ᠡᠷᠡᠭᠦᠯ ᠴᠢᠬᠢᠷᠠᠭ ᠢᠳᠡᠭᠡᠨ ᠤᠮᠳᠠᠭᠠᠨ ᠤ 6 ᠪᠠᠷᠢᠮᠵᠢᠶ᠎ᠠ
ᠨᠡᠶᠢᠲᠡᠯᠡᠭᠰᠡᠨ ᠴᠠᠭ᠄
2023/12/26
                   1. ᠪᠠᠶᠠᠯᠢᠭ ᠤᠨ ᠪᠠᠷᠢᠮᠵᠢᠶ᠎ᠠ᠄ ᠢᠳᠡᠭᠡᠨ ᠤᠮᠳᠠᠭᠠᠨ ᠤ ᠪᠠᠶᠠᠯᠢᠭ ᠤᠨ ᠬᠡᠮᠵᠢᠶ᠎ᠡ ᠶᠢ ᠳᠠᠶᠢᠴᠢᠯᠠᠬᠤ ᠨᠢ ᠦᠨᠡᠨ ᠳᠤ ᠪᠠᠨ ᠢᠳᠡᠭᠡᠨ ᠤ ᠣᠯᠠᠨ ᠶᠠᠩᠵᠤᠲᠤ ᠰᠢᠨᠵᠢ ᠶᠢ ᠴᠢᠬᠤᠯᠠᠴᠢᠯᠠᠨ᠂ ᠲᠦᠷᠦᠯ ᠵᠦᠢᠯ ᠨᠢ ᠡᠯᠪᠡᠭ ᠪᠠᠶᠠᠯᠢᠭ ᠪᠠᠶᠢᠭᠠᠯᠢᠯᠢᠭ ᠢᠳᠡᠭᠡᠨ ᠢᠳᠡᠬᠦ ᠶᠢ ᠵᠢᠭᠠᠵᠤ ᠪᠠᠶᠢᠨ᠎ᠠ᠃     2.ᠳᠠᠪᠤᠰᠤᠨ ᠤ ᠬᠡᠮᠵᠢᠶ᠎ᠡ᠄ ᠳᠠᠪᠤᠰᠤ ᠠᠷᠪᠢᠨ ᠢᠳᠡᠪᠡᠯ ᠬᠦᠮᠦᠨ ᠤ ᠪᠡᠶ᠎ᠡ ᠶᠢᠨ ᠡᠷᠡᠭᠦᠯ ᠴᠢᠬᠢᠷᠠᠭ ᠲᠤ ᠠᠰᠢᠭ ᠦᠭᠡᠢ᠃ ᠳᠠᠪᠤᠰᠤ ᠪᠠᠭ᠎ᠠ ᠢᠳᠡᠬᠦ ᠠᠴᠠ ᠭᠠᠳᠠᠨ᠎ᠠ ᠪᠠᠰᠠ ᠠᠮᠢᠳᠤᠷᠠᠯ ᠤᠨ ᠳᠤᠮᠳᠠ ᠳᠡᠮ ᠢᠶᠠᠷ ᠳᠠᠪᠤᠰᠤ ᠢᠳᠡᠬᠦ ᠶᠢ ᠴᠤ ᠪᠠᠭᠠᠰᠬᠠᠬᠤ ᠬᠡᠷᠡᠭᠲᠡᠢ᠂ ᠵᠠᠷᠢᠮ ᠢᠳᠡᠰᠢᠨ ᠨᠣᠭᠤᠭᠠᠨ ᠤ ᠲᠤᠰ ᠪᠡᠶ᠎ᠡ ᠳᠤ ᠨᠢ ᠨᠠᠲᠷᠢ ᠶᠡᠭᠡ ᠠᠭᠤᠯᠬᠤ ᠪᠣᠯᠬᠤᠷ ᠬᠤᠭᠤᠯᠠ ᠬᠢᠬᠦ ᠦᠶ᠎ᠡ ᠳᠤ ᠪᠠᠨ ᠳᠠᠪᠤᠰᠤ ᠪᠠᠭ᠎ᠠ ᠬᠢᠪᠡᠯ ᠵᠣᠬᠢᠨ᠎ᠠ᠃     3.ᠬᠠᠯᠠᠭᠤᠨ ᠤ ᠬᠡᠮᠵᠢᠶ᠎ᠡ᠄ ᠬᠤᠭᠤᠯᠠ ᠢᠳᠡᠬᠦ ᠳᠤ ᠪᠠᠨ ᠬᠠᠯᠠᠭᠤᠨ ᠤ ᠬᠡᠮᠵᠢᠶ᠎ᠡ ᠶᠢ ᠠᠩᠬᠠᠷᠬᠤ ᠬᠡᠷᠡᠭᠲᠡᠢ᠃ ᠳᠡᠩᠳᠡᠭᠦᠦ ᠬᠠᠯᠠᠭᠤᠨ ᠪᠣᠶᠣ ᠳᠡᠩᠳᠡᠭᠦᠦ ᠬᠦᠢᠲᠡᠨ ᠢ ᠢᠳᠡᠪᠡᠯ ᠪᠡᠶ᠎ᠡ ᠳᠤ ᠮᠠᠭᠤ᠃ ᠤᠷᠲᠤ ᠬᠤᠭᠤᠴᠠᠭ᠎ᠠ ᠳᠡᠩᠳᠡᠭᠦᠦ ᠬᠠᠯᠠᠭᠤᠨ ᠢ ᠢᠳᠡᠪᠡᠯ ᠤᠯᠠᠭᠠᠨ ᠬᠤᠭᠤᠯᠠᠢ ᠶᠢᠨ ᠰᠠᠯᠢᠰᠤᠲᠤ ᠪᠦᠷᠬᠦᠪᠴᠢ ᠶᠢ ᠳᠠᠬᠢᠨ ᠳᠠᠬᠢᠨ ᠰᠢᠷᠬᠠᠲᠤᠭᠤᠯᠵᠤ ᠣᠳᠠᠭᠠᠨ ᠳᠤ ᠪᠠᠨ ᠦᠮᠡᠨ ᠡᠬᠦᠰᠭᠡᠬᠦ ᠠᠶᠤᠯ ᠲᠠᠢ᠃ ᠳᠡᠩᠳᠡᠭᠦᠦ ᠬᠦᠢᠲᠡᠨ ᠢ ᠢᠳᠡᠪᠡᠯ ᠬᠤᠳᠣᠭᠤᠳᠣ ᠳᠤ ᠮᠠᠭᠤ᠃ ᠪᠡᠶ᠎ᠡ ᠶᠢᠨ ᠬᠠᠯᠠᠭᠤᠨ ᠤ ᠬᠡᠮᠵᠢᠶ᠎ᠡ ᠲᠠᠢ ᠣᠶᠢᠷᠠᠲᠤᠪᠠᠯ ᠵᠣᠬᠢᠨ᠎ᠠ᠃     4.ᠬᠠᠲᠠᠭᠤ ᠶᠢᠨ ᠬᠡᠮᠵᠢᠶ᠎ᠡ᠄ ᠬᠤᠳᠣᠭᠤᠳᠣ ᠭᠡᠳᠡᠰᠦᠨ ᠤ ᠰᠢᠩᠭᠡᠭᠡᠯᠲᠡ ᠶᠢᠨ ᠴᠢᠳᠠᠪᠤᠷᠢ ᠠᠨᠠᠢ ᠬᠦᠮᠦᠨ ᠢᠳᠡᠭᠡᠨ ᠢ ᠨᠡᠯᠢᠶᠡᠳ ᠰᠢᠯᠵᠠᠷᠠᠲᠠᠯ᠎ᠠ ᠴᠢᠨᠠᠭᠰᠠᠨ ᠤ ᠳᠠᠷᠠᠭ᠎ᠠ ᠢᠳᠡᠪᠡᠯ ᠰᠢᠩᠭᠡᠭᠡᠬᠦ ᠳᠤ ᠲᠤᠰᠠᠲᠠᠢ ᠪᠠᠶᠢᠳᠠᠭ᠃ ᠭᠡᠪᠡᠴᠦ ᠳᠡᠩᠳᠡᠭᠦᠦ ᠰᠢᠯᠵᠠᠷᠠᠲᠠᠯ᠎ᠠ ᠴᠢᠨᠠᠪᠠᠯ ᠢᠳᠡᠭᠡᠨ ᠤ ᠰᠢᠮ᠎ᠡ ᠲᠡᠵᠢᠭᠡᠯ ᠨᠢ ᠠᠯᠳᠠᠭᠳᠠᠬᠤ ᠮᠦᠷᠲᠡᠭᠡᠨ ᠬᠤᠭᠤᠯᠠᠨ ᠤ ᠳᠠᠷᠠᠭᠠᠬᠢ ᠴᠢᠰᠤᠨ ᠤ ᠰᠢᠬᠢᠷ ᠤᠨ ᠳᠡᠭᠡᠭᠰᠢᠯᠡᠯᠲᠡ ᠶᠢᠨ ᠬᠤᠷᠳᠤᠴᠠ ᠶᠢ ᠨᠡᠮᠡᠭᠳᠡᠭᠦᠯᠵᠦ᠂ ᠰᠢᠬᠢᠷ ᠰᠢᠵᠢᠩ ᠡᠪᠡᠳᠴᠢᠨ ᠲᠠᠢ ᠬᠦᠮᠦᠨ ᠳᠤ ᠠᠰᠢᠭ ᠦᠭᠡᠢ᠃ ᠪᠠᠰᠠ ᠵᠦᠭᠡᠯᠡᠨ ᠢᠳᠡᠭᠡᠨ ᠠᠷᠪᠢᠨ ᠢᠳᠡᠪᠡᠯ ᠵᠠᠵᠢᠯᠠᠬᠤ ᠲᠤᠭ᠎ᠠ ᠨᠢ ᠴᠦᠭᠡᠷᠡᠵᠦ᠂ ᠨᠠᠰᠤᠲᠠᠶᠢᠴᠤᠳ ᠤᠨ ᠲᠠᠷᠢᠬᠢᠨ ᠤ ᠠᠵᠢᠯᠯᠠᠭ᠎ᠠ ᠶᠢ ᠤᠳᠠᠭᠠᠰᠢᠷᠠᠭᠤᠯᠵᠤ᠂ ᠠᠮᠠᠷᠬᠠᠨ ᠲᠠᠨᠢᠵᠤ ᠮᠡᠳᠡᠬᠦ ᠴᠢᠳᠠᠪᠤᠷᠢ ᠨᠢ ᠮᠠᠭᠤᠲᠠᠳᠠᠭ᠃     ᠬᠤᠷᠳᠤᠴᠠ ᠶᠢᠨ ᠬᠡᠮᠵᠢᠶ᠎ᠡ᠄ ᠤᠷᠲᠤ ᠬᠤᠭᠤᠴᠠᠭ᠎ᠠ ᠳᠡᠩᠳᠡᠭᠦᠦ ᠬᠤᠷᠳᠤᠨ ᠬᠤᠭᠤᠯᠠ ᠢᠳᠡᠪᠡᠯ ᠡᠪᠡᠳᠴᠢᠨ ᠤ ᠭᠡᠮ ᠰᠣᠭᠤᠭ ᠦᠯᠡᠳᠡᠭᠡᠳᠡᠭ᠃ ᠳᠡᠩᠳᠡᠭᠦᠦ ᠬᠤᠷᠳᠤᠨ ᠬᠤᠭᠤᠯᠠ ᠢᠳᠡᠪᠡᠯ ᠠᠮᠠᠷᠬᠠᠨ ᠠᠷᠪᠢᠨ ᠢᠳᠡᠵᠦ ᠬᠤᠳᠣᠭᠤᠳᠣ ᠭᠡᠳᠡᠰᠦᠨ ᠤ ᠳᠠᠷᠤᠭᠠᠰᠤ ᠶᠢ ᠨᠡᠮᠡᠭᠳᠡᠭᠦᠯᠳᠡᠭ᠃     ᠢᠳᠡᠬᠦ ᠶᠢᠨ ᠬᠡᠮᠵᠢᠶ᠎ᠡ᠄ ᠬᠤᠭᠤᠯᠠᠨ ᠤ ᠬᠡᠮᠵᠢᠶ᠎ᠡ ᠶᠢ ᠬᠢᠵᠠᠭᠠᠷᠯᠠᠬᠤ ᠨᠢ ᠪᠡᠶ᠎ᠡ ᠶᠢᠨ ᠬᠦᠨᠳᠦ ᠶᠢ ᠬᠢᠵᠠᠭᠠᠷᠯᠠᠵᠤ᠂ ᠡᠷᠡᠭᠦᠯ ᠮᠡᠨᠳᠦ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠲᠠᠷᠢᠬᠢ ᠲᠣᠯᠣᠭᠠᠢ ᠪᠣᠳᠣᠯ ᠤᠬᠠᠭᠠᠨ ᠢ ᠴᠤ ᠰᠡᠷᠭᠡᠭ ᠪᠠᠶᠢᠯᠭᠠᠳᠠᠭ᠃ ᠬᠤᠭᠤᠯᠠ ᠢᠳᠡᠬᠦ ᠳᠤ ᠬᠤᠷᠳᠤᠴᠠ ᠪᠠᠨ ᠬᠢᠵᠠᠭᠠᠷᠯᠠᠬᠤ ᠨᠢ ᠢᠳᠡᠬᠦ ᠬᠡᠮᠵᠢᠶ᠎ᠡ ᠪᠠᠨ ᠡᠷᠬᠡᠰᠢᠶᠡᠬᠦ ᠳᠤ ᠠᠰᠢᠭ ᠲᠠᠢ ᠪᠠᠶᠢᠵᠤ᠂ ᠡᠨᠡ ᠬᠤᠶᠠᠷ ᠢ ᠤᠶᠠᠯᠳᠤᠭᠤᠯᠪᠠᠯ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠮᠠᠰᠢ ᠠᠰᠢᠭᠲᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号