ᠨᠠᠰᠤᠨ ᠬᠤᠳᠤᠭ ᠢ ᠨᠡᠮᠡᠭᠳᠡᠭᠦᠯᠬᠦ ᠠᠷᠪᠠᠨ ᠴᠡᠩᠭᠡᠯ
ᠨᠡᠶᠢᠲᠡᠯᠡᠭᠰᠡᠨ ᠴᠠᠭ᠄
2023/12/26
                  1. ᠬᠦᠯᠢᠴᠡᠨ ᠨᠠᠶᠢᠷ ᠲᠠᠯᠪᠢᠬᠤ ᠪᠠᠷ ᠴᠡᠩᠭᠡᠯ ᠪᠣᠯᠭᠠᠬᠤ᠃ ᠵᠠᠷᠴᠢᠮ ᠲᠠᠢ ᠬᠠᠯᠳᠠᠭᠰᠠᠨ ᠦᠭᠡᠢ ᠪᠠᠭ᠎ᠠ ᠤᠴᠢᠷ ᠶᠠᠪᠤᠳᠠᠯ ᠳᠤ ᠬᠦᠯᠢᠴᠡᠨ ᠨᠠᠶᠢᠷ ᠲᠠᠯᠪᠢᠬᠤ ᠨᠢ ᠡᠷᠬᠢᠮ ᠪᠠᠶᠢᠳᠠᠭ ᠠᠴᠠ ᠪᠠᠭ᠎ᠠ ᠰᠠᠭ᠎ᠠ ᠬᠤᠨᠵᠢᠭᠳᠠᠬᠤ ᠨᠢ ᠴᠤ ᠵᠢᠷᠭᠠᠯ ᠶᠤᠮ᠃     2.ᠠᠭᠤᠴᠢᠯᠠᠬᠤ ᠪᠠᠷ ᠴᠡᠩᠭᠡᠯ ᠪᠣᠯᠭᠠᠬᠤ᠃ ᠪᠡᠶ᠎ᠡ ᠪᠠᠨ ᠴᠢᠩᠭ᠎ᠠ ᠪᠠᠷᠢᠵᠤ᠂ ᠬᠦᠮᠦᠨ ᠳᠤ ᠠᠭᠤᠴᠢᠯᠠᠩᠭᠤᠢ ᠬᠠᠨᠳᠤᠨ ᠠᠭᠤᠵᠢᠮ ᠲᠠᠯᠪᠢᠭᠤᠨ ᠪᠠᠶᠠᠷ ᠪᠠᠶᠠᠰᠤᠩᠭᠤᠢ ᠪᠠᠶᠢᠬᠤ ᠨᠢ ᠬᠦᠮᠦᠨ ᠤ ᠰᠡᠳᠭᠢᠯ ᠰᠠᠨᠠᠭ᠎ᠠ ᠶᠢ ᠠᠭᠤᠵᠢᠷᠠᠭᠤᠯᠬᠤ ᠪᠣᠯᠬᠤᠷ ᠵᠠᠯᠠᠭᠤ ᠨᠠᠰᠤ ᠮᠦᠩᠬᠡ ᠣᠷᠣᠰᠢᠳᠠᠭ᠃     3. ᠨᠣᠮ ᠣᠩᠰᠢᠬᠤ ᠪᠠᠷ ᠴᠡᠩᠭᠡᠯ ᠪᠣᠯᠭᠠᠬᠤ᠃ ᠣᠯᠠᠨ ᠨᠣᠮ ᠦᠵᠡᠵᠦ ᠮᠡᠳᠡᠯᠭᠡ ᠪᠠᠨ ᠪᠠᠶᠠᠯᠢᠭᠵᠢᠭᠤᠯᠤᠨ᠂ ᠤᠶᠤᠨ ᠪᠢᠯᠢᠭ ᠢᠶᠠᠨ ᠨᠡᠮᠡᠭᠳᠡᠭᠦᠯᠦᠨ᠂ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠰᠢᠨᠡᠳᠭᠡᠵᠦ᠂ ᠰᠢᠨ᠎ᠡ ᠬᠡᠷᠡᠭ ᠪᠣᠳᠠᠰ ᠢ ᠬᠦᠯᠢᠶᠡᠨ ᠠᠪᠬᠤ ᠪᠣᠯ ᠬᠦᠮᠦᠨ ᠲᠦᠷᠦᠯᠬᠢᠲᠡᠨ ᠤ ᠶᠢᠷᠲᠢᠨᠴᠦ ᠶᠢ ᠲᠠᠨᠢᠬᠤ ᠤᠶᠤᠨ ᠰᠠᠨᠠᠭ᠎ᠠ ᠶᠢᠨ ᠬᠦᠳᠡᠯᠭᠡᠭᠴᠢ ᠬᠦᠴᠦᠨ ᠪᠣᠯᠬᠤ ᠪᠠᠷ ᠪᠠᠷᠠᠬᠤ ᠦᠭᠡᠢ᠂ ᠠᠮᠢ ᠨᠠᠰᠤᠨ ᠤ ᠬᠠᠮᠤᠭ ᠤᠨ ᠪᠠᠶᠠᠷ ᠪᠠᠶᠠᠰᠬᠤᠯᠠᠩᠲᠤ ᠬᠦᠭᠡᠭᠡᠴᠡᠯᠳᠦᠯ ᠪᠣᠯᠬᠤ ᠶᠤᠮ᠃     4.ᠲᠠᠭᠠᠮᠠᠭᠯᠠᠨ ᠪᠣᠳᠣᠬᠤ ᠪᠠᠷ ᠴᠡᠩᠭᠡᠯ ᠪᠣᠯᠭᠠᠬᠤ᠃ ᠲᠠᠭᠠᠮᠠᠭᠯᠠᠨ ᠪᠣᠳᠣᠬᠤ ᠨᠢ ᠬᠦᠮᠦᠨ ᠢ ᠪᠠᠶᠠᠷ ᠪᠠᠶᠠᠰᠬᠤᠯᠠᠩᠲᠤ ᠪᠠ ᠵᠤᠯ ᠵᠢᠷᠭᠠᠯ ᠢᠶᠠᠨ ᠡᠷᠭᠢᠴᠡᠭᠦᠯᠦᠨ ᠪᠣᠳᠣᠬᠤ ᠳᠤ ᠣᠷᠣᠭᠤᠯᠳᠠᠭ᠃ ᠬᠡᠷᠪᠡ ᠡᠶᠢᠮᠦᠷᠬᠦᠦ ᠰᠡᠳᠭᠢᠬᠦᠢ ᠪᠠᠨ ᠪᠠᠭ᠋ᠠᠨ ᠤᠷᠲᠤᠳᠬᠠᠭᠠᠳ ᠢᠷᠡᠭᠡᠳᠦᠢ ᠶᠢᠨ ᠨᠡᠶᠢᠭᠡᠮ ᠤᠨ ᠠᠮᠢᠳᠤᠷᠠᠯ ᠤᠨ ᠰᠠᠶᠢᠬᠠᠨ ᠦᠵᠡᠮᠵᠢ ᠶᠢ ᠤᠷᠠᠯᠠᠨ ᠵᠢᠷᠤᠭᠠᠳ ᠬᠡᠢ ᠬᠦᠰᠡᠯ ᠳᠤ ᠪᠠᠨ ᠴᠢᠷᠮᠠᠶᠢᠵᠤ ᠳᠤᠷᠠᠲᠠᠶᠢᠶ᠎ᠠ ᠰᠡᠳᠭᠢᠬᠦᠢ ᠠᠴᠠ ᠪᠠᠨ ᠭᠠᠷᠬᠤ ᠳᠤ ᠬᠦᠷᠪᠡᠯ ᠠᠮᠵᠢᠯᠲᠠ ᠣᠯᠬᠤ ᠶᠢᠨ ᠦᠨᠳᠦᠰᠦ ᠮᠦᠨ᠃     5.ᠨᠠᠮᠵᠢᠭᠤᠨ ᠲᠠᠯᠪᠢᠭᠤ ᠪᠠᠷ ᠴᠡᠩᠭᠡᠯ ᠪᠣᠯᠭᠠᠬᠤ᠃ ᠨᠠᠮᠵᠢᠭᠤᠨ ᠪᠣᠯ ᠲᠡᠭᠷᠢ ᠭᠠᠵᠠᠷ ᠠᠭᠤᠳᠠᠮ᠂ ᠤᠷᠮ᠎ᠠ ᠪᠠᠭ᠋ᠠᠲᠤᠯ ᠲᠣᠭᠲᠠᠭᠤᠨ ᠪᠠᠶᠢᠳᠠᠭ᠃ ᠠᠮᠢᠳᠤᠷᠠᠯ ᠤᠨ ᠳᠦᠷᠪᠡᠨ ᠵᠦᠭ ᠤᠨ ᠶᠠᠮᠠᠷ ᠪᠠᠶᠢᠳᠠᠯ ᠳᠤ ᠴᠤ ᠯᠠᠪᠳᠠᠭᠤᠨ ᠰᠠᠭᠤᠵᠤ ᠢᠯᠠᠭᠰᠠᠨ ᠴᠤ ᠣᠮᠣᠷᠬᠠᠭᠯᠠᠬᠤ ᠦᠭᠡᠢ᠂ ᠢᠯᠠᠭᠳᠠᠭᠰᠠᠨ ᠴᠤ ᠵᠣᠷᠢᠭ ᠮᠤᠬᠤᠬᠤ ᠦᠭᠡᠢ᠂ ᠰᠡᠳᠭᠢᠯ ᠰᠠᠨᠠᠭ᠎ᠠ ᠨᠠᠮᠵᠢᠭᠤᠨ ᠲᠠᠯᠪᠢᠭᠤᠨ ᠪᠠᠶᠢᠬᠤ ᠨᠢ ᠪᠡᠶ᠎ᠡ ᠶᠢ ᠴᠢᠬᠢᠷᠠᠭᠵᠢᠭᠤᠯᠬᠤ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号