| | | | ᠭᠤᠣᠯ ᠤᠨ ᠰᠠᠶᠢᠷ ᠠᠴᠠ ᠬᠠᠶᠢᠷᠭᠤ ᠮᠠᠯᠲᠠᠬᠤ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠨ | ᠤᠷᠤᠰᠬᠠᠯ ᠤᠨ ᠲᠣᠭᠲᠠᠭᠤᠨ ᠪᠠᠶᠢᠬᠤ ᠪᠠ ᠦᠶᠡᠷ ᠤᠨ ᠠᠶᠤᠯ ᠭᠠᠮᠰᠢᠭ ᠢ ᠰᠡᠷᠭᠡᠶᠢᠯᠡᠬᠦ ᠶᠢ ᠪᠠᠲᠤᠯᠠᠵᠤ᠂ ᠠᠮᠢ | ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠠᠬᠢᠭᠤᠯᠬᠤ ᠶᠢᠨ ᠲᠥᠯᠥᠭᠡ ᠶᠤᠮ᠃ ᠡᠭᠦᠷᠭᠡ | ᠬᠠᠷᠢᠭᠤᠴᠠᠯᠭ᠎ᠠ ᠪᠠᠨ ᠤᠯᠠᠮ ᠲᠣᠳᠣᠷᠬᠠᠶᠢᠯᠠᠵᠤ᠂ ᠬᠠᠮᠢᠶᠠᠷᠤᠯᠲᠠ ᠪᠠᠨ ᠵᠢᠷᠤᠮᠵᠢᠭᠤᠯᠤᠨ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠪᠠ ᠬᠠᠶᠢᠷᠭᠤ ᠮᠠᠯᠲᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ | ᠲᠦᠷᠢᠮ ᠢ ᠤᠯᠠᠮ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ | ᠮᠥᠴᠢᠷ ᠤᠳ ᠬᠠᠮᠵᠢᠯᠴᠠᠭᠰᠠᠨ᠂ ᠲᠦᠷᠭᠡᠨ ᠲᠤᠰᠬᠠᠬᠤ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ︽ᠠᠯᠠᠱᠠ ᠵᠡᠭᠦᠨ ᠬᠤᠰᠢᠭᠤᠨ ᠤ ᠭᠤᠣᠯ ᠤᠨ ᠰᠠᠶᠢᠷ ᠠᠴᠠ ᠬᠠᠶᠢᠷᠭᠤ | ᠮᠠᠯᠲᠠᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ | ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠨ ᠲᠣᠭᠲᠠᠭᠠᠵᠤ᠂ ︽ᠠᠷᠭ᠎ᠠ︾ ᠶᠢᠨ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠶᠢ ᠳᠠᠷᠠᠭᠠᠬᠢ ᠮᠡᠲᠦ ᠲᠠᠶᠢᠯᠪᠤᠷᠢᠯᠠᠶ᠎ᠠ᠄ | | ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠶ ᠪᠠᠶᠢᠳᠠᠯ ᠪᠠ ᠴᠢᠬᠤᠯᠠ ᠴᠢᠨᠠᠷ | | ᠭᠤᠣᠯ ᠤᠨ ᠰᠠᠶᠢᠷ ᠤᠨ ᠬᠠᠶᠢᠷᠭᠤ ᠴᠢᠯᠠᠭᠤ ᠪᠣᠯ ᠳᠠᠬᠢᠨ ᠠᠮᠢᠯᠠᠬᠤ ᠳᠤ ᠪᠡᠷᠬᠡ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠮᠥᠨ᠂ ᠡᠭᠦᠨ ᠤ ᠬᠠᠮᠲᠤ ᠪᠠᠷᠢᠯᠭ᠎ᠠ ᠶᠢᠨ ᠴᠢᠬᠤᠯᠠ ᠮᠠᠲ᠋ᠧᠷᠢᠶᠠᠯ ᠪᠣᠯᠤᠭᠰᠠᠨ ᠤ | ᠬᠤᠪᠢ ᠳᠤ᠂ ᠮᠥᠨ ᠴᠦ ᠮᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠣᠶᠢᠷ᠎ᠠ ᠶᠢᠨ ᠵᠢᠯ ᠤᠳ ᠲᠤ᠂ | ᠬᠤᠲᠠ ᠶᠢᠨ ᠬᠥᠭᠵᠢᠯᠲᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢᠨ ᠲᠦᠷᠭᠡᠳᠬᠦ ᠶᠢ | ᠳᠠᠭᠠᠯᠳᠤᠨ᠂ ᠪᠢᠳᠡᠨ ᠤ ᠬᠠᠶᠢᠷᠭᠤ ᠴᠢᠯᠠᠭᠤ ᠬᠡᠷᠡᠭᠰᠡᠬᠦ ᠬᠡᠮᠵᠢᠶ᠎ᠡ ᠤᠯᠠᠮ ᠠᠴᠠ ᠤᠯᠠᠮ ᠶᠡᠭᠡ ᠪᠣᠯᠵᠣ ᠪᠠᠶᠢᠨ᠎ᠠ᠃ | ᠠᠰᠢᠭ ᠲᠤᠰᠠ ᠠᠴᠠ ᠪᠣᠯᠵᠣ᠂ ᠡᠮᠬᠢ ᠵᠢᠷᠤᠮ ᠥᠬᠡᠶ ᠪᠠᠷ ᠬᠠᠶᠢᠷᠭᠤ ᠮᠠᠯᠲᠠᠬᠤ᠂ ᠬᠤᠯᠠᠭᠠᠶᠢᠯᠠᠨ ᠮᠠᠯᠲᠠᠬᠤ ᠦᠵᠡᠭᠳᠡᠯ | ᠪᠠᠶᠢᠨ ᠳᠠᠬᠢᠨ ᠭᠠᠷᠴᠤ᠂ ᠡᠭᠦᠨ ᠤ ᠳᠠᠭᠠᠤ ᠳᠤ ᠦᠶᠡᠷ ᠤᠨ ᠠᠶᠤᠯ ᠭᠠᠮᠰᠢᠭ ᠢ ᠰᠡᠷᠭᠡᠶᠢᠯᠡᠬᠦ ᠠᠮᠤᠷ ᠲᠦᠪᠰᠢᠨ᠂ | ᠭᠤᠤᠯ ᠤᠨ ᠤᠷᠤᠰᠬᠠᠯ ᠤᠨ ᠲᠣᠭᠲᠠᠭᠤᠨ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ᠂ ᠨᠡᠶᠢᠭᠡᠮ ᠤᠨ | ᠲᠣᠭᠲᠠᠭᠤᠨ ᠵᠡᠷᠭᠡ ᠠᠯᠢ ᠣᠯᠠᠨ ᠠᠰᠠᠭᠤᠳᠠᠯ ᠢ ᠪᠣᠶ ᠪᠣᠯᠭᠠᠭᠰᠠᠨ ᠪᠠᠶᠢᠨ᠎ᠠ᠃ ᠡᠷᠬᠡᠪᠰᠢ ᠭᠤᠣᠯ ᠤᠨ ᠰᠠᠶᠢᠷ ᠠᠴᠠ | ᠬᠠᠶᠢᠷᠭᠤ ᠮᠠᠯᠲᠠᠬᠤ ᠬᠠᠮᠢᠶᠠᠷᠤᠯᠲᠠ ᠶᠢ ᠴᠢᠩᠭᠠᠳᠬᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ᠂ ᠵᠢᠷᠤᠮᠵᠢᠭᠤᠯᠤᠨ ᠵᠥᠪᠰᠢᠶᠡᠷᠡᠬᠦ᠂ ᠪᠦᠲᠦᠮᠵᠢᠲᠡᠶ ᠪᠠᠷ ᠬᠢᠨᠠᠨ ᠬᠠᠮᠢᠶᠠᠷᠬᠤ᠂ | ᠠᠶᠤᠯᠭᠦᠶ ᠪᠠᠶᠢᠬᠤ ᠶᠢ ᠦᠨᠡᠨ ᠬᠦ ᠪᠠᠲᠤᠯᠠᠬᠤ︾ ᠵᠠᠷᠴᠢᠮ ᠢ ᠪᠠᠷᠢᠮᠲᠠᠯᠠᠨ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠤᠣᠯ ᠤᠨ ᠰᠠᠶᠢᠷ ᠠᠴᠠ ᠬᠠᠶᠢᠷᠭᠤ ᠮᠠᠯᠲᠠᠬᠤ ᠶᠠᠪᠤᠳᠠᠯ ᠢ ᠰᠢᠨᠵᠢᠯᠡᠬᠦ | ᠤᠬᠠᠭᠠᠨᠴᠢ᠂ ᠬᠠᠤᠯᠢ ᠶᠣᠰᠣᠭᠠᠷ᠂ ᠡᠮᠬᠢ ᠵᠢᠷᠤᠮ ᠲᠠᠢ ᠪᠠᠷ ᠨᠡᠭᠡᠭᠡᠨ ᠮᠠᠯᠲᠠᠬᠤ ᠵᠠᠮ ᠢᠶᠠᠷ ᠵᠠᠮᠨᠠᠭᠤᠯᠬᠤ ᠶᠢ ᠲᠦᠯᠬᠢᠨ | ᠠᠬᠢᠭᠤᠯᠵᠤ᠂ ᠬᠠᠶᠢᠷᠭᠤ ᠴᠢᠯᠠᠭᠤ ᠶᠢ ᠠᠰᠢᠭᠯᠠᠬᠤ ᠪᠠ ᠠᠶᠤᠯᠭᠦᠶ ᠪᠠᠶᠢᠬᠤ ᠶᠢ ᠪᠠᠲᠤᠯᠠᠬᠤ ᠳᠠᠪᠬᠤᠷ ᠬᠠᠷᠠᠯᠲᠠ ᠶᠢ | ᠪᠡᠶᠡᠯᠡᠭᠦᠯᠦᠨ᠎ᠡ᠃ ᠮᠠᠨ ᠤ ᠲᠣᠪᠴᠢᠶ᠎ᠠ ︽ᠠᠯᠠᠱᠠ ᠵᠡᠭᠦᠨ ᠬᠤᠰᠢᠭᠤᠨ ᠤ ᠭᠤᠣᠯ ᠤᠨ ᠰᠠᠶᠢᠷ ᠠᠴᠠ ᠬᠠᠶᠢᠷᠭᠤ | ᠮᠠᠯᠲᠠᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠤᠰᠬᠠᠶᠢᠯᠠᠨ | ᠲᠤᠭᠤᠷᠪᠢᠵᠠᠶ᠃ | | ᠬᠤᠶᠠᠷ᠂ ︽ᠠᠷᠭ᠎ᠠ︾ ᠶᠢ ᠲᠣᠭᠲᠠᠭᠠᠭᠰᠠᠨ ᠦᠨᠳᠦᠰᠦᠯᠡᠯ | | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠃ | | 2. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠰᠠᠶᠢᠷ ᠤᠨ ᠬᠠᠮᠢᠶᠠᠷᠤᠯᠲᠠ ᠶᠢᠨ | ᠲᠦᠷᠢᠮ︾᠃ | | 3. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ | ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾᠃ | | 4. ︽ᠭᠤᠣᠯ ᠤᠨ ᠰᠠᠶᠢᠷ ᠠᠴᠠ ᠬᠠᠶᠢᠷᠭᠤ ᠮᠠᠯᠲᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠤᠰᠤᠨ | ᠠᠰᠢᠭᠯᠠᠯᠲᠠ ᠶᠢᠨ ᠶᠠᠮᠤᠨ ᠤ ᠵᠢᠯᠣᠭᠤᠳᠬᠤ ᠰᠠᠨᠠᠯ︾ ︵ᠳᠣᠲᠣᠭᠠᠳᠤ ᠭᠤᠣᠯ ᠨᠠᠭᠤᠷ ﹇2019﹈ 58 ᠳ᠋ᠤᠭᠠᠷ | ᠲᠣᠭᠠᠲᠤ︶ | | ᠭᠤᠷᠪᠠ᠂ ︽ᠬᠡᠷᠡᠭᠵᠢᠭᠦᠯᠬᠦ ᠠᠷᠭ᠎ᠠ︾ ᠶᠢᠨ ᠭᠤᠣᠯ ᠠᠭᠤᠯᠭ᠎ᠠ | | ︽ᠠᠯᠠᠱᠠ ᠵᠡᠭᠦᠨ ᠬᠤᠰᠢᠭᠤᠨ ᠤ ᠭᠤᠣᠯ ᠤᠨ ᠰᠠᠶᠢᠷ ᠠᠴᠠ ᠬᠠᠶᠢᠷᠭᠤ ᠮᠠᠯᠲᠠᠬᠤ ᠶᠢ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠨᠢ ᠨᠡᠶᠢᠲᠡ ᠠᠷᠪᠠᠨ ᠲᠤᠯᠤᠭᠠᠨ ᠵᠤᠷᠪᠤᠰ ᠲᠠᠢ᠃ | | ︵ᠨᠢᠭᠡ︶ ᠨᠢᠭᠡᠳᠦᠭᠡᠷ ᠵᠦᠶᠯ ᠠᠴᠠ ᠭᠤᠷᠪᠠᠳᠤᠭᠠᠷ ᠵᠦᠶᠯ ᠬᠦᠷᠲᠡᠯ᠎ᠡ᠂ ᠭᠤᠤᠯᠳᠠᠭᠤ ᠲᠣᠭᠲᠠᠭᠠᠬᠤ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠭᠤᠣᠯ ᠤᠨ ᠰᠠᠶᠢᠷ ᠤᠨ ᠬᠠᠶᠢᠷᠭᠤ ᠴᠢᠯᠠᠭᠤᠨ ᠤ ᠡᠬᠢ ᠪᠠᠶᠠᠯᠢᠭ ᠤᠨ | ᠡᠷᠬᠡ ᠶᠢᠨ ᠬᠠᠷᠢᠶᠠᠯᠠᠯ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃ | | ︵ᠬᠤᠶᠠᠷ︶ ᠳᠥᠷᠪᠡᠳᠦᠭᠡᠷ ᠵᠦᠢᠯ ᠠᠴᠠ ᠵᠢᠷᠭᠤᠳᠤᠭᠠᠷ ᠵᠦᠢᠯ ᠳᠤ ᠭᠤᠣᠯᠳᠠᠭᠤ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ᠂ ᠲᠥᠯᠥᠪᠵᠢᠭᠦᠯᠭᠡ ᠶᠢᠨ ᠱᠠᠭᠠᠷᠳᠠᠯᠭ᠎ᠠ᠂ | ᠲᠥᠯᠥᠪᠵᠢᠭᠦᠯᠭᠡ ᠶᠢᠨ ᠠᠭᠤᠯᠭ᠎ᠠ᠂ ᠮᠠᠯᠲᠠᠬᠤ ᠶᠢ ᠴᠠᠭᠠᠵᠠᠯᠠᠬᠤ ᠣᠷᠣᠨ ᠤ ᠱᠠᠭᠠᠷᠳᠠᠯᠭ᠎ᠠ᠂ ᠮᠠᠯᠲᠠᠬᠤ ᠶᠢ | ᠴᠠᠭᠠᠵᠠᠯᠠᠬᠤ ᠬᠤᠭᠤᠴᠠᠭᠠᠨ ᠤ ᠱᠠᠭᠠᠷᠳᠠᠯᠭ᠎ᠠ᠂ ᠲᠥᠯᠥᠪᠵᠢᠭᠦᠯᠭᠡ ᠶᠢ ᠬᠡᠷᠡᠭᠵᠢᠭᠦᠯᠬᠦ᠂ ᠮᠠᠯᠲᠠᠬᠤ ᠶᠢ ᠴᠠᠭᠠᠵᠠᠯᠠᠬᠤ | ᠣᠷᠣᠨ ᠤ ᠮᠠᠯᠲᠠᠬᠤ ᠶᠢ ᠴᠠᠭᠠᠵᠠᠯᠠᠬᠤ ᠬᠤᠭᠤᠴᠠᠭᠠᠨ ᠤ ᠠᠯᠪᠠᠨ ᠵᠠᠷ᠂ ᠣᠨ ᠤ ᠬᠡᠷᠡᠭᠵᠢᠭᠦᠯᠬᠦ ᠲᠥᠰᠦᠯ ᠢ | ᠨᠠᠶᠢᠷᠠᠭᠤᠯᠤᠨ ᠵᠣᠬᠢᠶᠠᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃ | | ︵ᠭᠤᠷᠪᠠ︶ ᠳᠣᠯᠣᠳᠤᠭᠠᠷ ᠵᠦᠶᠯ ᠠᠴᠠ ᠶᠢᠰᠦᠳᠦᠭᠡᠷ ᠵᠦᠶᠯ ᠬᠦᠷᠲᠡᠯ᠎ᠡ᠂ ᠭᠤᠤᠯᠳᠠᠭᠤ ᠭᠤᠣᠯ ᠤᠨ | ᠰᠠᠶᠢᠷ ᠠᠴᠠ ᠬᠠᠶᠢᠷᠭᠤ ᠮᠠᠯᠲᠠᠬᠤ ᠡᠷᠬᠡ ᠶᠢ ᠰᠢᠯᠵᠢᠭᠦᠯᠦᠨ ᠬᠤᠳᠠᠯᠳᠤᠬᠤ᠂ ᠵᠥᠪᠰᠢᠶᠡᠷᠡᠬᠦ ᠠᠷᠭ᠎ᠠ ᠮᠠᠶ᠋ᠢᠭ᠂ | ᠪᠡᠯᠡᠳᠬᠡᠬᠦ ᠮᠠᠲ᠋ᠧᠷᠢᠶᠠᠯ᠂ ᠦᠨᠡᠮᠯᠡᠯ ᠣᠯᠭᠤᠬᠤ ᠨᠥᠬᠦᠴᠡᠯ᠂ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠬᠢᠵᠠᠭᠠᠷ | ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃ | | ︵ᠲᠦᠷᠪᠡ︶ ᠠᠷᠪᠠᠳᠤᠭᠠᠷ ᠵᠦᠢᠯ ᠠᠴᠠ ᠠᠷᠪᠠᠨ ᠳᠥᠷᠪᠡᠳᠦᠭᠡᠷ ᠵᠦᠢᠯ ᠬᠦᠷᠲᠡᠯᠡᠬᠢ ᠵᠦᠢᠯ ᠳᠤ | ᠭᠤᠣᠯᠳᠠᠭᠤ ᠬᠠᠶᠢᠷᠭᠤ ᠮᠠᠯᠲᠠᠬᠤ ᠨᠢᠭᠡᠴᠢ ᠪᠤᠶᠤ ᠬᠤᠪᠢ ᠬᠥᠮᠦᠨ ᠤ ᠵᠢᠷᠤᠮᠯᠠᠬᠤ ᠴᠢᠬᠤᠯᠠᠲᠠᠶ ᠪᠣᠳᠠᠲᠠᠶ ᠱᠠᠭᠠᠷᠳᠠᠯᠭ᠎ᠠ | ᠵᠢᠴᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠶᠢᠨ ᠲᠠᠯ᠎ᠠ ᠪᠠᠷ ᠲᠣᠭᠲᠠᠭᠠᠯ ᠭᠠᠷᠭᠠᠵᠠᠶ᠃ ᠡᠭᠦᠨ ᠳᠤ ᠭᠤᠣᠯᠳᠠᠭᠤ ᠬᠠᠶᠢᠷᠭᠤ ᠮᠠᠯᠲᠠᠬᠤ ᠨᠢᠭᠡᠴᠢ | ᠪᠤᠶᠤ ᠬᠤᠪᠢ ᠬᠥᠮᠦᠨ ᠤ ᠵᠢᠷᠤᠮᠯᠠᠬᠤ ᠴᠢᠬᠤᠯᠠᠲᠠᠶ ᠪᠣᠳᠠᠲᠠᠶ ᠱᠠᠭᠠᠷᠳᠠᠯᠭ᠎ᠠ ᠵᠢᠴᠢ ᠬᠤᠯᠪᠣᠭᠳᠠᠯ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢᠨ ᠲᠤᠬᠠᠶ ᠲᠣᠭᠲᠠᠭᠠᠯ | ᠭᠠᠷᠭᠠᠵᠠᠶ᠃ | | ︵ᠲᠠᠪᠤ︶ ᠠᠷᠪᠠᠨ ᠲᠠᠪᠤᠳᠤᠭᠠᠷ ᠵᠦᠢᠯ ᠠᠴᠠ ᠠᠷᠪᠠᠨ ᠵᠢᠷᠭᠤᠳᠤᠭᠠᠷ ᠵᠦᠢᠯ ᠳᠤ ᠭᠤᠣᠯᠳᠠᠭᠤ ᠢᠯᠡᠴᠢᠯᠡᠨ | ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢᠨ ᠲᠤᠬᠠᠶ ᠲᠣᠭᠲᠠᠭᠠᠯ ᠭᠠᠷᠭᠠᠵᠠᠶ᠃ | | ︵ᠵᠢᠷᠭᠤᠭ᠎ᠠ︶ ᠠᠷᠪᠠᠨ ᠳᠣᠯᠣᠳᠤᠭᠠᠷ ᠵᠦᠢᠯ ᠳᠤ ᠬᠡᠷᠡᠭᠵᠢᠭᠦᠯᠬᠦ ᠴᠠᠭ ᠤᠨ ᠬᠢᠵᠠᠭᠠᠷ ᠤᠨ ᠲᠤᠬᠠᠶ | ᠲᠣᠭᠲᠠᠭᠠᠯ ᠭᠠᠷᠭᠠᠵᠠᠶ᠃ | | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠠᠯᠠᠱᠠ ᠵᠡᠭᠦᠨ ᠬᠤᠰᠢᠭᠤᠨ ᠤ ᠭᠤᠣᠯ ᠤᠨ ᠰᠠᠶᠢᠷ ᠠᠴᠠ | ᠬᠠᠶᠢᠷᠭᠤ ᠮᠠᠯᠲᠠᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | | | | ᠡᠬᠢ ᠰᠤᠷᠪᠤᠯᠵᠢ᠄ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ |