠤᠷᠢ᠄            ① ᠠᠵᠤ ᠠᠬᠤᠶᠢᠯᠠᠯ ᠬᠡᠷᠪᠡ ᠠᠯᠪᠠᠨ ᠤ ᠳᠠᠩᠰᠠᠨ ᠡᠷᠦᠬᠡ᠂ ᠶᠡᠷᠦᠩᠬᠡᠶᠢᠯᠡᠭᠰᠡᠨ ᠴᠣᠩᠬᠤᠪᠴᠢ ᠨᠡᠭᠡᠭᠡᠪᠡᠯ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠦᠨ ᠦᠢᠯᠡᠴᠢᠯᠡᠬᠦ ᠶᠢ ᠪᠡᠶᠡᠯᠡᠭᠦᠯᠵᠦ ᠪᠣᠯᠤᠨ᠎ᠠ᠃            ② ᠠᠵᠢᠯᠲᠠᠨ ᠰᠦᠯᠵᠢᠶᠡᠨ ᠳᠡᠭᠡᠷ᠎ᠡ ᠥᠪᠡᠷ ᠢᠶᠠᠨ ᠠᠵᠤ ᠠᠬᠤᠶᠢᠯᠠᠯ ᠪᠠᠶᠢᠭᠤᠯᠬᠤ ᠪᠠᠷ ᠭᠤᠶᠤᠴᠢᠯᠠᠪᠠᠯ᠂ ᠶᠡᠷᠦᠩᠬᠡᠶᠢᠯᠡᠭᠰᠡᠨ ᠴᠣᠩᠬᠤᠪᠴᠢ ᠠᠴᠠ ᠡᠵᠡᠩᠨᠡᠯᠲᠡ ᠶᠢᠨ ᠦᠨᠡᠮᠯᠡᠯ ᠢ ᠦᠨ᠎ᠡ ᠲᠥᠯᠥᠪᠦᠷᠢ ᠦᠭᠡᠢ ᠪᠠᠷ ᠢᠯᠡᠭᠡᠵᠦ ᠪᠣᠯᠤᠨ᠎ᠠ᠃
       ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号