| | | ︵1985 ᠣᠨ ᠤ 6 ᠰᠠᠷ᠎ᠠ ᠶᠠ 18 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ | ᠬᠤᠷᠠᠯᠳᠤᠭᠠᠨ ᠠᠴᠠ ᠪᠠᠲᠤᠯᠠᠪᠠ 2002 ᠣᠨ ᠤ 12 ᠰᠠᠷ᠎ᠠ ᠶᠠ 28 ᠤ ᠡᠳᠦᠷ ᠶᠢᠰᠦᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ | ᠨᠢᠭᠡᠳᠦᠭᠡᠷ ᠬᠤᠷᠠᠯᠳᠤᠭᠠᠨ ᠠᠴᠠ ᠵᠠᠰᠠᠪᠤᠷᠢ ᠣᠷᠣᠭᠤᠯᠪᠠ 2009 ᠣᠨ ᠤ 8 ᠬᠡᠰᠡᠭ ᠬᠠᠤᠯᠢ ᠴᠠᠭᠠᠵᠠ ᠳᠤ | ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ 2013 ᠣᠨ ᠤ 6 ᠰᠠᠷ᠎ᠠ ᠶᠢᠨ 29 ᠤ ᠡᠳᠦᠷ ᠤᠨ ᠠᠷᠪᠠᠨ | ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠬᠠᠤᠯᠢ﹀ ᠵᠡᠷᠭᠡ ᠠᠷᠪᠠᠨ ᠬᠤᠶᠠᠷ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ︾ | ᠢ ᠬᠤᠶᠠᠳᠠᠭᠢ ᠤᠳᠠᠭ᠎ᠠ ᠵᠠᠰᠠᠪᠠ 2021 ᠣᠨ ᠤ 4 ᠰᠠᠷ᠎ᠠ ᠶᠢᠨ 29 ᠤ ᠡᠳᠦᠷ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠨ ᠨᠠᠢᠮᠠᠳᠤᠭᠠᠷ ᠬᠤᠷᠠᠯᠳᠤᠭᠠᠨ ᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠮ ᠬᠠᠷᠢᠯᠴᠠᠭᠠᠨ ᠤ ᠠᠶᠦᠯᠭᠦᠢ ᠶᠢᠨ ᠬᠠᠤᠯᠢ﹀ ᠵᠡᠷᠭᠡ ᠨᠠᠢᠮᠠᠨ ᠬᠠᠤᠯᠢ ᠴᠠᠭᠠᠵᠠ ᠳᠤ ᠵᠠᠰᠠᠪᠤᠷᠢ ᠣᠷᠣᠭᠤᠯᠬᠤ | ᠲᠤᠬᠠᠢ ᠲᠣᠭᠲᠠᠭᠠᠯ︾ ᠢ ᠦᠨᠳᠦᠰᠦᠯᠡᠨ ᠭᠤᠷᠪᠠᠳᠠᠭᠢ ᠤᠳᠠᠭ᠎ᠠ ᠵᠠᠰᠠᠪᠠ︶ | | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ | ᠭᠤᠷᠪᠠᠳᠤᠭᠠᠷ ᠪᠦᠯᠦᠭ ᠲᠥᠯᠥᠪᠵᠢᠭᠦᠯᠬᠦ | ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠬᠤ | ᠲᠠᠪᠤᠳᠤᠭᠠᠷ ᠪᠦᠯᠦᠭ ᠠᠰᠢᠭᠯᠠᠬᠤ | ᠵᠢᠷᠭᠤᠳᠤᠭᠠᠷ ᠪᠦᠯᠦᠭ ᠬᠠᠮᠠᠭᠠᠯᠠᠬᠤ | ᠳᠣᠯᠣᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠵᠦᠢ ᠵᠣᠬᠢᠰᠲᠠᠢ | ᠠᠰᠢᠭᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ᠂ ᠠᠮᠢᠳᠤ ᠪᠣᠳᠠᠰ ᠤᠨ ᠤᠯᠡᠠ ᠶᠠᠩᠵᠤᠲᠤ | ᠴᠢᠨᠠᠷ ᠢ ᠬᠠᠮᠠᠭᠠᠯᠠᠬᠤ᠂ ᠤᠳᠦ ᠦᠶ᠎ᠡ ᠶᠢᠨ ᠮᠡᠯ ᠠᠵᠤ ᠠᠬᠤᠢ ᠶᠢ ᠬᠥᠭᠵᠢᠭᠦᠯᠬᠦ᠂ ᠠᠵᠤ ᠠᠬᠤᠢ ᠪᠠ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠶᠢᠨ ᠲᠥᠯᠥᠭᠡ ᠲᠤᠰ ᠬᠠᠤᠯᠢ ᠶᠢ ᠲᠣᠭᠲᠠᠭᠠᠪᠠ᠃ | ᠬᠤᠶᠠᠳᠤᠭᠠᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠤᠨ | ᠳᠣᠲᠣᠷ᠎ᠠ ᠨᠤᠲᠤᠭ ᠪᠡᠯᠴᠢᠭᠡᠷ ᠤᠨ ᠲᠥᠯᠦᠪᠵᠢᠭᠦᠯᠭᠡ᠂ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ | ᠪᠠ ᠬᠠᠮᠢᠶᠠᠷᠤᠯᠲᠠ ᠶᠢᠨ ᠠᠵᠢᠯᠯᠠᠭ᠎ᠠ ᠬᠢᠬᠦ ᠳᠤ ᠲᠤᠰ ᠬᠠᠤᠯᠢ ᠶᠢ ᠬᠡᠷᠡᠭᠯᠡᠨ᠎ᠡ᠃ | ᠲᠤᠰ ᠬᠠᠤᠯᠢ ᠳᠤ ᠬᠡᠯᠡᠵᠦ ᠪᠠᠶᠢᠭ᠎ᠠ ᠨᠤᠲᠤᠭ ᠪᠡᠯᠴᠢᠭᠡᠷ ᠭᠡᠳᠡᠭ ᠪᠣᠯ ᠪᠠᠶᠢᠭᠠᠯᠢ ᠶᠢᠨ ᠨᠤᠲᠤᠭ ᠪᠡᠯᠴᠢᠭᠡᠷ ᠪᠠ | ᠲᠠᠷᠢᠮᠠᠯ ᠪᠡᠯᠴᠢᠭᠡᠷ ᠢ ᠪᠠᠭᠲᠠᠭᠠᠨ᠎ᠠ᠃ | ᠭᠤᠷᠪᠠᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠲᠤ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠬᠦ᠂ ᠪᠦᠬᠦ ᠲᠠᠯ᠎ᠠ ᠪᠠᠷ ᠬᠠᠮᠠᠭᠠᠯᠠᠬᠤ᠂ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠬᠤ᠂ ᠵᠦᠢ | ᠵᠣᠬᠢᠰᠲᠠᠢ ᠪᠠᠷ ᠠᠰᠢᠭᠯᠠᠬᠤ ᠴᠢᠭᠯᠡᠯᠲᠡ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠦᠷᠭᠦᠯᠵᠢᠯᠡᠬᠦ ᠠᠰᠢᠭᠯᠠᠯᠲᠠ | ᠪᠠ ᠠᠮᠢ ᠠᠬᠤᠢ᠂ ᠠᠵᠤ ᠠᠬᠤᠢ᠂ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ | ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠳᠤ ᠣᠷᠣᠭᠤᠯᠬᠤ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠢ ᠬᠠᠮᠠᠭᠠᠯᠠᠬᠤ᠂ | ᠪᠦᠲᠦᠭᠡᠨ ᠪᠠᠶᠢᠭᠤᠯᠬᠤ ᠪᠠ ᠵᠦᠢ ᠵᠣᠬᠢᠰᠲᠠᠢ ᠪᠠᠷ ᠠᠰᠢᠭᠯᠠᠬᠤ ᠲᠤᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠬᠤ | ᠬᠡᠷᠡᠭᠲᠡᠢ᠃ | ᠲᠠᠪᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠨᠤᠲᠤᠭ ᠪᠡᠯᠴᠢᠭᠡᠷ ᠤᠨ ᠬᠠᠤᠯᠢ | ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠲᠠᠢ ᠪᠥᠭᠡᠳ | ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ᠂ ᠨᠤᠲᠤᠭ ᠪᠡᠯᠴᠢᠭᠡᠷ ᠢ ᠡᠪᠳᠡᠭᠰᠡᠨ | ᠠᠵᠢᠯᠯᠠᠭ᠎ᠠ ᠳᠤ ᠬᠢᠨᠠᠯᠲᠠ ᠲᠠᠯᠪᠢᠬᠤ᠂ ᠲᠡᠭᠦᠨ ᠢ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠵᠢᠷᠭᠤᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠪᠠ ᠬᠢᠨᠠᠨ ᠬᠡᠮᠵᠢᠬᠦ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ | ᠵᠣᠷᠢᠭᠵᠢᠭᠤᠯᠤᠨ ᠲᠡᠮᠵᠢᠵᠦ᠂ ᠲᠡᠷᠢᠭᠦᠨ ᠤ ᠲᠧᠭᠨᠢᠭ ᠮᠡᠷᠭᠡᠵᠢᠯ ᠪᠠ ᠲᠡᠷᠢᠭᠦᠨ ᠤ ᠦᠷ᠎ᠡ ᠪᠦᠲᠦᠭᠡᠯ ᠢ ᠳᠡᠯᠭᠡᠷᠡᠭᠦᠯᠦᠨ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ | ᠳᠣᠯᠣᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠢ ᠬᠠᠮᠢᠶᠠᠷᠬᠤ᠂ ᠬᠠᠮᠠᠭᠠᠯᠠᠬᠤ᠂ ᠪᠦᠲᠦᠭᠡᠨ | ᠪᠠᠶᠢᠭᠤᠯᠬᠤ᠂ ᠵᠦᠢ ᠵᠣᠬᠢᠰᠲᠠᠢ ᠠᠰᠢᠭᠯᠠᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠠᠵᠢᠯ ᠤᠨ | ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠬᠥᠬᠢᠭᠦᠯᠦᠨ ᠱᠠᠩᠨᠠᠨ᠎ᠠ᠃ | ᠨᠠᠢᠮᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠡᠷᠬᠢᠯᠡᠨ ᠬᠠᠮᠢᠶᠠᠷᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠨᠤᠲᠤᠭᠪᠡᠯᠴᠢᠭᠡᠷ ᠢ ᠬᠢᠨᠠᠵᠤ ᠬᠠᠮᠢᠶᠠᠷᠬᠤ ᠠᠵᠢᠯ ᠢ ᠡᠷᠬᠢᠯᠡᠨ ᠬᠠᠮᠢᠶᠠᠷᠤᠨ᠎ᠠ᠃ | ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ | ᠪᠠᠶᠢᠳᠠᠯ ᠢ ᠬᠢᠨᠠᠵᠤ ᠪᠠᠶᠢᠴᠠᠭᠠᠬᠤ ᠪᠠᠨ ᠴᠢᠩᠭᠠᠳᠬᠠᠵᠤ᠂ ᠬᠡᠷᠡᠭᠴᠡᠭᠡ ᠪᠠᠨ ᠦᠨᠳᠦᠰᠦᠯᠡᠨ ᠲᠤᠰᠬᠠᠢ ᠲᠤᠰᠢᠶᠠᠯ ᠤᠨ | ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ ᠭᠠᠷᠭᠠᠵᠤ ᠪᠣᠳᠠᠲᠠᠢ ᠬᠢᠨᠠᠵᠤ ᠪᠠᠶᠢᠴᠠᠭᠠᠬᠤ ᠠᠵᠢᠯ ᠢ | ᠬᠠᠷᠢᠭᠤᠴᠠᠭᠤᠯᠵᠤ ᠪᠣᠯᠣᠨ᠎ᠠ᠃ | | ᠬᠤᠶᠠᠳᠤᠭᠠᠷ ᠪᠦᠯᠦᠭ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ | | ᠶᠢᠰᠦᠳᠦᠭᠡᠷ ᠵᠦᠢᠯ ᠨᠤᠲᠤᠭ ᠪᠡᠯᠴᠢᠭᠡᠷ ᠪᠣᠯ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ | ᠬᠠᠮᠲᠤ ᠶᠢᠨ ᠥᠮᠴᠢᠯᠡᠯ ᠳᠤ ᠬᠠᠷᠢᠶᠠᠯᠠᠭᠳᠠᠨ᠎ᠠ ᠭᠡᠵᠦ ᠬᠠᠤᠯᠢ ᠪᠠᠷ ᠲᠣᠭᠲᠠᠭᠠᠭᠰᠠᠨ ᠨᠢ ᠡᠭᠦᠨ ᠳᠤ ᠪᠠᠭᠲᠠᠬᠤ ᠦᠭᠡᠢ᠃ | ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠲᠤ ᠲᠥᠷᠥ ᠶᠢᠨ ᠶᠠᠪᠤᠳᠠᠯ ᠤᠨ ᠬᠤᠷᠢᠶ᠎ᠠ ᠤᠯᠤᠰ ᠢ ᠲᠥᠯᠥᠭᠡᠯᠡᠨ | ᠥᠮᠴᠢᠯᠡᠯ ᠤᠨ ᠡᠷᠬᠡ ᠶᠢ ᠬᠡᠷᠡᠭᠵᠢᠭᠦᠯᠦᠨ᠎ᠡ᠃ | ᠶᠠᠮᠠᠷᠪᠠ ᠨᠢᠭᠡᠴᠢ ᠪᠤᠶᠤ ᠬᠤᠪᠢ ᠬᠥᠮᠥᠨ ᠨᠤᠲᠤᠭ ᠪᠡᠯᠴᠢᠭᠡᠷ ᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ | ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠴᠦ ᠪᠣᠯᠬᠤ ᠦᠭᠡᠢ᠃ | ᠠᠷᠪᠠᠳᠤᠭᠠᠷ ᠵᠦᠢᠯ ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠢ ᠬᠠᠤᠯᠢ ᠶᠣᠰᠣᠭᠠᠷ ᠠᠷᠠᠳ | ᠨᠡᠶᠢᠲᠡ ᠶᠢᠨ ᠥᠮᠴᠢᠯᠡᠯ ᠤᠨ ᠨᠢᠭᠡᠴᠢ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ ᠳᠤ | ᠬᠡᠷᠡᠭᠯᠡᠭᠦᠯᠬᠦ ᠪᠠᠷ ᠲᠣᠭᠲᠠᠭᠠᠵᠤ ᠪᠣᠯᠣᠨ᠎ᠠ᠃ | ᠨᠤᠲᠤᠭ ᠪᠡᠯᠴᠢᠭᠡᠷ ᠢ ᠬᠡᠷᠡᠭᠯᠡᠬᠦ ᠨᠢᠭᠡᠴᠢ ᠨᠦᠭᠦᠳ ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ | ᠪᠠᠶᠢᠭᠤᠯᠬᠤ ᠪᠠ ᠵᠦᠢ ᠵᠣᠬᠢᠰᠲᠠᠢ ᠪᠠᠷ ᠠᠰᠢᠭᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠠᠷᠠᠳ ᠨᠡᠶᠢᠲᠡ ᠶᠢᠨ ᠥᠮᠴᠢᠯᠡᠯ ᠤᠨ ᠨᠢᠭᠡᠴᠢ᠂ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ ᠳᠤ ᠬᠡᠷᠡᠭᠯᠡᠭᠦᠯᠬᠦ ᠪᠠᠷ ᠬᠠᠤᠯᠢ ᠶᠣᠰᠣᠭᠠᠷ ᠲᠣᠭᠲᠠᠭᠠᠭᠰᠠᠨ ᠤᠯᠤᠰ ᠤᠨ | ᠥᠮᠴᠢᠯᠡᠯ ᠤᠨ ᠨᠤᠲᠤᠭ ᠪᠡᠯᠴᠢᠭᠡᠷ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠲᠡᠩᠰᠡᠯᠡᠠ ᠠᠪᠴᠤ᠂ ᠬᠡᠷᠡᠭᠯᠡᠬᠦ ᠡᠷᠬᠡ ᠶᠢᠨ ᠦᠨᠡᠮᠯᠡᠯ ᠢ ᠬᠢᠨᠠᠨ ᠣᠯᠭᠤᠵᠤ᠂ ᠨᠤᠲᠤᠭ ᠪᠡᠯᠴᠢᠭᠡᠷ ᠤᠨ ᠬᠡᠷᠡᠭᠯᠡᠬᠦ | ᠡᠷᠬᠡ ᠶᠢ ᠨᠢ ᠨᠤᠲᠠᠯᠠᠨ ᠲᠣᠭᠲᠠᠭᠠᠨ᠎ᠠ᠃ | ᠬᠡᠷᠡᠭᠯᠡᠬᠦ ᠡᠷᠬᠡ ᠶᠢ ᠨᠢ ᠲᠣᠭᠲᠠᠭᠠᠭᠠᠳᠤᠢ ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠢ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠡᠩᠰᠡᠯᠡᠠ ᠲᠡᠮᠳᠡᠭᠯᠡᠬᠦ ᠶᠢᠨ ᠬᠠᠮᠲᠤ ᠬᠠᠮᠠᠭᠠᠯᠠᠵᠤ | ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠠᠮᠲᠤ ᠶᠢᠨ ᠥᠮᠴᠢᠯᠡᠯ ᠤᠨ ᠨᠤᠲᠤᠭ ᠪᠡᠯᠴᠢᠭᠡᠷ ᠢ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠳᠠᠩᠰᠠᠯᠠᠵᠤ᠂ ᠥᠮᠴᠢᠯᠡᠯ ᠤᠨ ᠡᠷᠬᠡ ᠶᠢᠨ ᠦᠨᠡᠮᠯᠡᠯ ᠢ ᠬᠢᠨᠠᠨ ᠣᠯᠭᠤᠵᠤ᠂ ᠨᠤᠲᠤᠭ ᠪᠡᠯᠴᠢᠭᠡᠷ ᠤᠨ | ᠥᠮᠴᠢᠯᠡᠯ ᠤᠨ | ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ ᠬᠠᠤᠯᠢ ᠶᠣᠰᠣᠭᠠᠷ ᠬᠤᠪᠢᠷᠠᠭᠤᠯᠬᠤ ᠳᠤ ᠬᠦᠷᠪᠡᠯ᠂ | ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠳᠠᠩᠰᠠᠯᠠᠯᠲᠠ ᠶᠢᠨ ᠭᠠᠷ ᠭᠦᠢᠴᠡᠳᠬᠡᠯ ᠬᠢᠬᠦ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠠᠤᠯᠢ ᠶᠣᠰᠣᠭᠠᠷ ᠳᠠᠩᠰᠠᠯᠠᠭᠤᠯᠤᠭᠰᠠᠨ ᠨᠤᠲᠤᠭ ᠪᠡᠯᠴᠢᠭᠡᠷ ᠤᠨ | ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠨᠢᠭᠡᠴᠢ ᠪᠤᠶᠤ ᠬᠤᠪᠢ ᠬᠥᠮᠥᠨ | ᠬᠠᠯᠳᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠬᠠᠮᠲᠤ ᠶᠢᠨ ᠥᠮᠴᠢᠯᠡᠯ ᠤᠨ ᠨᠤᠲᠤᠭ ᠪᠡᠯᠴᠢᠭᠡᠷ ᠪᠤᠶᠤ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠳᠤ ᠬᠡᠷᠡᠭᠯᠡᠭᠦᠯᠬᠦ ᠪᠠᠷ ᠬᠠᠤᠯᠢ ᠶᠣᠰᠣᠭᠠᠷ ᠲᠣᠭᠲᠠᠭᠠᠭᠰᠠᠨ ᠤᠯᠤᠰ ᠤᠨ | ᠥᠮᠴᠢᠯᠡᠯ ᠤᠨ ᠨᠤᠲᠤᠭ ᠪᠡᠯᠴᠢᠭᠡᠷ ᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠳᠣᠲᠣᠭᠠᠳᠤ ᠳᠠᠬᠢ ᠭᠡᠷ ᠪᠦᠯᠢ ᠪᠤᠶᠤ ᠬᠤᠯᠪᠣᠭᠠᠲᠤ ᠡᠷᠦᠭᠡ ᠠᠴᠠ ᠳᠠᠭᠠᠭᠠᠴᠢᠯᠠᠨ ᠡᠵᠡᠩᠨᠡᠵᠦ ᠪᠣᠯᠣᠨ᠎ᠠ᠃ | ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠳᠠᠭᠠᠭᠠᠴᠢᠯᠠᠨ ᠡᠵᠡᠩᠨᠡᠭᠴᠢ ᠶᠢᠨ | ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠲᠤ ᠲᠣᠬᠢᠷᠠᠭᠤᠯᠤᠯᠲᠠ ᠬᠢᠵᠦ ᠪᠣᠯᠬᠤ ᠦᠭᠡᠢ᠃ ᠣᠨᠴᠠ ᠵᠠᠷᠢᠮ ᠵᠦᠢᠯ ᠳᠤ | ᠦᠨᠡᠬᠡᠷ ᠵᠣᠬᠢᠰᠲᠠᠢ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠡᠷᠬᠡᠪᠰᠢ ᠲᠤᠰ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠣᠯᠬᠤ ᠭᠠᠴᠠᠭᠠᠨ ᠤ ︵ᠮᠠᠯᠴᠢᠨ︶ ᠠᠷᠠᠳ ᠤᠨ ᠬᠤᠷᠠᠯᠳᠤᠭᠠᠨ ᠤ | ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ | ᠭᠠᠴᠠᠭᠠᠨ ᠤ ︵ᠮᠠᠯᠴᠢᠨ︶ ᠠᠷᠠᠳ ᠤᠨ ᠲᠥᠯᠥᠭᠡᠯᠡᠭᠴᠢᠳ ᠤᠨ ᠵᠥᠪᠰᠢᠶᠡᠷᠡᠯ ᠢ ᠣᠯᠬᠤ ᠬᠡᠷᠡᠭᠲᠡᠢ ᠪᠥᠭᠡᠳ ᠰᠤᠮᠤ ︵ | ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠪᠠ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ | ᠵᠥᠪᠰᠢᠶᠡᠷᠡᠭᠦᠯᠬᠦ ᠬᠡᠷᠡᠭᠲᠡᠢ᠃ | ᠬᠠᠮᠲᠤ ᠶᠢᠨ ᠥᠮᠴᠢᠯᠡᠯ ᠤᠨ ᠨᠤᠲᠤᠭ ᠪᠡᠯᠴᠢᠭᠡᠷ ᠪᠤᠶᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠳᠤ ᠬᠡᠷᠡᠭᠯᠡᠭᠦᠯᠬᠦ ᠪᠠᠷ ᠬᠠᠤᠯᠢ ᠶᠣᠰᠣᠭᠠᠷ ᠲᠣᠭᠲᠠᠭᠠᠭᠰᠠᠨ ᠤᠯᠤᠰ ᠤᠨ ᠥᠮᠴᠢᠯᠡᠯ ᠤᠨ ᠨᠤᠲᠤᠭ | ᠪᠡᠯᠴᠢᠭᠡᠷ ᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠭᠠᠳᠠᠨᠠᠬᠢ ᠨᠢᠭᠡᠴᠢ ᠪᠤᠶᠤ | ᠬᠤᠪᠢ ᠬᠥᠮᠥᠨ ᠳᠠᠭᠠᠭᠠᠴᠢᠯᠠᠨ ᠡᠵᠡᠩᠨᠡᠭᠰᠡᠨ᠃ ᠡᠷᠬᠡᠪᠰᠢ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠨᠠᠷ ᠤᠨ ᠭᠠᠴᠠᠭᠠᠨ ᠤ ︵ᠮᠠᠯᠴᠢᠨ︶ ᠠᠷᠠᠳ ᠤᠨ ᠬᠤᠷᠠᠯᠳᠤᠭᠠᠨ ᠤ ᠭᠤᠷᠪᠠᠨ ᠤ | ᠬᠤᠶᠠᠷ ᠬᠤᠪᠢ ᠠᠴᠠ ᠳᠡᠭᠡᠭᠰᠢᠬᠢ ᠪᠦᠷᠢᠯᠳᠦᠭᠦᠨ ᠪᠤᠶᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ | ᠭᠠᠴᠠᠭᠠᠨ ᠤ ︵ᠮᠠᠯᠴᠢᠨ︶ ᠠᠷᠠᠳ ᠤᠨ ᠲᠥᠯᠥᠭᠡᠯᠡᠭᠴᠢᠳ ᠢᠶᠠᠷ ᠵᠥᠪᠰᠢᠶᠡᠷᠡᠭᠦᠯᠬᠦ ᠬᠡᠷᠡᠭᠲᠡᠢ ᠪᠥᠭᠡᠳ ᠰᠤᠮᠤ ︵ | ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠳᠤ | ᠳᠠᠭᠠᠭᠠᠴᠢᠯᠠᠭᠤᠯᠤᠭᠴᠢ ᠪᠠ ᠳᠠᠭᠠᠭᠠᠴᠢᠯᠠᠭᠴᠢ ᠪᠢᠴᠢᠭ ᠤᠨ ᠭᠡᠷ᠎ᠡ ᠪᠠᠶᠢᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ | ᠳᠠᠭᠠᠭᠠᠴᠢᠯᠠᠯᠲᠠ ᠶᠢᠨ ᠭᠡᠷ᠎ᠡ ᠶᠢᠨ ᠠᠭᠤᠯᠭ᠎ᠠ ᠳᠤ ᠬᠤᠶᠠᠷ ᠡᠲᠡᠭᠡᠳ ᠤᠨ ᠡᠷᠬᠡ ᠪᠠ ᠡᠭᠦᠷᠭᠡ᠂ ᠳᠠᠭᠠᠭᠠᠴᠢᠯᠠᠯᠲᠠ ᠶᠢᠨ | ᠨᠤᠲᠤᠭ ᠪᠡᠯᠴᠢᠭᠡᠷ ᠤᠨ ᠳᠥᠷᠪᠡᠨ ᠵᠠᠬ᠎ᠠ ᠶᠢᠨ ᠵᠠᠭᠠᠭ᠂ ᠲᠡᠯᠡᠪᠡᠢ ᠪᠠ ᠵᠡᠷᠭᠡ ᠳᠡᠰ᠂ ᠳᠠᠭᠠᠭᠠᠴᠢᠯᠠᠯᠲᠠ ᠶᠢᠨ | ᠬᠤᠭᠤᠴᠠᠭ᠎ᠠ ᠪᠠ ᠡᠬᠢᠯᠡᠵᠦ ᠳᠠᠭᠤᠰᠬᠤ ᠡᠳᠦᠷ ᠬᠤᠭᠤᠴᠠᠭ᠎ᠠ᠂ ᠳᠠᠭᠠᠭᠠᠴᠢᠯᠠᠯᠲᠠ ᠶᠢᠨ ᠨᠤᠲᠤᠭ ᠪᠡᠯᠴᠢᠭᠡᠷ ᠤᠨ | ᠬᠡᠷᠡᠭᠴᠡᠭᠡ ᠪᠠ ᠭᠡᠷ᠎ᠡ ᠶᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠢ᠃ | ᠳᠠᠭᠠᠭᠠᠴᠢᠯᠠᠯᠲᠠ ᠶᠢᠨ ᠬᠤᠭᠤᠴᠠᠭ᠎ᠠ ᠳᠦᠭᠦᠷᠪᠡᠯ᠂ ᠤᠤᠯ ᠤᠨ ᠳᠠᠭᠠᠭᠠᠴᠢᠯᠠᠨ ᠡᠵᠡᠩᠨᠡᠭᠴᠢ ᠨᠢ ᠠᠳᠠᠯᠢ | ᠨᠥᠬᠦᠴᠡᠯ ᠤᠨ ᠳᠣᠣᠷ᠎ᠠ ᠤᠷᠢᠳ ᠢᠶᠠᠷ ᠳᠠᠭᠠᠭᠠᠴᠢᠯᠠᠬᠤ ᠡᠷᠬᠡ ᠶᠢ ᠡᠳ᠋ᠯᠡᠨ᠎ᠡ᠃ | ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠨᠢᠭᠡᠴᠢ ᠪᠠ ᠬᠤᠪᠢ ᠬᠥᠮᠥᠨ ᠨᠤᠲᠤᠭ ᠪᠡᠯᠴᠢᠭᠡᠷ ᠢ | ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠳᠠᠭᠠᠭᠠᠴᠢᠯᠠᠯᠲᠠ ᠶᠢᠨ ᠭᠡᠷ᠎ᠡ ᠳᠤ ᠪᠣᠯᠵᠣᠨ ᠲᠣᠭᠲᠠᠭᠰᠠᠨ ᠬᠡᠷᠡᠭᠴᠡᠭᠡ | ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠪᠠᠷ | ᠬᠠᠮᠠᠭᠠᠯᠠᠨ᠎ᠠ᠂ ᠰᠠᠶᠢᠨ ᠳᠤᠷ᠎ᠠ ᠶᠢᠨ᠂ ᠦᠨ᠎ᠡ ᠲᠥᠯᠥᠪᠦᠷᠢ ᠲᠠᠢ ᠪᠠᠶᠢᠬᠤ ᠵᠠᠷᠴᠢᠮ ᠢᠶᠠᠷ ᠬᠠᠤᠯᠢ ᠶᠣᠰᠣᠭᠠᠷ | ᠰᠢᠯᠵᠢᠭᠦᠯᠦᠨ ᠥᠭᠴᠦ ᠪᠣᠯᠣᠨ᠎ᠠ᠃ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠳᠤ ᠭᠥᠯᠢᠶᠡᠨ ᠠᠪᠤᠭᠴᠢ | ᠨᠢ ᠡᠷᠬᠡᠪᠰᠢ ᠮᠡᠯ ᠠᠵᠤ ᠠᠬᠤᠢ ᠶᠢᠨ ᠦᠢᠯᠡᠳᠪᠦᠷᠢᠯᠡᠯ ᠢ ᠡᠷᠬᠢᠯᠡᠬᠦ ᠴᠢᠳᠠᠪᠤᠷᠢ ᠲᠠᠢ ᠪᠠᠶᠢᠬᠤ ᠬᠡᠷᠡᠭᠲᠡᠢ ᠪᠥᠭᠡᠳ | ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ ᠪᠠ ᠳᠠᠭᠠᠭᠠᠴᠢᠯᠠᠯᠲᠠ ᠶᠢᠨ ᠭᠡᠷ᠎ᠡ ᠳᠤ ᠪᠣᠯᠵᠣᠨ | ᠲᠣᠭᠲᠠᠭᠰᠠᠨ ᠬᠡᠷᠡᠭᠴᠡᠭᠡ ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠡᠭᠦᠷᠭᠡ ᠶᠢ ᠭᠦᠢᠴᠡᠳᠬᠡᠬᠦ | ᠬᠡᠷᠡᠭᠲᠡᠢ᠃ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠥᠭᠬᠦ ᠳᠤ | ᠳᠠᠭᠠᠭᠠᠴᠢᠯᠠᠭᠤᠯᠤᠭᠴᠢ ᠪᠠᠷ ᠵᠥᠪᠰᠢᠶᠡᠷᠡᠭᠦᠯᠬᠦ ᠬᠡᠷᠡᠭᠲᠡᠢ᠃ ᠳᠠᠭᠠᠭᠠᠴᠢᠯᠠᠭᠴᠢ ᠬᠢᠭᠡᠳ ᠰᠢᠯᠵᠢᠭᠦᠯᠦᠨ ᠠᠪᠤᠭᠴᠢ ᠶᠢᠨ | ᠰᠢᠯᠵᠢᠭᠦᠯᠦᠨ ᠥᠭᠬᠦ ᠭᠡᠷ᠎ᠡ ᠳᠤ ᠪᠣᠯᠵᠣᠨ ᠲᠣᠭᠲᠠᠭᠰᠠᠨ ᠰᠢᠯᠵᠢᠭᠦᠯᠦᠨ ᠥᠭᠬᠦ ᠬᠤᠭᠤᠴᠠᠭ᠎ᠠ ᠶᠢ ᠤᠤᠯ | ᠳᠠᠭᠠᠭᠠᠴᠢᠯᠠᠯᠲᠠ ᠶᠢᠨ ᠭᠡᠷ᠎ᠡ ᠶᠢᠨ ᠦᠯᠡᠳᠡᠭᠰᠡᠨ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠥᠮᠴᠢᠯᠡᠬᠦ ᠡᠷᠬᠡ᠂ ᠬᠡᠷᠡᠭᠯᠡᠬᠦ ᠡᠷᠬᠡ ᠶᠢᠨ ᠲᠤᠬᠠᠢ | ᠮᠠᠷᠭᠤᠯᠳᠤᠭᠠᠨ ᠢ ᠲᠤᠬᠠᠢ ᠶᠢᠨ ᠬᠥᠮᠥᠰ ᠨᠢ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠃ ᠵᠥᠪᠳᠡᠯᠴᠡᠭᠡᠳ ᠪᠦᠲᠦᠬᠦ | ᠦᠭᠡᠢ ᠪᠣᠯ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ᠃ | ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠰᠢᠢᠳᠪᠦᠷᠢᠯᠡᠨ᠎ᠡ᠃ ᠬᠤᠪᠢ ᠬᠥᠮᠥᠨ ᠤ ᠬᠤᠭᠤᠷᠣᠨᠳᠣᠬᠢ᠂ ᠬᠤᠪᠢ ᠬᠥᠮᠥᠨ ᠪᠣᠯᠣᠨ | ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠢ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠣᠷᠳᠣᠨ | ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠢᠳᠪᠦᠷᠢᠯᠡᠨ᠎ᠡ᠃ | ᠲᠤᠬᠠᠢ ᠶᠢᠨ ᠬᠥᠮᠥᠨ ᠨᠢ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ | ᠲᠣᠭᠲᠠᠭᠠᠯ ᠢ ᠵᠥᠪᠰᠢᠶᠡᠷᠡᠬᠦ ᠦᠭᠡᠢ ᠪᠣᠯ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ | ᠪᠣᠯᠣᠨ᠎ᠠ᠃ | ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠲᠤᠬᠠᠢ ᠮᠠᠷᠭᠤᠯᠳᠤᠭᠠᠨ ᠢ ᠰᠢᠢᠳᠪᠦᠷᠢᠯᠡᠬᠦ ᠠᠴᠠ ᠡᠮᠦᠨ᠎ᠡ | ᠂ ᠠᠯᠢ ᠨᠢᠭᠡ ᠲᠠᠯ᠎ᠠ ᠨᠢ ᠴᠦ ᠭᠡᠳ ᠨᠤᠲᠤᠭ ᠪᠡᠯᠴᠢᠭᠡᠷ ᠤᠨ ᠠᠰᠢᠭᠯᠠᠯᠲᠠ ᠶᠢᠨ ᠣᠳᠣᠬᠢ ᠪᠠᠶᠢᠳᠠᠯ ᠢ ᠬᠤᠪᠢᠷᠠᠭᠤᠯᠵᠤ | ᠪᠣᠯᠬᠤ ᠦᠭᠡᠢ᠂ ᠨᠤᠲᠤᠭ ᠪᠡᠯᠴᠢᠭᠡᠷ ᠪᠠ ᠨᠤᠲᠤᠭ ᠪᠡᠯᠴᠢᠭᠡᠷ ᠳᠡᠭᠡᠷᠡᠬᠢ ᠲᠥᠬᠦᠭᠡᠷᠦᠮᠵᠢ ᠶᠢ ᠡᠪᠳᠡᠵᠦ ᠪᠣᠯᠬᠤ ᠦᠭᠡᠢ | ᠃ | | | ᠭᠤᠷᠪᠠᠳᠤᠭᠠᠷ ᠪᠦᠯᠦᠭ ᠲᠥᠯᠥᠪᠵᠢᠭᠦᠯᠬᠦ | | ᠠᠷᠪᠠᠨ ᠳᠣᠯᠣᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ᠂ ᠠᠰᠢᠭᠯᠠᠯᠲᠠ ᠳᠤ ᠨᠢᠭᠡᠳᠦᠯᠲᠡᠢ ᠲᠥᠯᠦᠪᠵᠢᠭᠦᠯᠭᠡ ᠶᠢᠨ ᠳᠦᠷᠢᠮ ᠢ ᠬᠡᠷᠡᠭᠵᠢᠭᠦᠯᠦᠨ᠎ᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠪᠦᠬᠦ ᠤᠯᠤᠰ ᠤᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ᠂ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠳᠡᠭᠡᠷ᠎ᠡ ᠨᠢᠭᠡ ᠱᠠᠲᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ | ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠶᠢ ᠦᠨᠳᠦᠰᠦᠯᠡᠨ ᠲᠤᠰ ᠵᠠᠰᠠᠭ ᠵᠠᠬᠢᠷᠭᠠᠨ ᠤ ᠣᠷᠣᠨ ᠤ ᠪᠠᠨ | ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠲᠡᠷᠠᠭ᠎ᠠ ᠬᠡᠷᠡᠭᠵᠢᠭᠦᠯᠦᠨ᠎ᠡ᠃ | ᠵᠥᠪᠰᠢᠶᠡᠷᠡᠭᠦᠯᠦᠭᠰᠡᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠳᠤ ᠦᠨᠡᠬᠡᠷ ᠲᠣᠬᠢᠷᠠᠭᠤᠯᠤᠯᠲᠠ ᠬᠢᠬᠦ ᠪᠤᠶᠤ ᠵᠠᠰᠠᠪᠤᠷᠢ ᠣᠷᠣᠭᠤᠯᠬᠤ | ᠴᠢᠬᠤᠯᠠ ᠲᠠᠢ ᠪᠣᠯ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠬᠦ ᠶᠢᠨ ᠬᠠᠮᠲᠤ ᠳᠠᠷᠠᠭᠠᠬᠢ ᠵᠠᠷᠴᠢᠮ ᠤᠳ ᠢ | ᠵᠢᠷᠤᠮᠯᠠᠬᠤ ᠬᠡᠷᠡᠭᠲᠡᠢ᠄ | ︵ᠨᠢᠭᠡ︶ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠠᠮᠢᠳᠤ ᠪᠣᠳᠠᠰ ᠤᠨ ᠤᠯᠡᠠ | ᠶᠠᠩᠵᠤᠲᠤ ᠴᠢᠨᠠᠷ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠦᠷᠭᠦᠯᠵᠢᠯᠡᠬᠦ ᠠᠰᠢᠭᠯᠠᠯᠲᠠ ᠶᠢ ᠠᠬᠢᠭᠤᠯᠬᠤ᠃ | ︵ᠬᠤᠶᠠᠷ︶ ᠤᠳᠦ ᠪᠠᠶᠢᠭ᠎ᠠ ᠨᠤᠲᠤᠭ ᠪᠡᠯᠴᠢᠭᠡᠷ ᠢᠶᠠᠷ ᠰᠠᠭᠤᠷᠢ ᠪᠣᠯᠭᠠᠵᠤ᠂ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ᠂ ᠨᠢᠭᠡᠳᠦᠯᠲᠡᠢ ᠲᠥᠯᠥᠪᠵᠢᠭᠦᠯᠵᠦ᠂ ᠲᠥᠷᠥᠯ ᠬᠤᠪᠢᠶᠠᠨ ᠵᠢᠯᠤᠭᠤᠳᠬᠤ᠃ | ︵ᠭᠤᠷᠪᠠ︶ ᠬᠠᠮᠠᠭᠠᠯᠠᠬᠤ ᠪᠠᠷ ᠭᠤᠣᠯ ᠪᠣᠯᠭᠠᠵᠤ᠂ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠦᠯᠦᠭ | ᠬᠤᠪᠢᠶᠠᠨ ᠰᠠᠶᠢᠵᠢᠷᠠᠭᠤᠯᠵᠤ᠂ ᠵᠦᠢ ᠵᠣᠬᠢᠰᠲᠠᠢ ᠪᠠᠷ ᠠᠰᠢᠭᠯᠠᠬᠤ᠃ | ︵ᠳᠥᠷᠪᠡ︶ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ | ᠠᠰᠢᠭ ᠢ ᠤᠶᠠᠯᠳᠤᠭᠤᠯᠬᠤ᠃ | ᠠᠷᠪᠠ ᠶᠢᠰᠦᠳᠦᠭᠡᠷ ᠵᠦᠢᠯ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠳᠤ᠄ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠬᠠᠷᠠᠯᠲᠠ ᠪᠠ ᠠᠷᠭ᠎ᠠ ᠬᠡᠮᠵᠢᠶ᠎ᠡ᠂ ᠨᠤᠲᠤᠭ ᠪᠡᠯᠴᠢᠭᠡᠷ ᠤᠨ ᠴᠢᠳᠠᠮᠵᠢ ᠶᠢᠨ ᠣᠷᠣᠨ ᠬᠤᠪᠢᠶᠠᠷᠢᠯᠠᠯ | ᠪᠠ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ᠂ ᠡᠯ᠎ᠡ ᠵᠦᠢᠯ ᠤᠨ ᠲᠤᠰᠬᠠᠢ | ᠮᠡᠷᠭᠡᠵᠢᠯ ᠤᠨ ᠲᠥᠯᠦᠪᠵᠢᠭᠦᠯᠭᠡ ᠵᠡᠷᠭᠡ ᠶᠢ ᠪᠠᠭᠲᠠᠭᠠᠬᠤ ᠬᠡᠷᠡᠭᠲᠡᠢ᠃ | ᠬᠤᠷᠢᠳᠤᠭᠠᠷ ᠵᠦᠢᠯ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠶᠢ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠥᠯᠦᠪᠵᠢᠭᠦᠯᠭᠡ ᠲᠠᠢ | ᠠᠪᠴᠠᠯᠳᠤᠭᠤᠯᠵᠤ᠂ ᠣᠷᠴᠢᠨ ᠠᠬᠤᠢ ᠶᠢ ᠬᠠᠮᠠᠭᠠᠯᠠᠬᠤ ᠲᠥᠯᠦᠪᠵᠢᠭᠦᠯᠭᠡ᠂ ᠬᠥᠷᠥᠰᠥ ᠰᠢᠷᠣᠢ ᠶᠢ ᠬᠠᠮᠠᠭᠠᠯᠠᠬᠤ | ᠲᠥᠯᠦᠪᠵᠢᠭᠦᠯᠭᠡ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠥᠯᠦᠪᠵᠢᠭᠦᠯᠭᠡ᠂ ᠤᠰᠦᠠ ᠤ ᠡᠬᠢ | ᠪᠠᠶᠠᠯᠢᠭ ᠤᠨ ᠲᠥᠯᠦᠪᠵᠢᠭᠦᠯᠭᠡ᠂ ᠤᠢ ᠰᠢᠭᠤᠢ ᠶᠢᠨ ᠠᠯᠤᠰ ᠭᠡᠳᠦ ᠶᠢᠨ ᠲᠥᠯᠦᠪᠵᠢᠭᠦᠯᠭᠡ᠂ ᠬᠤᠳᠠ ᠶᠢᠨ | ᠶᠡᠷᠦᠩᠬᠡᠢ ᠲᠥᠯᠦᠪᠵᠢᠭᠦᠯᠭᠡ᠂ ᠠᠶᠢᠯ ᠲᠣᠰᠬᠤᠨ ᠪᠠ ᠪᠠᠯᠭᠠᠰᠤᠨ ᠤ ᠲᠥᠯᠦᠪᠵᠢᠭᠦᠯᠭᠡ ᠵᠢᠴᠢ ᠪᠤᠰᠤᠳ ᠬᠤᠯᠪᠣᠭᠳᠠᠯ | ᠪᠦᠬᠦᠢ ᠲᠥᠯᠦᠪᠵᠢᠭᠦᠯᠭᠡ ᠲᠠᠢ ᠵᠣᠬᠢᠴᠠᠯᠳᠤᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠶᠢ ᠵᠥᠪᠰᠢᠶᠡᠷᠡᠭᠦᠯᠦᠭᠰᠡᠨ ᠤ ᠲᠡᠷᠠᠭ᠎ᠠ ᠡᠷᠬᠡᠪᠰᠢ ᠴᠢᠩᠭ᠎ᠠ ᠬᠡᠷᠡᠭᠵᠢᠭᠦᠯᠬᠦ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠳᠦᠷᠢᠮ ᠢ | ᠪᠠᠶᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠨᠢ ᠠᠳᠠᠯᠢ ᠱᠠᠲᠤᠨ ᠤ ᠪᠠᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠡᠶᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠨᠢ ᠪᠠᠶᠢᠴᠠᠭᠠᠯᠲᠠ ᠶᠢ ᠲᠡᠮᠵᠢᠵᠦ᠂ ᠲᠡᠭᠦᠨ ᠳᠤ | ᠬᠠᠮᠵᠢᠯᠴᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ ᠥᠭᠬᠦ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠤᠯᠤᠰ ᠤᠨ ᠨᠤᠲᠤᠭ ᠪᠡᠯᠴᠢᠭᠡᠷ ᠤᠨ ᠵᠡᠷᠭᠡ ᠳᠡᠰ ᠢ ᠦᠨᠡᠯᠡᠨ ᠲᠣᠭᠲᠠᠭᠠᠬᠤ | ᠪᠠᠷᠢᠮᠵᠢᠶ᠎ᠠ ᠶᠢ ᠲᠣᠭᠲᠠᠭᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠦᠷ᠎ᠡ | ᠳ᠋ᠦᠩ᠂ ᠨᠤᠲᠤᠭ ᠪᠡᠯᠴᠢᠭᠡᠷ ᠤᠨ ᠴᠢᠨᠠᠷ ᠴᠢᠨᠰᠠᠭ᠎ᠠ ᠶᠢ ᠦᠨᠳᠦᠰᠦᠯᠡᠨ᠂ ᠨᠤᠲᠤᠭ ᠪᠡᠯᠴᠢᠭᠡᠷ ᠤᠨ ᠵᠡᠷᠭᠡ ᠳᠡᠰ ᠢ | ᠦᠨᠡᠯᠡᠨ ᠲᠣᠭᠲᠠᠭᠠᠬᠤ ᠪᠠᠷᠢᠮᠵᠢᠶ᠎ᠠ ᠶᠢ ᠦᠨᠳᠦᠰᠦᠯᠡᠨ᠂ ᠨᠤᠲᠤᠭ ᠪᠡᠯᠴᠢᠭᠡᠷ ᠢ ᠦᠨᠡᠯᠡᠨ ᠲᠡᠰ ᠲᠣᠭᠲᠠᠭᠠᠨ᠎ᠠ᠃ | ᠬᠤᠷᠢᠨ ᠳᠥᠷᠪᠡᠳᠦᠭᠡᠷ ᠵᠦᠢᠯ ᠤᠯᠤᠰ ᠠᠴᠠ ᠨᠤᠲᠤᠭ ᠪᠡᠯᠴᠢᠭᠡᠷ ᠢ ᠪᠦᠷᠢᠳᠬᠡᠬᠦ ᠳᠦᠷᠢᠮ ᠢ | ᠪᠠᠶᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠣᠨ ᠠᠳᠠᠯᠢ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠬᠠᠮᠲᠤ ᠪᠠᠷ ᠨᠤᠲᠤᠭ ᠪᠡᠯᠴᠢᠭᠡᠷ ᠢ ᠪᠦᠷᠢᠳᠬᠡᠨ ᠪᠠᠶᠢᠴᠠᠭᠠᠬᠤ ᠠᠷᠭ᠎ᠠ ᠶᠢ ᠲᠣᠭᠲᠠᠭᠠᠵᠤ᠂ ᠨᠤᠲᠤᠭ | ᠪᠡᠯᠴᠢᠭᠡᠷ ᠤᠨ ᠲᠡᠯᠡᠪᠡᠢ᠂ ᠵᠡᠷᠭᠡ ᠳᠡᠰ᠂ ᠡᠪᠡᠰᠦᠨ ᠤ ᠤᠨᠠᠯᠲᠠ ᠶᠢᠨ ᠬᠡᠮᠵᠢᠶ᠎ᠡ᠂ ᠪᠡᠯᠴᠢᠭᠡᠷ ᠤᠨ ᠳᠠᠭᠠᠭᠠᠴᠠ ᠶᠢᠨ | ᠬᠡᠮᠵᠢᠶ᠎ᠡ ᠵᠡᠷᠭᠡ ᠶᠢ ᠬᠠᠤᠯᠢ ᠶᠣᠰᠣᠭᠠᠷ ᠪᠦᠷᠢᠳᠬᠡᠵᠦ᠂ ᠨᠤᠲᠤᠭ ᠪᠡᠯᠴᠢᠭᠡᠷ ᠤᠨ ᠲᠤᠭ᠎ᠠ ᠪᠦᠷᠢᠳᠬᠡᠯ ᠤᠨ | ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ᠨᠤᠲᠤᠭ ᠪᠡᠯᠴᠢᠭᠡᠷ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠪᠣᠯ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠦᠨᠳᠦᠰᠦᠯᠡᠯ ᠮᠥᠨ᠃ | ᠬᠤᠷᠢᠨ ᠲᠠᠪᠤᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠤᠨ ᠦᠢᠯᠡᠳᠪᠦᠷᠢᠯᠡᠯ᠂ ᠠᠮᠢ | ᠠᠬᠤᠢ ᠶᠢᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠲᠡᠯᠡᠪᠡᠢ᠂ ᠵᠡᠷᠭᠡ ᠳᠡᠰ᠂ | ᠤᠷᠭᠤᠮᠠᠯ ᠤᠨ ᠬᠤᠴᠢᠯᠭ᠎ᠠ ᠶᠢᠨ ᠪᠦᠷᠢᠯᠳᠦᠯ᠂ ᠦᠢᠯᠡᠳᠪᠦᠷᠢᠯᠡᠯ ᠤᠨ ᠴᠢᠳᠠᠪᠤᠷᠢ᠂ ᠪᠠᠶᠢᠭᠠᠯᠢ ᠶᠢᠨ ᠭᠠᠮᠰᠢᠭ᠂ ᠠᠮᠢᠳᠤ | ᠪᠣᠳᠠᠰ ᠤᠨ ᠭᠠᠮᠰᠢᠭ ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠥᠳᠡᠯᠦᠩᠭᠦᠢ ᠬᠢᠨᠠᠨ ᠬᠡᠮᠵᠢᠯᠲᠡ | ᠬᠢᠵᠦ᠂ ᠲᠤᠰ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠥᠳᠡᠯᠦᠩᠭᠦᠢ | ᠬᠢᠨᠠᠨ ᠬᠡᠮᠵᠢᠯᠲᠡ ᠪᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠢᠯᠡᠴᠢᠯᠡᠭᠡ ᠶᠢ ᠴᠠᠭ ᠲᠤᠬᠠᠢ ᠳᠤᠨᠢ | ᠬᠠᠩᠭᠠᠨ᠎ᠠ᠃ | | ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠬᠤ | | ᠬᠤᠷᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ | ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | ᠤᠯᠤᠰ ᠠᠴᠠ ᠨᠢᠭᠡᠴᠢ ᠪᠠ ᠬᠤᠪᠢ ᠬᠥᠮᠥᠨ ᠤ ᠪᠡᠯᠡ ᠣᠷᠣᠭᠤᠯᠤᠨ ᠨᠤᠲᠤᠭ ᠪᠡᠯᠴᠢᠭᠡᠷ ᠢ ᠪᠦᠲᠦᠭᠡᠨ | ᠪᠠᠶᠢᠭᠤᠯᠬᠤ ᠶᠢ ᠵᠣᠷᠢᠭᠵᠢᠭᠤᠯᠵᠤ᠂ ᠬᠡᠨ ᠪᠡᠯᠡ ᠣᠷᠣᠭᠤᠯᠪᠠᠯ ᠬᠡᠨ ᠠᠰᠢᠭ ᠬᠦᠷᠳᠡᠬᠦ ᠵᠠᠷᠴᠢᠮ ᠶᠣᠰᠣᠭᠠᠷ ᠨᠤᠲᠤᠭ | ᠪᠡᠯᠴᠢᠭᠡᠷ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ | ᠬᠤᠷᠢᠨ ᠳᠣᠯᠣᠳᠤᠭᠠᠷ ᠵᠦᠢᠯ ᠤᠯᠤᠰ ᠠᠴᠠ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ᠂ | ᠪᠠᠶᠢᠭᠠᠯᠢ ᠶᠢᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠤᠨ ᠲᠡᠮᠵᠢᠵᠦ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ | ᠴᠢᠳᠠᠪᠤᠷᠢ ᠶᠢ ᠲᠣᠭᠲᠠᠪᠤᠷᠢᠵᠢᠭᠤᠯᠤᠨ ᠳᠡᠭᠡᠭᠰᠢᠯᠡᠭᠦᠯᠦᠨ᠎ᠡ᠃ | ᠬᠤᠷᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ᠂ ᠲᠡᠵᠢᠭᠡᠯ ᠡᠪᠡᠰᠦ | ᠪᠣᠷᠳᠤᠭ᠎ᠠ ᠨᠥᠭᠡᠴᠡᠯᠡᠬᠦ᠂ ᠮᠠᠯ ᠤᠨ ᠬᠠᠰᠢᠶ᠎ᠠ ᠰᠠᠷᠠᠪᠴᠢ᠂ ᠮᠠᠯᠴᠢᠳ ᠤᠨ ᠰᠠᠭᠤᠷᠢᠰᠢᠨ ᠰᠠᠭᠤᠬᠤ ᠭᠠᠵᠠᠷ ᠵᠡᠷᠭᠡ | ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠶᠢ ᠲᠡᠮᠵᠢᠠ ᠵᠣᠷᠢᠭᠵᠢᠭᠤᠯᠬᠤ | ᠪᠠ ᠬᠥᠲᠥᠯᠥᠨ ᠵᠢᠯᠤᠭᠤᠳᠬᠤ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠲᠤᠭ | ᠪᠡᠯᠴᠢᠭᠡᠷ ᠤᠨ ᠤᠰᠦᠠ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠨᠤᠲᠤᠭ | ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠵᠦ᠂ ᠬᠥᠮᠥᠨ ᠮᠡᠯ ᠤᠨ ᠤᠰᠤ ᠤᠮᠳᠠ ᠶᠢᠨ | ᠨᠥᠬᠦᠴᠡᠯ ᠢ ᠰᠠᠶᠢᠵᠢᠷᠠᠭᠤᠯᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠶᠢᠨ ᠶᠣᠰᠣᠭᠠᠷ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠢᠯᠢᠳᠡᠭ ᠰᠠᠶᠢᠨ ᠡᠪᠡᠰᠦᠨ ᠡᠭᠦᠯᠳᠡᠷ ᠢ ᠰᠣᠩᠭᠤᠨ ᠪᠣᠶᠢᠵᠢᠭᠤᠯᠬᠤ᠂ ᠣᠷᠣᠭᠤᠯᠵᠤ ᠢᠷᠡᠬᠦ᠂ | ᠳᠡᠯᠭᠡᠷᠡᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠰᠢᠨ᠎ᠡ ᠡᠪᠡᠰᠦᠨ ᠡᠭᠦᠯᠳᠡᠷ ᠢ ᠡᠷᠬᠡᠪᠰᠢ ᠪᠦᠬᠦ ᠤᠯᠤᠰ ᠤᠨ ᠡᠪᠡᠰᠦᠨ ᠡᠭᠦᠯᠳᠡᠷ ᠢ ᠬᠢᠨᠠᠨ ᠲᠣᠭᠲᠠᠭᠠᠬᠤ | ᠺᠣᠮᠢᠰ ᠢᠶᠠᠷ ᠬᠢᠨᠠᠨ ᠲᠣᠭᠲᠠᠭᠠᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠠᠨ ᠨᠡᠶᠢᠲᠡᠯᠡᠭᠰᠡᠨ ᠤ ᠲᠡᠷᠠᠭ᠎ᠠ ᠰᠠᠶ᠋ᠢ ᠳᠡᠯᠭᠡᠷᠡᠭᠦᠯᠵᠦ | ᠪᠣᠯᠣᠨ᠎ᠠ᠃ ᠬᠢᠯᠢ ᠶᠢᠨ ᠭᠠᠳᠠᠨ᠎ᠠ ᠠᠴᠠ ᠡᠪᠡᠰᠦᠨ ᠦᠷ᠎ᠡ ᠣᠷᠣᠭᠤᠯᠬᠤ ᠳᠤ ᠡᠷᠬᠡᠪᠰᠢ ᠬᠠᠤᠯᠢ ᠶᠣᠰᠣᠭᠠᠷ ᠬᠢᠨᠠᠨ | ᠵᠥᠪᠰᠢᠶᠡᠷᠡᠭᠦᠯᠬᠦ ᠬᠡᠷᠡᠭᠲᠡᠢ᠃ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠳ ᠡᠪᠡᠰᠦᠨ ᠦᠷ᠎ᠡ ᠶᠢ ᠦᠢᠯᠡᠳᠪᠦᠷᠢᠯᠡᠬᠦ᠂ | ᠪᠣᠯᠪᠠᠰᠤᠷᠠᠭᠤᠯᠬᠤ᠂ ᠬᠢᠵᠢᠭ ᠢ ᠪᠠᠶᠢᠴᠠᠭᠠᠬᠤ᠂ ᠰᠢᠯᠭᠠᠨ ᠪᠠᠶᠢᠴᠠᠭᠠᠬᠤ ᠶᠢ ᠬᠢᠨᠠᠵᠤ ᠬᠠᠮᠢᠶᠠᠷᠬᠤ ᠪᠠᠨ ᠬᠠᠤᠯᠢ | ᠶᠣᠰᠣᠭᠠᠷ ᠴᠢᠩᠭᠠᠳᠬᠠᠵᠤ᠂ ᠡᠪᠡᠰᠦᠨ ᠦᠷ᠎ᠡ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ | ᠭᠤᠴᠢᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠭᠠᠯ ᠤᠨ ᠪᠠᠶᠢᠳᠠᠯ ᠢ ᠬᠢᠨᠠᠨ ᠬᠡᠮᠵᠢᠬᠦ᠂ ᠭᠠᠯ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ᠂ ᠭᠠᠯ ᠢ ᠰᠡᠷᠭᠡᠶᠢᠯᠡᠬᠦ | ᠲᠤᠰᠠᠭᠠᠷᠯᠠᠬᠤ ᠪᠦᠰᠡ ᠵᠡᠷᠭᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠥᠯᠥᠪᠯᠡᠭᠡ ᠲᠠᠢ ᠪᠠᠷ ᠬᠢᠵᠦ᠂ ᠭᠠᠯ ᠢ ᠰᠡᠷᠭᠡᠶᠢᠯᠡᠬᠦ ᠬᠡᠷᠡᠭᠴᠡᠭᠡ ᠶᠢ ᠦᠨᠡᠨ ᠬᠦ ᠪᠠᠲᠤᠯᠠᠬᠤ | ᠬᠡᠷᠡᠭᠲᠡᠢ᠃ | ᠭᠤᠴᠢᠨ ᠨᠢᠭᠡᠳᠦᠭᠡᠷ ᠵᠦᠢᠯ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ | ᠴᠦᠯᠵᠢᠭᠰᠡᠨ ᠪᠠ ᠬᠥᠷᠥᠰᠥ ᠰᠢᠷᠣᠢ ᠢᠳᠡᠭᠳᠡᠭᠰᠡᠨ ᠨᠤᠲᠤᠭ ᠪᠡᠯᠴᠢᠭᠡᠷ ᠢ ᠪᠣᠯ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠲᠥᠯᠦᠪᠵᠢᠭᠦᠯᠭᠡ ᠶᠢᠨ ᠶᠣᠰᠣᠭᠠᠷ ᠵᠠᠰᠠᠬᠤ ᠣᠷᠣᠨ ᠢ ᠵᠠᠭᠠᠭᠯᠠᠨ ᠲᠣᠭᠲᠠᠭᠠᠵᠤ᠂ ᠲᠤᠰᠬᠠᠶᠢᠯᠠᠨ | ᠵᠠᠰᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ | ᠨᠤᠲᠤᠭ ᠪᠡᠯᠴᠢᠭᠡᠷ ᠢ ᠶᠡᠭᠡ ᠬᠡᠪᠴᠢᠶ᠎ᠡ ᠪᠠᠷ ᠪᠦᠬᠦ ᠲᠠᠯ᠎ᠠ ᠪᠠᠷ ᠵᠠᠰᠠᠬᠤ ᠶᠠᠪᠤᠳᠠᠯ ᠢ ᠤᠯᠤᠰ ᠤᠨ ᠨᠤᠲᠤᠭ | ᠳᠡᠪᠢᠰᠬᠡᠷ ᠢ ᠵᠠᠰᠠᠬᠤ ᠲᠥᠯᠥᠪᠯᠡᠭᠡ ᠳᠤ ᠣᠷᠣᠭᠤᠯᠤᠨ᠎ᠠ᠃ | ᠭᠤᠴᠢᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠶᠢ ᠦᠨᠳᠦᠰᠦᠯᠡᠨ᠂ ᠲᠤᠰ ᠱᠠᠲᠤᠨ ᠤ ᠪᠠᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠳᠤ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠬᠥᠮᠥᠨ ᠤ ᠬᠦᠴᠦ ᠪᠠᠷ ᠡᠪᠡᠰᠦ | ᠲᠡᠷᠢᠬᠤ ᠪᠠ ᠡᠪᠡᠰᠦᠨ ᠦᠷ᠎ᠡ ᠦᠢᠯᠡᠳᠪᠦᠷᠢᠯᠡᠬᠦ ᠳᠤ ᠬᠡᠷᠡᠭᠯᠡᠬᠦ ᠪᠡᠯᠡ ᠮᠥᠩᠭᠦ ᠲᠣᠬᠢᠷᠠᠭᠤᠯᠬᠤ ᠬᠡᠷᠡᠭᠲᠡᠢ᠂ ᠶᠠᠮᠠᠷᠪᠠ | ᠨᠢᠭᠡᠴᠢ ᠪᠤᠶᠤ ᠬᠤᠪᠢ ᠬᠥᠮᠥᠨ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠦᠭᠡᠢ᠃ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠣᠨ | ᠬᠢᠨᠠᠨ ᠪᠤᠳᠤᠬᠤ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | | ᠲᠠᠪᠤᠳᠤᠭᠠᠷ ᠪᠦᠯᠦᠭ ᠠᠰᠢᠭᠯᠠᠬᠤ | | ᠭᠤᠴᠢᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠨᠢ ᠨᠤᠲᠤᠭ | ᠪᠡᠯᠴᠢᠭᠡᠷ ᠢ ᠵᠦᠢ ᠵᠣᠬᠢᠰᠲᠠᠢ ᠪᠠᠷ ᠠᠰᠢᠭᠯᠠᠬᠤ ᠬᠡᠷᠡᠭᠲᠡᠢ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠠᠴᠠ ᠬᠡᠲᠦᠷᠡᠭᠦᠯᠵᠦ ᠪᠣᠯᠬᠤ | ᠦᠭᠡᠢ᠃ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠲᠡᠵᠢᠭᠡᠯ ᠡᠪᠡᠰᠦ ᠲᠡᠵᠢᠭᠡᠯ ᠪᠣᠷᠳᠤᠭ᠎ᠠ ᠲᠡᠷᠢᠵᠦ | ᠨᠥᠭᠡᠴᠡᠯᠡᠬᠦ᠂ ᠲᠡᠵᠢᠭᠡᠯ ᠡᠪᠡᠰᠦ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ᠂ ᠮᠡᠯ | ᠤᠨᠤᠭ᠎ᠠ ᠶᠢ ᠲᠣᠬᠢᠷᠠᠭᠤᠯᠤᠨ ᠰᠢᠢᠳᠪᠦᠷᠢᠯᠡᠬᠦ᠂ ᠮᠡᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠪᠣᠷᠣᠯᠠᠭᠤᠯᠬᠤ | ᠨᠤᠷᠮ᠎ᠠ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ ᠬᠡᠷᠡᠭᠲᠡᠢ᠃ | ᠨᠤᠲᠤᠭ ᠪᠡᠯᠴᠢᠭᠡᠷ ᠤᠨ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠪᠠ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠭᠤᠴᠢᠨ ᠳᠥᠷᠪᠡᠳᠦᠭᠡᠷ ᠵᠦᠢᠯ ᠮᠠᠯᠵᠢᠬᠤ ᠣᠷᠣᠨ ᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ | ᠨᠢ ᠲᠣᠭᠤᠷᠢᠭ ᠬᠤᠪᠢᠶᠠᠨ ᠰᠡᠯᠭᠦᠨ ᠮᠠᠯᠵᠢᠵᠤ᠂ ᠮᠡᠯ ᠰᠦᠷᠦᠭ ᠢᠶᠠᠨ ᠵᠦᠢ ᠵᠣᠬᠢᠰᠲᠠᠢ ᠪᠠᠷ ᠲᠣᠬᠢᠷᠠᠭᠤᠯᠵᠤ᠂ | ᠨᠤᠲᠤᠭ ᠪᠡᠯᠴᠢᠭᠡᠷ ᠢ ᠲᠡᠩᠴᠡᠭᠦᠷᠢᠲᠡᠢ ᠠᠰᠢᠭᠯᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠤᠯᠤᠰ ᠠᠴᠠ ᠲᠠᠷᠢᠶᠠᠯᠠᠬᠤ ᠣᠷᠣᠨ᠂ ᠬᠠᠭᠠᠰ ᠲᠠᠷᠢᠶᠠᠯᠠᠬᠤ ᠬᠠᠭᠠᠰ | ᠮᠠᠯᠵᠢᠬᠤ ᠣᠷᠣᠨ ᠪᠠ ᠨᠥᠬᠦᠴᠡᠯ ᠲᠠᠢ ᠮᠠᠯᠵᠢᠬᠤ ᠣᠷᠣᠨ ᠳᠤ ᠮᠡᠯ ᠢ ᠬᠠᠰᠢᠶᠠᠯᠠᠨ ᠲᠡᠵᠢᠭᠡᠬᠦ ᠶᠢ ᠰᠠᠨᠠᠭᠠᠴᠢᠯᠠᠨ᠎ᠠ᠃ | ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠮᠡᠯ ᠲᠡᠵᠢᠭᠡᠪᠦᠷᠢ ᠶᠢᠨ ᠲᠥᠷᠥᠯ ᠵᠦᠢᠯ ᠪᠠ ᠲᠤᠭ᠎ᠠ ᠬᠡᠮᠵᠢᠶ᠎ᠡ ᠶᠢ | ᠦᠨᠳᠦᠰᠦᠯᠡᠨ ᠲᠡᠵᠢᠭᠡᠯ ᠡᠪᠡᠰᠦ ᠲᠡᠵᠢᠭᠡᠯ ᠪᠣᠷᠳᠤᠭ᠎ᠠ ᠪᠠᠨ ᠲᠣᠬᠢᠷᠠᠭᠤᠯᠤᠨ ᠨᠥᠭᠡᠴᠡᠯᠡᠵᠦ᠂ ᠨᠣᠭᠤᠭᠠᠨ | ᠳᠠᠷᠤᠰᠢᠭᠤᠯᠬᠤ ᠪᠠ ᠲᠡᠵᠢᠭᠡᠯ ᠡᠪᠡᠰᠦ ᠲᠡᠵᠢᠭᠡᠯ ᠪᠣᠷᠳᠤᠭ᠎ᠠ ᠶᠢ ᠪᠣᠯᠪᠠᠰᠤᠷᠠᠭᠤᠯᠬᠤ ᠵᠡᠷᠭᠡ ᠰᠢᠨ᠎ᠡ ᠮᠡᠷᠭᠡᠵᠢᠯ ᠢ | ᠬᠡᠷᠡᠭᠯᠡᠵᠦ᠂ ᠪᠠᠶᠢᠭᠠᠯᠢ ᠶᠢᠨ ᠪᠡᠯᠴᠢᠭᠡᠷ ᠲᠤ ᠲᠦᠰᠢᠭᠯᠡᠨ ᠮᠡᠯ ᠬᠠᠷᠢᠭᠤᠯᠬᠤ ᠦᠢᠯᠡᠳᠪᠦᠷᠢᠯᠡᠯ ᠤᠨ ᠠᠷᠭ᠎ᠠ ᠮᠠᠶ᠋ᠢᠭ ᠢ | ᠠᠯᠬᠤᠮ ᠠᠯᠬᠤᠮ ᠢᠶᠠᠷ ᠬᠤᠪᠢᠷᠠᠭᠤᠯᠬᠤ ᠬᠡᠷᠡᠭᠲᠡᠢ᠃ | ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠬᠤᠷᠢᠭᠯᠠᠬᠤ᠂ ᠪᠡᠯᠴᠢᠭᠡᠷ ᠥᠨᠵᠢᠭᠦᠯᠬᠦ᠂ ᠡᠭᠡᠯᠵᠢᠯᠡᠨ ᠮᠠᠯᠵᠢᠬᠤ | ᠣᠷᠣᠨ ᠳᠤ ᠬᠠᠰᠢᠶᠠᠯᠠᠨ ᠲᠡᠵᠢᠭᠡᠵᠦ ᠬᠠᠰᠢᠶᠠᠯᠠᠨ ᠲᠡᠵᠢᠭᠡᠬᠦ ᠳᠤ ᠤᠯᠤᠰ ᠠᠴᠠ ᠠᠮᠤ ᠪᠤᠳᠠᠭ᠎ᠠ ᠪᠠ ᠪᠡᠯᠡ | ᠮᠥᠩᠭᠦ ᠶᠢᠨ ᠨᠥᠬᠦᠪᠦᠷᠢ ᠥᠭᠭᠦᠨ᠎ᠡ᠂ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠡᠷᠬᠡ ᠣᠯᠭᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠭᠤᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ | ᠬᠠᠳᠤᠯᠠᠩ ᠪᠡᠯᠴᠢᠭᠡᠷ ᠪᠠ ᠬᠡᠭᠡᠷ᠎ᠡ ᠶᠢᠨ ᠡᠪᠡᠰᠦᠨ ᠦᠷ᠎ᠡ ᠶᠢᠨ ᠰᠠᠭᠤᠷᠢᠨ ᠭᠠᠵᠠᠷ ᠲᠤ ᠵᠦᠢ ᠵᠣᠬᠢᠰᠲᠠᠢ ᠡᠪᠡᠰᠦ | ᠬᠠᠳᠤᠬᠤ ᠬᠤᠭᠤᠴᠠᠭ᠎ᠠ᠂ ᠦᠷ᠎ᠡ ᠲᠡᠭᠦᠬᠦ ᠬᠤᠭᠤᠴᠠᠭ᠎ᠠ ᠵᠢᠴᠢ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠪᠠ | ᠬᠠᠳᠤᠬᠤ ᠬᠦᠴᠦᠯᠡᠴᠡ ᠶᠢ ᠲᠣᠭᠲᠠᠭᠠᠵᠤ᠂ ᠡᠭᠡᠯᠵᠢᠯᠡᠨ ᠬᠠᠳᠤᠵᠤ ᠡᠭᠡᠯᠵᠢᠯᠡᠨ ᠲᠡᠭᠦᠬᠦ ᠬᠡᠷᠡᠭᠲᠡᠢ᠃ | ᠭᠤᠴᠢᠨ ᠳᠣᠯᠣᠳᠤᠭᠠᠷ ᠵᠦᠢᠯ ᠪᠠᠶᠢᠭᠠᠯᠢ ᠶᠢᠨ ᠭᠠᠮᠰᠢᠭ ᠵᠡᠷᠭᠡ ᠣᠨᠴᠠᠭᠠᠶ ᠪᠠᠶᠢᠳᠠᠯ ᠳᠤ ᠲᠤᠯᠭᠠᠷᠠᠭᠠᠳ | ᠨᠤᠲᠤᠭ ᠪᠡᠯᠴᠢᠭᠡᠷ ᠢ ᠲᠦᠷ ᠴᠠᠭ ᠲᠣᠬᠢᠷᠠᠭᠤᠯᠤᠨ ᠬᠡᠷᠡᠭᠯᠡᠬᠦ ᠴᠢᠬᠤᠯᠠ ᠲᠠᠢ ᠪᠣᠯ ᠰᠠᠶᠢᠨ ᠳᠤᠷ᠎ᠠ ᠶᠢᠨ ᠬᠠᠷᠢᠯᠴᠠᠨ | ᠠᠰᠢᠭᠲᠠᠢ ᠪᠠᠶᠢᠬᠤ ᠵᠠᠷᠴᠢᠮ ᠶᠣᠰᠣᠭᠠᠷ ᠬᠤᠶᠠᠷ ᠡᠲᠡᠭᠡᠳ ᠢᠶᠠᠷ ᠢᠶᠠᠨ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠃ | ᠰᠢᠶᠠᠨ ᠠᠯᠤᠰᠯᠠᠨ ᠨᠤᠲᠤᠭ ᠪᠡᠯᠴᠢᠭᠡᠷ ᠢ ᠲᠦᠷ ᠴᠠᠭ ᠲᠣᠬᠢᠷᠠᠭᠤᠯᠤᠨ ᠬᠡᠷᠡᠭᠯᠡᠬᠦ ᠴᠢᠬᠤᠯᠠ ᠲᠠᠢ ᠪᠣᠯ ᠬᠤᠯᠪᠣᠭᠳᠠᠯ | ᠪᠦᠬᠦᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠮᠲᠤ ᠶᠢᠨ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠃ | ᠭᠤᠴᠢᠨ ᠨᠠᠢᠮᠠᠳᠤᠭᠠᠷ ᠵᠦᠢᠯ ᠠᠭᠤᠷᠬᠠᠢ ᠶᠢᠨ ᠪᠤᠯᠠᠭᠳᠠᠴᠠ ᠶᠢ ᠨᠡᠭᠡᠭᠡᠨ ᠮᠠᠯᠲᠠᠬᠤ ᠪᠠ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠬᠢᠬᠦ ᠳᠡᠭᠡᠨ ᠨᠤᠲᠤᠭ ᠪᠡᠯᠴᠢᠭᠡᠷ ᠢ ᠡᠵᠡᠯᠡᠬᠦ ᠦᠭᠡᠢ ᠪᠤᠶᠤ ᠪᠠᠭ᠎ᠠ ᠡᠵᠡᠯᠡᠬᠦ ᠬᠡᠷᠡᠭᠲᠡᠢ᠃ | ᠦᠨᠡᠬᠡᠷ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ᠂ ᠲᠠᠲᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠᠲᠠᠢ | ᠪᠠᠶᠢᠪᠠᠯ᠂ ᠡᠷᠬᠡᠪᠰᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ | ᠲᠡᠷᠠᠭ᠎ᠠ᠂ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠤᠨ ᠶᠣᠰᠣᠭᠠᠷ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ | ᠭᠦᠢᠴᠡᠳᠬᠡᠯ ᠬᠢᠬᠦ ᠬᠡᠷᠡᠭᠲᠡᠢ᠃ | ᠭᠤᠴᠢ ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠬᠠᠮᠲᠤ ᠶᠢᠨ ᠥᠮᠴᠢᠯᠡᠯ ᠤᠨ ᠨᠤᠲᠤᠭ | ᠪᠡᠯᠴᠢᠭᠡᠷ ᠢ ᠲᠠᠲᠠᠪᠤᠷᠢᠯᠠᠨ ᠠᠪᠬᠤ᠂ ᠲᠠᠲᠠᠪᠤᠷᠢᠯᠠᠨ ᠬᠡᠷᠡᠭᠯᠡᠬᠦ ᠳᠤ ᠬᠦᠷᠪᠡᠯ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠲᠣᠭᠲᠠᠭᠠᠯ ᠶᠣᠰᠣᠭᠠᠷ ᠨᠥᠬᠦᠪᠦᠷᠢ | ᠥᠭᠬᠦ ᠬᠡᠷᠡᠭᠲᠡᠢ᠃ ᠪᠦᠲᠦᠭᠡᠨ ᠪᠠᠶᠢᠭᠤᠯᠤᠯᠲᠠ ᠳᠤ ᠤᠯᠤᠰ ᠤᠨ ᠥᠮᠴᠢᠯᠡᠯ ᠤᠨ ᠨᠤᠲᠤᠭ ᠪᠡᠯᠴᠢᠭᠡᠷ ᠢ ᠬᠡᠷᠡᠭᠯᠡᠬᠦ ᠳᠤ | ᠬᠦᠷᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠳᠤ ᠨᠥᠬᠦᠪᠦᠷᠢ ᠥᠭᠬᠦ ᠬᠡᠷᠡᠭᠲᠡᠢ᠃ | ᠪᠦᠲᠦᠭᠡᠨ ᠪᠠᠶᠢᠭᠤᠯᠤᠯᠲᠠ ᠳᠤ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠪᠤᠶᠤ | ᠬᠡᠷᠡᠭᠯᠡᠬᠦ ᠳᠤ ᠬᠦᠷᠪᠡᠯ᠂ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ ᠰᠡᠷᠭᠦᠭᠡᠬᠦ ᠰᠦᠢᠳᠬᠡᠯ ᠲᠤᠰᠢᠶᠠᠬᠤ | ᠬᠡᠷᠡᠭᠲᠡᠢ᠃ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠰᠦᠢᠳᠬᠡᠯ ᠤᠨ ᠲᠤᠰᠬᠠᠢ ᠵᠣᠭᠤᠰ ᠢ | ᠲᠤᠰᠬᠠᠢ ᠵᠦᠢᠯ ᠳᠤ ᠬᠡᠷᠡᠭᠯᠡᠵᠦ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠠᠴᠠ ᠲᠣᠭᠲᠠᠭᠠᠯ ᠶᠣᠰᠣᠭᠠᠷ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠳᠤ | ᠬᠡᠷᠡᠭᠯᠡᠨ᠎ᠡ᠂ ᠶᠠᠮᠠᠷᠪᠠ ᠨᠢᠭᠡᠴᠢ ᠪᠠ ᠬᠤᠪᠢ ᠬᠥᠮᠥᠨ ᠳᠤᠮᠳᠠ ᠠᠴᠠ ᠨᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ | ᠪᠣᠯᠬᠤ ᠦᠭᠡᠢ᠃ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ ᠰᠡᠷᠭᠦᠭᠡᠬᠦ ᠰᠦᠢᠳᠬᠡᠯ ᠢ ᠲᠠᠲᠠᠪᠤᠷᠢᠯᠠᠬᠤ᠂ | ᠬᠡᠷᠡᠭᠯᠡᠬᠦ ᠪᠠ ᠬᠠᠮᠢᠶᠠᠷᠬᠤ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠪᠣᠯᠣᠨ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠲᠣᠭᠲᠠᠭᠠᠨ᠎ᠠ᠃ | ᠳᠥᠴᠢᠳᠦᠭᠡᠷ ᠵᠦᠢᠯ ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠴᠢᠬᠤᠯᠠ ᠲᠠᠢ ᠪᠣᠯ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ | ᠬᠡᠷᠡᠭᠲᠡᠢ᠃ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠶᠢ ᠬᠤᠶᠠᠷ ᠵᠢᠯ ᠠᠴᠠ ᠬᠡᠲᠦᠷᠡᠭᠦᠯᠵᠦ | ᠪᠣᠯᠬᠤ ᠦᠭᠡᠢ ᠪᠥᠭᠡᠳ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ ᠴᠢᠨᠠᠷᠲᠠᠢ | ᠪᠠᠷᠢᠯᠭ᠎ᠠ᠂ ᠪᠠᠷᠢᠯᠭ᠎ᠠ ᠶᠢᠨ ᠵᠦᠢᠯ ᠪᠠᠶᠢᠭᠤᠯᠵᠤ ᠪᠣᠯᠬᠤ ᠦᠭᠡᠢ᠃ ᠡᠵᠡᠯᠡᠨ ᠬᠡᠷᠡᠭᠯᠡᠬᠦ ᠬᠤᠭᠤᠴᠠᠭ᠎ᠠ ᠨᠢ | ᠳᠦᠭᠦᠷᠪᠡᠯ ᠭᠠᠵᠠᠷ ᠬᠡᠷᠡᠭᠯᠡᠭᠰᠡᠨ ᠨᠢᠭᠡᠴᠢ ᠨᠢ ᠡᠷᠬᠡᠪᠰᠢ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ | ᠰᠡᠷᠭᠦᠭᠡᠬᠦ ᠬᠡᠷᠡᠭᠲᠡᠢ ᠪᠥᠭᠡᠳ ᠴᠠᠭ ᠲᠤᠬᠠᠢ ᠳᠤᠨᠢ ᠪᠤᠴᠠᠭᠠᠵᠤ ᠥᠭᠬᠦ ᠬᠡᠷᠡᠭᠲᠡᠢ᠃ | ᠳᠥᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ | ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠪᠠᠶᠢᠭᠤᠯᠬᠤ ᠳᠤ | ᠨᠤᠲᠤᠭ ᠪᠡᠯᠴᠢᠭᠡᠷ ᠢ ᠬᠡᠷᠡᠭᠯᠡᠬᠦ ᠴᠢᠬᠤᠯᠠ ᠲᠠᠢ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠨ᠎ᠡ᠃ ᠪᠤᠰᠤᠳ ᠪᠠᠷᠢᠯᠭ᠎ᠠ ᠪᠠᠷᠢᠬᠤ ᠳᠤ ᠨᠤᠲᠤᠭ ᠪᠡᠯᠴᠢᠭᠡᠷ ᠢ ᠮᠡᠯ ᠠᠵᠤ ᠠᠬᠤᠢ ᠶᠢᠨ | ᠦᠢᠯᠡᠳᠪᠦᠷᠢᠯᠡᠯ ᠳᠤ ᠥᠯᠥ ᠬᠡᠷᠡᠭᠯᠡᠬᠦ ᠭᠠᠵᠠᠷ ᠪᠣᠯᠭᠠᠬᠤ ᠴᠢᠬᠤᠯᠠ ᠲᠠᠢ ᠪᠣᠯ ᠡᠷᠬᠡᠪᠰᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠬᠠᠤᠯᠢ ᠶᠣᠰᠣᠭᠠᠷ ᠬᠢᠬᠦ | ᠬᠡᠷᠡᠭᠲᠡᠢ᠃ | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠮᠡᠯ ᠠᠵᠤ ᠠᠬᠤᠢ ᠶᠢᠨ | ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠲᠥᠬᠦᠭᠡᠷᠦᠮᠵᠢ ᠭᠡᠳᠡᠭ ᠨᠢ᠄ | ︵ᠨᠢᠭᠡ︶ ᠡᠪᠡᠰᠦᠨ ᠦᠷ᠎ᠡ ᠪᠠ ᠲᠡᠵᠢᠭᠡᠯ ᠡᠪᠡᠰᠦ ᠲᠡᠵᠢᠭᠡᠯ ᠪᠣᠷᠳᠤᠭ᠎ᠠ ᠶᠢ ᠦᠢᠯᠡᠳᠪᠦᠷᠢᠯᠡᠬᠦ᠂ | ᠬᠠᠳᠠᠭᠠᠯᠠᠬᠤ ᠲᠥᠬᠦᠭᠡᠷᠦᠮᠵᠢ᠃ | ︵ᠬᠤᠶᠠᠷ︶ ᠮᠠᠯ ᠤᠨ ᠬᠠᠰᠢᠶ᠎ᠠ ᠰᠠᠷᠠᠪᠴᠢ᠂ ᠬᠡᠭᠡᠯᠲᠦᠭᠦᠯᠬᠦ ᠭᠠᠵᠠᠷ᠂ ᠨᠣᠣᠰᠣ ᠬᠠᠶᠢᠴᠢᠯᠠᠬᠤ ᠭᠠᠵᠠᠷ᠂ | ᠡᠮᠲᠦ ᠤᠬᠢᠶᠠᠯᠭ᠎ᠠ ᠶᠢᠨ ᠭᠠᠵᠠᠷ᠂ ᠬᠥᠮᠥᠨ ᠮᠠᠯ ᠤᠨ ᠤᠤᠭᠤᠬᠤ ᠤᠰᠤᠨ ᠤ ᠲᠥᠬᠦᠭᠡᠷᠦᠮᠵᠢ᠃ | ︵ᠭᠤᠷᠪᠠ︶ ᠰᠢᠨᠵᠢᠯᠡᠬᠦ ᠤᠬᠠᠭᠠᠨ ᠤ ᠰᠤᠳᠤᠯᠤᠯ᠂ ᠲᠤᠷᠰᠢᠯᠲᠠ᠂ ᠦᠯᠢᠭᠡᠷ ᠵᠢᠱᠢᠶ᠎ᠡ ᠦᠵᠡᠭᠦᠯᠬᠦ | ᠰᠠᠭᠤᠷᠢᠨ ᠭᠠᠵᠠᠷ᠃ | ︵ᠳᠥᠷᠪᠡ︶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠤᠰᠤᠯᠠᠯᠲᠠ ᠶᠢᠨ ᠲᠥᠬᠦᠭᠡᠷᠦᠮᠵᠢ᠃ | | ᠵᠢᠷᠭᠤᠳᠤᠭᠠᠷ ᠪᠦᠯᠦᠭ ᠬᠠᠮᠠᠭᠠᠯᠠᠬᠤ | | ᠳᠥᠴᠢᠨ ᠬᠤᠶᠠᠳᠤᠭᠠᠷ ᠵᠦᠢᠯ ᠤᠯᠤᠰ ᠠᠴᠠ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠳᠦᠷᠢᠮ ᠢ ᠬᠡᠷᠡᠭᠵᠢᠭᠦᠯᠦᠨ᠎ᠡ᠃ ᠳᠠᠷᠠᠭᠠᠬᠢ ᠨᠤᠲᠤᠭ ᠪᠡᠯᠴᠢᠭᠡᠷ ᠢ ᠦᠨᠳᠦᠰᠦᠨ ᠨᠤᠲᠤᠭ ᠪᠡᠯᠴᠢᠭᠡᠷ ᠢᠶᠠᠷ ᠵᠠᠭᠠᠭᠯᠠᠨ | ᠲᠣᠭᠲᠠᠭᠠᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠄ | ︵ᠨᠢᠭᠡ︶ ᠴᠢᠬᠤᠯᠠ ᠪᠡᠯᠴᠢᠭᠡᠷ᠃ | ︵ᠬᠤᠶᠠᠷ︶ ᠬᠠᠳᠤᠯᠠᠩ ᠭᠠᠵᠠᠷ᠃ | ︵ᠭᠤᠷᠪᠠ︶ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠲᠠᠷᠢᠮᠠᠯ ᠪᠡᠯᠴᠢᠭᠡᠷ᠂ ᠲᠠᠷᠢᠶᠠᠯᠠᠬᠤ ᠶᠢ | ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ ᠭᠠᠵᠠᠷ ᠵᠢᠴᠢ ᠰᠠᠶᠢᠵᠢᠷᠠᠭᠤᠯᠤᠭᠰᠠᠨ ᠪᠡᠯᠴᠢᠭᠡᠷ᠂ ᠡᠪᠡᠰᠦᠨ | ᠦᠷ᠎ᠡ ᠶᠢᠨ ᠰᠠᠭᠤᠷᠢᠨ ᠭᠠᠵᠠᠷ᠃ | ︵ᠳᠥᠷᠪᠡ︶ ᠠᠭᠤᠷ ᠠᠮᠢᠰᠬᠤᠯ ᠢ ᠲᠣᠬᠢᠷᠠᠭᠤᠯᠬᠤ᠂ ᠤᠰᠦᠠ ᠤ ᠰᠤᠷᠪᠤᠯᠵᠢ ᠶᠢ ᠬᠠᠳᠠᠭᠠᠯᠠᠬᠤ᠂ ᠬᠥᠷᠥᠰᠥ | ᠰᠢᠷᠣᠢ ᠶᠢ ᠬᠠᠮᠠᠭᠠᠯᠠᠬᠤ᠂ ᠰᠠᠯᠬᠢᠨ ᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠳᠤ ᠣᠨᠴᠠᠭᠠᠶ ᠦᠢᠯᠡᠳᠦᠯ ᠲᠠᠢ | ᠨᠤᠲᠤᠭ ᠪᠡᠯᠴᠢᠭᠡᠷ᠃ | ︵ᠲᠠᠪᠤ︶ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠳᠡᠠ ᠤᠷᠭᠤᠮᠠᠯ ᠤᠨ ᠣᠷᠣᠰᠢᠨ | ᠠᠮᠢᠳᠤᠷᠠᠬᠤ ᠣᠷᠴᠢᠨ ᠲᠣᠭᠤᠷᠢᠨ ᠪᠣᠯᠬᠤ ᠨᠤᠲᠤᠭ ᠪᠡᠯᠴᠢᠭᠡᠷ᠃ | ︵ᠵᠢᠷᠭᠤᠭ᠎ᠠ︶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ ᠰᠤᠷᠭᠠᠬᠤ | ᠲᠤᠷᠰᠢᠯᠲᠠ ᠶᠢᠨ ᠰᠠᠭᠤᠷᠢᠨ ᠭᠠᠵᠠᠷ᠃ | ︵ᠲᠤᠯᠤᠭ᠎ᠠ︶ ᠲᠥᠷᠥ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠨᠤᠲᠤᠭ ᠪᠡᠯᠴᠢᠭᠡᠷ ᠲᠤ | ᠬᠤᠪᠢᠶᠠᠷᠢᠯᠠᠨ ᠣᠷᠣᠭᠤᠯᠬᠤ ᠶᠣᠰᠣᠲᠠᠢ ᠭᠡᠵᠦ ᠲᠣᠭᠲᠠᠭᠠᠭᠰᠠᠨ ᠪᠤᠰᠤᠳ ᠨᠤᠲᠤᠭ ᠪᠡᠯᠴᠢᠭᠡᠷ᠃ | ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠶᠢ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠲᠣᠭᠲᠠᠭᠠᠨ᠎ᠠ᠃ | ᠳᠥᠴᠢᠨ ᠭᠤᠷᠪᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠷᠠᠭᠠᠬᠢ ᠭᠠᠵᠠᠷ ᠣᠷᠣᠨ ᠳᠤ ᠨᠤᠲᠤᠭ | ᠪᠡᠯᠴᠢᠭᠡᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠᠶᠢᠭᠤᠯᠵᠤ ᠪᠣᠯᠣᠨ᠎ᠠ᠄ | ︵ᠨᠢᠭᠡ︶ ᠲᠥᠯᠥᠭᠡᠯᠡᠬᠦ ᠴᠢᠨᠠᠷᠲᠠᠢ ᠨᠤᠲᠤᠭ ᠪᠡᠯᠴᠢᠭᠡᠷ ᠤᠨ ᠲᠥᠷᠥᠯ ᠬᠡᠯᠪᠡᠷᠢ᠃ | ︵ᠬᠤᠶᠠᠷ︶ ᠮᠥᠬᠦᠬᠦ ᠰᠢᠬᠠᠭᠰᠠᠨ ᠬᠤᠪᠣᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ ᠤᠨ ᠲᠠᠷᠬᠠᠯᠲᠠ ᠶᠢᠨ | ᠣᠷᠣᠨ᠃ | ︵ᠭᠤᠷᠪᠠ︶ ᠴᠢᠬᠤᠯᠠ ᠠᠮᠢ ᠠᠬᠤᠢ ᠶᠢᠨ ᠴᠢᠳᠠᠮᠵᠢ ᠲᠠᠢ ᠪᠠ ᠠᠵᠤ ᠠᠬᠤᠢ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠦᠨ᠎ᠡ ᠥᠷᠲᠡᠭ ᠲᠠᠢ ᠨᠤᠲᠤᠭ ᠪᠡᠯᠴᠢᠭᠡᠷ᠃ | ᠳᠥᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠤᠲᠤᠭ ᠪᠡᠯᠴᠢᠭᠡᠷ ᠤᠨ ᠮᠥᠬᠦᠬᠦ ᠰᠢᠬᠠᠭᠰᠠᠨ ᠬᠤᠪᠣᠷ ᠴᠤᠬᠠᠭ ᠬᠡᠭᠡᠷ᠎ᠡ ᠶᠢᠨ ᠤᠷᠭᠤᠮᠠᠯ ᠪᠠ | ᠦᠷ᠎ᠡ ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ | ᠃ | ᠳᠥᠴᠢᠨ ᠲᠠᠪᠤᠳᠤᠭᠠᠷ ᠵᠦᠢᠯ ᠤᠯᠤᠰ ᠠᠴᠠ ᠨᠤᠲᠤᠭ ᠪᠡᠯᠴᠢᠭᠡᠷ ᠲᠤ ᠪᠡᠯᠴᠢᠭᠡᠷ ᠢᠶᠠᠷ ᠮᠡᠯ ᠤᠨ | ᠲᠤᠭ᠎ᠠ ᠶᠢ ᠲᠣᠭᠲᠠᠭᠠᠬᠤ᠂ ᠪᠡᠯᠴᠢᠭᠡᠷ ᠮᠡᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠬᠡᠷᠡᠭᠵᠢᠭᠦᠯᠦᠨ᠎ᠡ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠶᠠᠪᠤᠳᠠᠯ ᠤᠨ | ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ | ᠲᠣᠭᠲᠠᠭᠠᠭᠰᠠᠨ ᠨᠤᠲᠤᠭ ᠪᠡᠯᠴᠢᠭᠡᠷ ᠤᠨ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠶᠢ ᠦᠨᠳᠦᠰᠦᠯᠡᠵᠦ᠂ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨᠡᠯᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠰᠡᠷᠭᠡᠶᠢᠯᠡᠬᠦ | ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠠᠭᠠᠵᠠᠯᠠᠨ᠎ᠠ᠃ ᠬᠥᠷᠥᠰᠥ | ᠰᠢᠷᠣᠢ ᠶᠢᠨ ᠢᠳᠡᠭᠳᠡᠯ ᠬᠦᠨᠳᠦ ᠨᠣᠴᠢᠲᠠᠢ᠂ ᠡᠯᠡᠰᠦᠵᠢᠬᠦ ᠬᠠᠨᠳᠤᠰᠢ ᠲᠠᠢ᠂ ᠠᠮᠢ ᠠᠬᠤᠢ ᠶᠢᠨ ᠣᠷᠴᠢᠨ ᠲᠣᠭᠤᠷᠢᠨ ᠢ | ᠰᠠᠶᠢᠵᠢᠷᠠᠭᠤᠯᠬᠤ ᠴᠢᠬᠤᠯᠠ ᠲᠠᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠲᠥᠯᠥᠪᠯᠡᠭᠡ ᠲᠠᠢ᠂ ᠠᠯᠬᠤᠮ | ᠲᠡᠷᠠᠭ᠎ᠠ ᠲᠠᠢ ᠪᠠᠷ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠬᠡᠷᠡᠭᠲᠡᠢ᠃ ᠨᠢᠭᠡᠨᠲᠡ | ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠯ ᠢ ᠪᠤᠢ ᠪᠣᠯᠭᠠᠭᠰᠠᠨ ᠪᠠᠶᠢᠪᠠᠯ᠂ ᠬᠤᠭᠤᠴᠠᠭ᠎ᠠ | ᠲᠣᠭᠲᠠᠭᠠᠨ ᠵᠠᠰᠠᠭᠤᠯᠬᠤ ᠬᠡᠷᠡᠭᠲᠡᠢ᠃ | ᠳᠥᠴᠢᠨ ᠳᠣᠯᠣᠳᠤᠭᠠᠷ ᠵᠦᠢᠯ ᠬᠦᠨᠳᠦ ᠨᠣᠴᠢᠲᠠᠢ ᠲᠠᠴᠢᠷᠰᠢᠭᠰᠠᠨ᠂ ᠡᠯᠡᠰᠦᠷᠬᠡᠭᠵᠢᠭᠰᠡᠨ᠂ | ᠬᠤᠵᠢᠷᠰᠢᠭᠰᠠᠨ᠂ ᠬᠠᠶᠢᠷᠬᠠᠭ ᠴᠦᠯᠵᠢᠭᠰᠡᠨ ᠨᠤᠲᠤᠭ ᠪᠡᠯᠴᠢᠭᠡᠷ ᠪᠠ ᠠᠮᠢ ᠠᠬᠤᠢ ᠬᠡᠪᠡᠷᠡᠭ ᠣᠷᠣᠨ ᠤ ᠨᠤᠲᠤᠭ | ᠪᠡᠯᠴᠢᠭᠡᠷ ᠲᠤ ᠪᠡᠯᠴᠢᠭᠡᠷᠯᠡᠭᠦᠯᠬᠦ ᠶᠢ ᠬᠤᠷᠢᠭᠯᠠᠬᠤ᠂ ᠥᠨᠵᠢᠭᠦᠯᠦᠨ ᠮᠠᠯᠵᠢᠬᠤ ᠳᠦᠷᠢᠮ ᠢ ᠬᠡᠷᠡᠭᠵᠢᠭᠦᠯᠦᠨ᠎ᠡ᠃ | ᠳᠥᠴᠢᠨ ᠨᠠᠢᠮᠠᠳᠤᠭᠠᠷ ᠵᠦᠢᠯ ᠤᠯᠤᠰ ᠠᠴᠠ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ | ᠰᠡᠷᠭᠦᠭᠡᠬᠦ ᠪᠠ ᠪᠡᠯᠴᠢᠭᠡᠷᠯᠡᠭᠦᠯᠬᠦ ᠶᠢ ᠬᠤᠷᠢᠭᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠬᠠᠤᠯᠢ ᠶᠣᠰᠣᠭᠠᠷ | ᠬᠡᠷᠡᠭᠵᠢᠭᠦᠯᠬᠦ ᠶᠢ ᠲᠡᠮᠵᠢᠨ᠎ᠡ᠃ ᠪᠣᠳᠠᠲᠠᠢ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠲᠣᠭᠲᠠᠭᠠᠨ᠎ᠠ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠭᠰᠡᠨ ᠲᠥᠯᠦᠪᠵᠢᠭᠦᠯᠭᠡ ᠶᠢᠨ ᠬᠡᠪᠴᠢᠶᠡᠨ ᠳᠣᠲᠣᠷ᠎ᠠ | ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ ᠬᠡᠷᠡᠭᠵᠢᠭᠦᠯᠦᠭᠰᠡᠨ ᠮᠠᠯᠴᠢᠨ ᠲᠠᠷᠢᠶᠠᠴᠢᠳ ᠲᠤ | ᠤᠯᠤᠰ ᠤᠨ ᠲᠣᠭᠲᠠᠭᠠᠯ ᠶᠣᠰᠣᠭᠠᠷ ᠠᠮᠤ ᠪᠤᠳᠠᠭ᠎ᠠ᠂ ᠪᠡᠯᠡᠨ ᠵᠣᠭᠤᠰ᠂ ᠡᠪᠡᠰᠦᠨ ᠦᠷ᠎ᠡ ᠶᠢᠨ ᠵᠠᠷᠤᠳᠠᠯ ᠤᠨ | ᠨᠥᠬᠦᠪᠦᠷᠢ ᠣᠯᠭᠤᠨ᠎ᠠ᠃ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠭᠰᠡᠨ ᠤ ᠲᠡᠷᠠᠭ᠎ᠠ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠳᠠᠩᠰᠠᠯᠠᠭᠠᠳ᠂ ᠭᠠᠵᠠᠷ ᠰᠢᠷᠣᠢ ᠶᠢᠨ | ᠬᠡᠷᠡᠭᠯᠡᠯᠲᠡ ᠶᠢ ᠬᠤᠪᠢᠷᠠᠭᠤᠯᠬᠤ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠳᠬᠡᠵᠦ᠂ ᠨᠤᠲᠤᠭ ᠪᠡᠯᠴᠢᠭᠡᠷ ᠤᠨ | ᠡᠷᠬᠡ ᠶᠢᠨ ᠬᠠᠷᠢᠶᠠᠯᠠᠯ ᠤᠨ ᠦᠨᠡᠮᠯᠡᠯ ᠣᠯᠭᠤᠨ᠎ᠠ᠃ | ᠳᠥᠴᠢ ᠶᠢᠰᠦᠳᠦᠭᠡᠷ ᠵᠦᠢᠯ ᠴᠦᠯ᠂ ᠬᠠᠭᠠᠰ ᠴᠦᠯ᠂ ᠬᠦᠨᠳᠦ ᠨᠣᠴᠢᠲᠠᠢ ᠲᠠᠴᠢᠷᠰᠢᠭᠰᠠᠨ᠂ | ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ᠂ ᠬᠥᠷᠥᠰᠥ ᠰᠢᠷᠣᠢ ᠢᠳᠡᠭᠳᠡᠭᠰᠡᠨ ᠨᠤᠲᠤᠭ | ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠤᠷᠭᠤᠮᠠᠯ ᠲᠡᠭᠦᠵᠦ ᠮᠠᠯᠲᠠᠬᠤ ᠪᠠ | ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ ᠡᠪᠳᠡᠬᠦ ᠪᠤᠰᠤᠳ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠲᠠᠪᠢᠳᠤᠭᠠᠷ ᠵᠦᠢᠯ ᠨᠤᠲᠤᠭ ᠪᠡᠯᠴᠢᠭᠡᠷ ᠳᠡᠭᠡᠷ᠎ᠡ ᠰᠢᠷᠣᠢ ᠮᠠᠯᠲᠠᠬᠤ᠂ ᠬᠠᠶᠢᠷᠭᠤ ᠮᠠᠯᠲᠠᠬᠤ᠂ ᠴᠢᠯᠠᠭᠤ | ᠭᠠᠷᠭᠠᠬᠤ ᠵᠡᠷᠭᠡ ᠠᠵᠢᠯᠯᠠᠭ᠎ᠠ ᠬᠢᠬᠦ ᠳᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ | ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠪᠠᠰᠠ ᠬᠠᠤᠯᠢ ᠶᠣᠰᠣᠭᠠᠷ | ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠢᠬᠦ ᠬᠡᠷᠡᠭᠲᠡᠢ᠃ | ᠵᠥᠪᠰᠢᠶᠡᠷᠡᠭᠦᠯᠦᠭᠡᠳ ᠨᠤᠲᠤᠭ ᠪᠡᠯᠴᠢᠭᠡᠷ ᠳᠡᠭᠡᠷ᠎ᠡ ᠲᠤᠰ ᠵᠦᠢᠯ ᠤᠨ ᠨᠢᠭᠡᠳᠦᠭᠡᠷ ᠪᠠᠳᠠᠭ ᠲᠤ ᠵᠢᠭᠰᠠᠭᠠᠭᠰᠠᠨ | ᠠᠵᠢᠯᠯᠠᠭ᠎ᠠ ᠶᠢ ᠬᠢᠬᠦ ᠳᠤ ᠬᠦᠷᠪᠡᠯ᠂ ᠲᠣᠭᠲᠠᠭᠰᠠᠨ ᠴᠠᠭ᠂ ᠣᠷᠣᠨ ᠪᠦᠰᠡ ᠶᠢᠨ ᠳᠣᠲᠣᠷ᠎ᠠ ᠵᠥᠪᠰᠢᠶᠡᠷᠡᠯ ᠣᠯᠣᠭᠰᠠᠨ | ᠮᠠᠯᠲᠠᠬᠤ ᠠᠷᠭ᠎ᠠ ᠮᠠᠶ᠋ᠢᠭ ᠢᠶᠠᠷ ᠠᠵᠢᠯᠯᠠᠬᠤ ᠬᠡᠷᠡᠭᠲᠡᠢ ᠪᠥᠭᠡᠳ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ | ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠪᠤᠰᠤᠳ ᠤᠨ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠳᠡᠭᠡᠷ᠎ᠡ ᠲᠤᠰ ᠵᠦᠢᠯ ᠤᠨ ᠨᠢᠭᠡᠳᠦᠭᠡᠷ ᠪᠠᠳᠠᠭ ᠲᠤ | ᠵᠢᠭᠰᠠᠭᠠᠭᠰᠠᠨ ᠠᠵᠢᠯᠯᠠᠭ᠎ᠠ ᠶᠢ ᠬᠢᠬᠦ ᠳᠤ ᠬᠦᠷᠪᠡᠯ᠂ ᠪᠠᠰᠠ ᠤᠷᠢᠳᠠᠪᠠᠷ ᠨᠤᠲᠤᠭ ᠪᠡᠯᠴᠢᠭᠡᠷ ᠤᠨ ᠬᠡᠷᠡᠭᠯᠡᠭᠴᠢ ᠶᠢᠨ | ᠵᠥᠪᠰᠢᠶᠡᠷᠡᠯ ᠢ ᠣᠯᠬᠤ ᠬᠡᠷᠡᠭᠲᠡᠢ᠃ | ᠲᠡᠪᠢᠠ ᠨᠢᠭᠡᠳᠦᠭᠡᠷ ᠵᠦᠢᠯ ᠨᠤᠲᠤᠭ ᠪᠡᠯᠴᠢᠭᠡᠷ ᠳᠡᠭᠡᠷ᠎ᠡ ᠲᠡᠵᠢᠭᠡᠯ ᠡᠪᠡᠰᠦ ᠪᠤᠶᠤ ᠲᠡᠵᠢᠭᠡᠯ ᠪᠣᠷᠳᠣᠭᠠᠨ ᠤ | ᠲᠠᠷᠢᠮᠠᠯ ᠲᠡᠷᠢᠬᠤ ᠳᠠᠭᠠᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ | ᠲᠥᠯᠦᠪᠵᠢᠭᠦᠯᠭᠡ ᠳᠤ ᠨᠡᠶᠢᠴᠡᠭᠦᠯᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠡᠯᠡᠰᠦᠵᠢᠬᠦ ᠪᠠ ᠬᠥᠷᠥᠰᠥ | ᠰᠢᠷᠣᠢ ᠶᠢᠨ ᠢᠳᠡᠭᠳᠡᠬᠦ ᠶᠢ ᠰᠡᠷᠭᠡᠶᠢᠯᠡᠬᠦ ᠬᠡᠷᠡᠭᠲᠡᠢ᠃ | ᠲᠡᠪᠢᠠ ᠬᠤᠶᠠᠳᠤᠭᠠᠷ ᠵᠦᠢᠯ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ | ᠠᠵᠢᠯᠯᠠᠭ᠎ᠠ ᠥᠷᠨᠢᠭᠦᠯᠬᠦ ᠳᠡᠭᠡᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ | ᠠᠰᠢᠭᠯᠠᠯᠲᠠ ᠶᠢᠨ ᠬᠤᠯᠪᠣᠭᠳᠠᠯ ᠪᠦᠬᠦᠢ ᠲᠥᠯᠦᠪᠵᠢᠭᠦᠯᠭᠡ ᠳᠤ ᠨᠡᠶᠢᠴᠡᠭᠦᠯᠬᠦ ᠬᠡᠷᠡᠭᠲᠡᠢ ᠪᠥᠭᠡᠳ ᠨᠤᠲᠤᠭ | ᠪᠡᠯᠴᠢᠭᠡᠷ ᠤᠨ ᠥᠮᠴᠢᠯᠡᠭᠴᠢ᠂ ᠬᠡᠷᠡᠭᠯᠡᠭᠴᠢ ᠪᠠ ᠳᠠᠭᠠᠭᠠᠴᠢᠯᠠᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ | ᠠᠰᠢᠭ ᠲᠤ ᠬᠠᠯᠳᠠᠵᠤ ᠪᠣᠯᠬᠤ ᠦᠭᠡᠢ᠂ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ ᠡᠪᠳᠡᠵᠦ ᠪᠣᠯᠬᠤ | ᠦᠭᠡᠢ᠃ | ᠲᠡᠪᠢᠠ ᠭᠤᠷᠪᠠᠳᠤᠭᠠᠷ ᠵᠦᠢᠯ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠳᠤ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ ᠴᠢᠭᠯᠡᠯᠲᠡ ᠶᠢ | ᠲᠤᠤᠱᠯᠠᠭᠤᠯᠤᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠶᠢ | ᠲᠣᠭᠲᠠᠭᠠᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠤᠷᠢᠳᠴᠢᠯᠠᠭᠰᠠᠨ ᠲᠥᠰᠥᠯ ᠢ | ᠲᠣᠭᠲᠠᠭᠠᠵᠤ᠂ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠪᠠ ᠤᠨᠲᠠᠷᠠᠭᠠᠵᠤ ᠠᠪᠤᠷᠠᠬᠤ | ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ | ᠲᠡᠪᠢᠠ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠨᠤᠭᠤᠳ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ᠂ ᠡᠪᠡᠳᠴᠢᠨ | ᠬᠤᠷᠣᠬᠠᠶᠢᠳᠤᠯ ᠤᠨ ᠭᠠᠮᠰᠢᠭ ᠪᠠ ᠬᠤᠣᠷᠲᠤ ᠡᠪᠡᠰᠦ ᠶᠢ ᠰᠡᠷᠭᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠵᠤ | ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠤᠳ ᠠᠷᠭ᠎ᠠ ᠬᠡᠮᠵᠢᠶ᠎ᠡ ᠠᠪᠴᠤ ᠪᠠᠶᠢᠭᠠᠳ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ᠂ | ᠡᠪᠡᠳᠴᠢᠨ ᠬᠤᠷᠣᠬᠠᠶᠢᠳᠤᠯ ᠤᠨ ᠭᠠᠮᠰᠢᠭ ᠪᠠ ᠬᠤᠣᠷᠲᠤ ᠡᠪᠡᠰᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠂ ᠪᠠᠶᠢᠴᠠᠭᠠᠬᠤ ᠵᠢᠴᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠶᠡᠷᠦᠩᠬᠡᠶᠢᠯᠡᠨ ᠰᠡᠷᠭᠡᠶᠢᠯᠡᠨ ᠵᠠᠰᠠᠬᠤ | ᠠᠷᠭ᠎ᠠ ᠶᠢ ᠰᠤᠳᠤᠯᠵᠤ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ | ᠨᠤᠲᠤᠭ ᠪᠡᠯᠴᠢᠭᠡᠷ ᠳᠡᠭᠡᠷ᠎ᠡ ᠲᠤᠬᠰᠢᠨ ᠬᠤᠣᠷᠲᠠᠢ᠂ ᠦᠯᠡᠳᠡᠭᠳᠡᠯ ᠶᠡᠬᠡᠲᠡᠢ ᠵᠢᠴᠢ ᠬᠤᠶᠠᠳᠠᠭᠢ ᠤᠳᠠᠭ᠎ᠠ | ᠬᠤᠣᠷᠳᠠᠭᠤᠯᠵᠤ ᠮᠡᠳᠡᠬᠦ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠨ᠎ᠠ᠃ | ᠲᠡᠪᠢᠠ ᠲᠠᠪᠤᠳᠤᠭᠠᠷ ᠵᠦᠢᠯ ᠠᠶᠤᠯ ᠭᠠᠮᠰᠢᠭ ᠠᠴᠠ ᠠᠪᠤᠷᠠᠬᠤ ᠪᠠ ᠮᠠᠯᠴᠢᠳ ᠢ ᠨᠡᠭᠦᠯᠭᠡᠬᠦ ᠮᠠᠰᠢᠨ | ᠲᠡᠷᠭᠡ ᠠᠴᠠ ᠭᠠᠳᠠᠨ᠎ᠠ᠂ ᠮᠠᠰᠢᠨ ᠲᠡᠷᠭᠡ ᠶᠢᠨ ᠵᠡᠮ ᠠᠴᠠ ᠰᠠᠯᠵᠤ ᠨᠤᠲᠤᠭ ᠪᠡᠯᠴᠢᠭᠡᠷ ᠳᠡᠭᠡᠷ᠎ᠡ ᠶᠠᠪᠤᠬᠤ᠂ ᠨᠤᠲᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠡᠪᠳᠡᠬᠦ ᠶᠢ ᠴᠠᠭᠠᠵᠠᠯᠠᠨ᠎ᠠ᠃ ᠭᠠᠵᠠᠷ ᠰᠢᠨᠵᠢᠯᠡᠭᠡᠨ ᠤ ᠬᠠᠶᠢᠨ | ᠰᠢᠨᠵᠢᠯᠡᠯᠲᠡ᠂ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠯᠲᠠ ᠵᠡᠷᠭᠡ ᠠᠵᠢᠯᠯᠠᠭ᠎ᠠ ᠬᠢᠬᠦ ᠠᠴᠠ ᠪᠣᠯᠵᠤ ᠦᠨᠡᠬᠡᠷ | ᠵᠡᠮ ᠠᠴᠠ ᠰᠠᠯᠵᠤ ᠨᠤᠲᠤᠭ ᠪᠡᠯᠴᠢᠭᠡᠷ ᠳᠡᠭᠡᠷ᠎ᠡ ᠶᠠᠪᠤᠬᠤ ᠴᠢᠬᠤᠯᠠᠲᠠᠢ ᠪᠠᠶᠢᠪᠠᠯ᠂ ᠪᠠᠶᠢᠭ᠎ᠠ ᠭᠠᠵᠠᠷ ᠤᠨ ᠢᠶᠠᠨ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠲᠤ ᠶᠠᠪᠤᠬᠤ ᠣᠷᠣᠨ ᠪᠦᠰᠡ ᠪᠠ ᠶᠠᠪᠤᠬᠤ ᠵᠡᠮ ᠢᠶᠠᠨ ᠤᠷᠢᠳᠠᠪᠠᠷ ᠮᠡᠳᠡᠭᠦᠯᠬᠦ ᠶᠢᠨ | ᠬᠠᠮᠲᠤ ᠮᠡᠳᠡᠭᠦᠯᠦᠭᠰᠡᠨ ᠶᠠᠪᠤᠬᠤ ᠣᠷᠣᠨ ᠪᠦᠰᠡ ᠪᠠ ᠶᠠᠪᠤᠬᠤ ᠵᠡᠮ ᠢᠶᠠᠷ ᠢᠶᠠᠨ ᠨᠤᠲᠤᠭ ᠪᠡᠯᠴᠢᠭᠡᠷ ᠳᠡᠭᠡᠷ᠎ᠡ ᠶᠠᠪᠤᠬᠤ | ᠬᠡᠷᠡᠭᠲᠡᠢ᠃ | | ᠳᠣᠯᠣᠳᠤᠭᠠᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | | ᠲᠡᠪᠢᠠ ᠵᠢᠷᠭᠤᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠣᠨ ᠨᠤᠲᠤᠭ ᠪᠡᠯᠴᠢᠭᠡᠷ ᠤᠨ ᠲᠡᠯᠡᠪᠡᠢ ᠪᠠᠷ ᠨᠡᠯᠢᠶᠡᠳ ᠶᠡᠭᠡ | ᠮᠤᠵᠢ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠤ | ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠪᠠᠶᠢᠭᠤᠯᠤᠮᠵᠢ ᠪᠠᠶᠢᠭᠤᠯᠵᠤ᠂ ᠨᠤᠲᠤᠭ ᠪᠡᠯᠴᠢᠭᠡᠷ ᠤᠨ ᠬᠠᠤᠯᠢ ᠴᠠᠭᠠᠵᠠ᠂ | ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠭᠤᠯᠵᠤ᠂ | ᠨᠤᠲᠤᠭ ᠪᠡᠯᠴᠢᠭᠡᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠨ᠎ᠡ᠃ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠣᠨ ᠨᠤᠲᠤᠭ | ᠪᠡᠯᠴᠢᠭᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠨᠤᠭᠤᠳ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠᠨ | ᠴᠢᠩᠭᠠᠳᠬᠠᠵᠤ᠂ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠨ ᠤ ᠤᠯᠤᠰ ᠲᠥᠷᠥ᠂ ᠲᠤᠬᠠᠶᠢᠯᠠᠭᠰᠠᠨ | ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠳ | ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠤᠯᠢ ᠶᠢ ᠭᠤᠣᠯᠴᠢ ᠪᠠᠷ ᠬᠡᠷᠡᠭᠵᠢᠭᠦᠯᠬᠦ ᠬᠡᠷᠡᠭᠲᠡᠢ᠃ | ᠲᠡᠪᠢᠠ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠨ ᠬᠢᠨᠠᠨ | ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠳᠠᠷᠠᠭᠠᠬᠢ ᠠᠷᠭ᠎ᠠ ᠬᠡᠮᠵᠢᠶ᠎ᠡ ᠨᠦᠭᠦᠳ ᠢ ᠠᠪᠬᠤ | ᠡᠷᠬᠡ ᠲᠠᠢ᠄ | ︵ᠨᠢᠭᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠳᠤ ᠨᠤᠲᠤᠭ ᠪᠡᠯᠴᠢᠭᠡᠷ ᠤᠨ ᠡᠷᠬᠡ ᠶᠢᠨ | ᠬᠠᠷᠢᠶᠠᠯᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠣᠯᠭᠤᠨ ᠥᠭᠭᠦᠭᠦᠯᠬᠦ ᠪᠠᠷ ᠱᠠᠭᠠᠷᠳᠠᠵᠤ | ᠂ ᠪᠠᠶᠢᠴᠠᠭᠠᠨ ᠦᠵᠡᠬᠦ ᠪᠤᠶᠤ ᠪᠠᠭᠤᠯᠭᠠᠨ ᠠᠪᠬᠤ᠃ | ︵ᠬᠤᠶᠠᠷ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠢ ᠨᠤᠲᠤᠭ ᠪᠡᠯᠴᠢᠭᠡᠷ ᠤᠨ ᠡᠷᠬᠡ ᠶᠢᠨ | ᠬᠠᠷᠢᠶᠠᠯᠠᠯ ᠵᠡᠷᠭᠡ ᠠᠰᠠᠭᠤᠳᠠᠯ ᠤᠨ ᠲᠤᠬᠠᠢ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ᠃ | ︵ᠭᠤᠷᠪᠠ︶ ᠬᠠᠤᠯᠢ ᠶᠢ ᠵᠥᠷᠢᠴᠡᠭᠰᠡᠨ ᠲᠤᠬᠠᠢ ᠶᠢᠨ ᠲᠠᠯᠠᠪᠤᠷ ᠲᠤ ᠣᠷᠣᠵᠤ ᠰᠡᠭᠦᠳᠡᠷᠯᠡᠬᠦ᠂ ᠳᠦᠷᠰᠦ | ᠰᠢᠩᠭᠡᠭᠡᠬᠦ ᠪᠠ ᠬᠠᠶᠢᠨ ᠬᠡᠮᠵᠢᠬᠦ᠃ | ︵ᠳᠥᠷᠪᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠥᠨ ᠢ ᠵᠠᠷᠯᠢᠭᠳᠠᠵᠤ ᠪᠠᠶᠢᠭᠠᠳ ᠨᠤᠲᠤᠭ | ᠪᠡᠯᠴᠢᠭᠡᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ | ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠭᠦᠯᠬᠦ᠃ | ᠲᠡᠪᠢᠠ ᠨᠠᠢᠮᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠣᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠨ ᠢ ᠪᠣᠯᠪᠠᠰᠤᠷᠠᠭᠤᠯᠬᠤ | ᠪᠠ ᠬᠢᠨᠠᠨ ᠰᠢᠯᠭᠠᠬᠤ ᠠᠵᠢᠯ ᠢ ᠴᠢᠩᠭᠠᠳᠬᠠᠬᠤ ᠬᠡᠷᠡᠭᠲᠡᠢ᠃ | ᠲᠠᠪᠢ ᠶᠢᠰᠦᠳᠦᠭᠡᠷ ᠵᠦᠢᠯ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠨᠤᠲᠤᠭ ᠪᠡᠯᠴᠢᠭᠡᠷ ᠤᠨ | ᠬᠢᠨᠠᠨ ᠪᠠᠶᠢᠴᠠᠭᠠᠬᠤ ᠠᠵᠢᠯᠲᠠᠨ ᠤ ᠬᠢᠨᠠᠨ ᠪᠠᠶᠢᠴᠠᠭᠠᠬᠤ ᠠᠵᠢᠯ ᠳᠤ ᠳᠡᠮᠵᠢᠯᠭᠡ ᠪᠠ ᠬᠠᠮᠵᠢᠯᠴᠠᠭ᠎ᠠ ᠦᠵᠡᠭᠦᠯᠬᠦ | ᠬᠡᠷᠡᠭᠲᠡᠢ᠂ ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠨ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ | ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠢ᠃ | ᠨᠤᠲᠤᠭ ᠪᠡᠯᠴᠢᠭᠡᠷ ᠤᠨ ᠬᠢᠨᠠᠨ ᠪᠠᠶᠢᠴᠠᠭᠠᠬᠤ ᠠᠵᠢᠯᠲᠠᠨ ᠬᠢᠨᠠᠨ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠡᠭᠡᠨ ᠪᠠᠶᠢᠴᠠᠭᠠᠭᠳᠠᠬᠤ ᠨᠢᠭᠡᠴᠢ ᠪᠠ ᠬᠤᠪᠢ ᠬᠥᠮᠥᠨ ᠳᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ | ᠭᠠᠷᠭᠠᠵᠤ ᠦᠵᠡᠭᠦᠯᠬᠦ ᠬᠡᠷᠡᠭᠲᠡᠢ᠃ | ᠵᠢᠷᠠᠳᠤᠭᠠᠷ ᠵᠦᠢᠯ ᠨᠤᠲᠤᠭ ᠪᠡᠯᠴᠢᠭᠡᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ | ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠪᠦᠷᠢᠯᠡᠯᠲᠡ ᠭᠠᠷᠭᠠᠬᠤ ᠬᠡᠷᠡᠭᠲᠡᠢ᠂ ᠬᠤᠯᠪᠣᠭᠳᠠᠯ | ᠪᠦᠬᠦᠢ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ | ᠵᠠᠬᠢᠷᠭᠠᠨ ᠤ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠳᠡᠭᠡᠳᠦ ᠱᠠᠲᠤᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠢ ᠵᠠᠷᠯᠢᠭᠳᠠᠵᠤ ᠪᠠᠶᠢᠭᠠᠳ ᠵᠠᠰᠠᠭ | ᠵᠠᠬᠢᠷᠭᠠᠨ ᠤ ᠰᠢᠢᠳᠪᠦᠷᠢᠯᠡᠬᠦ ᠲᠣᠭᠲᠠᠭᠠᠯ ᠭᠠᠷᠭᠠᠭᠤᠯᠬᠤ ᠪᠤᠶᠤ ᠰᠢᠭᠤᠳ ᠵᠠᠰᠠᠭ ᠵᠠᠬᠢᠷᠭᠠᠨ ᠤ ᠰᠢᠢᠳᠪᠦᠷᠢᠯᠡᠬᠦ | ᠲᠣᠭᠲᠠᠭᠠᠯ ᠭᠠᠷᠭᠠᠭᠤᠯᠬᠤ ᠡᠷᠬᠡ ᠲᠠᠢ᠃ | | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠵᠢᠷᠠᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠤᠨ ᠠᠵᠢᠯᠲᠠᠨ ᠵᠢᠴᠢ ᠲᠥᠷᠥ ᠶᠢᠨ ᠪᠠᠶᠢᠭᠤᠯᠭ᠎ᠠ ᠶᠢᠨ ᠪᠤᠰᠤᠳ ᠬᠤᠯᠪᠣᠭᠳᠠᠯ ᠪᠦᠬᠦᠢ ᠠᠵᠢᠯᠲᠠᠨ ᠲᠤᠰᠢᠶᠠᠯ | ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠢᠨᠠᠵᠤ ᠬᠠᠮᠢᠶᠠᠷᠬᠤ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠦᠭᠡᠢ᠂ ᠡᠰᠡᠬᠦᠯ᠎ᠡ ᠬᠠᠤᠯᠢ ᠶᠢ ᠵᠥᠷᠢᠴᠡᠭᠰᠡᠨ | ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠣᠴᠢᠲᠠᠢ ᠤᠷᠰᠢᠭ ᠲᠠᠲᠠᠵᠤ᠂ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠠᠷᠠᠬᠠᠨ ᠬᠦᠷᠦᠭᠰᠡᠨ ᠦᠭᠡᠢ ᠪᠠᠶᠢᠪᠠᠯ᠂ ᠬᠠᠤᠯᠢ ᠶᠣᠰᠣᠭᠠᠷ ᠵᠠᠰᠠᠭ | ᠵᠠᠬᠢᠷᠭᠠᠨ ᠤ ᠰᠢᠢᠳᠬᠡᠯ ᠥᠭᠭᠦᠨ᠎ᠡ᠃ | ᠵᠢᠷᠠᠨ ᠬᠤᠶᠠᠳᠤᠭᠠᠷ ᠵᠦᠢᠯ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠬᠥᠮᠥᠨ ᠤ ᠬᠦᠴᠦ ᠪᠠᠷ ᠡᠪᠡᠰᠦ | ᠲᠡᠷᠢᠬᠤ ᠪᠠ ᠡᠪᠡᠰᠦᠨ ᠦᠷ᠎ᠡ ᠦᠢᠯᠡᠳᠪᠦᠷᠢᠯᠡᠬᠦ ᠪᠡᠯᠡ ᠮᠥᠩᠭᠦ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ | ᠨᠥᠮᠥᠷᠭᠡ ᠶᠢ ᠰᠡᠷᠭᠦᠭᠡᠬᠦ ᠵᠠᠷᠤᠳᠠᠯ ᠢ ᠳᠤᠮᠳᠠ ᠠᠴᠠ ᠨᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠭᠡᠳ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠷᠡᠭᠦᠦ ᠶᠢᠨ ᠰᠢᠢᠳᠬᠡᠯ | ᠥᠭᠬᠦ ᠬᠡᠮᠵᠢᠶᠡᠨ ᠳᠤ ᠬᠠᠷᠠᠬᠠᠨ ᠬᠦᠷᠦᠭᠰᠡᠨ ᠦᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠥᠭᠭᠦᠨ᠎ᠡ᠃ | ᠵᠢᠷᠠᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ | ᠬᠡᠷᠡᠭᠯᠡᠬᠦ ᠶᠢ ᠵᠥᠪᠰᠢᠶᠡᠷᠡᠬᠦ ᠡᠷᠬᠡ ᠦᠭᠡᠢ ᠨᠢᠭᠡᠴᠢ ᠪᠤᠶᠤ ᠬᠤᠪᠢ ᠬᠥᠮᠥᠨ ᠨᠤᠲᠤᠭ ᠪᠡᠯᠴᠢᠭᠡᠷ ᠢ ᠲᠠᠲᠠᠪᠤᠷᠢᠯᠠᠬᠤ᠂ | ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠶᠢ ᠬᠠᠤᠯᠢ ᠪᠤᠰᠤ ᠪᠠᠷ ᠵᠥᠪᠰᠢᠶᠡᠷᠡᠭᠰᠡᠨ᠂ ᠵᠥᠪᠰᠢᠶᠡᠷᠡᠬᠦ ᠡᠷᠬᠡ ᠶᠢᠨ | ᠬᠡᠪᠴᠢᠶᠡᠨ ᠠᠴᠠ ᠪᠠᠨ ᠳᠠᠪᠠᠵᠤ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠶᠢ | ᠬᠠᠤᠯᠢ ᠪᠤᠰᠤ ᠪᠠᠷ ᠵᠥᠪᠰᠢᠶᠡᠷᠡᠭᠰᠡᠨ᠂ ᠡᠰᠡᠬᠦᠯ᠎ᠡ ᠬᠠᠤᠯᠢ ᠴᠠᠭᠠᠵᠠ ᠳᠤ ᠲᠣᠭᠲᠠᠭᠠᠭᠰᠠᠨ ᠵᠢᠷᠤᠮ ᠢ ᠵᠥᠷᠢᠴᠡᠨ | ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠶᠢ ᠵᠥᠪᠰᠢᠶᠡᠷᠡᠭᠡᠳ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠷᠡᠭᠦᠦ ᠶᠢᠨ | ᠰᠢᠢᠳᠬᠡᠯ ᠥᠭᠬᠦ ᠬᠡᠮᠵᠢᠶᠡᠨ ᠳᠤ ᠬᠠᠷᠠᠬᠠᠨ ᠬᠦᠷᠦᠭᠰᠡᠨ ᠦᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ | ᠰᠢᠢᠳᠬᠡᠯ ᠥᠭᠭᠦᠨ᠎ᠡ᠃ ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠶᠢ ᠬᠠᠤᠯᠢ | ᠪᠤᠰᠤ ᠪᠠᠷ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠬᠦᠴᠦᠨ ᠦᠭᠡᠢ᠃ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ | ᠬᠡᠷᠡᠭᠯᠡᠬᠦ ᠶᠢ ᠬᠠᠤᠯᠢ ᠪᠤᠰᠤ ᠪᠠᠷ ᠵᠥᠪᠰᠢᠶᠡᠷᠡᠭᠰᠡᠨ ᠨᠤᠲᠤᠭ ᠪᠡᠯᠴᠢᠭᠡᠷ ᠢ ᠬᠤᠷᠢᠶᠠᠨ ᠠᠪᠬᠤ ᠬᠡᠷᠡᠭᠲᠡᠢ᠂ ᠲᠤᠬᠠᠢ ᠶᠢᠨ | ᠬᠥᠮᠥᠨ ᠨᠢ ᠪᠤᠴᠠᠭᠠᠵᠤ ᠥᠭᠬᠦ ᠶᠢ ᠲᠡᠪᠴᠢᠪᠡᠯ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠰᠡᠨ ᠢᠶᠠᠷ | ᠲᠣᠭᠠᠴᠠᠵᠤ ᠰᠢᠢᠳᠬᠡᠨ᠎ᠡ᠃ | ᠨᠤᠲᠤᠭ ᠪᠡᠯᠴᠢᠭᠡᠷ ᠢ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ᠂ ᠬᠡᠷᠡᠭᠯᠡᠬᠦ ᠶᠢ ᠬᠠᠤᠯᠢ ᠪᠤᠰᠤ ᠪᠠᠷ | ᠵᠥᠪᠰᠢᠶᠡᠷᠡᠭᠡᠳ᠂ ᠲᠤᠬᠠᠢ ᠶᠢᠨ ᠬᠥᠮᠥᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ | ᠬᠠᠷᠢᠭᠤᠴᠠᠯᠭ᠎ᠠ ᠡᠭᠦᠷᠭᠡᠯᠡᠨ᠎ᠡ᠃ | ᠵᠢᠷᠠᠨ ᠳᠥᠷᠪᠡᠳᠦᠭᠡᠷ ᠵᠦᠢᠯ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠨᠤᠲᠤᠭ ᠪᠡᠯᠴᠢᠭᠡᠷ ᠢ ᠬᠠᠤᠯᠢ | ᠪᠤᠰᠤ ᠪᠠᠷ ᠰᠢᠯᠵᠢᠭᠦᠯᠦᠨ ᠥᠭᠭᠦᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠬᠠᠷᠠᠬᠠᠨ ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠦᠷᠦᠭᠰᠡᠨ ᠦᠭᠡᠢ | ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ | ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ | ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ | ᠃ | ᠵᠢᠷᠠᠨ ᠲᠠᠪᠤᠳᠤᠭᠠᠷ ᠵᠦᠢᠯ ᠵᠥᠪᠰᠢᠶᠡᠷᠡᠯ ᠣᠯᠣᠭᠰᠠᠨ ᠦᠭᠡᠢ ᠪᠤᠶᠤ ᠮᠡᠬᠡᠯᠡᠬᠦ ᠠᠷᠭ᠎ᠠ ᠪᠠᠷ ᠵᠥᠪᠰᠢᠶᠡᠷᠡᠯ | ᠣᠯᠣᠭᠠᠳ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠭᠡᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠷᠡᠭᠦᠦ ᠶᠢᠨ ᠰᠢᠢᠳᠬᠡᠯ ᠥᠭᠬᠦ ᠬᠡᠮᠵᠢᠶᠡᠨ ᠳᠤ ᠬᠠᠷᠠᠬᠠᠨ | ᠬᠦᠷᠦᠭᠰᠡᠠ ᠦᠭᠡᠢ ᠪᠠᠶᠢᠪᠠᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ | ᠦᠨᠳᠦᠰᠦᠯᠡᠨ ᠬᠠᠤᠯᠢ ᠪᠤᠰᠤ ᠪᠠᠷ ᠬᠡᠷᠡᠭᠯᠡᠭᠰᠡᠨ ᠨᠤᠲᠤᠭ ᠪᠡᠯᠴᠢᠭᠡᠷ ᠢ ᠨᠤᠲᠤᠭ ᠪᠡᠯᠴᠢᠭᠡᠷ ᠤᠨ ᠬᠠᠮᠠᠭᠠᠯᠠᠯᠲᠠ᠂ | ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠠᠴᠠ ᠵᠥᠷᠢᠴᠡᠨ ᠨᠤᠲᠤᠭ ᠪᠡᠯᠴᠢᠭᠡᠷ ᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠳᠤᠷ᠎ᠠ ᠪᠠᠷ ᠢᠶᠠᠨ ᠥᠭᠡᠷᠡᠴᠢᠯᠡᠭᠰᠡᠨ ᠪᠠᠶᠢᠪᠠᠯ᠂ ᠬᠠᠤᠯᠢ ᠪᠤᠰᠤ ᠪᠠᠷ | ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠥᠬᠦᠭᠡᠷᠦᠮᠵᠢ ᠶᠢ | ᠬᠤᠭᠤᠴᠠᠭ᠎ᠠ ᠲᠣᠭᠲᠠᠭᠠᠨ ᠨᠤᠷᠠᠭᠠᠯᠭᠠᠨ ᠠᠷᠢᠯᠭᠠᠭᠤᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠨᠥᠮᠥᠷᠭᠡ ᠶᠢ | ᠰᠡᠷᠭᠦᠭᠡᠯᠭᠡᠵᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠡᠷᠡᠭᠯᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ | ᠤᠢᠢᠯᠡᠦᠡᠭᠡᠬᠦᠠ ᠤ ᠥᠷᠲᠡᠭ ᠤᠨ ᠬᠢᠨᠢ ᠵᠢᠷᠭᠤᠭᠠᠨ ᠲᠡᠬᠢᠠ ᠠᠴᠠ ᠳᠡᠭᠡᠭᠰᠢ ᠠᠷᠪᠠᠨ ᠬᠤᠶᠠᠷ ᠲᠡᠬᠢᠠ ᠠᠴᠠ | ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ | ᠵᠢᠷᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠷᠠᠬᠠᠨ ᠡᠷᠡᠭᠦᠦ ᠶᠢᠨ | ᠰᠢᠢᠳᠬᠡᠯ ᠥᠭᠬᠦ ᠬᠡᠮᠵᠢᠶᠡᠨ ᠳᠤ ᠬᠦᠷᠦᠭᠰᠡᠠ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ | ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠤᠷᠭᠤᠮᠠᠯ ᠤᠨ ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ | ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠣᠭᠰᠠᠨ | ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠵᠣᠭᠤᠰ ᠵᠶ᠋ᠠᠷᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ | ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠬᠡᠨ᠎ᠡ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ | ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ | ᠡᠭᠦᠷᠭᠡᠯᠡᠭᠦᠯᠦᠨ᠎ᠡ᠃ | ᠵᠢᠷᠠᠨ ᠳᠣᠯᠣᠳᠤᠭᠠᠷ ᠵᠦᠢᠯ ᠡᠯᠡᠰᠦᠨ ᠴᠦᠯ᠂ ᠬᠠᠭᠠᠰ ᠡᠯᠡᠰᠦᠨ ᠴᠦᠯ ᠪᠠ ᠬᠦᠨᠳᠦ ᠨᠣᠴᠢᠲᠠᠢ | ᠲᠠᠴᠢᠷᠰᠢᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠬᠠᠶᠢᠷᠬᠠᠭ ᠴᠦᠯᠵᠢᠭᠰᠡᠨ᠂ ᠬᠥᠷᠥᠰᠥ ᠰᠢᠷᠣᠢ | ᠢᠳᠡᠭᠳᠡᠭᠰᠡᠨ ᠨᠤᠲᠤᠭ ᠪᠡᠯᠴᠢᠭᠡᠷ ᠲᠤ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ | ᠤᠷᠭᠤᠮᠠᠯ ᠮᠠᠯᠲᠠᠭᠰᠠᠨ ᠪᠤᠶᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠪᠤᠰᠤᠳ ᠠᠵᠢᠯᠯᠠᠭ᠎ᠠ | ᠬᠢᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ | ᠦᠨᠳᠦᠰᠦᠯᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠪᠤᠰᠤ ᠡᠳ᠋ ᠪᠣᠳᠠᠰ | ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠥᠭᠡᠳ ᠬᠠᠤᠯᠢ ᠶᠢ ᠵᠥᠷᠢᠴᠡᠵᠦ | ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠲᠠᠪᠤᠨ ᠲᠡᠬᠢᠠ ᠠᠴᠠ ᠳᠣᠭᠤᠭᠰᠢ ᠲᠣᠷᠭᠠᠭᠤᠯᠢ | ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ | ᠪᠠᠶᠢᠬᠤ ᠦᠭᠡᠢ ᠪᠣᠯ ᠲᠠᠪᠤᠨ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ | ᠰᠢᠢᠳᠭᠡᠵᠦ ᠪᠣᠯᠣᠨ᠎ᠠ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠵᠢᠷᠠᠨ ᠨᠠᠢᠮᠠᠳᠤᠭᠠᠷ ᠵᠦᠢᠯ ᠵᠥᠪᠰᠢᠶᠡᠷᠡᠯ ᠣᠯᠣᠭᠰᠠᠨ ᠦᠭᠡᠢ ᠪᠤᠶᠤ ᠲᠣᠭᠲᠠᠭᠰᠠᠨ ᠴᠠᠭ᠂ ᠣᠷᠣᠨ | ᠪᠦᠰᠡ ᠪᠠ ᠮᠠᠯᠲᠠᠬᠤ ᠠᠷᠭ᠎ᠠ ᠮᠠᠶ᠋ᠢᠭ ᠢ ᠡᠰᠡ ᠵᠢᠷᠤᠮᠯᠠᠨ ᠨᠤᠲᠤᠭ ᠪᠡᠯᠴᠢᠭᠡᠷ ᠳᠡᠭᠡᠷ᠎ᠡ ᠰᠢᠷᠣᠢ ᠮᠠᠯᠲᠠᠬᠤ᠂ ᠬᠠᠶᠢᠷᠭᠤ | ᠮᠠᠯᠲᠠᠬᠤ᠂ ᠴᠢᠯᠠᠭᠤ ᠭᠠᠷᠭᠠᠬᠤ ᠵᠡᠷᠭᠡ ᠠᠵᠢᠯᠯᠠᠭ᠎ᠠ ᠬᠢᠭᠰᠡᠨ᠃ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠪᠤᠰᠤ ᠡᠳ᠋ ᠪᠣᠳᠠᠰ ᠪᠠ ᠬᠠᠤᠯᠢ ᠶᠢ ᠵᠥᠷᠢᠴᠡᠵᠦ ᠣᠯᠣᠭᠰᠠᠨ ᠣᠯᠵᠠ | ᠠᠰᠢᠭ ᠢ ᠨᠢ ᠬᠤᠷᠢᠶᠠᠨ ᠠᠪᠬᠤ ᠪᠥᠭᠡᠳ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ | ᠲᠡᠬᠢᠠ ᠠᠴᠠ ᠳᠡᠭᠡᠭᠰᠢ ᠬᠤᠶᠠᠷ ᠲᠡᠬᠢᠠ ᠠᠴᠠ ᠳᠣᠭᠤᠭᠰᠢᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ | ᠪᠠᠶᠢᠬᠤ ᠦᠭᠡᠢ ᠪᠣᠯ ᠬᠤᠶᠠᠷ ᠲᠦᠮᠡᠨ ᠲᠥᠭᠦᠷᠢᠭ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ | ᠰᠢᠢᠳᠭᠡᠵᠦ ᠪᠣᠯᠣᠨ᠎ᠠ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠵᠢᠷᠠ ᠶᠢᠰᠦᠳᠦᠭᠡᠷ ᠵᠦᠢᠯ ᠲᠤᠰ ᠬᠠᠤᠯᠢ ᠶᠢᠨ ᠲᠡᠪᠢᠠ ᠬᠤᠶᠠᠳᠤᠭᠠᠷ ᠵᠦᠢᠯ ᠤᠨ ᠲᠣᠭᠲᠠᠭᠠᠯ ᠢ | ᠵᠥᠷᠢᠴᠡᠵᠦ᠂ ᠨᠤᠲᠤᠭ ᠪᠡᠯᠴᠢᠭᠡᠷ ᠳᠡᠭᠡᠷ᠎ᠡ ᠡᠵᠡᠩᠨᠡᠯᠲᠡ ᠶᠢᠨ ᠴᠢᠨᠠᠷᠲᠠᠢ ᠵᠢᠭᠤᠯᠴᠢᠯᠠᠯ ᠤᠨ ᠠᠵᠢᠯᠯᠠᠭ᠎ᠠ | ᠥᠷᠨᠢᠭᠦᠯᠦᠭᠡᠳ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ | ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠢᠶᠠᠨ ᠦᠨᠳᠦᠰᠦᠯᠡᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠯᠭᠡᠵᠦ᠂ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠢ ᠨᠢ ᠬᠤᠷᠢᠶᠠᠨ ᠠᠪᠬᠤ | ᠪᠥᠭᠡᠳ ᠬᠠᠤᠯᠢ ᠶᠢ ᠵᠥᠷᠢᠴᠡᠵᠦ ᠣᠯᠣᠭᠰᠠᠨ ᠣᠯᠵᠠ ᠠᠰᠢᠭ ᠤᠨ ᠬᠢᠨᠢ ᠨᠢᠭᠡ ᠲᠡᠬᠢᠠ ᠠᠴᠠ ᠳᠡᠭᠡᠭᠰᠢ ᠬᠤᠶᠠᠷ | ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠬᠠᠤᠯᠢ ᠶᠢ | ᠵᠥᠷᠢᠴᠡᠵᠦ ᠣᠯᠣᠭᠰᠠᠨ ᠣᠯᠵᠠ ᠠᠰᠢᠭ ᠪᠠᠶᠢᠬᠤ ᠦᠭᠡᠢ ᠪᠣᠯ ᠨᠤᠲᠤᠭ ᠪᠡᠯᠴᠢᠭᠡᠷ ᠤᠨ ᠡᠪᠳᠡᠭᠳᠡᠬᠦ ᠠᠴᠠ ᠡᠮᠦᠨᠡᠬᠢ | ᠭᠤᠷᠪᠠᠨ ᠵᠢᠯ ᠤᠨ ᠳᠤᠮᠳᠠᠴᠢ ᠦᠢᠯᠡᠳᠬᠦᠨ ᠤ ᠥᠷᠲᠡᠭ ᠤᠨ ᠬᠢᠨᠢ ᠵᠢᠷᠭᠤᠭᠠᠨ ᠲᠡᠬᠢᠠ ᠠᠴᠠ ᠳᠡᠭᠡᠭᠰᠢ ᠠᠷᠪᠠᠨ | ᠬᠤᠶᠠᠷ ᠲᠡᠬᠢᠠ ᠠᠴᠠ ᠳᠣᠭᠤᠭᠰᠢ ᠲᠣᠷᠭᠠᠭᠤᠯᠢ ᠣᠨᠣᠭᠳᠠᠭᠤᠯᠵᠤ ᠨᠡᠶᠢᠯᠡᠭᠦᠯᠦᠨ ᠰᠢᠢᠳᠭᠡᠵᠦ ᠪᠣᠯᠣᠨ᠎ᠠ᠃ ᠨᠤᠲᠤᠭ | ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠳᠠᠯᠠᠳᠤᠭᠠᠷ ᠵᠦᠢᠯ ᠠᠶᠤᠯ ᠭᠠᠮᠰᠢᠭ ᠠᠴᠠ ᠠᠪᠤᠷᠠᠬᠤ ᠪᠤᠰᠤ ᠪᠠ ᠮᠠᠯᠴᠢᠳ ᠤᠨ ᠨᠡᠭᠦᠭᠰᠡᠨ ᠮᠠᠰᠢᠨ | ᠲᠡᠷᠭᠡ ᠵᠠᠮ ᠠᠴᠠ ᠰᠠᠯᠵᠤ ᠨᠤᠲᠤᠭ ᠪᠡᠯᠴᠢᠭᠡᠷ ᠳᠡᠭᠡᠷ᠎ᠡ ᠶᠠᠪᠤᠵᠤ᠂ ᠡᠰᠡᠬᠦᠯ᠎ᠡ ᠭᠠᠵᠠᠷ ᠰᠢᠨᠵᠢᠯᠡᠭᠡᠨ ᠤ ᠬᠠᠶᠢᠨ | ᠰᠢᠨᠵᠢᠯᠡᠯᠲᠡ᠂ ᠰᠢᠨᠵᠢᠯᠡᠬᠦ ᠤᠬᠠᠭᠠᠨ ᠤ ᠪᠠᠶᠢᠴᠠᠭᠠᠯᠲᠠ ᠵᠡᠷᠭᠡ ᠠᠵᠢᠯᠯᠠᠭ᠎ᠠ ᠶᠢ ᠬᠢᠳᠡᠭ᠃ ᠪᠠᠶᠢᠭ᠎ᠠ ᠭᠠᠵᠠᠷ ᠤᠨ ᠢᠶᠠᠨ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ | ᠬᠠᠮᠢᠶᠠᠷᠬᠤ ᠰᠠᠯᠠᠭ᠎ᠠ ᠮᠥᠴᠢᠷ ᠲᠤ ᠤᠷᠢᠳᠠᠪᠠᠷ ᠮᠡᠳᠡᠭᠦᠯᠦᠭᠰᠡᠨ ᠦᠭᠡᠢ ᠪᠤᠶᠤ ᠮᠡᠳᠡᠭᠦᠯᠦᠭᠰᠡᠨ ᠠᠶᠠᠯᠠᠨ ᠶᠠᠪᠤᠬᠤ | ᠭᠠᠵᠠᠷ ᠣᠷᠣᠨ ᠪᠠ ᠠᠶᠠᠯᠠᠨ ᠶᠠᠪᠤᠬᠤ ᠵᠡᠮ ᠢᠶᠠᠷ ᠨᠤᠲᠤᠭ ᠪᠡᠯᠴᠢᠭᠡᠷ ᠳᠡᠭᠡᠷ᠎ᠡ ᠠᠶᠠᠯᠠᠭᠰᠠᠨ ᠦᠭᠡᠢ᠃ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠭᠰᠡᠨ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠤᠷᠭᠤᠮᠠᠯ ᠤᠨ | ᠬᠤᠴᠢᠯᠭ᠎ᠠ ᠶᠢ ᠰᠡᠷᠭᠦᠭᠡᠯᠭᠡᠬᠦ ᠪᠥᠭᠡᠳ ᠨᠤᠲᠤᠭ ᠪᠡᠯᠴᠢᠭᠡᠷ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠳᠤᠮᠳᠠᠴᠢ | ᠤᠢᠢᠯᠡᠦᠡᠭᠡᠬᠦᠠ ᠤ ᠥᠷᠲᠡᠭ ᠤᠨ ᠭᠤᠷᠪᠠᠨ ᠲᠡᠬᠢᠠ ᠠᠴᠠ ᠳᠡᠭᠡᠭᠰᠢ ᠶᠢᠰᠦᠨ ᠲᠡᠬᠢᠠ ᠡᠴᠠᠨᠤᠲᠤᠭ ᠪᠡᠯᠴᠢᠭᠡᠷ ᠤᠨ | ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ | ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠲᠡᠯᠡᠠ ᠨᠢᠭᠡᠳᠦᠭᠡᠷ ᠵᠦᠢᠯ ᠲᠦᠷ ᠴᠠᠭ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠳᠡᠭᠡᠷ᠎ᠡ ᠡᠭᠦᠷᠢᠳᠡ ᠶᠢᠨ | ᠴᠢᠨᠠᠷᠲᠠᠢ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠠᠷᠢᠵᠤ ᠪᠠᠶᠢᠭᠤᠯᠤᠭᠰᠠᠨ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠤᠨ ᠢᠶᠠᠨ ᠶᠣᠰᠣᠭᠠᠷ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ᠃ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ ᠦᠭᠡᠢ ᠪᠠᠶᠢᠪᠠᠯ᠂ ᠬᠠᠤᠯᠢ | ᠶᠣᠰᠣᠭᠠᠷ ᠠᠯᠪᠠᠳᠠᠨ ᠨᠤᠷᠠᠭᠠᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ | ᠨᠤᠲᠤᠭ ᠪᠡᠯᠴᠢᠭᠡᠷ ᠢ ᠲᠦᠷ ᠴᠠᠭ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ | ᠪᠠᠶᠢᠲᠠᠯ᠎ᠠ ᠭᠠᠵᠠᠷ ᠬᠡᠷᠡᠭᠯᠡᠭᠰᠡᠨ ᠨᠢᠭᠡᠴᠢ ᠨᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ | ᠥᠭᠭᠦᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ | ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠰᠡᠷᠭᠦᠭᠡᠯᠭᠡᠨ᠎ᠡ᠃ ᠬᠤᠭᠤᠴᠠᠭ᠎ᠠ | ᠬᠡᠲᠦᠷᠡᠲᠡᠯ᠎ᠡ ᠰᠡᠷᠭᠦᠭᠡᠭᠰᠡᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ | ᠮᠥᠴᠢᠷ ᠠᠴᠠ ᠣᠷᠣᠯᠠᠨ ᠰᠡᠷᠭᠦᠭᠡᠵᠦ᠂ ᠬᠡᠷᠡᠭᠰᠡᠬᠦ ᠵᠠᠷᠤᠳᠠᠯ ᠢ ᠨᠢ ᠬᠠᠤᠯᠢ ᠶᠢ ᠵᠥᠷᠢᠴᠡᠭᠰᠡᠳ ᠡᠭᠦᠷᠭᠡᠯᠡᠨ᠎ᠡ᠃ | ᠲᠡᠯᠡᠠ ᠬᠤᠶᠠᠳᠤᠭᠠᠷ ᠵᠦᠢᠯ ᠵᠥᠪᠰᠢᠶᠡᠷᠡᠭᠦᠯᠦᠭᠰᠡᠨ ᠦᠭᠡᠢ ᠪᠠᠷ ᠨᠤᠲᠤᠭ ᠪᠡᠯᠴᠢᠭᠡᠷ ᠤᠨ ᠬᠠᠮᠠᠭᠠᠯᠠᠯᠲᠠ᠂ | ᠪᠦᠲᠦᠭᠡᠨ ᠪᠠᠶᠢᠭᠤᠯᠤᠯᠲᠠ᠂ ᠠᠰᠢᠭᠯᠠᠯᠲᠠ ᠶᠢᠨ ᠲᠥᠯᠦᠪᠵᠢᠭᠦᠯᠭᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ | ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠥᠨ | ᠪᠣᠯᠣᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠥᠭᠭᠦᠨ᠎ᠡ᠃ | ᠲᠡᠯᠡᠠ ᠭᠤᠷᠪᠠᠳᠤᠭᠠᠷ ᠵᠦᠢᠯ ᠲᠤᠰ ᠬᠠᠤᠯᠢ ᠶᠢᠨ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ | ᠳᠦᠷᠢᠮ ᠤᠨ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠮᠡᠯ ᠠᠷᠠᠴᠢᠯᠠᠨ ᠲᠡᠵᠢᠭᠡᠭᠰᠡᠨ ᠬᠡᠮᠵᠢᠶ᠎ᠡ ᠨᠢ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠨᠤᠲᠤᠭ | ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢᠨ ᠪᠠᠷᠢᠮᠵᠢᠶ᠎ᠠ ᠠᠴᠠ ᠬᠡᠲᠦᠷᠡᠭᠰᠡᠨ ᠶᠠᠪᠤᠳᠠᠯ ᠢ ᠵᠠᠯᠠᠷᠠᠭᠤᠯᠬᠤ ᠪᠤᠶᠤ | ᠰᠢᠢᠳᠬᠡᠬᠦ ᠠᠷᠭ᠎ᠠ ᠬᠡᠮᠵᠢᠶ᠎ᠡ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠠᠴᠠ ᠲᠣᠭᠲᠠᠭᠠᠨ᠎ᠠ᠃ | | | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | | ᠲᠡᠯᠡᠠ ᠳᠥᠷᠪᠡᠳᠦᠭᠡᠷ ᠵᠦᠢᠯ ᠲᠤᠰ ᠬᠠᠤᠯᠢ ᠶᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠲᠤ | ᠬᠡᠯᠡᠵᠦ ᠪᠠᠶᠢᠭ᠎ᠠ ᠪᠠᠶᠢᠭᠠᠯᠢ ᠶᠢᠨ ᠨᠤᠲᠤᠭ ᠪᠡᠯᠴᠢᠭᠡᠷ ᠲᠤ ᠡᠪᠡᠰᠦᠲᠦ ᠭᠠᠵᠠᠷ᠂ ᠡᠪᠡᠰᠦᠲᠦ ᠠᠭᠤᠯᠠ ᠪᠠ ᠡᠪᠡᠰᠦᠲᠦ | ᠪᠡᠯ ᠪᠠᠭᠲᠠᠨ᠎ᠠ᠂ ᠲᠠᠷᠢᠮᠠᠯ ᠪᠡᠯᠴᠢᠭᠡᠷ ᠲᠤ ᠰᠠᠶᠢᠵᠢᠷᠠᠭᠤᠯᠤᠭᠰᠠᠨ ᠪᠡᠯᠴᠢᠭᠡᠷ ᠪᠠ ᠲᠠᠷᠢᠶᠠᠯᠠᠬᠤ ᠶᠢ ᠵᠣᠭᠰᠣᠭᠠᠵᠤ | ᠡᠪᠡᠰᠦᠲᠦ ᠭᠠᠵᠠᠷ ᠢ ᠪᠠᠭᠲᠠᠭᠠᠨ᠎ᠠ᠂ ᠬᠤᠳᠠ ᠪᠠᠯᠭᠠᠰᠤᠨ ᠤ ᠡᠪᠡᠰᠦᠲᠦ ᠭᠠᠵᠠᠷ ᠢ ᠪᠠᠭᠲᠠᠭᠠᠬᠤ ᠦᠭᠡᠢ᠃ | ᠳᠠᠯᠠᠨ ᠲᠠᠪᠤᠳᠤᠭᠠᠷ ᠵᠦᠢᠯ ᠲᠤᠰ ᠬᠠᠤᠯᠢ ᠶᠢ 2003 ᠣᠨ ᠤ 3 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ᠄ ︽ᠨᠤᠲᠤᠭ ᠪᠡᠯᠴᠢᠭᠡᠷ ᠤᠨ ᠬᠠᠤᠯᠢ︾ ᠶᠢᠨ ᠮᠡᠳᠡᠯᠭᠡ ᠶᠢᠨ | ᠲᠤᠬᠠᠢ ᠣᠯᠠᠨᠪᠤᠯᠠᠭ ᠪᠠᠯᠭᠠᠰᠤᠨ ᠤ ᠲᠠᠶᠢᠯᠤᠮᠵᠢ | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ | |